ᠮᠠᠨ ᠤ ᠬᠤᠰᠢᠭᠤ《 ᠲᠡᠭᠷᠢ ᠶᠢᠨ ᠬᠡᠰᠢᠭ ᠲᠠᠢ  ᠪᠣᠷᠤᠲᠣᠬᠤᠢ 》 ᠪᠠᠶᠠᠨᠨᠠᠭᠤᠷ ᠤᠨ ᠲᠠᠷᠢᠶᠠᠯᠠᠩ ᠤᠨ ᠪᠦᠲᠦᠭᠡᠭᠳᠡᠭᠦᠨ ᠤ ᠣᠷᠤᠨ ᠨᠤᠲᠤᠭ ᠤᠨ ᠬᠠᠮᠲᠤᠪᠡᠷ ᠡᠳ᠋ᠯᠡᠬᠦ ᠨᠡᠷ᠎ᠡ ᠲᠡᠮᠳᠡᠭ  ᠢ ᠶᠡᠬᠡᠪᠡᠷ ᠤᠬᠠᠭᠤᠯᠤᠨ ᠲᠠᠨᠢᠯᠴᠠᠭᠤᠯᠪᠠ
ᠨᠡᠶᠢᠲᠡᠯᠡᠭᠰᠡᠨ ᠴᠠᠭ᠄
2019/4/11
     2018 ᠣᠨ ᠤ 11 ᠰᠠᠷ᠎ᠠ ᠶᠢᠨ 19 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ 2018ᠣᠨ ᠤ ᠨᠢᠭᠡᠳᠦᠭᠡᠷ ᠬᠤᠭᠤᠴᠠᠭᠠᠨ ᠤ ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠨ ᠤ  ᠠᠵᠢᠯ ᠮᠡᠷᠭᠡᠵᠢᠯ ᠤᠨ ᠪᠣᠯᠪᠠᠰᠤᠷᠠᠯ ᠤᠨ ᠠᠩᠭᠢ ᠳᠤ ᠲᠡᠷᠢᠶᠠᠯᠠᠩ ᠮᠠᠯ ᠠᠵᠤ ᠠᠬᠤᠢ ᠶᠢᠨ ᠲᠦᠷᠦ ᠶᠢᠨ ᠪᠣᠳᠤᠯᠭ᠎ᠠ ᠶᠢ  ᠲᠠᠶᠢᠯᠪᠤᠷᠢᠯᠠᠬᠤ ᠪᠠᠷ ᠭᠤᠣᠯ ᠰᠡᠳᠦᠪ  ᠪᠣᠯᠭᠠᠭᠰᠠᠨ ᠤᠬᠠᠭᠤᠯᠭ᠎ᠠ  ᠬᠢᠬᠦ ᠶᠢᠨ ᠬᠠᠮᠲᠦ《 ᠲᠡᠭᠷᠢ ᠶᠢᠨ ᠬᠡᠰᠢᠭ ᠲᠠᠢ ᠪᠣᠷᠤᠲᠣᠬᠤᠢ》 ᠲᠠᠷᠢᠶᠠᠯᠠᠩ ᠤᠨ ᠪᠦᠲᠦᠭᠡᠭᠲᠡᠭᠦᠨ ᠤ ᠣᠷᠤᠨ ᠨᠤᠲᠤᠭ ᠤᠨ ᠬᠠᠮᠲᠤᠪᠠᠷ ᠡᠳ᠋ᠯᠡᠬᠦ ᠨᠡᠷ᠎ᠡ ᠲᠡᠮᠳᠡᠭ ᠢ ᠳᠡᠯᠭᠡᠷᠡᠭᠦᠯᠪᠡ᠃    ᠪᠣᠷᠤᠲᠤᠬᠤᠢ ᠶᠢᠨ ᠰᠢᠯᠢᠳᠡᠭ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠭᠦᠨ ᠤ ᠨᠡᠷ᠎ᠡ ᠲᠡᠮᠳᠡᠭ ᠤᠨ ᠦᠷᠲᠡᠭ ᠤᠨ ᠬᠠᠮᠲᠦᠪᠠᠷ ᠰᠦᠪᠡᠭᠴᠢᠯᠡᠵᠦ᠂ ᠣᠷᠠᠳ ᠤᠨ ᠡᠮᠦᠨᠡᠲᠦ ᠬᠤᠰᠢᠭᠤᠨ ᠤ ᠬᠦᠳᠡᠭᠡ ᠲᠤᠰᠬᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠪᠠ᠃ ᠵᠣᠣ ᠲᠣᠪᠴᠢᠶᠠᠨ ᠳᠠᠷᠤᠭ᠎ᠠ ᠠᠴᠠ ᠬᠢᠴᠢᠶᠡᠯᠡᠯᠭᠡ ᠶᠢᠨ ᠳᠤᠮᠳᠠ ᠦᠷᠭᠡᠨ ᠣᠯᠠᠨ ᠰᠤᠷᠤᠭᠴᠢᠳ ᠲᠤ《 ᠲᠡᠭᠷᠢ ᠶᠢᠨ ᠬᠡᠰᠢᠭ ᠲᠠᠢ ᠪᠣᠷᠤᠲᠣᠬᠤᠢ》 ᠬᠠᠮᠲᠤᠪᠠᠷ ᠡᠳ᠋ᠯᠡᠬᠦ ᠨᠡᠷ᠎ᠡ ᠲᠡᠮᠳᠡᠭ ᠢ ᠲᠡᠨᠢᠯᠴᠠᠭᠤᠯᠪᠠ᠃ ᠲᠡᠷᠡ ᠬᠡᠯᠡᠭᠰᠡᠨ ᠨᠢ《 ᠲᠡᠭᠷᠢ ᠶᠢᠨ ᠬᠡᠰᠢᠭ ᠲᠠᠢ ᠪᠣᠷᠤᠲᠣᠬᠤᠢ》 ᠶᠢᠨ ᠡᠨᠡᠬᠦ ᠨᠡᠷ᠎ᠡ ᠲᠡᠮᠳᠡᠭ ᠪᠣᠯ ᠤᠯᠤᠰ ᠤᠨ ᠳᠣᠲᠤᠭᠠᠳᠤ ᠬᠠᠳᠠᠭᠠᠳᠤ ᠳᠠᠬᠢ ᠦᠢ ᠣᠯᠠᠨ ᠲᠤᠰᠬᠠᠢ ᠮᠡᠷᠭᠡᠵᠢᠯᠲᠡᠨ ᠵᠢᠴᠢ ᠠᠵᠤ ᠠᠬᠤᠶᠢᠯᠠᠯᠲᠠ ᠶᠢᠨ ᠲᠦᠯᠦᠭᠡᠯᠡᠭᠴᠢ ᠬᠠᠮᠲᠤ ᠪᠠᠷ ᠰᠤᠳᠤᠯᠤᠭᠰᠠᠨ ᠤ ᠳᠠᠷᠠᠭ᠎ᠠ ᠬᠢᠨᠠᠨ ᠲᠣᠭᠲᠠᠭᠠᠭᠰᠠᠨ ᠨᠡᠷ᠎ᠡ ᠲᠡᠮᠳᠡᠭ ᠮᠦᠨ᠃ 2018 ᠣᠨ ᠤ 9 ᠰᠠᠷ᠎ᠠ ᠶᠢᠨ19 ᠠᠴᠠ 20  ᠤ ᠡᠳᠦᠷ ᠲᠤ᠂ ᠪᠠᠶᠠᠨᠨᠠᠭᠤᠷ ᠬᠤᠲᠠ ᠳᠤ《 ᠲᠡᠭᠷᠢ ᠶᠢᠨ ᠬᠡᠰᠢᠭ ᠲᠠᠢ  ᠪᠣᠷᠤᠲᠤᠬᠤᠢ》 ᠲᠠᠷᠢᠶᠠᠯᠠᠩ ᠤᠨ ᠪᠦᠲᠦᠭᠡᠭᠳᠡᠭᠦᠨ ᠤ ᠣᠷᠤᠨ ᠨᠤᠲᠤᠭ ᠤᠨ   ᠬᠠᠮᠲᠤᠪᠠᠷ ᠡᠳ᠋ᠯᠡᠬᠦ ᠨᠡᠷ᠎ᠡ ᠲᠡᠮᠳᠡᠭ ᠢ ᠳᠡᠯᠭᠡᠷᠡᠭᠦᠯᠬᠦ ᠬᠤᠷᠠᠯ ᠬᠢᠵᠠᠢ᠃ ᠵᠣᠣ ᠲᠤᠪᠴᠢᠶᠠᠨ ᠳᠠᠷᠤᠭ᠎ᠠ  ᠠᠴᠠ ᠨᠡᠷ᠎ᠡ ᠲᠡᠮᠳᠡᠭ ᠢ ᠲᠠᠨᠢᠯᠴᠠᠭᠤᠯᠬᠤ ᠶᠢᠨ ᠬᠠᠮᠲᠤ ᠪᠦᠭᠦᠳᠡᠭᠡᠷ  ᠳᠤ《 ᠲᠡᠭᠷᠢ ᠶᠢᠨ ᠬᠡᠰᠢᠭ ᠲᠠᠢ ᠪᠣᠷᠤᠲᠣᠬᠤᠢ》 ᠨᠡᠷ᠎ᠡ ᠲᠡᠮᠳᠡᠭ ᠤᠨ ᠰᠢᠨᠵᠢ ᠲᠡᠮᠳᠡᠭ ᠤᠨ ᠤᠳᠬ᠎ᠠ ᠵᠦᠢ ᠶᠢ ᠲᠣᠲᠤᠷᠬᠠᠶᠢᠯᠠᠪᠠ᠃ ᠰᠤᠷᠤᠯᠴᠠᠭᠰᠠᠳ ᠪᠦᠭᠦᠲᠡᠭᠡᠷ ᠦᠪᠡᠷ ᠤᠨ ᠲᠠᠷᠢᠶᠠᠯᠠᠩ ᠤᠨ ᠪᠦᠲᠦᠭᠡᠭᠳᠡᠭᠦᠨ ᠤ ᠨᠡᠷ᠎ᠡ ᠲᠡᠮᠳᠡᠭ ᠢᠶᠠᠨ ᠡᠨᠡᠬᠦ ᠡᠬᠡ ᠨᠡᠷ᠎ᠡ ᠲᠡᠮᠳᠡᠭ ᠲᠤ ᠣᠷᠤᠭᠤᠯᠬᠤ  ᠪᠠᠷ ᠢᠯᠡᠷᠬᠡᠶᠢᠯᠡᠪᠡ᠃ ᠡᠨᠡ ᠨᠢ 《 ᠲᠡᠭᠷᠢ ᠶᠢᠨ ᠬᠡᠰᠢᠭ ᠲᠠᠢ  ᠪᠣᠷᠤᠲᠣᠬᠤᠢ》 ᠲᠠᠷᠢᠶᠠᠯᠠᠩ ᠤᠨ ᠪᠦᠲᠦᠭᠡᠭᠳᠡᠭᠦᠨ ᠤ  ᠬᠠᠮᠲᠤᠪᠠᠷ ᠡᠳ᠋ᠯᠡᠬᠦ ᠨᠡᠷ᠎ᠡ ᠲᠡᠮᠳᠡᠭ ᠢ ᠤᠬᠠᠭᠤᠯᠬᠤ ᠳᠤ ᠴᠢᠬᠤᠯᠠ ᠶᠡᠭᠡ ᠠᠴᠢ  ᠬᠤᠯᠪᠤᠭᠳᠠᠯ ᠲᠠᠢ ᠶᠤᠮ᠃  ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠡ ᠠᠴᠠ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠲᠠᠢ ᠲᠠᠷᠢᠶᠠᠴᠢᠳ ᠢ ᠬᠦᠮᠦᠵᠢᠭᠦᠯᠵᠦ᠂ ᠮᠠᠯᠴᠢᠨ ᠲᠠᠷᠢᠶᠠᠴᠢᠨ  ᠤ ᠰᠢᠨᠵᠢᠯᠡᠬᠦ ᠤᠬᠠᠭᠠᠨ ᠮᠡᠷᠭᠡᠵᠢᠯ ᠢ  ᠪᠣᠯᠪᠠᠰᠤᠷᠠᠭᠤᠯᠬᠤ᠂ ᠲᠦᠮᠡᠨ ᠲᠤᠰᠬᠠᠢ ᠮᠡᠷᠭᠡᠵᠢᠯᠲᠡᠨ ᠦᠨᠳᠦᠰᠦᠨ ᠱᠠᠲᠤᠨ ᠳᠤ ᠪᠠᠭᠤᠬᠤ ᠵᠡᠷᠭᠡ ᠪᠤᠯᠪᠠᠰᠤᠷᠠᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠤᠨ ᠳᠤ《 ᠲᠡᠭᠷᠢ ᠶᠢᠨ ᠬᠡᠰᠢᠭ ᠲᠠᠢ ᠪᠣᠷᠤᠲᠣᠬᠤᠢ》 ᠲᠠᠷᠢᠶᠠᠯᠠᠩ ᠤᠨ ᠪᠦᠲᠦᠭᠡᠭᠳᠡᠭᠦᠨ ᠤ ᠬᠠᠮᠲᠤᠪᠠᠷ ᠡᠳ᠋ᠯᠡᠬᠦ ᠨᠡᠷ᠎ᠡ ᠲᠡᠮᠳᠡᠭ ᠢ ᠪᠦᠬᠦ ᠲᠠᠯ᠎ᠠ  ᠪᠠᠷ ᠭᠦᠨᠵᠡᠭᠡᠢ ᠤᠬᠠᠭᠤᠯᠭ᠎ᠠ ᠬᠢᠪᠡ᠃ ᠪᠦᠲᠦᠭᠡᠭᠳᠡᠭᠦᠨ ᠲᠠᠢ᠂ ᠨᠡᠷ᠎ᠡ ᠲᠡᠮᠳᠡᠭ ᠲᠠᠢ ᠲᠠᠷᠢᠶᠠᠴᠢᠳ ᠲᠤ ᠣᠶᠢᠯᠠᠭᠤᠯᠬᠤ ᠪᠦᠭᠡᠳ  ᠬᠠᠮᠲᠤᠪᠠᠷ ᠡᠳ᠋ᠯᠡᠭᠦᠯᠦᠨ᠎ᠡ᠃
ᠢᠷᠡᠯᠲᠡ᠄ ᠲᠤᠰ ᠰᠦᠯᠵᠢᠶ᠎ᠡ