《ᠳᠤᠮᠳᠠᠳᠤ ᠤᠯᠤᠰ ᠤᠨ ᠳᠠᠭᠤᠤ  ᠬᠦᠭᠵᠢᠮ ᠤᠨ ᠭᠠᠵᠠᠷ ᠵᠦᠢ》 ᠶᠢᠨ ᠰᠤᠷᠪᠤᠯᠵᠢᠯᠠᠨ ᠰᠢᠩᠭᠡᠭᠡᠬᠦ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠳᠤ  ᠢᠷᠡᠯ᠎ᠡ
ᠨᠡᠶᠢᠲᠡᠯᠡᠭᠰᠡᠨ ᠴᠠᠭ᠄
2019/8/2
     ᠣᠶᠢᠷ᠎ᠠ ᠳᠤ᠂ 《 ᠳᠣᠮᠳᠠᠳᠤ ᠣᠯᠣᠰ ᠤᠨ ᠳᠠᠭᠤᠤ ᠬᠦᠭᠵᠢᠮ ᠤᠨ  ᠭᠠᠵᠠᠷ ᠵᠦᠢ᠂ ᠦᠪᠦᠷ ᠮᠣᠩᠭᠤᠯ ᠤᠨ ᠲᠠᠯ᠎ᠠ ᠨᠣᠲᠤᠭ》 ᠤᠨ ᠰᠤᠷᠪᠣᠯᠵᠢᠯᠠᠨ ᠰᠢᠩᠭᠡᠭᠡᠬᠦ ᠳᠤᠭᠤᠶᠢᠯᠠᠩ ᠤᠷᠠᠳ ᠤᠨ ᠡᠮᠦᠨᠡᠲᠦ ᠬᠤᠰᠢᠭᠤᠨ ᠤ ᠮᠣᠨᠠ ᠠᠭᠤᠯᠠ  ᠪᠠᠯᠭᠠᠰᠤᠨ ᠳᠤ ᠢᠷᠡᠵᠦ ᠨᠢᠭᠡ  ᠡᠳᠦᠷ ᠤᠨ ᠳᠠᠭᠤᠤ ᠬᠦᠭᠵᠢᠮ ᠤᠨ ᠰᠤᠷᠪᠣᠯᠵᠢᠯᠠᠭ᠎ᠠ ᠠᠪᠴᠠᠢ᠃      ᠰᠤᠷᠪᠤᠯᠵᠢᠯᠠᠨ ᠰᠢᠩᠭᠡᠭᠡᠬᠦ ᠳᠤᠭᠤᠶᠢᠯᠠᠩ ᠤᠯᠤᠰ ᠤᠨ ᠳᠡᠰ ᠤᠨ ᠪᠤᠳᠠᠰ ᠤᠨ ᠪᠣᠰᠤ ᠰᠤᠶᠤᠯ ᠤᠨ ᠦᠪ ᠤᠨ ᠤᠯᠠᠮᠵᠢᠯᠠᠭᠴᠢ ᠰᠤᠶᠤᠯᠲᠦ ᠪᠣᠯᠣᠨ ᠣᠷᠤᠨ ᠤ ᠳᠡᠰ ᠤᠨ  ᠪᠣᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠨᠠᠰᠤᠨᠪᠦ᠋ᠬᠡ ᠶᠢ ᠪᠠᠭᠲᠠᠭᠠᠭᠰᠠᠨ ᠶᠢᠰᠦᠨ ᠠᠷᠠᠳ ᠤᠨ ᠳᠠᠭᠤᠴᠢᠨ ᠢ ᠤᠷᠢᠵᠦ᠂ ᠤᠷᠠᠳ ᠨᠤᠲᠤᠭ ᠤᠨ ᠨᠠᠶᠢᠷ ᠤᠨ ᠳᠠᠭᠤᠤ᠂ ᠮᠡᠷᠭᠡᠨ ᠭᠡᠭᠡᠨ ᠯᠤᠪᠰᠠᠩᠳᠠᠮᠪᠢᠵᠠᠯᠰᠠᠨ ᠤ ᠨᠠᠶᠠᠨ ᠨᠢᠭᠡᠨ ᠡᠬᠢᠲᠦ ᠰᠢᠯᠦᠭ ᠳᠠᠭᠤᠤ ᠶᠢ ᠳᠠᠭᠤᠯᠠᠭᠤᠯᠬᠤ ᠶᠢᠨ ᠬᠠᠮᠲᠤ ᠬᠦᠩ ᠤᠨ ᠰᠦᠮ᠎ᠡ ᠳᠤ ᠣᠴᠢᠵᠤ ᠯᠠᠮᠠ ᠨᠠᠷ ᠤᠨ ᠨᠣᠮ ᠤᠩᠰᠢᠬᠤ ᠶᠢ ᠰᠡᠭᠦᠳᠡᠷᠯᠡᠨ ᠰᠢᠩᠭᠡᠪᠡ᠃
     ᠣᠯᠠᠨ ᠦᠨᠳᠦᠰᠦᠲᠡᠨ ᠤ ᠳᠠᠭᠤᠤ ᠬᠦᠭᠵᠢᠮ ᠢ ᠰᠢᠩᠭᠡᠨ ᠬᠠᠳᠠᠭᠠᠯᠠᠵᠤ᠂ ᠦᠷ᠎ᠡ ᠬᠤᠶᠢᠴᠢᠰ ᠲᠤ ᠪᠠᠨ ᠦᠪᠯᠡᠨ ᠦᠯᠡᠳᠡᠭᠡᠬᠦ ᠶᠢ ᠵᠣᠷᠢᠭᠰᠠᠨ《 ᠳᠤᠮᠳᠠᠳᠤ ᠣᠯᠣᠰ ᠤᠨ ᠳᠠᠭᠤᠤ ᠬᠦᠭᠵᠢᠮ ᠤᠨ ᠭᠠᠵᠠᠷ ᠵᠦᠢ》 ᠶᠢᠨ ᠰᠤᠷᠪᠤᠯᠵᠢᠯᠠᠨ ᠰᠢᠩᠭᠡᠭᠡᠬᠦ ᠳᠤᠭᠤᠶᠢᠯᠠᠩ ᠨᠢ ᠮᠠᠨ ᠤ ᠣᠯᠣᠰ ᠤᠨ ᠨᠡᠷᠡᠲᠦ ᠬᠦᠭᠵᠢᠮ ᠰᠤᠳᠤᠯᠤᠯ ᠤᠨ ᠡᠷᠳᠡᠮᠲᠡᠨ ᠴᠢᠶᠣᠣ ᠵᠢᠶᠠᠨ ᠵᠦᠩ ᠨᠦᠭᠦᠷ ᠤᠨ ᠳᠠᠭᠠᠭᠤᠯᠭ᠎ᠠ ᠪᠠᠷ2011 ᠣᠨ ᠳᠤ ᠪᠠᠶᠢᠭᠤᠯᠤᠭᠳᠠᠵᠤ᠂ 2014 ᠣᠨ ᠳᠤ《 ᠳᠤᠮᠳᠠᠳᠤ ᠣᠯᠣᠰ ᠤᠨ ᠳᠠᠭᠤᠤ ᠬᠦᠭᠵᠢᠮ ᠤᠨ ᠭᠠᠵᠠᠷ ᠵᠦᠢ᠂ ᠱᠠᠨ ᠰᠢ ᠮᠣᠵᠢ᠂ ᠱᠠᠨᠰᠢ ᠮᠣᠵᠢ᠂ ᠰᠢᠷ᠎ᠠ ᠰᠢᠷᠤᠶᠢᠲᠦ ᠦᠨᠳᠦᠷᠯᠢᠭ》 ᠭᠡᠬᠦ ᠳᠠᠭᠤᠤ ᠰᠢᠩᠭᠡᠯᠲᠡ᠂ ᠲᠦᠷᠰᠦ ᠪᠢᠴᠢᠯᠭᠡ᠂ ᠭᠡᠷᠡᠯ ᠵᠢᠷᠤᠭ᠂ ᠦᠰᠦᠭ ᠪᠢᠴᠢᠭ ᠢ ᠬᠠᠮᠤᠷᠤᠭᠰᠠᠨ ᠠᠩᠬᠠᠨ ᠤ ᠪᠦᠲᠦᠭᠡᠯ ᠢᠶᠠᠨ ᠭᠠᠷᠭᠠᠵᠠᠢ᠃
      ᠬᠤᠶᠠᠳᠤᠭᠠᠷ ᠤᠳᠠᠭ᠎ᠠ ᠶᠢᠨ ᠳᠠᠭᠤᠤ ᠬᠦᠭᠵᠢᠮ ᠤᠨ ᠡᠷᠢᠯ ᠢᠶᠠᠨ ᠡᠯᠭᠦᠵᠦ ᠶᠠᠪᠤᠭ᠎ᠠ ᠡᠨᠡ ᠬᠦ  ᠰᠤᠷᠪᠤᠯᠵᠢᠯᠡᠨ ᠰᠢᠩᠭᠡᠭᠡᠬᠦ ᠲᠤᠭᠤᠶᠢᠯᠠᠩ ᠨᠢ 2019 ᠣᠨ  ᠤ7  ᠰᠠᠷ᠎ᠠ ᠶᠢᠨ19 ᠠᠴᠠ23 ᠪᠣᠯᠲᠠᠯ᠎ᠠ ᠮᠠᠨ ᠤ ᠦᠪᠦᠷ ᠮᠣᠩᠭᠤᠯ ᠣᠷᠤᠨ ᠢᠶᠠᠷ ᠲᠣᠭᠤᠷᠢᠵᠤ᠂ ᠮᠣᠩᠭᠤᠯ ᠦᠨᠳᠦᠰᠦᠲᠡᠨ ᠤ ᠤᠷᠲᠦ ᠶᠢᠨ ᠳᠠᠭᠤᠤ᠂ ᠮᠣᠷᠢᠨ ᠬᠤᠭᠤᠷ᠂ ᠦᠯᠢᠭᠡᠷ ᠬᠤᠯᠪᠤᠭ᠎ᠠ᠂ ᠬᠦᠬᠡᠮᠡᠢ ᠭᠡᠬᠦ ᠠᠯᠢ ᠣᠯᠠᠨ ᠳᠠᠭᠤᠤ ᠬᠤᠭᠤᠷ᠂ ᠬᠦᠭᠵᠢᠮ ᠵᠡᠮᠰᠡᠭ ᠢ ᠰᠢᠩᠭᠡᠨ ᠬᠠᠳᠠᠭᠠᠯᠠᠬᠤ ᠪᠠᠷ ᠪᠣᠢ᠃
ᠢᠷᠡᠯᠲᠡ᠄ ᠪᠠᠶᠠᠨ ᠨᠠᠭᠤᠷ ᠤᠨ ᠰᠣᠨᠢᠨ