ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/1/3
   ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ  ᠬᠤᠰᠢᠭᠤ ᠳᠠᠷᠤᠭ᠎ᠠ ᠰᠤᠶᠤᠯᠲᠤᠲᠥᠯᠥᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠦ᠂ ᠲᠡᠭᠦᠨᠴᠢᠯᠡᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠬᠤᠷᠠᠯ ᠳᠤ ᠰᠤᠯᠠ ᠤᠷᠤᠯᠴᠠᠭᠰᠠᠳ ᠤᠨ ᠰᠠᠨᠠᠯ ᠢᠶᠠᠨ ᠳᠡᠪᠰᠢᠭᠦᠯᠬᠦ ᠶᠢ ᠬᠦᠰᠡᠵᠦ ᠪᠠᠶᠢᠨ᠎ᠠ᠃                                              2019 ᠣᠨ ᠤ ᠠᠵᠢᠯ ᠤᠨ ᠡᠷᠭᠢᠴᠡᠭᠦᠯᠦᠯ        2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠤᠨ᠎ᠠ᠂ ᠮᠥᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠲᠡᠬᠡᠳᠦ ᠱᠠᠳᠣᠨ ᠤ ᠨᠠᠮ ᠤᠨ  ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠡᠢᠳᠪᠦᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠤᠯᠤᠭᠠᠨ ᠭᠤᠷᠪᠠ︾ ᠶᠢᠨ ᠬᠦᠭᠵᠢᠯᠳᠡ ᠶᠢᠨ ᠰᠡᠳᠬᠢᠴᠡ ᠶᠢ ᠬᠦᠨᠵᠡᠬᠡᠢ ᠦᠢᠯᠡᠳᠦᠯᠭᠡᠵᠢᠭᠦᠯᠵᠦ᠂ ︽ᠵᠢᠷᠭᠤᠭᠠᠨ ᠲᠣᠭᠤᠷᠢᠭ ᠨᠢᠭᠡ ᠵᠠᠩᠭᠢᠯᠠᠭ᠎ᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠᠶᠢᠳᠠᠯ ᠢ ᠪᠠᠲᠤᠯᠠᠪᠠ᠃ ᠵᠢᠱᠢᠯᠲᠡ ᠪᠠᠷ ᠪᠦᠬᠦ ᠵᠢᠯ ᠳᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 136.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.5 % ᠢᠶᠠᠷ ᠨᠡᠮᠡᠭᠳᠡᠭᠦᠯᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 7.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.2 % ᠢᠶᠠᠷ ᠨᠡᠮᠡᠭᠳᠡᠭᠦᠯᠪᠡ︔ ᠲᠣᠭᠲᠠᠮᠠᠯ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢ 25 ᠳ᠋ᠦᠩᠰᠢᠭᠤᠷ ᠲᠥᠭᠦᠷᠢᠭ ᠪᠡᠶᠡᠯᠡᠭᠦᠯᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠲᠣᠰ ᠲᠣᠰ 31600 ᠲᠥᠭᠦᠷᠢᠭ ᠪᠠ 18500 ᠲᠥᠭᠦᠷᠢᠭ ᠲᠤ ᠬᠦᠷᠴᠦ᠂ 6.5 % ᠪᠠ 8 % ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠬᠤᠳᠠᠯᠳᠤᠭᠰᠠᠨ ᠨᠣᠷᠮ᠎ᠠ ᠨᠢ 42.1 ᠳ᠋ᠦᠩᠰᠢᠭᠤᠷ ᠲᠥᠭᠦᠷᠢᠭ ᠲᠤ ᠭ᠊ ᠬᠦᠷᠴᠦ᠂ 5.5 %  ᠢᠶᠠᠷ ᠦᠰᠪᠡ᠃      ︵ᠨᠢᠭᠡ︶ ᠬᠦᠴᠦᠲᠡᠶ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠨᠢ ᠵᠠᠩᠭᠢᠯᠠᠭ᠎ᠠ ᠶᠢᠨ ᠴᠢᠨᠠᠷᠳᠠᠢ ᠠᠬᠢᠴᠠ ᠲᠠᠢ ᠪᠣᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠮᠬᠢ ᠵᠢᠷᠤᠮ ᠲᠠᠢ ᠪᠠᠷ ᠰᠢᠢᠳᠪᠦᠷᠢᠯᠡᠪᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ 9.6 ᠳ᠋ᠦᠩᠰᠢᠭᠤᠷ ᠲᠥᠭᠦᠷᠢᠭ ᠦᠭᠡᠶᠢᠰᠬᠡᠵᠦ᠂ ︽ᠠᠷᠪᠠ ᠶᠢ ᠪᠦᠷᠬᠦᠭᠦᠯᠬᠦ︾ ᠳᠤ ᠰᠢᠭᠤᠳ ᠬᠤᠯᠪᠤᠭᠳᠠᠭᠰᠠᠨ ᠲᠦᠷᠦᠯ ᠵᠦᠢᠯ ᠤᠨ ᠥᠷᠢᠲᠦᠵᠦ ᠪᠠᠶᠢᠭ᠎ᠠ ᠪᠠᠷᠢᠯᠭ᠎ᠠ ᠶᠢᠨ ᠵᠣᠭᠤᠰ ᠢ ᠪᠦᠬᠦᠨ ᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ 2.8 ᠳ᠋ᠦᠩᠰᠢᠭᠤᠷ ᠲᠦᠭᠦᠷᠢᠭ ᠢ ᠲᠥᠯᠥᠵᠦ  ᠬᠤᠶᠠᠷ ᠵᠢᠯ ᠤᠨ ᠲᠦᠯᠦᠬᠦ ᠡᠭᠦᠷᠭᠡ ᠶᠢᠨ 50 %  ᠢ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠢᠯᠡᠷᠬᠡᠢ ᠪᠤᠯᠪᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ︽ᠪᠦᠬᠦᠨ ᠢ ᠰᠢᠢᠳᠪᠦᠷᠢᠯᠡᠵᠦ ᠪᠠᠷᠢᠮᠵᠢᠶ᠎ᠠ ᠳᠤ ᠬᠦᠷᠭᠡᠬᠦ︾ ᠲᠤᠰᠬᠠᠶ ᠲᠦᠷᠦᠯ ᠤᠨ ᠠᠵᠢᠯᠯᠠᠭ᠎ᠠ ᠶᠢᠨ ᠠᠷᠪᠠᠨ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 6072 ᠲᠦᠮᠡᠨ ᠲᠦᠭᠦᠷᠢᠭ ᠤᠨ ᠪᠡᠯᠡ ᠤᠷᠤᠭᠤᠯᠵᠦ᠂ 16 ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠦᠭᠡᠶᠢᠰᠬᠡᠵᠦ᠂ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠪᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠲᠠᠰᠤᠷᠠᠯᠲᠠ ᠥᠬᠡᠶ ᠪᠤᠵᠠᠭᠠᠶᠢᠷᠠᠵᠤ᠂ 6.6 ᠰᠠᠶ᠎ᠠ ᠸᠠᠲ ᠤᠨ ᠲᠠᠷᠬᠠᠯᠳᠠ ᠶᠢᠨ ᠮᠠᠶ᠋ᠢᠭ ᠤᠨ ᠭᠡᠷᠡᠯᠯᠢᠭ ᠴᠠᠬᠢᠯᠭᠠᠨ ᠤ ᠲᠥᠷᠥᠯ ᠵᠦᠢᠯ ᠢ ᠪᠠᠶᠢᠭᠤᠯᠪᠠ᠃ ᠣᠷᠴᠢᠨ ᠲᠣᠭᠤᠷᠢᠨ ᠤ ᠶᠠᠰᠤ ᠴᠢᠨᠠᠷ ᠢᠯᠡᠷᠡᠬᠡᠢ ᠰᠠᠶᠢᠵᠢᠷᠠᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠵᠢᠴᠢ ᠮᠠᠨ ᠤ ᠬᠤᠰᠢᠭᠤᠨ ᠳᠤ ᠬᠤᠯᠪᠤᠭᠳᠠᠭᠰᠠᠨ 36 ᠲᠦᠷᠦᠯ ᠤᠨ ︽ᠡᠷᠭᠢᠵᠦ ᠬᠠᠷᠠᠬᠤ︾ ᠳᠤ ᠲᠤᠰᠬᠠᠭᠰᠠᠨ ᠠᠰᠠᠭᠤᠳᠠᠯ ᠠᠴᠠ15 ᠶᠢ ᠵᠠᠰᠠᠨ ᠴᠡᠭᠴᠡᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠣᠷᠴᠢᠨ ᠠᠬᠤᠢ ᠶᠢᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠪᠠ᠃ ᠶᠡᠷᠦᠩᠬᠡᠶ ᠱᠦᠵᠢ ᠰᠢ ᠶᠢᠨ ᠫᠢᠩ ᠤᠨ ︽ ᠨᠢᠬᠡ ᠨᠠᠭᠤᠷ ᠬᠤᠶᠠᠷ ᠲᠠᠯᠠᠢ︾ ᠢ ᠵᠠᠰᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠵᠦ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠪᠠ ᠲᠤᠮᠳᠠᠳᠤ ᠤᠯᠤᠰ ᠤᠨ  ᠵᠠᠮ ᠬᠠᠷᠢᠯᠴᠠᠭ᠎ᠠ  ᠲᠤᠮᠳᠠᠳᠤ ᠤᠯᠤᠰ ᠤᠨ  ᠪᠦᠳᠦᠭᠡᠨ ᠪᠠᠶᠢᠭᠤᠯᠤᠯᠳᠠ ᠵᠡᠷᠭᠡ ᠲᠦᠷᠦᠯ ᠵᠦᠢᠯ   ᠢ ᠬᠡᠷᠡᠭᠵᠢᠭᠦᠯᠬᠦ ᠭᠤᠤᠯ ᠴᠤᠭᠴᠠ ᠲᠠᠢ ᠪᠦᠬᠦ ᠬᠦᠴᠦ ᠪᠠᠷ ᠢᠶᠠᠨ ᠬᠠᠮᠵᠢᠯᠴᠠᠨ᠂ ᠤᠯᠢᠶᠠᠰᠤ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠶᠢᠨ ᠠᠮᠢ ᠠᠬᠤᠢ ᠶᠢᠨ ᠬᠠᠮᠠᠭᠠᠯᠠᠳᠠ  ᠶᠢ ᠰᠡᠯᠪᠢᠨ ᠰᠡᠷᠭᠦᠭᠡᠬᠦ ᠲᠤᠷᠰᠢᠯᠳᠡ ᠶᠢᠨ ᠴᠢᠭ ᠤᠨ ᠢᠨᠵᠧᠨᠡᠸ᠋ᠷᠢᠩ ᠤᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠬᠡᠪᠴᠢᠶᠡᠨ ᠳᠤ 4 ᠶᠡᠭᠡ ᠲᠦᠷᠦᠯ ᠤᠨ 24 ᠲᠦᠷᠦᠯ ᠵᠦᠢᠯ ᠢ ᠬᠡᠷᠡᠭᠵᠢᠭᠦᠯᠵᠦ᠂ 22 ᠵᠦᠢᠯ ᠢ ᠡᠬᠢᠯᠡᠨ ᠪᠠᠶᠢᠭᠤᠯᠪᠠ᠃  ᠮᠤᠨᠠ ᠠᠭᠤᠯᠠ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠵᠠᠰᠠᠯᠳᠠ ᠶᠢᠨ ᠬᠤᠭᠤᠰᠤᠨ ᠤᠷᠤᠨ ᠪᠠ ᠠᠮᠢ ᠠᠬᠤᠢ ᠶᠢᠨ ᠶᠢ ᠰᠡᠷᠭᠦᠭᠡᠨ ᠪᠠᠬᠢᠵᠢᠭᠦᠯᠬᠦ ᠲᠡᠭᠡᠭᠰᠢᠯᠡᠯᠳᠡ ᠶᠢᠨ ᠦᠷ᠎ᠡ ᠪᠦᠳᠦᠮᠵᠢ ᠨᠢ ᠢᠯᠡᠷᠬᠡᠢ ᠪᠠᠶᠢᠵᠤ ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ 30 ᠲᠡᠭᠰᠢ ᠲᠦᠷᠪᠡᠯᠵᠢᠨ ᠺᠢᠯᠤᠮᠧᠲᠷ ᠵᠠᠰᠠᠨ ᠰᠡᠷᠭᠦᠭᠡᠵᠦ᠂ ᠪᠠᠶᠠᠨᠴᠠᠭᠠᠨ ᠠᠭᠤᠯᠠ᠂ ᠴᠠᠰᠤᠲᠠᠢ ᠠᠭᠤᠯᠠᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ  ᠡᠬᠢᠯᠡᠨ ᠬᠡᠷᠡᠭᠵᠢᠭᠦᠯᠪᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠲᠡᠭᠦᠰ ᠠᠮᠵᠢᠯᠳᠠᠳᠠᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠭᠤᠤᠯ ᠴᠤᠭᠴᠠ ᠵᠢᠨ‌ᠢᠨᠵᠧᠨᠧᠷᠢᠩ ᠢ  ᠪᠡᠶᠡᠯᠡᠭᠦᠯᠵᠦ᠂ ᠰᠠᠭᠠᠷᠮᠠᠭ ᠤᠰᠤᠨ ᠤ ᠬᠤᠭᠤᠯᠠᠶ   ᠶᠢ 12 ᠺᠢᠯᠣᠮᠧᠲᠷ ᠳᠡᠪᠢᠰᠴᠦ᠂  ᠪᠣᠬᠢᠷ ᠤᠰᠤ ᠶᠢ ᠳᠠᠯᠠᠢ ᠳᠤ ᠣᠷᠣᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠭᠤᠣᠯ ︵ᠨᠠᠭᠤᠷ︶ ᠤᠨ ᠳᠥᠷᠪᠡᠨ ᠵᠦᠢᠯ ᠤᠨ ᠰᠠᠮᠠᠭᠤᠷᠠᠯ ᠢ ᠴᠡᠪᠡᠷᠯᠡᠬᠦ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ 20 ᠣᠶᠤᠨᠴᠢ ᠪᠠᠷ ᠪᠣᠷᠳᠣᠭᠤᠷ ᠲᠣᠬᠢᠷᠠᠭᠤᠯᠬᠤ ᠥᠷᠲᠡᠭᠡ ᠶᠢ ᠪᠠᠶᠢᠭᠤᠯᠵᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠲᠠᠯᠠᠪᠠᠢ ᠶᠢ 130 ᠲᠦᠮᠡᠨ ᠮᠦ ᠪᠤᠯᠭᠠᠨ ᠳᠡᠯᠭᠡᠷᠡᠭᠦᠯᠦᠨ᠂ ᠣᠷᠭᠠᠨᠢᠭ ᠪᠣᠷᠳᠣᠭᠤᠷ ᠤᠷᠤᠭᠤᠯᠬᠤ ᠲᠠᠯᠠᠪᠠᠢ ᠶᠢ 70 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠪᠣᠬᠢᠷᠲᠤᠯ ᠦᠭᠡᠢ ᠰᠡᠷᠭᠡᠶᠢᠯᠡᠨ ᠬᠢᠵᠠᠭᠠᠷᠯᠠᠬᠤ ᠲᠠᠯᠠᠪᠠᠢ ᠶᠢ 180 ᠲᠦᠮᠡᠨ ᠮᠦ ᠥᠷᠨᠢᠭᠦᠯᠦᠨ᠂ 53 ᠲᠣᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ᠂ 4320 ᠲᠣᠨ ᠤ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ᠂ 1770 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠪᠠᠭᠠᠰᠬᠠᠪᠠ᠃ ᠲᠣᠭᠲᠠᠭᠠᠯ ᠢ ᠵᠥᠷᠢᠴᠡᠨ ᠪᠠᠷᠢᠭᠰᠠᠨ ᠵᠤᠰᠠᠯᠠᠩ᠂ ᠰᠠᠷᠠᠪᠴᠢᠨ ᠭᠡᠷ ᠢ ᠴᠡᠪᠡᠷᠯᠡᠵᠦ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ 1.1 ᠲᠦᠮᠡᠨ ᠮᠤ᠋ ᠮᠣᠳᠣ ᠲᠠᠷᠢᠵᠤ ᠂ 48 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠨ ᠵᠠᠰᠠᠬᠤ ᠶᠢ ᠬᠡᠷᠡᠭᠵᠢᠭᠦᠯᠵᠦ᠂ ᠠᠮᠢ ᠠᠬᠤᠢ ᠶᠢᠨ ᠨᠣᠭᠤᠭᠠᠷᠠᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃      ︵ᠬᠤᠶᠠᠷ︶  ᠠᠷᠭ᠎ᠠ ᠪᠠᠷᠢᠯ ᠢᠶᠠᠨ ᠬᠤᠪᠢᠷᠠᠭᠤᠯᠬᠤ᠂ ᠪᠦᠲᠦᠴᠡ ᠪᠠᠨ ᠲᠣᠬᠢᠷᠠᠭᠤᠯᠬᠤ᠂ ᠬᠡᠯᠪᠡᠷᠢ  ᠪᠠᠨ ᠬᠤᠪᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠶ  ᠪᠠᠷ ᠬᠦᠭᠵᠢᠭᠦᠯᠬᠦ ᠳᠤ ᠰᠢᠨ᠎ᠡ ᠠᠯᠬᠤᠮ ᠢ ᠠᠯᠬᠤᠪᠠ᠃ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠡᠰ ᠤᠨ ᠲᠠᠷᠢᠶᠠᠯᠠᠩ ᠮᠠᠯ ᠤᠨ ᠠᠰᠢᠭ ᠰᠢᠮ᠎ᠡ  ᠶᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠢᠯᠡᠷᠡᠬᠡᠢ ᠠᠮᠵᠢᠯᠲᠠ ᠣᠯᠪᠠ᠃ ᠲᠣᠯᠣᠭᠠᠶᠢᠯᠠᠭᠴᠢ ᠠᠵᠤ ᠠᠬᠤᠶᠢᠯᠠᠯ ᠪᠠ ᠲᠤᠰᠬᠠᠢ ᠬᠤᠷᠰᠢᠶᠠᠵᠢᠯ ᠤᠨ ᠳᠠᠶᠢᠴᠢᠯᠠᠯᠲᠠ ᠶᠢᠨ ᠦᠢᠯᠡᠳᠦᠯ ᠢ ᠳᠣᠪᠤᠶᠢᠯᠭᠠᠵᠤ᠂ ᠪᠦᠬᠦ ᠬᠤᠲᠠ ᠳᠤ ᠤᠶᠤᠨᠴᠢ ᠲᠠᠷᠢᠶᠠᠯᠠᠩ ᠤᠨ ᠲᠠᠪᠴᠠᠩ  ᠢ ᠲᠡᠷᠢᠭᠦᠯᠦᠨ ᠪᠠᠶᠢᠭᠤᠯᠵᠤ᠂  3.4 ᠲᠦᠮᠡᠨ ᠮᠦ ᠭᠠᠵᠠᠷ ᠰᠢᠷᠤᠢ ᠶᠢ ᠨᠠᠶᠢᠳᠠᠨ ᠬᠠᠮᠢᠶᠠᠷᠠᠭᠤᠯᠵᠤ᠂ 6 ᠠᠵᠤ ᠦᠢᠯᠡᠰᠵᠢᠭᠰᠡᠨ ᠬᠠᠮᠳᠤᠷᠠᠭᠰᠠᠨ ᠴᠣᠭᠴᠠ᠂ 12 ᠲᠠᠷᠢᠶᠠᠨ ᠭᠠᠵᠠᠷ ︵ᠮᠠᠯ ᠠᠵᠤ ᠠᠬᠤᠢ︶ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠪᠠ᠃ ᠲᠥᠬᠦᠭᠡᠷᠦᠮᠵᠢᠲᠦ ᠲᠠᠷᠢᠶᠠᠯᠠᠩ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠣᠨᠴᠠᠯᠢᠭᠲᠤ ᠠᠵᠤ ᠦᠢᠯᠠᠰ ᠢ ᠲᠦᠷᠭᠡᠳᠬᠡᠨ ᠠᠬᠢᠭᠤᠯᠵᠤ᠂ ᠳᠤᠲᠤᠷᠭᠠᠨ ᠲᠠᠷᠢᠶᠠᠨ ᠳᠤ ᠵᠢᠭᠠᠰᠤ ᠲᠡᠵᠢᠭᠡᠬᠦ᠂ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ ᠵᠡᠷᠭᠡ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠲᠤᠷᠰᠢᠯᠲᠠ ᠬᠢᠭᠡᠳ ᠠᠮᠵᠢᠯᠲᠠ ᠣᠯᠪᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠰᠢᠨ᠎ᠡ ᠪᠠᠷ 12 ᠨᠡᠮᠡᠭᠳᠡᠭᠦᠯᠵᠦ᠂ 2 ᠡᠷᠦᠬᠡ ᠠᠵᠤ ᠠᠬᠤᠶᠢᠯᠠᠯ ᠤᠨ 3  ᠪᠦᠲᠦᠭᠡᠭᠳᠡᠬᠦᠨ ᠨᠢ ᠡᠷᠬᠡ ᠣᠯᠭᠤᠯᠲᠠ ᠪᠠᠷ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠲᠡᠮᠳᠡᠭᠲᠦ ᠢ ᠬᠡᠷᠡᠭᠯᠡᠵᠦ᠂ ︽ᠵᠤᠤ ᠵᠢᠶᠦ᠋ᠨ ᠬᠤᠩ︾ ᠴᠢᠨ᠋ᠸ᠎ᠠ ᠶᠢᠨ ᠬᠠᠷᠮᠠᠭ ᠨᠢ ᠤᠯᠤᠰ ᠤᠨ ︽ᠨᠢᠭᠡ ᠰᠢᠶᠠᠨ ᠨᠢᠭᠡ ᠲᠡᠮᠳᠡᠭ︾ ᠤᠨ ᠨᠡᠷ᠎ᠡ ᠲᠡᠮᠳᠡᠭᠲᠦ ᠶᠠᠳᠠᠭᠤ ᠶᠢ ᠲᠡᠳᠬᠦᠬᠦ ᠠᠵᠢᠯᠯᠠᠭ᠎ᠠ ᠳᠤ ᠠᠮᠵᠢᠯᠲᠠ ᠲᠠᠢ ᠪᠠᠷ ᠰᠤᠩᠭᠤᠭᠳᠠᠨ ᠤᠷᠤᠵᠤ᠂ ᠮᠢᠩᠭᠠᠨ ᠤ ᠬᠤᠨᠴᠢᠷ᠂ ᠮᠤᠨᠠ ᠠᠭᠤᠯᠠ ᠶᠢᠨ ᠢᠮᠠᠭᠠᠨ ᠮᠢᠬ᠎ᠠ ᠨᠢ ︽ᠪᠦᠬᠦ ᠤᠯᠤᠰ ᠤᠨ ᠨᠡᠷ᠎ᠡ ᠲᠡᠮᠳᠡᠭᠲᠦ ᠣᠨᠴᠠ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠳᠤ ᠰᠤᠩᠭᠤᠭᠳᠠᠨ ᠣᠷᠤᠪᠠ᠃ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠵᠤ ᠪᠠᠶᠢᠨ᠎ᠠ᠃ ᠵᠢᠱᠢᠯᠲᠡ ᠪᠠᠷ ᠬᠡᠪᠴᠢᠶᠡᠵᠢᠭᠰᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 34.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 22.4 %  ᠢᠶᠠᠷ ᠨᠡᠮᠡᠭᠳᠡᠪᠡ᠃ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ 16 ᠶᠢ ᠬᠡᠷᠡᠭᠵᠢᠭᠦᠯᠵᠦ᠂ ᠶᠦᠩ ᠰᠢᠨ 3000 ᠲᠣᠨ ᠤ ᠬᠤᠪᠣᠷ ᠰᠢᠷᠣᠢ ᠶᠢᠨ ᠭᠢᠯᠠᠶᠢᠯᠭᠠᠬᠤ ᠨᠤᠨᠲᠠᠭ᠂ ᠶᠢᠨ ᠱᠧᠩ ᠬᠢᠮᠢ ᠶᠢᠨ ᠠᠵᠤ ᠦᠢᠯᠡᠳᠪᠦᠷᠢ ᠶᠢᠨ 2000 ᠲᠣᠨ ᠤ ᠹᠣᠰᠹᠣᠷᠲᠤ ᠬᠦᠴᠢᠯ ᠤᠨ ᠡᠰᠲ᠋ᠧᠷ ᠵᠡᠷᠭᠡ ᠨᠢᠭᠡ ᠪᠦᠯᠦᠭ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠺᠠᠶ ᠰᠢᠨ ᠢᠳᠡᠭᠡᠨ ᠤ ᠵᠦᠢᠯ ᠤᠨ 2 ᠲᠦᠮᠡᠨ ᠲᠣᠨ ᠤ  ᠬᠠᠭᠤᠷᠤᠯᠭ᠎ᠠ᠂ ᠬᠤᠸᠠ ᠲᠦᠸᠧ ᠠᠭᠤᠷᠬᠠᠢ ᠶᠢᠨ ᠦᠢᠯᠡᠰ ᠤᠨ ᠦᠯᠡᠳᠡᠭᠳᠡᠯ ᠬᠦᠳᠡᠷ ᠢ ᠬᠠᠭᠤᠷᠠᠢ ᠪᠠᠷ ᠭᠠᠳᠠᠭᠰᠢᠯᠠᠭᠤᠯᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠤᠷᠤᠭᠰᠢᠲᠠᠢ ᠠᠬᠢᠭᠤᠯᠪᠠ᠃ ᠤᠯᠤᠰ ᠤᠨ ᠬᠤᠶᠠᠳᠤᠭᠠᠷ ᠪᠦᠯᠦᠭ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠡᠷᠡᠰ ᠤᠨ ᠵᠢᠭᠰᠠᠭᠠᠯᠲᠠ  ᠳᠤ ᠠᠮᠵᠢᠯᠲᠠ ᠲᠠᠢ ᠪᠠᠷ ᠰᠤᠩᠭᠤᠭᠳᠠᠨ ᠣᠷᠤᠪᠠ᠃ ᠪᠤᠭᠤᠲᠤ ᠶᠢᠨ ᠪᠠᠷᠠᠭᠤᠨ ᠲᠡᠭᠦᠷᠭᠡ ᠶᠢᠨ ᠠᠵᠤ ᠦᠢᠯᠡᠳᠪᠦᠷᠢ ᠶᠢᠨ ᠲᠣᠭᠤᠷᠢᠭ ᠲᠤ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠪᠠᠭᠲᠠᠭᠠᠮᠵᠢ ᠶᠢ ᠨᠡᠮᠡᠭᠳᠡᠭᠦᠯᠬᠦ ᠪᠠ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ  ᠶᠢ ᠪᠠᠶᠢᠭᠤᠯᠵᠦ᠂ 13 ᠺᠢᠯᠦᠮᠧᠲᠷ ᠪᠣᠬᠢᠷ ᠤᠰᠤᠨ ᠤ ᠬᠤᠭᠤᠯᠠᠢ ᠶᠢ ᠳᠡᠪᠢᠰᠴᠦ᠂ ᠢᠳᠡᠭᠡᠨ ᠤ ᠠᠵᠤ ᠦᠢᠯᠡᠳᠪᠦᠷᠢ ᠶᠢᠨ ᠲᠣᠭᠤᠷᠢᠭ ᠲᠤ 2.6 ᠺᠢᠯᠦᠮᠧᠲᠷ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠴᠠᠬᠢᠯᠭᠠᠨ ᠲᠠᠲᠠᠯᠭ᠎ᠠ ᠶᠢ ᠭᠠᠵᠠᠷ ᠲᠤ ᠣᠷᠣᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠦᠷᠢᠵᠢᠭᠤᠯᠵᠦ᠂ ᠵᠢᠱᠢᠯᠲᠡ ᠪᠠᠷ ᠪᠦᠬᠦ ᠵᠢᠯ ᠳᠤ ᠠᠵᠤ ᠠᠬᠤᠶᠢᠯᠠᠯ ᠤᠨ ᠭᠠᠶᠢᠯᠢ ᠰᠦᠢᠳᠭᠡᠯ ᠤᠨ ᠳᠠᠷᠤᠭᠠᠰᠤ ᠶᠢ 1.5 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 2.5 ᠳ᠋ᠦᠩᠰᠢᠭᠤᠷ ᠲᠥᠭᠦᠷᠢᠭ ᠪᠠᠭᠤᠷᠠᠭᠤᠯᠪᠠ᠃ ᠲᠢᠶᠠᠨ ᠾᠧᠩ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠺᠣᠮᠫᠠᠨᠢ ᠶᠢᠨ ᠶᠡᠷᠦᠩᠬᠡᠶ ᠵᠠᠬᠢᠷᠭ᠎ᠠ ᠶᠢ ᠠᠮᠵᠢᠯᠲᠠ ᠲᠠᠢ ᠪᠠᠷ ᠨᠡᠭᠦᠯᠭᠡᠨ ᠰᠠᠭᠤᠯᠭᠠᠪᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ ᠵᠢᠱᠢᠯᠲᠡ ᠪᠠᠷ ᠭᠤᠷᠪᠠᠳᠤᠭᠠᠷ ᠠᠵᠤ ᠦᠢᠯᠡᠰ ᠨᠢ ᠨᠡᠮᠡᠭᠳᠡᠯ ᠥᠷᠲᠡᠭ ᠢ 60.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠶᠢ 32.5 %  ᠲᠤ ᠬᠦᠷᠭᠡᠪᠡ᠃ ᠲᠠᠪᠤᠳᠤᠭᠠᠷ ᠬᠤᠭᠤᠴᠠᠭᠠᠨ ᠤ ︽ᠪᠠᠭ᠋ᠠᠷᠤᠯᠳᠤ ᠤᠷᠠᠳ︾ ᠪᠠᠷᠠᠭᠤᠨ ᠤᠷᠤᠨ ᠤ ᠠᠷᠠᠳ ᠤᠨ ᠲᠠᠭᠤᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠤᠯᠢᠶᠠᠰᠤ ᠨᠠᠭᠤᠷ ᠢ ᠲᠤᠭᠤᠷᠢᠬᠤ ᠲᠤᠭᠤᠢ ᠲᠡᠷᠭᠡᠨ ᠤ ᠤᠷᠤᠯᠳᠤᠭᠠᠨ᠂ ᠤᠯᠠᠨ ᠤᠯᠤᠰ  ᠤᠨ ᠪᠦᠬᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠪᠦᠬᠦ ᠵᠢᠯ ᠳᠤ ᠨᠡᠶᠢᠲᠡ135 ᠲᠦᠮᠡᠨ ᠬᠦᠮᠦᠨ ︵ᠤᠳᠠᠭ᠎ᠠ︶ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ   ᠶᠢ 11.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰᠪᠣᠷᠢ 9.8 % ᠪᠠ 4.5 %  ᠢᠶᠠᠷ ᠨᠡᠮᠡᠭᠳᠡᠪᠡ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠨᠢ 227 ᠡᠷᠦᠬᠡ ᠳᠤ ᠬᠦᠷᠴᠦ᠂ ᠠᠷᠠᠯᠵᠢᠶᠠᠨ ᠤ ᠨᠤᠷᠮ᠎ᠠ ᠨᠢ 1.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 30.6 %  ᠢᠶᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠲᠣᠰᠪᠣᠷᠢ 146 ᠳ᠋ᠦᠩᠰᠢᠭᠤᠷ ᠲᠥᠭᠦᠷᠢᠭ ᠪᠠ 116 ᠳ᠋ᠦᠩᠰᠢᠭᠤᠷ ᠲᠥᠭᠦᠷᠢᠭ ᠲᠤ ᠬᠦᠷᠪᠡ᠃  ᠲᠦᠷᠪᠡᠳᠦᠭᠡᠷ ᠤᠳᠠᠭᠠᠨ ᠤ  ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠪᠠᠶᠢᠳᠠᠯ ᠢ ᠪᠦᠬᠦ ᠲᠠᠯ᠎ᠠ ᠪᠠᠷ ᠤᠶᠢᠯᠠᠭᠠᠪᠠ᠃            ︵ᠭᠤᠷᠪᠠ︶ ᠨᠢᠭᠡᠳᠦᠯᠲᠡᠶ ᠲᠥᠯᠥᠪᠯᠡᠬᠦ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠴᠢᠩᠭᠠᠳᠬᠠᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ᠃ ︽ᠲᠠᠪᠤᠨ ᠬᠤᠳᠠ ᠶᠢ ᠬᠠᠮᠳᠤᠪᠠᠷ ᠡᠭᠦᠳᠬᠦ︾ ᠦᠷ᠎ᠡ ᠪᠦᠳᠦᠭᠡᠯ ᠨᠢ ᠠᠮᠵᠢᠯᠳᠠ ᠲᠦᠭᠦᠷᠠᠩ ᠪᠠᠶᠢᠵᠤ᠂  ᠦᠪᠡᠷᠳᠡᠭᠡᠨ ᠵᠠᠰᠠᠬᠤ ᠣᠷᠣᠨ ᠤ ᠪᠤᠯᠪᠠᠰᠤᠨ ᠬᠤᠳᠠ ᠪᠠ ᠡᠷᠡᠭᠦᠯ ᠬᠠᠮᠠᠭᠠᠯᠠᠯ ᠤᠨ ᠬᠤᠳᠠ ᠶᠢ ᠡᠭᠦᠳᠪᠡ᠃ ᠪᠦᠬᠦ ᠵᠢᠯ ᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ 13.7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠵᠠᠮ ᠤᠨ ᠲᠤᠤᠷᠵᠢᠯ ᠤᠨ  ᠲᠡᠭᠦᠯᠳᠡᠷ ᠪᠤᠰᠤ᠂ ᠬᠤᠭᠤᠯᠠᠢ ᠶᠢᠨ ᠲᠤᠤᠷᠵᠢᠯ ᠤᠨ  ᠬᠠᠭᠤᠴᠢᠷᠠᠭᠰᠠᠨ ᠵᠡᠷᠭᠡ ᠤᠯᠠᠨ ᠲᠦᠮᠡᠨ ᠤ  ᠲᠤᠰ ᠪᠡᠶ᠎ᠡ ᠶᠢᠨ  ᠠᠰᠢᠭ ᠲᠤᠰᠠ ᠳᠤ ᠬᠤᠯᠪᠤᠭᠳᠠᠭᠰᠠᠨ ᠲᠡᠦᠬᠡ ᠶᠢᠨ ᠦᠯᠡᠳᠡᠭᠳᠡᠯ ᠠᠰᠠᠭᠤᠳᠠᠯ ᠳᠤ ᠴᠢᠭᠯᠡᠭᠦᠯᠦᠨ᠂ ᠡᠳ᠋ ᠶᠢᠨ ᠵᠠᠰᠠᠭ ᠨᠢ ᠲᠤᠶᠢᠯ ᠤᠨ ᠬᠦᠴᠢᠷᠳᠡᠯᠳᠡᠢ ᠪᠠᠶᠢᠳᠠᠯ ᠲᠤᠤᠷ᠎ᠠ ᠲᠦᠷᠦᠯ ᠵᠦᠢᠯ ᠲᠡᠮᠡᠴᠡᠨ ᠤᠯᠬᠤ᠂ ᠨᠡᠶᠢᠭᠡᠮ ᠤᠨ ᠪᠡᠯᠡ ᠮᠦᠩᠭᠦ ᠶᠢ ᠲᠠᠳᠠᠨ ᠤᠷᠤᠭᠤᠯᠬᠤ ᠵᠡᠷᠭᠡ ᠤᠯᠠᠨ ᠵᠦᠢᠯ ᠤᠨ ᠠᠷᠭ᠎ᠠ ᠠᠪᠴᠢᠯ ᠢᠶᠠᠷ ᠲᠠᠮᠵᠢᠨ᠂ ᠪᠠᠶᠠᠨᠬᠤᠸᠠ ᠶᠡᠭᠡ ᠵᠡᠭᠡᠯᠢ ᠶᠢᠨ ᠪᠠᠷᠠᠭᠤᠨᠰᠢ ᠦᠷᠭᠦᠯᠵᠢᠯᠡᠯ ᠬᠡᠰᠡᠭ ᠤᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠪᠣᠷᠣᠭᠠᠨ ᠤ ᠪᠣᠬᠢᠷ ᠤᠰᠤᠨ ᠤ ᠬᠤᠭᠤᠯᠠᠢ᠂ ᠢᠯᠴᠢ ᠬᠠᠩᠭᠠᠬᠤ ᠬᠤᠭᠤᠯᠠᠢ ᠵᠡᠷᠭᠡ ᠶᠢ 24 ᠺᠢᠯᠤᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 5 ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠳᠠᠭᠤᠳᠠᠯ ᠢ ᠪᠦᠳᠦᠮᠵᠢᠳᠡᠢ ᠨᠦᠬᠦᠪᠦᠷᠢᠯᠡᠪᠡ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠨᠢ 49 ᠲᠦᠮᠡᠨ ᠲᠡᠭᠰᠢ ᠳᠥᠷᠪᠡᠯᠵᠢᠨ ᠮᠧᠲᠷ ᠠᠵᠢᠯ ᠡᠬᠢᠯᠡᠭᠦᠯᠵᠦ᠂ ᠵᠢᠩ ᠸᠧᠶ ᠬᠤᠸᠠ ᠶᠤᠸᠠᠨ᠂ ᠢᠦᠶ ᠲᠠᠢ ᠰᠢᠨ᠎ᠡ ᠬᠤᠲᠠ ᠵᠡᠷᠭᠡ ᠣᠷᠣᠨ ᠰᠠᠭᠤᠴᠠ ᠶᠢᠨ ᠵᠢᠵᠢᠭ ᠲᠣᠭᠤᠷᠢᠭ ᠢ ᠡᠬᠢᠯᠡᠭᠦᠯᠵᠦ᠂ ᠰᠢᠤᠢ ᠿᠢ ᠬᠤᠸᠠ ᠶᠤᠸᠠᠨ᠂ ᠮᠢᠩ ᠱᠢ ᠬᠤᠤ ᠲᠢᠩ ᠵᠡᠷᠭᠡ ᠪᠣᠷᠤ ᠭᠡᠷᠲᠦ ᠣᠷᠣᠨ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠲᠡᠭᠦᠯᠳᠡᠷᠵᠢᠭᠦᠯᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠤᠷᠠᠳ ᠤᠨ ᠬᠠᠳᠤᠨ ᠭᠤᠣᠯ ᠤᠨ ᠵᠤᠭᠠᠴᠠᠯ ᠤᠨ ᠬᠦᠷᠢᠶᠡᠯᠡᠩ᠂ ᠰᠡᠬᠡᠭᠡᠲᠡᠨ ᠵᠠᠯᠠᠭᠤᠴᠤᠳ ᠤᠨ ᠬᠦᠷᠢᠶᠡᠯᠡᠩ᠂ ᠵᠡᠭᠦᠨ ᠭᠤᠣᠯ ᠳᠠᠭᠠᠤ ᠵᠡᠷᠭᠡ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠲᠣᠭᠤᠷᠢᠭ ᠤᠨ ᠨᠤᠭᠤᠭᠠᠷᠠᠵᠢᠯᠳᠠ ᠶᠢᠨ ᠲᠠᠯᠠᠪᠠᠢ ᠶᠢ 36 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠰᠢᠨ᠎ᠡ ᠡᠨᠧᠷᠭᠢ ᠶᠢᠨ ᠡᠬᠢ ᠰᠤᠷᠪᠤᠯᠵᠢᠲᠦ ᠨᠡᠶᠢᠲᠡ ᠶᠢᠨ ᠮᠠᠰᠢᠨ ᠲᠡᠷᠭᠡ ᠨᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠵᠤ᠂ ᠣᠯᠠᠨ ᠲᠦᠮᠡᠨ ᠤ ᠶᠠᠪᠤᠵᠤ ᠰᠠᠭᠤᠬᠤ ᠨᠢ ᠨᠠᠩ ᠳᠥᠭᠦᠮ ᠳᠥᠲᠡ ᠪᠣᠯᠪᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠤᠨᠤᠭ ᠲᠦᠬᠦᠭᠡᠷᠦᠮᠵᠢ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠨ ᠴᠡᠭᠴᠡᠯᠡᠯᠲᠡ ᠶᠢ ᠯᠠᠪᠳᠠᠭᠤᠨ ᠢᠶᠠᠷ ᠶᠠᠪᠤᠭᠳᠠᠭᠤᠯᠪᠠ᠃ ᠦᠶᠡᠷ  ᠤᠰᠤᠳᠠᠯ ᠳᠤ ᠡᠪᠳᠡᠭᠳᠡᠭᠰᠡᠨ ᠤᠰᠤᠨ ᠠᠰᠢᠭᠯᠠᠯᠳᠠ ᠶᠢᠨ ᠲᠤᠨᠤᠭ ᠲᠦᠬᠦᠭᠡᠷᠦᠮᠵᠢ ᠶᠢ ᠲᠠᠷᠤᠢ ᠲᠦᠷᠬᠡᠨ ᠵᠠᠰᠠᠨ ᠰᠡᠷᠭᠦᠬᠦᠬᠦ ᠶᠢᠨ ᠲᠦᠯᠦᠬᠡ᠂ ᠤᠯᠠᠨ ᠤᠳᠠᠭ᠎ᠠ ᠵᠤᠯᠭᠠᠯᠳᠣᠭᠤᠯᠬᠤ ᠪᠠᠷ ᠲᠠᠮᠵᠢᠨ᠂ 8070 ᠲᠦᠮᠡᠨ ᠲᠦᠭᠦᠷᠢᠭ ᠤᠨ ᠤᠰᠣᠨ ᠳᠤ ᠡᠪᠳᠡᠭᠳᠡᠭᠰᠡᠨ ᠤᠰᠤᠨ ᠠᠰᠢᠭᠯᠠᠯᠳᠠ ᠶᠢᠨ ᠲᠤᠨᠤᠭ ᠲᠦᠬᠦᠭᠡᠷᠦᠮᠵᠢ ᠶᠢ ᠰᠠᠯᠪᠢᠨ ᠵᠠᠰᠠᠬᠤ ᠲᠦᠷᠦᠯ ᠵᠦᠢᠯ ᠤᠨ ᠪᠡᠯᠡ ᠮᠦᠩᠭᠦ ᠶᠢ ᠲᠡᠮᠡᠴᠡᠨ ᠤᠯᠵᠤ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠳᠡᠢ ᠲᠦᠯᠦᠪᠵᠢᠭᠦᠯᠦᠨ ᠡᠮᠬᠢᠳᠭᠡᠵᠦ᠂ 6.5 ᠲᠦᠮᠡᠨ ᠮᠤ᠋ ᠲᠠᠷᠢᠶᠠᠨ ᠭᠠᠵᠠᠷ ᠢ ᠶᠡᠷᠦᠩᠬᠡᠶᠢᠯᠡᠨ ᠦᠭᠡᠷᠡᠴᠢᠯᠡᠬᠦ ᠶᠢ ᠪᠡᠶᠡᠯᠡᠭᠦᠯᠵᠦ᠂ ᠽᠧᠩ ᠯᠦᠩ ᠴᠠᠩ ᠤᠰᠤᠨ ᠴᠥᠭᠦᠷᠥᠮ᠂ ᠶᠡᠭᠡ ᠰᠢᠭᠡᠳᠡᠢ ᠶᠢᠨ ᠤᠰᠤᠨ ᠴᠥᠭᠦᠷᠥᠮ ᠵᠡᠷᠭᠡ ᠤᠰᠤᠨ ᠳᠤ ᠡᠪᠳᠡᠭᠳᠡᠭᠰᠡᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠵᠠᠰᠠᠨ ᠰᠡᠷᠭᠦᠭᠡᠵᠦ᠂ 150 ᠺᠢᠯᠤᠮᠧᠲᠷ ᠤᠷᠳᠤ ᠤᠰᠤ ᠲᠠᠲᠠᠷᠠᠭᠤᠯᠬᠤ ᠰᠤᠪᠠᠭ ᠢ ᠯᠠᠶᠢᠳᠠᠵᠦ᠂ 26 ᠰᠠᠭᠤᠷᠢ ᠪᠠᠷᠢᠯᠭ᠎ᠠ ᠶᠢ ᠥᠭᠡᠷᠡᠴᠢᠯᠡᠨ ᠵᠠᠰᠠᠵᠤ ᠰᠢᠨᠡᠳᠬᠡᠪᠡ᠃ ᠰᠢᠨ ᠠᠨ ᠤ 220 ᠺᠢᠯᠣᠸᠣᠯᠲ᠂ ᠨᠠᠨ ᠴᠠᠩ ᠤᠨ 35 ᠺᠢᠯᠣᠸᠣᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠵᠤ᠂  ᠴᠠᠬᠢᠯᠭᠠᠨ ᠲᠤᠤᠷᠵᠢᠯ ᠤᠨ ᠥᠭᠡᠷᠡᠴᠢᠯᠡᠯᠲᠡ ᠶᠢ 701 ᠺᠢᠯᠤᠮᠧᠲᠷ ᠬᠡᠷᠡᠭᠵᠢᠭᠦᠯᠪᠡ᠃ 311 ᠮᠤᠵᠢ ᠶᠢᠨ ᠵᠠᠮ ᠤᠨ ᠥᠭᠡᠷᠡᠴᠢᠯᠡᠯᠲᠡ ᠨᠢ ᠤᠷᠤᠭᠰᠢᠲᠠᠶ ᠠᠬᠢᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠮ ᠨᠢ 148 ᠺᠢᠯᠣᠮᠧᠲᠷ ᠪᠠᠶᠢᠵᠤ᠂ E T C ᠢ ᠳᠡᠯᠭᠡᠷᠡᠭᠦᠯᠦᠨ ᠲᠠᠷᠬᠠᠭᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠡᠳ᠋ ᠤᠨ ᠵᠠᠰᠠᠭ ᠠᠴᠠ1000 ᠲᠦᠮᠡᠨ ᠲᠦᠭᠦᠷᠢᠭ ᠤᠨ ᠱᠠᠩᠨᠠᠯ ᠨᠦᠬᠦᠪᠦᠷᠢ ᠶᠢᠨ ᠪᠠᠯᠠ ᠮᠦᠩᠭᠦ ᠤᠷᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠤᠷᠳᠤ ᠬᠤᠭᠤᠴᠠᠭᠠᠳᠤ ᠵᠤᠬᠢᠴᠠᠮᠵᠢ ᠶᠢ ᠪᠦᠷᠢᠨ ᠲᠡᠭᠦᠯᠳᠡᠷᠵᠢᠭᠦᠯᠪᠡ᠃ ᠤᠯᠢᠶᠠᠰᠤ ᠨᠠᠭᠤᠷ ᠤᠨ ᠡᠷᠭᠢᠨ ᠲᠣᠭᠤᠷᠢᠨ ᠤ 41 ᠠᠶᠢᠯ ᠲᠣᠰᠬᠤᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠤᠰᠬᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠠᠮᠢᠳᠤᠷᠠᠯ ᠤᠨ ᠬᠤᠭ ᠨᠣᠪᠰᠢ ᠶᠢ ᠳᠣᠣᠷ᠎ᠠ ᠳᠤᠯᠠᠭᠠᠨ ᠢᠶᠠᠷ ᠢᠯᠴᠢ ᠢᠯᠭᠠᠷᠠᠭᠤᠯᠤᠨ ᠰᠡᠢᠳᠪᠦᠷᠢᠯᠡᠬᠦ ᠦᠷᠳᠡᠭᠡ ᠠᠷᠢᠭᠤᠨ ᠴᠡᠪᠡᠷ ᠤᠨ ᠵᠣᠷᠯᠣᠩ ᠢ ᠥᠭᠡᠷᠡᠴᠢᠯᠡᠨ ᠵᠠᠰᠠᠬᠤ ᠠᠵᠢᠯ ᠡᠮᠬᠢ ᠵᠢᠷᠣᠮ ᠲᠠᠢ ᠶᠠᠪᠤᠭᠳᠠᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠪᠠ᠃      ︵ᠲᠦᠷᠪᠡ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠢ ᠪᠠᠲᠤᠯᠠᠬᠤ᠂ ᠡᠶ᠎ᠡ ᠵᠣᠬᠢᠴᠠᠯ ᠢ ᠠᠬᠢᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ 25.3 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 79.6 % ᠢ ᠡᠵᠡᠯᠡᠪᠡ᠃ ᠠᠵᠤ ᠠᠬᠤᠶᠢᠯᠠᠯᠲᠠᠨ ᠤ ᠨᠡᠶᠢᠭᠡᠮᠯᠢᠭ ᠢ ᠪᠠᠶᠢᠭᠤᠯᠵᠤ᠂ ᠬᠤᠲᠠ ᠪᠠᠯᠭᠠᠰᠤᠨ ᠤ 1766 ᠬᠥᠮᠦᠨ ︵ᠤᠳᠠᠭ᠎ᠠ︶ ᠳᠤ ᠰᠢᠨ᠎ᠡ ᠪᠠᠷ ᠠᠵᠢᠯ ᠣᠯᠭᠤᠵᠤ᠂ 2.6 ᠲᠦᠮᠡᠨ ᠬᠦᠮᠦᠨ  ︵ᠤᠳᠠᠭ᠎ᠠ ︶ ᠶᠢᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ ᠂ 228 ᠨᠡᠷᠡᠰ ᠵᠠᠰᠠᠭ ᠵᠠᠬᠢᠷᠭ᠎ᠠ ᠠᠵᠢᠯ ᠦᠢᠯᠡᠰ ᠤᠨ ᠠᠵᠢᠯᠲᠠᠨ ᠢ ᠰᠢᠯᠭᠠᠨ ᠡᠯᠰᠡᠵᠦ ᠲᠥᠪᠬᠢᠨᠡᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠲᠥᠷᠦ ᠶᠢᠨ ᠪᠣᠳᠣᠯᠭ᠎ᠠ ᠶᠢ ᠪᠦᠬᠦᠨ ᠢ  ᠨᠠᠶᠢᠳᠠᠪᠤᠷᠢᠵᠢᠭᠤᠯᠪᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠢ ᠲᠣᠭᠠᠨ ᠤ ᠰᠦᠢᠳᠬᠡᠯ ᠡᠵᠡᠮᠳᠡᠬᠦ ᠬᠡᠯᠡᠯᠴᠡᠭᠡᠷᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠨᠡᠶᠢᠭᠡᠮ ᠤᠨ ᠬᠢᠨᠠᠯᠲᠠ ᠶᠢ ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢ ᠤᠷᠢᠳᠴᠢᠯᠠᠨ ᠥᠭᠬᠦ ᠳᠦᠷᠢᠮ ᠢ ᠪᠠᠶᠢᠭᠤᠯᠵᠤ᠂ ᠬᠤᠰᠢᠭᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠳᠡᠰ ᠠᠴᠠ ᠳᠡᠭᠡᠭᠰᠢᠬᠢ ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠠᠮᠵᠢᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠢᠯᠡᠳᠲᠡ ᠬᠥᠩᠭᠡᠷᠡᠭᠰᠡᠨ ᠪᠠᠶᠢᠨ᠎ᠠ᠃ ᠨᠠᠰᠤᠲᠠᠳ ᠢ ᠠᠰᠠᠷᠠᠨ ᠰᠤᠪᠢᠯᠠᠬᠤ ᠬᠦᠷᠢᠶᠡᠯᠡᠩ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠨᠢ ᠡᠬᠢᠯᠡᠨ ᠬᠡᠷᠡᠭᠯᠡᠯᠲᠡ ᠳᠤ ᠣᠷᠤᠪᠠ ᠃ ᠲᠠᠪᠤᠰᠤᠨ ᠨᠠᠭᠤᠷ ᠤᠨ ᠬᠡᠤᠬᠡᠳ ᠤᠨ ᠴᠡᠴᠡᠷᠯᠢᠭ ᠪᠠ ᠶᠡᠭᠡ ᠰᠢᠭᠡᠲᠡᠢ᠂ ᠪᠠᠭ᠎ᠠ ᠰᠢᠭᠡᠲᠡᠢ ᠶᠢᠨ ᠪᠠᠭᠰᠢ ᠶᠢᠨ ᠡᠷᠭᠢᠯᠲᠡ ᠶᠢᠨ ᠪᠠᠶᠢᠷᠢ ᠶᠢᠨ ᠬᠡᠷ ᠢ ᠪᠠᠶᠢᠭᠤᠯᠵᠤ᠂ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠵᠡᠭᠡᠯᠢ ᠥᠩᠭᠡᠷᠡᠬᠦ ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠾᠧᠩ ᠲᠠᠢ ᠬᠡᠤᠬᠡᠳ ᠤᠨ ᠴᠡᠴᠡᠷᠯᠢᠭ ᠢ ᠡᠭᠡᠭᠦᠯᠦᠨ ᠬᠤᠳᠠᠯᠳᠤᠨ ᠠᠪᠴᠤ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠱᠣ᠋ ᠯᠢᠨ ᠽᠢ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠠᠰᠠᠷ ᠤᠨ ᠲᠥᠷᠥᠯ ᠵᠦᠢᠯ ᠢ ᠡᠬᠢᠯᠡᠭᠦᠯᠪᠡ᠃ 159 ᠰᠢᠯᠢᠳᠡᠭ ᠪᠠᠭᠰᠢ ᠶᠢ ᠢᠯᠡ ᠪᠠᠷ ᠡᠯᠰᠡᠵᠦ᠂ ᠠᠩᠭᠢ ᠶᠢᠨ ᠡᠷᠬᠢᠯᠡᠭᠴᠢ ᠶᠢᠨ ᠨᠥᠬᠦᠪᠥᠷᠢ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠭᠤᠷᠪᠠᠳᠤᠭᠠᠷ ᠲᠤᠮᠳᠠᠳᠤ ᠰᠤᠷᠭᠠᠭᠤᠯᠢ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ  ᠠᠰᠫᠢᠷᠠᠨᠲ ᠤᠨ ᠰᠤᠷᠭᠠᠨ ᠬᠦᠮᠦᠵᠢᠯ ᠢ ᠲᠡᠮᠵᠢᠬᠦ ᠰᠠᠭᠤᠷᠢᠨ ᠭᠠᠵᠠᠷ ᠢᠶᠠᠷ  ᠲᠤᠭᠳᠠᠭᠠᠭᠳᠠᠪᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠳᠤᠮᠳᠠᠴᠢ ᠬᠤᠪᠢ ᠪᠠᠷ ᠪᠥᠬᠦ ᠬᠤᠲᠠ ᠳᠤ ᠲᠡᠷᠢᠭᠦᠯᠡᠵᠦ᠂ ᠡᠩ ᠤᠨ ᠳᠡᠭᠡᠳᠦ ᠳᠤᠮᠳᠠᠳᠤ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠵᠤ ᠤᠷᠤᠭᠰᠠᠨ ᠨᠣᠷᠮ᠎ᠠ ᠨᠢ ᠢᠯᠡᠳᠲᠡ ᠲᠡᠭᠡᠭᠰᠢᠯᠡᠵᠦ᠂ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠨᠢᠭᠲᠠᠯᠠᠨ ᠪᠣᠳᠣᠬᠤ ᠲᠤᠰᠬᠠᠶ ᠮᠡᠷᠭᠡᠵᠢᠯ ᠤᠨ ᠰᠢᠯᠭᠠᠭᠤᠯᠤᠭᠴᠢᠳ ᠪᠥᠬᠦ ᠣᠷᠣᠨ  ᠳᠤ ᠮᠠᠩᠯᠠᠶᠢᠯᠠᠭᠰᠠᠨ ᠰᠠᠶᠢᠨ ᠬᠢᠷᠢ ᠪᠦᠳᠦᠮᠵᠢ ᠤᠣᠯᠪᠠ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ  ᠬᠤᠷᠢᠶ᠎ᠠ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ᠂ ᠰᠢ ᠱᠠᠨ ᠽᠦᠶ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠦᠬᠦᠯᠢ ᠴᠣᠭᠴᠠ ᠪᠠᠷ ᠨᠢ ᠨᠡᠭᠦᠯᠭᠡᠬᠦ ᠶᠢ ᠪᠡᠶᠡᠯᠡᠭᠦᠯᠪᠠ᠃ ᠬᠤᠰᠢᠭᠤᠨ ᠤ ᠲᠠᠩᠰᠠ ᠡᠪᠬᠡᠮᠡᠯ ᠤᠨ ᠲᠤᠪᠴᠢᠶ᠎ᠠ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠤᠯᠠᠭᠠᠨᠮᠥ᠋ᠴᠢᠷ ᠤᠨ ᠠᠭᠤᠳᠠᠮ ᠲᠠᠯᠠᠪᠠᠢ ᠶᠢᠨ ᠭᠤᠤᠯ ᠴᠤᠭᠴᠠ ᠨᠢ ᠨᠢᠬᠡᠨᠳᠡ ᠪᠡᠶᠡᠯᠡᠭᠳᠡᠵᠦ᠂ ︽ᠳᠥᠷᠪᠡᠨ ᠨᠤᠳᠤᠭ︾ ᠢ ᠡᠭᠦᠳᠦᠨ ᠪᠠᠶᠢᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ︽ᠬᠤᠨ ᠭᠠᠯᠠᠭᠤ ᠶᠢᠨ ᠨᠤᠲᠤᠭ︾ ᠨᠢ ᠪᠥᠬᠦ ᠣᠷᠣᠨ ᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠳᠡᠭᠡᠷ᠎ᠡ ᠬᠠᠮᠲᠤ  ᠨᠡᠶᠢᠳᠡ ᠶᠢᠨ ᠮᠥᠩᠭᠦᠨ ᠱᠠᠩᠨᠠᠯ ᠢ ᠢᠷᠠᠭᠤ ᠠᠯᠳᠠᠷᠲᠠᠶ ᠪᠠᠷ ᠬᠦᠷᠳᠡᠵᠦ᠂ ᠪᠦᠬᠦ ᠤᠷᠤᠨ ᠤ ᠦᠨᠳᠦᠰᠦᠳᠡᠨ ᠤ ᠰᠣᠶᠣᠯ ᠤᠷᠠᠯᠢᠭ ᠤᠨ ᠨᠤᠳᠤᠭ ᠢᠶᠠᠷ ᠦᠨᠡᠯᠡᠭᠳᠡᠪᠡ᠃ ᠳᠡᠪᠰᠡᠭ ᠤᠨ ᠰᠦᠮ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠪᠤᠳᠠᠰ ᠤᠨ ᠪᠤᠰᠤ ᠰᠤᠶᠤᠯ ᠤᠨ ᠦᠪ ᠢ ᠵᠠᠯᠭᠠᠮᠵᠢᠯᠠᠨ ᠬᠠᠮᠠᠭᠠᠯᠠᠭᠰᠠᠨ ᠦᠷ᠎ᠡ ᠪᠦᠲᠦᠭᠡᠯ ᠨᠢ ᠪᠦᠬᠦ ᠬᠤᠲᠠ ᠳᠤ ᠲᠡᠷᠢᠭᠦᠯᠡᠪᠡ᠃ ᠬᠠᠮ ᠵᠠᠭᠤᠴᠢᠯᠠᠭᠤᠷ ᠤᠨ ᠲᠥᠪ ᠨᠢ ᠫᠠᠶᠢᠰᠠ ᠡᠯᠭᠦᠨ ᠪᠠᠶᠢᠭᠤᠯᠤᠭᠳᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠬᠤᠯᠤᠭᠠᠨ᠎ᠠ ᠬᠢᠵᠢᠭ ︽ᠭᠠᠷᠤᠭᠰᠠᠨ ᠦᠭᠡᠢ︾᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠨᠢ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠲᠠᠢ ᠰᠠᠶᠢᠨ ᠰᠠᠶᠢᠬᠠᠨ  ᠪᠠᠶᠢᠳᠠᠯ   ᠨᠢ ᠤᠯᠠᠮ ᠨᠢᠭᠡ ᠠᠯᠬᠤᠮ ᠪᠠᠬᠢᠵᠢᠪᠡ᠃      ︵ᠲᠠᠪᠤ︶ ᠥᠭᠡᠷᠡᠴᠢᠯᠡᠯᠲᠡ ᠶᠢ ᠠᠳᠬᠤᠬᠤ᠂ ᠰᠢᠨ᠎ᠡ ᠶᠢ ᠡᠭᠦᠳᠬᠦ᠂ ᠨᠡᠭᠡᠭᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠨᠠᠩ ᠰᠢᠯᠢᠳᠡᠭᠵᠢᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠭᠰᠠᠨ ᠭᠤᠷᠪᠠᠨ ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢ ᠭᠦᠨᠴᠡ ᠵᠦᠭ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ︽ᠲᠠᠯᠪᠢᠬᠤ ᠬᠠᠮᠢᠶᠠᠷᠠᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠ ᠴᠢᠬᠤᠯᠠ ᠶᠡᠭᠡ ᠲᠥᠷᠥᠯ ᠵᠦᠢᠯ ᠢ ᠰᠢᠭᠤᠳ ᠨᠡᠪᠲᠡᠷᠡᠭᠦᠯᠵᠦ ᠲᠦᠷᠭᠡᠨ ᠭᠦᠢᠴᠡᠳᠭᠡᠬᠦ᠂ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠠᠷᠠᠯᠵᠢᠶ᠎ᠠ᠂ ᠲᠣᠭᠲᠠᠮᠠᠯ ᠡᠳ᠋ ᠬᠥᠷᠥᠩᠭᠡ ᠶᠢ ᠳᠠᠩᠰᠠᠯᠠᠬᠤ ᠳᠤ ︽ᠨᠢᠭᠡ ᠴᠣᠩᠬᠤᠪᠴᠢ ᠪᠠᠷ ᠭᠥᠯᠢᠶᠡᠨ ᠠᠪᠴᠤ᠂ ᠨᠢᠭᠡ ᠲᠢᠩᠬᠢᠮ ᠢᠶᠠᠷ ᠭᠦᠢᠴᠡᠳᠭᠡᠵᠦ ᠳᠠᠭᠤᠰᠬᠠᠬᠤ︾ ᠶᠢ ᠪᠡᠶᠡᠯᠡᠭᠦᠯᠪᠡ᠃ ᠠᠵᠤ ᠠᠬᠤᠶᠢᠯᠠᠯ ᠤᠨ ᠳᠡᠩᠰᠡᠯᠡᠯᠲᠡ ᠶᠢᠨ ᠪᠦᠬᠦ ᠶᠠᠪᠤᠴᠠ ᠳᠤ  ᠡᠯᠧᠺᠲᠷᠤᠨᠴᠢᠯᠠᠬᠤ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠶᠡᠬᠡᠪᠡᠷ ᠪᠠᠭᠠᠰᠬᠠᠪᠠ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠪᠠ ᠤᠯᠤᠰ ᠤᠨ ᠦᠮᠴᠢᠯᠡᠯᠲᠦ ᠣᠢ ᠰᠢᠭᠤᠶ ᠶᠢᠨ ᠲᠠᠯᠠᠪᠠᠢ᠂ ᠬᠠᠮᠲᠤ ᠶᠢᠨ ᠦᠮᠴᠢᠯᠡᠯᠲᠦ ᠲᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠨᠡᠮᠡᠭᠳᠡᠯ ᠴᠠᠬᠢᠯᠭᠠᠨ ᠲᠦᠭᠡᠭᠡᠬᠦ ᠵᠡᠷᠭᠡ ᠲᠤᠷᠰᠢᠯᠲᠠ ᠶᠢᠨ ᠴᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠵᠦ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠤ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠪᠠ᠃      ︵ᠵᠢᠷᠭᠤᠭ᠎ᠠ︶ ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠡ ᠢᠮᠠᠭᠲᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠷᠢᠮᠲᠠᠯᠠᠪᠠ᠃ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠪᠦᠯᠦᠭ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠬᠠᠤᠯᠢ ᠶᠣᠰᠣᠭᠠᠷ ᠤᠯᠤᠰ ᠢᠶᠠᠨ ᠵᠠᠰᠠᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠠᠵᠢᠯ ᠤᠨ ᠳᠦᠷᠢᠮ ᠢ ᠪᠦᠷᠢᠨᠰᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠴᠢᠩᠭ᠎ᠠ ᠬᠡᠷᠡᠭᠵᠢᠭᠦᠯᠪᠡ᠃ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠳᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 75 ᠬᠤᠪᠢ ᠭᠦᠢᠴᠡᠳᠬᠡᠵᠦ᠂ ᠭᠦᠢᠴᠡᠳᠬᠡᠨ ᠬᠠᠷᠢᠭᠤᠯᠲᠠ ᠥᠭᠭᠦᠭᠰᠡᠨ ᠨᠣᠷᠮ᠎ᠠ ᠨᠢ 100 %  ᠲᠤ ᠬᠦᠷᠪᠡ᠃ ︽ᠳᠣᠯᠣᠳᠤᠭᠠᠷ ᠲᠠᠪᠤᠨ ᠵᠢᠯ ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠬᠡᠷᠡᠭᠵᠢᠭᠦᠯᠵᠦ᠂ 4 K ᠮᠠᠰᠢᠨ ᠤ ᠣᠷᠣᠢ ᠶᠢᠨ ᠬᠠᠶᠢᠷᠴᠠᠭ ᠪᠠ ᠬᠠᠤᠯᠢ ᠴᠠᠭᠠᠵᠠ ᠶᠢᠨ ᠤᠶᠤᠨᠲᠤ ᠦᠵᠦᠭᠦᠷ  ᠬᠡᠷᠡᠭᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠴᠠᠭᠠᠵᠠ ᠶᠢᠨ ᠲᠤᠪᠴᠢᠶ᠎ᠠ ᠨᠢ ᠪᠦᠬᠦ ᠣᠯᠣᠰ ᠤᠨ ︽ᠲᠤᠭᠠᠵᠢᠭᠰᠠᠨ ᠬᠠᠤᠯᠢ ᠵᠠᠰᠠᠯᠳᠠ  ᠤᠶᠤᠨᠵᠢᠭᠰᠠᠨ ᠬᠠᠤᠯᠢ ᠴᠠᠭᠠᠵᠠ︾   ᠶᠢᠨ ᠰᠣᠷᠠᠭ ᠵᠠᠩᠭᠢᠵᠢᠯᠳᠠ ᠶᠢᠨ ᠪᠦᠳᠦᠬᠡᠨ ᠪᠠᠶᠢᠭᠤᠯᠬᠤ ᠠᠵᠢᠯ ᠤᠨ ᠠᠮᠵᠢᠯᠳᠠ ᠪᠦᠳᠦᠮᠵᠢ ᠪᠠᠷ ᠲᠤᠪᠤᠶᠢᠭᠰᠠᠨ ᠬᠠᠮᠳᠤ ᠨᠡᠶᠢᠳᠡ ᠪᠠᠷ ᠦᠨᠡᠯᠡᠭᠳᠡᠵᠦ᠂ ᠮᠤᠨᠠ ᠠᠭᠤᠯᠠ ᠬᠠᠤᠯᠢ ᠴᠠᠭᠠᠵᠠ ᠶᠢᠨ ᠭᠠᠵᠠᠷ ᠨᠢ ᠪᠦᠬᠦ ᠤᠯᠤᠰ  ᠤᠨ ᠵᠢᠱᠢᠶᠡᠴᠢ ᠬᠠᠤᠯᠢ ᠴᠠᠭᠠᠵᠠ ᠶᠢᠨ ᠭᠠᠵᠠᠷ ᠢᠶᠠᠷ ᠦᠨᠡᠯᠡᠭᠳᠡᠪᠡ᠃ ᠱᠠᠯᠠᠪᠳᠠᠨ ᠪᠠᠶᠢᠴᠠᠭᠠᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠲᠦᠷᠢᠮ ᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ  ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃  ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠡᠯᠡᠳᠭᠡᠯ ᠬᠦᠴᠦᠨ᠂ ᠦᠨᠳᠦᠰᠦᠨ ᠱᠠᠳᠣᠨ ᠤ  ᠵᠡᠪᠰᠡᠭᠳᠦ ᠬᠦᠴᠦᠨ ᠤ ᠵᠢᠩᠭᠢᠨᠢᠴᠢᠯᠡᠯᠳᠡ ᠶᠢᠨ ᠪᠦᠳᠦᠭᠡᠨ ᠪᠠᠶᠢᠭᠤᠯᠤᠯᠳᠠ ᠨᠢ ᠢᠯᠡᠷᠬᠡᠢ ᠠᠮᠵᠢᠯᠳᠡ ᠤᠯᠪᠠ᠃ ᠬᠥᠮᠦᠨ ᠠᠮᠠ ᠲᠥᠯᠥᠪᠯᠡᠭᠡᠲᠦ ᠦᠷᠡᠵᠢᠯ᠂ ᠦᠨᠳᠦᠰᠦᠲᠡᠨ ᠱᠠᠰᠢᠨ ᠰᠤᠷᠲᠠᠬᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠬᠤᠶᠠᠷ ᠢ ᠬᠦᠷᠢᠶᠡᠯᠡᠬᠦ ᠵᠢᠴᠢ ᠨᠠᠰᠤᠲᠠᠶᠢᠴᠤᠳ᠂ ᠵᠡᠮᠳᠡᠭᠴᠦᠳ᠂  ᠡᠮᠡᠭᠲᠡᠶᠢᠴᠦᠳ ᠬᠡᠦᠭᠡᠳ ᠪᠠᠭᠠᠴᠣᠳ ᠵᠡᠷᠭᠡ ᠠᠵᠢᠯ ᠰᠢᠨ᠎ᠡ ᠠᠮᠵᠢᠯᠲᠠ ᠣᠯᠪᠠ᠃ ᠬᠤᠰᠢᠭᠤᠨ ᠳᠤ ᠰᠠᠭᠤᠭ᠎ᠠ ᠴᠡᠷᠢᠭ ᠠᠩᠭᠢ᠂ ᠡᠯ᠎ᠡ ᠨᠢᠭᠡᠴᠡ᠂ ᠡᠯ᠎ᠡ ᠠᠵᠤ ᠠᠬᠤᠶᠢᠯᠠᠯ ᠴᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠵᠡᠶ᠃      ᠲᠥᠯᠥᠭᠡᠯᠡᠭᠴᠢᠳ ᠡ᠂ 2019 ᠣᠨ ᠳᠤ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠳᠤ ᠤᠴᠠᠷᠠᠭᠰᠠᠨ ᠣᠯᠠᠨ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠢᠨᠠᠷ ᠰᠠᠶᠢᠲᠠᠶ ᠬᠥᠭᠵᠢᠯᠲᠡ ᠶᠢᠨ ᠯᠠᠪᠳᠠᠭᠤᠨ ᠪᠠᠲᠤᠲᠠᠶ ᠠᠯᠬᠤᠮ ᠢ ᠠᠯᠬᠤᠵᠤ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠪᠠ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨᠴᠢ ᠰᠢᠢᠳᠪᠦᠷᠢ᠂ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠮᠦᠨᠴᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠶ ᠬᠢᠨᠠᠯᠲᠠ᠂ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠪᠠᠰᠠᠴᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ‌‍ᠲ᠋ᠡᠮᠡᠴᠡᠭᠰᠡᠨ ᠤ ᠦᠷ᠎ᠡ ᠳ᠋ᠦᠩ ᠶᠤᠮ᠃ ᠠᠲᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠭᠰᠡᠨ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠵᠠᠰᠠᠭ ᠤᠨ ᠣᠷᠳᠣᠨ ᠤ ᠠᠵᠢᠯ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠪᠣᠯᠤᠨ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠵᠣᠬᠢᠬᠤ ᠬᠡᠮᠵᠢᠶᠡᠨ ᠤ ᠵᠥᠷᠢᠶ᠎ᠡ ᠲᠠᠢ ᠪᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠣᠯᠤᠨ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠭᠤᠤᠯ ᠢᠯᠡᠷᠡᠯ ᠨᠢ᠄ ᠨᠢᠭᠡ ᠳᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠡᠭᠦᠷᠭᠡ ᠬᠠᠲᠠᠭᠤ ᠪᠡᠷᠬᠡ ᠪᠠᠶᠢᠨ᠎ᠠ᠃ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠬᠡᠪᠴᠢᠶ᠎ᠡ ᠪᠠᠭ᠎ᠠ᠂ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠪᠤᠰᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠪᠠᠷ ᠬᠦᠷᠦᠯᠴᠡᠬᠦ ᠥᠬᠡᠶ᠂ ᠨᠡᠮᠡᠭᠦᠷᠢ ᠦᠷᠲᠡᠭ   ᠨᠢ ᠥᠨᠳᠥᠷ ᠪᠤᠰᠤ  ᠪᠠᠶᠢᠭᠰᠠᠭᠠᠷ᠃ ᠠᠵᠤ ᠦᠢᠯᠡᠳᠪᠦᠷᠢ ᠶᠢᠨ ᠭᠤᠤᠯᠯᠠᠬᠤ ᠠᠵᠤ ᠦᠢᠯᠡᠰ ᠤᠨ ᠬᠡᠯᠬᠢᠶᠡᠰᠦ ᠣᠬᠤᠷᠬᠠᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠤᠳᠠᠭᠠᠨ᠂ ᠲᠣᠮᠣ ᠲᠥᠷᠥᠯ ᠵᠦᠢᠯ ᠤᠨ ᠳᠤᠯᠠᠭᠠᠭᠤᠷᠢᠯᠠᠬᠤ ᠬᠦᠴᠦᠨ ᠳᠤᠲᠠᠮᠠᠭ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠵᠠᠯᠭᠠᠯᠳᠤᠯ ᠨᠢ ᠰᠢᠯᠤᠭᠤᠨ ᠪᠤᠰᠤ ᠪᠠᠶᠢᠭᠰᠠᠭᠠᠷ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠠᠯᠳᠠ ᠬᠦᠴᠦᠨ ᠪᠠ ᠦᠷ᠎ᠡ ᠠᠰᠢᠭ ᠢ ᠬᠠᠷᠠᠬᠠᠨ  ᠭᠦᠢᠴᠡᠳ ᠪᠠᠳᠠᠷᠠᠭᠤᠯᠵᠤ ᠴᠢᠳᠠᠭᠠᠳᠤᠶ  ᠪᠠᠶᠢᠭᠰᠠᠭᠠᠷ᠃ ᠬᠤᠶᠠᠷ ᠲᠤ᠂ ᠡᠯ᠎ᠡ ᠲᠥᠷᠥᠯ ᠤᠨ ᠵᠥᠷᠢᠴᠡᠯ ᠰᠦᠯᠵᠢᠯᠳᠦᠨ ᠳᠠᠪᠬᠤᠴᠠᠪᠠ᠃ ᠬᠥᠭᠵᠢᠯᠲᠡ ᠪᠦᠲᠦᠭᠡᠨ ᠪᠠᠢᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠥᠷᠢ ᠥᠭᠴᠡᠭᠡ ᠶᠢ ᠦᠭᠡᠶᠢᠰᠭᠡᠬᠦ ᠵᠦᠷᠢᠴᠡᠯ ᠡᠳᠦᠷ ᠢᠷᠡᠬᠦᠶ᠎ᠡ ᠲᠤᠪᠤᠶᠢᠮ᠎ᠠ ᠪᠣᠯᠵᠤ᠂ ᠠᠶᠤᠯᠭᠦᠶ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ  ᠤᠨ ᠰᠠᠶᠢᠵᠢᠷᠠᠯᠲᠠ᠂ ᠨᠡᠶᠢᠭᠡᠮ ᠤᠨ ᠵᠠᠰᠠᠯᠲᠠ ᠵᠡᠷᠭᠡ ᠠᠵᠢᠯ ᠨᠢ ᠨᠠᠩ ᠶᠡᠭᠡ ᠳᠠᠷᠤᠯᠲᠠ ᠳᠤ ᠲᠤᠯᠭᠠᠷᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠳᠠᠯ ᠢ ᠲᠤᠯᠭᠠᠮ᠎ᠠ ᠰᠢᠢᠳᠪᠦᠷᠢᠯᠡᠬᠦ ᠴᠢᠬᠤᠯᠠᠲᠠᠶ ᠪᠠᠶᠢᠭᠰᠠᠭᠠᠷ᠃ ᠭᠤᠷᠪᠠ ᠳᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠮᠦᠨᠬᠦ ᠴᠢᠩᠭᠠᠳᠬᠠᠬᠤ ᠴᠢᠬᠤᠯᠠᠲᠠᠶ᠃ ᠵᠠᠷᠢᠮ ᠺᠠᠳ᠋ᠷ ᠤᠨ ᠰᠢᠨ᠎ᠡ ᠲᠦᠷᠦ ᠶᠢᠨ ᠪᠤᠳᠤᠯᠭ᠎ᠠ᠂ ᠰᠢᠨ᠎ᠡ ᠤᠨᠤᠯ ᠤᠨ ᠲᠤᠬᠠᠢ ᠰᠤᠷᠤᠯᠴᠠᠯᠭ᠎ᠠ ᠨᠢ ᠴᠠᠭ ᠲᠤᠬᠠᠢ ᠳᠤᠨᠢ ᠪᠢᠰᠢ᠂ ᠬᠦᠨᠵᠡᠬᠡᠢ ᠪᠢᠰᠢ᠂ ᠤᠷᠢᠳᠴᠢᠯᠡᠨ ᠲᠦᠯᠦᠪᠯᠡᠬᠦ ᠬᠤᠷᠴᠠ‌‍ᠰᠡᠷᠭᠡᠭ ᠲᠦᠷᠦ ᠶᠢᠨ ᠪᠤᠳᠤᠯᠭ᠎ᠠ ᠶᠢᠨ ᠰᠤᠷᠠᠭ ᠵᠠᠩᠭᠢ   ᠶᠢᠨ ᠲᠠᠨᠢᠯᠳᠠ ᠴᠢᠩᠭ᠎ᠠ ᠪᠤᠰᠤ᠂ ᠦᠵᠡᠯ ᠲᠠᠨᠢᠯᠲᠠ  ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ᠂ ᠬᠠᠷᠢᠭᠤᠴᠠᠯᠭ᠎ᠠ ᠡᠭᠦᠷᠭᠡᠯᠡᠬᠦ ᠠᠴᠠ ᠵᠢᠷᠦᠬᠡᠰᠢᠶᠡᠬᠦ᠂ ᠨᠠᠵᠠᠭᠠᠶᠢᠷᠠᠨ ᠬᠤᠶᠢᠷᠭᠤᠰᠢᠬᠤ ᠦᠵᠡᠭᠳᠡᠯ ᠮᠦᠨᠬᠦ ᠣᠷᠣᠰᠢᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ  ᠂ ᠵᠣᠷᠢᠭᠲᠠᠶ ᠰᠡᠳᠬᠢᠵᠦ ᠵᠣᠷᠢᠭᠲᠠᠶ ᠬᠢᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠣᠷᠭᠢᠯᠤᠮ᠎ᠠ ᠰᠡᠳᠬᠢᠯᠭᠡ ᠶᠢ ᠤᠯᠠᠮ ᠪᠠᠳᠠᠷᠠᠭᠤᠯᠬᠤ ᠴᠢᠬᠤᠯᠠᠲᠠᠢ ᠪᠠᠶᠢᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠠᠰᠠ ᠴᠢᠩᠭᠠᠳᠬᠠᠬᠤ ᠴᠢᠬᠤᠯᠠᠲᠠᠶ ᠪᠠᠶᠢᠭᠰᠠᠭᠠᠷ᠂ ︽ ᠲᠠᠯᠪᠢᠬᠤ  ᠬᠠᠮᠢᠶᠠᠷᠬᠤ  ᠦᠢᠯᠡᠴᠢᠯᠡᠬᠦ︾  ᠥᠭᠡᠷᠡᠴᠢᠯᠡᠯᠲᠡ ᠳᠤ ᠪᠠᠰᠠ ᠮᠠᠰᠢ ᠣᠯᠠᠨ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠶ ᠪᠠᠶᠢᠭᠰᠠᠭᠠᠷ᠃ ᠡᠭᠦᠨ ᠳᠤ ᠪᠢᠳᠡ ᠵᠤᠪᠠᠨᠢᠬᠤ ᠰᠡᠳᠭᠢᠯ ᠢ ᠡᠪᠦᠷᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ  ᠰᠢᠢᠳᠪᠦᠷᠢᠯᠡᠬᠦ ᠴᠢᠬᠤᠯᠠᠲᠠᠢ ᠪᠠᠶᠢᠨ᠎ᠠ᠃                         2020  ᠣᠨ ᠤ ᠠᠵᠢᠯ ᠤᠨ ᠲᠣᠬᠢᠷᠠᠭᠤᠯᠤᠯᠲᠠ         2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠲᠥᠯᠥᠪᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠪᠦᠬᠦ ᠲᠠᠯ᠎ᠠ ᠶᠢ ᠪᠠᠷᠠᠯᠠᠵᠤ᠂ ᠲᠣᠰ ᠪᠡᠶ᠎ᠡ ᠪᠠᠨ ᠬᠢᠨᠠᠨ ᠠᠵᠢᠭᠯᠠᠵᠤ᠂ ᠪᠢᠳᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠳᠤ᠂ ᠶᠡᠭᠡ ᠬᠠᠨᠳᠤᠰᠢ ᠶᠢ ᠡᠵᠡᠮᠳᠡᠵᠦ᠂ ᠲᠤᠯᠭᠠᠷᠠᠵᠤ ᠪᠠᠶᠢᠭ᠎ᠠ ᠠᠵᠠ ᠲᠣᠬᠢᠶᠠᠯ ᠪᠣᠯᠤᠨ ᠥᠷᠢᠰᠥᠯᠳᠦᠭᠡᠨ ᠢ ᠲᠣᠳᠣᠷᠬᠠᠶ ᠪᠣᠯᠭᠠᠬᠤ ᠮᠥᠷᠲᠡᠭᠡᠨ ᠪᠠᠰᠠ ᠦᠵᠡᠯ ᠰᠠᠨᠠᠭ᠎ᠠ ᠪᠠᠨ ᠴᠢᠯᠥᠭᠡᠯᠡᠵᠦ᠂ ᠠᠵᠢᠯ ᠬᠢᠵᠦ ᠦᠢᠯᠡᠰ ᠪᠣᠰᠬᠠᠬᠤ ᠢᠲᠡᠭᠡᠯ ᠵᠣᠷᠢᠭ ᠢᠶᠠᠨ ᠪᠠᠲᠤᠳᠬᠠᠨ᠎ᠠ᠃ ᠭᠠᠳᠠᠭᠠᠳᠤ ᠬᠥᠭᠵᠢᠯᠲᠡ ᠶᠢᠨ ᠣᠷᠴᠢᠨ ᠲᠣᠭᠤᠷᠢᠨ ᠤ ᠨᠥᠬᠦᠴᠡᠯ ᠠᠴᠠ ᠦᠵᠡᠪᠡᠯ᠂ ᠤᠯᠤᠰ ᠠᠴᠠ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠲᠣᠭᠲᠠᠭᠤᠨ ᠵᠣᠭᠤᠰᠣᠨ ᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠠᠩ ᠶᠡᠭᠡ ᠬᠡᠪᠴᠢᠶ᠎ᠡ ᠪᠠᠷ ᠭᠠᠶᠢᠯᠢ ᠬᠥᠩᠭᠡᠯᠡᠬᠦ ᠰᠦᠢᠳᠭᠡᠯ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠵᠢᠯ ᠢ ᠨᠡᠮᠡᠭᠳᠡᠭᠦᠯᠪᠡ᠃ ᠵᠡᠭᠦᠨ ᠬᠡᠰᠡᠭ ᠤᠷᠤᠨ ᠪᠠ ᠪᠠᠷᠠᠭᠤᠨ ᠬᠡᠰᠡᠭ ᠣᠷᠣᠨ ᠤ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ ᠰᠢᠨ᠎ᠡ ᠪᠠᠶᠢᠷᠢᠰᠢᠯ ᠢ ᠪᠤᠢ ᠪᠣᠯᠭᠠᠬᠤ ᠵᠢᠯᠣᠭᠤᠳᠬᠤ ᠰᠠᠨᠠᠯ ᠢ ᠨᠡᠶᠢᠲᠡᠯᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠳᠤ ᠤᠷᠳᠤ ᠬᠤᠭᠤᠴᠠᠭᠠᠲᠦ ᠬᠦᠴᠦᠨ ᠪᠦᠬᠦᠢ ᠲᠥᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠬᠠᠩᠭᠠᠪᠠ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠤᠯᠤᠰ ᠠᠴᠠ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠵᠦ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠡ ᠶᠢᠨ ᠳᠡᠭᠡᠭᠰᠢᠯᠡᠯᠲᠡ ᠨᠢ ᠣᠯᠣᠰ ᠤᠨ ᠪᠠᠶᠢᠯᠳᠤᠬᠤ ᠪᠣᠳᠤᠯᠭ᠎ᠠ ᠶᠢᠨ ᠬᠠᠷᠠᠯᠲᠠ ᠪᠠᠶᠢᠵᠦ᠂ ᠮᠠᠨ ᠤ ᠬᠤᠰᠢᠭᠤᠨ ᠤ ᠬᠠᠲᠤᠨ ᠭᠤᠣᠯ ᠳᠠᠭᠠᠤ ᠳᠠᠬᠢ ᠠᠵᠤ ᠠᠬᠤᠢ ᠶᠢᠨ ᠪᠦᠰᠡ ᠶᠢ ᠪᠦᠲᠦᠭᠡᠨ ᠪᠠᠶᠢᠭᠤᠯᠬᠤ ᠳᠤ ᠠᠵᠠ ᠲᠣᠬᠢᠶᠠᠯ ᠤᠯᠭᠤᠪᠠ᠃ ᠥᠪᠡᠷᠲᠡᠭᠡᠨ ᠵᠠᠰᠠᠬᠤ ᠣᠷᠣᠨ ᠠᠴᠠ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠬᠦ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠢ ᠠᠬᠢᠭᠤᠯᠬᠤ ᠵᠡᠷᠭᠡ ᠠᠯᠢ ᠣᠯᠠᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠪᠤᠷᠤᠳᠤᠬᠤᠢ ᠶᠢᠨ ᠪᠦᠬᠦ ᠣᠷᠣᠨ ᠪᠦᠰᠡ ᠶᠢᠨ ᠪᠣᠬᠢᠷᠲᠤᠯ ᠦᠭᠡᠢ ᠣᠷᠭᠠᠨᠢᠭ ᠳᠡᠭᠡᠳᠦ ᠲᠡᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠷᠠᠯᠲᠠ ᠪᠣᠯᠤᠨ ᠰᠡᠳᠬᠢᠴᠡ ᠨᠢ ᠨᠠᠩ ᠲᠣᠳᠣᠷᠬᠠᠶ ᠪᠣᠯᠪᠠ᠃ ᠤᠯᠢᠶᠠᠰᠤ ᠨᠠᠭᠤᠷ ᠶᠢᠨ ᠰᠠᠪᠠ ᠭᠠᠵᠠᠷ ᠤᠨ ᠠᠭᠤᠯᠠ ᠣᠰᠣ ᠤᠢ ᠲᠠᠷᠢᠶ᠎ᠠ ᠨᠠᠭᠤᠷ ᠡᠪᠡᠰᠦ ᠶᠢᠨ ᠠᠮᠢ ᠠᠬᠤᠢ ᠶᠢᠨ ᠬᠠᠮᠠᠭᠠᠯᠠᠯᠳᠠ ᠶᠢ ᠰᠡᠷᠭᠦᠭᠡᠬᠦ ᠲᠤᠷᠰᠢᠯᠳᠠ ᠶᠢᠨ ᠴᠢᠭ ᠶᠢᠨ ᠲᠦᠷᠦᠯ ᠵᠦᠢᠯ ᠤᠨ ᠮᠠᠨ ᠤ ᠬᠤᠰᠢᠭᠤᠨ ᠳᠠᠬᠢ ᠪᠡᠯᠡ ᠤᠷᠤᠭᠤᠯᠤᠯᠳᠠ ᠨᠢ 34 ᠳ᠋ᠦᠩᠰᠢᠭᠤᠷ ᠲᠦᠭᠦᠷᠢᠭ ᠲᠤ ᠬᠦᠷᠴᠦ᠂  ᠪᠦᠬᠦ ᠬᠤᠳᠠ ᠶᠢᠨ 67%   ᠢ ᠡᠵᠡᠯᠡᠵᠦ᠂  ᠰᠠᠭᠤᠷᠢ ᠲᠤᠨᠤᠭ ᠲᠦᠬᠦᠭᠡᠷᠦᠮᠵᠢ ᠶᠢᠨ ᠲᠤᠳᠠᠭᠤᠳᠠᠯ ᠢ ᠨᠦᠬᠦᠪᠦᠷᠢᠯᠡᠵᠦ᠂ ᠠᠮᠢ ᠠᠬᠤᠢ᠂ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠲᠡᠭᠡᠭᠰᠢᠯᠡᠭᠦᠯᠬᠦ ᠳᠤ ᠬᠦᠴᠦᠨ ᠪᠦᠬᠦᠢ ᠪᠠᠳᠤᠯᠠᠭ᠎ᠠ ᠬᠠᠩᠭᠠᠪᠠ᠃ ᠮᠠᠨ ᠤ ᠬᠤᠰᠢᠭᠤᠨ ᠤ ᠲᠣᠰ ᠪᠡᠶ᠎ᠡ ᠶᠢᠨ ᠨᠥᠬᠦᠴᠡᠯ ᠠᠴᠠ ᠦᠵᠡᠪᠡᠯ᠂ ᠬᠡᠳᠦ᠋ᠢᠪᠡᠷ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠰᠢᠯᠵᠢᠯᠲᠡ ᠶᠢᠨ ᠬᠤᠭᠤᠴᠠᠭᠠᠨ ᠳᠤ ᠣᠷᠣᠰᠢᠵᠤ᠂ ᠠᠵᠤ ᠠᠬᠤᠢ ᠶᠢᠨ ᠨᠡᠮᠡᠭᠳᠡᠯ ᠤᠳᠠᠭᠠᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠣᠪᠤᠶᠢᠮ᠎ᠠ ᠪᠠᠶᠢᠭ᠎ᠠ ᠪᠣᠯᠪᠠᠴᠤ᠂ ᠤᠰᠤ ᠶᠢ ᠨᠢ ᠰᠢᠬᠠᠬᠤ᠂ ᠥᠷᠢ ᠥᠭᠴᠡᠭᠡ ᠶᠢ ᠨᠢ ᠠᠷᠢᠯᠭᠠᠬᠤ᠂  ᠦᠢᠯᠡᠳᠪᠦᠷᠢᠯᠡᠯ ᠤᠨ ᠴᠢᠳᠠᠪᠤᠷᠢ ᠶᠢ ᠨᠢ ᠪᠠᠭᠠᠰᠬᠠᠬᠤ᠂ ᠪᠣᠬᠢᠷᠲᠤᠯ ᠢ ᠵᠠᠰᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠨ ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠪᠠ ᠬᠥᠭᠵᠢᠯᠲᠡ ᠶᠢᠨ ᠳᠠᠷᠤᠭᠠᠰᠤ ᠨᠢ ᠶᠠᠭ ᠲᠦᠷᠭᠡᠨ ᠬᠠᠰᠤᠭᠳᠠᠵᠤ᠂ ᠠᠵᠤ ᠦᠢᠯᠡᠰ ᠤᠨ ᠪᠦᠲᠦᠴᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠢᠵᠢ ᠪᠦᠷᠢᠳᠦᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠥᠭᠵᠢᠯᠲᠡ ᠶᠢᠨ ᠳᠤᠲᠠᠭᠤᠳᠠᠯ ᠢ ᠪᠦᠲᠦᠮᠵᠢᠲᠡᠶ ᠨᠥᠬᠦᠪᠥᠷᠢᠯᠡᠵᠦ ᠪᠠᠶᠢᠨ᠎ᠠ᠃ ᠪᠤᠭᠤᠲᠤ ᠠᠴᠠ ᠢᠷᠭᠠᠶ ᠬᠦᠷᠬᠦ ᠲᠦᠷᠭᠡᠨ ᠤ ᠲᠡᠮᠦᠷ ᠵᠠᠮ ᠢ ᠤᠳᠠᠯ ᠦᠭᠡᠢ ᠡᠬᠢᠯᠡᠨ ᠪᠦᠲᠦᠭᠡᠨ ᠪᠠᠶᠢᠭᠤᠯᠵᠤ᠂ ᠲᠦᠷᠭᠡᠨ ᠤ ᠲᠡᠮᠦᠷ ᠵᠠᠮ ᠤᠨ ᠠᠵᠤ ᠠᠬᠤᠢ ᠶᠢᠨ ᠳᠠᠶᠢᠴᠢᠯᠠᠬᠤ ᠦᠢᠯᠡᠳᠦᠯ ᠴᠦ ᠠᠯᠬᠤᠮ ᠠᠯᠬᠤᠮ ᠢᠶᠠᠷ ᠢᠯᠡᠷᠡᠬᠦ ᠪᠣᠯᠤᠨ᠎ᠠ᠃ ᠡᠳᠡᠭᠡᠷ ᠠᠵᠠ ᠲᠣᠬᠢᠶᠠᠯ ᠪᠠ ᠳᠠᠪᠠᠭᠤᠯᠢᠭ ᠲᠤ ᠲᠦᠰᠢᠭᠯᠡᠨ᠂ ᠪᠢᠳᠡᠨ ᠳᠤ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠨ ᠨᠠᠩ ᠲᠦᠷᠭᠡᠨ ᠢᠶᠠᠷ ᠪᠡᠶᠡᠯᠡᠭᠦᠯᠬᠦ ᠨᠥᠬᠦᠴᠡᠯ ᠪᠦᠷᠢᠨ ᠪᠠᠶᠢᠨ᠎ᠠ᠃ ᠡᠭᠦᠨ ᠤ ᠲᠤᠯᠠᠳᠠ᠂ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭᠲᠠᠶ ᠪᠠᠷ ᠰᠢᠨ᠎ᠡ ᠶᠢ ᠡᠭᠦᠳᠴᠦ᠂  ᠱᠠᠯᠠᠮᠠᠭᠠᠶᠢᠯᠠᠨ ᠤᠷᠤᠭᠰᠢᠯᠠᠵᠤ᠂ ᠮᠠᠨ ᠤ ᠬᠤᠰᠢᠭᠤᠨ ᠤ ᠪᠣᠬᠢᠷᠲᠤᠯ ᠦᠭᠡᠢ ᠬᠥᠭᠵᠢᠯᠲᠡ᠂ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃      2020 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠠ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ᠂ ᠲᠦᠪ ᠬᠤᠷᠢᠶᠠᠨ ᠤ ᠲᠠᠷᠢᠶᠠᠯᠠᠬᠤ ᠮᠠᠯᠵᠢᠬᠤ ᠤᠷᠤᠨ ᠤ ᠠᠵᠢᠯ ᠤᠨ ᠬᠤᠷᠠᠯᠳᠤᠭᠠᠨ᠂ ᠦᠪᠡᠷᠳᠡᠭᠡᠨ ᠵᠠᠰᠠᠬᠤ ᠤᠷᠤᠨ ᠤ  ᠨᠠᠮ ᠤᠨ ᠬᠤᠷᠢᠶᠠᠨ ᠤ ᠪᠦᠬᠦ ᠬᠡᠰᠢᠭᠦᠳ  ᠤᠨ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠᠲᠤ ᠡᠭᠦᠷᠭᠡ ᠶᠢ ᠴᠢᠩᠭ᠎ᠠ ᠡᠵᠡᠮᠰᠢᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ‍ᠤᠨ‌‍ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ ᠡᠩ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠲᠤᠯᠤᠭᠠᠨ ᠭᠤᠷᠪᠠ︾ ᠶᠢᠨ ᠬᠥᠭᠵᠢᠯᠲᠡ ᠶᠢᠨ ᠰᠡᠳᠬᠢᠴᠡ ᠪᠠᠷ ᠵᠢᠯᠣᠭᠤᠳᠤᠮᠵᠢ ᠪᠣᠯᠭᠠᠵᠤ᠂ ︽ᠵᠢᠷᠭᠤᠭᠠᠨ ᠣᠷᠣᠨ ᠨᠢᠭᠡ ᠵᠠᠩᠬᠢᠯᠠᠭ᠎ᠠ︾ ᠶᠢ ᠪᠠᠶᠢᠭᠤᠯᠬᠤ ᠪᠠᠷ ᠬᠠᠷᠠᠯᠲᠠ  ᠪᠤᠯᠭᠠᠵᠤ᠂ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠡᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠣᠬᠢᠷᠲᠤᠯ ᠥᠬᠡᠶ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠬᠤᠲᠠ ᠬᠥᠳᠡᠭᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨᠬᠦ ᠪᠠᠲᠤᠯᠠᠨ᠎ᠠ᠃      ᠭᠤᠣᠯ ᠵᠢᠱᠢᠭᠰᠡᠨ ᠬᠠᠷᠠᠯᠲᠠ ᠪᠣᠯ᠄ 2020 ᠣᠨ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠠᠵᠤ ᠠᠬᠤᠢ ᠶᠢᠨ ᠡᠷᠭᠢᠯᠲᠡ ᠶᠢ ᠲᠣᠭᠲᠠᠭᠤᠨ ᠤ ᠳᠤᠮᠳᠠ ᠤᠷᠤᠭᠰᠢᠯᠠᠯᠲᠠ ᠲᠠᠢ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃       ᠨᠢᠭᠡ᠂ ᠭᠤᠤᠯᠳᠠᠯᠭ᠎ᠠ ᠶᠢ ᠠᠳᠬᠤᠵᠤ᠂ ᠬᠤᠷᠢᠭ᠎ᠠ ᠱᠤᠭᠤᠮ ᠢ ᠰᠠᠬᠢᠵᠤ᠂ ᠭᠤᠷᠪᠠᠨ ᠶᠡᠭᠡ ᠪᠣᠭᠤᠮᠲᠠ ᠶᠢ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ      ᠭᠤᠷᠪᠠᠨ ᠶᠡᠭᠡ ᠪᠣᠭᠤᠮᠲᠠ ᠶᠢ ᠰᠢᠪᠲᠤᠯᠬᠤ ᠳᠠᠶᠢᠯᠠᠯᠳᠤᠭᠠᠨ ᠪᠤᠯ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ  ᠬᠠᠮᠤᠭ ᠲᠤᠮᠤ ᠤᠴᠢᠷ ᠶᠤᠮ᠂ ᠪᠠᠰᠠᠴᠤ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠬᠦ ᠡᠷᠬᠡᠪᠰᠢ ᠬᠡᠳᠦᠯᠬᠦ ᠪᠤᠭᠤᠮᠳᠠ ᠪᠤᠯᠤᠨ᠎ᠠ᠃ ᠪᠢᠳᠠ ᠡᠷᠬᠡᠪᠰᠢ ᠤᠯᠣᠰ ᠲᠦᠷᠦ ᠶᠢᠨ ᠵᠤᠭᠰᠤᠴᠠ ᠪᠠᠨ ᠦᠨᠡᠨᠬᠦ ᠲᠡᠭᠡᠭᠰᠢᠯᠡᠭᠦᠯᠵᠦ᠂ ᠠᠰᠠᠭᠤᠳᠠᠯ ᠢᠶᠠᠷ ᠵᠢᠯᠤᠭᠤᠳᠤᠮᠵᠢ ᠪᠤᠯᠭᠠᠵᠤ᠂  ᠦᠷᠭᠦᠯᠵᠢᠯᠡᠨ ᠤᠨᠤᠪᠴᠢᠳᠠᠢ ᠪᠠᠷ ᠬᠦᠴᠦᠯᠡᠵᠦ᠂  ᠬᠠᠷᠠᠯᠳᠠᠳᠤ ᠡᠭᠦᠷᠬᠡ ᠪᠠᠨ ᠴᠢᠨᠠᠷ ᠰᠠᠶᠢᠳᠠᠢ ᠪᠡᠶᠡᠯᠡᠭᠦᠯᠬᠦ ᠬᠡᠷᠡᠭᠳᠡᠢ᠃     ︵ᠨᠢᠭᠡ︶ ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠨᠠᠮᠳᠠᠳᠬᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠰᠦᠪ ᠤᠨ ᠪᠡᠯᠡ ᠮᠥᠩᠭᠦ ᠶᠢ ᠲᠣᠬᠢᠷᠠᠭᠤᠯᠬᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠰᠤᠯᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ᠂ ᠥᠷᠢ ᠥᠭᠴᠡᠭᠡ ᠶᠢ ᠦᠭᠡᠶᠢᠰᠬᠡᠬᠦ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠴᠢᠷᠮᠠᠶᠢᠨ ᠣᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠦᠭᠡᠶᠢᠰᠬᠡᠵᠦ᠂ 5.68  ᠳ᠋ᠦᠩᠰᠢᠭᠤᠷ ᠲᠦᠭᠦᠷᠢᠭ ᠤᠨ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠦᠨᠡᠨᠬᠦ ᠤᠷᠤᠭᠰᠢᠲᠠᠢ ᠪᠡᠶᠡᠯᠡᠭᠦᠯᠵᠦ᠂ ᠤᠯᠤᠰ ᠤᠨ ᠲᠦᠷᠢᠮᠳᠦ ᠰᠢᠶᠠᠨ ᠤ ᠦᠷᠢ ᠦᠭᠴᠡᠭᠡ ᠶᠢ ᠠᠷᠢᠯᠭᠠᠬᠤ ᠲᠤᠷᠰᠢᠯᠳᠠ ᠶᠢᠨ ᠴᠢᠭ ᠤᠨ ᠬᠦᠷᠢᠶ᠎ᠡ ᠬᠡᠪᠴᠢᠶᠡᠨ ᠳᠤ ᠤᠷᠤᠬᠤ ᠪᠠᠷ ᠴᠢᠷᠮᠠᠶᠢᠨ᠎ᠠ᠃ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠲᠠᠩᠰᠠᠨ ᠵᠤᠭᠤᠰ ᠢ ᠴᠡᠪᠡᠷᠯᠡᠬᠦ ᠠᠵᠢᠯ ᠢ ᠯᠠᠪᠳᠠᠭᠤᠨ ᠠᠬᠢᠭᠤᠯᠵᠤ ᠂ ᠵᠢᠯ ᠤᠨ ᠲᠤᠳᠤᠷ᠎ᠠ ᠦᠯᠡᠳᠡᠭᠰᠡᠨ 2.4 ᠳ᠋ᠦᠩᠰᠢᠭᠤᠷ ᠲᠦᠭᠦᠷᠢᠭ ᠢ ᠴᠡᠪᠡᠷᠯᠡᠬᠦ ᠡᠭᠦᠷᠬᠡ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ PPP ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠦᠢᠯᠡᠴᠢᠯᠡᠭᠡᠨ ᠤ ᠠᠵᠢᠯ ᠢ ᠬᠠᠤᠯᠢ ᠶᠣᠰᠣᠭᠠᠷ ᠵᠢᠷᠤᠮᠵᠢᠭᠤᠯᠵᠤ᠂ ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠢ ᠲᠡᠮᠡᠴᠡᠨ ᠣᠯᠵᠤ᠂ ᠬᠠᠤᠯᠢ ᠲᠣᠭᠲᠠᠭᠠᠯ  ᠢ ᠵᠥᠷᠢᠴᠡᠨ ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠠᠤᠯᠢ ᠪᠤᠰᠤ ᠪᠠᠷ ᠢᠨᠲ᠋ᠧᠷ ᠰᠦᠯᠵᠢᠶᠡᠨ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠣᠷᠴᠢᠨ  ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃      ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠣᠨ᠎ᠠ᠃ ︽ᠶᠠᠳᠠᠭᠤ ᠠᠴᠠ ᠠᠩᠭᠢᠵᠢᠷᠠᠭᠤᠯᠵᠤ   ᠪᠤᠭᠤᠮᠳᠠ ᠶᠢ  ᠰᠢᠪᠳᠤᠯᠬᠤ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠭᠦᠯᠬᠦ ᠵᠢᠯ︾ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠦᠨ᠂ ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠪᠠᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠤᠬᠤ ᠶᠢ ᠪᠠᠲᠤᠯᠠᠨ᠎ᠠ᠃ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠤᠶᠢᠷ᠎ᠠ ᠶᠢᠨ ᠵᠢᠯ ᠤᠳ ᠲᠤ ᠲᠦᠪᠯᠡᠷᠡᠭᠦᠯᠦᠨ ᠪᠤᠭᠤᠮᠳᠠ ᠶᠢ ᠰᠢᠪᠳᠤᠯᠬᠤ ᠪᠠᠷ ᠲᠠᠮᠵᠢᠨ ᠶᠠᠳᠠᠭᠤ ᠬᠦᠴᠢᠷᠳᠡᠯᠳᠡᠢ ᠬᠦᠮᠦᠨ ᠠᠮᠠ ᠨᠢᠭᠡᠨᠳᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠤᠵᠢᠮ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠣᠳᠣᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ ᠳᠠᠮᠵᠢᠵᠤ᠂ ᠢᠯᠡ ᠲᠣᠳᠣ ᠣᠨᠴᠠᠯᠢᠭ ᠲᠠᠢ᠂ ᠳᠠᠶᠢᠴᠢᠯᠠᠬᠤ ᠬᠡᠪᠴᠢᠶ᠎ᠡ ᠪᠠᠷ ᠥᠷᠭᠡᠨ᠂ ᠥᠷᠢᠰᠦᠯᠳᠦᠬᠦ ᠬᠦᠴᠦᠨ ᠲᠠᠢ ᠶᠠᠳᠠᠭᠤ ᠶᠢ ᠲᠡᠳᠬᠦᠬᠦ ᠭᠤᠣᠯᠯᠠᠭᠴᠢ ᠠᠵᠤ ᠦᠢᠯᠡᠰ ᠢ ᠪᠠᠶᠢᠭᠤᠯᠵᠤ᠂ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ ᠶᠢᠨ ᠠᠵᠤ ᠦᠢᠯᠡᠰ ᠤᠨ ᠰᠠᠭᠤᠷᠢ ᠪᠠ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠬᠤ ᠶᠢ ᠵᠣᠷᠢᠭᠵᠢᠭᠤᠯᠵᠤ᠂ ᠣᠯᠠᠨ ᠡᠰᠢᠵᠢᠭᠰᠡᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 5536 ᠡᠷᠦᠬᠡ 10079 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠠᠶᠢᠴᠢᠯᠠᠨ ᠲᠤᠭᠳᠠᠭᠤᠨ ᠢᠶᠠᠷ ᠶᠠᠳᠠᠭᠤ ᠠᠴᠠ  ᠠᠩᠭᠢᠵᠢᠷᠠᠬᠤ ᠶᠢ ᠪᠡᠶᠡᠯᠡᠬᠦᠯᠦᠨ᠎ᠡ᠃ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠬᠢᠭᠡᠳ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢᠨ ᠬᠤᠯᠪᠣᠭ᠎ᠠ ᠶᠢ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠴᠠᠬᠤ ᠬᠡᠮᠵᠢᠶ᠎ᠡ ᠪᠠ ᠰᠢᠭᠤᠳ ᠠᠰᠢᠭ ᠬᠦᠷᠲᠡᠬᠦ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠳᠠᠮᠵᠢᠵᠤ᠂ ᠲᠠᠷᠬᠠᠯᠲᠠ ᠶᠢᠨ ᠬᠡᠯᠪᠡᠷᠢ ᠶᠢᠨ ᠭᠡᠷᠡᠯᠯᠢᠭ ᠴᠠᠬᠢᠯᠭᠠᠨ ᠤ ᠲᠥᠷᠥᠯ ᠵᠦᠢᠯ ᠤᠨ ᠲᠣᠭᠲᠠᠭᠤᠨ ᠢᠶᠠᠷ  ᠶᠠᠪᠤᠭᠳᠠᠬᠤ ᠶᠢ ᠪᠠᠲᠤᠯᠠᠨ᠂ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠢᠶᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ ᠨᠢᠭᠡ ᠪᠦᠯᠦᠭ ᠲᠣᠰᠬᠤᠨ ᠤ ᠬᠠᠮᠲᠤ ᠶᠢᠨ ᠲᠥᠷᠥᠯ ᠵᠦᠢᠯ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ︽ᠬᠦᠴᠦ ᠵᠣᠷᠢᠭ ᠣᠶᠤᠨ ᠤᠬᠠᠭᠠᠨ ᠢ ᠬᠤᠤᠰᠯᠠᠭᠤᠯᠤᠨ ᠲᠡᠳᠬᠦᠬᠦ︾ ᠶᠢ ᠳᠣᠪᠤᠶᠢᠯᠭᠠᠵᠤ᠂ ᠦᠵᠡᠯ ᠰᠠᠨᠠᠭᠠᠨ ᠤ ᠬᠥᠮᠦᠵᠢᠯ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠡᠷᠦᠬᠡ ᠶᠢ ᠵᠣᠷᠢᠭᠵᠢᠭᠤᠯᠤᠨ ᠵᠢᠵᠢᠭ ᠪᠢᠴᠢᠯ ᠠᠵᠤ ᠦᠢᠯᠡᠰ ᠢ ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠨ᠎ᠡ᠃ ︽ᠶᠠᠳᠠᠷᠠᠭᠤᠷᠬᠤ ᠶᠢ ᠤᠷᠢᠳᠴᠢᠯᠠᠨ ᠰᠡᠷᠡᠮᠵᠢᠯᠡᠭᠦᠯᠬᠦ᠂ ᠭᠡᠨᠡᠳᠲᠡ ᠶᠠᠳᠠᠭᠤᠷᠠᠬᠤ ᠶᠢ ᠰᠢᠢᠳᠪᠦᠷᠢᠯᠡᠬᠦ᠂ ᠶᠠᠳᠠᠭᠤ ᠠᠴᠠ ᠠᠩᠭᠢᠵᠢᠷᠠᠭᠤᠯᠤᠨ ᠲᠣᠭᠲᠠᠭᠤᠨ ᠪᠠᠶᠢᠯᠭᠠᠬᠤ︾ ᠣᠨᠣᠪᠴᠢᠲᠠᠶ ᠪᠠᠷ ᠶᠠᠳᠠᠭᠤ ᠶᠢ ᠰᠡᠷᠭᠡᠶᠢᠯᠡᠬᠦ  ᠵᠤᠬᠢᠴᠠᠮᠵᠢ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ᠎ᠡ᠃      ︵ᠭᠤᠷᠪᠠ︶ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠲᠤ ᠬᠤᠭᠤᠴᠠᠭᠠᠲᠤ ᠵᠤᠬᠢᠴᠠᠮᠵᠢ ᠶᠢ ᠪᠦᠷᠢᠨ ᠲᠡᠭᠦᠯᠳᠡᠷᠵᠢᠭᠦᠯᠦᠨ᠎ᠡ᠃ ᠲᠥᠪ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠭᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠴᠡᠭᠴᠡᠯᠡᠨ ᠵᠠᠰᠠᠬᠤ ᠠᠵᠢᠯ ᠢᠶᠠᠨ ᠴᠠᠭ ᠲᠤᠬᠠᠶ ᠳᠤᠨᠢ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ︾ ᠶᠢ ᠬᠠᠮᠠᠭᠠᠯᠠᠬᠤ ᠳᠠᠶᠢᠨ ᠢ ᠰᠠᠶᠢᠲᠤᠷ ᠬᠢᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ︽ᠰᠤᠯᠠ ᠵᠠᠳᠠᠭᠠᠢ᠂ ᠡᠮᠬᠢ ᠵᠠᠮᠪᠠᠷᠠᠭ᠎ᠠ ᠦᠬᠡᠢ᠂ ᠪᠤᠵᠠᠷ︾ ᠠᠵᠤ ᠠᠬᠤᠶᠢᠯᠠᠯ ᠢ ᠴᠡᠭᠴᠡᠯᠡᠬᠦ ᠠᠵᠢᠯ ᠢ ᠰᠠᠶᠢᠳᠤᠷ ᠠᠳᠬᠤᠵᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠡᠰᠢ ᠰᠦᠷᠡᠯ ᠢ ᠰᠢᠲᠠᠭᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠳᠤᠯᠠᠭᠠᠯᠠᠭ᠎ᠠ ᠴᠡᠪᠡᠷᠯᠡᠯᠲᠡ ᠶᠢᠨ ᠠᠬᠢᠴᠠ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠪᠤᠵᠠᠷ ᠤᠰᠤ ᠶᠢᠨ ᠭᠠᠳᠠᠭᠰᠢᠯᠠᠭᠤᠯᠤᠯᠲᠠ᠂ ᠲᠣᠭᠤᠰᠣ ᠰᠢᠷᠣᠶ ᠶᠢᠨ ᠪᠣᠬᠢᠷᠲᠤᠯ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠤᠤᠯ ︵ᠨᠠᠭᠤᠷ︶ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ ᠭᠤᠤᠯ ︵ᠨᠠᠭᠤᠷ︶ ᠤᠨ ᠳᠥᠷᠪᠡᠨ ᠰᠠᠮᠠᠭᠤᠷᠠᠯ ᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠯᠢᠶᠠᠰᠤ ᠨᠠᠭᠤᠷ ᠤᠨ ᠰᠠᠪᠠ ᠭᠠᠵᠠᠷ ᠠᠭᠤᠯᠠ ᠤᠰᠤ ᠤᠢ ᠲᠠᠷᠢᠶ᠎ᠠ ᠨᠠᠭᠤᠷ  ᠡᠪᠡᠰᠦ ᠵᠢᠨ‌ᠠᠮᠢ ᠠᠬᠤᠢ ᠶᠢᠨ ᠬᠠᠮᠠᠭᠠᠯᠠᠯᠳᠠ ᠶᠢ ᠵᠠᠰᠠᠬᠤ ᠲᠤᠷᠰᠢᠯᠳᠠ ᠶᠢᠨ  ᠴᠢᠭ ᠤᠨ ᠢᠨᠵᠧᠨᠧᠷᠢᠩ   ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ  ᠲᠦᠷᠭᠡᠳᠬᠡᠨ ᠠᠬᠢᠭᠤᠯᠵᠤ᠂ ᠪᠦᠳᠦᠬᠡᠨ ᠪᠠᠶᠢᠭᠤᠯᠤᠯᠳᠠ ᠶᠢᠨ ᠡᠭᠦᠷᠬᠡ ᠪᠠᠨ ᠴᠠᠭ ᠲᠤᠬᠠᠢ ᠳᠤᠨᠢ ᠪᠡᠶᠡᠯᠡᠭᠦᠯᠬᠦ  ᠶᠢ ᠦᠨᠡᠨᠬᠦ ᠪᠠᠳᠤᠯᠠᠨ᠎ᠠ᠃ ᠣᠰᠣᠨ ᠳᠤ ᠬᠤᠯᠪᠤᠭᠳᠠᠭᠰᠠᠨ ᠰᠤᠯᠠ  ᠭᠠᠳᠠᠭᠰᠢᠯᠠᠭᠤᠯᠬᠤ ᠠᠵᠤ ᠠᠬᠤᠶᠢᠯᠠᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠬᠤᠳᠠ ᠪᠠᠯᠭᠠᠰᠤ᠂ ᠠᠵᠤ ᠦᠢᠯᠡᠳᠪᠦᠷᠢ ᠶᠢᠨ ᠲᠤᠭᠤᠷᠢᠭ ᠤᠨ ᠪᠤᠵᠠᠷ ᠤᠰᠤ ᠰᠡᠢᠳᠪᠦᠷᠢᠯᠡᠬᠦ ᠦᠢᠯᠡᠳᠪᠦᠷᠢ ᠶᠢᠨ ᠠᠵᠢᠯᠯᠠᠭ᠎ᠠ ᠶᠢ ᠲᠤᠭᠳᠠᠪᠤᠷᠢᠵᠢᠭᠤᠯᠵᠤ᠂ ᠶᠡᠭᠡ ᠰᠢᠬᠡᠳᠡᠢ᠂ ᠪᠠᠶᠠᠨᠬᠤᠸᠠ ᠶᠢᠨ ᠪᠤᠵᠠᠷ ᠤᠰᠤ ᠰᠡᠢᠳᠪᠦᠷᠢᠯᠡᠬᠦ ᠦᠢᠯᠡᠳᠪᠦᠷᠢ ᠶᠢ ᠲᠡᠰ ᠲᠤ ᠭᠠᠷᠭᠠᠬᠤ ᠦᠬᠡᠷᠡᠴᠢᠯᠡᠯᠳᠡ ᠶᠢ ᠠᠬᠢᠭᠤᠯᠵᠤ᠂ ᠪᠠᠷᠢᠮᠵᠢᠶ᠎ᠠ ᠳᠤ ᠬᠦᠷᠭᠡᠬᠦ  ᠶᠢ ᠦᠨᠡᠨᠬᠦ ᠪᠠᠳᠣᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠬᠦᠷᠦᠰᠦ ᠰᠢᠷᠤᠢ ᠶᠢᠨ ᠪᠣᠬᠢᠷᠳᠠᠯ ᠢ ᠰᠡᠷᠭᠡᠶᠢᠯᠡᠨ ᠵᠠᠰᠠᠬᠤ  ᠠᠵᠢᠯ ᠢ ᠴᠢᠩᠭᠠᠳᠬᠠᠵᠤ᠂ ᠲᠠᠷᠢᠶᠠᠯᠠᠩ ᠤᠨ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠡᠭᠡ ᠰᠢᠭᠡᠲᠡᠢ ᠪᠠᠷ ᠲᠥᠪ ᠪᠣᠯᠭᠠᠨ᠂ ᠬᠤᠸᠠ ᠨᠠᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠢᠶᠠᠷ ᠲᠦᠰᠢᠭ ᠪᠣᠯᠭᠠᠵᠤ᠂ ᠵᠦᠩ ᠬᠤᠸᠠ᠂ ᠵᠦᠩ ᠯᠢᠶᠠᠩ ᠵᠡᠷᠭᠡ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠢᠶᠠᠷ ᠠᠴᠢᠶᠠᠯᠠᠪᠤᠷᠢ ᠪᠣᠯᠭᠠᠨ᠂ ᠪᠦᠬᠦ ᠬᠤᠰᠢᠭᠤ ᠶᠢ ᠬᠠᠮᠤᠷᠤᠭᠰᠠᠨ ᠲᠣᠮᠣ ᠬᠡᠯᠪᠡᠷᠢ ᠶᠢᠨ ᠪᠣᠷᠳᠣᠭᠤᠷ ᠲᠣᠬᠢᠷᠠᠭᠤᠯᠬᠤ ᠲᠥᠪ ᠢ ᠪᠠᠶᠢᠭᠤᠯᠵᠤ᠂ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ  ᠶᠢ ᠲᠣᠰ ᠲᠣᠰ 2.7 % ᠪᠠ 2 % ᠢᠶᠠᠷ ᠳᠡᠭᠡᠭᠰᠢᠯᠡᠭᠦᠯᠵᠦ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠪᠠ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ ᠲᠣᠰ ᠲᠣᠰ 100 % ᠪᠠ 85 % ᠲᠤ ᠬᠦᠷᠭᠡᠨ᠎ᠡ᠃ ᠤᠶᠤᠨᠲᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠬᠤᠳᠳᠤᠭ ᠴᠠᠬᠢᠯᠭᠠᠨ  ᠪᠠᠷ ᠳᠠᠪᠬᠤᠷ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤ ᠬᠡᠷᠡᠭᠯᠡᠬᠦ ᠭᠦᠢᠴᠡᠳᠭᠡᠬᠦ ᠲᠤᠭ᠎ᠠ ᠶᠢ ᠨᠣᠷᠮ᠎ᠠ ᠲᠣᠭᠲᠠᠭᠠᠨ ᠬᠠᠮᠢᠶᠠᠷᠬᠤ ᠪᠠ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ 855 ᠲᠦᠮᠡᠨ ᠪᠤᠰᠤᠭ᠎ᠠ ᠲᠦᠷᠪᠡᠯᠵᠢᠨ ᠮᠧᠲᠷ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ  ᠪᠠᠭᠠᠰᠬᠠᠪᠠ᠃ ᠮᠤᠨᠠ ᠠᠭᠤᠯᠠ ᠶᠢᠨ ᠡᠷᠭᠢᠨ ᠲᠣᠭᠤᠷᠢᠨ ᠤ ᠠᠮᠢ ᠠᠬᠤᠶ ᠶᠢ ᠵᠠᠰᠠᠨ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠪᠠᠶᠠᠨᠴᠠᠭᠠᠨ ᠠᠭᠤᠯᠠ᠂ ᠴᠠᠰᠤᠲᠠᠢ ᠠᠭᠤᠯᠠᠨ  ᠤ ᠭᠠᠵᠠᠷ ᠤᠨ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠲᠦᠷᠭᠡᠳᠬᠡᠨ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠬᠤ᠂ ᠬᠠᠳᠤᠨ ᠭᠤᠤᠯ ᠳᠠᠭᠠᠤ  ᠲᠡᠮᠦᠷ ᠵᠠᠮ ᠳᠠᠭᠠᠤ ᠶᠢᠨ ᠪᠣᠬᠢᠷᠲᠤᠯ ᠥᠬᠡᠶ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠦᠨ᠎ᠡ᠃ ᠪᠡᠭᠡᠵᠢᠩ  ᠂ ᠲᠢᠶᠠᠨᠵᠢᠨ ᠤ ᠡᠯᠡᠰᠦᠨ ᠰᠢᠭᠤᠷᠭ᠎ᠠ ᠶᠢᠨ ᠢᠷᠡᠯᠳᠡ ᠶᠢ ᠵᠠᠰᠠᠬᠤ᠂ ᠪᠠᠶᠢᠭᠠᠯᠢ  ᠶᠢᠨ ᠬᠠᠮᠠᠭᠠᠯᠠᠯᠲᠠ ᠶᠢᠨ ᠣᠢ ᠵᠡᠷᠭᠡ ᠠᠮᠢ ᠠᠬᠤᠢ ᠶᠢ ᠵᠠᠰᠠᠨ ᠰᠡᠷᠭᠦᠭᠡᠬᠦ ᠲᠥᠷᠥᠯ ᠵᠦᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ 6 ᠲᠦᠮᠡᠨ ᠮᠤ᠋ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ 50 ᠲᠡᠭᠰᠢ ᠳᠥᠷᠪᠡᠯᠵᠢᠨ ᠺᠢᠯᠦᠮᠧᠲᠷ ᠬᠥᠷᠥᠰᠥ ᠰᠢᠷᠣᠢ ᠶᠢᠨ ᠢᠳᠡᠭᠳᠡᠯ ᠢ ᠵᠠᠰᠠᠨ᠎ᠠ᠃       ᠬᠤᠶᠠᠷ᠂ ᠲᠥᠷᠥᠯ ᠵᠦᠢᠯ ᠢ ᠠᠳᠬᠤᠨ᠂ ᠨᠦᠬᠡᠴᠡ ᠬᠦᠴᠦᠨ ᠢ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ      ᠬᠦᠭᠵᠢᠭᠰᠡᠨ ᠤᠯᠤᠰ ᠤᠨ ︽ᠠᠵᠤ ᠦᠢᠯᠡᠳᠪᠦᠷᠢᠯᠡᠯ ᠢ ᠪᠠᠭᠠᠰᠬᠠᠬᠤ︾ ᠠᠴᠠ ︽ᠲᠠᠬᠢᠨ ᠦᠢᠯᠡᠳᠪᠦᠷᠢᠵᠢᠭᠦᠯᠬᠦ︾ ᠬᠦᠭᠵᠢᠯᠳᠡ ᠶᠢᠨ ᠲᠡᠦᠬᠡᠨ ᠶᠠᠪᠤᠴᠠ ᠨᠢ ᠠᠵᠤ ᠦᠢᠯᠡᠳᠪᠦᠷᠢ ᠪᠤᠯ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠤᠯᠭᠠᠭᠤᠷᠢ ᠪᠤᠯᠬᠤ ᠶᠢ ᠬᠦᠢᠴᠡᠳ ᠲᠣᠳᠣᠷᠬᠠᠶᠢᠯᠠᠪᠠ᠃ ᠤᠳᠤᠬᠠᠨ ᠳᠤ ᠮᠠᠨ ᠤ ᠬᠤᠰᠢᠭᠤ ᠨᠢ ᠬᠡᠳᠦᠶᠢᠪᠡᠷ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠬᠦᠭᠵᠢᠯᠳᠡ ᠶᠢᠨ ᠲᠤᠮᠳᠠ ᠪᠠᠭ᠎ᠠ ᠪᠤᠰᠤ ᠬᠦᠴᠢᠷᠳᠠᠯ ᠳᠤ ᠤᠴᠠᠷᠠᠭᠰᠠᠨ ᠪᠤᠯᠪᠠᠴᠤ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠭᠤᠶᠢᠪᠢᠵᠦ ᠪᠤᠯᠬᠤ ᠦᠬᠡᠢ᠃ ᠪᠢᠳᠠ ᠬᠠᠳᠠᠭᠠᠯᠠᠮᠵᠢ ᠶᠢᠨ ᠬᠡᠮᠵᠢᠶᠡᠨ ᠠᠴᠠ ᠦᠷ᠎ᠡ ᠠᠰᠢᠭ ᠤᠯᠬᠤ᠂ ᠨᠡᠮᠡᠭᠳᠡᠯ ᠤᠨ ᠬᠡᠮᠵᠢᠶ᠎ᠡ ᠠᠴᠠ ᠬᠦᠭᠵᠢᠯᠳᠡ ᠲᠠᠢ ᠪᠤᠯᠬᠤ ᠶᠢ ᠪᠠᠷᠢᠮᠳᠠᠯᠠᠵᠤ᠂ ︽ᠬᠠᠭᠤᠴᠢᠨ ᠨᠡᠷ᠎ᠡ ᠲᠡᠮᠳᠡᠭᠳᠦ︾ ᠶᠢ ᠦᠭᠡᠷᠡᠴᠢᠯᠡᠨ ᠲᠡᠰ ᠲᠡᠪᠰᠢᠭᠦᠯᠵᠦ᠂ ︽ᠰᠢᠨ᠎ᠡ ᠨᠡᠷ᠎ᠡ ᠲᠡᠮᠳᠡᠭᠳᠦ︾ ᠶᠢ ᠪᠤᠶᠢᠵᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠬᠠᠮᠵᠢᠯᠴᠢᠨ ᠬᠦᠭᠵᠢᠬᠦ ᠶᠢ ᠠᠬᠢᠭᠤᠯᠪᠠ᠃     ︵ᠨᠢᠭᠡ︶ ᠠᠵᠤ ᠦᠢᠯᠡᠳᠪᠦᠷᠢ ᠶᠢᠨ ᠬᠥᠭᠵᠢᠯᠲᠡ ᠶᠢᠨ ᠲᠠᠪᠴᠠᠩ  ᠢ ᠪᠠᠬᠢᠵᠢᠭᠦᠯᠦᠨ᠎ᠡ᠃ ᠣᠷᠣᠨ ᠵᠠᠶ ᠪᠣᠯᠤᠨ ᠠᠵᠤ ᠦᠢᠯᠡᠰ ᠤᠨ ᠪᠠᠶᠢᠷᠢᠰᠢᠯᠲᠠ ᠶᠢ ᠰᠢᠯᠢᠳᠡᠭᠵᠢᠭᠦᠯᠦᠨ᠎ᠡ᠃ ᠪᠤᠭᠤᠲᠤ ᠶᠢᠨ ᠪᠠᠷᠠᠭᠤᠨ ᠲᠡᠭᠦᠷᠭᠡ ᠵᠢᠨ‌ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠵᠦ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ᠂ ᠠᠵᠤ ᠦᠢᠯᠡᠰ ᠤᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠ ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠢᠳᠡᠭᠡᠨ ᠤ ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠰ ᠤᠨ ᠲᠦᠯᠦᠪᠵᠢᠭᠦᠯᠭᠡ ᠪᠠ ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ᠎ᠡ᠃ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠣᠰᠣᠭᠠᠷ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠲᠣᠭᠤᠷᠢᠭ ᠤᠨ ᠠᠵᠤ ᠦᠢᠯᠡᠰ ᠢ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠲᠣᠭᠤᠷᠢᠭ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠢ ᠴᠡᠪᠡᠷᠯᠡᠨ ᠴᠡᠭᠴᠡᠯᠡᠵᠦ᠂ ᠬᠦᠷᠢᠶᠠᠯᠡᠭᠰᠡᠨ ᠪᠣᠯᠪᠠᠴᠦ ᠪᠠᠶᠢᠭᠤᠯᠤᠭᠰᠠᠨ ᠥᠬᠡᠶ᠂ ᠶᠡᠭᠡ ᠬᠦᠷᠢᠶᠡᠯᠠᠵᠦ ᠪᠠᠭ᠎ᠠ ᠪᠠᠶᠢᠭᠤᠯᠬᠤ ᠵᠡᠷᠭᠡ ᠦᠷ᠎ᠡ ᠠᠰᠢᠭ ᠢᠶᠠᠷ ᠳᠣᠤᠷ᠎ᠠ  ᠬᠡᠷᠡᠭᠯᠡᠭᠡᠨ ᠤ ᠭᠠᠵᠠᠷ ᠤᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠲᠣᠭᠤᠷᠢᠭ ᠤᠨ ᠡᠷᠡᠭᠦᠯ ᠪᠥᠭᠡᠳ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠰᠠᠭᠤᠷᠢ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠺᠤᠮᠫᠠᠨᠢᠴᠢᠯᠠᠭᠰᠠᠨ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠯᠡᠵᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ᠂ ᠲᠤᠰᠬᠠᠶ ᠲᠦᠷᠦᠯ ᠤᠨ ᠪᠠᠯᠠ ᠮᠥᠩᠭᠦ ᠪᠠ ᠨᠡᠶᠢᠭᠡᠮ ᠤᠨ ᠬᠥᠷᠥᠩᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠪᠤᠭᠤᠲᠤ ᠶᠢᠨ ᠪᠠᠷᠠᠭᠤᠨ ᠲᠡᠭᠦᠷᠭᠡ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠭᠠᠯ ᠤᠨᠲᠠᠷᠠᠭᠠᠬᠤ ᠣᠨᠴᠠ ᠦᠢᠯᠡᠴᠢᠯᠡᠭᠡᠨ ᠤ ᠥᠷᠲᠡᠭᠡ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠣᠷᠳᠣᠨ᠂ ᠪᠣᠬᠢᠷ ᠤᠰᠤᠨ ᠤ ᠬᠤᠭᠤᠯᠠᠶ ᠶᠢᠨ ᠲᠣᠤᠷ᠂ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠵᠡᠷᠭᠡ ᠰᠠᠭᠤᠷᠢ ᠲᠣᠨᠤᠭ ᠲᠦᠬᠦᠭᠡᠷᠦᠮᠵᠢ ᠶᠢ ᠴᠢᠷᠮᠠᠶᠢᠨ ᠪᠡᠶᠡᠯᠡᠭᠦᠯᠵᠦ᠂ ᠲᠡᠮᠦᠷ ᠵᠠᠮ ᠤᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠢᠳᠡᠭᠡᠨ ᠤ ᠵᠦᠢᠯ ᠤᠨ ᠠᠵᠤ ᠦᠢᠯᠡᠳᠪᠦᠷᠢ ᠶᠢᠨ  ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠵᠠᠯᠭᠠᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠲᠣᠭᠤᠷᠢᠭ ᠤᠨ ᠠᠴᠢᠶᠠᠯᠠᠪᠦᠷᠢ ᠶᠢᠨ ᠴᠢᠳᠠᠪᠦᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠡᠮᠵᠢᠶ᠎ᠡ ᠶᠢ ᠨᠡᠮᠡᠭᠳᠡᠭᠦᠯᠦᠨ ᠴᠠᠬᠢᠯᠭᠠᠨ ᠲᠦᠭᠡᠭᠡᠬᠦ ᠲᠤᠷᠰᠢᠯᠲᠠ ᠶᠢᠨ ᠴᠢᠭ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠰᠠᠯᠬᠢᠨ ᠭᠡᠷᠡᠯ ᠴᠠᠬᠢᠯᠭᠠᠨ ᠤ ᠲᠤᠬᠠᠶ ᠶᠢᠨ ᠭᠠᠵᠠᠷ ᠲᠤᠨᠢ ᠰᠢᠩᠭᠡᠭᠡᠬᠦ ᠪᠠ ᠬᠡᠰᠡᠭ ᠬᠡᠪᠴᠢᠶᠡᠨ ᠤ ᠰᠦᠯᠵᠢᠶᠡᠨ ᠲᠣᠤᠷ  ᠢᠶᠠᠷ ᠰᠢᠭᠤᠳ ᠴᠠᠬᠢᠯᠭᠠᠨ ᠬᠠᠩᠭᠠᠬᠤ ᠶᠢ ᠲᠦᠯᠬᠢᠨ ᠠᠬᠢᠭᠤᠯᠵᠤ  ᠂ ︽ᠴᠠᠬᠢᠯᠭᠠᠨ ᠤ ᠦᠨ᠎ᠡ ᠶᠢᠨ ᠳᠣᠤᠷ᠎ᠠ ᠭᠠᠵᠠᠷ︾ ᠤᠨ ᠳᠠᠪᠠᠭᠤᠯᠢᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃      ︵ᠬᠤᠶᠠᠷ︶ ᠭᠤᠤᠯᠯᠠᠬᠤ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠲᠦᠷᠭᠡᠳᠬᠡᠨ᠎ᠡ᠃ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠨᠡᠮᠡᠭᠳᠡᠯ ᠬᠡᠮᠵᠢᠶ᠎ᠡ ᠶᠢ ᠰᠢᠯᠢᠳᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠪᠣᠬᠢᠷᠲᠤᠯ ᠦᠭᠡᠢ ᠰᠢᠨ᠎ᠡ ᠬᠡᠯᠪᠡᠷᠢ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠤᠨ᠎ᠠ᠃ ᠠᠭᠤᠷᠬᠠᠢ ᠶᠢᠨ ᠮᠠᠯᠲᠠᠵᠤ ᠰᠢᠯᠢᠬᠦ ᠠᠵᠤ ᠦᠢᠯᠡᠰ ᠲᠤ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠣᠰᠣᠭᠠᠷ᠂ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢ ᠵᠢᠷᠤᠮᠵᠢᠭᠤᠯᠤᠨ᠂ ᠠᠭᠤᠷᠬᠠᠢ ᠶᠢᠨ ᠠᠵᠤ ᠠᠬᠤᠶᠢᠯᠠᠯ ᠢ ᠨᠢᠭᠡᠳᠦᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠬᠦᠳᠡᠷ ᠰᠢᠯᠢᠬᠦ ᠦᠢᠯᠡᠳᠪᠦᠷᠢ ᠶᠢᠨ ᠦᠯᠡᠳᠡᠭᠳᠡᠯ ᠬᠦᠳᠡᠷ ᠢ ᠬᠠᠭᠤᠷᠠᠢ ᠪᠠᠷ ᠭᠠᠳᠠᠭᠰᠢᠯᠠᠭᠤᠯᠬᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠲᠡᠮᠦᠷ ᠤᠨ ᠠᠭᠤᠷᠬᠠᠢ ᠶᠢᠨ ᠡᠬᠢ ᠪᠠᠶᠠᠯᠢᠭ ᠢ ᠠᠰᠢᠭᠯᠠᠬᠤ ᠶᠢ ᠳᠠᠮᠵᠢᠵᠤ᠂ ᠪᠤᠭᠤᠲᠤ ᠶᠢᠨ ᠪᠣᠯᠤᠳ ᠲᠡᠮᠦᠷ ᠤᠨ ᠦᠢᠯᠡᠳᠪᠦᠷᠢ ᠶᠢᠨ ᠠᠩᠭᠢᠵᠢᠷᠠᠭᠤᠯᠤᠭᠰᠠᠨ ᠲᠡᠮᠦᠷ ᠵᠡᠷᠭᠡ ᠠᠵᠤ ᠠᠬᠤᠶᠢᠯᠠᠯ ᠤᠨ ᠬᠦᠬᠦᠷ ᠶᠡᠬᠡᠲᠡᠶ ᠲᠡᠮᠦᠷ ᠤᠨ ᠬᠦᠳᠡᠷ ᠢ ᠰᠢᠯᠢᠬᠦ ᠲᠦᠷᠦᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠢᠯᠢ ᠶᠢᠨ ᠭᠠᠳᠠᠨᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠰᠢᠯᠵᠢᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃  ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠲᠠᠯ᠎ᠠ ᠪᠠᠷ᠂ ᠠᠵᠤ ᠠᠬᠤᠶᠢᠯᠠᠯ  ᠤᠨ ᠨᠢᠭᠡᠳᠦᠭᠦᠯᠦᠨ ᠳᠠᠪᠲᠠᠨ ᠪᠦᠯᠦᠭᠯᠡᠬᠦ ᠶᠢ ᠵᠣᠷᠢᠭᠵᠢᠭᠤᠯᠵᠤ᠂ ᠡᠨᠧᠷᠭᠢ ᠠᠷᠪᠢᠯᠠᠬᠤ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠢᠨ᠎ᠡ ᠮᠡᠷᠭᠡᠵᠢᠯ ᠰᠢᠨ᠎ᠡ ᠤᠷᠠᠯᠠᠯ ᠢ ᠬᠡᠷᠡᠭᠯᠡᠨ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠳᠣ ᠶᠢᠨ ᠪᠠᠶᠢᠭ᠎ᠠ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠴᠤᠭᠯᠠᠷᠠᠯ ᠤᠨ ᠳᠠᠪᠠᠭᠤᠯᠢᠭ ᠲᠤ ᠲᠦᠰᠢᠭᠯᠡᠨ᠂ ᠳᠡᠭᠡᠳᠦ ᠨᠠᠷᠢᠯᠢᠭ ᠴᠢᠳᠬᠤᠬᠤ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠱᠧᠩ ᠴᠢᠤᠸᠠᠨ ᠺᠧ ᠯᠢ ᠶᠤᠸᠠᠨ ᠤ 6 ᠲᠦᠮᠡᠨ ᠲᠣᠨ ᠤ ᠣᠨᠴᠠ ᠲᠥᠷᠥᠯ ᠤᠨ ᠬᠠᠶᠢᠯᠤᠰᠢ᠂ ᠱᠦᠨ ᠶᠧ ᠶᠢᠨ 6 ᠲᠦᠮᠡᠨ ᠲᠣᠨ ᠤ ᠴᠠᠬᠢᠭᠤᠷ ᠲᠡᠮᠦᠷ ᠤᠨ ᠬᠠᠶᠢᠯᠤᠰᠢ ᠵᠡᠷᠭᠡ ᠲᠥᠷᠥᠯ  ᠵᠦᠢᠯ ᠢ  ᠰᠠᠭᠤᠷᠢᠰᠢᠭᠤᠯᠤᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠨᠡᠭᠦᠷᠡᠰᠦᠨ ᠬᠢᠮᠢ ᠶᠢᠨ ᠠᠵᠤ ᠦᠢᠯᠡᠰ ᠤᠨ ᠲᠠᠯ᠎ᠠ ᠪᠠᠷ᠂ ᠮᠣᠩᠭᠤᠯ ᠤᠯᠤᠰ  ᠤᠨ ᠨᠡᠭᠦᠷᠡᠰᠦᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠢᠯᠢ ᠶᠢᠨ ᠳᠣᠲᠣᠷᠠᠬᠢ ᠨᠡᠭᠦᠷᠡᠰᠦᠨ ᠠᠭᠤᠷᠬᠠᠶ ᠶᠢ ᠨᠢᠭᠡᠳᠭᠡᠨ ᠨᠡᠭᠡᠭᠡᠨ ᠮᠠᠯᠲᠠᠬᠤ ᠶᠢ ᠲᠦᠷᠭᠡᠳᠬᠡᠨ ᠠᠬᠢᠭᠤᠯᠵᠤ᠂ ᠨᠡᠭᠦᠷᠡᠰᠦᠨ ᠬᠢᠮᠢ ᠶᠢᠨ ᠠᠵᠤ  ᠦᠢᠯᠡᠳᠪᠦᠷᠢ ᠶᠢᠨ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ᠪᠤᠭᠤᠲᠤ ᠶᠢᠨ ᠪᠣᠯᠤᠳ ᠲᠡᠮᠦᠷ ᠤᠨ ᠦᠢᠯᠡᠳᠪᠦᠷᠢ ᠶᠢᠨ ᠴᠢᠩ ᠬᠤᠸᠠ ᠶᠢᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠶᠢ ᠬᠡᠷᠡᠭᠵᠢᠭᠦᠯᠬᠦ ᠶᠢ ᠳᠠᠮᠵᠢᠵᠤ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ 100 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠤᠭᠰᠠᠨ ᠳ᠋ᠧ ᠯᠦᠩ ᠤᠨ 500 ᠲᠦᠮᠡᠨ ᠲᠣᠨ ᠤ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠰᠠᠭᠤᠷᠢᠰᠢᠭᠤᠯᠤᠨ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ 500 ᠲᠦᠮᠡᠨ ᠲᠣᠨ ᠤ ᠨᠡᠭᠦᠷᠡᠰᠦ ᠤᠬᠢᠶᠠᠬᠤ ᠲᠥᠷᠥᠯ ᠵᠦᠢᠯ ᠢ ᠢᠵᠢ ᠪᠦᠷᠢᠳᠦᠭᠦᠯᠦᠨ ᠣᠷᠣᠭᠤᠯᠵᠤ᠂ ᠪᠧᠨ᠋ᠽᠧᠨ ᠳᠤ ᠤᠰᠤᠲᠥ᠋ᠷᠥᠭᠴᠢ ᠨᠡᠮᠡᠬᠦ᠂ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠳᠠᠭᠠᠤ ᠠᠵᠤ ᠦᠢᠯᠡᠰ ᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠲᠠᠯ᠎ᠠ ᠪᠠᠷ᠂ 12 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠤᠭᠰᠠᠨ ᠠᠨ ᠰᠢᠶᠦ᠋ᠩ ᠤᠨ 25 ᠲᠦᠮᠡᠨ ᠲᠣᠨ ᠤ ᠬᠠᠷ᠎ᠠ ᠲᠤᠭᠤᠯᠭᠠᠨ ᠭᠦᠴᠢᠯᠲᠦ ᠴᠠᠬᠢᠯᠭᠠᠨ ᠴᠡᠨᠡᠭ ᠢ ᠡᠬᠡᠭᠦᠯᠦᠨ ᠬᠤᠷᠢᠶᠠᠵᠦ ᠠᠰᠢᠭᠯᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠭᠤᠲᠤ ᠶᠢᠨ ᠪᠠᠷᠠᠭᠤᠨ ᠲᠡᠭᠦᠷᠭᠡ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠠ ᠢᠳᠡᠬᠡᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠪᠤᠬᠢᠷᠳᠤᠯ ᠦᠬᠡᠢ ᠡᠨᠧᠷᠬᠢ ᠤᠨ ᠲᠦᠪ ᠵᠡᠷᠭᠡ  ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠠᠭᠤᠷᠬᠠᠢ᠂ ᠱᠦᠢᠨᠢ᠂ ᠪᠤᠷᠳᠤᠭᠤᠷ ᠵᠡᠷᠭᠡ ᠠᠵᠤ ᠠᠬᠤᠶᠢᠯᠡᠯ ᠤᠨ ᠨᠠᠷᠢᠨ ᠦᠨᠡᠰᠦ᠂  ᠠᠭᠤᠷᠬᠠᠢ ᠶᠢᠨ ᠰᠢᠭᠠᠷᠤ ᠵᠠᠷᠭᠡ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠭᠳᠠᠮᠠᠯ ᠢ ᠠᠰᠢᠭᠯᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠭᠤᠰᠬ᠎ᠠ  ᠂ ᠬᠦᠷᠦᠰᠦ ᠰᠢᠷᠤᠢ ᠶᠢ ᠰᠠᠶᠢᠵᠢᠷᠠᠭᠤᠯᠬᠤ ᠡᠳ᠋᠂ ᠨᠡᠶᠢᠯᠡᠮᠡᠯ ᠪᠤᠷᠳᠤᠭᠤᠷ ᠵᠡᠷᠭᠡ ᠪᠦᠳᠦᠭᠡᠭᠳᠡᠬᠦᠨ ᠢ ᠦᠢᠯᠡᠳᠪᠦᠷᠢᠯᠡᠵᠤ᠂ ᠬᠠᠶᠠᠭᠳᠠᠮᠠᠯ ᠡᠳ᠋ ᠶᠢ ᠡᠷᠳᠡᠨᠢ ᠪᠤᠯᠭᠠᠬᠤ ᠶᠢ ᠪᠡᠶᠡᠯᠡᠭᠦᠯᠦᠨ᠎ᠡ᠃  ᠬᠤᠯᠤᠰᠤ᠂ ᠡᠰᠢ ᠰᠦᠷᠡᠯ ᠪᠠ ᠲᠠᠷᠢᠶᠠᠯᠠᠩ ᠤᠨ ᠬᠠᠶᠠᠭᠳᠠᠮᠠᠯ ᠪᠤᠳᠠᠰ ᠢ ᠪᠦᠳᠦᠮᠵᠢᠳᠡᠢ ᠠᠰᠢᠭᠯᠠᠨ᠂ ᠠᠮᠢᠳᠤ ᠪᠣᠳᠠᠰ ᠤᠨ ᠡᠨᠧᠷᠬᠢ᠂ ᠴᠠᠭᠠᠰᠤ ᠬᠢᠬᠦ ᠵᠡᠷᠭᠡ ᠲᠥᠷᠥᠯ ᠵᠦᠢᠯ ᠢ ᠢᠳᠡᠪᠬᠢᠳᠡᠢ ᠤᠷᠤᠭᠤᠯᠵᠤ᠂ ᠡᠬᠢ  ᠪᠠᠶᠠᠯᠢᠭ ᠢ ᠬᠤᠪᠢᠷᠠᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠳ᠋ᠦᠩ ᠯᠢ ᠶᠢᠨ ᠨᠢᠭᠡᠳᠦᠭᠡᠷ ᠬᠤᠭᠤᠴᠠᠭᠠᠨ ᠤ 1.2 ᠲᠦᠮᠡᠨ ᠲᠣᠨ ᠤ ᠣᠯᠠᠨ ᠲᠠᠯᠠᠰᠲᠤ ᠴᠠᠬᠢᠭᠤᠷ ᠤᠨ ᠲᠥᠷᠥᠯ ᠵᠦᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠵᠤ᠂ 10 ᠲᠦᠮᠡᠨ ᠲᠣᠨ ᠤ ᠯᠢᠲ᠋ᠢ ᠴᠠᠬᠢᠯᠭᠠᠨ ᠴᠡᠨᠡᠭ ᠤᠨ ᠡᠶᠡᠷᠡᠬᠦ ᠲᠤᠶᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠤᠸᠠ ᠨᠧᠩ ᠤᠨ1 ᠲᠦᠮᠡᠨ ᠺᠢᠯᠣᠸᠠᠲ ᠤᠨ ᠲᠠᠷᠬᠠᠢ ᠮᠠᠶ᠋ᠢᠭᠲᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠠᠶᠢᠭᠤᠯᠤᠨ᠎ᠠ᠃  ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠭᠠᠷᠤᠯᠲᠠ ᠶᠢᠨ ᠭᠠᠵᠠᠷ ᠲᠠᠢ ᠬᠦᠷᠰᠢᠯᠡᠵᠦ ᠪᠠᠶᠢᠬᠤ ᠵᠡᠷᠭᠡ ᠳᠠᠪᠠᠭᠤᠯᠢᠭ ᠲᠤ ᠲᠦᠰᠢᠭᠯᠡᠨ᠂ ᠬᠤᠪᠣᠷ ᠰᠢᠷᠣᠶ ᠶᠢ ᠭᠦᠨᠵᠡᠭᠡᠶ ᠡᠳ᠋ᠰᠢᠭᠦᠯᠬᠦ ᠠᠵᠤ ᠦᠢᠯᠡᠰ ᠢ ᠬᠦᠴᠦᠷᠬᠡᠭᠵᠢᠭᠦᠯᠦᠨ᠎ᠡ᠃ 3 ᠳ᠋ᠦᠩᠰᠢᠭᠤᠷ ᠲᠦᠭᠦᠷᠢᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠦᠲᠦᠮᠵᠢᠲᠡᠶ ᠠᠰᠢᠭᠯᠠᠵᠤ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡᠳᠡᠢ ᠨᠢᠭᠡ ᠪᠦᠯᠦᠭ ᠪᠣᠬᠢᠷᠲᠤᠯ ᠥᠬᠡᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ ᠢ ᠲᠡᠳᠬᠦᠨ ᠲᠡᠮᠵᠢᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠬᠦ ᠦᠢᠯᠡᠰ ᠤᠨ  ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠪᠠ ᠠᠵᠤ ᠦᠢᠯᠡᠰ ᠤᠨ ᠰᠠᠭᠤᠷᠢᠨ ᠳᠤ  ᠲᠦᠰᠢᠭᠯᠡᠨ᠂ ᠺᠠᠢ ᠰᠢᠨ ᠢᠳᠡᠬᠡᠨ ᠤ ᠵᠦᠢᠯ᠂ ᠬᠠᠢ ᠶᠤᠤ ᠨᠤᠤᠰᠤ ᠨᠤᠤᠯᠤᠷ ᠵᠡᠷᠭᠡ ᠨᠢᠬᠡ ᠪᠦᠯᠦᠭ ᠲᠤᠯᠤᠭᠠᠶᠢᠯᠠᠬᠤ ᠠᠵᠣ ᠠᠬᠤᠶᠢᠯᠠᠯ ᠢ  ᠬᠦᠮᠦᠵᠢᠭᠦᠯᠦᠨ ᠲᠠᠳᠠᠨ ᠣᠷᠣᠭᠤᠯᠵᠤ᠂ ᠠᠮᠤ ᠲᠣᠰᠣ᠂ ᠰᠦ ᠮᠢᠬ᠎ᠠ᠂ ᠨᠤᠤᠰᠤ ᠨᠤᠤᠯᠤᠷ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢ ᠡᠳ᠋ᠰᠢᠬᠦᠯᠬᠦ ᠦᠢᠯᠡᠰ ᠢ ᠨᠠᠷᠢᠯᠢᠭᠵᠢᠭᠤᠯᠬᠤ ᠵᠦᠭ ᠬᠦᠭᠵᠢᠭᠦᠯᠵᠦ᠂ ᠨᠡᠷ᠎ᠡ ᠨᠢᠳᠡᠷ ᠲᠡᠭᠡᠨ ᠨᠠᠶᠢᠴᠡᠭᠰᠡᠨ ᠠᠷᠠᠳ ᠢ ᠪᠠᠶᠠᠯᠢᠭᠵᠢᠭᠤᠯᠬᠤ ᠠᠵᠤ  ᠦᠢᠯᠡᠰ ᠪᠤᠯᠭᠠᠨ ᠪᠦᠷᠢᠯᠳᠦᠭᠦᠯᠦᠨ᠎ᠡ᠃      ︵ᠭᠤᠷᠪᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠪᠠ ᠲᠦᠷᠦᠯ ᠵᠦᠢᠯ ᠤᠨ ᠪᠣᠳᠠᠲᠤ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠬᠤᠰᠢᠭᠤᠨ ᠤ ᠤᠳᠤᠷᠢᠳᠤᠯᠭ᠎ᠠ ᠠᠴᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠲᠣᠷᠤᠭᠰᠢᠯᠠᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠷᠭᠢᠯᠲᠡ ᠶᠢ ᠳᠠᠶᠢᠴᠢᠯᠠᠨ ᠠᠬᠢᠭᠤᠯᠬᠤ ᠬᠤᠷᠠᠯ ᠬᠤᠷᠠᠯᠳᠤᠭᠤᠯᠵᠤ᠂ ᠲᠤᠬᠠᠶ ᠶᠢᠨ ᠲᠠᠯᠠᠪᠠᠢ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠡᠷᠭᠢᠯᠲᠡ ᠶᠢᠨ ᠳᠤᠮᠳᠠ ᠣᠷᠣᠰᠢᠵᠤ ᠪᠠᠶᠢᠭ᠎ᠠ  ᠪᠤᠳᠠᠲᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠡᠷᠡᠭ ᠶᠠᠪᠤᠳᠠᠯ ᠢ ᠤᠳᠠᠭᠠᠰᠢᠷᠠᠭᠤᠯᠤᠨ ᠬᠤᠶᠢᠰᠢᠯᠠᠭᠤᠯᠬᠤ᠂ ᠠᠵᠤ  ᠠᠬᠤᠶᠢᠯᠠᠯ ᠤᠨ ᠨᠠᠰᠢ ᠴᠠᠰᠢ ᠭᠦᠶᠦᠬᠦ ᠠᠰᠠᠭᠤᠳᠠᠯ ᠠᠴᠠ ᠦᠨᠡᠨᠬᠦ ᠵᠠᠶᠢᠯᠠᠰᠬᠢᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠡᠰᠦ ᠶᠢᠨ ᠵᠢᠷᠤᠭ ᠢ ᠰᠤᠳᠤᠯᠤᠨ ᠲᠣᠭᠲᠠᠭᠠᠵᠤ᠂ ᠬᠤᠳᠠᠯᠳᠤᠭᠠᠴᠢᠨ ᠤᠷᠢᠬᠤ ᠴᠢᠬᠤᠯᠠ ᠶᠡᠭᠡ  ᠵᠦᠢᠯᠡᠰ ᠲᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠪᠠᠷ ᠳᠡᠮᠵᠢᠯᠭᠡ ᠦᠵᠡᠭᠦᠯᠵᠦ᠂ ᠣᠨᠤᠪᠴᠢᠲᠠᠢ ᠪᠠᠷ ᠬᠤᠳᠠᠯᠳᠤᠭᠠᠴᠢᠨ ᠤᠷᠢᠬᠤ᠂  ᠪᠦᠲᠦᠮᠵᠢᠲᠡᠶ ᠪᠠᠷ ᠬᠤᠳᠠᠯᠳᠤᠭᠠᠴᠢᠨ ᠤᠷᠢᠬᠤ ᠶᠢ ᠴᠢᠷᠮᠠᠶᠢᠨ ᠪᠡᠶᠡᠯᠡᠭᠦᠯᠦᠨ᠎ᠡ᠃ ᠬᠤᠳᠠᠯᠳᠤᠭᠠᠴᠢᠳ ᠤᠨ ᠨᠡᠶᠢᠭᠡᠮᠯᠢᠭ᠂ ᠠᠵᠤ ᠠᠬᠤᠶᠢᠯᠠᠯᠲᠠᠨ ᠤ ᠨᠡᠶᠢᠭᠡᠮᠯᠢᠭ ᠪᠠ ᠰᠡᠬᠡᠭᠡᠲᠡᠨ ᠵᠠᠯᠠᠭᠤᠴᠤᠳ᠂ ᠪᠢᠩᠲ᠋ᠤᠸᠠᠨ ᠤ ᠪᠠᠶᠢᠯᠳᠣᠭᠴᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ  ᠭᠦᠢᠴᠡᠳ ᠪᠠᠳᠠᠷᠠᠭᠤᠯᠵᠤ᠂ ᠴᠢᠳᠠᠪᠤᠷᠢᠲᠠᠨ᠂ ᠮᠡᠳᠡᠭᠡ ᠵᠠᠩᠭᠢ ᠵᠡᠷᠭᠡ ᠡᠬᠢ ᠪᠠᠶᠠᠯᠢᠭ ᠢ ᠨᠢᠭᠡᠳᠬᠡᠨ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠵᠠᠰᠠᠭ ᠤᠨ ᠣᠷᠳᠣᠨ ᠪᠠ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠭᠰᠡᠨ ᠬᠤᠳᠠᠯᠳᠤᠭᠠᠴᠢᠨ ᠤᠷᠢᠬᠤ ᠲᠣᠮᠣ ᠪᠠᠶᠢᠷᠢᠰᠢᠯ ᠢ ᠪᠤᠢ  ᠪᠤᠯᠭᠠᠨ᠎ᠠ᠃ ᠲᠦᠷᠦᠯ ᠵᠦᠢᠯ ᠳᠤ ︽ᠪᠠᠶᠢᠭᠤᠯᠭ᠎ᠠ ᠶᠢᠨ ᠨᠢᠭᠡᠳᠦᠭᠡᠷ ᠭᠠᠷ︾ ᠤᠨ ᠢᠨᠵᠧᠨᠧᠷᠢᠩ ᠶᠢ ᠬᠡᠷᠡᠭᠵᠢᠭᠦᠯᠦᠨ᠂ ᠲᠤᠮᠤ ᠲᠦᠷᠦᠯ ᠵᠦᠢᠯ ᠢ ᠦᠬᠦᠨ ᠰᠠᠬᠢᠵᠦ᠂ ᠪᠠᠭ᠎ᠠ ᠲᠦᠷᠦᠯ ᠵᠦᠢᠯ ᠢ ᠠᠯᠳᠠᠬᠤ ᠦᠬᠡᠢ ᠪᠠᠶᠢᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠤᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠲᠤᠮᠤ ᠲᠦᠷᠦᠯ ᠵᠦᠢᠯ ᠢ ᠲᠦᠰᠦᠪᠯᠡᠵᠦ᠂ ᠰᠠᠭᠤᠷᠢ ᠲᠤᠨᠤᠭ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠡ᠂ ᠠᠷᠠᠳ ᠤᠨ ᠠᠮᠢᠳᠣᠷᠠᠯ ᠤᠨ ᠪᠠᠳᠤᠯᠠᠭ᠎ᠠ ᠵᠡᠷᠭᠡ ᠲᠦᠷᠦᠯ ᠵᠦᠢᠯ ᠢ ᠢᠳᠡᠪᠬᠢᠳᠡᠢ ᠲᠡᠮᠡᠴᠡᠨ ᠤᠯᠵᠤ᠂ ᠲᠦᠷᠦᠯ ᠵᠦᠢᠯ ᠤᠨ ᠪᠡᠯᠡ ᠮᠦᠩᠭᠦ ᠶᠢᠨ ᠪᠦᠬᠦ ᠬᠤᠳᠠᠨ ᠳᠤ ᠡᠵᠡᠯᠡᠬᠦ ᠬᠠᠷᠢᠴᠠᠯ  ᠪᠠ ᠲᠤᠰ ᠪᠡᠶ᠎ᠡ ᠶᠢᠨ ᠠᠳᠠᠯᠢ ᠬᠤᠭᠤᠴᠠᠭᠠᠨ ᠤ  ᠬᠢ ᠲᠠᠢ ᠠᠳᠠᠯᠢᠳᠬᠠᠪᠠᠯ ︽ᠬᠤᠤᠰ ᠲᠡᠭᠡᠭᠰᠢᠯᠡᠯᠳᠡ ᠲᠠᠢ︾ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠬᠦᠴᠦᠨ ᠪᠦᠬᠦᠢ ᠪᠠᠳᠣᠯᠠᠭ᠎ᠠ ᠬᠠᠩᠭᠠᠨ᠎ᠠ᠃     ᠭᠤᠷᠪᠠ᠂ ᠰᠠᠭᠤᠷᠢ ᠶᠢ ᠠᠳᠬᠤᠨ᠂ ᠠᠵᠤ ᠦᠢᠯᠡᠰ ᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ        ︽ᠴᠢᠨᠡᠭᠡᠯᠢᠭ ᠡᠰᠡᠬᠦ ᠶᠢ ᠲᠠᠷᠢᠶᠠᠴᠢᠳ ᠢ ᠦᠵᠡᠪᠡᠯ ᠮᠡᠳᠡᠴᠢᠬᠡᠨ᠎ᠡ︾᠂ ᠪᠦᠬᠦ ᠬᠤᠰᠢᠭᠤᠨ ᠤ ᠠᠷᠠᠳ ᠲᠦᠮᠡᠨ ᠪᠠᠶᠠᠨ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠬᠠᠷᠠᠯᠳᠠ ᠶᠢ ᠲᠤᠭᠳᠠᠭᠰᠠᠨ ᠴᠠᠭ ᠲᠠᠭᠠᠨ ᠪᠡᠶᠡᠯᠡᠭᠦᠯᠵᠦ ᠲᠡᠶᠢᠯᠬᠦ ᠡᠰᠡᠬᠦ ᠶᠢᠨ ᠲᠤᠳᠠᠭᠤᠳᠠᠯ ᠨᠢ ᠲᠠᠷᠢᠶᠠᠯᠠᠩ ᠠᠵᠤ ᠠᠬᠤᠢ ᠳᠤ ᠪᠠᠶᠢᠵᠤ᠂ ᠭᠤᠤᠯᠳᠠᠯᠠᠭ᠎ᠠ ᠨᠢ ᠲᠠᠷᠢᠶᠠᠯᠠᠬᠤ ᠮᠠᠯᠵᠢᠬᠤ ᠣᠷᠣᠨ ᠳᠤ ᠪᠠᠶᠢᠵᠤ᠂ ᠵᠠᠩᠭᠢᠯᠠᠭ᠎ᠠ ᠨᠢ ᠲᠠᠷᠢᠶᠠᠴᠢᠨ ᠮᠠᠯᠴᠢᠨ ᠤ ᠪᠡᠶ᠎ᠡ ᠲᠡᠭᠡᠷ᠎ᠡ ᠪᠤᠢ᠃ ᠪᠢᠳᠠ ᠦᠷᠬᠦᠯᠵᠢᠯᠡᠨ ︽ᠭᠤᠷᠪᠠᠨ ᠲᠠᠷᠢᠶᠠᠯᠠᠩ᠂ ᠭᠤᠷᠪᠠᠨ ᠮᠠᠯᠵᠢᠯ︾ ᠢ ᠡᠯ᠎ᠡ ᠲᠦᠷᠦᠯ ᠤᠨ ᠠᠵᠢᠯ ᠤᠨ ᠭᠤᠣᠯᠳᠠᠯᠠᠭ᠎ᠠ ᠶᠢᠨ ᠲᠤᠮᠳᠠᠬᠢ ᠭᠤᠣᠯᠳᠠᠯᠠᠭ᠎ᠠ ᠪᠤᠯᠭᠠᠵᠤ᠂ ᠪᠤᠷᠤᠳᠤᠬᠤᠢ ᠶᠢᠨ ᠪᠦᠬᠦ ᠤᠷᠤᠨ ᠪᠦᠰᠡ ᠶᠢᠨ ᠪᠤᠬᠢᠷᠳᠤᠯ ᠦᠬᠡᠢ ᠤᠷᠭᠠᠨᠢᠭ ᠲᠡᠭᠡᠳᠦ ᠲᠡᠰ ᠤᠨ ᠲᠠᠷᠢᠶᠠᠯᠠᠩ ᠮᠠᠯ ᠠᠵᠣ ᠠᠬᠤᠢ ᠶᠢᠨ ᠠᠰᠢᠭ ᠰᠢᠮ᠎ᠡ ᠶᠢᠨ ᠦᠢᠯᠡᠳᠭᠦᠨ ᠢ ᠡᠳ᠋ᠰᠢᠭᠦᠯᠬᠦ ᠦᠢᠯᠡᠴᠢᠯᠡᠭᠡᠨ ᠢ ᠭᠠᠳᠠᠭᠰᠢᠯᠠᠭᠤᠯᠬᠤ ᠰᠠᠭᠤᠷᠢᠨ ᠭᠠᠵᠠᠷ ᠪᠤᠯᠭᠠᠬᠤ ᠲᠤᠭᠤᠷᠢᠨ ᠳᠤ  ᠂ ᠰᠠᠭᠤᠷᠢ ᠲᠠᠯᠪᠢᠬᠤ᠂ ᠠᠵᠤ ᠦᠢᠯᠡᠰ ᠢ ᠬᠦᠴᠦᠷᠬᠡᠭᠵᠢᠬᠦᠯᠬᠦ ᠳᠤ ᠬᠦᠴᠦ  ᠪᠠᠨ ᠲᠦᠪᠯᠡᠷᠡᠭᠦᠯᠦᠨ᠂ ᠲᠠᠷᠢᠶᠠᠯᠠᠩ ᠤᠨ ᠲᠤᠮᠤ ᠬᠤᠰᠢᠭᠤ ᠶᠢ ᠲᠠᠷᠢᠶᠠᠯᠠᠩ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠵᠦᠭ ᠬᠤᠪᠢᠷᠠᠭᠤᠯᠬᠤ ᠶᠢ ᠠᠬᠢᠭᠤᠯᠵᠤ᠂ ᠲᠠᠷᠢᠶᠠᠴᠢᠨ  ᠮᠠᠯᠴᠢᠳ ᠲᠤ ᠤᠯᠠᠮ  ᠪᠠᠶᠠᠨ ᠴᠢᠨᠡᠭᠡᠯᠢᠭ ᠠᠮᠢᠳᠣᠷᠠᠯ  ᠡᠳ᠋ᠯᠡᠭᠦᠯᠦᠨ᠎ᠡ᠃     ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠪᠠᠶᠠᠨᠨᠠᠭᠤᠷ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠵᠤᠷᠪᠤᠰ ᠰᠠᠨᠠᠯ ᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠵᠦ᠂  ᠬᠠᠲᠤᠨ ᠭᠤᠤᠯ ᠳᠠᠭᠠᠤ᠂ ᠤᠯᠢᠶᠠᠰᠤ ᠨᠠᠭᠤᠷ ᠳᠠᠭᠠᠤ ᠵᠡᠷᠭᠡ ᠰᠠᠭᠤᠷᠢ ᠨᠢ ᠳᠣᠷᠤᠢ ᠪᠠᠭᠤᠷᠠᠶ ᠣᠷᠣᠨ ᠪᠦᠰᠡ ᠪᠠᠷ ᠭᠤᠤᠯᠳᠠᠯᠭ᠎ᠠ ᠪᠣᠯᠭᠠᠨ᠂ ︽ᠶᠡᠬᠡᠪᠡᠷ ᠡᠪᠳᠡᠵᠦ ᠶᠡᠬᠡᠪᠡᠷ ᠪᠠᠶᠢᠭᠤᠯᠬᠤ᠂ ᠬᠡᠰᠡᠭ ᠢᠶᠠᠷ ᠵᠠᠯᠭᠠᠯᠳᠤᠭᠤᠯᠤᠨ ᠠᠬᠢᠭᠤᠯᠬᠤ︾ ᠵᠠᠷᠴᠢᠮ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠨᠢᠭᠡᠳᠭᠡᠵᠦ᠂ 10 ᠲᠦᠮᠡᠨ ᠮᠤ᠋ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠵᠤ ᠥᠭᠡᠷᠡᠴᠢᠯᠡᠬᠦ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠦᠨ᠎ᠡ᠃ ᠣᠶᠤᠨᠯᠢᠭ ᠥᠨᠳᠥᠷ ᠦᠷ᠎ᠡ ᠠᠰᠢᠭᠲᠤ ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠬᠦ ᠶᠢ ᠪᠠᠶᠢᠯᠳᠤᠬᠤ ᠪᠣᠳᠣᠯᠭ᠎ᠠ ᠶᠢᠨ ᠴᠢᠬᠤᠯᠠ ᠶᠢᠨ ᠳᠤᠮᠳᠠᠬᠢ ᠴᠢᠬᠤᠯᠠ ᠪᠠᠶᠢᠷᠢᠨ ᠳᠤ ᠲᠠᠯᠪᠢᠵᠤ᠂ ᠬᠤᠳᠳᠤᠭ ᠤᠨ ᠤᠰᠤᠯᠠᠯᠲᠠ ᠶᠢᠨ ᠣᠷᠣᠨ ᠳᠤ ᠣᠶᠤᠨᠯᠢᠭ ᠴᠢᠭᠢᠭ ᠬᠡᠮᠵᠢᠬᠦ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠲᠠᠯᠠᠪᠠᠢ ᠶᠢ 10 ᠲᠦᠮᠡᠨ ᠮᠦ ᠲᠡᠯᠭᠡᠷᠡᠭᠦᠯᠵᠦ᠂ ᠴᠦᠬᠦᠷᠦᠮ ᠤᠨ ᠤᠰᠤᠯᠠᠯᠲᠠ ᠤᠨ ᠣᠷᠣᠨ ᠳᠤ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠲᠠᠯᠠᠪᠠᠢ ᠶᠢ 5000 ᠮᠦ ᠲᠡᠯᠭᠡᠷᠡᠭᠦᠯᠵᠦ᠂ ᠬᠠᠲᠤᠨ ᠭᠤᠣᠯ ᠤᠨ ᠤᠰᠤᠯᠠᠯᠲᠠ ᠶᠢᠨ ᠣᠷᠣᠨ ᠳᠤ ᠤᠰᠤ ᠪᠣᠷᠳᠣᠭᠤᠷ ᠢ ᠴᠤᠭᠴᠠᠵᠢᠭᠤᠯᠤᠭᠰᠠᠨ ᠲᠠᠯᠠᠪᠠᠢ ᠶᠢ 5 ᠲᠦᠮᠡᠨ ᠮᠦ ᠳᠡᠯᠭᠡᠷᠡᠭᠦᠯᠵᠦ᠂ ᠤᠰᠤ ᠲᠠᠲᠠᠷᠠᠭᠤᠯᠬᠤ ᠰᠤᠪᠠᠭ ᠢ 120 ᠺᠢᠯᠣᠮᠧᠲᠷ ᠯᠡᠶᠢᠳᠡᠵᠦ᠂ 68 ᠰᠠᠭᠤᠷᠢ ᠪᠠᠷᠢᠯᠭ᠎ᠠ ᠶᠢ ᠥᠭᠡᠷᠡᠴᠢᠯᠡᠨ ᠪᠠᠶᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠲᠠᠤᠯᠠᠢ ᠶᠢᠨ ᠠᠮᠠ ᠶᠢᠨ 110 ᠺᠢᠯᠣᠸᠠᠲ ᠤᠨ ᠬᠦᠴᠦᠳᠡᠯ ᠬᠤᠪᠢᠰᠬᠠᠬᠤ ᠴᠠᠬᠢᠯᠭᠠᠨ ᠬᠦᠷᠭᠡᠬᠦ ᠪᠠ 366 ᠺᠢᠯᠦᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠪᠦᠲᠦᠮᠵᠢᠲᠡᠶ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ᠃ ᠬᠥᠭᠦᠷᠭᠡ ᠭᠤᠯᠳᠦ᠋ᠩ᠂ ᠲᠠᠯᠠᠩ ᠬᠠᠰᠢᠯᠭ᠎ᠠ ᠵᠡᠷᠭᠡ ᠤᠰᠤᠨ ᠠᠰᠢᠭᠯᠠᠯᠲᠠ ᠶᠢᠨ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠽᠧᠩ ᠯᠦᠩ ᠴᠠᠩ ᠲᠣᠰᠬᠤᠨ᠂ ᠰᠦᠵᠢ ᠶᠢᠨ  ᠭᠤᠣᠯ ᠵᠡᠷᠭᠡ ᠭᠠᠵᠠᠷ ᠲᠤ ᠦᠶᠡᠷ ᠢ ᠰᠡᠷᠭᠡᠶᠢᠯᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠦᠶᠡᠷ ᠣᠰᠣᠳᠠᠯ ᠢ ᠰᠡᠷᠬᠡᠶᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠠᠶᠤᠯᠭᠦᠢ ᠤᠤᠭᠤᠬᠤ ᠣᠰᠣᠨ ᠤ ᠬᠠᠮᠢᠶᠠᠷᠤᠯᠲᠠ ᠶᠢᠨ ᠲᠣᠣᠷ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠤᠯᠭᠦᠢ ᠤᠤᠭᠤᠬᠤ ᠤᠰᠤ ᠶᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠢ 30 ᠬᠡᠷᠡᠭᠵᠢᠭᠦᠯᠵᠦ᠂ ᠣᠯᠠᠨ ᠲᠦᠮᠡᠨ ᠤ  ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠵᠠᠮ ᠤᠨ ᠲᠣᠤᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 311 ᠮᠤᠵᠢ ᠶᠢᠨ ᠲᠡᠰ ᠤᠨ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂  ᠭᠠᠭᠴᠠᠮᠤᠳᠤ  ᠪᠤᠭᠤᠮᠳᠠ ᠠᠴᠠ ᠬᠤᠳᠠ ᠶᠢᠨ ᠪᠠᠷᠠᠭᠤᠨ ᠭᠠᠷᠬᠤ ᠡᠭᠦᠳᠡ ᠬᠦᠷᠬᠦ ᠤᠷᠤᠨ ᠨᠤᠳᠤᠭ ᠤᠨ ᠲᠦᠷᠭᠡᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠮ ᠢ 46 ᠺᠢᠯᠣᠮᠧᠲᠷ ᠰᠢᠨ᠎ᠡ ᠪᠠᠷ ᠪᠠᠶᠢᠭᠤᠯᠤᠨ ᠥᠭᠡᠷᠡᠴᠢᠯᠡᠨ ᠵᠠᠰᠠᠪᠠ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠ ᠪᠤᠭᠤᠲᠤ ᠠᠴᠠ ᠢᠷᠭᠠᠶ ᠬᠦᠷᠬᠦ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭᠠᠨ ᠤ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠨᠡᠷ᠎ᠡ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠪᠤᠷᠤᠳᠤᠬᠤᠢ ᠶᠢᠨ ᠤᠰᠤᠯᠤᠯᠳᠠ ᠶᠢᠨ ᠤᠷᠤᠨ ᠤ ᠠᠮᠤ ᠪᠤᠳᠠᠭᠠᠨ ᠤ ᠭᠤᠤᠯ ᠭᠠᠷᠤᠯᠳᠠ ᠶᠢᠨ ᠤᠷᠤᠨ ᠤ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠳᠡ ᠶᠢ ᠲᠦᠷᠭᠡᠳᠬᠡᠨ ᠠᠬᠢᠭᠤᠯᠤᠨ᠎ᠠ᠃ ᠠᠮᠤ ᠪᠤᠳᠠᠭ᠎ᠠ᠂ ᠰᠦ ᠮᠢᠬ᠎ᠠ ᠨᠣᠣᠯᠤᠷ᠂ ᠵᠢᠮᠢᠰ ᠨᠣᠭᠤᠭ᠎ᠠ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠲᠡᠵᠢᠭᠡᠯ ᠡᠪᠡᠰᠦ᠂ ᠠᠮᠢᠳᠤ ᠪᠣᠳᠠᠰ ᠤᠨ ᠡᠨᠧᠷᠭᠢ ᠵᠡᠷᠭᠡ ᠵᠢᠷᠭᠤᠭᠠᠨ ᠶᠡᠭᠡ ᠠᠵᠤ ᠦᠢᠯᠡᠰ ᠢᠶᠠᠷ ᠭᠤᠤᠯᠳᠠᠯᠭ᠎ᠠ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ 10 % ᠤᠨ ᠴᠢᠨᠠᠷ ᠰᠠᠶᠢᠲᠠᠶ ᠲᠠᠷᠢᠶᠠᠨ ᠭᠠᠵᠠᠷ ᠤᠨ ᠮᠦ ᠪᠦᠷᠢ ᠶᠢᠨ ᠶᠡᠷᠦᠩᠬᠡᠶ ᠦᠢᠯᠡᠳᠭᠦᠨ ᠤ ᠥᠷᠲᠡᠭ ᠢ 2 ᠲᠦᠮᠡᠨ ᠲᠥᠭᠦᠷᠢᠭ ᠲᠤ ᠬᠦᠷᠬᠡᠭᠦ ᠬᠠᠷᠠᠯᠲᠠ ᠶᠢ ᠪᠡᠶᠡᠯᠠᠭᠦᠯᠬᠦ ᠪᠠᠷ ᠴᠢᠷᠮᠠᠶᠢᠵᠤ᠂ ᠤᠯᠤᠰ ᠤᠨ ᠤᠨᠴᠠᠯᠢᠭᠳᠤ ᠲᠠᠷᠢᠶᠠᠯᠠᠩ ᠤᠨ ᠪᠦᠳᠦᠭᠡᠭᠳᠡᠬᠦᠨ ᠤ ᠲᠠᠪᠠᠭᠤᠯᠢᠭ ᠤᠷᠤᠨ᠂ ᠪᠤᠬᠢᠷᠳᠤᠯ ᠦᠬᠡᠢ ᠢᠳᠡᠭᠡᠨ  ᠤ ᠲᠦᠬᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠪᠠᠷᠢᠮᠵᠢᠶᠠᠳᠤ ᠵᠢᠱᠢᠶ᠎ᠠ ᠦᠵᠡᠭᠦᠯᠬᠦ ᠰᠠᠭᠤᠷᠢᠨ ᠭᠠᠵᠠᠷ᠂ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠠ ᠦᠵᠡᠭᠦᠯᠬᠦ  ᠣᠷᠣᠨ ᠪᠠ ᠤᠯᠤᠰ ‍ᠤᠨ‌‍ᠲ᠋ᠠᠷᠢᠶᠠᠯᠠᠩ ᠤᠨ ᠦᠷᠭᠦᠯᠵᠢᠯᠡᠨ ᠬᠦᠭᠵᠢᠭᠦᠯᠬᠦ ᠲᠤᠷᠰᠢᠯᠳᠠ ᠵᠢᠨ‌ᠵᠢᠱᠢᠶ᠎ᠠ ᠦᠵᠡᠭᠦᠯᠬᠦ ᠤᠷᠤᠨ ᠢ ᠴᠢᠷᠮᠠᠶᠢᠨ ᠡᠭᠦᠳᠦᠨ᠎ᠡ᠃ ᠠᠵᠤ ᠦᠢᠯᠡᠰ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠠᠮᠲᠠᠲᠤ ᠬᠡᠮᠬᠡ᠂ ᠵᠢᠵᠢᠭ ᠬᠤᠯᠢᠮᠠᠭ ᠠᠮᠤ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠡᠯ᠎ᠡ  ᠵᠦᠢᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠭᠡᠵᠦ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠥᠷᠥᠯ ᠵᠦᠢᠯ᠂ ᠰᠢᠨ᠎ᠡ ᠭᠤᠣᠯ ᠴᠣᠭᠴᠠ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠳᠣᠪᠤᠶᠢᠯᠭᠠᠵᠤ᠂ ᠲᠦᠮᠡᠨ ᠮᠤ᠋ ᠶᠢᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ ᠬᠤᠶᠠᠷ᠂ ᠮᠢᠩᠭᠠᠨ ᠮᠤ᠋ ᠶᠢᠨ ᠳᠠᠩ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠲᠣᠭᠤᠷᠢᠭ ᠢ ᠠᠷᠪᠠ ᠲᠥᠪᠯᠡᠷᠡᠭᠦᠯᠦᠨ ᠪᠠᠶᠢᠭᠤᠯᠵᠤ᠂ ᠤᠷᠠᠳ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠠᠷᠴᠠ ᠮᠠᠯᠵᠢᠯ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠠᠷᠢᠶᠠᠨ ᠭᠠᠵᠠᠷ ︵ᠮᠠᠯ ᠠᠵᠤ ᠠᠬᠤᠶ︶ ᠤᠨ ᠬᠦᠷᠢᠶᠡᠯᠡᠩ ᠤᠨ ᠶᠡᠷᠦᠩᠬᠡᠢ ᠴᠣᠭᠴᠠ ᠶᠢᠨ ᠠᠭᠤᠯᠤᠭᠳᠠᠬᠤᠨ ᠢ ᠳᠡᠭᠡᠭᠰᠢᠯᠡᠭᠦᠯᠵᠦ᠂ ᠲᠣᠭᠤᠷᠢᠭ  ᠢ ᠠᠵᠤ ᠦᠢᠯᠡᠰ ᠤᠨ ᠠᠭᠤᠰᠤᠯᠴᠠᠯ᠂ ︽ᠳᠥᠷᠪᠡ ᠶᠢ ᠡᠵᠡᠮᠳᠡᠬᠦ︾ ᠠᠵᠢᠯᠯᠠᠭ᠎ᠠ᠂  ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠦᠢᠯᠡᠳᠪᠦᠷᠢᠯᠠᠯ ᠦᠢᠯᠡᠴᠢᠯᠡᠭᠡ᠂ ᠨᠡᠷ᠎ᠡ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠵᠠᠰᠠᠯᠲᠠ ᠶᠢ ᠨᠢᠭᠡ ᠴᠣᠭᠴᠠᠵᠢᠭᠤᠯᠤᠭᠰᠠᠨ ᠲᠡᠭᠡᠳᠦ ᠲᠡᠰ ᠤᠨ ᠲᠠᠷᠢᠶᠠᠨ ᠭᠠᠵᠠᠷ ︵ᠮᠠᠯ ᠠᠵᠤ ᠠᠬᠤᠶ︶ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠠᠯᠠᠰᠢᠨ ᠬᠤᠨᠢ᠂ ᠠᠯᠠᠰᠢᠨ ᠦᠬᠡᠷ᠂ ᠭᠠᠭ᠋ᠠᠶ ᠵᠡᠷᠭᠡ ᠲᠡᠵᠢᠭᠡᠨ ᠦᠷᠡᠵᠢᠭᠦᠯᠬᠦ ᠦᠢᠯᠡᠰ ᠤᠨ ᠲᠣᠭᠤᠷᠢᠨ ᠳᠤ᠂ 2 ᠬᠤᠶᠠᠩ ᠬᠤᠨᠢ᠂ ᠨᠣᠣᠯᠤᠷ ᠤᠨ ᠢᠮᠠᠭᠠᠨ ᠤ ᠦᠷ᠎ᠡ ᠶᠢᠨ ᠮᠠᠯ ᠲᠡᠵᠢᠭᠡᠨ ᠦᠷᠡᠵᠢᠭᠦᠯᠬᠦ ᠲᠣᠭᠤᠷᠢᠭ᠂ 10 ᠠᠯᠠᠰᠢᠨ ᠬᠤᠨᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠣᠭᠤᠷᠢᠭ᠂ 2 ᠪᠠᠷᠢᠮᠵᠢᠶᠠᠵᠢᠭᠤᠯᠤᠭᠰᠠᠨ ᠭᠠᠭ᠋ᠠᠶ ᠲᠡᠵᠢᠭᠡᠨ ᠦᠷᠡᠵᠢᠭᠦᠯᠬᠦ ᠲᠣᠭᠤᠷᠢᠭ᠂ 1 ᠲᠣᠮᠤ ᠬᠡᠯᠪᠡᠷᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠣᠮᠣ ᠲᠣᠭᠤᠷᠢᠭ ᠢ ᠰᠢᠨ᠎ᠡ ᠪᠠᠷ ᠪᠠᠶᠢᠭᠤᠯᠵᠤ᠂ ᠰᠢ ᠱᠠᠨ ᠽᠦᠢ ᠲᠠᠷᠢᠶᠠᠯᠠᠩ ᠤᠨ  ᠲᠠᠯᠠᠪᠠᠢ ᠶᠢᠨ ᠬᠤᠶᠠᠳᠤᠭᠠᠷ ᠬᠤᠪᠢᠶᠠᠷᠢ ᠲᠠᠯᠠᠪᠤᠷ ᠤᠨ ᡁᠢ ᠴᠢᠩ ᠵᠦᠩ ᠰᠢᠩ ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠲᠣᠭᠤᠷᠢᠭ ᠢ ᠲᠡᠵᠢᠬᠡᠨ ᠠᠷᠠᠴᠢᠯᠠᠬᠤ᠂ ᠲᠡᠵᠢᠭᠡᠯ ᠡᠪᠡᠰᠦ  ᠪᠤᠯᠪᠠᠰᠤᠷᠠᠭᠤᠯᠬᠤ᠂ ᠠᠮᠢᠳᠤ ᠮᠠᠯ ᠠᠷᠠᠯᠵᠢᠶᠠᠯᠠᠬᠤ᠂ ᠰᠢᠭᠢᠭ ᠪᠣᠷᠳᠣᠭᠤᠷ ᠢ ᠰᠢᠢᠳᠪᠦᠷᠢᠯᠡᠬᠦ᠂ ᠣᠷᠭᠠᠨᠢᠭ ᠪᠣᠷᠳᠣᠭᠤᠷ ᠦᠢᠯᠡᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶᠡᠰᠦᠳᠦ ᠤᠳᠤ ᠦᠶ᠎ᠡ ᠶᠢᠨ ᠠᠵᠤ ᠦᠢᠯᠡᠰ ᠤᠨ ᠲᠣᠭᠤᠷᠢᠭ ᠪᠣᠯᠭᠠᠨ ᠪᠠᠶᠢᠭᠤᠯᠤᠨ᠎ᠠ᠃ ᠵᠢᠭᠠᠰᠤ ᠲᠤᠲᠤᠷᠭ᠎ᠠ ᠬᠠᠮᠳᠤ ᠪᠠᠷ ᠤᠷᠣᠰᠢᠬᠤ᠂ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠢ ᠶᠢ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠨ ᠳ᠋ᠦᠩᠨᠡᠵᠦ᠂ 1 ᠲᠦᠮᠡᠨ ᠮᠦ ᠳᠤᠲᠤᠷᠭᠠᠨ ᠲᠠᠷᠢᠶᠠᠨ ᠳᠤ ᠵᠢᠷᠠᠭᠠᠬᠠᠢ  ᠲᠡᠵᠢᠭᠡᠬᠦ᠂ 5000 ᠮᠤ᠋ ᠤᠰᠤᠨ ᠳᠤ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠢ ᠶᠢ ᠲᠡᠵᠢᠭᠡᠬᠦ ᠵᠢᠱᠢᠶ᠎ᠡ ᠦᠵᠡᠭᠦᠯᠬᠦ ᠲᠣᠭᠤᠷᠢᠭ ᠢ ᠬᠥᠭᠵᠢᠭᠦᠯᠵᠦ᠂ ᠲᠡᠵᠢᠭᠡᠨ ᠦᠷᠡᠵᠢᠭᠦᠯᠬᠦ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠤᠮᠤ ᠲᠠᠷᠢᠶᠠᠨ ᠭᠠᠵᠠᠷ ᠤᠨ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠪᠦᠰᠡ ᠶᠢ ᠪᠤᠢ ᠪᠣᠯᠭᠠᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠣᠨᠴᠠᠯᠢᠭ ᠢᠶᠠᠨ ᠳᠣᠪᠣᠶᠢᠯᠭᠠᠬᠤ ᠶᠢ ᠪᠠᠷᠢᠮᠲᠠᠯᠠᠵᠤ᠂ ᠲᠥᠪᠯᠡᠷᠡᠨ ᠵᠠᠯᠭᠠᠯᠳᠤᠭᠰᠠᠨ ᠣᠨᠴᠠᠯᠢᠭᠲᠤ ᠲᠠᠷᠢᠶᠠᠯᠠᠩ ᠢ ᠵᠣᠷᠢᠭᠵᠢᠭᠤᠯᠤᠨ ᠬᠥᠭᠵᠢᠭᠦᠯᠦᠨ᠎ᠡ᠃ ᠠᠭᠤᠯᠠᠨ ᠦᠪᠦᠷ ᠭᠠᠵᠠᠷ ᠣᠷᠣᠨ ᠳᠤ ᠴᠢᠨ᠋ᠸ᠎ᠠ ᠶᠢᠨ ᠬᠠᠷᠮᠠᠭ᠂ ᠲᠥᠬᠦᠭᠡᠷᠦᠮᠵᠢᠲᠦ ᠭᠤᠯᠳᠦ᠋ᠩ ᠰᠠᠷᠠᠪᠴᠢ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠠᠭᠤᠯᠠ ᠶᠢᠨ ᠠᠷᠤ ᠶᠢᠨ ᠭᠠᠵᠠᠷ ᠣᠷᠣᠨ ᠳᠤ ᠠᠮᠠᠷᠬᠠᠨ ᠬᠠᠭᠠᠷᠠᠬᠤ ᠡᠷᠳᠡᠨᠢ ᠰᠢᠰᠢ᠂ ᠰᠢᠬᠢᠷᠯᠢᠭ ᠡᠷᠳᠡᠨᠢ ᠰᠢᠰᠢ᠂ ᠵᠠᠬᠢᠶᠠᠯᠠᠭ᠎ᠠ ᠶᠢᠨ ᠢᠳᠡᠰᠢᠨ ᠨᠣᠭᠤᠭ᠎ᠠ᠂ ᠳᠠᠭᠤᠷᠢᠶᠠᠮᠠᠯ ᠬᠡᠭᠡᠷ᠎ᠡ ᠶᠢᠨ ᠬᠢᠲᠠᠳ ᠡᠮ ᠤᠨ ᠮᠠᠲ᠋ᠧᠷᠢᠶᠠᠯ᠂ ᠵᠢᠵᠢᠭ ᠬᠤᠯᠢᠮᠠᠭ ᠠᠮᠤ ᠪᠤᠳᠠᠭ᠎ᠠ ᠵᠡᠷᠭᠡ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠲᠠᠢ᠂ ᠦᠷ᠎ᠡ ᠠᠰᠢᠭ ᠢᠶᠠᠷ ᠥᠨᠳᠥᠷ ᠰᠢᠨ᠎ᠡ ᠣᠨᠴᠠ ᠠᠵᠤ ᠦᠢᠯᠡᠰ ᠢ ᠶᠡᠬᠡᠪᠡᠷ ᠳᠡᠯᠭᠡᠷᠡᠭᠦᠯᠵᠦ᠂ ᠪᠤᠷᠤᠲᠤᠬᠤᠢ ᠣᠷᠣᠨ ᠨᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠵᠤ  ᠠᠬᠤᠶᠢᠯᠠᠯ ᠢ ᠳᠡᠮᠵᠢᠨ ᠨᠡᠷᠡᠨ ᠬᠤᠸᠠᠷ ᠤᠨ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠲᠦᠪᠯᠡᠷᠡᠭᠦᠯᠦᠨ ᠪᠣᠭᠤᠮᠲᠠ ᠰᠢᠪᠲᠤᠯᠵᠦ᠂ ︽ᠵᠢᠪᠡᠷᠡᠬᠦ︾᠂ ︽ᠯᠧᠲ᠋ᠠᠩ ᠢ ᠡᠰᠡᠷᠭᠦᠴᠡᠬᠦ︾ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ  ᠲᠤᠭᠤᠷᠢᠭ ᠢ ᠪᠠᠶᠢᠭᠤᠯᠵᠤ᠂ ᠨᠡᠷᠡᠨ ᠬᠤᠸᠠᠷ ᠤᠨ ᠶᠠᠰᠤ ᠴᠢᠨᠠᠷ ᠪᠠᠭᠤᠷᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠤᠨᠠᠯᠲᠠ ᠪᠠᠨ ᠨᠡᠮᠡᠭᠳᠡᠭᠦᠯᠬᠦ ᠣᠷᠤᠯᠭ᠎ᠠ ᠪᠠᠨ ᠨᠡᠮᠡᠭᠳᠡᠭᠦᠯᠬᠦ ᠶᠢ ᠪᠠᠲᠤᠯᠠᠨ᠎ᠠ ᠃ ᠥᠨᠳᠥᠷ ᠦᠷ᠎ᠡ ᠪᠦᠲᠦᠮᠵᠢᠲᠦ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠲᠦᠬᠦᠭᠡᠷᠦᠮᠵᠢᠲᠦ ᠲᠠᠷᠢᠶᠠᠯᠠᠩ ᠳᠤ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠡᠶᠢᠳᠠᠪᠦᠷᠢᠵᠢᠭᠤᠯᠵᠤ᠂ ᠲᠥᠪᠯᠡᠷᠡᠨ ᠵᠠᠯᠭᠠᠯᠳᠤᠭᠰᠠᠨ ᠰᠦᠯᠢᠶᠣᠣ ᠲᠣᠮᠣ ᠰᠠᠷᠠᠪᠴᠢ ᠪᠠᠶᠢᠭᠤᠯᠬᠤ ᠶᠢ ᠭᠤᠤᠯᠳᠠᠯᠭ᠎ᠠ ᠲᠠᠢ ᠲᠡᠮᠵᠢᠨ᠎ᠡ᠃ ᠤᠷᠠᠳ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠳᠤ ᠲᠦᠰᠢᠭᠯᠡᠨ᠂ ᠬᠤᠸᠠᠷ ᠴᠡᠴᠡᠭ᠂ ᠴᠢᠬᠢ ᠪᠤᠶᠢᠵᠢᠭᠤᠯᠬᠤ᠂ ᠥᠨᠳᠥᠷ ᠪᠦᠲᠦᠮᠵᠢᠲᠡᠶ ᠲᠠᠷᠢᠵᠤ ᠪᠤᠶᠢᠵᠢᠭᠤᠯᠬᠤ᠂ ᠵᠢᠵᠢᠭ ᠬᠤᠯᠢᠮᠠᠭ ᠠᠮᠤ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢ ᠬᠦᠯᠡᠮᠵᠢ ᠪᠠᠶᠢᠭᠤᠯᠵᠤ᠂ ᠵᠢᠮᠢᠰ ᠲᠡᠭᠦᠬᠦ᠂ ᠵᠢᠭᠠᠰᠤ ᠭᠥᠬᠢᠳᠡᠬᠦ ᠵᠡᠷᠭᠡ ᠰᠡᠯᠡᠭᠦᠴᠡᠨ ᠴᠡᠩᠭᠡᠬᠦ ᠲᠥᠷᠥᠯ ᠵᠦᠢᠯ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠤᠷᠠᠳ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠣᠷᠣᠨ ᠪᠠ ᠬᠤᠲᠠ ᠶᠢᠨ ᠲᠣᠭᠤᠷᠢᠭ ᠤᠨ ᠰᠡᠯᠡᠭᠦᠴᠡᠨ ᠴᠡᠩᠭᠡᠬᠦ ︽ᠠᠷᠤ ᠴᠡᠴᠡᠷᠯᠢᠭ︾ ᠪᠣᠯᠭᠠᠨ ᠠᠯᠬᠤᠮ ᠠᠯᠬᠤᠮ ᠢᠶᠠᠷ ᠪᠠᠶᠢᠭᠤᠯᠤᠨ᠎ᠠ᠃ ᠭᠦᠩ ‍ᠦᠨ‌‍ᠰᠦ᠋ᠮ᠎ᠡ᠂ ᠰᠢᠶᠠᠨ ᠹᠧᠩ ᠲᠣᠰᠬᠤᠨ ᠵᠡᠷᠭᠡ ᠲᠦᠬᠦᠭᠡᠷᠦᠮᠵᠢᠲᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠠᠪᠴᠠᠩ ᠪᠠ ᠬᠦᠢᠲᠡᠨ ᠢᠶᠠᠷ ᠢᠯᠭᠠᠨ ᠰᠠᠯᠭᠠᠵᠤ ᠪᠣᠭᠤᠳᠠᠯᠯᠠᠬᠤ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠧᠩ ᠶᠧ ᠶᠢᠨ ᠲᠦᠬᠦᠭᠡᠷᠦᠮᠵᠢᠲᠦ ᠲᠠᠷᠢᠶᠠᠯᠠᠩ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠠᠶᠠᠭᠳᠠᠭᠰᠠᠨ ᠬᠦᠯᠡᠮᠵᠢ ᠶᠢ ᠴᠡᠪᠡᠷᠯᠡᠨ ᠠᠮᠢᠯᠠᠭᠤᠯᠵᠤ᠂ ᠲᠦᠬᠦᠭᠡᠷᠦᠮᠵᠢᠲᠦ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠬᠦ ᠪᠤᠷᠤᠯᠠᠭᠤᠯᠬᠤ ᠶᠢ  ᠵᠤᠯᠭᠠᠯᠳᠤᠭᠤᠯᠬᠤ ᠠᠵᠢᠯ ᠢ ᠰᠠᠶᠢᠲᠤᠷ ᠬᠢᠵᠦ᠂ ᠲᠣᠭᠲᠠᠭᠤᠨ ᠵᠣᠴᠢᠳ ᠤᠨ ᠢᠷᠡᠯᠲᠡ ᠲᠠᠢ ᠦᠵᠦᠭᠦᠷ ᠵᠠᠬ᠎ᠠ ᠳᠡᠯᠭᠡᠭᠦᠷ ᠢ ᠪᠤᠢ ᠪᠣᠯᠭᠠᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠹᠧᠩ ᠳ᠋ᠠ ᠶᠤᠸᠠᠨ᠂ ᠴᠠᠩ ᠰᠢᠩ ᠳ᠋ᠠ᠂ ᠾᠧ ᠰᠢᠩ᠂ ᠱᠦᠸᠧ ᠾᠧ ᠾᠧ᠂ ᠲᠢᠶᠠᠨ ᠾᠧᠩ ᠡᠮ ᠦᠢᠯᠡᠳᠬᠦ ᠵᠡᠷᠭᠡ ᠲᠣᠯᠤᠭᠠᠶᠢᠯᠠᠭᠴᠢ ᠠᠵᠤ ᠠᠬᠤᠶᠢᠯᠠᠯ ᠢ ᠲᠡᠳᠬᠦᠵᠦ ᠪᠠᠶᠢᠭᠠᠳ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠦᠩ ᠵᠢᠩ ᠵᠢᠶᠦ᠋ᠨ ᠿᠦᠩ ᠨᠡᠭᠦᠷᠡᠰᠦᠳᠦᠷᠦᠭᠴᠢᠲᠦ ᠠᠮᠢ ᠠᠬᠤᠢ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠣᠯᠤᠭᠠᠶᠢᠯᠠᠭᠴᠢ ᠠᠵᠤ ᠠᠬᠤᠶᠢᠯᠠᠯ ᠢ 6 ᠠᠴᠠ ᠳᠡᠭᠡᠭᠰᠢ ᠬᠦᠮᠦᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠯᠲᠡ ᠶᠢᠨ ᠬᠤᠯᠪᠤᠭᠠᠯᠠᠭᠰᠠᠨ ᠰᠠᠭᠤᠷᠢᠨ ᠭᠠᠵᠠᠷ ᠢ 2 ᠠᠴᠠ ᠳᠡᠭᠡᠭᠰᠢ ᠡᠭᠦᠳᠦᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠲᠦᠰᠢᠭᠯᠡᠨ᠂ ᠭᠠᠵᠠᠷ ᠰᠢᠷᠣᠢ ᠶᠢᠨ ᠡᠷᠭᠢᠯᠲᠡ ᠪᠠ ᠭᠠᠵᠠᠷ ᠰᠢᠷᠣᠢ  ᠶᠢ ᠨᠠᠶᠢᠳᠠᠨ ᠬᠠᠮᠢᠶᠠᠷᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ 10 ᠲᠦᠮᠡᠨ ᠮᠤ᠋ ᠭᠠᠵᠠᠷ ᠰᠢᠷᠣᠢ ᠶᠢ ᠪᠦᠬᠦᠨ ᠢ ᠨᠠᠶᠢᠳᠠᠨ ᠬᠠᠮᠢᠶᠠᠷᠠᠭᠤᠯᠬᠤ᠂ 20 ᠲᠦᠮᠡᠨ ᠮᠤ᠋ ᠦᠢᠯᠡᠳᠪᠦᠷᠢᠯᠡᠯ ᠤᠨ ᠦᠢᠯᠡᠴᠢᠯᠡᠭᠡᠨ ᠢ  ᠨᠠᠶᠢᠳᠠᠨ ᠬᠠᠮᠢᠶᠠᠷᠠᠭᠤᠯᠬᠤ ᠶᠢ ᠨᠠᠶᠢᠳᠠᠪᠦᠷᠢᠵᠢᠭᠤᠯᠬᠤ ᠪᠠᠷ ᠴᠢᠷᠮᠠᠶᠢᠵᠤ᠂ ᠭᠠᠵᠠᠷ ᠰᠢᠷᠣᠢ ᠶᠢᠨ ᠭᠠᠷᠤᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠵᠡᠷᠭᠡᠪᠡᠷ ᠣᠯᠬᠤ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠷ᠎ᠡ ᠳᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠤᠤᠯ ᠪᠣᠯᠭᠠᠵᠤ᠂ ᠲᠥᠷᠥᠯ ᠵᠦᠢᠯ ᠢ ᠰᠠᠶᠢᠵᠢᠷᠠᠭᠤᠯᠬᠤ ᠪᠠᠷ ᠲᠦᠰᠢᠭ ᠪᠣᠯᠭᠠᠨ᠂ ᠰᠢᠨ᠎ᠡ ᠮᠡᠷᠭᠡᠵᠢᠯ ᠢ ᠳᠡᠯᠭᠡᠷᠡᠭᠦᠯᠬᠦ ᠪᠠᠷ ᠭᠠᠷᠲᠠᠴᠠ ᠪᠣᠯᠭᠠᠵᠤ᠂ ︽ᠲᠡᠭᠷᠢ ᠶᠢᠨ ᠬᠡᠰᠢᠭᠲᠦ ᠪᠣᠷᠤᠲᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠢ ᠬᠠᠪᠰᠤᠷᠤᠨ ᠨᠥᠬᠦᠴᠡᠯ ᠳᠤ ᠨᠡᠶᠢᠴᠡᠬᠦ  ᠦᠢᠯᠡᠳᠭᠦᠨ ᠢ ︽ᠲᠡᠭᠷᠢ ᠶᠢᠨ ᠬᠡᠰᠢᠭᠲᠦ ᠪᠣᠷᠤᠲᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠲᠡᠮᠳᠡᠭᠲᠦ ᠶᠢ ᠭᠤᠶᠤᠴᠢᠯᠠᠨ ᠮᠡᠳᠡᠭᠦᠯᠵᠦ ᠬᠡᠷᠡᠭᠯᠡᠭᠦᠯᠦᠨ᠎ᠡ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠢᠳᠡᠪᠬᠢᠲᠡᠢ ᠥᠷᠨᠢᠭᠦᠯᠵᠦ᠂ ᠭᠡᠷᠡᠴᠢᠯᠡᠯ ᠤᠨ ᠪᠦᠲᠦᠭᠡᠭᠳᠡᠬᠦᠨ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠮᠠᠯ  ᠠᠵᠤ ᠠᠬᠤᠢ  ᠶᠢᠨ ᠠᠰᠢᠭ ᠰᠢᠮ᠎ᠡ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠠᠶᠤᠯ ᠦᠭᠡᠢ ᠶᠢ ᠮᠥᠷᠳᠡᠨ ᠤᠬᠤᠴᠢᠯᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠠᠶᠢᠴᠠᠭᠠᠨ‌‍ᠰᠢᠯᠭᠠᠬᠤ ᠪᠠᠶᠢᠭᠤᠯᠤᠮᠵᠢ ᠶᠢᠨ ︽ᠬᠤᠤᠰ ᠭᠡᠷᠡᠴᠢᠯᠡᠭᠡ︾ ᠶᠢᠨ ᠠᠵᠢᠯ ᠢ ᠪᠡᠶᠡᠯᠡᠭᠦᠯᠵᠦ᠂ ᠤᠯᠤᠰ  ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠴᠢᠷᠮᠠᠶᠢᠨ ᠡᠭᠦᠳᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ︾ ᠶᠢ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠬᠤᠸᠠ ᠨᠠᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠠᠶ ᠺᠧ ᠨᠦᠩ ᠺᠣᠮᠫᠠᠨᠢ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠯᠤᠭ᠎ᠠ ᠢᠳᠡᠪᠬᠢᠲᠡᠶ ᠪᠠᠷ ᠬᠤᠷᠰᠢᠯᠴᠠᠵᠤ᠂ ᠳ᠋ᠣᠺᠲ᠋ᠣᠷ ᠤᠨ ᠠᠵᠢᠯᠯᠠᠬᠤ ᠥᠷᠲᠡᠭᠡ᠂ ᠲᠤᠰᠬᠠᠶ ᠮᠡᠷᠭᠡᠵᠢᠯᠲᠡᠨ ᠤ ᠠᠵᠢᠯᠯᠠᠬᠤ ᠥᠷᠲᠡᠭᠡ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠬᠦ ᠬᠡᠷᠡᠭᠲᠡᠶ᠃ ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ 6 ᠲᠦᠮᠡᠨ ᠬᠥᠮᠦᠨ ︵ᠤᠳᠠᠭ᠎ᠠ︶ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠢ ᠪᠡᠶᠡᠯᠡᠭᠦᠯᠵᠦ᠂ 120 ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ᠂ 400 ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠨᠡᠮᠡᠭᠳᠡᠭᠦᠯᠵᠦ᠂ 3 — 5 ᠲᠣᠮᠣ ᠬᠡᠯᠪᠡᠷᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠡᠭᠦᠯᠳᠡᠷᠵᠢᠭᠦᠯᠵᠦ᠂ ᠵᠢᠵᠢᠭ ᠲᠠᠷᠢᠶᠠᠯᠠᠬᠤ ᠡᠷᠦᠬᠡ ᠬᠢᠭᠡᠳ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠣᠷᠭᠠᠨᠢᠭ ᠢᠶᠠᠷ ᠵᠣᠯᠭᠠᠭᠤᠯᠬᠤ ᠶᠢ ᠳᠠᠶᠢᠴᠢᠯᠠᠨ᠎ᠠ᠃ ᠬᠤᠲᠠ ᠶᠢᠨ ᠲᠠᠷᠢᠶᠠᠯᠠᠩ ᠤᠨ ᠡᠳ᠋ ᠪᠤᠳᠠᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ︽ᠬᠤᠭᠤᠴᠠᠭᠠᠲᠤ ᠪᠠᠷᠠᠭ᠎ᠠ + ᠳᠠᠭᠠᠳᠬᠠᠯ︾ ᠵᠡᠷᠭᠡ ᠬᠤᠳᠠᠯᠳᠤᠭᠠᠨ ᠤ ᠳᠠᠭᠠᠳᠬᠠᠯ ᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠥᠨᠳᠡᠶ︾ ᠲᠤᠰᠬᠠᠶ ᠠᠵᠢᠯ ᠤᠨ ᠬᠤᠷᠰᠢᠶ᠎ᠠ ᠶᠢ ᠪᠦᠬᠦ ᠲᠠᠯ᠎ᠠ ᠪᠠᠷ ᠴᠡᠪᠡᠷᠯᠡᠵᠦ᠂ ᠬᠤᠷᠰᠢᠶ᠎ᠠ ᠶᠢᠨ ᠠᠵᠢᠯᠯᠠᠭᠠᠨ ᠤ ᠵᠣᠬᠢᠴᠠᠮᠵᠢ ᠶᠢ ᠵᠢᠷᠤᠮᠵᠢᠭᠤᠯᠤᠨ᠂ ᠬᠤᠷᠰᠢᠶ᠎ᠠ ᠶᠢᠨ ᠮᠡᠳᠡᠭᠡ ᠵᠠᠩᠭᠢ ᠳᠠᠮᠵᠢᠭᠤᠯᠬᠤ᠂ ᠦᠢᠯᠡᠳᠭᠦᠨ ᠪᠣᠷᠣᠯᠠᠭᠤᠯᠬᠤ᠂ ᠠᠰᠢᠭ ᠲᠤᠰᠠ ᠬᠤᠯᠪᠣᠭᠠᠯᠠᠬᠤ ᠵᠡᠷᠭᠡ ᠲᠠᠯ᠎ᠠ ᠪᠠᠷ ᠬᠢ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠤᠨ᠎ᠠ᠃      ︵ᠭᠤᠷᠪᠠ︶ ᠣᠷᠣᠰᠢᠨ ᠰᠠᠭᠤᠬᠤ ᠣᠷᠴᠢᠨ ᠲᠣᠭᠤᠷᠢᠨ ᠤ ᠠᠮᠢ ᠠᠬᠤᠶᠢᠵᠢᠯ ᠢ ᠲᠦᠷᠭᠡᠳᠬᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠦᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠮ ᠳᠠᠭᠠᠤ᠂ ᠭᠡᠷ ᠪᠠᠶᠢᠰᠢᠩ ᠤᠨ ᠡᠮᠦᠨ᠎ᠡ ᠬᠤᠶᠢᠭᠤᠷᠬᠢ  ᠬᠤᠭ ᠨᠣᠪᠰᠢ ᠶᠢ ᠪᠦᠬᠦᠨ ᠢ ᠴᠡᠪᠡᠷᠯᠡᠵᠦ᠂ ︽ᠰᠤᠮᠤ ᠪᠠᠯᠭᠠᠰᠤ ᠪᠠᠷ ᠭᠤᠣᠯᠯᠠᠭᠤᠯᠵᠤ᠂ ᠭᠠᠴᠠᠭ᠎ᠠ ᠳᠤᠭᠤᠶᠢᠯᠠᠩ ᠬᠠᠷᠢᠭᠤᠴᠠᠵᠤ᠂ ᠭᠠᠴᠠᠭᠠᠨ ᠤ ᠠᠷᠠᠳ ᠥᠪᠡᠷᠲᠡᠭᠡᠨ ᠵᠠᠰᠠᠬᠤ᠂ ᠡᠳ᠋ ᠤᠨ ᠵᠠᠰᠠᠭ ᠠᠴᠠ ᠱᠠᠩᠨᠠᠯ ᠨᠥᠬᠦᠪᠥᠷᠢ ᠦᠭᠬᠦ︾ ᠤᠷᠲᠤ  ᠬᠤᠭᠤᠴᠠᠭᠠᠲᠤ ᠪᠦᠲᠦᠮᠵᠢᠲᠡᠢ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠤ ᠳᠦᠷᠢ ᠲᠥᠷᠬᠦ ᠶᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ 81 ᠲᠤᠤᠷ᠎ᠠ ᠲᠤᠯᠠᠭᠠᠨ  ᠢᠶᠠᠷ ᠢᠯᠴᠢ ᠢᠯᠭᠠᠷᠠᠭᠤᠯᠬᠤ ᠠᠮᠢᠳᠣᠷᠠᠯ ᠤᠨ ᠬᠤᠭ ᠨᠣᠪᠰᠢ ᠰᠢᠢᠳᠪᠦᠷᠢᠯᠡᠬᠦ ᠥᠷᠲᠡᠭᠡ ᠪᠠ 9 ᠲᠤᠰᠬᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢ ᠪᠡᠶᠡᠯᠡᠭᠦᠯᠵᠦ᠂ 29 ᠺᠢᠯᠦᠮᠧᠲᠷ ᠤᠷᠲᠤ ᠪᠣᠬᠢᠷ ᠤᠰᠤᠨ ᠤ ᠬᠤᠭᠤᠯᠠᠢ ᠳᠡᠪᠢᠰᠪᠡ᠃ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠢᠯ ᠤᠨ ᠠᠬᠢᠴᠠ ᠪᠠᠨ ᠲᠦᠷᠭᠡᠳᠭᠡᠬᠦ ᠮᠦᠷᠲᠡᠭᠡᠨ ᠵᠢᠯ ᠤᠨ ᠳᠣᠲᠣᠷ᠎ᠠ ᠠᠷᠢᠭᠤᠨ ᠴᠡᠪᠡᠷ ᠵᠣᠷᠯᠣᠩ ᠤᠨ ᠨᠣᠷᠮ᠎ᠠ ᠶᠢ 85 % ᠲᠤ ᠬᠦᠷᠦᠭᠦᠯᠬᠦ ᠶᠢ ᠦᠨᠡᠨᠬᠦ ᠪᠠᠲᠤᠯᠠᠵᠤ᠂ ᠪᠠᠰᠠ ᠬᠤᠶᠢᠨᠠᠬᠢ ᠬᠠᠮᠢᠶᠠᠷᠤᠯᠲᠠ ᠶᠢᠨ  ᠦᠢᠯᠡᠴᠢᠯᠡᠭᠡᠨ ᠢ ᠴᠠᠭ ᠲᠤᠬᠠᠶ ᠳᠤᠨᠢ ᠳᠠᠭᠠᠭᠤᠯᠵᠦ᠂ ᠠᠷᠠᠳ ᠲᠤ ᠦᠢᠯᠡᠴᠢᠯᠡᠬᠦ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠨ᠎ᠡ᠃ ᠬᠥᠳᠡᠭᠡ ᠲᠣᠰᠬᠤᠨ ᠤ ᠵᠠᠮ ᠪᠠ ᠠᠶᠢᠯ ᠲᠣᠰᠬᠤᠨ ᠢ ᠨᠣᠭᠤᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠤᠢ ᠶᠢ ᠢᠳᠡᠪᠬᠢᠲᠡᠢ ᠬᠥᠭᠵᠢᠭᠦᠯᠵᠦ᠂ ᠴᠡᠪᠡᠷ ᠲᠣᠬᠢᠯᠢᠭ ᠣᠷᠤᠰᠢᠨ ᠰᠠᠭᠤᠷᠢᠰᠢᠬᠤ ᠣᠷᠴᠢᠨ ᠲᠣᠭᠤᠷᠢᠨ ᠢ ᠪᠤᠢ ᠪᠣᠯᠭᠠᠨ᠎ᠠ᠃ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠷᠤᠨ ᠪᠠᠶᠢᠷᠢ  ᠶᠢᠨ ᠲᠠᠪᠠᠭᠤᠯᠢᠭ᠂ ᠦᠨᠳᠦᠰᠦᠳᠡᠨ ᠤ ᠵᠠᠩ ᠠᠭᠠᠯᠢ ᠵᠡᠷᠭᠡ  ᠡᠯᠧᠮᠧᠨ᠋ᠲ ᠲᠠᠢ ᠤᠶᠠᠯᠳᠤᠭᠤᠯᠤᠨ᠂ ᠲᠤᠰᠬᠤᠨ ᠪᠠᠯᠭᠠᠰᠤᠨ ᠤ ᠲᠡᠰ ᠲᠡᠪᠰᠢᠬᠦ ᠶᠢ ᠲᠦᠷᠭᠡᠳᠭᠡᠨ ᠠᠬᠢᠭᠤᠯᠵᠤ᠂ ᠰᠠᠭᠠᠳᠠᠭ ᠢ ᠤᠯᠤᠰ ᠤᠨ ᠤᠨᠴᠠᠯᠢᠭᠳᠤ ᠪᠠᠭ᠎ᠠ ᠪᠠᠯᠭᠠᠰᠤ᠂ ᠮᠤᠨᠠ ᠠᠭᠤᠯᠠ ᠢ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠬᠦᠯᠬᠦ ᠪᠠᠯᠭᠠᠰᠤ ᠂ ᠶᠡᠭᠡ ᠰᠢᠭᠡᠳᠡᠢ ᠢ  ᠡᠷᠴᠢᠮᠵᠢᠭᠰᠡᠨ ᠬᠦᠭᠵᠢᠯᠳᠡ ᠶᠢᠨ ᠣᠨᠴᠠᠯᠢᠭᠳᠣ ᠪᠠᠯᠭᠠᠰᠤ ᠵᠡᠷᠭᠡ ᠨᠢᠬᠡ ᠪᠦᠯᠦᠭ ᠪᠦᠷᠢᠨ ᠴᠢᠳᠠᠪᠤᠷᠢᠳᠤ᠂ ᠣᠷᠣᠰᠢᠨ ᠰᠠᠭᠤᠬᠤ ᠳᠤ ᠲᠤᠬᠢᠷᠠᠮᠵᠢᠳᠠᠢ ᠵᠢᠱᠢᠶ᠎ᠡ ᠦᠵᠡᠬᠦᠯᠬᠦ ᠪᠠᠯᠭᠠᠰᠤ ᠶᠢ ᠴᠢᠷᠮᠠᠶᠢᠨ ᠪᠤᠢ ᠪᠤᠯᠭᠠᠨ᠎ᠠ᠃ ᠬᠤᠶᠢᠮᠣᠷ ᠲᠤᠰᠬᠤᠨ᠂ ᠬᠦᠩ ᠤᠨ ᠰᠦᠮ᠎ᠡ ᠲᠤᠰᠬᠤᠨ᠂ ᠠᠷᠴᠠ ᠭᠠᠴᠠᠭ᠎ᠠ ᠵᠡᠷᠭᠡ ᠨᠢᠬᠡ ᠪᠦᠯᠦᠭ ᠤᠷᠴᠢᠨ ᠲᠤᠭᠤᠷᠢᠨ ᠭᠤᠶᠤ ᠰᠠᠶᠢᠬᠠᠨ᠂ ᠡᠷᠴᠢᠮᠵᠢᠭᠰᠡᠨ ᠬᠦᠭᠵᠢᠯᠳᠡ ᠲᠠᠢ᠂ ᠲᠡᠭᠦᠯᠳᠡᠷᠵᠢᠭᠰᠡᠨ ᠤᠨᠴᠠᠯᠢᠭᠳᠤ ᠭᠠᠴᠠᠭ᠎ᠠ ᠲᠤᠰᠬᠤᠨ ᠢ ᠲᠦᠪᠯᠡᠷᠡᠭᠦᠯᠦᠨ ᠪᠠᠶᠢᠭᠤᠯᠵᠤ᠂ ᠬᠤᠩ ᠮᠢᠩ ᠲᠤᠰᠬᠤᠨ ᠢ ᠪᠦᠬᠦ ᠤᠷᠤᠨ ᠤ ᠰᠢᠶᠠᠩ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠬᠦᠯᠬᠦ ᠲᠤᠰᠬᠤᠨ ᠪᠤᠯᠭᠠᠵᠤ᠂  ᠺᠠᠳ᠋ᠷ ᠤᠳ ᠢ ᠴᠢᠷᠮᠠᠶᠢᠬᠤ ᠴᠢᠭᠯᠡᠯ ᠲᠠᠢ᠂ ᠰᠤᠷᠤᠯᠴᠠᠬᠤ ᠲᠠᠭᠤᠷᠢᠶᠠᠯ ᠲᠠᠢ᠂ ᠭᠦᠢᠴᠡᠨ ᠲᠠᠪᠠᠭ᠋ᠤ  ᠪᠠᠷᠢᠮᠵᠢᠶ᠎ᠠ ᠲᠠᠢ ᠪᠠᠶᠢᠯᠭᠠᠵᠤ᠂  ᠲᠠᠷᠢᠶᠠᠯᠠᠬᠤ ᠮᠠᠯᠵᠢᠬᠤ ᠤᠷᠤᠨ ᠢ ᠵᠢᠩᠬᠢᠨᠢ ᠦᠵᠡᠮᠵᠢᠳᠦ ᠰᠠᠶᠢᠬᠠᠨ ᠬᠦᠳᠡᠭᠡ ᠲᠣᠰᠬᠤᠨ᠂ ᠵᠤᠯ ᠵᠢᠷᠭᠠᠯᠳᠤ ᠭᠡᠷ ᠬᠦᠷᠢᠶᠡᠯᠡᠩ ᠪᠤᠯᠭᠠᠨ᠎ᠠ᠃      ︵ᠳᠦᠷᠪᠡ︶  ᠬᠦᠳᠡᠭᠡ ᠲᠤᠰᠬᠤᠨ ᠢ ᠵᠠᠰᠠᠨ ᠴᠡᠭᠴᠡᠯᠡᠬᠦ  ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠠᠭᠡᠭᠰᠢᠯᠡᠭᠦᠯᠦᠨ᠎ᠡ      ᠲᠦᠷᠦᠯ ᠵᠦᠢᠯ  ᠂ ᠡᠳ᠋ ᠤᠨ ᠵᠠᠰᠠᠭ ᠤᠨ ᠪᠡᠯᠡ ᠤᠷᠤᠭᠤᠯᠤᠯᠳᠠ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ᠂ ᠦᠨᠳᠦᠰᠦᠨ ᠱᠠᠳᠣᠨ ᠤ ᠠᠵᠢᠯᠯᠠᠭᠠᠨ  ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠣᠯᠠᠮ ᠨᠢᠬᠡ ᠠᠯᠬᠤᠮ ᠴᠢᠩᠭᠠᠳᠬᠠᠨ᠂ ᠦᠨᠳᠦᠰᠦᠨ ᠱᠠᠳᠣᠨ ᠤ ᠪᠠᠶᠢᠭᠤᠯᠤᠯᠳᠠ ᠶᠢᠨ ᠠᠵᠢᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠦᠨᠳᠦᠰᠦᠨ ᠱᠠᠳᠣᠨ ᠤ ᠨᠠᠮ ᠤᠨ ᠪᠠᠶᠢᠭᠤᠯᠤᠯᠳᠠ ᠶᠢ ᠠᠳᠬᠤᠬᠤ ᠪᠠᠷ ᠬᠦᠳᠡᠭᠡ ᠲᠤᠰᠬᠤᠨ ᠢᠶᠠᠨ ᠬᠦᠭᠵᠢᠭᠦᠯᠦᠨ ᠮᠠᠨᠳᠣᠭᠤᠯᠬᠤ ᠶᠢ ᠦᠨᠡᠨᠬᠦ ᠠᠬᠢᠭᠤᠯᠤᠨ᠎ᠠ᠃ ᠦᠨᠳᠦᠰᠦᠨ ᠱᠠᠳᠣᠨ ᠤ ᠨᠡᠶᠢᠬᠡᠮ ᠤᠨ ᠵᠦᠷᠢᠴᠡᠯ ᠢ ᠵᠢᠭᠰᠠᠭᠠᠨ ᠪᠠᠶᠢᠴᠠᠭᠠᠵᠤ ᠡᠪᠰᠡᠭᠦᠯᠬᠦ ᠵᠤᠬᠢᠴᠠᠮᠵᠢ  ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠵᠦᠢ ᠶᠣᠰᠣᠨ ᠤ ᠱᠠᠭᠠᠷᠳᠠᠯᠭ᠎ᠠ ᠶᠢ ᠴᠠᠭ ᠲᠠᠷᠤᠢ ᠳᠤᠨᠢ ᠰᠡᠢᠳᠪᠦᠷᠢᠯᠡᠵᠦ᠂ ᠨᠤᠤᠷᠠᠯᠳᠤᠨ ᠰᠤᠷᠪᠤᠯᠵᠢᠯᠠᠬᠤ᠂ ᠦᠢᠮᠡᠭᠡᠨ ᠲᠡᠭᠳᠡᠬᠡᠬᠦ᠂ ᠵᠦᠢ ᠪᠤᠰᠤ ᠪᠠᠷ ᠰᠤᠷᠪᠤᠯᠵᠢᠯᠠᠬᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠦ᠂ ᠤᠭᠰᠠᠭ᠎ᠠ ᠲᠦᠷᠦᠯ᠂ ᠱᠠᠰᠢᠨ ᠰᠤᠷᠲᠠᠬᠤᠨ ᠤ ᠬᠦᠴᠦᠨ  ᠢᠶᠠᠷ ᠨᠤᠲᠤᠭ ᠤᠰᠤᠨ ᠳᠠᠭᠠᠨ ᠶᠣᠰᠤ ᠪᠣᠰᠤ ᠪᠠᠷ ᠠᠭᠠᠰᠢᠯᠠᠬᠤ᠂ ᠡᠵᠡᠷᠬᠡᠭ ᠬᠠᠷᠬᠢᠰ᠂ ᠠᠷᠠᠳ ᠢ ᠳᠤᠷᠤᠮᠵᠢᠯᠠᠨ ᠬᠤᠣᠷ ᠬᠦᠨᠦᠭᠡᠯ ᠳᠤ ᠤᠴᠠᠷᠠᠭᠤᠯᠤᠭᠰᠠᠨ ᠲᠤᠰᠬᠤᠨ ᠤ ᠬᠠᠷᠬᠢᠰᠴᠤᠳ ᠵᠡᠷᠭᠡ ᠬᠠᠷᠬᠢᠰ ᠬᠡᠷᠴᠡᠭᠡᠢ ᠬᠦᠴᠦᠨ ᠢ ᠡᠷᠡᠰ ᠦᠭᠡᠶᠢᠰᠬᠡᠨ᠎ᠡ᠃ ︽ᠤᠭ ᠰᠠᠨᠠᠭ᠎ᠠ ᠪᠠᠨ ᠤᠮᠠᠷᠳᠠᠬᠤ ᠦᠬᠡᠢ᠂ ᠡᠭᠦᠷᠭᠡ ᠬᠠᠷᠢᠭᠤᠴᠠᠯᠭ᠎ᠠ  ᠪᠠᠨ ᠪᠠᠳᠣ ᠴᠡᠭᠡᠵᠢᠯᠡᠬᠦ︾  ᠭᠤᠤᠯ ᠰᠡᠳᠦᠪᠳᠦ ᠬᠦᠮᠦᠵᠢᠯ ᠢᠶᠠᠷ ᠠᠵᠠ ᠲᠤᠬᠢᠶᠠᠯ ᠪᠤᠯᠭᠠᠵᠤ᠂ ︽ᠬᠠᠮᠤᠭ ᠰᠠᠶᠢᠬᠠᠨ ᠬᠡᠷ ᠪᠦᠯᠢ︾᠂ ︽ᠨᠢᠮᠪᠠᠢ ᠪᠡᠷᠢ︾ ᠵᠡᠷᠭᠡ ᠶᠢ ᠰᠢᠯᠭᠠᠷᠠᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ ᠣᠯᠠᠨ ᠲᠦᠮᠡᠨ ᠤ ᠵᠢᠯᠤᠭᠤᠳᠤᠨ ᠪᠣᠯᠪᠠᠰᠤᠨ ᠢ ᠡᠷᠬᠢᠮᠯᠡᠬᠦ᠂ ᠰᠢᠨ᠎ᠡ ᠰᠤᠷᠲᠠᠯ ᠢ ᠪᠣᠢ ᠪᠣᠯᠭᠠᠵᠤ᠂ ᠭᠤᠸ᠎ᠠ ᠦᠵᠡᠰᠭᠦᠯᠡᠩ  ᠂ ᠡᠶ᠎ᠡ ᠵᠣᠬᠢᠴᠠᠩᠭᠤᠢ᠂ ᠪᠣᠯᠪᠠᠰᠤᠨ ᠨᠡᠶᠢᠭᠡᠮ   ᠤᠨ ᠰᠢᠨ᠎ᠡ ᠰᠤᠷᠲᠠᠯ ᠢ ᠪᠠᠶᠢᠭᠤᠯᠤᠨ᠎ᠠ᠃       ᠳᠦᠷᠪᠡ᠂ ᠬᠠᠮᠢᠶᠠᠷᠤᠯᠲᠠ ᠶᠢ ᠠᠳᠬᠤᠨ᠂ ᠳᠤᠲᠠᠭᠤᠳᠠᠯ ᠢ ᠨᠥᠬᠦᠪᠥᠷᠢᠯᠡᠵᠦ᠂ ᠬᠤᠲᠠ ᠪᠠᠯᠭᠠᠰᠤ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ       ᠣᠶᠢᠷ᠎ᠠ ᠶᠢᠨ ᠵᠢᠯ ᠤᠳ ᠤᠨ ᠲᠦᠷᠭᠡᠨ ᠬᠦᠭᠵᠢᠯᠲᠡ ᠪᠠᠷ ᠳᠠᠮᠵᠢᠨ᠂ ᠬᠤᠲᠠ ᠶᠢᠨ ᠲᠦᠯᠦᠪ ᠪᠠᠶᠢᠳᠠᠯ ᠦᠨᠳᠦᠰᠦᠨ ᠳᠡᠭᠡᠨ ᠪᠠᠶᠢᠭᠤᠯᠤᠭᠳᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠨᠢ ᠨᠢᠭᠡᠨᠲᠡ ᠲᠤᠳᠤᠭᠠᠳᠤ ᠠᠭᠤᠯᠬᠤᠨ ᠮᠠᠶ᠋ᠢᠭ ᠤᠨ ᠬᠦᠭᠵᠢᠯᠳᠡ ᠶᠢᠨ ᠰᠢᠨ᠎ᠡ ᠱᠠᠲᠤᠨ ᠳᠤ ᠣᠷᠤᠪᠠ᠃ ᠪᠢᠳᠠ ︽ᠲᠠᠪᠤᠨ ᠬᠤᠲᠠ ᠶᠢᠨ ᠪᠠᠶᠢᠭᠤᠯᠤᠯᠳᠠ ᠶᠢ ᠬᠠᠮᠲᠦ ᠪᠠᠷ ᠡᠭᠦᠳᠬᠦ︾ ᠪᠠᠷ ᠬᠤᠲᠠ ᠶᠢᠨ ᠬᠦᠭᠵᠢᠯᠲᠡ ᠶᠢ ᠨᠢᠭᠡᠳᠦᠯᠲᠡᠢ ᠵᠢᠯᠤᠭᠤᠳᠤᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠠᠳᠠᠭᠰᠢ ᠪᠠᠨ ᠦᠷᠭᠡᠳᠭᠡᠬᠦ ᠠᠴᠠ ᠠᠭᠤᠯᠬᠤᠨ ᠢᠶᠠᠨ ᠳᠡᠭᠡᠭᠰᠢᠯᠡᠭᠦᠯᠦᠨ ᠬᠤᠪᠢᠷᠠᠭᠤᠯᠬᠤ ᠶᠢ ᠠᠬᠢᠭᠤᠯᠵᠤ᠂ ᠣᠳᠤᠬᠢᠴᠢᠯᠠᠭᠰᠠᠨ ᠠᠮᠢ ᠠᠬᠤᠢ  ᠶᠢᠨ ᠬᠦᠷᠢᠶᠡᠯᠡᠩᠳᠦ ᠬᠤᠲᠠ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ᠃      ︵ᠨᠢᠭᠡ︶ ᠬᠤᠲᠠ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭ᠎ᠠ ᠲᠥᠯᠥᠪᠵᠢᠭᠦᠯᠦᠨ ᠬᠡᠷᠡᠭᠵᠢᠭᠦᠯᠵᠦ᠂ ᠲᠥᠯᠥᠪᠵᠢᠭᠦᠯᠭᠡ ᠶᠢᠨ ᠲᠦᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠨ᠎ᠠ᠃ ᠬᠤᠲᠠ ᠶᠢᠨ ᠲᠣᠭᠤᠷᠢᠭ ᠤᠨ ᠵᠠᠮ ᠤᠨ ᠲᠣᠣᠷᠵᠢᠯ ᠢ ᠲᠡᠭᠦᠯᠳᠡᠷᠵᠢᠭᠦᠯᠵᠦ᠂ ᠮᠡᠷᠭᠡᠨ ᠰᠢᠷ᠎ᠠ ᠣᠷᠤᠢ ᠵᠠᠮ᠂ ᠴᠠᠩ ᠱᠧᠩ ᠵᠡᠭᠡᠯᠢ᠂ ᠠᠷᠠᠳ ᠤᠨ ᠠᠮᠢᠳᠤᠷᠠᠯ ᠵᠠᠮ ᠵᠡᠷᠭᠡ ᠵᠠᠮ ᠢ ᠤᠷᠲᠤᠳᠬᠠᠬᠤ ᠪᠠᠷᠢᠯᠭ᠎ᠠ ᠶᠢ ᠬᠡᠷᠡᠭᠵᠢᠭᠦᠯᠵᠦ ᠂ ᠳ᠋ᠦᠩ ᠹᠧᠩ ᠶᠡᠭᠡ ᠵᠡᠭᠡᠯᠢ ᠶᠢᠨ ᠡᠪᠳᠡᠭᠳᠡᠭᠰᠡᠨ ᠬᠡᠰᠡᠭ ᠢ ᠵᠠᠰᠠᠨ ᠪᠠᠶᠢᠭᠤᠯᠬᠤ ᠠᠵᠢᠯ ᠢ  ᠪᠡᠶᠡᠯᠡᠭᠦᠯᠵᠦ᠂ ᠪᠠᠶᠠᠨᠬᠤᠸᠠ ᠵᠡᠭᠡᠯᠢ᠂ ᠡᠮᠦᠨ᠎ᠡ ᠲᠣᠭᠤᠷᠢᠯ ᠵᠠᠮ ᠢ ᠨᠤᠷᠠᠭᠠᠨ ᠪᠠᠶᠢᠭᠤᠯᠬᠤ ᠢᠨᠵᠧᠨᠧᠷᠢᠩ ᠢ ᠢᠳᠡᠪᠬᠢᠲᠡᠢ ᠲᠦᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ  ᠵᠠᠰᠠᠮᠠᠯ ᠵᠠᠮ ᠤᠨ ᠳᠣᠲᠣᠭᠠᠳᠤ ᠲᠤᠭᠤᠷᠢᠯ ᠢ ᠭᠠᠳᠠᠭᠰᠢ ᠬᠤᠯᠪᠣᠬᠤ ᠶᠢ ᠪᠡᠶᠡᠯᠡᠭᠦᠯᠦᠨ᠎ᠡ᠃ ᠬᠤᠲᠠ ᠶᠢᠨ ᠭᠡᠷᠡᠯᠲᠦᠭᠦᠯᠭᠡ ᠶᠢᠨ ᠢᠨᠵᠧᠨᠧᠷᠢᠩ ᠢ ᠠᠬᠢᠭᠤᠯᠵᠤ᠂ ᠳ᠋ᠦᠩ ᠹᠧᠩ ᠶᠡᠭᠡ ᠵᠡᠭᠡᠯᠢ᠂ ᠵᠧᠩ ᠰᠢᠩ ᠶᠡᠭᠡ ᠵᠡᠭᠡᠯᠢ᠂ ᠰᠤᠷᠭᠠᠨ ᠬᠥᠮᠦᠵᠢᠯ ᠤᠨ ᠵᠠᠮ ᠵᠡᠷᠭᠡ 5 ᠵᠤᠷᠪᠤᠰ ᠵᠠᠮ ᠤᠨ ᠭᠡᠷᠡᠯᠲᠦᠭᠦᠯᠭᠡ ᠶᠢᠨ ᠲᠣᠨᠤᠭ ᠲᠦᠬᠦᠭᠡᠷᠦᠮᠵᠢ ᠶᠢ ᠰᠢᠨᠡᠳᠬᠡᠵᠦ᠂ ᠰᠢᠨ᠎ᠡ ᠪᠠᠷ ᠪᠠᠶᠢᠭᠤᠯᠤᠭᠰᠠᠨ ᠵᠠᠮ ᠤᠨ ᠭᠡᠷᠡᠯᠲᠦᠭᠦᠯᠭᠡ ᠶᠢᠨ ᠲᠤᠨᠤᠭ ᠲᠦᠬᠦᠭᠡᠷᠦᠮᠵᠢ ᠶᠢ ᠢᠵᠢ ᠪᠦᠷᠢᠳᠦᠭᠦᠯᠵᠦ᠂ ᠵᠠᠮ ᠤᠨ ᠳ᠋ᠧᠩ ᠤᠨ ᠤᠶᠤᠨᠲᠤ ᠬᠢᠨᠠᠨ ᠡᠵᠡᠮᠰᠢᠬᠦ ᠰᠢᠰᠲ᠋ᠧᠮ ᠢ ᠤᠭᠰᠠᠷᠠᠵᠤ᠂ ᠭᠡᠷᠡᠯᠲᠦᠭᠦᠯᠭᠡ ᠶᠢ ᠬᠤᠲᠠ ᠶᠢᠨ ᠲᠣᠭᠤᠷᠢᠭ ᠲᠤ ᠪᠦᠷᠬᠦᠭᠦᠯᠬᠦ ᠶᠢ ᠪᠡᠶᠡᠯᠡᠭᠦᠯᠦᠨ᠎ᠡ᠃ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ 10 ᠺᠢᠯᠣᠮᠧᠲᠷ ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠢᠨ᠎ᠡ ᠪᠠᠷ ᠥᠭᠡᠷᠡᠴᠢᠯᠡᠨ ᠤᠭᠰᠠᠷᠠᠵᠤ᠂ ᠨᠥᠬᠦᠴᠡᠯ ᠳᠤ ᠨᠡᠶᠢᠴᠡᠬᠦ ᠲᠡᠭᠰᠢ ᠤᠷᠤᠶᠢᠳᠤ ᠪᠠᠶᠢᠰᠢᠩ ᠭᠡᠷ ᠢ ᠲᠥᠪᠯᠡᠷᠡᠭᠦᠯᠦᠨ ᠢᠯᠴᠢ ᠬᠠᠩᠭᠠᠬᠤ ᠰᠢᠰᠲ᠋ᠧᠮ ᠳᠤ ᠣᠷᠤᠭᠤᠯᠬᠤ ᠶᠢ ᠲᠦᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ  ᠃ ᠪᠣᠷᠣᠭᠠᠨ ᠤ ᠪᠣᠬᠢᠷᠲᠤᠯ ᠤᠰᠤᠨ ᠤ ᠬᠤᠭᠤᠯᠠᠢ ᠶᠢᠨ ᠲᠣᠣᠷᠵᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ 7.3 ᠺᠢᠯᠦᠮᠧᠲᠷ ᠪᠣᠷᠣᠭᠠᠨ ᠤ ᠪᠣᠬᠢᠷᠲᠤᠯ ᠤᠰᠤᠨ ᠤ ᠬᠤᠭᠤᠯᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠣᠷᠣᠭᠠᠨ ᠤ ᠪᠣᠬᠢᠷᠲᠤᠯ ᠤᠰᠤ ᠶᠢ ᠬᠤᠷᠢᠶᠠᠨ ᠴᠤᠭᠯᠠᠭᠤᠯᠵᠤ ᠭᠠᠳᠠᠭᠰᠢᠯᠠᠭᠤᠯᠬᠤ ᠰᠢᠰᠲ᠋ᠧᠮ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠭᠠᠵᠠᠷ ᠳᠣᠣᠷᠠᠬᠢ ᠤᠰᠤ ᠶᠢᠨ ᠪᠣᠬᠢᠷ ᠣᠰᠤᠨ ᠤ ᠬᠤᠭᠤᠯᠠᠢ ᠶᠢᠨ ᠲᠣᠣᠷ ᠲᠤ ᠨᠡᠪᠴᠢᠨ ᠣᠷᠣᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ᠃ ᠤᠷᠠᠳ ᠤᠨ ᠬᠠᠳᠤᠨ ᠭᠤᠤᠯ ᠤᠨ ᠵᠤᠭᠠᠴᠠᠯ ᠤᠨ ᠬᠦᠷᠢᠶᠡᠯᠡᠩ ᠪᠠ ᠰᠡᠬᠡᠭᠡᠲᠡᠨ ᠵᠠᠯᠠᠭᠤᠴᠤᠳ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠷᠠᠳ ᠤᠨ ᠪᠣᠳᠠᠰ ᠤᠨ ᠪᠤᠰᠤ  ᠦᠯᠡᠳᠡᠭᠳᠡᠯ ᠰᠣᠶᠣᠯ ᠤᠨ ᠭᠤᠤᠯ ᠰᠡᠳᠦᠪᠲᠦ ᠴᠡᠴᠡᠷᠯᠢᠭ᠂ ᠳᠤᠮᠳᠠᠳᠤ ᠶᠢᠨ ᠰᠢᠯᠦᠭ ᠳᠠᠭᠤᠯᠠᠯ ᠤᠨ ᠬᠦᠷᠢᠶᠡᠯᠡᠩ ᠵᠡᠷᠭᠡ ᠦᠵᠡᠮᠵᠢ ᠶᠢᠨ ᠴᠡᠴᠡᠷᠯᠢᠭ ᠤᠨ ᠨᠤᠭᠤᠭᠠᠷᠠᠵᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂ ᠮᠤᠨᠠ ᠠᠭᠤᠯᠠ ᠶᠢᠨ ᠵᠡᠭᠦᠨ ᠭᠤᠤᠯ ᠤᠨ ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠮᠡᠳᠡᠭᠦᠯᠦᠨ᠎ᠡ᠃ ᠵᠤᠭᠠᠴᠠᠯ ᠤᠨ ᠬᠦᠷᠢᠶᠡᠯᠡᠩ ᠤᠨ ᠠᠭᠤᠳᠠᠮ ᠲᠠᠯᠠᠪᠠᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠵᠦ ᠰᠡᠯᠪᠢᠨ ᠵᠠᠰᠠᠵᠤ᠂ ᠣᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ ᠰᠡᠯᠡᠭᠦᠴᠡᠬᠦ ᠬᠡᠷᠡᠭᠴᠡᠭᠡ ᠶᠢ ᠦᠨᠡᠨᠬᠦ ᠬᠠᠩᠭᠠᠨ᠎ᠠ᠃ ᠣᠯᠠᠨ ᠨᠡᠶᠢᠲᠡ ᠶᠢᠨ ᠰᠤᠶᠤᠯ ᠲᠠᠮᠢᠷ᠂ ᠪᠤᠯᠪᠠᠰᠤᠨ ᠬᠤᠳᠠᠯᠳᠤᠭᠠᠨ ᠤ ᠦᠢᠯᠡᠰ ᠢ ᠬᠦᠭᠵᠢᠭᠦᠯᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠭᠤᠴᠢᠨ ᠰᠤᠯᠠ ᠪᠠᠷᠢᠯᠭ᠎ᠠ ᠶᠢ  ᠲᠠᠬᠢᠨ ᠠᠰᠢᠭᠯᠠᠬᠤ ᠪᠠᠷ ᠲᠦᠯᠦᠪᠯᠡᠨ᠎ᠡ᠃       ︵ᠬᠤᠶᠠᠷ︶ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃  ᠬᠤᠳᠠ ᠶᠢᠨ ᠤᠷᠤᠨ ᠰᠠᠭᠤᠴᠠ ᠶᠢᠨ ᠤᠳᠤ ᠶᠢᠨ ᠪᠠᠶᠢᠳᠠᠯ ᠪᠠ ᠤᠯᠠᠨ ᠲᠦᠮᠡᠨ ᠤ ᠣᠷᠣᠨ ᠰᠠᠭᠤᠴᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠤᠷᠤ ᠭᠡᠷᠳᠦ ᠤᠷᠤᠨ ᠰᠠᠭᠤᠴᠠ ᠶᠢᠨ ᠦᠬᠡᠷᠡᠴᠢᠯᠡᠯᠳᠡ᠂ ᠲᠡᠭᠰᠢ ᠤᠷᠤᠶᠢᠳᠤ ᠬᠡᠷ ᠪᠠᠶᠢᠰᠢᠩ ᠤᠨ ᠲᠤᠭᠤᠷᠢᠭ ᠤᠨ ᠵᠠᠰᠠᠨ ᠴᠡᠭᠴᠡᠯᠡᠯᠳᠡ  ᠂ ᠰᠠᠶᠢᠵᠢᠷᠠᠯᠭᠤᠯᠤᠯᠳᠠ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ  ᠠᠬᠢᠭᠤᠯᠤᠨ᠎ᠠ᠃ ᠯᠢ ᠳ᠋ᠦ᠋ ᠬᠤᠸᠠ ᠲᠢᠩ᠂ ᠶᠢᠨ ᠵᠢᠶᠠᠩ ᠮᠢᠩ ᠶᠤᠸᠠᠨ ᠵᠡᠷᠭᠡ 12 ᠪᠣᠷᠤ ᠭᠡᠷᠲᠦ ᠣᠷᠣᠨ ᠰᠠᠭᠤᠴᠠ ᠶᠢᠨ ᠦᠭᠡᠷᠡᠴᠢᠯᠡᠯᠲᠡ ᠶᠢᠨ ᠲᠥᠷᠥᠯ ᠵᠦᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠮᠢᠩ ᠰᠢᠩ ᠠᠭᠤᠳᠠᠮ ᠲᠠᠯᠠᠪᠠᠢ ᠶᠢᠨ ᠡᠷᠭᠢᠨ ᠲᠣᠭᠤᠷᠢᠨ ᠤ ᠪᠣᠷᠤ ᠭᠡᠷᠲᠦ ᠤᠷᠤᠨ ᠰᠠᠭᠤᠴᠠ ᠶᠢᠨ ᠦᠭᠡᠷᠡᠴᠢᠯᠡᠯᠲᠡ ᠪᠠ ᠪᠤᠭᠤᠲᠤ ᠠᠴᠠ ᠯᠠᠨᠵᠧᠤ ᠬᠦᠷᠬᠦ ᠲᠡᠮᠦᠷ ᠵᠠᠮ ᠳᠠᠭᠠᠤ ᠪᠠ ᠡᠮᠦᠨ᠎ᠡ ᠲᠣᠭᠤᠷᠢᠯ ᠵᠠᠮ ᠤᠨ ᠪᠣᠷᠤ ᠭᠡᠷᠲᠦ ᠣᠷᠣᠨ ᠤ ᠲᠥᠷᠥᠯ ᠵᠦᠢᠯ ᠢ ᠲᠠᠲᠠᠪᠤᠷᠢᠯᠠᠨ ᠨᠤᠷᠠᠭᠠᠬᠤ ᠠᠵᠢᠯ ᠢ ᠡᠬᠢᠯᠡᠭᠦᠯᠵᠦ᠂ ᠳᠦᠷᠪᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠬᠤᠶᠢᠳᠤ ᠲᠠᠯ᠎ᠠ᠂ ᠤᠤᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠶᠢᠲᠤ ᠲᠠᠯ᠎ᠠ ᠵᠡᠷᠭᠡ 6 ᠲᠡᠭᠰᠢ ᠣᠷᠤᠶᠢᠲᠦ ᠪᠠᠶᠢᠰᠢᠩ ᠭᠡᠷ ᠤᠨ ᠲᠣᠭᠤᠷᠢᠭ᠂ 1162 ᠢᠵᠢ ᠪᠦᠷᠢᠨ ᠪᠤᠰᠤ ᠣᠷᠣᠨ ᠰᠠᠭᠤᠴᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠨᠡᠶᠢᠲᠡ ᠶᠢᠨ ᠬᠥᠷᠥᠩᠭᠡ ᠶᠢᠨ ᠠᠰᠠᠷ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠭᠡᠷ ᠪᠦᠯᠢ ᠶᠢᠨ ᠠᠰᠠᠷ ᠵᠡᠷᠭᠡ 5 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠦᠨᠡᠨᠬᠦ ᠰᠠᠶᠢᠵᠢᠷᠠᠭᠤᠯᠤᠨ᠎ᠠ᠃ ᠬᠠᠲᠠᠭᠤ ᠣᠷᠣᠨ ᠰᠠᠭᠤᠴᠠ ᠶᠢᠨ ᠬᠡᠷᠡᠭᠴᠡᠭᠡ ᠪᠠᠷ ᠰᠠᠭᠤᠷᠢ ᠪᠣᠯᠭᠠᠨ᠂ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠪᠠᠷ ᠨᠥᠬᠦᠪᠥᠷᠢ ᠪᠣᠯᠭᠠᠵᠤ᠂ ᠨᠢᠬᠡ ᠪᠦᠯᠦᠭ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠤᠯᠠᠨ ᠲᠦᠮᠡᠨ ᠤ ᠤᠯᠠᠨ ᠲᠠᠪᠬᠤᠷᠭᠠᠳᠤ ᠤᠷᠤᠨ ᠰᠠᠭᠤᠴᠠ   ᠶᠢᠨ ᠱᠠᠭᠠᠷᠳᠠᠯᠭ᠎ᠠ ᠶᠢ ᠬᠠᠩᠭᠠᠨ᠎ᠠ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ︽ᠦᠨᠡᠮᠯᠡᠯ ᠠᠪᠬᠤ ᠳᠤ ᠬᠦᠴᠢᠷ︾ ᠵᠡᠷᠭᠡ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ   ᠤᠨ ᠭᠠᠷᠳᠠᠮ ᠢᠶᠠᠨ ᠲᠡᠭᠦᠯᠳᠡᠷᠵᠢᠭᠦᠯᠬᠦ ᠶᠢ ᠱᠠᠭᠠᠷᠳᠠᠬᠤ ᠶᠢᠨ ᠬᠠᠮᠳᠤ᠂ ᠬᠡᠷ ᠪᠠᠶᠢᠰᠢᠩ ᠤᠨ ᠶᠠᠰᠤ ᠴᠢᠨᠠᠷ ᠂ ᠭᠠᠯ ᠤᠨᠳᠠᠷᠠᠭᠠᠬᠤ ᠠᠮᠤᠷ ᠲᠦᠪᠰᠢᠨ ᠢᠶᠠᠷ ᠤᠷᠢᠳᠠᠯ ᠪᠤᠯᠭᠠᠵᠤ᠂ ᠡᠩ ᠲᠡᠷᠢᠭᠦᠨ ᠳᠤ ᠤᠯᠠᠨ ᠲᠦᠮᠡᠨ ᠳᠤ ᠲᠤᠭᠳᠠᠮᠠᠯ ᠡᠳ᠋ ᠬᠦᠷᠦᠩᠭᠡ ᠶᠢ ᠲᠠᠩᠰᠠᠯᠠᠵᠤ ᠦᠭᠴᠦ ᠂ ᠤᠯᠠᠨ ᠲᠦᠮᠡᠨ ᠤ ᠤᠯᠠᠨ ᠵᠢᠯ ᠤᠨ ᠰᠡᠳᠬᠢᠯ ᠤᠨ ᠲᠠᠷᠤᠭᠠᠰᠤ ᠪᠤᠯᠤᠭᠰᠠᠨ ᠬᠡᠷᠡᠭ ᠤᠴᠢᠷ ᠢ ᠰᠡᠢᠳᠪᠦᠷᠢᠯᠡᠵᠦ ᠦᠭᠭᠦᠨ᠎ᠡ᠃       ︵ᠭᠤᠷᠪᠠ︶ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠵᠣᠬᠢᠴᠡᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠮ ᠡᠵᠡᠯᠡᠨ ᠡᠵᠡᠩᠨᠡᠬᠦ᠂ ᠬᠤᠭ ᠨᠣᠪᠰᠢ ᠪᠣᠬᠢᠷ ᠤᠰᠤ ᠶᠢ ᠳᠤᠷ᠎ᠠ ᠪᠠᠷ ᠢᠶᠠᠨ ᠬᠠᠶᠠᠬᠤ ᠵᠡᠷᠭᠡ ᠬᠤᠲᠠ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ ᠲᠡᠷᠭᠡᠨ ᠵᠣᠭᠰᠣᠭᠠᠯ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠴᠢᠳᠠᠮᠵᠢᠲᠤ ᠣᠷᠣᠨ ᠤ ᠬᠤᠪᠢᠶᠠᠷᠢᠯᠠᠯ ᠪᠠ ᠵᠠᠬ᠎ᠠ ᠳᠡᠯᠭᠡᠭᠦᠷ ᠲᠤ ᠣᠷᠣᠭᠤᠯᠬᠤ ᠬᠠᠮᠢᠶᠠᠷᠤᠯᠲᠠ ᠶᠢ ᠲᠦᠯᠬᠢᠨ ᠠᠬᠢᠭᠤᠯᠵᠤ᠂  ᠦᠵᠡᠮᠵᠢᠳᠦ ᠰᠠᠶᠢᠬᠠᠨ ᠵᠡᠭᠡᠯᠢ ᠭᠤᠳᠤᠮᠵᠢ ᠶᠢ ᠪᠤᠢ ᠪᠣᠯᠭᠠᠨ᠎ᠠ᠃ ᠠᠳᠠᠯ ᠠᠬᠤᠢ ᠶᠢᠨ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠵᠣᠬᠢᠴᠠᠮᠵᠢ ᠶᠢ ᠲᠡᠭᠦᠯᠳᠡᠷᠵᠢᠭᠦᠯᠵᠦ᠂ 8 ᠪᠣᠷᠤ ᠭᠡᠷᠲᠦ ᠣᠷᠣᠨ ᠤ ᠦᠬᠡᠷᠡᠴᠢᠯᠡᠯᠳᠡ ᠬᠢᠭᠰᠡᠨ ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠢ ᠢᠵᠢ ᠪᠦᠷᠢᠳᠦᠭᠦᠯᠵᠦ᠂ ᠠᠳᠠᠯ ᠠᠬᠤᠢ ᠶᠢᠨ ᠠᠵᠤ ᠠᠬᠤᠶᠢᠯᠠᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠲᠤᠭᠤᠷᠢᠭ ᠤᠨ ᠡᠷᠡᠭᠦᠯ ᠬᠠᠮᠠᠭᠠᠯᠠᠯ ᠪᠠᠷᠤᠭᠳᠠᠢ᠂ ᠬᠠᠮᠢᠶᠠᠷᠤᠯᠳᠠ ᠰᠠᠮᠠᠭᠤᠨ ᠪᠠᠶᠢᠬᠤ ᠵᠡᠷᠭᠡ ᠠᠰᠠᠭᠤᠳᠠᠯ ᠢ  ᠰᠢᠢᠳᠪᠦᠷᠢᠯᠡᠨ᠎ᠡ᠃ ᠨᠡᠶᠢᠲᠡ ᠶᠢᠨ ᠮᠠᠰᠢᠨ ᠲᠡᠷᠭᠡᠨ ᠤ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠵᠤ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡ ᠶᠢᠨ ᠡᠵᠡᠩᠨᠡᠯᠲᠡ ᠶᠢ ᠵᠢᠷᠤᠮᠵᠢᠭᠤᠯᠵᠤ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠵᠢᠷᠤᠮ ᠢ ᠰᠠᠶᠢᠵᠢᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠬᠤᠳᠠ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ  ᠤᠨ ᠬᠠᠮᠢᠶᠠᠷᠤᠯᠳᠠ ᠶᠢ ᠴᠢᠩᠭᠠᠷᠠᠭᠤᠯᠵᠤ᠂ ᠬᠤᠳᠠ ᠶᠢᠨ ᠲᠡᠭᠦᠷᠭᠡ ᠶᠢᠨ ᠤᠶᠠᠯᠳᠤᠯ ᠬᠡᠰᠡᠭ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ  ᠶᠢᠨ ᠤᠷᠳᠤ ᠬᠤᠭᠤᠴᠠᠭᠠᠳᠤ ᠵᠤᠬᠢᠴᠠᠮᠵᠢ ᠶᠢ ᠪᠠᠶᠢᠭᠤᠯᠵᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠳᠠᠨ   ᠤ ᠴᠠᠯᠢᠩ ᠤᠯᠭᠤᠮᠵᠢ ᠶᠢᠨ ᠬᠡᠪ ᠤᠨ ᠨᠡᠮᠡᠭᠳᠡᠯ ᠤᠨ ᠵᠤᠬᠢᠴᠠᠮᠵᠢ ᠶᠢ ᠪᠦᠷᠢᠨᠰᠢᠭᠦᠯᠦᠨ᠎ᠡ᠃ ᠬᠤᠲᠠ ᠶᠢᠨ ᠪᠤᠯᠪᠠᠰᠤᠨ ᠤ ᠬᠦᠮᠦᠵᠢᠯ ᠢ ᠦᠷᠬᠡᠨ ᠲᠠᠯᠠᠶᠢᠴᠢᠳᠠᠢ ᠶᠠᠪᠤᠭᠳᠠᠭᠤᠯᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠬᠦᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠬᠠᠮᠳᠤᠪᠠᠷ ᠪᠠᠶᠢᠭᠤᠯᠤᠨ ᠬᠠᠮᠳᠤᠪᠠᠷ ᠬᠠᠮᠢᠶᠠᠷᠬᠤ ᠬᠦᠮᠦᠨ ᠨᠡᠶᠢᠬᠡᠮ  ᠤᠨ ᠤᠷᠴᠢᠨ ᠲᠤᠭᠤᠷᠢᠨ ᠢ ᠪᠤᠢ ᠪᠤᠯᠭᠠᠨ᠎ᠠ᠃        ᠲᠠᠪᠤ᠂  ᠦᠢᠯᠡᠴᠢᠯᠡᠭᠡ ᠶᠢ ᠠᠳᠬᠤᠵᠤ᠂ ᠠᠷᠠᠯᠵᠢᠶ᠎ᠠ ᠬᠤᠳᠠᠯᠳᠤᠭ᠎ᠠ ᠶᠢ ᠠᠮᠢᠳᠤᠯᠢᠭ ᠪᠣᠯᠭᠠᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠢ ᠪᠤᠶᠢᠵᠢᠭᠤᠯᠤᠨ᠎ᠠ      ᠦᠢᠯᠡᠴᠢᠯᠡᠭᠡᠨ ᠤ ᠦᠢᠯᠡᠰ ᠪᠣᠯ ᠮᠠᠨ ᠤ ᠬᠤᠰᠢᠭᠤᠨ ᠤ ᠰᠢᠨ᠎ᠡ ᠬᠦᠳᠡᠯᠭᠡᠬᠦ ᠡᠨᠧᠷᠭᠢ ᠶᠢ ᠬᠦᠮᠦᠵᠢᠭᠦᠯᠬᠦ ᠯᠤᠳᠤ ᠶᠡᠭᠡ ᠳᠠᠯᠳᠠ ᠬᠦᠴᠦᠨ ᠪᠤᠯᠤᠨ᠎ᠠ᠃ ᠪᠢᠳᠠ ᠡᠷᠬᠡᠪᠰᠢ ᠣᠷᠤᠨ ᠪᠠᠶᠢᠷᠢ᠂ ᠵᠠᠮ ᠬᠠᠷᠢᠯᠴᠠᠭ᠎ᠠ᠂ ᠠᠵᠤ ᠦᠢᠯᠡᠰ ᠪᠠ ᠡᠬᠢ ᠰᠤᠷᠪᠤᠯᠵᠢ ᠶᠢᠨ ᠳᠠᠪᠠᠭᠤᠯᠢᠭ ᠲᠤ ᠲᠦᠰᠢᠭᠯᠡᠨ᠂ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠦᠭᠵᠢᠭᠡᠨ᠂ ᠬᠤᠲᠠ ᠬᠦᠳᠡᠭᠡᠨ ᠤ ᠴᠡᠴᠡᠭᠯᠡᠯᠳᠡ ᠬᠦᠭᠵᠢᠯᠲᠡ ᠶᠢ ᠳᠠᠶᠢᠴᠢᠯᠠᠨ᠎ᠠ᠃       ︵ᠨᠢᠭᠡ︶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠣᠷᠣᠨ ᠨᠤᠲᠤᠭ ᠤᠨ ᠰᠣᠶᠣᠯ ᠤᠨ ᠠᠭᠤᠯᠤᠭᠳᠠᠬᠤᠨ ᠢ ᠭᠦᠢᠴᠡᠳ ᠠᠭᠤᠳᠠᠯᠵᠤ᠂ ᠮᠤᠨᠠ ᠶᠢᠨ ᠰᠣᠶᠣᠯ᠂ ᠬᠠᠳᠤᠨ ᠭᠤᠤᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠰᠡᠭᠡᠭᠡᠳᠡᠨ ᠰᠣᠶᠤᠯ ᠢ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠪᠦᠬᠦ ᠶᠠᠪᠤᠴᠠ ᠳᠤ ᠠᠭᠤᠰᠬᠠᠨ ᠣᠷᠣᠭᠤᠯᠵᠤ ᠂ ᠪᠠᠷᠠᠭᠤᠨ ᠬᠡᠰᠡᠭ ᠣᠷᠤᠨ ᠤ ᠣᠨᠴᠠᠯᠢᠭᠲᠤ ᠵᠢᠭᠤᠯᠴᠢᠯᠠᠯ ᠤᠨ ᠴᠢᠬᠤᠯᠠ ᠵᠣᠷᠢᠭᠰᠠᠨ ᠭᠠᠵᠠᠷ  ᠪᠤᠯᠭᠠᠬᠤ ᠪᠠᠷ ᠴᠢᠷᠮᠠᠶᠢᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠳᠤᠨ ᠭᠤᠤᠯ ᠤᠨ ᠬᠢᠲᠠᠳ ᠦᠰᠦᠭ ᠤᠨ ︽ᠵᠢᠢ︾ ᠦᠰᠦᠭᠲᠦ ᠪᠤᠯᠤᠩ ᠤᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ  ᠢ ᠠᠰᠢᠭᠯᠠᠨ᠂ ᠮᠤᠨᠠ ᠠᠭᠤᠯᠠ ᠤᠯᠤᠰ ᠤᠨ ᠬᠠᠳᠤᠨ ᠭᠤᠤᠯ ᠤᠨ ᠨᠤᠭᠤ ᠭᠠᠵᠠᠷ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ  ᠪᠠᠶᠢᠭᠤᠯᠵᠤ᠂ ᠡᠯᠡᠰᠦ ᠮᠠᠩᠬ᠎ᠠ᠂ ᠲᠠᠯ᠎ᠠ ᠨᠤᠲᠤᠭ᠂ ᠣᠢ ᠰᠢᠭᠤᠶ ᠨᠤᠭᠤ ᠭᠠᠵᠠᠷ  ᠬᠠᠳᠤᠨ ᠭᠤᠤᠯ ᠳᠠᠭᠠᠤ ᠶᠢᠨ ᠵᠠᠩ ᠦᠢᠯᠡ ᠶᠢᠨ ᠵᠢᠭᠤᠯᠴᠢᠯᠠᠯ ᠤᠨ ᠣᠷᠣᠨ ᠢ  ᠪᠠᠶᠢᠭᠤᠯᠤᠨ᠎ᠠ᠃ ᠵᠤᠤ ᠤᠯᠤᠰ ᠴᠢᠨ ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠤᠨ ᠪᠠᠭᠤᠷᠢ ᠶᠢᠨ ᠴᠡᠴᠡᠷᠯᠢᠭ ᠢ ᠡᠬᠢᠯᠡᠨ ᠪᠠᠶᠢᠭᠤᠯᠵᠤ᠂ ᠮᠤᠨᠠ ᠠᠭᠤᠯᠠ ᠶᠢᠨ ᠬᠠᠳᠠᠨ ᠵᠢᠷᠤᠭ ᠵᠡᠷᠭᠡ ᠲᠡᠤᠬᠡᠨ ᠦᠯᠡᠳᠡᠭᠳᠡᠯ ᠢ ᠬᠠᠮᠠᠭᠠᠯᠠᠯᠲᠠ ᠶᠢᠨ ᠴᠢᠨᠠᠷᠲᠠᠢ ᠪᠠᠷ ᠨᠡᠭᠡᠭᠡᠨ ᠬᠦᠭᠵᠢᠭᠦᠯᠬᠦ ᠶᠢ ᠰᠠᠶᠢᠲᠤᠷ ᠠᠳᠬᠤᠵᠤ᠂ ᠠᠭᠠᠷ ᠠᠶᠠᠯᠠᠯ ᠤᠨ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠠᠰᠠᠷ ᠤᠨ ᠰᠣᠶᠣᠯ ᠤᠨ ᠬᠦᠷᠢᠶᠡᠯᠡᠩ ᠪᠠ ᠨᠡᠶᠢᠭᠡᠮ ᠤᠨ ᠦᠢᠯᠡᠳᠦᠯᠭᠡ ᠬᠥᠮᠦᠵᠢᠯ ᠤᠨ ᠰᠠᠭᠤᠷᠢᠨ ᠭᠠᠵᠠᠷ ᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠰᠣᠳᠣᠨ ᠵᠤᠭᠠᠴᠠᠯ ᠤᠨ ᠵᠠᠮ ᠱᠤᠭᠤᠮ ᠢ ᠪᠦᠷᠢᠯᠳᠦᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠭᠦᠩ ᠲᠢᠶᠠᠨ ᠲᠣᠰᠬᠤᠨ᠂ ᠱᠦᠶ ᠲᠦᠩ ᠲᠤᠤᠷᠠᠢ ᠮᠣᠳᠤᠨ ᠤ ᠦᠵᠡᠮᠵᠢ ᠶᠢᠨ ᠣᠷᠣᠨ ᠵᠡᠷᠭᠡ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠳᠡᠰ ᠵᠡᠷᠭᠡ ᠶᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠵᠢᠭᠤᠯᠴᠢᠯᠠᠯ ᠤᠨ ᠪᠦᠲᠦᠭᠡᠭᠳᠡᠬᠦᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠥᠪᠡᠰᠦᠪᠡᠨ ᠵᠢᠯᠣᠭᠤᠳᠬᠤ ᠵᠢᠭᠤᠯᠴᠢᠯᠠᠯ᠂ ᠰᠣᠶᠣᠯ ᠤᠨ ᠵᠢᠭᠤᠯᠴᠢᠯᠠᠯ᠂ ᠡᠷᠡᠭᠦᠯ ᠮᠡᠨᠳᠦ ᠶᠢᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠤᠯᠢᠶᠠᠰᠤ ᠨᠠᠭᠤᠷ ᠢ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ᠂ ᠬᠠᠰᠠᠷ ᠰᠣᠶᠣᠯ ᠵᠢᠭᠤᠯᠴᠢᠯᠠᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ  ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠭᠤᠯᠴᠢᠯᠠᠯ ᠤᠨ ᠰᠣᠶᠣᠯ ᠤᠨ  ᠨᠡᠷ᠎ᠡ ᠲᠡᠮᠳᠡᠭᠲᠦ ᠶᠢᠨ ᠨᠥᠯᠥᠭᠡᠯᠡᠯ ᠢ ᠨᠡᠮᠡᠭᠳᠡᠭᠦᠯᠦᠨ᠎ᠡ᠃       ︵ᠬᠤᠶᠠᠷ︶ ᠡᠯᠧᠺᠲᠷᠣᠨ ᠬᠤᠳᠠᠯᠳᠤᠭᠠᠨ ᠤ ᠡᠳ᠋ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠲᠡᠮᠳᠡᠭᠲᠦ ᠶᠢ ᠳᠡᠯᠭᠡᠷᠡᠭᠦᠯᠬᠦ ᠪᠠᠷ ᠭᠤᠤᠯ ᠰᠢᠵᠢᠮ ᠪᠣᠯᠭᠠᠵᠤ᠂ ᠲᠤᠤ ᠪᠦᠦ᠂ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠷᠠᠳ ᠡᠭᠦᠯᠡ᠂ ᠮᠢᠩᠭᠠᠨ ᠲᠠᠯ᠎ᠠ᠂ ᠫᠠᠩ ᠨᠦᠩ᠂ ᠬᠠᠷᠮᠠᠭ ᠬᠤᠰᠢᠭᠤᠴᠢ ᠵᠡᠷᠭᠡ ᠣᠨᠴᠠᠯᠢᠭᠲᠤ ᠡᠯᠧᠺᠲᠷᠣᠨ ᠬᠤᠳᠠᠯᠳᠤᠭᠠᠨ ᠤ ᠬᠥᠭᠵᠢᠨ ᠪᠤᠵᠠᠭᠠᠶᠢᠷᠠᠬᠤ ᠶᠢ ᠲᠡᠳᠬᠦᠨ ᠳᠠᠮᠵᠢᠵᠤ᠂ ᠲᠦᠷᠬᠡᠨ ᠭᠠᠷ ᠰᠢᠭᠤᠳ ᠨᠡᠪᠲᠡᠷᠡᠭᠦᠯᠭᠡ ᠵᠡᠷᠭᠡ ᠰᠦᠯᠵᠢᠶ᠎ᠡ ᠪᠠᠷ ᠪᠣᠷᠣᠯᠠᠭᠤᠯᠬᠤ ᠲᠠᠪᠴᠠᠩ ᠢ ᠭᠦᠢᠴᠡᠳ ᠠᠰᠢᠭᠯᠠᠨ᠂ ᠨᠡᠷᠡᠨ ᠬᠤᠸᠠᠷ ᠤᠨ ᠦᠷ᠎ᠡ᠂ ᠵᠢᠵᠢᠭ ᠬᠤᠯᠢᠮᠠᠭ ᠠᠮᠤ᠂ ᠴᠢᠨ᠋ᠸ᠎ᠠ ᠶᠢᠨ ᠬᠠᠷᠮᠠᠭ ᠵᠡᠷᠭᠡ ᠰᠢᠯᠢᠳᠡᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠲᠣᠰ ᠭᠠᠵᠠᠷ ᠣᠷᠣᠨ ᠤ ᠣᠨᠴᠠᠯᠢᠭ ᠪᠦᠬᠦᠢ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠤᠶᠢᠵᠢᠭᠤᠯᠵᠤ᠂ ᠦᠢᠯᠡᠳᠭᠦᠨ ᠤ ᠶᠠᠰᠤ ᠴᠢᠨᠠᠷ ‍ᠤᠨ‌‍ᠲ᠋ᠤᠭᠲᠠᠯᠴᠠᠭ᠎ᠠ ᠪᠠ ᠡᠬᠢ ᠰᠤᠷᠪᠤᠯᠵᠢ ᠶᠢ ᠮᠥᠷᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠲᠢᠶᠠᠨ ᠾᠧᠩ ᠡᠮ ᠦᠢᠯᠡᠳᠬᠦ᠂ ᠹᠧᠩ ᠳ᠋ᠠ ᠶᠤᠸᠠᠨ ᠵᠡᠷᠭᠡ ᠠᠵᠤ ᠠᠬᠤᠶᠢᠯᠠᠯ ᠤᠨ 30 ᠲᠠᠷᠢᠶᠠᠯᠠᠩ ᠤᠨ ᠣᠨᠴᠠ ᠲᠥᠷᠥᠯ ᠤᠨ ᠦᠢᠯᠡᠳᠭᠦᠨ ᠤ ᠢᠷᠡᠯᠲᠡ ᠶᠢ ᠮᠥᠷᠳᠡᠵᠦ᠂ ᠬᠡᠷᠡᠭᠯᠡᠭᠴᠢᠳ ᠲᠤ ᠴᠢᠨᠠᠷ ᠰᠠᠶᠢᠲᠠᠶ ᠲᠠᠷᠢᠶᠠᠯᠠᠩ ᠤᠨ ᠣᠨᠴᠠ ᠲᠥᠷᠥᠯ ᠤᠨ ᠦᠢᠯᠡᠳᠭᠡᠭᠦᠨ ᠢ ᠦᠢᠯᠡᠳᠪᠦᠷᠢᠯᠡᠵᠦ ᠪᠤᠯᠪᠠᠰᠤᠷᠠᠭᠤᠯᠬᠤ ᠪᠦᠬᠦ ᠶᠠᠪᠤᠴᠠ ᠶᠢ ᠴᠠᠭ ᠲᠤᠬᠠᠶ ᠳᠤᠨᠢ ᠦᠵᠡᠭᠦᠯᠵᠦ᠂ ᠦᠢᠯᠡᠳᠭᠦᠨ ᠤ ᠠᠯᠳᠠᠷᠰᠢᠯ ᠪᠠ ᠨᠡᠷ᠎ᠡ ᠬᠦᠨᠳᠦ ᠶᠢ ᠳᠡᠭᠡᠭᠰᠢᠯᠡᠭᠦᠯᠦᠨ᠎ᠡ᠃ ᠲᠣᠣᠷ ᠰᠦᠯᠵᠢᠶᠡᠨ ᠤ ᠰᠠᠭᠤᠷᠢ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 5G ᠲᠣᠣᠷ ᠰᠦᠯᠵᠢᠶᠡᠨ ᠤ ᠬᠤᠲᠠ ᠲᠣᠭᠤᠷᠢᠭ ᠤᠨ ᠬᠤᠳᠠᠯᠳᠤᠭᠠᠨ ᠤ ᠬᠡᠷᠡᠭᠯᠡᠯᠲᠡ ᠶᠢ ᠪᠡᠶᠡᠯᠡᠭᠦᠯᠦᠨ᠎ᠡ᠃ ᠰᠢᠤᠳᠠᠨ ᠤ ᠶᠠᠪᠤᠳᠠᠯ ᠤᠨ ᠬᠤᠪᠢᠶᠠᠷᠢᠯᠠᠨ ᠰᠠᠯᠭᠠᠬᠤ ᠲᠣᠣᠷ ᠴᠢᠭ ᠵᠡᠷᠭᠡ ᠡᠯᠧᠺᠲᠷᠤᠨ ᠬᠤᠳᠠᠯᠳᠤᠭᠠᠨ ᠤ ᠡᠳ᠋ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠳ᠋ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ︽ᠬᠠᠮᠤᠭ ᠤᠨ ᠡᠴᠦᠰ ᠤᠨ ᠨᠢᠭᠡ  ᠺᠢᠯᠦᠮᠧᠲᠷ︾ ᠢ ᠦᠨᠡᠨᠬᠦ ᠨᠡᠪᠲᠡᠷᠡᠭᠦᠯᠦᠨ᠎ᠡ᠃      ︵ᠭᠤᠷᠪᠠ︶ ᠮᠥᠩᠭᠦᠨ ᠭᠦᠢᠯᠭᠡᠭᠡᠨ ᠤ ᠬᠦᠴᠦᠨ ᠨᠡᠮᠡᠷᠢᠯᠡᠬᠦ  ᠦᠢᠯᠡᠳᠦᠯ ᠢ ᠪᠠᠳᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠶᠢᠨ  ᠦᠢᠯᠡᠳᠭᠦᠨ ᠤ ᠰᠢᠨ᠎ᠡ ᠶᠢ ᠡᠭᠦᠳᠬᠦ ᠶᠢ ᠳᠠᠮᠵᠢᠵᠤ᠂ ᠲᠣᠭᠲᠠᠮᠠᠯ ᠪᠣᠰᠤ ᠬᠥᠷᠥᠩᠭᠡ ᠶᠢᠨ ᠪᠠᠷᠢᠴᠠᠭᠠᠳᠤ ᠵᠢᠭᠡᠯᠡᠯᠭᠡ ᠵᠡᠷᠭᠡ ᠲᠤᠬᠠᠶᠢᠯᠠᠭᠰᠠᠨ ᠠᠵᠢᠯ ᠢ ᠰᠦᠪᠡᠭᠴᠢᠯᠡᠨ  ᠦᠷᠨᠢᠭᠦᠯᠵᠦ᠂ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠢᠯᠭᠡᠭᠡ ᠵᠡᠷᠭᠡ ᠵᠠᠭᠪᠤᠷ ᠢᠶᠠᠷ ᠳᠠᠮᠵᠢᠭᠤᠯᠤᠨ ᠪᠡᠯᠡ ᠬᠤᠷᠠᠮᠳᠤᠭᠤᠯᠬᠤ ᠶᠢ ᠵᠣᠷᠢᠭᠵᠢᠭᠤᠯᠤᠨ᠂ ᠳ᠋ᠠ ᠵᠦᠩ ᠠᠭᠤᠷᠬᠠᠢ ᠶᠢᠨ ᠦᠢᠯᠡᠰ ᠶᠢᠨ ᠺᠤᠮᠫᠠᠨᠢ᠂ ᠲᠢᠶᠠᠨ ᠾᠧᠩ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠺᠣᠮᠫᠠᠨᠢ ᠵᠡᠷᠭᠡ ᠨᠦᠬᠦᠴᠡᠯ ᠲᠠᠢ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ ᠠᠬᠢᠭᠤᠯᠵᠤ᠂ ᠰᠢᠬᠡᠳᠡᠢ ᠠᠷᠢᠬᠢᠨ ᠦᠢᠯᠡᠰ  ᠤᠨ ᠺᠤᠮᠫᠠᠨᠢ ᠶᠢᠨ ︽ᠰᠢᠨ᠎ᠡ ᠭᠤᠷᠪᠠᠳᠤᠭᠠᠷ ᠬᠠᠪᠳᠠᠭᠠᠢ ᠬᠡᠰᠡᠭ︾ ᠲᠤ ᠫᠠᠶᠢᠰᠠ ᠡᠯᠭᠦᠬᠦ ᠶᠢ  ᠲᠡᠮᠵᠢᠨ᠎ᠡ᠃ ᠨᠡᠩ ᠤᠯᠠᠨ ᠠᠵᠤ ᠠᠬᠤᠶᠢᠯᠠᠯ ᠢ ᠤᠯᠠᠨ ᠲᠠᠪᠬᠤᠷᠭᠠᠳᠤ ᠬᠦᠷᠦᠩᠭᠡ ᠶᠢᠨ ᠵᠠᠬ᠎ᠠ ᠲᠡᠯᠭᠡᠭᠦᠷ ᠲᠤ ᠤᠷᠤᠭᠤᠯᠬᠤ ᠪᠠᠷ ᠴᠢᠷᠮᠠᠶᠢᠵᠤ᠂ ᠪᠡᠯᠡ ᠬᠤᠷᠠᠮᠳᠤᠭᠤᠯᠬᠤ ᠵᠠᠮ ᠰᠤᠪᠠᠭ ᠢ ᠦᠷᠭᠡᠳᠭᠡᠨ᠎ᠡ᠃ ᠮᠥᠩᠭᠦᠨ ᠭᠦᠢᠯᠭᠡᠭᠡᠨ ᠤ ᠢᠲᠡᠭᠡᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠠᠩᠬᠢ ᠪᠠ ᠠᠵᠤ ᠠᠬᠤᠶᠢᠯᠠᠯ ᠢ ᠬᠠᠷᠢᠯᠴᠠᠨ ᠵᠣᠯᠭᠠᠭᠤᠯᠬᠤ ᠦᠢᠯᠡᠴᠢᠯᠡᠭᠡ ᠶᠢ ᠴᠢᠩᠭᠠᠳᠬᠠᠵᠤ᠂ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠷᠡ ᠶᠤᠰᠤᠭᠠᠷ ᠨᠠᠶᠢᠳᠠᠪᠦᠷᠢᠵᠢᠭᠤᠯᠵᠦ᠂ ᠬᠦᠴᠢᠷᠳᠡᠯᠲᠡᠶ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ ᠢᠯᠠᠨ ᠳᠠᠪᠠᠭ᠋ᠤ ᠬᠥᠭᠵᠢᠯᠲᠡ ᠶᠢᠨ ᠰᠠᠭᠤᠷᠢ ᠮᠥᠩᠭᠦ ᠶᠢ ᠴᠢᠷᠮᠠᠶᠢᠨ ᠣᠯᠵᠤ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠬᠦᠴᠢᠷᠳᠡᠯ ᠢ ᠴᠢᠷᠮᠠᠶᠢᠨ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠵᠠᠷ ᠰᠢᠷᠣᠶ᠂ ᠨᠤᠲᠤᠭ ᠪᠡᠯᠴᠢᠭᠡᠷ ᠪᠠ ᠣᠷᠣᠨ ᠰᠠᠭᠤᠴᠠ ᠶᠢᠨ ᠰᠠᠭᠤᠷᠢ ᠭᠠᠵᠠᠷ ᠤᠨ ᠡᠷᠬᠡ ᠶᠢ ᠨᠤᠲᠠᠯᠠᠭᠰᠠᠨ ᠦᠷ᠎ᠡ ᠪᠦᠲᠦᠭᠡᠯ ᠢ  ᠭᠦᠢᠴᠡᠳ ᠠᠰᠢᠭᠯᠠᠨ᠂ ᠭᠠᠵᠠᠷ ᠰᠢᠷᠣᠶ᠂ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠡᠷᠡᠭᠯᠡᠬᠦ ᠡᠷᠬᠡ ᠶᠢᠨ ᠪᠠᠷᠢᠴᠠᠭᠠᠳᠤ ᠵᠢᠭᠡᠯᠡᠯᠭᠡ ᠶᠢ ᠲᠦᠯᠬᠢᠨ ᠠᠬᠢᠭᠤᠯᠵᠤ᠂ ᠮᠠᠯ ᠤᠨᠤᠭ᠎ᠠ᠂ ᠠᠮᠤ ᠪᠤᠳᠠᠭ᠎ᠠ ᠵᠡᠷᠭᠡ ᠪᠠᠷᠢᠴᠠᠭᠠᠳᠤ ᠵᠢᠭᠡᠯᠡᠯᠭᠡ ᠶᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠵᠦᠶ ᠵᠣᠬᠢᠰᠲᠠᠶ ᠲᠤᠬᠢᠷᠠᠭᠤᠯᠤᠨ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠵᠢᠭᠡᠯᠡᠯᠭᠡ ᠠᠪᠬᠤ ᠳᠤ ︽ᠪᠠᠷᠢᠴᠠᠭᠠᠨ ᠳᠤ ᠬᠦᠴᠢᠷᠳᠡᠬᠦ᠂ ᠲᠤᠭ᠎ᠠ ᠬᠡᠮᠵᠢᠶ᠎ᠡ ᠪᠠᠭ᠎ᠠ᠂ ᠠᠷᠭ᠎ᠠ ᠵᠠᠮ ᠴᠥᠭᠡᠨ︾ ᠪᠠᠶᠢᠬᠤ ᠪᠤᠭᠤᠮᠢ ᠶᠢ ᠦᠨᠡᠨᠬᠦ ᠡᠪᠳᠡᠬᠦ ᠬᠡᠷᠡᠭᠲᠡᠶ᠃      ᠵᠢᠷᠭᠤᠭ᠎ᠠ᠂ ᠠᠷᠠᠳ ᠤᠨ ᠠᠮᠢᠳᠤᠷᠠᠯ ᠢ ᠠᠳᠬᠤᠵᠤ᠂ ᠪᠤᠶᠠᠨ ᠵᠢᠷᠭᠠᠯ ᠢ ᠨᠡᠮᠡᠷᠢᠯᠡᠵᠦ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ      ᠠᠷᠠᠳ ᠤᠨ ᠠᠮᠢᠳᠤᠷᠠᠯ ᠪᠣᠯ ᠠᠯᠢᠪᠠ ᠠᠵᠢᠯ ᠤᠨ ᠡᠬᠢᠯᠡᠯᠲᠡ ᠶᠢᠨ ᠴᠡᠭ ᠪᠠ ᠵᠤᠭᠰᠤᠯᠳᠠ ᠤᠨ ᠴᠡᠭ ᠮᠦᠨ᠃ ᠪᠢᠳᠠ ᠠᠷᠠᠳ ᠤᠨ ᠠᠮᠢᠳᠤᠷᠠᠯ ᠢ ᠳᠡᠭᠡᠭᠰᠢᠯᠡᠭᠦᠯᠬᠦ ᠦᠵᠡᠯᠲᠡ ᠶᠢ ᠡᠪᠦᠷᠯᠡᠨ᠂ ᠠᠷᠠᠳ ᠲᠦᠮᠡᠨ ᠢᠶᠠᠷ ᠲᠦᠪ ᠪᠣᠯᠭᠠᠵᠤ᠂ ᠠᠷᠠᠳ ᠤᠨ ᠠᠮᠢᠳᠤᠷᠠᠯ ᠳᠤ ᠠᠰᠢᠭᠲᠠᠢ ᠶᠠᠪᠤᠳᠠᠯ ᠢ ᠣᠯᠠᠨ ᠰᠦᠪᠡᠭᠴᠢᠯᠡᠵᠦ᠂ ᠠᠷᠠᠳ ᠤᠨ ᠠᠮᠢᠳᠤᠷᠠᠯ ᠤᠨ ᠭᠤᠨᠢᠭ ᠭᠤᠲᠤᠷᠠᠯ ᠢ ᠣᠯᠠᠨ ᠣᠶᠢᠯᠭᠠᠵᠤ᠂ ᠲᠦᠭᠡᠮᠡᠯ ᠴᠢᠨᠠᠷ ᠲᠠᠢ᠂ ᠰᠠᠭᠤᠷᠢᠯᠠᠬᠤ ᠴᠢᠨᠠᠷ ᠲᠠᠢ᠂ ᠢᠯᠡᠴᠢᠯᠡᠬᠦ ᠴᠢᠨᠠᠷ ᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠦᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠲᠤᠳᠠᠭᠤᠳᠠᠯ ᠢ ᠨᠦᠬᠦᠪᠦᠷᠢᠯᠡᠨ᠎ᠡ᠃      ︵ᠨᠢᠭᠡ︶ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠬᠢᠨᠠᠮᠠᠭᠠᠶ ᠨᠠᠶᠢᠳᠠᠪᠦᠷᠢᠵᠢᠭᠤᠯᠵᠦ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠱᠤ᠋ ᠯᠢᠨ ᠽᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠠᠪᠤᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 90 % ᠲᠤ ᠬᠦᠷᠦᠭᠦᠯᠬᠦ ᠪᠠᠷ ᠴᠢᠷᠮᠠᠶᠢᠨ᠎ᠠ᠃ ᠬᠠᠮᠢᠶᠠᠷᠤᠯᠳᠠ ᠶᠢ ᠠᠳᠬᠤᠬᠤ᠂ ᠶᠠᠰᠤ ᠴᠢᠨᠠᠷ ᠢ ᠲᠡᠭᠡᠭᠰᠢᠯᠡᠭᠦᠯᠬᠦ᠂ ᠲᠤᠳᠤᠭᠠᠳᠤ ᠠᠭᠤᠯᠬᠤᠨ ᠮᠠᠶ᠋ᠢᠭᠳᠤ ᠬᠦᠭᠵᠢᠯᠳᠡ ᠶᠢ ᠠᠬᠢᠭᠤᠯᠬᠤ ᠪᠠᠷ ᠭᠤᠤᠯᠳᠠᠯᠠᠭ᠎ᠠ ᠪᠤᠯᠭᠠᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠳᠠᠢ ᠲᠡᠩᠴᠡᠭᠦᠷᠢᠳᠡᠢ ᠬᠦᠭᠵᠢᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ  ᠶᠢ ᠡᠬᠢᠯᠡᠭᠦᠯᠦᠨ᠎ᠡ᠃ ᠠᠷᠠᠳ ᠠᠴᠠ ᠡᠷᠬᠢᠯᠡᠭᠰᠡᠨ‌‍ᠰᠤᠷᠭᠠᠨ ᠬᠥᠮᠦᠵᠢᠯ ᠤᠨ ᠲᠡᠮᠵᠢᠯᠬᠡ ᠶᠢᠨ ᠬᠦᠴᠦᠯᠢᠭ ᠢ ᠶᠡᠬᠡᠳᠭᠡᠵᠦ᠂ ᠠᠯᠪᠠᠨ ᠤ ᠰᠤᠷᠭᠠᠨ ᠬᠦᠮᠦᠵᠢᠯ ᠪᠠ ᠠᠷᠠᠳ  ᠠᠴᠠ ᠡᠷᠬᠢᠯᠡᠭᠰᠡᠨ‌‍ᠰᠤᠷᠭᠠᠨ ᠬᠥᠮᠦᠵᠢᠯ ᠤᠨ ᠬᠠᠷᠢᠯᠴᠠᠨ ᠨᠦᠬᠦᠪᠦᠷᠢᠯᠡᠨ ᠬᠦᠭᠵᠢᠬᠦ ᠶᠢ ᠠᠬᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠪᠦᠬᠦ ᠬᠤᠲᠠ ᠳᠤ ᠲᠡᠷᠢᠭᠦᠯᠡᠬᠦ ᠶᠢ ᠦᠨᠡᠨᠬᠦ ᠪᠠᠲᠤᠯᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠦᠷᠭᠡᠳᠬᠡᠵᠦ᠂ ᠣᠷᠣᠨ ᠨᠤᠲᠤᠭ ᠤᠨ ᠬᠡᠷᠡᠭᠴᠡᠭᠡᠲᠦ ᠴᠢᠳᠠᠪᠤᠷᠢᠲᠠᠨ ᠢ ᠬᠦᠴᠦᠯᠡᠨ ᠬᠥᠮᠦᠵᠢᠭᠦᠯᠦᠨ᠎ᠡ᠃ ᠰᠤᠷᠲᠠᠯ ᠮᠤᠷᠠᠯ ᠢᠶᠠᠷ ᠦᠨᠳᠦᠰᠦᠨ ᠡᠭᠦᠷᠭᠡ ᠪᠣᠯᠭᠠᠵᠤ᠂ ᠰᠢᠯᠢᠳᠡᠭ ᠪᠠᠭᠰᠢ ᠤᠷᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠰᠤᠷᠭᠠᠭᠤᠯᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠡᠷᠭᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃      ︵ᠬᠤᠶᠠᠷ︶ ᠡᠷᠡᠭᠦᠯ ᠰᠠᠶᠢᠬᠠᠨ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠᠨ ᠡᠮᠨᠡᠯᠭᠡ︾ ᠶᠢᠨ ᠥᠭᠡᠷᠡᠴᠢᠯᠡᠯᠲᠡ ᠶᠢᠨ ᠬᠠᠮᠲᠤᠷᠠᠨ ᠬᠥᠳᠡᠯᠦᠯᠴᠡᠬᠦ  ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠵᠣᠬᠢᠴᠠᠮᠵᠢ ᠶᠢ ᠲᠡᠭᠦᠯᠳᠡᠷᠵᠢᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠰᠠᠶᠢᠵᠢᠷᠠᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠤᠷᠢᠶ᠎ᠠ ᠶᠢ ᠨᠡᠭᠦᠯᠭᠡᠨ ᠪᠠᠶᠢᠭᠤᠯᠬᠤ ᠠᠬᠢᠴᠠ ᠶᠢ ᠲᠦᠷᠭᠡᠳᠬᠡᠨ᠂ ᠵᠢᠯ ᠤᠨ ᠳᠣᠲᠣᠷ᠎ᠠ ᠭᠤᠣᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠵᠦ᠂ ᠮᠣᠩᠭᠤᠯ ᠬᠢᠲᠠᠳ‌ᠡᠮᠨᠡᠯᠭᠡ ᠶᠢᠨ ᠬᠤᠷᠢᠶᠠᠨ ᠤ ︽ᠡᠪᠡᠳᠴᠢᠯᠡᠬᠦ ᠠᠴᠠ ᠡᠮᠦᠨ᠎ᠡ ᠡᠮᠨᠡᠨ ᠵᠠᠰᠠᠬᠤ︾ ᠴᠢᠳᠠᠪᠤᠷᠢ ᠶᠢ ᠨᠡᠮᠡᠭᠳᠡᠭᠦᠯᠦᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮᠨᠡᠯᠭᠡ ᠶᠢᠨ ᠣᠷᠳᠣᠨ᠂ ᠬᠢᠲᠠᠳ ᠡᠮᠨᠡᠯᠭᠡ ᠶᠢᠨ ᠣᠷᠳᠣᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢ ᠤᠷᠮᠠᠰᠢᠭᠤᠯᠬᠤ ᠵᠣᠬᠢᠴᠠᠮᠵᠢ ᠶᠢ ᠪᠦᠷᠢᠨ ᠲᠡᠭᠦᠯᠳᠡᠷᠵᠢᠭᠦᠯᠵᠦ᠂ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠡᠮᠴᠢᠯᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢ ᠵᠢᠷᠤᠮᠵᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠠᠵᠢᠯᠯᠠᠭ᠎ᠠ ᠶᠢ ᠥᠷᠨᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠬᠢᠭᠡᠳ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠠᠷᠢᠭᠤᠨ ᠴᠡᠪᠡᠷ ᠲᠣᠭᠤᠭᠠᠨ ᠭᠡᠷ︾ ᠤᠨ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ︵ᠭᠤᠷᠪᠠ︶ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠶᠡᠬᠡᠪᠡᠷ ᠬᠦᠮᠦᠵᠢᠭᠦᠯᠦᠨ ᠠᠬᠢᠭᠤᠯᠵᠤ᠂ ᠲᠤᠮᠳᠠᠳᠤ ᠶᠢᠨ ᠰᠢᠯᠢᠳᠡᠭ ᠤᠳᠤᠮᠰᠢᠯᠳᠤ ᠰᠠᠶᠢᠬᠠᠨ ᠶᠣᠰᠣ ᠰᠣᠷᠳᠠᠬᠤᠨ ᠢ ᠪᠠᠳᠠᠷᠠᠭᠤᠯᠵᠤ᠂ ︽ᠶᠣᠰᠣ ᠰᠤᠷᠲᠠᠬᠤᠨ · ᠠᠴᠢᠯᠠᠯᠲᠤ ᠤᠷᠠᠳ︾ ᠭᠡᠬᠦ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠦᠷᠨᠢᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠭᠠᠨᠮᠥ᠋ᠴᠢᠷ ᠤᠨ ᠠᠭᠤᠳᠠᠮ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠠᠰᠠᠷ ᠬᠠᠷᠪᠤᠭ᠎ᠠ᠂ ᠪᠥᠬᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠠᠮᠵᠢᠵᠤ᠂ ︽ᠪᠠᠭ᠋ᠠᠷᠠᠯᠲᠤ ᠤᠷᠠᠳ︾ ᠪᠠᠷᠠᠭᠤᠨ ᠣᠷᠣᠨ ᠤ ᠠᠷᠠᠳ ᠤᠨ ᠳᠠᠭᠤᠨ ᠤ ᠤᠷᠤᠯᠳᠤᠭᠠᠨ᠂ ᠪᠦᠬᠦ ᠤᠯᠤᠰ ᠤᠨ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ ᠦᠵᠡᠰᠬᠦᠯᠡᠩ ᠵᠡᠷᠭᠡ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ︽ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ︾ ︽ᠳᠤᠮᠳᠠᠳᠤ ᠶᠢᠨ ᠮᠢᠭᠮᠠᠨ ᠰᠢᠳᠡᠷ᠎ᠡ ᠶᠢᠨ ᠨᠤᠲᠤᠭ︾ ᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠵᠦ᠂ ᠤᠷᠠᠳ ᠤᠨ ᠦᠨᠳᠦᠰᠦᠲᠡᠨ ᠤ ᠰᠣᠶᠣᠯ ᠤᠨ ᠰᠤᠳᠤᠯᠭᠠᠨ ᠤ ᠨᠡᠶᠢᠭᠡᠮᠯᠢᠭ ᠢ ᠪᠠᠶᠢᠭᠤᠯᠬᠤ ᠪᠠᠷ ᠪᠡᠯᠡᠳᠭᠡᠨ᠎ᠡ᠃ ᠺᠠᠳ᠋ᠷ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠤᠷᠠᠳ ᠤᠨ ᠡᠮᠦᠨᠡᠲᠦ ᠬᠤᠰᠢᠭᠤᠨ ᠤ ᠣᠶᠢᠯᠠᠯᠭ᠎ᠠ︾ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ᠃ ᠬᠠᠮ ᠵᠠᠭᠤᠴᠢᠯᠠᠭᠤᠷ ᠤᠨ ᠲᠥᠪ ᠢ ᠪᠦᠬᠦᠯᠢ ᠴᠣᠭᠴᠠ ᠪᠠᠷ ᠨᠢ ᠨᠡᠭᠦᠯᠭᠡᠬᠦ ᠶᠢ ᠪᠡᠶᠡᠯᠡᠭᠦᠯᠵᠦ᠂ ︽ᠬᠤᠶᠡᠷ ᠪᠢᠴᠢᠯ ᠨᠢᠬᠡ ᠦᠵᠦᠭᠦᠷ︾ ᠰᠢᠨ᠎ᠡ ᠵᠠᠭᠤᠴᠢᠯᠠᠭᠤᠷ ᠤᠨ ᠲᠠᠪᠴᠠᠩ ᠢ ᠲᠡᠯᠭᠡᠷᠡᠭᠦᠯᠦᠨ ᠬᠡᠷᠡᠭᠯᠡᠵᠦ᠂᠂ ᠭᠤᠣᠯ ᠵᠠᠭᠤᠴᠢᠯᠠᠭᠤᠷ ᠤᠨ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃      ︵ᠳᠦᠷᠪᠡ︶ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ ᠶᠡᠷᠦᠩᠬᠡᠶᠢᠯᠡᠭᠰᠡᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠤᠷᠢᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ ᠠᠴᠠ ᠪᠠᠭᠤᠭᠰᠠᠳ᠂ ᠬᠤᠲᠠ ᠪᠠᠯᠭᠠᠰᠤ ᠶᠢᠨ ᠬᠦᠴᠢᠷᠳᠡᠯᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠤᠨ᠂ ᠬᠤᠲᠠ ᠪᠠᠯᠭᠠᠰᠤ ᠶᠢᠨ ᠠᠵᠢᠯ ᠣᠯᠤᠭᠰᠠᠳ ᠢ 1800 ᠬᠥᠮᠦᠨ ︵ᠤᠳᠠᠭ᠎ᠠ︶ ᠰᠢᠨ᠎ᠡ ᠪᠠᠷ ᠨᠡᠮᠡᠭᠳᠡᠭᠦᠯᠵᠦ᠂ ᠲᠠᠷᠢᠶᠠᠴᠢᠨ ᠮᠠᠯᠴᠢᠳ ᠢ 2.7 ᠲᠦᠮᠡᠨ ᠬᠥᠮᠦᠨ ︵ᠤᠳᠠᠭ᠎ᠠ︶ ᠢ ᠰᠢᠯᠵᠢᠭᠦᠯᠦᠨ ᠠᠵᠢᠯ ᠣᠯᠭᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠢᠯᠡᠰ ᠪᠣᠰᠬᠠᠬᠤ ᠶᠢ ᠳᠡᠮᠵᠢᠬᠦ ᠬᠦᠴᠦᠯᠡᠴᠡ ᠪᠠᠨ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠲᠠᠯᠪᠢᠵᠤ᠂ ᠦᠢᠯᠡᠰ ᠪᠣᠰᠬᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠢ 1200 ᠬᠥᠮᠦᠨ ᠠᠴᠠ ᠳᠡᠭᠡᠭᠰᠢ  ᠪᠡᠶᠡᠯᠡᠭᠦᠯᠦᠨ᠎ᠡ᠃ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ‌ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ︽ᠴᠠᠯᠢᠩ ᠬᠥᠯᠥᠰᠥ ᠦᠷᠢᠲᠦᠬᠦ ᠶᠢ ᠵᠠᠰᠠᠵᠤ ᠵᠠᠷᠤᠯᠭ᠎ᠠ ᠶᠢ ᠪᠠᠲᠤᠯᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃      ︵ᠲᠠᠪᠤ︶ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠳᠠᠭᠠᠳᠬᠠᠯ᠂ ᠠᠰᠠᠷᠠᠮᠵᠢ᠂ ᠠᠪᠤᠷᠠᠨ ᠲᠤᠰᠠᠯᠠᠯᠲᠠ ᠶᠢ ᠨᠢᠭᠲᠠ ᠵᠣᠯᠭᠠᠯᠳᠤᠭᠤᠯᠤᠭᠰᠠᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠨ‌ᠥᠭᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ ᠡᠮ ᠬᠡᠷᠡᠭᠯᠡᠬᠦ ᠪᠠᠲᠤᠯᠠᠭ᠎ᠠ ᠶᠢᠨ ᠵᠤᠬᠢᠴᠠᠮᠵᠢ ᠶᠢ ᠪᠠᠶᠢᠭᠤᠯᠤᠨ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ  ᠬᠠᠮᠤᠭ ᠳᠣᠣᠷ᠎ᠠ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ᠂ ᠠᠰᠠᠷᠠᠮᠵᠢ ᠬᠠᠷᠠᠭᠠᠯᠵᠠᠯ ᠵᠡᠷᠭᠡ ᠳᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠭᠤᠷᠪᠠᠳᠤᠭᠠᠷ ᠡᠲᠡᠭᠡᠳ ᠤᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠬᠤᠰᠢᠭᠤ ᠶᠢ ᠡᠭᠦᠳᠦᠨ ᠪᠠᠶᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠨᠠᠰᠤᠲᠠᠶᠢᠴᠤᠳ ᠤᠨ ᠠᠵᠢᠯ ᠦᠢᠯᠡᠰ ᠢ ᠠᠩᠬᠠᠷᠴᠤ᠂ ᠭᠡᠷ ᠡᠷᠦᠬᠡ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠭᠤᠯᠠᠨ ᠦᠪᠦᠷ ᠤᠨ ᠭᠠᠵᠠᠷ ᠣᠷᠣᠨ ᠤ ᠨᠠᠰᠤᠲᠠᠨ ᠢ ᠠᠰᠠᠷᠠᠬᠤ ᠲᠦᠪ ᠬᠦᠷᠢᠶᠡᠯᠡᠩ ᠢ ᠪᠦᠲᠦᠭᠡᠨ ᠪᠠᠶᠢᠭᠤᠯᠵᠤ᠂ ᠷᠦᠢ ᠲᠠᠢ ᠨᠡᠶᠢᠭᠡᠮ ᠲᠣᠭᠤᠷᠢᠭ᠂ ᠳ᠋ᠦᠩ ᠰᠢᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠢ ᠪᠠᠶᠢᠭᠤᠯᠵᠤ᠂ ᠣᠯᠠᠨ ᠳᠡᠰ  ᠲᠠᠪᠬᠤᠷᠭᠠᠳᠤ ᠣᠯᠠᠨ ᠶᠠᠩᠵᠤᠳᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠲᠤᠯᠤᠳᠤᠭᠠᠷ ᠤᠳᠠᠭᠠᠨ ᠤ  ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠨᠠᠷᠢᠨ ᠬᠢᠨᠠᠮᠠᠭᠠᠢ ᠰᠠᠶᠢᠳᠤᠷ ᠬᠢᠵᠦ᠂  ᠬᠦᠮᠦᠨ ᠠᠮ᠎ᠠ ᠶᠢᠨ ᠬᠤᠪᠢᠷᠠᠯᠳᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠎ᠡ᠃    ︵ᠵᠢᠷᠭᠤᠭ᠎ᠠ︶ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠎ᠠ᠃ ︽ᠠᠮᠤᠭᠤᠯᠠᠩ ᠡᠮᠦᠨᠡᠲᠦ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠪᠡᠶᠡᠴᠢᠯᠡᠭᠰᠡᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠥᠨᠳᠥᠷ ᠲᠠᠷᠤᠯᠳᠠ ᠶᠢᠨ ᠪᠠᠶᠢᠳᠠᠯ ᠢ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠪᠠᠭᠤᠷᠠᠶ ᠭᠤᠭᠴᠤᠭ᠎ᠠ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠨ ᠵᠠᠰᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠤᠨ᠂ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠣᠷᠢᠯᠲᠠ ᠶᠢ ᠴᠢᠩᠭᠠᠳᠬᠠᠵᠤ᠂ ᠭᠡᠨᠡᠳᠲᠡ ᠡᠭᠦᠰᠬᠦ ᠴᠢᠨᠠᠷᠲᠠᠶ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠦᠷᠭᠡᠨ ᠲᠤᠰᠬᠠᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠠᠵᠢᠯ  ᠤᠨ ᠰᠠᠨᠠᠭᠠᠴᠢᠯᠭᠠᠳᠤ ᠡᠷᠬᠡ ᠶᠢ ᠦᠨᠡᠨ ᠬᠦ ᠡᠵᠡᠮᠰᠢᠨ᠎ᠡ᠃ ᠠᠬᠠᠮᠠᠳ ᠺᠠᠳ᠋ᠷ ᠤᠨ ᠠᠵᠢᠯ ᠢ ᠴᠢᠬᠤᠯᠠᠴᠢᠯᠠᠵᠤ᠂ ᠠᠵᠢᠯᠴᠢᠨ ᠤ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠴᠡᠷᠢᠭ ᠠᠴᠠ ᠬᠠᠯᠠᠭᠳᠠᠭᠰᠠᠳ᠂ ᠡᠮᠡᠭᠲᠡᠶᠢᠴᠦᠳ ᠬᠡᠦᠬᠡᠳ ᠪᠠᠭᠠᠴᠣᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠴᠠᠬᠢᠯᠭᠠᠨ ᠬᠦᠴᠦ ᠴᠢᠮᠡᠭᠡ ᠬᠤᠯᠪᠣᠭ᠎ᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃        ᠳᠣᠯᠤᠭ᠎ᠠ᠂ ᠦᠷ᠎ᠡ ᠪᠦᠲᠦᠮᠵᠢ ᠶᠢ ᠠᠳᠬᠤᠨ᠂ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠬᠠᠨᠤᠮᠵᠢᠲᠠᠢ ᠠᠷᠠᠳ ᠤᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ       ᠠᠷᠠᠳ ᠤᠨ ᠬᠦᠰᠡᠯ ᠪᠤᠯ ᠵᠠᠰᠠᠭ ᠤᠨ ᠴᠢᠭᠯᠡᠯ ᠮᠦᠨ᠃ ᠪᠢᠳᠠ ᠡᠷᠬᠡᠪᠰᠢ ᠤᠭ ᠰᠠᠨᠠᠭ᠎ᠠ ᠪᠠᠨ ᠦᠯᠦ ᠮᠠᠷᠳᠠᠨ᠂ ᠡᠭᠦᠷᠬᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠵᠦ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠡᠭᠦᠷᠭᠡ ᠴᠢᠳᠠᠪᠬᠢ ᠰᠤᠷᠳᠠᠯ ᠤᠨ ᠰᠢᠨ᠎ᠡ ᠬᠤᠪᠢᠷᠠᠯᠳᠠ᠂ ᠵᠠᠰᠠᠯᠳᠠ ᠶᠢᠨ ᠴᠢᠳᠠᠪᠤᠷᠢ ᠶᠢ ᠰᠢᠨ᠎ᠡ ᠪᠠᠷ  ᠲᠡᠭᠡᠭᠰᠢᠯᠡᠯᠳᠡ ᠶᠢ  ᠪᠠᠶᠢᠬᠤ ᠶᠢ ᠠᠬᠢᠭᠤᠯᠵᠤ᠂  ᠠᠷᠠᠳ ᠲᠦᠮᠡᠨ ᠬᠠᠨᠤᠮᠵᠢᠳᠠᠢ ᠦᠢᠯᠡᠴᠢᠯᠡᠭᠡᠨ ᠤ ᠬᠡᠯᠪᠡᠷᠢᠳᠦ ᠵᠠᠰᠠᠭ ᠤᠨ ᠤᠷᠳᠤᠨ ᠢ  ᠴᠤᠭᠴᠠᠯᠠᠨ᠎ᠠ᠃      ︵ᠨᠢᠭᠡ︶ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠ ᠬᠢᠨᠠᠨ ᠪᠤᠳᠤᠬᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠣᠭᠲᠠᠭᠰᠠᠨ ᠴᠠᠭ ᠲᠠᠭᠠᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ  ᠪᠠᠲᠤᠯᠠᠨ᠎ᠠ᠃ ᠲᠠᠨᠢᠯᠳᠠ ᠶᠢᠨ ᠬᠡᠯᠪᠡᠷᠢ ᠶᠢᠨ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠵᠢᠯ  ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠨ᠎ᠡ᠃ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠬᠦᠨᠵᠡᠭᠡᠶᠢᠷᠡᠭᠦᠯᠵᠦ᠂ ︽ᠭᠤᠷᠪᠠᠨ ᠬᠤᠷᠠᠯ ᠨᠢᠬᠡ ᠬᠢᠴᠢᠶᠡᠯ︾ ᠵᠡᠷᠭᠡ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠷᠢᠮ ᠢ ᠡᠷᠠᠰ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠠᠷᠢᠯᠴᠠᠨ ᠠᠬᠢᠭᠤᠯᠵᠤ ᠬᠠᠮᠳᠤ ᠪᠠᠷ ᠲᠠᠪᠰᠢᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢᠨ ᠳᠠᠬᠢᠨ ᠰᠢᠨ᠎ᠡ ᠲᠦᠪᠰᠢᠨ ᠳᠤ ᠬᠦᠷᠭᠦ ᠶᠢ ᠠᠬᠢᠭᠤᠯᠤᠨ᠎ᠠ᠃    ︵ᠬᠤᠶᠠᠷ︶ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠭᠠᠨ᠎ᠠ᠃ ᠬᠡᠷᠡᠭᠵᠢᠭᠦᠯᠬᠦ ᠬᠦᠴᠦᠨ ᠢᠶᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠰᠠᠨ ᠶᠠᠪᠤᠳᠠᠯ ᠢᠶᠠᠨ ᠰᠠᠶᠢᠲᠤᠷ ᠬᠢᠵᠦ᠂ ᠠᠮᠠᠯᠳᠠᠭᠰᠠᠨ ᠶᠠᠪᠤᠳᠠᠯ ᠢᠶᠠᠨ ᠪᠡᠶᠡᠯᠡᠭᠦᠯᠦᠨ᠎ᠡ᠃ ᠲᠤᠰᠬᠠᠶ ᠮᠡᠷᠭᠡᠵᠢᠯ ᠤᠨ ᠴᠢᠳᠠᠪᠤᠷᠢ ᠶᠢ ᠬᠥᠮᠦᠵᠢᠭᠦᠯᠬᠦ ᠶᠢ ᠴᠢᠬᠤᠯᠠᠴᠢᠯᠠᠵᠤ᠂ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠠᠶᠢᠳᠠᠯ ᠢ ᠲᠣᠳᠣᠷᠬᠠᠶ ᠣᠶᠢᠯᠠᠭᠠᠵᠤ᠂ ᠥᠷᠭᠡᠨ ᠣᠯᠠᠨ ᠺᠠᠳ᠋ᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠱᠠᠯᠠᠪᠳᠠᠭᠤᠯᠤᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠴᠢᠬᠤᠯᠠᠴᠢᠯᠠᠵᠤ᠂ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠳᠤ ᠨᠠᠷᠢᠨ ᠳᠠᠩᠰᠠ ᠶᠢᠨ ᠳᠦᠷᠢᠮ ᠢ ᠪᠠᠶᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠳᠦᠷᠢᠮ ᠢ ᠲᠡᠭᠦᠯᠳᠡᠷᠵᠢᠭᠦᠯᠵᠦ᠂ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠴᠢᠩᠳᠠᠯᠠᠵᠤ᠂ ᠡᠯ᠎ᠡ ᠲᠦᠷᠦᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠵᠦᠪ ᠴᠢᠭᠯᠡᠯ ᠤᠨ ᠤᠷᠮᠠᠰᠢᠭᠤᠯᠬᠤ ᠵᠣᠬᠢᠴᠠᠮᠵᠢ ᠪᠠ ᠠᠵᠢᠯ ᠬᠢᠵᠦ ᠦᠢᠯᠡᠰ ᠪᠣᠰᠬᠠᠬᠤ ᠳᠤ ᠠᠯᠳᠠᠭ᠎ᠠ ᠪᠤᠷᠤᠭᠤ ᠭᠠᠷᠭᠠᠬᠤ ᠶᠢ ᠰᠡᠷᠭᠡᠶᠢᠯᠡᠬᠦ᠂ ᠪᠤᠷᠤᠭᠤ ᠶᠢ ᠠᠭᠤᠴᠢᠯᠠᠬᠤ᠂ ᠪᠤᠷᠤᠭᠤ ᠶᠢ ᠵᠠᠯᠠᠷᠠᠭᠤᠯᠬᠤ ᠵᠤᠬᠢᠴᠠᠮᠵᠢ ᠶᠢ ᠪᠦᠷᠢᠨᠰᠢᠭᠦᠯᠵᠦ᠂ ᠠᠵᠢᠯ ᠬᠢᠭᠴᠢ ᠶᠢ ᠵᠣᠷᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠶᠢ ᠳᠠᠮᠵᠢᠵᠤ᠂ ᠺᠠᠳ᠋ᠷ ᠤᠨ ᠡᠩᠨᠡᠭᠡᠨ ᠤ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠶᠡᠬᠡᠪᠡᠷ ᠪᠠᠳᠠᠷᠠᠭᠤᠯᠤᠨ᠎ᠠ᠃      ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠷᠠᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠡᠮᠬᠢ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠬᠡᠷᠡᠭ ᠵᠥᠪᠯᠡᠬᠦ ᠳᠦᠷᠢᠮ ᠪᠠ ᠰᠡᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠨ᠎ᠡ᠃ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠣᠯᠠᠨ ᠲᠦᠮᠡᠨ ᠤ ᠮᠡᠳᠡᠷᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠵᠠᠰᠠᠭ ᠤᠨ ᠣᠷᠳᠣᠨ ᠤ ᠡᠷᠬᠡ ᠶᠢᠨ ᠢᠮᠠᠭᠲᠠ ᠢᠯᠡ ᠪᠠᠷ ᠶᠠᠪᠤᠭᠳᠠᠬᠤ ᠶᠢ ᠪᠠᠲᠤᠯᠠᠨ᠎ᠠ᠃       ︵ᠳᠦᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠭᠰᠠᠨ ᠭᠤᠷᠪᠠᠨ ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠨᠠᠩ ᠶᠡᠭᠡ ᠡᠷᠡᠰ ᠵᠣᠷᠢᠭ᠂ ᠨᠠᠩ ᠶᠡᠭᠡ ᠡᠷᠴᠢᠮ ᠢᠶᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ︽ᠪᠠᠶᠠᠨᠨᠠᠭᠤᠷ ᠬᠤᠲᠠ ᠶᠢᠨ ᠤᠴᠢᠷ ᠶᠠᠪᠤᠳᠠᠯ ᠢ ᠲᠦᠷᠭᠡᠨ ᠡᠷᠬᠢᠯᠡᠬᠦ︾ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠮᠲᠤᠷᠠᠨ ᠬᠢᠨᠠᠨ ᠵᠥᠪᠰᠢᠶᠡᠷᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠦᠢᠯᠡᠴᠢᠯᠡᠭᠡᠨ ᠤ ᠲᠥᠷᠥᠯ ᠵᠦᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠣᠵᠤ ᠰᠠᠭᠤᠬᠤ ᠨᠢᠭᠡᠴᠡ ᠶᠢᠨ ︽ᠡᠷᠬᠡ  ᠣᠯᠭᠤᠯᠲᠠ︾ ᠨᠢ ᠪᠤᠲᠠᠲᠠᠢ ᠦᠭᠡᠢ᠂ ︽ᠬᠥᠮᠦᠨ ᠨᠢ ᠪᠠᠶᠢᠭᠰᠠᠨ ᠴᠤ ᠶᠠᠪᠤᠳᠠᠯ ᠢ ᠭᠦᠢᠴᠡᠳᠭᠡᠬᠦ ᠦᠭᠡᠢ︾᠂ ︽ᠡᠮᠦᠨ᠎ᠡ ᠴᠣᠩᠬᠤ ᠠᠷᠤ ᠳᠡᠯᠭᠡᠭᠦᠷ︾ ᠵᠡᠷᠭᠡ ᠠᠰᠠᠭᠤᠳᠠᠯ ᠭᠠᠷᠬᠤ ᠶᠢ ᠡᠷᠡᠰ ᠬᠤᠷᠢᠭᠯᠠᠨ᠎ᠠ᠃ ᠦᠨᠳᠦᠰᠦᠨ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠣᠷᠣᠯᠠᠨ ᠭᠦᠢᠴᠡᠳᠬᠡᠬᠦ ᠴᠡᠭ︶ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠷᠠᠭᠤᠯᠤᠨ᠂ ᠣᠯᠠᠨ ᠲᠦᠮᠡᠨ ᠳᠤ ᠳᠦᠭᠦᠮ ᠳᠦᠲᠡ ᠦᠢᠯᠡᠴᠢᠯᠡᠭᠡ ᠬᠦᠷᠲᠡᠭᠡᠨ᠎ᠡ᠃ ᠰᠤᠮᠤ ᠪᠠᠯᠭᠠᠰᠤᠨ ᠤ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠡᠮᠬᠢ ᠵᠢᠷᠤᠮ ᠲᠠᠢ ᠪᠠᠷ ᠲᠤᠷᠤᠭᠰᠢ ᠲᠠᠯᠪᠢᠵᠦ᠂ ᠡᠭᠦᠷᠭᠡ ᠴᠢᠳᠠᠪᠦᠷᠢᠲᠦ ᠰᠠᠯᠠᠭ᠎ᠠ ᠮᠦᠴᠢᠷ ᠠᠴᠠ ᠰᠤᠮᠤ ᠪᠠᠯᠭᠠᠰᠤᠨ ᠤ ᠡᠷᠬᠢᠯᠡᠭᠰᠡᠨ ᠠᠵᠢᠯ ᠤᠨ ᠵᠢᠯᠦᠭᠤᠳᠤᠯᠭ᠎ᠠ ᠪᠠ ᠪᠣᠯᠪᠠᠰᠤᠷᠠᠭᠤᠯᠤᠯᠲᠠ ᠶᠢ ᠴᠢᠩᠭᠠᠳᠬᠠᠨ᠂ ᠣᠯᠭᠤᠭᠰᠠᠨ ᠡᠷᠬᠡ ᠪᠠᠨ ᠲᠤᠰᠴᠤ ᠴᠢᠳᠠᠬᠤ᠂ ᠬᠡᠷᠡᠭᠯᠡᠵᠦ  ᠲᠡᠶᠢᠯᠬᠦ ᠶᠢ ᠦᠨᠡᠨᠬᠦ  ᠪᠠᠲᠤᠯᠠᠨ᠎ᠠ᠃    ︵ᠲᠠᠪᠤ︶ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠷᠠᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠬᠢᠨᠠᠮᠠᠭᠠᠢ  ᠨᠠᠶᠢᠳᠠᠪᠦᠷᠢᠵᠢᠭᠤᠯᠬᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠳᠠᠮᠵᠢᠵᠤ᠂ ᠬᠢᠨᠠᠨ ᠪᠣᠳᠤᠬᠤ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠬᠡᠷᠡᠭᠯᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠩᠬᠠᠷᠴᠤ᠂ ᠡᠷᠬᠡ ᠪᠠᠨ ᠠᠰᠢᠭᠯᠠᠨ ᠠᠮᠢ ᠪᠠᠨ ᠪᠤᠷᠳᠤᠬᠤ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠪ ᠴᠢᠬᠡᠴᠢ ᠤᠯᠤᠰ ᠲᠥᠷᠦ ᠶᠢᠨ ᠠᠮᠢ ᠠᠬᠤᠶ ᠶᠢ ᠴᠢᠷᠮᠠᠶᠢᠨ ᠪᠤᠢ ᠪᠣᠯᠭᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠯᠪᠡᠷᠢ ᠶᠢᠨ ᠦᠵᠡᠯ ᠪᠠ ᠨᠣᠶᠠᠨᠴᠢ ᠰᠤᠷᠲᠠᠯ ᠤᠨ ᠰᠢᠨ᠎ᠡ ᠢᠯᠡᠷᠡᠯ ᠢ ᠭᠦᠨᠵᠡᠭᠡᠶ ᠪᠠᠶᠢᠴᠠᠭᠠᠨ ᠳᠡᠯᠭᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠡᠭᠦᠷᠢᠳᠡ ᠴᠢᠩᠳᠠᠯᠠᠵᠤ᠂ ︽ᠳᠥᠷᠪᠡᠨ ᠰᠤᠷᠲᠠᠯ︾ ᠤᠨ ᠠᠰᠠᠭᠤᠳᠠᠯ ᠤᠨ ᠳᠠᠬᠢᠨ ᠡᠭᠦᠰᠬᠦ ᠶᠢ ᠡᠷᠡᠰ ᠰᠡᠷᠭᠡᠶᠢᠯᠡᠨ᠎ᠡ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠬᠢᠵᠠᠭᠠᠷᠲᠠᠶ ᠡᠳ᠋ ᠤᠨ ᠬᠦᠴᠦᠨ ᠢᠶᠠᠨ ᠬᠥᠭᠵᠢᠯᠲᠡ ᠶᠢᠨ ᠬᠠᠮᠤᠭ ᠤᠨ ᠬᠡᠷᠡᠭᠴᠡᠭᠡ ᠲᠠᠢ᠂ ᠣᠯᠠᠨ ᠲᠦᠮᠡᠨ ᠳᠤ ᠬᠠᠮᠤᠭ ᠤᠨ ᠠᠰᠢᠭ ᠬᠦᠷᠲᠡᠭᠡᠬᠦ ᠭᠠᠵᠠᠷ ᠲᠤ ᠦᠨᠡᠨ ᠬᠦ ᠬᠡᠷᠡᠭᠯᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠰᠢᠭᠤᠨ ᠤ ᠠᠷᠠᠳ ᠲᠦᠮᠡᠨ ᠳᠤ ᠨᠠᠩ ᠣᠯᠠᠨ᠂ ᠨᠠᠩ ᠡᠷᠬᠡ ᠲᠡᠭᠰᠢ ᠪᠠᠷ ᠡᠳ᠋ᠯᠡᠭᠦᠯᠦᠨ᠎ᠡ᠃      ᠲᠥᠯᠥᠭᠡᠯᠡᠭᠴᠢᠳ ᠡ᠂ ᠠᠵᠠ ᠲᠣᠬᠢᠶᠠᠯ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠥᠷᠢᠰᠥᠯᠳᠦᠭᠡᠨ ᠡᠭᠦᠷᠭᠡᠯᠡᠯ ᠢ ᠰᠢᠯᠭᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠪᠠᠲᠤ ᠲᠦᠰᠢᠭᠯᠡᠨ ᠪᠦᠯᠬᠦᠮᠳᠡᠵᠦ᠂ ᠵᠣᠷᠢᠭᠲᠠᠢ ᠤᠷᠤᠭᠰᠢᠯᠠᠵᠤ᠂ ᠬᠠᠲᠠᠭᠤᠵᠢᠯᠲᠠᠢ ᠠᠵᠢᠯᠯᠠᠵᠤ ᠤᠷᠠᠳ ᠤᠨ ᠡᠮᠦᠨᠡᠲᠦ ᠬᠤᠰᠢᠭᠤᠨ ᠤ ᠪᠤᠬᠢᠷᠳᠤᠯ ᠦᠭᠡᠢ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕  ᠨᠡᠷ᠎ᠡ ᠦᠭᠡᠰ ᠤᠨ ᠲᠠᠶᠢᠯᠪᠦᠷᠢ ︵ᠢᠯᠡᠷᠡᠭᠰᠡᠨ ᠳᠡᠰ ᠳᠠᠷᠠᠭ᠎ᠠ ᠪᠠᠷ︶                ︽ᠳᠣᠯᠤᠭᠠᠨ ᠭᠤᠷᠪᠠ︾ ᠬᠦᠭᠵᠢᠯᠲᠡ ᠶᠢᠨ ᠰᠡᠳᠭᠢᠴᠡ᠄ ᠭᠤᠷᠪᠠᠨ ᠵᠠᠷᠴᠢᠮ ᠢ ᠪᠠᠷᠢᠮᠲᠠᠯᠠᠬᠤ ︵ᠨᠠᠮ ᠠᠴᠠ ᠪᠦᠬᠦ ᠠᠵᠢᠯ ᠢ ᠤᠳᠤᠷᠢᠳᠬᠤ ᠶᠢ ᠪᠠᠷᠢᠮᠲᠠᠯᠠᠬᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠬᠤ᠂ ᠰᠢᠨ᠎ᠡ ᠬᠦᠭᠵᠢᠯᠲᠡ ᠶᠢᠨ ᠤᠬᠠᠭᠳᠠᠬᠤᠨ ᠢ ᠪᠠᠷᠢᠮᠲᠠᠯᠠᠬᠤ︶᠃ ᠭᠤᠷᠪᠠᠨ ᠵᠦᠢᠯ ᠤᠨ ᠰᠡᠳᠭᠢᠴᠡ ᠶᠢ ᠴᠢᠩᠭᠠᠳᠬᠠᠬᠤ ︵ᠰᠢᠰᠲ᠋ᠧᠮ ᠤᠨ ᠰᠡᠳᠭᠢᠴᠡ᠂ ᠬᠤᠷᠢᠭ᠎ᠠ ᠱᠤᠭᠤᠮ ᠤᠨ ᠰᠡᠳᠭᠢᠴᠡ᠂ ᠤᠨᠤᠪᠴᠢᠳᠠᠢ ᠰᠡᠳᠭᠢᠴᠡ︶᠃ ᠭᠤᠷᠪᠠᠨ ᠵᠠᠩᠭᠢᠯᠠᠭ᠎ᠠ ᠶᠢ ᠴᠢᠩᠭ᠎ᠠ ᠡᠵᠡᠮᠰᠢᠬᠦ ︵ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠪᠠᠷ ᠭᠤᠣᠯ  ᠱᠤᠭᠤᠮ ᠪᠣᠯᠭᠠᠵᠤ᠂ ᠴᠢᠨᠠᠷ ᠰᠠᠶᠢᠳᠠᠢ ᠬᠦᠭᠵᠢᠯᠲᠡ ᠶᠢᠨ ᠱᠠᠭᠠᠷᠳᠠᠯᠭ᠎ᠠ ᠶᠢ ᠭᠦᠨᠵᠡᠭᠡᠢ ᠨᠡᠶᠢᠳᠡᠪᠦᠷᠢᠵᠢᠭᠤᠯᠵᠤ᠂ ᠤᠯᠢᠶᠠᠰᠤ ᠨᠠᠭᠤᠷ ᠢᠶᠠᠷ ᠭᠤᠣᠯ ᠪᠣᠯᠭᠠᠭᠰᠠᠨ ᠠᠭᠤᠯᠠ ᠤᠰᠤ ᠣᠢ ᠲᠠᠷᠢᠶ᠎ᠡ ᠨᠠᠭᠤᠷ ᠡᠪᠡᠰᠦ ᠶᠢ ᠰᠢᠰᠲ᠋ᠧᠮ ᠲᠠᠢ ᠵᠠᠰᠠᠬᠤ ᠤᠷᠤᠨ ᠢ ᠭᠤᠤᠯᠳᠠᠯᠠᠭ᠎ᠠ ᠲᠠᠢ ᠲᠤᠭᠤᠷᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠵᠠᠰᠠᠯᠳᠠ ᠵᠡᠷᠭᠡ ᠠᠵᠢᠯ ᠢ ᠨᠢᠭᠡᠳᠦᠯᠳᠡᠢ ᠲᠦᠯᠦᠪᠵᠢᠭᠦᠯᠦᠨ ᠬᠡᠷᠡᠭᠵᠢᠭᠦᠯᠵᠦ᠂  ᠨᠢᠭᠡᠨ ᠠᠵᠤ ᠠᠬᠤᠢ᠂ ᠠᠷᠠᠳ ᠤᠨ ᠠᠮᠢᠳᠤᠷᠠᠯ᠂ ᠠᠮᠢ ᠠᠬᠤᠢ ᠶᠢᠨ ᠦᠷ᠎ᠡ ᠠᠰᠢᠭ ᠤᠯᠠᠨᠲᠠᠢ ᠰᠢᠨ᠎ᠡ ᠵᠠᠮ ᠢ ᠭᠠᠷᠭᠠᠨ᠎ᠠ︶᠃ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠳᠤ ᠢᠯᠠᠯᠲᠠ ᠣᠯᠬᠤ ︵ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠲᠠᠶᠢᠯᠠᠯᠳᠤᠭᠠᠨ᠂ ᠶᠠᠳᠠᠭᠤ ᠠᠴᠠ ᠠᠩᠭᠢᠵᠢᠷᠠᠭᠤᠯᠬᠤ  ᠰᠢᠪᠲᠤᠯᠤᠯᠲᠠ ᠵᠢᠨ‌‍ᠲ᠋ᠠᠶᠢᠯᠠᠯᠳᠤᠭᠠᠨ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠵᠢᠨ‌‍ᠲ᠋ᠠᠶᠢᠯᠠᠯᠳᠤᠭᠠᠨ︶᠃ ᠭᠤᠷᠪᠠᠨ ᠬᠤᠷᠢᠭ᠎ᠠ ᠱᠤᠭᠤᠮ ᠢ ᠰᠠᠬᠢᠬᠤ ︵ᠬᠦᠭᠵᠢᠯᠲᠡ ᠶᠢᠨ  ᠬᠤᠷᠢᠭ᠎ᠠ ᠱᠤᠭᠤᠮ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ᠂ ᠠᠮᠢ ᠠᠬᠤᠢ ᠶᠢᠨ ᠬᠤᠷᠢᠭ᠎ᠠ ᠱᠤᠭᠤᠮ︶᠃ ᠭᠤᠷᠪᠠᠨ ᠶᠡᠭᠡ ᠳᠤᠲᠠᠭᠤᠳᠠᠯ ᠢ ᠨᠦᠬᠦᠪᠦᠷᠢᠯᠡᠬᠦ ︵ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠲᠠᠭᠤᠳᠠᠯ᠂ ᠬᠤᠲᠠ ᠬᠦᠳᠡᠭᠡᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ᠂ ᠠᠵᠤ ᠦᠢᠯᠡᠰ ᠤᠨ ᠬᠦᠭᠵᠢᠯᠲᠡ ᠶᠢᠨ ᠳᠤᠲᠠᠭᠤᠳᠠᠯ︶᠃ ᠭᠤᠷᠪᠠᠳᠤᠭᠠᠷ ᠠᠵᠤ ᠦᠢᠯᠡᠰ ᠢ ᠬᠦᠭᠵᠢᠭᠦᠯᠬᠦ  ︵ᠪᠣᠬᠢᠷᠳᠤᠯ ᠦᠭᠡᠢ ᠤᠷᠭᠠᠨᠢᠭ ᠳᠡᠭᠡᠳᠦ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ  ᠲᠤᠭᠳᠠᠯᠴᠠᠭ᠎ᠠ ᠶᠢ ᠲᠦᠷᠭᠡᠳᠭᠡᠨ ᠪᠠᠶᠢᠭᠤᠯᠵᠤ᠂ ᠭᠠᠵᠠᠷ ᠣᠷᠤᠨ ᠤ ᠳᠠᠪᠠᠭᠤᠯᠢᠭ ᠢᠶᠠᠨ ᠳᠣᠪᠣᠶᠢᠯᠭᠠᠭᠰᠠᠨ᠂ ᠠᠵᠤ ᠦᠢᠯᠡᠰ ᠤᠨ ᠳᠠᠶᠢᠴᠢᠯᠠᠬᠤ ᠴᠢᠨᠠᠷ ᠴᠢᠩᠭ᠎ᠠ᠂ ᠴᠢᠨᠠᠷ ᠰᠠᠶᠢᠳᠠᠢ ᠬᠦᠭᠵᠢᠯᠲᠡ ᠶᠢ ᠢᠯᠡᠷᠡᠭᠦᠯᠬᠦ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠲᠤᠭᠳᠠᠯᠴᠠᠭ᠎ᠠ  ᠂ ᠨᠢᠭᠡᠳᠦᠭᠡᠷ ᠬᠤᠶᠠᠳᠤᠭᠠᠷ ᠠᠵᠤ ᠦᠢᠯᠡᠰ ᠲᠠᠢ ᠭᠦᠨᠵᠡᠭᠡᠢ ᠠᠭᠤᠰᠤᠯᠴᠠᠵᠤ᠂ ᠪᠠᠰᠠ ᠨᠢᠭᠡᠳᠦᠭᠡᠷ ᠬᠤᠶᠠᠳᠤᠭᠠᠷ ᠠᠵᠤ ᠦᠢᠯᠡᠰ ᠤᠨ ᠬᠦᠭᠵᠢᠯᠲᠡ ᠶᠢ ᠳᠠᠶᠢᠴᠢᠯᠠᠬᠤ  ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠭᠳᠠᠯᠴᠠᠭ᠎ᠠ︶᠃       ᠵᠢᠷᠭᠤᠭᠠᠨ ᠲᠣᠭᠤᠷᠢᠭ ᠨᠢᠭᠡ ᠵᠠᠩᠭᠢᠯᠠᠭ᠎ᠠ᠄ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ  ᠴᠤᠭᠯᠠᠷᠠᠯ ᠲᠣᠭᠤᠷᠢᠭ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ   ᠤᠨ ᠠᠮᠢᠵᠢᠷᠠᠯ ᠤᠨ ᠲᠣᠭᠤᠷᠢᠭ᠂ ᠰᠢᠶᠠᠨ ᠤ ᠬᠡᠪᠴᠢᠶᠡᠨ ᠤ ᠬᠤᠲᠠ ᠶᠢᠨ ᠪᠠᠶᠢᠭᠤᠯᠤᠯᠳᠠ ᠶᠢᠨ ᠳᠠᠭᠤᠷᠢᠶᠠᠯ ᠲᠣᠭᠤᠷᠢᠭ᠂ ᠠᠵᠤ ᠠᠮᠢᠳᠤᠷᠠᠯ ᠵᠤᠯ ᠵᠢᠷᠭᠠᠯ ᠲᠠᠢ ᠨᠡᠶᠢᠭᠡᠮ ᠡᠶ᠎ᠡ ᠵᠣᠬᠢᠴᠠᠩᠭᠤᠢ ᠵᠢᠱᠢᠶ᠎ᠡ ᠦᠵᠡᠭᠦᠯᠬᠦ ᠲᠣᠭᠤᠷᠢᠭ᠂ ᠠᠭᠤᠯᠠ ᠤᠰᠤ ᠤᠢ ᠲᠠᠷᠢᠶ᠎ᠡ ᠨᠠᠭᠤᠷ ᠡᠪᠡᠰᠦ ᠶᠢᠨ ᠰᠢᠰᠲ᠋ᠧᠮ ᠢ ᠵᠠᠰᠠᠨ ᠰᠠᠶᠢᠵᠢᠷᠠᠭᠤᠯᠬᠤ ᠲᠤᠷᠰᠢᠯᠲᠠ ᠶᠢᠨ ᠴᠢᠭ ᠤᠨ ᠲᠣᠭᠤᠷᠢᠭ ᠵᠢᠴᠢ ︽ᠨᠢᠭᠡ ᠪᠦᠰᠡ ᠨᠢᠭᠡ ᠵᠡᠮ︾᠂ ᠮᠤᠩᠭᠤᠯ ᠤᠯᠤᠰ ᠲᠠᠢ ᠴᠢᠯᠦᠭᠡᠲᠡᠢ ᠶᠠᠪᠤᠯᠴᠠᠬᠤ᠂ ᠬᠦᠬᠡᠬᠤᠲᠠ  ᠪᠤᠭᠤᠳᠤ ᠢᠷᠭᠠᠢ ᠲᠡᠮᠡᠭᠡᠲᠦ  ᠶᠢᠨ ᠠᠵᠤ ᠠᠬᠤᠢ ᠶᠢᠨ ᠲᠣᠭᠤᠷᠢᠭ ᠲᠤ  ᠪᠠᠶᠢᠯᠳᠤᠬᠤ ᠪᠣᠳᠣᠯᠭ᠎ᠠ  ᠴᠢᠨᠠᠷᠳᠡᠢ ᠬᠦᠨᠵᠡᠭᠡᠢ ᠠᠭᠤᠰᠤᠯᠴᠠᠬᠤ᠃      ︽ᠲᠡᠭ ᠪᠣᠯᠭᠠᠨ ᠦᠭᠡᠶᠢᠰᠭᠡᠵᠦ ᠪᠠᠷᠢᠮᠵᠢᠶ᠎ᠡ ᠳᠤ ᠬᠦᠷᠭᠡᠬᠦ︾  ᠲᠤᠰᠬᠠᠢ ᠲᠦᠷᠦᠯ ᠤᠨ ᠠᠵᠢᠯᠯᠠᠭ᠎ᠠ᠄  ᠶᠡᠳᠡᠭᠤ ᠠᠴᠠ ᠠᠩᠭᠢᠵᠢᠷᠠᠭᠤᠯᠬᠤ ᠪᠤᠭᠤᠮᠲᠠ‌‍ᠰᠢᠪᠲᠤᠯᠤᠯᠲᠠ ᠶᠢ ᠡᠷᠦᠭᠡ ᠳᠤ  ᠤᠷᠤᠭᠤᠯᠬᠤ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠭᠡᠷᠡᠭᠵᠢᠭᠦᠯᠬᠦ ᠳᠤ ᠪᠠᠨ ᠵᠦᠷᠢᠶ᠎ᠡ ᠲᠠᠢ ᠪᠠᠶᠢᠬᠤ ᠶᠢ ᠦᠭᠡᠶᠢᠰᠬᠡᠬᠦ︔ ᠬᠦᠳᠡᠯᠮᠦᠷᠢᠯᠡᠬᠦ ᠬᠦᠴᠦᠨ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠳᠤ ᠶᠠᠳᠠᠭᠤ ᠶᠢ ᠳᠡᠳᠭᠦᠬᠦ ᠠᠵᠤ ᠦᠢᠯᠡᠰ ᠤᠨ ᠲᠦᠷᠦᠯ ᠵᠦᠢᠯ ᠢ ᠦᠯᠦ ᠪᠦᠷᠬᠦᠭᠦᠯᠦᠭᠰᠡᠨ ᠪᠠ ᠬᠦᠳᠡᠯᠮᠦᠷᠢᠯᠡᠬᠦ ᠬᠦᠴᠦᠨ ᠦᠭᠡᠢ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠪᠦᠬᠦᠨ ᠢ ᠠᠭᠤᠳᠠᠯᠯᠠᠬᠤ ᠲᠦᠷᠦ ᠶᠢᠨ ᠪᠣᠳᠤᠯᠭ᠎ᠠ ᠶᠢᠨ ᠦᠯᠦ ᠪᠦᠷᠬᠦᠭᠦᠯᠦᠭᠰᠡᠨ ᠢ ᠦᠬᠡᠶᠢᠰᠬᠡᠬᠦ︔ ᠬᠠᠮᠳᠤ ᠶᠢᠨ ᠠᠵᠤ ᠠᠬᠤᠢ ᠪᠠᠷ ᠲᠤᠷᠤᠢ ᠪᠠᠭᠤᠷᠠᠢ ᠬᠦᠴᠢᠷᠳᠠᠯᠳᠡᠢ ᠭᠠᠴᠠᠭ᠎ᠠ ᠲᠤᠰᠬᠤᠨ ᠢ ᠦᠬᠡᠶᠢᠰᠬᠡᠬᠦ︔ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠭᠡ ᠶᠢᠨ ᠠᠶᠤᠯᠲᠤ ᠭᠡᠷ ᠪᠠᠶᠢᠰᠢᠩ ᠢ ᠦᠭᠡᠶᠢᠰᠭᠡᠬᠦ︔ ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠤ ᠬᠦᠳᠡᠯᠭᠡᠭᠴᠢ ᠬᠦᠴᠦᠨ ᠤ ᠬᠡᠷᠡᠭᠯᠡᠯᠲᠡ ᠶᠢᠨ ᠴᠠᠬᠢᠯᠭᠠᠨ ᠢ ᠨᠡᠪᠲᠡᠷᠡᠭᠦᠯᠦᠭᠰᠡᠨ ᠦᠭᠡᠢ᠂ ᠶᠠᠳᠠᠭᠤ ᠬᠦᠴᠢᠷᠳᠡᠯᠲᠡᠢ ᠡᠷᠦᠬᠡ ᠶᠢᠨ ᠠᠮᠢᠳᠤᠷᠠᠯ ᠤᠨ ᠠᠮᠢᠳᠤᠷᠠᠯ ᠤᠨ  ᠬᠡᠷᠡᠭᠯᠡᠭᠡᠨ ᠤ  ᠴᠠᠬᠢᠯᠭᠠᠨ ᠪᠠᠷᠢᠮᠵᠢᠶ᠎ᠠ ᠳᠤ ᠬᠦᠷᠦᠭᠰᠡᠨ ᠦᠭᠡᠢ ᠶᠢ ᠦᠭᠡᠶᠢᠰᠭᠡᠬᠦ︔ ᠶᠠᠳᠠᠭᠤ ᠬᠦᠴᠢᠷᠳᠡᠯᠲᠡᠢ ᠡᠷᠦᠬᠡ ᠶᠢ ᠦᠭᠡᠷ᠎ᠡ ᠭᠠᠵᠠᠷ ᠰᠢᠯᠵᠢᠭᠦᠯᠦᠨ ᠨᠡᠭᠦᠯᠭᠦᠬᠦ ᠡᠭᠦᠷᠬᠡ ᠶᠢ ᠦᠬᠡᠶᠢᠰᠬᠡᠬᠦ︔ ᠤᠨᠤᠪᠴᠢᠳᠠᠢ ᠪᠠᠷ ᠶᠠᠳᠤᠭᠤ ᠶᠢ ᠲᠡᠳᠬᠦᠬᠦ ᠳᠠᠩᠰᠠᠯᠠᠵᠤ ᠺᠠᠷᠲᠯᠠᠭᠰᠠᠨ ᠲᠡᠪᠴᠡᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠷᠢᠮᠵᠢᠶ᠎ᠡ ᠳᠤ ᠬᠦᠷᠬᠡᠬᠦ︔ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠰᠤᠮᠤ ᠪᠠᠯᠭᠠᠰᠤ᠂ ᠭᠠᠴᠠᠭ᠎ᠠ ᠲᠤᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ ᠲᠠᠰᠤᠭ︶ ᠶᠢᠨ ᠲᠣᠨᠤᠭ ᠲᠦᠬᠦᠭᠡᠷᠦᠮᠵᠢ᠂ ᠠᠵᠢᠯᠲᠠᠨ᠂ ᠡᠮ ᠤᠨ ᠵᠦᠢᠯ ᠵᠡᠷᠭᠡ ᠦᠨᠳᠦᠰᠦᠨ ᠡᠮᠴᠢᠯᠡᠭᠡ ᠶᠢᠨ ᠦᠢᠯᠡᠴᠢᠯᠡᠭᠡ ᠶᠢ ᠪᠡᠷᠢᠮᠵᠢᠶ᠎ᠡ ᠳᠤ ᠬᠦᠷᠬᠡᠬᠦ︔ ᠳᠠᠩᠰᠠᠯᠠᠵᠤ ᠺᠠᠷᠲᠯᠠᠭᠰᠠᠨ ᠶᠠᠳᠠᠭᠤ ᠭᠦᠴᠢᠷᠳᠡᠯᠲᠡᠢ ᠡᠷᠦᠬᠡ   ᠶᠢᠨ ᠤᠤᠭᠤᠬᠤ ᠤᠰᠤ ᠶᠢ ᠠᠮᠤᠷ ᠲᠦᠪᠰᠢᠨ ᠤ ᠪᠠᠷᠢᠮᠵᠢᠶ᠎ᠠ ᠳᠤ ᠬᠦᠷᠬᠡᠬᠦ︔ ᠳᠠᠩᠰᠠᠯᠠᠵᠤ ᠺᠠᠷᠲᠯᠠᠭᠰᠠᠨ ᠶᠠᠳᠠᠭᠤ ᠭᠦᠴᠢᠷᠳᠡᠯᠲᠡᠢ ᠭᠠᠵᠠᠷ ᠣᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠰᠤᠯᠠ ᠳᠣᠷᠤᠢ ᠰᠤᠷᠭᠠᠭᠤᠯᠢ ᠶᠢᠨ ᠦᠭᠡᠷᠡᠴᠢᠯᠡᠯᠳᠡ ᠪᠠ ᠬᠦᠳᠡᠭᠡ ᠲᠤᠰᠬᠤᠨ ᠤ ᠬᠡᠪᠴᠢᠶ᠎ᠡ ᠪᠠᠷ ᠪᠠᠭ᠎ᠠ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠦᠭᠡᠷᠡᠴᠢᠯᠡᠯᠳᠡ ᠶᠢ ᠪᠡᠶᠡᠯᠡᠭᠦᠯᠵᠦ᠂ ᠳᠠᠩᠰᠠᠯᠠᠵᠤ ᠺᠠᠷᠲᠯᠠᠭᠰᠠᠨ ᠶᠠᠳᠠᠭᠤ ᠭᠦᠴᠢᠷᠳᠡᠯᠲᠡᠢ ᠭᠡᠷ ᠪᠦᠯᠢ ᠶᠢᠨ ᠠᠯᠪᠠᠨ ᠵᠢᠷᠤᠮ  ᠤᠨ ᠰᠤᠷᠭᠠᠨ ᠬᠦᠮᠦᠵᠢᠯ ᠤᠨ ᠱᠠᠲᠤᠨ ᠳᠠᠬᠢ ᠦᠷ᠎ᠡ ᠬᠡᠦᠬᠡᠳ ᠤᠨ ᠰᠤᠷᠤᠯᠭ᠎ᠠ ᠲᠤᠷᠭᠤᠨ ᠵᠣᠭᠰᠤᠬᠤ ᠶᠢ ᠬᠢᠵᠠᠭᠠᠷᠯᠠᠵᠤ᠂ ᠰᠤᠷᠭᠠᠭᠤᠯᠢ ᠳᠤ ᠣᠷᠤᠬᠤ ᠶᠢ ᠪᠠᠳᠤᠯᠠᠵᠤ ᠪᠠᠷᠢᠮᠵᠢᠶ᠎ᠠ ᠳᠤ  ᠬᠦᠷᠬᠡᠬᠦ   ᠶᠢ ᠪᠡᠶᠡᠯᠡᠭᠦᠯᠬᠦ᠃       ᠨᠢᠭᠡ ᠨᠠᠭᠤᠷ ᠬᠤᠶᠠᠷ ᠳᠠᠯᠠᠢ᠄   ᠬᠦᠯᠦᠨ ᠨᠠᠭᠤᠷ᠂ ᠤᠯᠢᠶᠠᠰᠤ ᠨᠠᠭᠤᠷ᠂ ᠳᠠᠭ᠎ᠠ ᠶᠢᠨ ᠨᠠᠭᠤᠷ      ᠪᠤᠵᠠᠷ ᠤᠰᠤ ᠶᠢ ︽ᠦᠴᠦᠬᠡᠨ ᠴᠦ ᠳᠠᠯᠠᠢ ᠳᠤ ᠣᠷᠤᠭᠤᠯᠬᠤ ᠦᠭᠡᠢ︾᠄ ᠬᠤᠲᠠ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠠᠵᠤ ᠦᠢᠯᠡᠳᠪᠦᠷᠢ ᠶᠢᠨ ᠲᠣᠭᠤᠷᠢᠭ ᠵᠢᠴᠢ ᠪᠤᠵᠠᠷ ᠤᠰᠤ ᠶᠢ  ᠰᠢᠢᠳᠪᠦᠷᠢᠯᠡᠬᠦ ᠦᠢᠯᠡᠳᠪᠦᠷᠢ ᠳᠤ  ᠤᠷᠤᠭᠤᠯᠤᠭᠰᠠᠨ ᠠᠵᠤ ᠦᠢᠯᠡᠳᠪᠦᠷᠢ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠪᠦᠬᠦᠨ ᠢᠶᠠᠷ ᠨᠢ ᠳᠡᠬᠢᠨ ᠠᠰᠢᠭᠯᠠᠵᠤ᠂ ᠤᠯᠢᠶᠠᠰᠤ ᠨᠠᠭᠤᠷ ᠲᠤ ᠳᠠᠬᠢᠨ ᠵᠠᠯᠠᠵᠤ ᠣᠷᠤᠭᠤᠯᠬᠤ ᠦᠭᠡᠢ᠃      ᠭᠤᠣᠯ ︵ᠨᠠᠭᠤᠷ︶  ᠤᠨ ︽ᠳᠤᠷᠪᠡᠨ ᠰᠠᠮᠠᠭᠤᠷᠠᠯ ᠢ ᠴᠡᠪᠡᠷᠯᠡᠬᠦ︾᠄ ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠤᠪᠤᠭᠠᠯᠠᠬᠤ᠂  ᠳᠤᠷ᠎ᠠ ᠪᠠᠷ ᠪᠠᠶᠢᠭᠤᠯᠬᠤ ᠵᠡᠷᠭᠡ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠤᠪᠤᠶᠢᠮ᠎ᠠ ᠠᠰᠠᠭᠤᠳᠠᠯ ᠲᠤ ᠲᠤᠰᠬᠠᠢ ᠲᠦᠷᠦᠯ ᠤᠨ ᠴᠡᠪᠡᠷᠯᠡᠨ  ᠴᠡᠭᠴᠡᠯᠡᠬᠦ ᠠᠵᠢᠯᠯᠠᠭ᠎ᠠ ᠦᠷᠨᠢᠭᠦᠯᠬᠦ ᠶᠢ ᠳᠦᠭᠦᠮᠴᠢᠯᠡᠭᠡᠳ ︽ ᠳᠦᠷᠪᠡᠨ ᠰᠠᠮᠠᠭᠤᠷᠠᠯ ᠢ ᠴᠡᠪᠡᠷᠯᠡᠬᠦ︾ ᠭᠡᠳᠡᠭ᠃        ᠲᠠᠷᠢᠶᠠᠯᠠᠩ ᠤᠨ︽ᠳᠦᠷᠪᠡᠨ ᠬᠢᠵᠠᠭᠠᠷᠯᠠᠬᠤ︾ ᠠᠵᠢᠯᠯᠠᠭ᠎ᠠ᠄  ᠬᠢᠮᠢ ᠶᠢᠨ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ ᠂ ᠪᠦᠷᠭᠦᠪᠴᠢ ᠶᠢ ᠬᠢᠵᠠᠭᠠᠷᠯᠠᠬᠤ᠃       ᠭᠤᠷᠪᠠᠨ ᠪᠦᠳᠦᠭᠡᠭᠳᠡᠬᠦᠨ‌ᠨᠢᠭᠡ ᠲᠡᠮᠳᠡᠭ᠄ ᠬᠤᠣᠷ ᠬᠦᠨᠦᠭᠡᠯ ᠦᠭᠡᠢ ᠲᠠᠷᠢᠶᠠᠯᠠᠩ ᠤᠨ  ᠪᠦᠳᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠳᠦᠭᠡᠭᠳᠡᠬᠦᠨ ᠪᠠ ᠲᠠᠷᠢᠶᠠᠯᠠᠩ ᠤᠨ ᠪᠦᠳᠦᠭᠡᠭᠳᠡᠬᠦᠨ ᠤ ᠨᠡᠷ᠎ᠡ ᠲᠡᠮᠳᠡᠭ᠃      ︽ᠨᠢᠭᠡ ᠰᠢᠶᠠᠨ ᠨᠢᠭᠡ  ᠲᠡᠮᠳᠡᠭᠳᠦ︾ ᠤᠨ ᠨᠡᠷ᠎ᠡ ᠲᠡᠮᠳᠡᠭᠳᠦ ᠪᠠᠷ ᠶᠠᠳᠠᠭᠤ ᠶᠢ ᠳᠡᠳᠭᠦᠬᠦ ᠠᠵᠢᠯᠯᠠᠭ᠎ᠠ᠄ ᠲᠦᠷᠦ ᠶᠢᠨ ᠪᠣᠳᠤᠯᠭ᠎ᠠ᠂  ᠡᠳ᠋ ᠬᠦᠷᠦᠩᠭᠡ᠂ ᠵᠠᠭᠤᠴᠢᠯᠠᠭᠤᠷ᠂ ᠠᠷᠭ᠎ᠠ ᠵᠠᠮ ᠵᠠᠷᠭᠡ ᠡᠬᠢ ᠰᠤᠷᠪᠤᠯᠵᠢ ᠶᠢ ᠨᠢᠭᠡᠳᠦᠭᠦᠯᠦᠨ᠂ ᠬᠤᠪᠢᠰᠬᠠᠯ ᠤᠨ ᠰᠠᠭᠤᠷᠢᠨ ᠭᠠᠵᠠᠷ ᠤᠨ ᠶᠠᠳᠠᠭᠤ ᠬᠦᠴᠢᠷᠳᠡᠯ ᠲᠠᠢ ᠰᠢᠶᠠᠨ ᠢ ᠬᠠᠪᠰᠤᠷᠦᠨ ᠳᠡᠮᠵᠢᠵᠦ ᠲᠤᠰ ᠭᠠᠵᠠᠷ ᠤᠨ ᠣᠨᠴᠠᠯᠢᠭ ᠪᠠᠨ ᠬᠠᠳᠠᠭᠠᠯᠠᠭᠰᠠᠨ ᠲᠠᠷᠢᠶᠠᠯᠠᠩ ᠤᠨ ᠦᠢᠯᠡᠳᠭᠦᠨ ᠤ ᠨᠡᠷ᠎ᠡ ᠲᠡᠮᠳᠡᠭᠳᠦ ᠶᠢ ᠪᠣᠢ ᠪᠣᠯᠭᠠᠵᠤ᠂ ᠬᠤᠪᠢᠰᠬᠠᠯ ᠤᠨ ᠰᠠᠭᠤᠷᠢᠨ ᠭᠠᠵᠠᠷ ᠤᠨ ᠶᠠᠳᠠᠭᠤ ᠬᠦᠴᠢᠷᠳᠡᠯ ᠲᠠᠢ ᠰᠢᠶᠠᠨ ᠤ ᠶᠡᠳᠡᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢ ᠳᠡᠮᠵᠢᠬᠦ ᠶᠢ ᠦᠢᠯᠡᠳᠦᠯᠭᠡᠵᠢᠭᠦᠯᠬᠦ᠂ ᠲᠠᠷᠢᠶᠠᠯᠠᠩ ᠤᠨ ᠲᠤᠰᠠᠯᠠᠬᠤ ᠦᠢᠯᠡᠳᠭᠦᠨ ᠤ ᠨᠡᠷ᠎ᠡ ᠲᠡᠮᠳᠡᠭᠳᠦ  ᠪᠠᠷ ᠶᠠᠳᠠᠭᠤ ᠶᠢ ᠳᠡᠳᠭᠦᠬᠦ ᠠᠷᠭ᠎ᠠ ᠵᠠᠮ ᠢ ᠡᠷᠢᠨ ᠰᠦᠪᠡᠭᠴᠢᠯᠡᠬᠦ ᠪᠣᠯᠤᠨ᠎ᠠ᠃      ᠲᠠᠪᠤᠨ ᠬᠤᠲᠠ ᠶᠢ ᠬᠠᠮᠲᠦ ᠳᠤᠨᠢ ᠪᠠᠶᠢᠭᠤᠯᠵᠤ  ᠄ ᠦᠪᠡᠷᠲᠡᠭᠡᠨ ᠵᠠᠰᠠᠬᠤ ᠣᠷᠤᠨ ᠤ ᠪᠣᠯᠪᠠᠰᠤᠨ ᠬᠤᠲᠠ᠂ ᠴᠡᠴᠡᠷᠯᠢᠭᠲᠦ ᠬᠤᠲᠠ᠂ ᠡᠷᠡᠭᠦᠯ ᠬᠠᠮᠠᠭᠠᠯᠠᠯ ᠤᠨ ᠬᠤᠲᠠ᠂ ᠬᠤᠶᠠᠷ ᠢ ᠬᠦᠷᠢᠶᠡᠯᠡᠬᠦ ᠵᠢᠱᠢᠶ᠎ᠡ ᠦᠵᠡᠭᠦᠯᠬᠦ ᠬᠤᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠣᠯᠤᠨ᠎ᠠ᠃       ETC: Electronic  Toll  Collection ᠭᠡᠳᠡᠭ ᠦᠰᠦᠭ  ᠤᠨ ᠴᠤᠮᠬᠠᠳᠬᠠᠯ  ᠂ ᠲᠡᠷᠭᠡ ᠵᠣᠭᠰᠤᠬᠤ ᠦᠬᠡᠢ ᠪᠠᠷ ᠡᠯᠧᠺᠲᠷᠤᠨ ᠰᠦᠢᠳᠬᠡᠯ ᠬᠤᠷᠢᠶᠠᠬᠤ ᠰᠢᠰᠲ᠋ᠧᠮ ᠢ ᠵᠢᠭᠠᠵᠤ ᠪᠣᠢ  ᠂ ᠤᠭᠰᠠᠷᠠᠭᠰᠠᠨ ᠤ ᠳᠠᠷᠠᠭ᠎ᠠ ᠦᠨᠳᠦᠷ ᠬᠤᠷᠳᠤᠴᠠᠲᠦ ᠵᠠᠰᠠᠮᠠᠯ ᠵᠠᠮ ᠳᠡᠭᠡᠷ᠎ᠡ  ᠠᠦ᠋ᠲ᠋ᠤ᠋  ᠰᠦᠢᠳᠭᠡᠯ  ᠬᠤᠶ᠋ᠢᠶᠠᠬᠤ ᠶᠢ  ᠪᠡᠶᠡᠯᠡᠭᠦᠯᠵᠦ ᠲᠡᠶᠢᠯᠦᠨ᠎ᠡ᠃       ︽ᠲᠦᠷᠪᠡᠨ ᠨᠤᠲᠤᠭ︾ ᠢ ᠡᠭᠦᠳᠦᠨ ᠪᠠᠶᠢᠭᠤᠯᠵᠤ᠄ ᠳᠤᠮᠳᠠᠳᠤ ᠤᠯᠤᠰ ᠤᠨ ᠰᠢᠯᠦᠭ ᠳᠠᠭᠤᠯᠠᠯ ᠤᠨ ᠨᠣᠲᠤᠭ᠂ ᠳᠤᠮᠳᠠᠳᠤ ᠤᠯᠤᠰ ᠤᠨ ᠵᠡᠪᠰᠡᠭ ᠤᠨ ᠡᠷᠳᠡᠮ ᠤᠨ ᠨᠣᠲᠤᠭ᠂ ᠲᠤᠮᠳᠠᠳᠤ ᠤᠯᠤᠰ ᠤᠨ ᠮᠢᠭᠮᠠᠨ ᠰᠢᠲᠠᠷ᠎ᠠ ᠤᠨ ᠨᠣᠲᠤᠭ᠂ ᠳᠤᠮᠳᠠᠳᠤ ᠤᠯᠤᠰ ᠤᠨ ᠠᠷᠠᠳ ᠤᠨ ᠰᠤᠶᠤᠯ ᠤᠷᠠᠯᠢᠭ ᠤᠨ ᠨᠣᠲᠤᠭ  ᠃      ︽ᠲᠠᠯᠪᠢᠬᠤ᠂ ᠬᠠᠮᠢᠶᠠᠷᠠᠬᠤ᠂ ᠦᠢᠯᠡᠴᠢᠯᠡᠬᠦ︾ ᠦᠭᠡᠷᠡᠴᠢᠯᠡᠯᠲᠡ᠄ ᠵᠠᠰᠠᠭ ᠢ ᠴᠤᠮᠬᠠᠳᠬᠠᠨ ᠡᠷᠬᠡ ᠪᠠᠨ ᠲᠠᠯᠪᠢᠵᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ ᠶᠢᠨ ᠲᠦᠭᠦᠮ ᠲᠠᠭᠤᠳᠠᠯᠭ᠎ᠠ᠃       ᠳᠦᠷᠪᠡᠨ ᠲᠠᠨᠢᠯᠲᠠ᠄ ᠤᠯᠤᠰ ᠲᠦᠷᠦ ᠶᠢᠨ ᠲᠠᠨᠢᠯᠲᠠ᠂ ᠶᠡᠭᠡ ᠲᠠᠯ᠎ᠠ ᠶᠢᠨ ᠲᠠᠨᠢᠯᠲᠠ᠂ ᠭᠤᠤᠯᠳᠠᠯᠭ᠎ᠠ ᠶᠢᠨ ᠲᠠᠨᠢᠯᠲᠠ᠂ ᠨᠢᠭᠡᠳᠦᠯᠲᠡᠢ ᠪᠠᠶᠢᠬᠤ ᠲᠠᠨᠢᠯᠲᠠ᠃       ᠳᠦᠷᠪᠡᠨ ᠢᠲᠡᠭᠡᠯ᠄ ᠵᠠᠮ  ᠱᠤᠭᠤᠮ ᠳᠠᠭᠠᠨ ᠢᠲᠡᠭᠡᠯ ᠲᠠᠢ᠂ ᠣᠨᠤᠯ ᠤᠨ ᠲᠠᠯ᠎ᠠ ᠪᠠᠷ ᠢᠲᠡᠭᠡᠯ ᠲᠠᠢ  ᠂ ᠳᠦᠷᠢᠮ ᠲᠣᠭᠲᠠᠭᠠᠯ ᠳᠠᠭᠠᠨ  ᠢᠲᠡᠭᠡᠯ ᠲᠠᠢ᠂ ᠰᠤᠶᠤᠯ ᠤᠨ ᠲᠠᠯ᠎ᠠ ᠪᠠᠷ ᠢᠲᠡᠭᠡᠯ ᠲᠠᠢ ᠪᠠᠶᠢᠬᠤ᠃       ᠬᠤᠶᠠᠷ ᠬᠠᠮᠠᠭᠠᠯᠠᠬᠤ  ᠄ ᠰᠢ   ᠶᠢᠨ ᠫᠢᠩ ᠶᠡᠷᠦᠩᠬᠡᠢ ᠱᠦᠵᠢ  ᠶᠢᠨ ᠨᠠᠮ ᠤᠨ ᠲᠦᠪ ᠬᠤᠷᠢᠶᠠᠨ ᠤ ᠭᠤᠣᠯᠳᠠᠯᠭ᠎ᠠ᠂ ᠪᠦᠬᠦ  ᠨᠠᠮ ᠤᠨ ᠭᠤᠤᠯᠳᠠᠯᠠᠭᠠᠳᠤ ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠭᠦᠯᠦᠨ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ᠃      ᠭᠤᠷᠪᠠᠨ ᠴᠢᠬᠤᠯᠠ ᠨᠢᠭᠡ ᠶᠡᠭᠡ᠄ ᠴᠢᠬᠤᠯᠠ ᠶᠡᠭᠡ ᠬᠡᠷᠡᠭ ᠶᠠᠪᠤᠳᠠᠯ  ᠤᠨ ᠰᠢᠢᠳᠪᠦᠷᠢ᠂ ᠴᠢᠬᠤᠯᠠ ᠺᠠᠳ᠋ᠷ ᠢ ᠲᠣᠮᠢᠯᠠᠵᠤ ᠤᠭᠴᠠᠷᠠᠭᠤᠯᠬᠤ᠂ ᠴᠢᠬᠤᠯᠠ ᠶᠡᠭᠡ ᠲᠦᠷᠦᠯ ᠵᠦᠢᠯ ᠢ ᠲᠣᠬᠢᠷᠠᠭᠤᠯᠬᠤ᠂  ᠶᠡᠭᠡ ᠲᠣᠭᠠᠨ ᠤ ᠪᠡᠯᠡ ᠮᠦᠩᠭᠦᠨ ᠤ ᠬᠡᠷᠡᠭᠯᠡᠯᠲᠡ᠃      ppp:public—private—partnership ᠦᠰᠦᠭ  ᠤᠨ ᠴᠤᠮᠬᠠᠳᠬᠠᠯ  ᠂ ᠡᠨᠡ ᠨᠢ  ᠵᠠᠷᠢᠮ ᠵᠠᠰᠠᠭ ᠤᠨ ᠣᠷᠳᠤᠨ ᠤ ᠬᠠᠷᠢᠭᠤᠴᠠᠯᠭ᠎ᠠ ᠶᠢ ᠣᠨᠴᠠ ᠡᠵᠡᠩᠨᠡᠯᠲᠡ ᠶᠢᠨ ᠡᠷᠬᠡ ᠶᠢᠨ ᠬᠡᠯᠪᠡᠷᠢ ᠪᠠᠷ ᠨᠡᠶᠢᠭᠡᠮ ᠤᠨ ᠭᠤᠣᠯ ᠴᠣᠭᠴᠠ ︵ᠠᠵᠤ ᠠᠬᠤᠶᠢᠯᠠᠯ︶ ᠲᠤ ᠰᠢᠯᠵᠢᠭᠦᠯᠦᠨ ᠦᠭᠴᠦ᠂ ᠵᠠᠰᠠᠭ ᠤᠨ ᠣᠷᠳᠤᠨ ᠪᠠ ᠨᠡᠶᠢᠭᠡᠮ ᠤᠨ ᠭᠤᠣᠯ ᠴᠣᠭᠴᠠ ᠶᠢᠨ ︽ᠣᠯᠵᠠ ᠠᠰᠢᠭ ᠢᠶᠠᠨ ᠬᠠᠮᠳᠤᠪᠠᠷ ᠡᠳ᠋ᠯᠡᠬᠦ᠂ ᠠᠶᠤᠯ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ᠂ ᠪᠦᠬᠦ ᠶᠠᠪᠤᠴᠠ ᠳᠤ ᠬᠠᠮᠲᠤᠷᠠᠨ ᠬᠢᠬᠦ︾ ᠬᠠᠮᠳᠤ ᠶᠢᠨ ᠴᠤᠭᠴᠠ ᠵᠢᠨ‌ᠬᠠᠷᠢᠴᠠᠭ᠎ᠠ  ᠵᠢ‌‍ᠪᠠᠶᠢᠭᠤᠯᠵᠤ᠂ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠳᠠᠷᠤᠭᠠᠰᠤ ᠶᠢ ᠬᠦᠩᠭᠡᠯᠡᠬᠦ ᠶᠢ ᠠᠬᠢᠭᠤᠯᠤᠨ᠂ ᠨᠡᠶᠢᠭᠡᠮ ᠤᠨ ᠭᠤᠣᠯ ᠴᠣᠭᠴᠠ ᠨᠢ ᠵᠦᠢ ᠵᠣᠬᠢᠰᠲᠠᠢ ᠪᠠᠷ ᠠᠰᠢᠭ ᠬᠦᠷᠲᠡᠬᠦ᠃       ᠦᠬᠦᠰᠢᠷᠡᠮᠡᠯ ᠠᠵᠤ ᠦᠢᠯᠡᠰ᠄  ᠦᠢᠯᠡᠳᠪᠦᠷᠢᠯᠡᠯ ᠨᠢ ᠨᠢᠭᠡᠨᠲᠡ ᠵᠣᠭᠰᠤᠭᠰᠠᠨ᠂ ᠬᠠᠭᠠᠰ ᠵᠣᠭᠰᠤᠭᠰᠠᠨ᠂ ᠵᠢᠯ ᠳᠠᠷᠠᠭᠠᠯᠠᠨ ᠬᠤᠷᠤᠭᠳᠠᠯ ᠲᠠᠢ᠂ ᠬᠦᠷᠦᠩᠭᠡ  ᠨᠢ ᠦᠷᠢ ᠳᠡᠭᠡᠨ ᠬᠦᠷᠬᠦ ᠦᠬᠡᠢ  ᠂ ᠭᠤᠣᠯᠳᠠᠭᠤ ᠵᠠᠰᠠᠭ ᠤᠨ ᠣᠷᠳᠤᠨ ᠤ ᠨᠦᠬᠦᠪᠦᠷᠢ ᠪᠠ ᠪᠠᠩᠭᠢ ᠠᠴᠠ ᠦᠷᠭᠦᠯᠵᠢᠯᠡᠨ ᠵᠢᠭᠡᠯᠡᠯᠭᠡ ᠲᠠᠯᠪᠢᠵᠤ  ᠡᠵᠡᠩᠨᠡᠵᠤ ᠪᠠᠶᠢᠭ᠎ᠠ ᠠᠵᠤ ᠠᠬᠤᠶᠢᠯᠠᠯ ᠢ ᠵᠢᠭᠠᠵᠤ ᠪᠣᠢ  ᠃        ᠬᠤᠶᠠᠷ ᠪᠢᠴᠢᠯ ᠨᠢᠭᠡ  ᠦᠵᠦᠭᠦᠷ᠄  ᠪᠢᠴᠢᠯ  ᠪᠦᠷᠬᠡ᠂ ᠸᠢᠴᠠᠲ ᠵᠢᠴᠢ ᠰᠣᠨᠢᠨ ᠮᠡᠳᠡᠭᠡᠨ ᠤ  ᠬᠠᠷᠢᠴᠠᠭᠠᠨ ᠡᠷᠦᠭᠡ ᠶᠢᠨ ᠦᠵᠦᠭᠦᠷ᠃       ᠭᠤᠷᠪᠠᠨ ᠬᠤᠷᠠᠯ ᠨᠢᠭᠡ ᠬᠢᠴᠢᠶᠡᠯ᠄  ᠲᠤᠭᠳᠠᠮᠠᠯ ᠬᠤᠭᠤᠴᠠᠭ᠎ᠠ ᠲᠠᠢ ᠪᠠᠷ ᠨᠠᠮ ᠤᠨ ᠡᠭᠦᠷ ᠤᠨ ᠨᠠᠮ ᠤᠨ ᠭᠡᠰᠢᠭᠦᠳ ᠤᠨ ᠬᠤᠷᠠᠯ ᠂ ᠨᠠᠮ ᠤᠨ ᠡᠭᠦᠷ ᠤᠨ  ᠵᠦᠪᠯᠡᠯ᠂  ᠨᠠᠮ ᠤᠨ ᠲᠤᠭᠤᠶᠢᠯᠡᠩ ᠤᠨ ᠬᠤᠷᠠᠯ ᠬᠤᠷᠠᠯᠳᠤᠬᠤ᠂ ᠴᠠᠭ ᠲᠠᠭᠠᠨ ᠨᠠᠮ ᠤᠨ ᠬᠢᠴᠢᠶᠡᠯ ᠣᠷᠤᠬᠤ  ᠃     ᠭᠤᠷᠪᠠ ᠶᠢ ᠲᠦᠪᠯᠡᠷᠡᠭᠦᠯᠦᠨ ᠭᠤᠷᠪᠠ ᠶᠢ  ᠪᠣᠲᠠᠲᠠᠶᠢᠵᠢᠭᠤᠯᠬᠤ : ᠡᠯ᠎ᠡ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠭᠦᠷᠭᠡ ᠴᠢᠳᠠᠪᠬᠢ ᠶᠢ ᠨᠢᠭᠡ ᠰᠠᠯᠠᠭ᠎ᠠ ᠲᠠᠰᠤᠭ  ᠲᠤ ᠲᠦᠪᠯᠡᠷᠡᠭᠦᠯᠬᠦ᠂ ᠬᠢᠨᠠᠨ ᠵᠦᠪᠰᠢᠶᠡᠷᠡᠬᠦ  ᠡᠭᠦᠷᠭᠡ ᠴᠢᠳᠠᠪᠬᠢ ᠶᠢ ᠳᠠᠭᠠᠭᠠᠴᠢᠯᠠᠨ ᠠᠪᠤᠭᠰᠠᠨ ᠰᠠᠯᠠᠭ᠎ᠠ ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠢᠩᠬᠢᠮ ᠳᠤ ᠲᠦᠪᠯᠡᠷᠡᠭᠦᠯᠬᠦ᠂ ᠵᠠᠰᠠᠭ ᠵᠠᠬᠢᠷᠭᠠᠨ ᠢ ᠬᠢᠨᠠᠨ ᠵᠦᠪᠰᠢᠶᠡᠷᠡᠬᠦ  ᠵᠦᠢᠯᠡᠰ ᠢ ᠡᠯᠧᠺᠲᠷᠣᠨ ᠵᠠᠰᠠᠭ ᠤᠨ ᠶᠠᠪᠤᠳᠠᠯ ᠤᠨ ᠲᠡᠪᠴᠡᠩ ᠳᠤ ᠲᠦᠪᠯᠡᠷᠡᠭᠦᠯᠬᠦ᠂ ᠬᠢᠨᠠᠨ ᠵᠦᠪᠰᠢᠶᠡᠷᠡᠬᠦ  ᠵᠦᠢᠯᠡᠰ ᠢ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠢᠩᠬᠢᠮ ᠳᠤ ᠣᠷᠤᠭᠤᠯᠬᠤ ᠶᠢ ᠪᠣᠲᠠᠲᠠᠶᠢᠵᠢᠭᠤᠯᠬᠤ᠂ ᠬᠢᠨᠠᠨ ᠵᠦᠪᠰᠢᠶᠡᠷᠡᠬᠦ ᠡᠷᠬᠡ ᠪᠠᠨ ᠪᠤᠲᠠᠲᠠᠶᠢᠵᠢᠭᠤᠯᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠪᠣᠲᠠᠲᠠᠶᠢᠵᠢᠭᠤᠯᠬᠤ ᠶᠢ ᠵᠢᠭᠠᠵᠤ ᠪᠣᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ