ᠤᠷᠠᠳ ᠤᠨ ᠡᠮᠦᠨᠡᠲᠦ ᠬᠤᠰᠢᠭᠤᠨ ᠤ ᠲᠣᠶᠢᠮᠦ ᠪᠠᠶᠢᠳᠠᠯ | | ᠤᠷᠠᠳ ᠤᠨ ᠡᠮᠦᠨᠡᠲᠦ ᠬᠤᠰᠢᠭᠤ ᠪᠣᠯ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠠᠭᠤᠨ ᠬᠡᠰᠡᠭ᠂ ᠪᠣᠷᠤᠲᠣᠬᠤᠢ ᠶᠢᠨ ᠲᠠᠯ᠎ᠠ | ᠭᠠᠵᠠᠷ ᠤᠨ ᠵᠡᠭᠦᠨ ᠡᠮᠦᠨ᠎ᠡ ᠦᠵᠦᠭᠦᠷ᠂ ᠬᠦᠬᠡᠬᠤᠲᠠ᠂ ᠪᠤᠭᠤᠲᠤ᠂ ᠣᠷᠳᠤᠰ ᠤᠨ《 ᠭᠤᠷᠪᠠᠯᠵᠢᠨ ᠤᠷᠤᠨ》 ᠤ ᠳᠣᠲᠤᠷ᠎ᠠ ᠭᠠᠵᠠᠷ ᠲᠤ ᠪᠠᠶᠢᠷᠢᠯᠠᠵᠤ᠂ | ᠪᠠᠶᠠᠨᠨᠠᠭᠤᠷ ᠬᠤᠲᠠ ᠶᠢᠨ《 ᠵᠡᠭᠦᠨ ᠡᠭᠦᠳᠡ》 ᠪᠣᠯᠤᠨ᠎ᠠ᠃ ᠤᠷᠠᠳ ᠤᠨ ᠡᠮᠦᠨᠡᠲᠦ ᠬᠤᠰᠢᠭᠤᠨ ᠤ ᠶᠡᠷᠦᠩᠬᠡᠢ ᠲᠠᠯᠠᠪᠠᠢ ᠨᠢ 7476 ᠲᠡᠭᠰᠢ ᠳᠦᠷᠪᠡᠯᠵᠢᠨ | ᠺᠢᠯᠦᠮᠧᠲᠷ ᠪᠠᠶᠢᠵᠤ᠂11 ᠰᠤᠮᠣ ᠪᠠᠯᠭᠠᠰᠤ᠂ 5 ᠲᠠᠷᠢᠶᠠᠯᠠᠩ ᠮᠠᠯᠵᠢᠯ ᠤᠨ ᠲᠠᠯᠠᠪᠠᠢ᠂ 93 ᠭᠠᠴᠠᠭ᠎ᠠ ᠲᠣᠰᠬᠤᠨ ᠲᠠᠢ᠂ ᠶᠡᠷᠦᠩᠬᠡᠢ ᠬᠦᠮᠦᠨ ᠠᠮᠠ 34.3 ᠲᠦᠮᠡᠨ | ᠬᠦᠮᠦᠨ ᠪᠠᠶᠢᠵᠤ᠂ ᠬᠢᠲᠠᠳ᠂ ᠮᠣᠩᠭᠤᠯ᠂ ᠬᠤᠲᠤᠩ᠂ ᠮᠠᠨᠵᠦ᠂ ᠵᠤᠸᠠᠩ ᠵᠡᠷᠭᠡ16 ᠦᠨᠳᠦᠰᠦᠲᠡᠨ ᠴᠤᠭᠯᠠᠷᠠᠨ ᠰᠠᠭᠤᠭᠰᠠᠨ ᠬᠤᠰᠢᠭᠤ ᠰᠢᠶᠠᠨ ᠪᠠᠶᠢᠵᠤ᠂ | ᠬᠤᠰᠢᠭᠤ ᠵᠠᠰᠠᠭ ᠤᠨ ᠣᠷᠳᠤᠨ ᠤ ᠰᠠᠭᠤᠭ᠎ᠠ ᠭᠠᠵᠠᠷ ᠪᠣᠯᠬᠤ ᠮᠤᠨᠠ ᠠᠭᠤᠯᠠ ᠪᠠᠯᠭᠠᠰᠤᠨ ᠳᠤ 13 ᠲᠦᠮᠡᠨ ᠬᠦᠮᠦᠨ ᠠᠮᠠ ᠠᠮᠢᠳᠤᠷᠠᠵᠤ ᠪᠠᠶᠢᠳᠠᠭ᠃ | ᠤᠷᠠᠳ ᠤᠨ ᠡᠮᠦᠨᠡᠲᠦ ᠬᠤᠰᠢᠭᠤᠨ ᠤ ᠡᠬᠢ ᠰᠤᠷᠪᠦᠯᠵᠢ ᠦᠨᠢᠷ ᠪᠠᠶᠠᠯᠢᠭ ᠪᠠᠶᠢᠵᠤ᠂ ᠣᠳᠣᠬᠠᠨ ᠳᠤ ᠨᠢᠭᠡᠨᠲᠡ ᠨᠡᠭᠦᠷᠡᠰᠦ᠂ ᠲᠡᠮᠦᠷ᠂ ᠠᠯᠲᠠ᠂ ᠭᠠᠤᠯᠢ᠂ | ᠴᠣᠬᠤᠢ ᠶᠢᠨ ᠴᠢᠯᠠᠭᠤ᠂ ᠪᠣᠷᠵᠢᠨ ᠴᠢᠯᠠᠭᠤᠯᠢᠭ᠂ ᠬᠠᠰ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠰᠤᠷᠪᠤᠯᠵᠢ 40 ᠭᠠᠷᠤᠢ ᠵᠦᠢᠯ ᠢ ᠢᠯᠡᠷᠡᠭᠦᠯᠵᠦ᠂ ᠳᠠᠯᠳᠠ | ᠦᠷᠲᠡᠭ ᠨᠢ100 ᠳ᠋ᠦᠩᠰᠢᠭᠤᠷ ᠠᠴᠠ ᠳᠡᠭᠡᠭᠰᠢ ᠬᠦᠷᠴᠦ᠂ ᠣᠳᠣ ᠨᠢᠭᠡᠨᠲᠡ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠣᠯᠣᠳ ᠲᠡᠮᠦᠷ᠂ ᠴᠠᠬᠢᠯᠭᠠᠨ ᠬᠦᠴᠦ | ᠵᠡᠷᠭᠡ ᠣᠯᠠᠨ ᠡᠰᠢᠵᠢᠯ ᠢᠶᠠᠷ ᠬᠦᠭᠵᠢᠵᠦ᠂ ᠣᠯᠠᠨ ᠲᠤᠶᠢᠯ ᠢᠶᠠᠷ ᠲᠣᠯᠭᠠᠭᠤᠷᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠪᠡ᠃ | ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠠᠴᠢᠶᠠᠯᠠᠪᠦᠷᠢ ᠶᠢᠨ ᠬᠢᠷᠢ ᠬᠡᠮᠵᠢᠶ᠎ᠡ ᠪᠠ ᠴᠤᠭᠯᠠᠷᠠᠯ ᠠᠵᠤ ᠦᠢᠯᠡᠰ ᠤᠨ ᠬᠦᠴᠦᠨ | ᠨᠢ ᠡᠳᠦᠷ ᠢᠷᠡᠬᠦᠶ᠎ᠡ ᠴᠢᠩᠭᠠᠳᠴᠦ᠂ ᠪᠣᠭᠤᠲᠤ ᠶᠢᠨ ᠪᠣᠯᠣᠳ ᠲᠡᠮᠦᠷ᠂ ᠵᠦᠩ ᠰᠢᠩ᠂ ᠮᠧᠩ ᠬᠠᠩ ᠵᠡᠷᠭᠡ ᠨᠡᠷᠡᠲᠦ ᠠᠵᠤ ᠠᠬᠤᠶᠢᠯᠠᠯ ᠵᠠᠯᠭᠠᠯᠳᠤᠭ᠎ᠠ ᠪᠠᠷ | ᠲᠣᠭᠤᠷᠢᠭ ᠲᠤ ᠣᠷᠤᠵᠤ ᠪᠡᠯᠡ ᠣᠷᠤᠭᠤᠯᠵᠤ᠂ ᠦᠪᠡᠷᠲᠡᠭᠡᠨ ᠵᠠᠰᠠᠬᠤ ᠣᠷᠤᠨ ᠤ ᠭᠤᠣᠯᠳᠠᠯᠭ᠎ᠠ ᠲᠠᠢ ᠬᠦᠮᠦᠵᠢᠭᠦᠯᠵᠦ ᠪᠠᠶᠢᠭ᠎ᠠ《 ᠬᠤᠣᠰ ᠵᠠᠭᠤᠨ | ᠳ᠋ᠦᠩᠰᠢᠭᠤᠷ》 ᠤᠨ ᠠᠵᠤ ᠦᠢᠯᠡᠳᠪᠦᠷᠢ ᠶᠢᠨ ᠡᠷᠭᠢᠯᠲᠡ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠣᠨ᠎ᠠ᠃ | ᠤᠷᠠᠳ ᠤᠨ ᠡᠮᠦᠨᠡᠲᠦ ᠬᠤᠰᠢᠭᠤᠨ ᠳᠤ ᠦᠩ ᠰᠢᠮᠡᠯᠢᠭ ᠬᠠᠲᠤᠨ ᠭᠤᠣᠯ ᠤᠨ ᠤᠰᠤᠯᠠᠯᠲᠠ ᠶᠢᠨ ᠣᠷᠤᠨ ᠲᠠᠢ ᠪᠦᠭᠡᠳ ᠦᠷᠭᠡᠨ ᠠᠭᠤᠳᠠᠮ ᠠᠭᠤᠯᠠᠷᠬᠠᠭ | ᠭᠠᠩᠳᠠᠮᠡᠯ ᠮᠡᠯᠵᠢᠬᠤ ᠣᠷᠤᠨ ᠲᠠᠢ᠂ ᠨᠠᠷᠠᠨ ᠤ ᠲᠤᠰᠤᠯᠲᠠ ᠭᠦᠢᠴᠡᠳ᠂ ᠣᠰᠤᠨ ᠤ ᠡᠬᠢ ᠰᠤᠷᠪᠤᠯᠵᠢ ᠪᠠᠶᠠᠯᠢᠭ᠂ ᠬᠠᠭᠠᠯᠪᠦᠷᠢᠯᠡᠯᠲᠡ ᠶᠢᠨ ᠭᠠᠵᠠᠷ ᠨᠢ 244 | ᠲᠦᠮᠡᠨ ᠮᠦ᠂ ᠡᠪᠡᠰᠦ ᠪᠡᠯᠴᠢᠭᠡᠷ ᠤᠨ ᠲᠠᠯᠠᠪᠠᠢ 635 ᠲᠦᠮᠡᠨ ᠮᠦ ᠪᠠᠶᠢᠵᠤ᠂ ᠪᠣᠬᠢᠷᠳᠣᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠭᠠᠷᠣᠯᠲᠠ ᠶᠢ | ᠪᠣᠯᠪᠠᠰᠤᠷᠠᠭᠤᠯᠬᠤ ᠰᠠᠭᠤᠷᠢᠨ ᠭᠠᠵᠠᠷ ᠪᠤᠯᠤᠨ᠎ᠠ᠂ ᠪᠠᠶᠠᠨᠬᠤᠸᠠ ᠶᠢᠨ ᠬᠤᠨᠢ ᠢᠮᠠᠭᠠᠨ ᠤ ᠮᠢᠬ᠎ᠠ᠂ ᠰᠢᠶᠠᠨ ᠹᠧᠩ ᠤᠨ ᠴᠢᠨ᠋ᠸ᠎ᠠ ᠶᠢᠨ ᠬᠠᠷᠮᠠᠭ᠂ ᠠᠭᠤᠯᠠ ᠶᠢᠨ | ᠠᠷᠤ ᠶᠢᠨ ᠵᠢᠵᠢᠭ ᠬᠤᠯᠢᠰᠢᠨ ᠠᠮᠤ ᠵᠡᠷᠭᠡ ᠣᠨᠴᠠᠯᠢᠭᠲᠤ ᠲᠠᠷᠢᠶᠠᠯᠠᠩ ᠮᠠᠯ ᠤᠨ ᠪᠦᠲᠦᠭᠡᠭᠳᠡᠭᠦᠨ ᠨᠢ ᠳᠣᠲᠤᠭᠠᠳᠣ ᠭᠠᠳᠠᠭᠠᠳᠤ ᠳᠤ ᠠᠯᠳᠠᠷᠰᠢᠪᠠ᠃ ᠬᠤᠰᠢᠭᠤᠨ ᠤ | ᠬᠡᠪᠴᠢᠶᠡᠨ ᠳᠤ ᠶᠡᠭᠡ ᠬᠡᠪᠴᠢᠶᠡᠨ ᠤ ᠮᠤᠨᠠ ᠠᠭᠤᠯᠠ ᠶᠢᠨ ᠡᠷᠲᠡᠨ ᠤ ᠣᠢ ᠰᠢᠭᠤᠢ ᠪᠠᠶᠢᠵᠤ᠂ ᠣᠢ ᠰᠢᠭᠤᠢ ᠶᠢᠨ ᠪᠦᠷᠬᠦᠯᠲᠡ ᠶᠢᠨ ᠨᠤᠷᠮ᠎ᠠ ᠨᠢ 15.95% | ᠬᠦᠷᠴᠦ᠂ ᠵᠡᠷᠯᠢᠭ ᠠᠮᠢᠲᠠᠨ ᠤ ᠡᠬᠢ ᠰᠤᠷᠪᠦᠯᠵᠢ 280 ᠲᠦᠷᠦᠯ ᠂503 ᠵᠦᠢᠯ ᠪᠠᠶᠢᠳᠠᠭ ᠃ ᠬᠤᠰᠢᠭᠤᠨ ᠤ ᠬᠡᠪᠴᠢᠶᠡᠨ ᠳᠤ ᠦᠨᠢᠷ ᠪᠠᠶᠠᠯᠢᠭ ᠣᠰᠣᠨ ᠤ | ᠡᠬᠢ ᠰᠤᠷᠪᠦᠯᠵᠢ ᠶᠢ ᠬᠠᠳᠠᠭᠠᠯᠠᠵᠤ᠂ ᠶᠡᠭᠡ ᠪᠠᠭ᠎ᠠ 65 ᠨᠠᠭᠤᠷ ᠴᠦᠬᠦᠷᠦᠮ ᠲᠠᠢ᠂ ᠶᠡᠷᠦᠩᠬᠡᠢ ᠲᠠᠯᠠᠪᠠᠢ ᠨᠢ 58 ᠲᠦᠮᠡᠨ ᠮᠦ ᠪᠠᠶᠢᠵᠤ᠂ ᠬᠠᠲᠤᠨ ᠭᠤᠤᠯ ᠤᠨ | ᠮᠠᠨ ᠤ ᠬᠤᠰᠢᠭᠤᠨ ᠤ ᠬᠢᠯᠢ ᠦᠩᠭᠡᠷᠡᠬᠦ ᠤᠷᠲᠤ ᠨᠢ153 ᠺᠢᠯᠦᠮᠧᠲᠷ᠂ ᠵᠢᠯ ᠳᠤ ᠬᠠᠲᠤᠨ ᠭᠤᠤᠯ ᠤᠨ ᠤᠰᠤ ᠶᠢ 4.3 ᠳ᠋ᠦᠩᠰᠢᠭᠤᠷ ᠪᠣᠰᠤᠭ᠎ᠠ ᠳᠦᠷᠪᠡᠯᠵᠢᠨ | ᠮᠧᠲᠷ ᠲᠠᠲᠠᠨ ᠬᠡᠷᠡᠭᠯᠡᠳᠡᠭ᠃ | ᠤᠷᠠᠳ ᠤᠨ ᠡᠮᠦᠨᠡᠲᠦ ᠬᠤᠰᠢᠭᠤᠨ ᠤ ᠦᠩᠭᠡ ᠦᠵᠡᠮᠵᠢ ᠭᠤᠪᠠᠢ ᠰᠠᠶᠢᠬᠠᠨ᠂ ᠵᠤᠭᠠᠴᠠᠯ ᠤᠨ ᠡᠬᠢ ᠪᠠᠶᠠᠯᠢᠭ ᠦᠨᠢᠷ ᠦᠳᠬᠡᠨ ᠃ ᠬᠢᠯᠢ ᠶᠢᠨ | ᠳᠣᠲᠤᠭᠠᠳᠣ ᠳᠤ ᠪᠦᠬᠦ ᠣᠯᠣᠰ ᠤᠨ ᠨᠠᠢᠮᠠᠨ ᠶᠡᠭᠡ ᠴᠡᠩᠬᠡᠭ ᠨᠠᠭᠤᠷ ᠤᠨ ᠨᠢᠭᠡ ᠪᠣᠯᠬᠤ《 ᠠᠷᠤ ᠭᠠᠵᠠᠷ ᠤᠨ ᠭᠡᠷᠡᠯᠲᠦ ᠰᠤᠪᠤᠳ》 ᠭᠡᠭᠳᠡᠭᠰᠡᠨ ᠤᠯᠢᠶᠠᠰᠤ ᠨᠠᠭᠤᠷ | ᠂ ᠬᠠᠴᠢᠨ ᠰᠦᠷᠯᠢᠭ ᠦᠵᠡᠰᠭᠦᠯᠡᠩ ᠰᠠᠶᠢᠬᠠᠨ ᠣᠯᠣᠰ ᠤᠨ ᠳᠡᠰ ᠤᠨ ᠣᠢ ᠰᠢᠭᠤᠢ ᠶᠢᠨ ᠴᠡᠴᠡᠷᠯᠢᠭ ᠮᠣᠨᠠ ᠠᠭᠤᠯᠠ ᠶᠢᠨ ᠮᠡᠷᠭᠡᠨ ᠰᠢᠷ᠎ᠠ ᠣᠷᠣᠢ᠂ ᠪᠠᠭ᠎ᠠ | ᠰᠢᠭᠡᠲᠡᠢ ᠶᠢᠨ ᠴᠢᠨ ᠣᠯᠣᠰ ᠤᠨ ᠤᠷᠲᠦ ᠴᠠᠭᠠᠨ ᠬᠡᠷᠡᠮ᠂ ᠭᠤᠷᠪᠠᠨ ᠮᠠᠶᠢᠬᠠᠨ ᠤ ᠴᠢᠨ ᠤᠯᠤᠰ ᠬᠠᠨ ᠣᠯᠣᠰ ᠤᠨ ᠦᠶ᠎ᠡ ᠶᠢᠨ ᠡᠷᠲᠡᠨ ᠤ ᠬᠤᠲᠠ ᠶᠢᠨ | ᠬᠠᠭᠤᠴᠢᠳ ᠵᠢᠴᠢ ᠣᠯᠣᠰ ᠤᠨ4A ᠳᠡᠰ ᠤᠨ ᠵᠤᠭᠠᠴᠠᠯ ᠤᠨ ᠣᠷᠤᠨ— ᠸᠧᠢ ᠰᠢᠨ ᠣᠯᠠᠨ ᠣᠯᠣᠰ ᠤᠨ ᠭᠤᠯᠹ ᠪᠦᠮᠪᠦᠭᠡ ᠶᠢᠨ ᠠᠮᠠᠷᠠᠨ ᠵᠤᠭᠠᠴᠠᠬᠤ ᠵᠡᠷᠭᠡ | ᠨᠡᠷᠡᠲᠦ ᠦᠵᠡᠮᠵᠢ ᠶᠢᠨ ᠭᠠᠵᠠᠷ ᠲᠠᠢ᠃ ᠦᠨᠳᠦᠰᠦᠲᠡᠨ ᠤ ᠣᠨᠴᠢᠯᠠᠭᠲᠤ ᠵᠣᠭᠠᠴᠠᠯ ᠦᠷᠨᠢᠨ ᠬᠦᠭᠵᠢᠵᠦ᠂ ᠭᠦᠩ ᠲᠢᠶᠠᠨ ᠲᠤᠰᠬᠤᠨ᠂ ᠬᠠᠢ ᠱᠧᠨ ᠡᠳ᠋ᠯᠡᠭ ᠵᠡᠷᠭᠡ | ᠲᠠᠷᠢᠶᠠᠴᠢᠨ ︵ᠮᠠᠯᠴᠢᠨ︶ ᠠᠶᠢᠯ ᠤᠨ ᠪᠠᠶᠠᠰᠤᠯ ᠨᠢ ᠬᠦᠮᠦᠰ ᠤᠨ ᠪᠠᠭ᠋ᠠᠷᠬᠠᠯ ᠢ ᠲᠠᠲᠠᠵᠤ ᠪᠣᠢ᠃ | ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭ᠎ᠠ ᠳᠦᠭᠦᠮ ᠳᠦᠲᠡ᠂ ᠣᠷᠤᠨ ᠪᠠᠶᠢᠷᠢ ᠶᠢᠨ ᠳᠠᠪᠠᠭᠤᠯᠢᠭ ᠳᠣᠪᠣᠶᠢᠮ᠎ᠠ ᠃ 110 ᠣᠯᠣᠰ ᠤᠨ ᠵᠠᠮ᠂ | ᠪᠡᠭᠡᠵᠢᠩ ᠠᠴᠠ ᠲᠦᠪᠡᠳ ᠬᠦᠷᠬᠦ ᠦᠨᠳᠦᠷ ᠬᠤᠷᠳᠤᠴᠠᠲᠤ ᠵᠠᠮ᠂ ᠬᠠᠲᠤᠨ ᠭᠤᠣᠯ ᠤᠨ ᠳᠠᠭᠠᠤ ᠵᠠᠰᠠᠮᠠᠯ ᠵᠠᠮ ᠪᠦᠬᠦ ᠬᠢᠯᠢ ᠢᠶᠠᠷ ᠦᠩᠭᠡᠷᠡᠵᠦ᠂ ᠪᠤᠭᠤᠲᠤ ᠠᠴᠠ | ᠯᠠᠨᠵᠸᠦ ᠬᠦᠷᠬᠦ᠂ ᠰᠢ ᠰᠢᠶᠣᠣ ᠵᠤᠤ ᠪᠠᠯᠭᠠᠰᠤ ᠠᠴᠠ ᠶᠢᠨ ᠴᠢᠦᠸᠡᠨ ᠬᠦᠷᠬᠦ᠂ ᠭᠠᠭᠴᠠᠮᠣᠳᠤ ᠠᠴᠠ ᠸᠠᠨ ᠱᠦᠢ ᠴᠢᠦᠸᠡᠨ ᠬᠦᠷᠬᠦ᠂ ᠮᠤᠨᠠ ᠠᠭᠤᠯᠠ ᠠᠴᠠ ᠰᠢᠨ᠎ᠡ | ᠪᠠᠯᠭᠠᠰᠤ ᠬᠦᠷᠬᠦ ᠲᠡᠮᠦᠷ ᠵᠠᠮ ᠬᠤᠰᠢᠭᠤᠨ ᠤ ᠳᠣᠲᠣᠭᠠᠳᠤ ᠭᠠᠳᠠᠭᠠᠳᠤ ᠶᠢ ᠬᠤᠯᠪᠤᠵᠤ ᠪᠠᠶᠢᠳᠠᠭ᠃ ᠪᠦᠬᠦ ᠬᠤᠰᠢᠭᠤᠨ ᠤ 11 ᠰᠤᠮᠤ ᠪᠠᠯᠭᠠᠰᠤ ᠨᠢ ᠴᠦᠮ ᠲᠣᠰᠣᠨ | ᠵᠠᠮ ᠨᠡᠪᠲᠡᠷᠡᠬᠦ ᠶᠢ ᠪᠡᠶᠡᠯᠡᠭᠦᠯᠵᠦ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠢ ᠦᠪᠡᠷᠲᠡᠭᠡᠨ ᠵᠠᠰᠠᠬᠤ ᠣᠷᠤᠨ ᠤ ᠲᠡᠷᠢᠭᠦᠨ ᠤ ᠡᠩᠨᠡᠭᠡᠨ ᠳᠤ ᠣᠷᠣᠵᠤ᠂《 | ᠬᠦᠬᠡᠬᠤᠲᠠ ᠪᠤᠭᠤᠲᠤ ᠣᠷᠳᠤᠰ》 ᠤᠨ ᠠᠵᠤ ᠠᠬᠤᠢ ᠶᠢᠨ ᠲᠣᠭᠤᠷᠢᠭ ᠲᠤ ᠠᠪᠤᠴᠠᠯᠳᠤᠬᠤ ᠳᠤ ᠪᠠᠳᠤ ᠪᠠᠬᠢ ᠰᠠᠭᠤᠷᠢ ᠶᠢ ᠲᠠᠯᠪᠢᠪᠠ᠃ | ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤ ᠨᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠭᠦᠴᠦᠨ ᠪᠣᠯᠭᠠᠨ᠂ ᠰᠢᠶᠠᠨ ᠤ | ᠠᠵᠤ ᠠᠬᠤᠢ ᠶᠢ ᠪᠤᠵᠠᠭᠠᠶᠢᠷᠠᠭᠤᠯᠬᠤ ᠪᠠᠷ ᠭᠤᠣᠯ ᠪᠤᠯᠭᠠᠵᠤ᠂ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠦᠬᠦ ᠲᠠᠯ᠎ᠠ ᠪᠠᠷ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠣᠨᠴᠠᠯᠢᠭᠲᠤ ᠬᠤᠲᠠ ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠮᠢ ᠠᠬᠤᠢ ᠪᠠ ᠰᠠᠭᠤᠷᠢ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠠᠷᠠᠳ ᠤᠨ | ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠪᠠ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠢᠳᠡᠷᠡᠭᠦᠨ ᠲᠣᠭᠲᠠᠭᠤᠨ ᠨᠡᠯᠢᠶᠡᠳ ᠲᠦᠷᠭᠡᠨ ᠢᠶᠠᠷ ᠭᠦᠭᠵᠢᠬᠦ ᠶᠢ ᠪᠡᠶᠡᠯᠡᠭᠦᠯᠪᠡ᠃ |