2018 ᠪᠦᠬᠦ ᠤᠯᠤᠰ ᠤᠨ ᠬᠤᠶᠠᠷ ᠬᠤᠷᠠᠯ — ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠴᠢᠩ ᠰᠡᠳᠬᠢᠯ ᠤᠨ ᠨᠠᠶᠢᠳᠠᠯᠭ᠎ᠠ ᠶᠢ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢ ᠪᠦᠲᠦᠬᠡᠨ ᠪᠠᠶᠢᠭᠤᠯᠬᠤ ᠠᠮᠢᠳᠤᠯᠢᠬ ᠦᠢᠯᠡᠳᠦᠯᠬᠡ ᠪᠤᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2019/4/15
      ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ 3 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠶᠢᠨ ᠬᠠᠮᠳᠣ ᠴᠢᠬᠤᠯᠠ ᠶᠠᠷᠢᠶ᠎ᠠ ᠲᠠᠯᠪᠢᠵᠦ᠂ ᠨᠠᠮ ᠪᠠ ᠤᠯᠤᠰ ᠤᠨ ᠠᠵᠢᠯ ᠤᠨ ᠪᠦᠬᠦ ᠲᠠᠯ᠎ᠠ ᠳᠣᠮᠳᠠᠬᠢ ᠦᠪᠦᠷ ᠮᠤᠩᠭᠤᠯ ᠤᠨ ᠴᠢᠬᠤᠯᠠ ᠪᠠᠶᠢᠷᠢ ᠰᠠᠭᠤᠷᠢ ᠶᠢ ᠬᠦᠨᠵᠡᠬᠡᠢ ᠵᠢᠭᠠᠨ ᠭᠠᠷᠭᠠᠵᠦ᠂ ᠨᠠᠮ ᠤᠨ ᠠᠷᠪᠠ ᠨᠠᠶᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠷᠤᠨ ᠤ ᠡᠯ᠎ᠠ ᠲᠠᠯ᠎ᠠ ᠶᠢᠨ ᠪᠦᠲᠦᠬᠡᠨ ᠪᠠᠶᠢᠭᠤᠯᠤᠯᠳᠠ ᠶᠢᠨ ᠰᠢᠨ᠎ᠠ ᠠᠮᠵᠢᠯᠳᠠ ᠪᠦᠲᠦᠮᠵᠢ ᠶᠢ ᠬᠦᠢᠴᠡᠳ ᠨᠤᠳᠠᠯᠠᠵᠦ᠂ ᠦᠪᠦᠷ ᠮᠤᠩᠭᠤᠯ ᠤᠨ ᠠᠵᠢᠯ ᠢ ᠴᠢᠨᠠᠬᠰᠢᠳᠠ ᠰᠠᠶᠢᠳᠤᠷ ᠬᠢᠬᠦ ᠳᠤ ᠴᠢᠩ ᠰᠡᠳᠬᠢᠯ ᠤᠨ ᠬᠦᠰᠡᠯ ᠢᠶᠠᠨ ᠳᠠᠯᠪᠢᠵᠣ ᠴᠢᠬᠤᠯᠠ ᠵᠢᠭᠠᠪᠤᠷᠢ ᠦᠭᠴᠡᠢ᠃      ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ᠂ ᠦᠵᠡᠯ ᠰᠠᠨᠠᠭ᠎ᠠ ᠭᠦᠨ ᠬᠦᠨᠵᠡᠬᠡᠢ᠂ ᠠᠭᠤᠯᠤᠬᠳᠠᠬᠤᠨ ᠡᠯᠪᠡᠭ ᠪᠠᠶᠠᠯᠢᠭ᠂ ᠰᠡᠳᠬᠢᠯᠬᠡ ᠭᠦᠨ ᠬᠠᠶᠢᠷ᠎ᠠ ᠪᠢᠯᠬᠠᠵᠣ᠂ ᠣᠳᠬ᠎ᠠ ᠭᠦᠨ ᠰᠠᠨᠠᠭ᠎ᠠ ᠬᠦᠨᠵᠡᠭᠡᠢ ᠪᠠᠶᠢᠵᠦ᠂ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠲᠤᠬᠠᠢ ᠬᠦᠨ ᠰᠠᠨᠠᠭᠠᠯᠵᠠᠯ ᠪᠠ ᠲᠤᠳᠤᠨᠤ ᠬᠠᠯᠠᠮᠵᠢᠯᠠᠯ ᠢ ᠬᠦᠢᠴᠡᠳ ᠢᠯᠡᠷᠡᠬᠦᠯᠪᠡ᠂ ᠪᠢᠳᠡᠨ ᠳᠤ ᠤᠨᠴᠠᠭᠠᠢ ᠬᠠᠯᠠᠭᠤᠨ ᠲᠤᠳᠤᠨᠤ ᠰᠠᠨᠠᠭᠳᠠᠵᠣ᠂ ᠬᠤᠪᠢ ᠲᠠᠬᠢᠨ ᠵᠤᠷᠢᠬᠵᠢᠭᠤᠯᠤᠯ ᠤᠯᠭᠤᠵᠦ᠂ ᠢᠳᠡᠬᠡᠯ ᠵᠤᠷᠢᠬ ᠢ ᠬᠤᠪᠢ ᠲᠠᠬᠢᠨ ᠨᠡᠮᠡᠭᠳᠡᠬᠦᠯᠵᠦ᠂ ᠪᠢᠳᠡ ᠰᠢᠨ᠎ᠠ ᠴᠠᠬ ᠦᠶ᠎ᠠ ᠳᠤ ᠡᠷᠡᠮᠡᠬᠡᠶᠢᠯᠡᠨ ᠤᠷᠤᠬᠰᠢᠯᠠᠬᠤ᠂ ᠰᠢᠨ᠎ᠠ ᠠᠶᠠᠨ ᠢ ᠡᠬᠢᠯᠡᠬᠦᠯᠬᠦ᠂ ᠰᠢᠨ᠎ᠠ ᠬᠠᠭᠤᠳᠠᠰᠤ ᠶᠢ ᠪᠢᠴᠢᠭᠯᠡᠬᠦ ᠳᠤ ᠤᠷᠤᠬᠰᠢᠯᠠᠯᠳᠠ ᠶᠢᠨ ᠴᠢᠭᠯᠡᠯ ᠢ ᠵᠢᠭᠠᠨ ᠦᠭᠴᠦ᠂ ᠬᠦᠴᠦᠷᠭᠡᠭ ᠶᠡᠭᠡ ᠬᠦᠳᠡᠯᠬᠡᠬᠦ ᠬᠦᠴᠦᠨ ᠤᠯᠭᠤᠵᠠᠢ᠃      ᠪᠢᠳᠡ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠪᠤᠯᠭᠠᠵᠣ᠂ ᠳᠠᠷᠣᠢ ᠲᠦᠷᠬᠡᠨ ᠬᠦᠳᠡᠯᠦᠯᠴᠡᠵᠣ᠂ ᠰᠤᠷᠤᠯᠴᠠᠨ ᠤᠶᠢᠢᠯᠠᠭᠠᠬᠤ ᠶᠢ ᠰᠠᠶᠢᠳᠤᠷ ᠠᠳᠬᠤᠵᠦ᠂ ᠤᠬᠠᠭᠤᠯᠤᠨ ᠲᠠᠶᠢᠯᠪᠤᠷᠢᠯᠠᠬᠤ ᠶᠢ ᠰᠠᠶᠢᠳᠤᠷ ᠠᠳᠬᠤᠵᠦ᠂ ᠪᠠᠶᠢᠴᠠᠭᠠᠨ ᠰᠤᠳᠤᠯᠬᠤ ᠶᠢ ᠰᠠᠶᠢᠳᠤᠷ ᠠᠳᠬᠤᠵᠦ᠂ ᠤᠶᠠᠯᠳᠤᠭᠤᠯᠤᠨ ᠬᠤᠪᠢᠷᠠᠭᠤᠯᠬᠤ ᠶᠢ ᠰᠠᠶᠢᠳᠤᠷ ᠠᠳᠬᠤᠵᠦ᠂ ᠰᠤᠷᠤᠯᠴᠠᠨ ᠮᠡᠳᠡᠵᠦ ᠨᠡᠪᠲᠡᠷᠡᠳᠡᠯ᠎ᠠ ᠤᠶᠢᠢᠯᠠᠭᠠᠵᠣ ᠪᠣᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠵᠣ᠂ ᠦᠨᠡᠨᠬᠦ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠦᠯᠬᠡ ᠪᠠᠨ ᠵᠢᠯᠤᠭᠤᠳᠤᠭᠤᠯᠵᠣ᠂ ᠠᠵᠢᠯ ᠢᠶᠠᠨ ᠠᠬᠢᠭᠤᠯᠤᠨ᠎ᠠ᠃ ᠶᠡᠷᠦᠩᠬᠡᠢ ᠱᠦᠵᠢ ᠶᠢᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠣᠶᠢᠢᠯᠠᠭᠠᠨ ᠡᠷᠡᠰ ᠲᠤᠤᠱᠯᠠᠭᠤᠯᠵᠣ᠂ ᠠᠵᠦ ᠠᠵᠦ ᠦᠢᠯᠡᠰ ᠤᠨ ᠪᠦᠲᠦᠴᠡ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠤᠪᠤᠶᠢᠯᠭᠠᠨ ᠰᠠᠶᠢᠳᠤᠷ ᠠᠳᠬᠤᠵᠦ᠂ ᠤᠳᠤ ᠦᠶ᠎ᠠ ᠶᠢᠨ ᠡᠨᠧᠷᠬᠢ ᠶᠢᠨ ᠠᠵᠦ ᠠᠬᠤᠢ ᠶᠢ ᠰᠠᠶᠢᠳᠤᠷ ᠬᠦᠭᠵᠢᠬᠦᠯᠵᠦ᠂ ᠰᠢᠨ᠎ᠠ ᠠᠵᠦ ᠦᠢᠯᠡᠰ᠂ ᠰᠢᠨ᠎ᠠ ᠬᠦᠳᠡᠯᠬᠡᠬᠦ ᠡᠨᠧᠷᠬᠢ᠂ ᠰᠢᠨ᠎ᠠ ᠨᠡᠮᠡᠭᠳᠡᠯ ᠤᠨ ᠲᠦᠢᠯ ᠢ ᠶᠡᠬᠡᠪᠡᠷ ᠪᠤᠶᠢᠵᠢᠭᠤᠯᠵᠣ᠂ ᠦᠷᠢ ᠦᠭᠴᠡᠭᠡ ᠶᠢᠨ ᠲᠦᠭᠰᠢᠬᠦᠷᠢ ᠶᠢ ᠪᠦᠲᠦᠮᠵᠢᠳᠡᠢ ᠰᠡᠷᠬᠡᠶᠢᠯᠡᠨ ᠨᠠᠮᠳᠠᠭᠤᠯᠵᠣ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠦᠲᠦᠬᠡᠨ ᠪᠠᠶᠢᠭᠤᠯᠤᠯᠳᠠ ᠶᠢ ᠴᠢᠩᠭᠠᠳᠬᠠᠵᠣ᠂ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ ᠃ ᠶᠡᠷᠦᠩᠬᠡᠢ ᠱᠦᠵᠢ ᠶᠢᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠶᠢ ᠯᠠᠪᠳᠠᠭᠤᠨ ᠪᠠᠳᠤᠳᠠᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢ ᠬᠦᠨᠵᠡᠬᠡᠢ ᠤᠶᠢᠢᠯᠠᠭᠠᠨ ᠡᠷᠡᠰ ᠲᠤᠤᠱᠯᠠᠭᠤᠯᠵᠣ᠂ ᠤᠨᠴᠠ ᠶᠠᠳᠠᠭᠤ ᠬᠦᠴᠢᠷᠳᠡᠯᠳᠡᠢ ᠭᠠᠵᠠᠷ ᠤᠷᠤᠨ ᠳᠤ ᠠᠩᠬᠠᠷᠣᠯ ᠢᠶᠠᠨ ᠲᠦᠪᠯᠡᠷᠡᠬᠦᠯᠦᠨ ᠬᠦᠴᠦᠯᠡᠵᠦ᠂ ᠡᠪᠡᠳᠴᠢᠨ ᠠᠴᠠ ᠪᠤᠯᠵᠦ ᠶᠠᠳᠠᠭᠤᠷᠠᠬᠤ ᠠᠰᠠᠭᠤᠳᠠᠯ ᠢ ᠠᠩᠬᠠᠷᠤᠨ ᠰᠢᠢᠳᠪᠦᠷᠢᠯᠡᠵᠦ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠢᠷᠠᠯ ᠪᠠ ᠰᠤᠷᠳᠠᠯ ᠤᠨ ᠠᠰᠠᠭᠤᠳᠠᠯ ᠢ ᠲᠤᠰᠬᠠᠢ ᠵᠠᠰᠠᠬᠤ ᠠᠵᠢᠯ ᠢ ᠬᠢᠨᠠᠮᠠᠭᠠᠢ ᠦᠷᠨᠢᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠤᠨ᠎ᠠ᠃       ᠶᠡᠷᠦᠩᠬᠡᠢ ᠱᠦᠵᠢ ᠶᠢᠨ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠤᠭᠳᠠᠭᠤᠨ ᠪᠠᠬᠢᠵᠢᠯ ᠢ ᠯᠠᠪᠳᠠᠭᠤᠨ ᠪᠠᠳᠤᠳᠠᠢ ᠠᠬᠢᠭᠤᠯᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠢᠯᠠᠭᠠᠨ ᠡᠷᠡᠰ ᠲᠤᠤᠱᠯᠠᠭᠤᠯᠵᠣ᠂ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠬᠦᠨᠵᠡᠬᠡᠶᠢᠷᠡᠬᠦᠯᠵᠦ᠂ ᠨᠡᠶᠢᠬᠡᠮ ᠵᠢᠷᠤᠮ ᠤᠨ ᠭᠤᠤᠯᠯᠡᠬᠴᠢ ᠦᠷᠳᠡᠭ ᠤᠨ ᠦᠵᠡᠯᠳᠡ ᠶᠢ ᠶᠡᠬᠡᠪᠡᠷ ᠪᠤᠢ ᠪᠣᠯᠭᠠᠨ ᠦᠢᠯᠡᠳᠦᠯᠬᠡᠵᠢᠬᠦᠯᠵᠦ᠂ ᠴᠦᠬᠡᠨ ᠲᠤᠭᠠᠳᠤ ᠦᠨᠳᠦᠰᠦᠳᠡᠨ ᠪᠠ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠬᠦᠭᠵᠢᠯᠳᠡ ᠲᠤᠮᠳᠠᠬᠢ ᠡᠯ᠎ᠠ ᠵᠦᠢᠯ ᠤᠨ ᠠᠰᠢᠬ ᠲᠤᠰᠠ ᠶᠢᠨ ᠵᠦᠷᠢᠴᠡᠯ ᠢ ᠵᠣᠬᠢᠰᠳᠠᠢ ᠰᠢᠢᠳᠪᠦᠷᠢᠯᠡᠵᠦ᠂ ᠡᠬᠡ ᠤᠯᠤᠰ ᠤᠨ ᠤᠮᠠᠷᠠᠳᠤ ᠬᠢᠵᠠᠭᠠᠷ ᠤᠨ ᠠᠮᠤᠷ ᠲᠤᠭᠳᠠᠭᠤᠨ ᠤ ᠬᠠᠯᠬᠠᠪᠴᠢ ᠶᠢ ᠪᠠᠳᠣ ᠪᠠᠬᠢ ᠪᠣᠯᠭᠠᠨ ᠪᠦᠲᠦᠬᠡᠨ ᠪᠠᠶᠢᠭᠤᠯᠵᠣ᠂ ︽ᠵᠢᠱᠢᠶᠡᠴᠢ ᠦᠪᠡᠷᠳᠡᠬᠡᠨ ᠵᠠᠰᠠᠬᠤ ᠤᠷᠤᠨ︾ ᠤ ᠡᠷᠭᠢᠮ ᠲᠡᠭᠡᠳᠤ ᠢᠷᠠᠭᠤ ᠠᠯᠳᠠᠷ ᠢ ᠰᠢᠨ᠎ᠠ ᠴᠠᠬ ᠦᠶ᠎ᠠ ᠳᠤ ᠨᠡᠩ ᠬᠡᠷᠡᠯ ᠬᠢᠯᠪᠠᠭ᠎ᠠ ᠰᠠᠴᠤᠷᠠᠭᠤᠯᠤᠨ᠎ᠠ᠃      ᠮᠠᠨ ᠳᠤ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠠ ᠴᠢᠩ ᠰᠡᠳᠬᠢᠯ ᠤᠨ ᠨᠠᠶᠢᠳᠠᠯᠭ᠎ᠠ ᠶᠤᠰᠤᠭᠠᠷ᠂ ᠬᠦᠴᠢᠷ ᠪᠡᠷᠬᠡ ᠶᠢ ᠲᠠᠭᠠᠭᠠᠵᠦ᠂ ᠴᠤᠴᠠᠯᠳᠠ ᠦᠬᠡᠢ ᠤᠷᠤᠬᠰᠢᠯᠠᠬᠤ ᠮᠤᠩᠭᠤᠯ ᠮᠤᠷᠢᠨ ᠤ ᠵᠤᠷᠢᠬ ᠰᠠᠨᠠᠭ᠎ᠠ ᠶᠢ ᠶᠡᠬᠡᠪᠡᠷ ᠪᠠᠳᠠᠷᠠᠭᠤᠯᠵᠣ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠪᠦᠯᠬᠦᠮᠳᠡᠨ ᠲᠡᠮᠡᠴᠡᠵᠦ᠂ ᠦᠪᠦᠷ ᠮᠤᠩᠭᠤᠯ ᠤᠨ ᠡᠯ᠎ᠠ ᠵᠦᠢᠯ ᠤᠨ ᠠᠵᠢᠯ ᠢᠶᠠᠨ ᠨᠡᠩ ᠰᠠᠶᠢᠨ ᠬᠢᠵᠦ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠲᠦᠬᠡᠨ ᠪᠠᠶᠢᠭᠤᠯᠬᠤ ᠢᠳᠡᠬᠡᠯ ᠵᠤᠷᠢᠬ ᠡᠷᠡᠰ ᠵᠤᠷᠢᠬ ᠪᠠᠶᠢᠨ᠎ᠠ᠃  
ᠢᠷᠡᠯᠲᠡ᠄ ᠳᠤᠮᠳᠠᠳᠤ ᠤᠯᠤᠰ ᠤᠨ ᠮᠣᠩᠭᠣᠯ ᠬᠡᠯᠡᠨ ᠦ ᠰᠣᠨᠢᠨ ᠮᠡᠳᠡᠭᠡ ᠶᠢᠨ ᠰᠦᠯᠵᠢᠶ᠎ᠡ