ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠮᠣᠩᠭᠤᠯ ᠬᠡᠯᠡᠨ ᠤ ᠵᠠᠷᠭᠤᠯᠳᠤᠭᠠᠨ ᠤ ᠬᠡᠷᠡᠭ ᠢ ᠠᠩᠬᠠᠳᠤᠭᠠᠷ ᠤᠳᠠᠭ᠎ᠠ ᠢᠯᠡ ᠪᠠᠷ ᠲᠢᠩᠬᠢᠮ ᠤᠨ ᠰᠢᠭᠦᠯᠲᠡ ᠬᠢᠵᠠᠢ
ᠨᠡᠶᠢᠲᠡᠯᠡᠭᠰᠡᠨ ᠴᠠᠭ᠄
2019/4/29
      2019 ᠣᠨ ᠤ 4 ᠰᠠᠷ᠎ᠠ  ᠰᠠᠷᠠᠶᠢᠨ 1 ᠤ ᠡᠳᠦᠷ ᠤᠨ 9 ᠴᠠᠭ ᠲᠤ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠵᠠᠭᠠᠯᠳᠤᠭᠳᠠᠭᠴᠢ ᠤ  ᠶᠢᠨ ᠬᠠᠤᠯᠢ ᠪᠤᠰᠤ ᠪᠠᠷ ᠲᠠᠷᠢᠶᠠᠨ ᠭᠠᠵᠠᠷ ᠡᠵᠡᠯᠡᠭᠰᠡᠨ ᠬᠡᠷᠡᠭ ᠢ ᠠᠯᠪᠠᠨ ᠵᠠᠭᠠᠯᠳᠣᠯᠭ᠎ᠠ ᠬᠢᠬᠦ ᠪᠠᠷ ᠳᠡᠪᠰᠢᠭᠦᠯᠵᠦ᠂ ᠤᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠶᠢᠨ ᠨᠢᠭᠡᠳᠦᠭᠡᠷ ᠰᠢᠭᠦᠨ ᠲᠠᠰᠤᠯᠠᠬᠤ ᠲᠢᠩᠬᠢᠮ ᠳᠤ ᠢᠯᠡ ᠪᠠᠷ ᠰᠢᠭᠦᠵᠦ᠂ ᠵᠠᠭᠠᠯᠳᠣᠭᠳᠠᠭᠴᠢ ᠲᠣᠬᠠᠢ ᠶᠢᠨ ᠲᠢᠩᠬᠢᠮ ᠳᠤ ᠶᠠᠯ᠎ᠠ ᠬᠦᠯᠢᠶᠡᠵᠦ᠂ ᠡᠪᠳᠡᠭᠳᠡᠭᠰᠡᠨ ᠨᠣᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠰᠠᠨᠠᠭ᠎ᠠ ᠪᠠᠨ ᠢᠯᠡᠳᠭᠡᠵᠡᠢ᠃
      ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠲᠣᠰ ᠬᠡᠷᠡᠭ ᠢ ᠬᠦᠯᠢᠶᠡᠨ ᠠᠪᠣᠭᠰᠠᠨ ᠤ ᠳᠠᠷᠠᠭ᠎ᠠ ᠤ ᠶᠢᠨ ᠲᠤᠰ  ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠵᠠᠷᠭᠤᠯᠳᠤᠬᠤ ᠰᠠᠨᠠᠯ ᠢᠶᠠᠷ ᠲᠣᠰ ᠬᠤᠷᠢᠶ᠎ᠠ ᠨᠢ  ᠮᠣᠩᠭᠤᠯ ᠬᠢᠲᠠᠳ ᠬᠤᠣᠰ ᠬᠡᠯᠡᠨ ᠤ  ᠨᠡᠪᠲᠡᠷᠡᠭᠰᠡᠨ ᠪᠠᠶᠢᠴᠠᠭᠠᠭᠴᠢ ᠪᠠ ᠪᠠᠶᠢᠴᠠᠭᠠᠭᠴᠢ ᠶᠢᠨ ᠲᠤᠰᠠᠯᠠᠭᠴᠢ ᠶᠢ ᠲᠤᠰᠬᠠᠢ  ᠲᠣᠭᠲᠠᠭᠠᠵᠤ᠂ ᠪᠦᠬᠦ ᠶᠠᠪᠤᠴᠠ ᠳᠤ ᠪᠦᠷ ᠮᠣᠩᠭᠤᠯ ᠦᠭᠡ ᠬᠡᠯᠡ ᠦᠰᠦᠭ ᠪᠢᠴᠢᠭ ᠢᠶᠠᠷ ᠬᠤᠯᠪᠤᠭᠳᠠᠯ ᠪᠦᠬᠦᠢ ᠠᠯᠪᠠᠨ ᠪᠢᠴᠢᠭ ᠪᠢᠴᠢᠵᠤ ᠪᠠᠶᠢᠴᠠᠭᠠᠨ ᠠᠰᠠᠭᠤᠵᠤ᠂ ᠠᠯᠪᠠᠨ ᠵᠠᠭᠠᠯᠳᠤᠯᠭ᠎ᠠ ᠬᠢᠬᠦ ᠲᠢᠩᠬᠢᠮ ᠳᠤ ᠰᠢᠭᠦᠯᠲᠡ ᠳᠤ ᠣᠷᠤᠯᠴᠠᠬᠤ ᠶᠢ ᠳᠡᠮᠵᠢᠪᠡ᠃      ᠲᠤᠰ ᠬᠡᠷᠡᠭ ᠨᠢ  ᠣᠷᠠᠳ ᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠡᠷᠬᠢᠯᠡᠭᠰᠡᠨ ᠠᠩᠬᠠᠳᠤᠭᠠᠷ ᠤᠳᠠᠭᠠᠨ ᠤ ᠮᠣᠩᠭᠤᠯ ᠬᠡᠯᠡᠨ ᠤ ᠠᠯᠪᠠᠨ ᠵᠠᠭᠠᠯᠳᠣᠯᠭ᠎ᠠ ᠶᠢᠨ ᠬᠡᠷᠡᠭ ᠪᠠᠶᠢᠵᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠤ ᠲᠣᠰ ᠦᠨᠳᠦᠰᠦᠲᠡᠨ ᠤ  ᠪᠠᠨ ᠦᠭᠡ ᠬᠡᠯᠡ ᠪᠢᠴᠢᠭ ᠢᠶᠠᠷ ᠵᠠᠭᠠᠯᠳᠣᠯᠭ᠎ᠠ ᠬᠢᠬᠦ ᠡᠷᠬᠡ ᠶᠢ ᠭᠦᠢᠴᠡᠳ ᠪᠠᠲᠤᠯᠠᠭᠰᠠᠨ ᠢᠶᠠᠷ ᠪᠠᠷᠠᠬᠤ ᠦᠭᠡᠢ  ᠂ ᠲᠤᠰ ᠣᠷᠤᠨ ᠤ ᠮᠣᠩᠭᠤᠯ ᠬᠢᠲᠠᠳ ᠬᠤᠣᠰ ᠬᠡᠯᠡᠨ ᠤ ᠵᠠᠷᠭᠤ ᠶᠢᠨ ᠠᠵᠢᠯ ᠢ ᠬᠦᠴᠦᠲᠡᠢ ᠠᠬᠢᠭᠤᠯᠵᠠᠢ᠃
    ᠲᠢᠩᠬᠢᠮ ᠤᠨ ᠰᠢᠭᠦᠯᠲᠡ ᠪᠠᠷᠠᠭᠰᠠᠨ ᠳᠠᠷᠠᠭ᠎ᠠ᠂ ᠰᠢᠭᠦᠯᠲᠡ ᠳᠤ ᠣᠷᠣᠯᠴᠠᠭᠰᠠᠨ ᠪᠠᠶᠢᠴᠠᠭᠠᠭᠴᠢ᠂ ᠰᠢᠭᠦᠭᠴᠢ᠂ ᠠᠷᠠᠳ ᠤᠨ ᠬᠠᠪᠰᠤᠷᠤᠨ ᠰᠢᠭᠦᠭᠴᠢ᠂ ᠦᠮᠦᠭᠡᠯᠡᠭᠴᠢ ᠨᠠᠷ ᠰᠠᠭᠤᠳᠠᠯ ᠤᠨ ᠬᠤᠷᠠᠯ ᠬᠢᠵᠤ᠂ ᠮᠣᠩᠭᠤᠯ ᠬᠡᠯᠡᠨ ᠤ ᠵᠠᠷᠭᠤ ᠶᠢᠨ ᠠᠵᠢᠯ ᠵᠢᠴᠢ ᠮᠣᠩᠭᠤᠯ ᠬᠡᠯᠡᠨ ᠤ ᠬᠠᠤᠯᠢ ᠲᠦᠭᠡᠮᠡᠯᠵᠢᠭᠦᠯᠬᠦ ᠠᠵᠢᠯ ᠢ ᠬᠢᠷᠬᠢᠨ ᠦᠷᠨᠢᠭᠦᠯᠬᠦ ᠲᠣᠬᠠᠢ ᠰᠣᠯᠢᠯᠴᠠᠭ᠎ᠠ ᠬᠢᠪᠡ᠃
ᠢᠷᠡᠯᠲᠡ᠄ ᠲᠤᠰ ᠰᠦᠯᠵᠢᠶ᠎ᠡ