ᠦᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ 2019 ᠣᠨ ᠤ 1 ᠰᠠᠷ᠎ᠠ ᠶᠢᠨ 26 ᠤ ᠡᠳᠦᠷ | ᠬᠦᠬᠡᠬᠤᠳᠠ ᠳᠤ ᠬᠤᠷᠠᠯᠳᠤᠬᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠡ᠃ ᠢᠯᠡᠳᠬᠡᠯ ᠳᠡᠭᠡᠨ 2018 | ᠤᠨ ᠤ ᠠᠵᠢᠯ ᠢᠶᠠᠨ ᠡᠷᠬᠢᠴᠡᠬᠦᠯᠵᠦ᠂ 2019 ᠣᠨ ᠤ ᠭᠤᠣᠯ ᠪᠣᠯᠬᠤ ᠠᠵᠢᠯ ᠢᠶᠠᠨ ᠪᠠᠶᠢᠷᠢᠯᠠᠭᠤᠯᠪᠠ᠃ | ᠨᠢᠭᠡ᠂ 2018 ᠣᠨ ᠤ ᠠᠵᠢᠯ ᠤᠨ ᠡᠷᠭᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠩᠬᠠᠨ ᠤ ᠣᠨ ᠪᠣᠯᠬᠤ | ᠪᠦᠭᠡᠳ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠪᠣᠯᠣᠨ᠎ᠠ᠂ ᠮᠦᠨ ᠴᠦ ᠮᠠᠨ ᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠲᠤᠩ ᠶᠡᠷᠦ | ᠪᠤᠰᠤ ᠶᠢᠨ ᠨᠢᠭᠡ ᠵᠢᠯ ᠪᠣᠯᠣᠨ᠎ᠠ᠃ ᠲᠥᠪ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠵᠢᠱᠢᠭᠳᠡᠭᠴᠢᠳ ᠤᠨ ᠰᠤᠩᠭᠤᠭᠤᠯᠢ ᠶᠢᠨ ᠭᠠᠵᠠᠷ ᠣᠷᠣᠨ ᠢ ᠲᠣᠭᠲᠠᠭᠠᠬᠤ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠢ ᠰᠣᠩᠭᠤᠭᠰᠠᠨ ᠪᠦᠭᠡᠳ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠤ ᠬᠢᠨᠠᠨ ᠵᠥᠪᠯᠡᠬᠦ ᠳᠤ ︽ᠭᠤᠷᠪᠠ ᠶᠢ | ᠯᠠᠪᠳᠠᠭᠤᠨ ᠪᠠᠳᠤᠲᠠᠢ ᠬᠢᠬᠦ︾ ᠴᠢᠬᠤᠯᠠ ᠱᠠᠭᠠᠷᠳᠠᠯᠭ᠎ᠠ ᠶᠢ ᠳᠤᠷᠠᠳᠤᠭᠰᠠᠨ ᠨᠢ ᠨᠠᠮ ᠤᠨ ᠲᠥᠪ ᠬᠤᠷᠢᠶᠠᠨ ᠠᠴᠠ ᠦᠨᠳᠦᠰᠦᠲᠡᠨ ᠤ ᠭᠠᠵᠠᠷ ᠣᠷᠣᠨ᠂ ᠬᠢᠯᠢ | ᠬᠢᠵᠠᠭᠠᠷ ᠤᠨ ᠭᠠᠵᠠᠷ ᠣᠷᠣᠨ ᠢ ᠴᠢᠬᠤᠯᠠᠴᠢᠯᠠᠨ ᠦᠵᠡᠵᠦ ᠪᠠᠶᠢᠭ᠎ᠠ ᠶᠢ ᠢᠯᠡᠷᠡᠭᠦᠯᠵᠦ᠂ ᠬᠥᠭᠵᠢᠭᠡᠳᠦᠢ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ | ᠠᠬᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠳᠤᠷ ᠬᠢᠬᠦ ᠨᠠᠮ ᠤᠨ ᠲᠥᠪ ᠬᠤᠷᠢᠶᠠᠨ ᠤ | ᠡᠷᠡᠰ ᠵᠣᠷᠢᠭ ᠢ ᠢᠯᠡᠷᠡᠭᠦᠯᠦᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠦᠵᠡᠯ ᠤᠬᠠᠮᠰᠠᠷ︾ ᠢ ᠪᠠᠳᠤ ᠪᠠᠬᠢ ᠪᠤᠢ ᠪᠤᠯᠭᠠᠵᠦ᠂ ︽ᠲᠦᠷᠪᠡᠨ ᠢᠳᠡᠬᠡᠯ︾ ᠢ | ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠬᠦᠴᠢᠷ ᠪᠣᠯᠣᠨ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠨ ᠰᠢᠢᠳᠪᠦᠷᠢᠯᠡᠵᠦ᠂ ᠡᠷᠡᠮᠡᠬᠡᠶᠢᠯᠡᠨ ᠤᠷᠤᠭᠰᠢᠯᠠᠵᠤ᠂ | ᠯᠠᠪᠳᠠᠭᠤᠨ ᠪᠠᠳᠤᠲᠠᠢ ᠠᠵᠢᠯᠯᠠᠨ᠂ ᠪᠥᠬᠦ ᠣᠷᠣᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠠᠩᠬ᠎ᠠ ᠠᠯᠬᠤᠮ ᠲᠤᠭᠠᠴᠠᠭ᠎ᠠ | ᠬᠢᠭᠰᠡᠨ ᠢᠶᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ 5.3% ᠪᠠᠶᠢᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢᠨ ᠨᠡᠮᠡᠭᠳᠡᠯ 9.1% ᠪᠠᠶᠢᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤᠶᠢᠴᠠ ᠣᠷᠣᠯᠭ᠎ᠠ ᠲᠤᠰ ᠲᠤᠰ 7.4% ᠪᠠ 9.7% ᠨᠡᠮᠡᠭᠳᠡᠪᠡ᠃ | ᠲᠤᠭ᠎ᠠ ᠪᠠᠷᠢᠮᠳᠠ ᠪᠠᠷ ᠢᠯᠡᠳᠬᠡᠪᠡᠯ᠄ | 37.2% | ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠬᠤ᠂ ᠤᠨᠢᠨ ᠲᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠭᠤᠷᠪᠠᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠳᠤᠷ ᠬᠢᠪᠡ᠃ ᠵᠠᠰᠠᠭ ᠤᠨ ᠣᠷᠳᠣᠨ ᠤ ᠳᠠᠯᠳᠠ ᠪᠠᠶᠢᠭ᠎ᠠ ᠥᠷᠢ ᠥᠭᠴᠡᠭᠡ ᠶᠢ ᠢᠳᠡᠪᠬᠢᠲᠡᠢ | ᠠᠷᠢᠯᠭᠠᠨ᠂ ᠲᠡᠭᠦᠯᠳᠡᠷᠵᠢᠭᠦᠯᠬᠦ ᠲᠥᠰᠥᠯ ᠲᠣᠭᠲᠠᠭᠠᠵᠤ᠂ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠂ ᠣᠨ ᠤ ᠥᠷᠢ ᠥᠭᠴᠡᠭᠡ ᠶᠢ ᠠᠷᠢᠯᠭᠠᠬᠤ | ᠡᠭᠦᠷᠭᠡ ᠪᠠᠨ 137.2% ᠢᠶᠠᠷ ᠪᠡᠶᠡᠯᠡᠭᠦᠯᠪᠡ᠃ | 23.5 ᠲᠦᠮᠡᠨ ᠬᠦᠮᠦᠨ | ᠡᠯ᠎ᠡ ᠱᠠᠲᠤᠨ ᠤ ᠡᠳ᠋ ᠤᠨ ᠵᠠᠰᠠᠭ ᠤᠨ ᠬᠢᠨ ᠤ ᠶᠠᠳᠠᠭᠤ ᠶᠢ ᠲᠡᠳᠬᠦᠬᠦ ᠳᠤ ᠣᠷᠣᠭᠤᠯᠤᠭᠰᠠᠨ ᠪᠡᠯᠡ ᠮᠥᠩᠭᠦ 147.9 ᠳ᠋ᠦᠩᠰᠢᠭᠤᠷ ᠲᠥᠭᠦᠷᠢᠭ ᠪᠠᠶᠢᠵᠤ᠂ | 21.6% ᠨᠡᠮᠡᠭᠳᠡᠪᠡ᠃ ᠵᠢᠱᠢᠭᠰᠡᠨ ᠢᠶᠠᠷ ᠪᠥᠬᠦ ᠵᠢᠯ ᠳᠠᠬᠢ ᠶᠠᠳᠠᠭᠤ ᠠᠴᠠ ᠠᠩᠭᠢᠵᠢᠷᠠᠭᠤᠯᠬᠤ ᠬᠥᠮᠥᠨ 23.5 ᠲᠦᠮᠡ ᠭᠠᠷᠤᠢ ᠪᠠᠶᠢᠵᠤ᠂ ᠤᠯᠤᠰ ᠤᠨ ᠳᠡᠰ ᠤᠨ | ᠶᠠᠳᠠᠭᠤ ᠬᠦᠴᠢᠷᠳᠡᠯᠲᠡᠢ 10 ᠬᠤᠰᠢᠭᠤ ᠰᠢᠶᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠢ 13 ᠬᠤᠰᠢᠭᠤ ᠰᠢᠶᠠᠨ ᠢ ᠶᠠᠳᠠᠭᠤ | ᠬᠦᠴᠢᠷᠳᠡᠯᠲᠡᠢ ᠶᠢᠨ ᠲᠣᠭᠠᠨ ᠠᠴᠠ ᠬᠠᠰᠤᠵᠤ ᠭᠠᠷᠭᠠᠪᠠ᠃ | 83.6% | ᠪᠥᠬᠦ ᠣᠷᠣᠨ ᠤ ᠠᠭᠠᠷ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠳᠤ ᠬᠦᠷᠦᠭᠰᠡᠨ ᠳᠤᠮᠳᠠᠴᠢ ᠡᠳᠦᠷ ᠤᠨ ᠬᠠᠷᠢᠴᠠᠯ 83.6% ᠪᠠᠶᠢᠵᠤ᠂ ᠨᠠᠷᠢᠨ | ᠮᠥᠬᠦᠯᠢᠭᠲᠦ ᠪᠤᠳᠠᠰ ︵PM 2.5︶ ᠤᠨ ᠥᠳᠬᠡᠴᠡ 3.1% ᠪᠠᠭᠤᠷᠠᠪᠠ᠃ | 22.1% | ᠠᠮᠢ ᠠᠬᠤᠢ ᠶᠢᠨ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠤᠨ᠂ ᠣᠢ ᠰᠢᠭᠤᠢ ᠶᠢᠨ ᠪᠦᠷᠬᠦᠴᠡ 22.1% ᠳᠤ ᠬᠦᠷᠴᠦ᠂ | ᠪᠦᠬᠦ ᠤᠯᠤᠰ ᠤᠨ ᠬᠢ ᠠᠴᠠ 0.44 ᠵᠠᠭᠤᠨ ᠤ ᠴᠡᠭ ᠦᠨᠳᠦᠷ ᠪᠣᠯᠪᠠ᠃ | 1000 ᠳ᠋ᠦᠩᠰᠢᠭᠤᠷ ᠲᠦᠭᠦᠷᠢᠭ | ᠭᠠᠶᠢᠯᠢ ᠬᠠᠰᠤᠵᠤ ᠵᠠᠷᠤᠳᠠᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠤᠭᠴᠠ ᠳᠤ ᠭᠠᠶᠢᠯᠢ | ᠵᠠᠷᠤᠳᠠᠯ ᠤᠨ ᠳᠠᠷᠤᠭᠠᠰᠤ ᠶᠢ ᠨᠡᠶᠢᠲᠡ 1000 ᠳ᠋ᠦᠩᠰᠢᠭᠤᠷ ᠢᠯᠡᠭᠦᠦ ᠲᠥᠭᠦᠷᠢᠭ ᠬᠠᠰᠤᠵᠤ ᠬᠥᠩᠭᠡᠯᠡᠭᠰᠡᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠰᠢᠭ ᠣᠯᠵᠠᠪᠤᠷᠢ 7.1% ᠨᠡᠮᠡᠭᠳᠡᠵᠦ᠂ ᠡᠳ᠋ ᠬᠥᠷᠥᠩᠭᠡ ᠶᠢᠨ ᠥᠷᠢᠲᠦᠯ ᠵᠠᠭᠤᠨ ᠤ ᠬᠠᠷᠢᠴᠠᠯ ᠢᠶᠠᠷ 1.2 ᠬᠤᠪᠢ ᠪᠠᠭᠤᠷᠠᠪᠠ᠃ | | 3200 km ᠪᠠ 6800 km | 3200 ᠭᠠᠷᠤᠢ ᠺᠢᠯᠣᠮᠧᠳ᠋ᠷ ᠵᠠᠰᠠᠮᠠᠯ ᠵᠠᠮ ᠢ ᠰᠢᠨ᠎ᠡ ᠪᠠᠷ ᠳᠡᠪᠢᠰᠴᠦ᠂ ᠪᠥᠬᠦ ᠵᠠᠰᠠᠮᠠᠯ ᠵᠠᠮ ᠤᠨ ᠤᠷᠲᠤ 20 ᠲᠦᠮᠡᠨ ᠺᠢᠯᠣᠮᠧᠳ᠋ᠷ ᠢ ᠳᠠᠪᠠᠵᠤ᠂ ᠪᠥᠬᠦ | ᠣᠷᠣᠨ ᠳᠠᠬᠢ ᠨᠢᠭᠡᠳᠦᠭᠡᠷ ᠳᠡᠰ ᠤᠨ ᠪᠤᠶᠤ ᠲᠦᠷᠭᠡᠨ ᠤ ᠵᠠᠰᠠᠮᠠᠯ ᠵᠠᠮ ᠨᠡᠪᠲᠡᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ 101 ᠪᠣᠯᠪᠠ᠃ ︽ᠳᠦᠷᠪᠡᠨ | ᠰᠠᠶᠢᠲᠠᠢ ᠬᠦᠳᠡᠭᠡ ᠲᠣᠰᠬᠤᠨ ᠤ ᠵᠠᠮ︾ ᠢ 6800 ᠺᠢᠯᠣᠮᠧᠳ᠋ᠷ ᠳᠡᠪᠢᠰᠴᠦ ᠳᠠᠭᠤᠰᠬᠠᠪᠠ᠃ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 2 ᠨᠡᠮᠡᠭᠳᠡᠪᠡ᠃ | | 84% | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 304 ᠲᠦᠮᠡᠨ ᠮᠦ ᠭᠠᠷᠭᠠᠵᠤ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ | 234 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠲᠠᠷᠢᠮᠠᠯ ᠤᠨ ᠵᠦᠢᠯ ᠤᠨ ᠶᠡᠷᠦᠩᠬᠡᠶᠢᠯᠡᠨ ᠮᠠᠰᠢᠨᠴᠢᠯᠠᠭᠰᠠᠨ ᠬᠢᠷᠢ ᠲᠦᠪᠰᠢᠨ 84% ᠪᠣᠯᠪᠠ᠃ | 3553 ᠲᠦᠮᠡᠨ ᠲᠣᠨ | ᠲᠠᠷᠢᠶᠠᠯᠠᠩ ᠮᠠᠯ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ 3553 ᠲᠦᠮᠡᠨ ᠲᠣᠨ ᠳᠤ ᠬᠦᠷᠪᠡ᠃ | | 50% | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠲᠠᠰᠤᠷᠠᠯᠲᠠ ᠦᠭᠡᠢ ᠪᠤᠵᠠᠭᠠᠶᠢᠷᠠᠵᠤ᠂ ᠲᠠᠷᠢᠶᠠᠯᠠᠩ ᠮᠠᠯ ᠠᠵᠤ ᠠᠬᠤᠢ ᠪᠣᠯᠣᠨ ᠠᠵᠤ | ᠠᠬᠤᠶᠢᠯᠠᠯ ᠤᠨ ᠠᠰᠢᠭ ᠲᠤᠰᠠ ᠶᠢ ᠨᠢᠭᠲᠠ ᠬᠡᠯᠪᠡᠷᠢ ᠲᠠᠢ ᠪᠠᠷ ᠬᠤᠯᠪᠣᠭᠳᠠᠭᠤᠯᠤᠭᠰᠠᠨ ᠬᠠᠷᠢᠴᠠᠯ 50% ᠳᠤ ᠬᠦᠷᠪᠡ᠃ | 4 ᠲᠦᠮᠡ ᠭᠠᠷᠤᠢ | ᠮᠠᠯᠵᠢᠬᠤ ᠲᠠᠷᠢᠶᠠᠯᠠᠬᠤ ᠤᠷᠤᠨ ᠤ ᠰᠠᠭᠤᠷᠢᠰᠢᠨ ᠠᠮᠢᠳᠤᠷᠠᠬᠤ ᠤᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠬᠡᠷᠡᠭᠵᠢᠬᠦᠯᠵᠦ᠂ ᠠᠷᠢᠭᠤᠨ | ᠴᠡᠪᠡᠷ ᠵᠤᠷᠯᠤᠩ᠂ ᠠᠮᠢᠳᠤᠷᠠᠯ ᠤᠨ ᠬᠤᠭ ᠨᠤᠪᠰᠢ᠂ ᠪᠤᠬᠢᠷ ᠤᠰᠤ ᠶᠢ ᠰᠶᠢᠳᠪᠦᠷᠢᠯᠡᠬᠦ ᠳᠤ ᠪᠦᠲᠦᠭᠡᠨ ᠪᠠᠶᠢᠭᠤᠯᠬᠤ ᠲᠤᠷᠰᠢᠯᠳᠠ ᠶᠢᠨ ᠴᠡᠭ ᠢ ᠦᠷᠨᠢᠬᠦᠯᠵᠦ᠂ ᠡᠯ᠎ᠡ | ᠲᠦᠷᠦᠯ ᠤᠨ ᠠᠷᠢᠭᠤᠨ ᠴᠡᠪᠡᠷ ᠵᠤᠷᠯᠤᠩ ᠢ 4 ᠲᠦᠮᠡ ᠭᠠᠷᠤᠢ ᠪᠠᠶᠢᠭᠤᠯᠪᠠ᠃ 98% | ᠲᠤᠰᠬᠤᠨ ᠪᠦᠷᠢ ᠳᠤ ᠷᠠᠳᠢᠣ᠋ ᠲᠧᠯᠧᠶᠢᠰ ᠨᠡᠪᠳᠡᠷᠡᠵᠦ ᠪᠠᠶᠢᠬᠰᠠᠨ ᠠᠴᠠ ᠡᠷᠦᠬᠡ ᠪᠤᠯᠭᠠᠨ ᠳᠤ ᠨᠡᠪᠳᠡᠷᠡᠬᠦ ᠲᠡᠶᠢᠰᠢ ᠲᠡᠰ ᠲᠡᠪᠰᠢᠬᠦ ᠶᠢ ᠪᠡᠶᠡᠯᠡᠬᠦᠯᠵᠦ᠂ | 98% ᠠᠴᠠ ᠲᠡᠬᠡᠭᠰᠢᠬᠢ ᠵᠠᠰᠠᠭ ᠵᠠᠬᠢᠷᠭᠠᠨ ᠤ ᠲᠤᠰᠬᠤᠨ ᠳᠤ ᠬᠡᠷᠡᠯᠯᠢᠭ ᠰᠢᠷᠬᠡᠭ ᠤᠨ ᠦᠷᠬᠡᠨ ᠪᠦᠰᠡᠳᠦ ᠰᠦᠯᠵᠢᠶ᠎ᠡ ᠣᠷᠣᠭᠤᠯᠪᠠ᠃ | 13 ᠡᠳᠦᠷ ᠪᠠ 5 ᠡᠳᠦᠷ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠢ ᠠᠬᠢᠭᠤᠯᠵᠦ᠂ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠ ᠠᠵᠦ ᠠᠬᠤᠶᠢᠯᠠᠯ | ᠨᠡᠬᠡᠬᠡᠨ ᠡᠷᠬᠢᠯᠡᠬᠦ ᠴᠠᠭ ᠢ ᠲᠤᠰ ᠪᠦᠷᠢ 13 ᠠᠵᠢᠯᠯᠠᠬᠤ ᠡᠳᠦᠷ ᠪᠠ 5 ᠠᠵᠢᠯᠯᠠᠬᠤ ᠡᠳᠦᠷ ᠪᠤᠯᠭᠠᠨ ᠪᠤᠭᠤᠨᠢᠰᠬᠠᠪᠠ᠃ | 9.9% | ᠨᠡᠬᠡᠬᠡᠯᠳᠡ ᠬᠢᠬᠦ ᠶᠢ ᠪᠦᠭᠦ ᠲᠠᠯ᠎ᠠ ᠪᠠᠷ ᠦᠷᠬᠡᠳᠬᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ | ᠲᠤᠭ᠎ᠠ 1000 ᠳ᠋ᠦᠩᠰᠢᠭᠤᠷ ᠲᠦᠭᠦᠷᠢᠭ ᠢ ᠳᠠᠪᠠᠵᠤ᠂ 9. 9% ᠨᠡᠮᠡᠭᠳᠡᠪᠡ᠃ | 1.4 ᠲᠠᠬᠢᠨ | ᠮᠠᠨ ᠤ ᠤᠷᠤᠨ ᠠᠴᠠ ᠠᠶᠠᠯᠠᠯ ᠢᠶᠠᠨ ᠡᠬᠢᠯᠡᠬᠦᠯᠵᠦ ᠪᠠᠶᠢᠭ᠎ᠠ ᠲᠤᠮᠳᠠᠳᠤ ᠡᠸᠦ᠋ᠷᠦᠫᠡ ᠶᠢᠨ ᠡᠬᠡᠯᠵᠢ ᠶᠢᠨ ᠭᠠᠯᠳᠤ ᠲᠡᠷᠭᠡᠨ ᠤ ᠲᠡᠭᠡᠭᠡᠪᠦᠷᠢ 1.4 ᠲᠠᠬᠢᠨ | ᠨᠡᠮᠡᠭᠳᠡᠪᠡ᠃ | 70.1% | ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠳᠤ ᠪᠦᠭᠦ ᠤᠷᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ 70.1% ᠶᠢ ᠡᠵᠡᠯᠡᠪᠡ᠃ | | 25.9 ᠲᠦᠮᠡ | ᠬᠤᠳᠠ ᠪᠠᠯᠭᠠᠰᠤᠨ ᠤ ᠠᠵᠢᠯ ᠤᠯᠤᠨᠨᠰᠠᠳ 25.9 ᠲᠦᠮᠡᠨ ᠭᠦᠮᠦᠨ ᠰᠢᠨ᠎ᠠ ᠪᠠᠷ ᠨᠡᠮᠡᠭᠳᠡᠵᠦ᠂ ᠬᠤᠳᠠ ᠪᠠᠯᠭᠠᠰᠤᠨ ᠳᠤ ᠲᠠᠩᠰᠠᠯᠠᠨ ᠲᠡᠮᠳᠡᠭᠯᠡᠭᠦᠯᠦᠭᠰᠡᠨ | ᠠᠵᠢᠯ ᠠᠯᠳ᠋ᠬᠠᠰᠠᠳ ᠤᠨ ᠨᠤᠷᠮ᠎ᠠ ᠶᠢ 3.58% ᠶᠢᠨ ᠨᠡᠯᠢᠶᠡᠳ ᠲᠤᠤᠷ᠎ᠠ ᠬᠢᠷᠢ ᠲᠦᠪᠰᠢᠨ ᠳᠤ ᠡᠵᠡᠮᠳᠡᠵᠦ᠂ ᠭᠤᠤᠯᠳᠠᠯᠭ᠎ᠠ ᠲᠠᠢ ᠭᠦᠮᠦᠰ ᠤᠨ ᠠᠵᠢᠯ ᠤᠯᠬᠤ ᠳᠤ | ᠪᠠᠳᠤᠯᠠᠭ᠎ᠠ ᠲᠠᠢ ᠪᠤᠯᠪᠠ᠃ | 85% ᠪᠠ 75% | ᠬᠤᠳᠠ ᠪᠠᠯᠭᠠᠰᠤᠨ ᠤ ᠠᠵᠢᠯᠳᠠᠨ ᠠᠵᠢᠯᠴᠢᠨ᠂ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠨᠡᠯᠬᠡ ᠳᠤ ᠰᠠᠭᠤᠵᠤ ᠡᠮᠨᠡᠭᠦᠯᠦᠭᠰᠡᠨ ᠰᠦᠢᠳᠬᠡᠯ ᠢ | ᠲᠦᠷᠦ ᠶᠢᠨ ᠪᠤᠳᠤᠯᠭ᠎ᠠ ᠪᠠᠷ ᠲᠠᠩᠰᠠ ᠠᠴᠠ ᠲᠠᠶᠢᠯᠬᠤ ᠵᠠᠷᠤᠳᠠᠯ ᠤᠨ ᠲᠤᠮᠳᠠᠴᠢ ᠬᠠᠷᠢᠴᠠᠯ ᠢ ᠲᠤᠰ ᠪᠦᠷᠢ 85% ᠤᠷᠴᠢᠮ ᠪᠠ 75% ᠤᠷᠴᠢᠮ ᠪᠣᠯᠭᠠᠵᠤ᠂ | ᠭᠦᠨᠳᠦ ᠡᠪᠡᠳᠴᠢᠨ ᠪᠤᠯᠭᠠᠨ ᠳᠤ ᠲᠠᠭᠠᠳᠬᠠᠯ ᠲᠠᠢ ᠪᠠᠶᠢᠯᠭᠠᠬᠤ ᠶᠢ ᠪᠡᠶᠡᠯᠡᠬᠦᠯᠪᠡ᠃ 100% | ᠲᠦᠭᠦᠮ ᠪᠦᠳᠦᠭᠦᠯᠢᠭ ᠤᠷᠤᠨ ᠰᠠᠭᠤᠴᠠᠳᠤ ᠲᠤᠭᠤᠷᠢᠭ ᠲᠤ 14.2 ᠲᠦᠮᠡᠨ ᠢᠵᠢ ᠭᠡᠷ ᠪᠠᠶᠢᠰᠢᠩ ᠪᠠ ᠮᠠᠯᠵᠢᠬᠤ ᠲᠠᠷᠢᠶᠠᠯᠠᠬᠤ ᠤᠷᠤᠨ ᠤ ᠨᠤᠷᠠᠬᠤ | ᠠᠶᠤᠯᠳᠠᠢ ᠬᠡᠷ ᠪᠠᠶᠢᠰᠢᠩ ᠢ 6.02 ᠲᠦᠮᠡᠨ ᠡᠷᠦᠬᠡ ᠦᠬᠡᠷᠡᠴᠢᠯᠡᠨ ᠰᠢᠨᠡᠳᠭᠡᠵᠦ᠂ ᠠᠵᠢᠯ ᠡᠬᠢᠯᠡᠭᠦᠯᠦᠭᠰᠡᠨ ᠨᠤᠷᠮ᠎ᠠ 100% ᠳᠤ ᠭᠦᠷᠪᠡ᠃ | 93% | 93% ᠠᠴᠠ ᠲᠡᠬᠡᠭᠰᠢᠬᠢ ᠲᠤᠮᠳᠠᠳᠤ ᠪᠠᠭ᠎ᠠ ᠰᠤᠷᠭᠠᠭᠤᠯᠢ ᠨᠢ ᠮᠡᠳᠡᠭᠡ ᠵᠠᠩᠬᠢᠴᠢᠯᠠᠬᠰᠠᠨ ᠵᠢᠭᠠᠨ ᠰᠤᠷᠭᠠᠯᠳᠠ ᠶᠢ ᠠᠰᠢᠬᠯᠠᠪᠠ᠃ ᠬᠡᠷ ᠤᠨ ᠠᠮᠢᠳᠤᠷᠠᠯ ᠨᠢ | ᠶᠠᠳᠠᠭᠤ ᠭᠦᠴᠢᠷᠳᠡᠯᠳᠡᠢ 1.9 ᠲᠦᠮᠡᠨ ᠰᠤᠷᠤᠨᠨᠴᠢᠳ ᠢ ᠵᠤᠭᠤᠰ ᠢᠶᠠᠷ ᠲᠤᠰᠠᠯᠠᠪᠠ᠃ | 100% | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ | ᠲᠤᠷᠠᠳᠤᠯᠭ᠎ᠠ ᠶᠢ ᠭᠦᠢᠴᠡᠳᠬᠡᠬᠡᠳ ᠬᠠᠷᠢᠭᠤ ᠦᠭᠭᠦᠭᠰᠡᠨ ᠨᠤᠷᠮ᠎ᠠ 100% ᠳᠤ ᠭᠦᠷᠪᠡ᠃ | 10.1% | ᠠᠵᠢᠯᠴᠢ ᠠᠷᠪᠢᠴᠢ ᠪᠦᠭᠡᠳ ᠠᠷᠪᠢᠯᠠᠨ ᠭᠠᠮᠨᠠᠬᠤ ᠶᠢ ᠭᠦᠴᠦᠳᠡᠢ ᠠᠬᠢᠭᠤᠯᠵᠤ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠡᠵᠡᠮᠳᠡᠨ | ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠳᠠᠬᠢ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢ 10.1% ᠪᠠᠷ ᠪᠠᠭᠠᠰᠬᠠᠪᠠ᠃ | | ᠬᠤᠶᠠᠷ᠂ 2019 ᠣᠨ ᠤ ᠭᠤᠣᠯ ᠪᠣᠯᠬᠤ ᠠᠵᠢᠯ | ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠪᠦᠭᠡᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠵᠠᠩᠬᠢᠯᠠᠭ᠎ᠠ ᠶᠢᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠪᠦᠭᠡᠳ ᠣᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠢ ᠦᠨᠳᠦᠰᠦᠨ | ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ | ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠬᠦ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠦᠨᠳᠦᠷ ᠬᠢᠷᠢ ᠲᠦᠪᠰᠢᠨ ᠲᠠᠢ ᠨᠡᠭᠡᠭᠡᠯᠲᠡ ᠶᠢ ᠥᠷᠭᠡᠳᠬᠡᠨ ᠬᠢᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠢᠴᠢᠯ ᠭᠤᠣᠯ | ᠴᠤᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠳᠤ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠂ | ᠨᠡᠮᠡᠭᠳᠡᠯ ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠲᠥᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠨ᠂ ᠠᠵᠢᠯ | ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠵᠢᠱᠢᠯᠲᠡ ᠲᠥᠰᠥᠭᠡᠯᠡᠯ ᠢ ᠤᠯᠠᠮ ᠨᠢᠭᠡ ᠠᠯᠬᠤᠮ | ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠲᠦᠮᠡᠨ ᠤ ᠬᠦᠷᠲᠡᠭᠡᠮᠵᠢ ᠲᠠᠢ ᠪᠠᠶᠢᠬᠤ᠂ ᠵᠣᠯ ᠵᠢᠷᠭᠠᠯ ᠲᠠᠢ ᠪᠠᠶᠢᠬᠤ᠂ | ᠠᠮᠦᠷ ᠲᠥᠪᠰᠢᠨ ᠪᠠᠶᠢᠬᠤ ᠰᠡᠳᠬᠢᠭᠳᠡᠯ ᠲᠦᠷᠦᠭᠳᠡᠯ ᠢ ᠨᠢ ᠨᠡᠮᠡᠭᠳᠡᠭᠦᠯᠦᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠪᠥᠬᠦ | ᠲᠠᠯ᠎ᠠ ᠶᠢᠨ ᠠᠮᠦᠷ ᠲᠣᠭᠲᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠶᠢ ᠪᠣᠢ ᠪᠣᠯᠭᠠᠨ | ᠥᠭᠴᠦ᠂ ᠰᠢᠯᠢᠳᠡᠭ ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠶ᠎ᠡ᠃ | | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ᠄ | ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ | ᠬᠠᠩᠰᠢ ᠶᠢᠨ ᠦᠰᠦᠯᠲᠡ ᠶᠢᠨ ᠬᠡᠮᠵᠢᠶ᠎ᠠ ᠶᠢ 3% ᠣᠷᠴᠢᠮ ᠪᠠᠶᠢᠯᠭᠠᠵᠤ᠂ ᠬᠤᠲᠠ ᠬᠦᠳᠡᠭᠡ ᠶᠢᠨ ᠪᠠᠶᠢᠡᠭᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠲᠤᠰ ᠲᠤᠰ 7% ᠪᠣᠯᠣᠨ 8% ᠣᠷᠴᠢᠮ ᠨᠡᠮᠡᠭᠳᠡᠭᠦᠯᠦᠨ᠎ᠠ︔ ᠬᠤᠲᠠ ᠪᠠᠯᠭᠠᠰᠤ ᠶᠢᠨ ᠠᠵᠢᠯ | ᠣᠯᠤᠭᠰᠠᠳ ᠢ 22 ᠲᠦᠮᠡᠨ ᠬᠦᠮᠦᠨ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ᠂ ᠳᠠᠩᠰᠠᠯᠠᠨ | ᠲᠡᠮᠲᠡᠭᠯᠡᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5.5% ᠤᠷᠴᠢᠮ ᠪᠠ 4.5% ᠶᠢᠨ ᠬᠡᠪᠴᠢᠶᠡᠨ ᠳᠤ ᠬᠢᠵᠠᠭᠠᠷᠯᠠᠨ᠎ᠠ︔ ᠤᠯᠤᠰ ᠠᠴᠠ | ᠳᠠᠭᠠᠭᠠᠯᠭᠠᠭᠰᠠᠨ ᠣᠨ ᠤ ᠡᠨᠧᠷᠬᠢ ᠠᠷᠪᠢᠯᠠᠵᠤ ᠪᠤᠬᠢᠷ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠᠳᠤ ᠡᠭᠦᠷᠬᠡ ᠶᠢ ᠪᠡᠶᠡᠯᠡᠭᠦᠯᠦᠨ᠎ᠡ᠃ | ︵ᠨᠢᠬᠡ︶ ᠭᠤᠷᠪᠠᠨ ᠶᠡᠭᠡ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠨᠢᠭᠡᠨᠲᠡ ᠤᠯᠤᠭᠰᠠᠨ ᠦᠷ᠎ᠡ ᠪᠦᠲᠦᠮᠵᠢ ᠪᠠᠨ | ᠪᠠᠬᠢᠵᠢᠭᠦᠯᠵᠦ᠂ ᠳᠤᠪᠤᠶᠢᠮ᠎ᠠ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠳᠠᠶᠢᠯᠠᠯᠳᠤᠭᠠᠨ ᠢ ᠰᠠᠶᠢᠲᠤᠷ ᠬᠢᠨ᠎ᠡ᠃ | ︵ᠬᠤᠶᠠᠷ︶ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠦᠢᠯᠡᠳᠬᠦ ᠦᠢᠯᠡᠰ ᠤᠨ ᠬᠥᠭᠵᠢᠯᠲᠡ ᠶᠢᠨ ᠴᠢᠭᠯᠡᠯ ᠢ | ᠣᠨᠣᠪᠴᠢᠲᠠᠢ ᠡᠵᠡᠮᠰᠢᠵᠦ᠂ ᠲᠡᠷᠢᠭᠦᠨ ᠤ ᠦᠢᠯᠡᠳᠬᠦ ᠦᠢᠯᠡᠰ ᠬᠢᠭᠡᠳ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠬᠤ ᠶᠢ | ᠠᠬᠢᠭᠤᠯᠤᠨ᠎ᠠ᠃ | ︵ᠭᠤᠷᠪᠠ︶ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠵᠣ ᠬᠡᠷᠡᠭᠯᠡᠭᠡ ᠶᠢᠨ ᠬᠡᠷᠩᠴᠡᠭᠡ ᠱᠠᠭᠠᠷᠳᠠᠯᠭ᠎ᠠ ᠶᠢ ᠦᠷᠭᠡᠣᠡᠭᠡᠨ᠎ᠠ᠃ | ︵ᠲᠦᠷᠪᠠ︶ ᠭᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠲᠠᠷᠢᠶᠠᠯᠠᠩ ᠮᠠᠯ | ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠢ ᠡᠩ ᠲᠡᠷᠢᠭᠦᠨ ᠳᠤ ᠬᠥᠭᠵᠢᠭᠦᠯᠵᠦ᠂ ᠬᠦᠳᠡᠭᠡ ᠲᠤᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠭᠡᠨ | ᠠᠬᠢᠭᠤᠯᠤᠨ᠎ᠠ᠃ | ︵ᠲᠠᠪᠤ︶ ᠭᠤᠤᠯᠳᠠᠯᠭ᠎ᠠ ᠲᠠᠢ ᠬᠥᠷᠢᠶ᠎ᠡ ᠴᠠᠷᠠᠭᠠᠨ ᠳᠠᠬᠢ ᠥᠭᠡᠷᠡᠴᠢᠯᠡᠯᠲᠠ ᠶᠢ ᠭᠥᠨᠵᠡᠭᠡᠶᠢᠷᠡᠭᠦᠯᠤᠨᠡ᠃ | ︵ᠵᠢᠷᠭᠤᠭ᠎ᠠ︶ ᠪᠥᠬᠦ ᠲᠠᠯ᠎ᠠ ᠪᠠᠷ ᠭᠠᠳᠠᠭᠠᠳᠤ ᠳᠤ ᠨᠡᠭᠡᠭᠡᠯᠲᠠ ᠬᠢᠬᠦ ᠶᠢ ᠠᠬᠢᠭᠤᠯᠤᠨ᠎ᠠ᠃ ᠤᠮᠠᠷᠠᠰᠢ ᠨᠡᠭᠡᠭᠡᠯᠲᠡ ᠬᠢᠬᠦ ᠡᠷᠴᠢᠮ ᠢᠶᠠᠨ ᠴᠢᠩᠭᠠᠷᠠᠭᠤᠯᠵᠤ᠂ | ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠤ᠂ ︽ᠨᠢᠭᠡ ᠪᠥᠰᠡ ᠨᠢᠭᠡ ᠵᠠᠮ︾ ᠯᠤᠭ᠎ᠠ ᠭᠦᠨ | ᠠᠭᠤᠰᠤᠯᠴᠠᠨ᠂ ᠥᠨᠳᠥᠷ ᠬᠢᠷᠢ ᠲᠥᠪᠰᠢᠨ ᠪᠥᠬᠦᠢ ᠨᠡᠭᠡᠭᠡᠯᠲᠡ ᠬᠢᠬᠦ ᠰᠢᠨ᠎ᠡ ᠪᠠᠶᠢᠷᠢᠰᠢᠯ ᠲᠠᠢ ᠪᠣᠯᠬᠤ ᠶᠢ ᠠᠬᠢᠭᠤᠯᠤᠨ᠎ᠠ᠃ | ︵ᠳᠣᠯᠤᠭ᠎ᠠ︶ ᠠᠷᠠᠳ ᠠᠴᠠ ᠡᠵᠡᠩᠨᠡᠭᠰᠡᠨ ᠠᠵᠤ ᠠᠬᠤᠢ ᠶᠢ ᠬᠦᠭᠵᠢᠭᠦᠯᠦᠨ ᠬᠦᠴᠦᠷᠬᠡᠭᠵᠢᠭᠦᠯᠦᠨ᠎ᠡ᠃ ︽ᠬᠤᠶᠠᠷ ᠢ ᠤᠬᠳᠤ ᠭᠤᠶᠢᠪᠢᠰᠢ ᠦᠭᠡᠢ︾ | ᠪᠠᠶᠢᠬᠤ ᠶᠢ ᠪᠠᠷᠢᠮᠲᠠᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢᠨ ᠬᠠᠷᠰᠢ ᠰᠠᠭᠠᠳ ᠢ ᠡᠷᠡᠰ ᠠᠷᠢᠯᠭᠠᠵᠤ᠂ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠦᠭᠵᠢᠯᠲᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠭᠦᠭᠵᠢᠬᠡᠨᠠ᠃ | ︵ᠨᠠᠶᠢᠮᠠ︶ ᠪᠣᠬᠢᠷᠳᠦᠯ ᠦᠭᠡᠢ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠶᠢᠭᠤᠯᠤᠨ᠎ᠠ᠃ | ︵ᠶᠢᠰᠦ︶ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ︵ᠠᠷᠪᠠ︶ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠨ ᠰᠠᠭᠤᠷᠢ ᠠᠴᠠ ᠨᠢ | ᠪᠠᠲᠤᠯᠠᠬᠤ ᠶᠢ ᠴᠢᠬᠤᠯᠠᠴᠢᠯᠠᠨ᠂ ᠣᠯᠠᠨ ᠲᠦᠮᠡᠨ ᠤ ᠬᠠᠮᠤᠭ ᠠᠴᠠ ᠠᠩᠬᠠᠷᠤᠨ ᠬᠠᠯᠠᠮᠵᠢᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | | |