ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠸᠠᠩ ᠮᠢ ᠼᠠᠩ᠄《 ᠣᠯᠠᠨ ᠲᠦᠮᠡᠨ ᠢ  ᠳᠠᠶᠢᠴᠢᠯᠠᠵᠤ ᠶᠠᠳᠠᠭᠤ ᠠᠴᠠ ᠠᠭᠭᠢᠵᠢᠷᠠᠭᠤᠯᠬᠤ ᠪᠣᠯ ᠮᠢᠨᠤ ᠬᠠᠷᠢᠭᠤᠴᠠᠯᠭ᠎ᠠ》 ᠭᠡᠵᠦ ᠬᠡᠯᠡᠪᠡ
ᠨᠡᠶᠢᠲᠡᠯᠡᠭᠰᠡᠨ ᠴᠠᠭ᠄
2019/4/15
      ᠸᠠᠩ ᠮᠢ ᠼᠠᠩ ᠪᠣᠯ ᠤᠷᠠᠳ ᠤᠨ ᠡᠮᠦᠨᠡᠲᠦ ᠬᠤᠰᠢᠭᠤᠨ ᠤ ᠰᠢᠶᠡᠨ ᠹᠧᠩ ᠪᠠᠯᠭᠠᠰᠤ ᠶᠢᠨ ᠰᠦᠮᠡᠲᠦ ᠲᠤᠰᠬᠤᠨ ᠳᠤ ᠲᠤᠰᠬᠤᠨ ᠳᠤ ᠰᠠᠭᠤᠭ᠎ᠠ  ᠨᠢᠭᠡᠳᠦᠭᠡᠷ ᠱᠦᠵᠢ ᠮᠦᠨ᠃ ᠲᠤᠰᠬᠤᠨ ᠳᠤ ᠰᠠᠭᠤᠭᠰᠠᠨ ᠠᠴᠠ ᠨᠠᠰᠢ᠂ ᠲᠡᠷᠡ ᠣᠯᠠᠨ ᠲᠦᠮᠡᠨ ᠲᠠᠢ ᠰᠡᠳᠭᠢᠯ ᠢᠶᠠᠨ ᠬᠤᠯᠪᠤᠵᠤ᠂ ᠠᠶᠢᠯ ᠡᠷᠦᠬᠡ ᠪᠠᠷ ᠲᠣᠭᠤᠷᠢᠨ᠂ ᠭᠠᠷ ᠳᠠᠬᠢ ᠤᠴᠢᠷ  ᠪᠣᠯᠭᠠᠨ ᠢᠶᠠᠨ ᠨᠢᠮᠪᠠᠢ ᠬᠢᠵᠦ᠂ ᠣᠯᠠᠨ ᠲᠦᠮᠡᠨ ᠤ ᠬᠦᠷᠢᠶᠡᠯᠡᠯ ᠢ ᠣᠯᠪᠠ᠃ ᠠᠶᠢᠯ ᠡᠷᠦᠬᠡ ᠪᠠᠷ ᠰᠤᠷᠪᠦᠯᠵᠢᠯᠠᠬᠤ᠂ ᠶᠠᠳᠠᠭᠤ ᠬᠦᠴᠢᠷᠳᠡᠯᠲᠠᠢ ᠠᠶᠢᠯ ᠤᠨ ᠦᠢᠯᠡᠳᠪᠦᠷᠢᠯᠡᠯ ᠠᠮᠢᠳᠤᠷᠠᠯ ᠢ ᠣᠶᠢᠯᠭᠠᠬᠤ ᠪᠣᠯ ᠣᠨᠤᠪᠴᠢᠲᠠᠢ ᠪᠠᠷ ᠶᠠᠳᠠᠭᠤ ᠠᠴᠠ ᠠᠭᠭᠢᠵᠢᠷᠠᠭᠤᠯᠬᠤ ᠠᠵᠢᠯ ᠢ ᠦᠷᠨᠢᠭᠦᠯᠬᠦ ᠶᠢᠨ ᠰᠠᠭᠤᠷᠢ ᠭᠡᠳᠡᠭ ᠢ ᠸᠠᠩ ᠮᠢ ᠼᠠᠩ ᠲᠣᠳᠦ ᠣᠶᠢᠯᠭᠠᠵᠤ᠂ ᠴᠠᠭ ᠢᠮᠠᠭᠲᠠ ᠶᠠᠳᠠᠭᠤ ᠬᠦᠴᠢᠷᠳᠡᠯ ᠲᠠᠢ ᠠᠶᠢᠯ ᠤᠨ ᠰᠢᠨ᠎ᠡ ᠪᠠᠶᠢᠳᠠᠯ ᠢ ᠡᠵᠡᠮᠰᠢᠵᠦ᠂ ᠴᠠᠭ ᠲᠣᠬᠠᠢ ᠳᠤᠨᠢ ᠬᠠᠪᠰᠦᠷᠤᠯᠭ᠎ᠠ ᠦᠵᠡᠭᠦᠯᠪᠡ᠃ ᠰᠦᠮᠡᠲᠦ ᠲᠤᠰᠬᠤᠨ ᠤ ᠯᠢ ᠬᠤ᠋ ᠲᠦᠷᠪᠡᠳᠦᠭᠡᠷ ᠳᠤᠭᠤᠶᠢᠯᠠᠩ ᠤᠨ ᠶᠠᠳᠠᠭᠤ ᠬᠦᠴᠢᠷᠳᠡᠯᠲᠠᠢ ᠡᠷᠦᠬᠡ ᠸᠠᠩ  ᠰᠢᠨ ᠯᠢᠩ ᠡᠪᠡᠳᠴᠢᠨ ᠠᠴᠠ ᠪᠣᠯᠵᠤ ᠶᠠᠳᠠᠭᠤᠷᠠᠵᠠᠢ᠂ ᠭᠡᠪᠡᠴᠦ ᠠᠬᠠᠮᠠᠳ  ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠲᠡᠷᠡ ᠶᠡᠷᠦ ᠨᠢ ᠵᠣᠬᠢᠶᠠᠨ ᠪᠠᠶᠢᠭᠤᠯᠤᠯᠲᠠ ᠳᠤ ᠶᠠᠷᠰᠢᠭ ᠲᠦᠪᠡᠭ ᠠᠪᠴᠢᠷᠠᠬᠤ ᠲᠤᠷ᠎ᠠ ᠦᠭᠡᠢ᠃  ᠡᠨᠡᠬᠦ ᠪᠠᠶᠢᠳᠠᠯ ᠢ ᠣᠶᠢᠯᠭᠠᠭᠰᠠᠨ ᠤ ᠬᠤᠶᠢᠨ᠎ᠠ᠂ ᠬᠡᠳᠦᠢ ᠶᠠᠭᠠᠷᠠᠤ ᠪᠤᠯᠪᠠᠴᠤ ᠸᠠᠩ ᠮᠢ ᠼᠠᠩ ᠬᠡᠵᠢᠶᠡᠳᠡ ᠴᠠᠭ ᠭᠠᠷᠭᠠᠵᠦ ᠲᠡᠳᠡᠨ ᠤ ᠭᠡᠷ ᠢᠶᠠᠷ ᠣᠴᠢᠵᠦ᠂ ᠭᠡᠷ ᠤᠨ ᠪᠠᠶᠢᠳᠠᠯ ᠢ ᠶᠠᠷᠢᠯᠴᠠᠨ᠂ ᠲᠦᠷᠦ ᠶᠢᠨ ᠪᠣᠳᠤᠯᠭ᠎ᠠ ᠶᠢ ᠮᠡᠳᠡᠭᠦᠯᠵᠦ᠂ ᠲᠡᠭᠦᠨ ᠤ ᠵᠤᠯ ᠵᠢᠷᠭᠠᠯ ᠲᠠᠢ ᠪᠠᠷ ᠠᠵᠤ ᠠᠮᠢᠳᠤᠷᠠᠯ ᠳᠠᠬᠢ ᠢᠲᠡᠭᠡᠯ ᠢ ᠨᠢ ᠪᠠᠲᠣᠵᠢᠭᠤᠯᠪᠠ᠃      ᠸᠠᠩ ᠮᠢ ᠼᠠᠩ ᠪᠣᠯ ᠤᠷᠠᠳ ᠤᠨ ᠡᠮᠦᠨᠡᠲᠦ ᠬᠤᠰᠢᠭᠤᠨ ᠤ ᠳᠣᠲᠤᠭᠠᠳᠤ ᠶᠢ ᠬᠠᠮᠠᠭᠠᠯᠠᠬᠤ  ᠲᠣᠪᠴᠢᠶᠠᠨ ᠤ ᠠᠵᠤ ᠦᠢᠯᠡᠳᠪᠦᠷᠢ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ᠳᠠᠬᠢ ᠬᠠᠮᠢᠶᠠᠷᠤᠯᠲᠠ ᠶᠢᠨ ᠣᠷᠤᠨ ᠤ ᠨᠢᠭᠡᠨ ᠴᠠᠭᠳᠠᠭ᠎ᠠ ᠮᠦᠨ  ᠂ ᠬᠠᠮᠢᠶᠠᠷᠤᠯᠲᠠ ᠶᠢᠨ ᠣᠷᠤᠨ ᠤ ᠣᠯᠠᠨ ᠲᠦᠮᠡᠨ ᠤ ᠪᠠᠶᠢᠳᠠᠯ ᠢ ᠠᠩᠬᠠᠷᠴᠦ ᠂ ᠡᠯ᠎ᠡ ᠵᠦᠢᠯ ᠤᠨ ᠬᠦᠮᠦᠰ ᠤᠨ ᠰᠤᠷᠠᠭ ᠴᠢᠮᠡᠭᠡ ᠶᠢ ᠨᠢᠮᠪᠠᠢ ᠡᠵᠡᠮᠰᠢᠬᠦ ᠪᠣᠯ ᠲᠡᠭᠦᠨ ᠤ ᠠᠵᠢᠯ ᠢᠶᠠᠨ ᠦᠷᠨᠢᠭᠦᠯᠬᠦ ᠶᠢᠨ ᠬᠡᠪ ᠤᠨ ᠪᠠᠶᠢᠳᠠᠯ ᠪᠣᠯᠤᠨ᠎ᠠ᠃ ᠲᠣᠮᠢᠯᠠᠨ ᠰᠠᠭᠤᠯᠭᠠᠬᠤ ᠡᠭᠦᠷᠭᠡ ᠶᠢ ᠲᠣᠰᠴᠦ ᠰᠦᠮᠡᠲᠦ ᠲᠤᠰᠬᠤᠨ ᠳᠤ ᠢᠷᠡᠭᠰᠡᠨ ᠤ ᠬᠤᠶᠢᠨ᠎ᠠ᠂ ᠲᠡᠷᠡ ᠡᠨᠡᠬᠦ ᠨᠢᠮᠪᠠᠢ ᠣᠪᠤᠷ ᠢᠶᠠᠨ ᠦᠷᠭᠦᠯᠵᠢᠯᠡᠨ ᠶᠠᠳᠠᠭᠤ ᠬᠦᠴᠢᠷᠳᠡᠯᠲᠡᠢ ᠣᠯᠠᠨ ᠲᠦᠮᠡᠨ ᠤ ᠪᠡᠶ᠎ᠡ ᠳᠡᠭᠡᠷ᠎ᠡ ᠲᠠᠯᠪᠢᠪᠠ᠃ ᠬᠡᠨ ᠤ ᠭᠡᠷ ᠨᠢ ᠡᠪᠡᠳᠴᠢᠨ ᠠᠴᠠ ᠪᠣᠯᠵᠤ ᠶᠠᠳᠠᠭᠤᠷᠠᠭᠰᠠᠨ᠂ ᠬᠡᠨ ᠤ ᠭᠡᠷ ᠨᠢ ᠬᠦᠳᠡᠯᠮᠦᠷᠢ ᠬᠦᠴᠦ ᠦᠭᠡᠢ᠂ ᠬᠡᠨ ᠤ ᠭᠡᠷ ᠨᠢ  ᠠᠵᠤ ᠦᠢᠯᠡᠰ ᠢ ᠬᠦᠭᠵᠢᠬᠦᠯᠬᠦ ᠴᠢᠬᠤᠯᠠᠲᠠᠢ ᠪᠠᠶᠢᠬᠤ ᠵᠡᠷᠭᠡ ᠶᠢ ᠬᠡᠳᠦᠬᠡᠨ ᠰᠠᠷ᠎ᠠ ᠶᠢᠨ ᠳᠣᠲᠤᠷ᠎ᠠ ᠮᠠᠰᠢ ᠲᠣᠳᠤ ᠴᠡᠭᠡᠵᠢᠯᠡᠪᠡ᠃ ᠡᠨᠡ ᠵᠢᠯ 83 ᠨᠠᠰᠤ  ᠲᠠᠢ ᠹᠧᠩ ᠹᠦ᠋ ᠭᠦᠢ   ᠲᠠᠷᠢᠬᠢᠨ ᠤ ᠲᠦᠭᠵᠢᠷᠡᠯ ᠤᠨ ᠡᠪᠡᠳᠴᠢᠨ ᠠᠴᠠ ᠪᠣᠯᠵᠤ ᠬᠦᠳᠡᠯᠮᠦᠷᠢᠯᠡᠬᠦ ᠴᠢᠳᠡᠪᠦᠷᠢ ᠪᠠᠨ ᠠᠯᠳᠠᠵᠤ᠂ ᠲᠣᠭᠲᠠᠪᠦᠷᠢᠲᠠᠢ ᠠᠵᠤ ᠠᠬᠤᠢ ᠶᠢᠨ ᠢᠷᠡᠯᠲᠡ ᠭᠡᠵᠦ ᠦᠭᠡᠢ  ᠂ ᠵᠢᠯ ᠪᠦᠷᠢ ᠡᠪᠡᠳᠴᠢᠨ ᠦᠵᠡᠭᠦᠯᠬᠦ ᠳᠤ ᠳᠡᠷᠦᠢ ᠳᠦᠷᠪᠡ ᠲᠠᠪᠤᠨ ᠲᠦᠮᠡᠨ ᠲᠦᠭᠦᠷᠢᠭ ᠵᠠᠷᠤᠴᠠᠭᠤᠯᠳᠠᠭ᠃ ᠣᠯᠠᠨ ᠵᠢᠯ ᠤᠨ ᠲᠣᠷᠰᠢ᠂ ᠬᠤᠶᠠᠷ ᠬᠦᠭᠰᠢᠨ ᠬᠠᠭᠤᠴᠢᠨ ᠡᠪᠳᠡᠷᠬᠡᠢ ᠰᠢᠷᠤᠢ ᠶᠢᠨ ᠪᠠᠶᠢᠰᠢᠩ ᠳᠤ ᠰᠠᠭᠤᠵᠤ ᠪᠠᠶᠢᠪᠠ᠃ ᠸᠠᠩ ᠮᠢ ᠼᠠᠩ ᠰᠤᠷᠪᠣᠯᠵᠢᠯᠠᠬᠤ ᠳᠣᠮᠳᠠ ᠪᠠᠨ ᠲᠡᠭᠦᠨ ᠤ ᠭᠡᠷ ᠤᠨ ᠪᠠᠶᠢᠳᠠᠯ ᠢ ᠮᠡᠳᠡᠭᠰᠡᠨ ᠬᠤᠶᠢᠨ᠎ᠠ᠂ ᠡᠩ ᠲᠡᠷᠢᠭᠦᠨ  ᠳᠤ  ᠹᠧᠩ ᠹᠦ᠋ ᠭᠦᠢ ᠳᠤ ᠠᠶᠤᠯᠲᠤ ᠭᠡᠷ ᠪᠠᠶᠢᠰᠢᠩ ᠢ ᠦᠭᠡᠷᠡᠴᠢᠯᠡᠬᠦ ᠲᠦᠷᠦᠯ ᠵᠦᠢᠯ ᠢ ᠣᠯᠭᠤᠯᠪᠠ᠃ ᠡᠨᠡ ᠵᠢᠯ ᠤᠨ 7 ᠰᠠᠷ᠎ᠠ ᠳᠤ᠂ ᠬᠤᠶᠠᠷ ᠬᠦᠭᠰᠢᠨ 50 ᠲᠡᠭᠰᠢ  ᠳᠦᠷᠪᠡᠯᠵᠢᠨ ᠮᠧᠲᠷ ᠤᠨ ᠰᠢᠨ᠎ᠡ ᠭᠡᠷ ᠲᠤ ᠨᠡᠭᠦᠨ ᠣᠷᠤᠪᠠ᠃ ᠳᠠᠷᠠᠭᠠᠪᠠᠷ ᠸᠠᠩ ᠮᠢ ᠼᠠᠩ ᠪᠠᠰᠠ ᠠᠵᠤ ᠦᠢᠯᠡᠰ ᠢ ᠭᠦᠭᠵᠢᠭᠦᠯᠬᠦ ᠪᠡᠯᠡ ᠮᠦᠩᠭᠦ ᠶᠢᠨ ᠨᠦᠬᠦᠪᠦᠷᠢ ᠢᠶᠠᠷ ᠲᠡᠳᠡᠨ  ᠳᠤ 20 ᠰᠠᠭᠤᠷᠢ ᠡᠬᠡ ᠮᠠᠯ ᠬᠤᠳᠠᠯᠳᠣᠨ ᠠᠪᠴᠦ  ᠂ ᠲᠡᠳᠡᠨ ᠳᠤ ᠭᠡᠷ ᠤᠨ ᠬᠦᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃     ᠣᠳᠤ᠂ ᠸᠠᠩ ᠮᠢ ᠼᠠᠩ  ᠪᠣᠯᠤᠨ ᠠᠵᠢᠯᠯᠠᠬᠤ ᠠᠩᠭᠢ ᠶᠢᠨ ᠬᠠᠮᠲᠦ ᠶᠢᠨ ᠴᠢᠷᠮᠠᠶᠢᠯᠠᠭ᠎ᠠ ᠳᠣᠣᠷ᠎ᠠ᠂ ᠰᠦᠮᠡᠲᠦ ᠲᠤᠰᠬᠤᠨ ᠤ 23 ᠲᠤᠰᠬᠤᠨ  ᠤ ᠠᠷᠠᠳ ᠤᠨ ᠳᠤᠭᠤᠶᠢᠯᠠᠩ ᠤᠨ 90  ᠡᠷᠦᠬᠡ ᠳᠡᠩᠰᠡ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ  ᠬᠦᠴᠢᠷᠳᠡᠯᠲᠡᠢ ᠡᠷᠦᠬᠡ ᠤᠳ ᠶᠠᠭ ᠦᠪᠡᠷ ᠤᠨ ᠬᠦᠰᠡᠯ  ᠡᠷᠮᠡᠯᠵᠢᠯ ᠢᠶᠠᠷ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠦᠷᠦ ᠶᠢᠨ ᠪᠣᠳᠤᠯᠭ᠎ᠠ ᠶᠢᠨ ᠳᠡᠮᠵᠢᠯᠭᠡ ᠳᠣᠣᠷ᠎ᠠ ᠯᠠᠪᠳᠠᠭᠤᠨ ᠢᠶᠠᠷ ᠤᠷᠤᠭᠰᠢᠯᠠᠵᠤ ᠪᠤᠢ᠃ ᠭᠡᠲᠡᠯ᠎ᠡ  ᠂ ᠸᠠᠩ ᠮᠢ ᠼᠠᠩ ᠪᠠᠰᠠᠯᠠ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠶᠢ ᠰᠢᠪᠲᠣᠯᠬᠤ ᠨᠢᠭᠡᠳᠦᠭᠡᠷ ᠹᠷᠦᠨᠲ ᠳᠤ ᠬᠠᠲᠠᠭᠤᠵᠢᠯᠲᠠᠢ ᠲᠡᠮᠴᠡᠵᠤ᠂ ᠨᠢᠭᠡᠨᠲᠡ ᠰᠠᠷ᠎ᠠ ᠭᠠᠷᠤᠢ ᠭᠡᠷ ᠲᠡᠭᠡᠨ ᠬᠠᠷᠢᠭ᠎ᠠ ᠦᠭᠡᠢ ᠲᠡᠭᠦᠨ ᠤ ᠬᠠᠮᠤᠭ ᠰᠠᠶᠢᠬᠠᠨ ᠴᠢᠯᠦᠭᠡᠲᠡᠢ ᠴᠠᠭ ᠪᠣᠯ ᠦᠳᠡ ᠶᠢᠨ ᠬᠤᠭᠤᠯᠠᠨ ᠤ ᠳᠠᠷᠠᠭ᠎ᠠ ᠪᠢᠴᠢᠬᠠᠨ ᠣᠮᠪᠤᠯ ᠬᠡᠦᠬᠡᠨ ᠲᠠᠢ ᠪᠠᠨ ᠬᠠᠷᠠᠭᠠᠨ ᠳᠠᠪᠲᠠᠮᠵᠢ ᠪᠠᠷ ᠶᠠᠷᠢᠯᠴᠠᠵᠤ᠂ ᠲᠦᠷ ᠴᠠᠭ ᠤᠨ ᠬᠦᠷ ᠨᠠᠷᠭᠢᠶᠠᠨ ᠢ ᠦᠩᠭᠡᠷᠡᠭᠰᠡᠨ ᠤ ᠬᠤᠶᠢᠨ᠎ᠠ᠂ ᠳᠠᠬᠢᠭᠠᠳ ᠯᠠ ᠲᠡᠮᠳᠡᠭᠯᠡᠯ ᠤᠨ ᠳᠡᠪᠲᠡᠷ ᠢᠶᠠᠨ ᠠᠪᠴᠦ ᠶᠠᠳᠠᠭᠤ ᠬᠦᠴᠢᠷᠳᠡᠯᠲᠡᠢ ᠠᠶᠢᠯ ᠤᠳ ᠢ ᠴᠢᠭᠯᠡᠪᠡ᠃     ᠸᠠᠩ ᠮᠢ ᠼᠠᠩ ᠵᠣᠬᠢᠶᠠᠭᠴᠢ ᠳᠤ᠄《 ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ ᠶᠠᠳᠠᠭᠤ ᠬᠦᠴᠢᠷᠳᠡᠯᠲᠡᠢ ᠠᠶᠢᠯ ᠢ ᠬᠠᠪᠰᠤᠷᠤᠨ ᠶᠠᠳᠠᠭᠤ ᠠᠴᠠ ᠠᠭᠭᠢᠵᠢᠷᠠᠭᠤᠯᠬᠤ ᠪᠣᠯ ᠪᠢᠳᠠᠨ ᠤ ᠨᠢᠭᠡᠨ ᠡᠭᠦᠷᠭᠡ ᠬᠠᠷᠢᠭᠤᠴᠠᠯᠭ᠎ᠠ ᠪᠤᠯᠤᠨ᠎ᠠ᠃ ᠳᠠᠷᠠᠭ᠎ᠠ ᠠᠯᠬᠤᠮ ᠳᠤ᠂ ᠪᠢᠳᠠᠨ ᠤ ᠠᠵᠢᠯᠯᠠᠬᠤ ᠠᠩᠭᠢ ᠠᠵᠤ ᠦᠢᠯᠡᠰ ᠢᠶᠠᠷ ᠶᠠᠳᠠᠭᠤ ᠶᠢ ᠳᠡᠳᠭᠦᠬᠦ᠂ ᠶᠠᠳᠠᠭᠤ  ᠬᠦᠴᠢᠷᠲᠡᠢ ᠡᠷᠦᠭᠡ ᠶᠢ ᠬᠠᠪᠰᠦᠷᠤᠨ ᠠᠵᠢᠯ  ᠣᠯᠭᠤᠬᠤ ᠵᠡᠷᠭᠡ ᠠᠵᠢᠯ ᠢ ᠪᠤᠳᠠᠲᠠᠢ ᠠᠳᠬᠤᠬᠤ᠂ ᠲᠡᠳᠡᠨ ᠢ ᠡᠷᠲᠡ ᠨᠢᠭᠡᠨ ᠡᠳᠦᠷ ᠶᠠᠳᠠᠭᠤ ᠠᠴᠠ  ᠠᠭᠭᠢᠵᠢᠷᠠᠭᠤᠯᠤᠨ᠎ᠠ》 ᠭᠡᠵᠦ ᠪᠠᠶᠢᠪᠠ᠃
ᠢᠷᠡᠯᠲᠡ᠄ ᠲᠤᠰ ᠰᠦᠯᠵᠢᠶ᠎ᠡ