ᠭᠡᠷ ᠤᠨ ᠠᠬᠠᠮᠠᠳ ᠲᠤ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2020/10/10
ᠬᠦᠨᠳᠦᠲᠦ ᠭᠡᠷ ᠤᠨ ᠠᠬᠠᠮᠠᠳ ᠨᠠᠷ ᠡ᠄     2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠪᠥᠬᠦ ᠬᠤᠰᠢᠭᠤᠨ ᠤ 3 — 6 ᠨᠠᠰᠤᠨ ᠤ ᠨᠢᠯᠬ᠎ᠠ ᠬᠡᠤᠬᠡᠳ ᠤᠨ ᠲᠦᠷᠦᠯᠲᠠ ᠶᠢᠨ ᠲᠤᠭ᠎ᠠ ᠪᠣᠯᠤᠨ ᠴᠡᠴᠡᠷᠯᠢᠭ ᠲᠤ ᠣᠷᠤᠭᠰᠠᠨ ᠲᠤᠭ᠎ᠠ ᠶᠢᠨ ᠬᠠᠷᠢᠴᠠᠯ ᠠᠴᠠ ᠦᠵᠡᠪᠡᠯ᠂ ᠨᠠᠭᠠᠳᠤ ᠵᠠᠬ᠎ᠠ ᠳᠠᠭᠠᠨ 400 ᠭᠠᠷᠤᠶ ᠬᠡᠤᠬᠡᠳ ᠴᠡᠴᠡᠷᠯᠢᠭ ᠡᠷᠭᠢᠯᠡᠬᠦ ᠵᠥᠪᠰᠢᠶᠡᠷᠡᠯ ᠤᠨ ᠦᠨᠡᠮᠯᠡᠯ   ᠲᠠᠢ ᠬᠠᠤᠯᠢ ᠶᠣᠰᠣᠨ ᠤ ᠬᠡᠤᠬᠡᠳ ᠤᠨ ᠴᠡᠴᠡᠷᠯᠢᠭ ᠲᠤ ᠤᠷᠤᠭᠰᠠᠨ ᠥᠬᠡᠶ᠃ ᠡᠶᠢᠮᠦ ᠦᠵᠡᠭᠳᠡᠯ ᠢᠯᠡᠷᠡᠭᠰᠡᠨ ᠨᠢ ᠮᠠᠰᠢ ᠬᠡᠪ ᠤᠨ ᠪᠤᠰᠤ  ᠪᠠᠶᠢᠳᠠᠯ ᠮᠦᠨ᠂ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠲᠤᠬᠠᠶ ᠳᠤᠨᠢ ᠠᠵᠢᠯᠯᠠᠬᠤ ᠳᠤᠭᠤᠶᠢᠯᠠᠩ ᠪᠠᠶᠢᠭᠤᠯᠵᠤ ᠵᠢᠭᠰᠠᠭᠠᠨ ᠪᠠᠶᠢᠴᠠᠭᠠᠵᠤ ᠬᠢᠨᠠᠨ ᠬᠠᠷᠭᠤᠭᠤᠯᠤᠭᠠᠳ᠂ ᠡᠨᠡ ᠬᠡᠰᠡᠭ ᠨᠢᠯᠬ᠎ᠠ ᠬᠡᠤᠬᠡᠳ ᠢ ᠴᠡᠴᠡᠷᠯᠢᠭ ᠪᠣᠯᠤᠨ ᠪᠠᠭ᠎ᠠ ᠰᠤᠷᠭᠠᠭᠤᠯᠢ ᠶᠢ ᠵᠣᠯᠭᠠᠭᠤᠯᠬᠤ ᠠᠩᠭᠢ ᠭᠡᠵᠦ ᠨᠠᠷᠡᠶᠢᠳᠦᠭᠰᠡᠨ ᠭᠠᠵᠠᠷ ᠲᠤ ᠨᠠᠶᠢᠳᠠᠨ ᠬᠠᠮᠢᠶᠠᠷᠤᠭᠤᠯᠵᠤ ᠪᠠᠶᠢᠬᠤ ᠶᠢ ᠣᠯᠵᠤ ᠮᠡᠳᠡᠪᠡ᠃ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠭᠤᠯᠢ ᠡᠷᠬᠢᠯᠡᠬᠦ ᠣᠷᠴᠢᠨ ᠲᠣᠭᠤᠷᠢᠨ  ᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠵᠤ᠂ ︽2020 ᠣᠨ ᠤ ᠠᠮᠤᠷ ᠲᠦᠪᠰᠢᠨ ᠤ ᠪᠥᠲᠥᠭᠡᠨ ᠪᠠᠶᠢᠭᠤᠯᠤᠯᠲᠠ ᠶᠢᠨ ᠦᠨᠡᠮᠯᠡᠯ ᠥᠬᠡᠶ  ᠡᠵᠡᠩᠨᠡᠬᠦ ᠳᠤ ᠲᠤᠰᠬᠠᠶ ᠲᠦᠷᠦᠯ ᠤᠨ ᠬᠢᠨᠠᠯᠲᠠ ᠲᠠᠯᠪᠢᠵᠦ ᠦᠨᠡᠯᠡᠯᠲᠡ ᠬᠢᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠪᠠᠶᠠᠨᠨᠠᠭᠤᠷ ᠠᠮᠤᠷ ᠲᠦᠪᠰᠢᠨ ᠠᠯᠪᠠᠨ ︹ 2020 ︺ 5 ᠳ᠋ᠤᠭᠠᠷ ᠲᠣᠭᠠᠲᠤ︶ ᠶᠣᠰᠣᠭᠠᠷ᠂  ᠣᠳᠣ ᠬᠤᠯᠪᠣᠭᠳᠠᠯ ᠪᠥᠬᠦᠶ  ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    1. ᠬᠡᠦᠬᠡᠳ ᠤᠨ ᠴᠡᠴᠡᠷᠯᠢᠭ ᠤᠨ ᠠᠵᠢᠯ ᠤᠨ ᠳᠦᠷᠢᠮ ᠶᠣᠰᠣᠭᠠᠷ᠂ ᠤᠯᠤᠰ ᠠᠴᠠ ᠪᠦᠬᠦᠯᠢ ᠡᠳᠦᠷ ᠤᠨ ᠳᠦᠷᠢᠮᠲᠦ ᠡᠳᠦᠷ ᠤᠨ ᠨᠠᠶᠢᠳᠠᠯᠭ᠎ᠠ  ᠶᠢᠨ ᠴᠡᠴᠡᠷᠯᠢᠭ ᠪᠣᠯᠤᠨ ᠪᠠᠭ᠎ᠠ ᠰᠤᠷᠭᠠᠭᠤᠯᠢ ᠶᠢ ᠵᠤᠯᠭᠠᠭᠤᠯᠬᠤ ᠵᠡᠷᠭᠡ ᠨᠡᠷ᠎ᠡ  ᠪᠠᠷ ᠰᠤᠷᠭᠠᠭᠤᠯᠢ ᠡᠷᠬᠢᠯᠡᠬᠦ ᠪᠠᠶᠢᠭᠤᠯᠤᠮᠵᠢ ᠪᠠᠶᠢᠭᠤᠯᠬᠤ ᠶᠢ ᠵᠥᠪᠰᠢᠶᠡᠷᠡᠬᠦ ᠦᠭᠡᠢ᠂ ᠠᠯᠢᠪᠠ ᠳᠤᠷ᠎ᠠ ᠪᠠᠷ ᠪᠠᠶᠢᠭᠤᠯᠤᠭᠰᠠᠨ ᠪᠦᠬᠦᠯᠢ‌ᠡᠳᠦᠷ ᠤᠨ ᠳᠦᠷᠢᠮᠲᠤ ᠡᠳᠦᠷ ᠤᠨ ᠨᠠᠶᠢᠳᠠᠯᠭ᠎ᠠ ᠶᠢᠨ ᠲᠥᠷᠥᠯ ᠬᠡᠯᠪᠡᠷᠢ ᠪᠦᠬᠦᠢ ᠴᠡᠴᠡᠷᠯᠢᠭ ᠪᠣᠯᠤᠨ ᠪᠠᠭ᠎ᠠ ᠰᠤᠷᠭᠠᠭᠤᠯᠢ ᠶᠢ ᠵᠤᠯᠭᠠᠭᠤᠯᠬᠤ ᠠᠩᠭᠢ ᠪᠦᠬᠦᠨ ᠨᠢ ᠲᠣᠭᠲᠠᠭᠠᠯ ᠠᠴᠠ ᠵᠥᠷᠢᠴᠡᠨ ᠰᠤᠷᠭᠠᠭᠤᠯᠢ ᠡᠷᠬᠢᠯᠡᠬᠦ ᠠᠵᠢᠯᠯᠠᠭ᠎ᠠ ᠳᠤ ᠲᠣᠭᠠᠴᠠᠭᠳᠠᠨ᠎ᠠ᠃    2. ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢᠨ ᠲᠣᠭᠲᠠᠭᠠᠯ  ᠢ ᠦᠨᠳᠦᠰᠦᠯᠡᠪᠡᠯ᠂ ᠬᠡᠤᠬᠡᠳ ᠤᠨ ᠴᠡᠴᠡᠷᠯᠢᠭ ᠤᠨ ᠶᠡᠭᠡ ᠠᠩᠭᠢ ᠠᠴᠠ ᠲᠡᠭᠦᠰᠦᠭᠰᠡᠨ ᠪᠦᠬᠦᠯᠢ 6 ᠨᠠᠰᠤᠨ ᠤ ᠬᠡᠤᠬᠡᠳ ᠨᠢ ᠬᠠᠤᠯᠢ ᠶᠣᠰᠣᠨ ᠤ ᠬᠡᠤᠬᠡᠳ ᠤᠨ ᠴᠡᠴᠡᠷᠯᠢᠭ ᠲᠤ 1 ᠵᠢᠯ ᠳᠠᠬᠢᠨ ᠰᠤᠷᠤᠯᠴᠠᠵᠤ᠂ ᠪᠦᠬᠦᠯᠢ 7 ᠨᠠᠰᠤ ᠬᠦᠷᠪᠡᠯ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠳᠠᠪᠰᠢᠬᠤ ᠶᠢ ᠵᠥᠪᠰᠢᠶᠡᠷᠡᠨ᠎ᠡ᠃    3. ᠤᠯᠤᠰ ᠤᠨ ᠲᠣᠭᠲᠠᠭᠠᠯ ᠢ ᠦᠨᠳᠦᠰᠦᠯᠡᠪᠡᠯ᠂ ᠵᠢᠩᠬᠢᠨᠢ ᠬᠡᠦᠬᠡᠳ ᠤᠨ ᠴᠡᠴᠡᠷᠯᠢᠭ ᠲᠤ ᠰᠤᠷᠤᠯᠴᠠᠵᠤ ᠪᠠᠶᠢᠭ᠎ᠠ ᠬᠡᠦᠬᠡᠳ ᠪᠦᠷᠢ ᠴᠥᠮ ᠴᠤᠷ ᠤᠨ ᠭᠠᠭᠴᠠ  ᠰᠤᠷᠭᠠᠭᠤᠯᠢ ᠶᠢᠨ ᠬᠠᠷᠢᠶᠠᠨ ᠤ ᠳ᠋ᠤᠭᠠᠷ ᠲᠠᠢ ᠪᠠᠶᠢᠵᠤ᠂ ᠨᠢᠯᠬ᠎ᠠ ᠬᠡᠦᠬᠡᠳ ᠤᠨ ᠪᠠᠭ᠎ᠠ ᠰᠤᠷᠭᠠᠭᠤᠯᠢ ᠳᠤ ᠳᠡᠪᠰᠢᠬᠦ ᠪᠠᠷᠢᠮᠲᠠ ᠪᠣᠯᠭᠠᠨ᠂ ᠰᠤᠷᠭᠠᠨ ᠬᠥᠮᠦᠵᠢᠯ ᠤᠨ ᠲᠣᠪᠴᠢᠶᠠᠨ ᠠᠴᠠ ᠨᠢᠭᠡᠳᠦᠯᠲᠡᠶ ᠪᠠᠷ ᠣᠷᠤᠨ ᠲᠣᠮᠢᠯᠠᠨ᠎ᠠ᠃ ᠰᠤᠷᠭᠠᠭᠤᠯᠢ ᠶᠢᠨ ᠬᠠᠷᠢᠶ᠎ᠠ ᠦᠭᠡᠶ ᠬᠡᠤᠬᠡᠳ ᠳᠤ ᠨᠢᠭᠡᠳᠦᠯᠲᠡᠶ ᠪᠠᠷ ᠣᠷᠣᠨ ᠪᠠᠶᠢᠷᠢ ᠲᠣᠮᠢᠯᠠᠬᠤ ᠶᠢ ᠬᠡᠷᠡᠭᠵᠢᠭᠦᠯᠬᠦ ᠦᠭᠡᠶ᠂ ᠰᠤᠷᠭᠠᠭᠤᠯᠢ ᠰᠢᠯᠵᠢᠭᠴᠢ ᠰᠤᠷᠤᠭᠴᠢ ᠪᠠᠷ ᠲᠣᠬᠢᠷᠠᠭᠤᠯᠵᠤ ᠰᠤᠷᠤᠯᠴᠠᠭᠤᠯᠤᠨ᠎ᠠ᠃    4. ᠡᠨᠡ ᠲᠥᠷᠥᠯ ᠤᠨ ᠴᠡᠴᠡᠷᠯᠢᠭ ᠪᠣᠯᠤᠨ ᠪᠠᠭ᠎ᠠ ᠰᠤᠷᠭᠠᠭᠤᠯᠢ ᠶᠢ ᠵᠤᠯᠭᠠᠭᠤᠯᠬᠤ ᠠᠩᠭᠢ ᠶᠢᠨ ᠠᠭᠤᠯᠭ᠎ᠠ ᠳᠤ ︽ᠪᠠᠭ᠎ᠠ ᠰᠤᠷᠭᠠᠭᠤᠯᠢᠴᠢᠯᠠᠬᠤ︾ ᠬᠡᠯᠪᠡᠷᠢᠯ ᠣᠷᠣᠰᠢᠵᠤ᠂ ᠬᠡᠤᠬᠡᠳ ᠤᠨ ᠪᠡᠶ᠎ᠡ ᠰᠡᠳᠬᠢᠯ ᠤᠨ ᠪᠤᠶᠢᠵᠢᠯᠲᠠ ᠪᠠ ᠲᠠᠨᠢᠨ ᠮᠡᠳᠡᠬᠦᠶ ᠶᠢᠨ ᠵᠢᠮ᠎ᠡ ᠶᠣᠰᠣ ᠶᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃    5. ᠪᠣᠢ ᠪᠦᠬᠦᠢ ᠦᠨᠡᠮᠯᠡᠯ ᠦᠭᠡᠶ ᠪᠦᠬᠦᠯᠢ ᠡᠳᠦᠷ ᠤᠨ ᠳᠦᠷᠢᠮᠲᠦ ᠴᠡᠴᠡᠷᠯᠢᠭ ᠪᠣᠯᠤᠨ ᠪᠠᠭ᠎ᠠ ᠰᠤᠷᠭᠠᠭᠤᠯᠢ ᠶᠢ ᠵᠤᠯᠭᠠᠭᠤᠯᠬᠤ ᠰᠤᠷᠭᠠᠭᠤᠯᠢ ᠡᠷᠬᠢᠯᠡᠬᠦ  ᠪᠠᠶᠢᠭᠤᠯᠤᠮᠵᠢ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠲᠣᠳᠣᠷᠬᠠᠶ ᠦᠭᠡᠶ  ᠂ ᠠᠮᠤᠷ ᠲᠦᠪᠰᠢᠨ ᠤ ᠳᠠᠯᠳᠠ ᠭᠡᠮ ᠲᠤᠩ ᠶᠡᠭᠡ ᠣᠷᠣᠰᠢᠵᠤ  ᠪᠠᠶᠢᠨ᠎ᠠ᠃    6. ᠪᠠᠭ᠎ᠠ ᠰᠤᠷᠭᠠᠭᠤᠯᠢ ᠶᠢᠨ ᠨᠢᠭᠡᠳᠦᠭᠡᠷ  ᠣᠨ ᠤ ᠡᠯ᠎ᠡ ᠬᠢᠴᠢᠶᠡᠯ ᠲᠥᠷᠥᠯ ᠳᠤ ᠪᠦᠷ《ᠲᠡᠭ ᠠᠴᠠ ᠡᠬᠢᠯᠡᠬᠦ》ᠵᠢᠭᠠᠨ ᠰᠤᠷᠭᠠᠯᠲᠠ ᠶᠢ ᠴᠢᠩᠭ᠎ᠠ ᠬᠡᠷᠡᠭᠵᠢᠭᠦᠯᠵᠦ  ᠂ ᠰᠤᠷᠤᠭᠴᠢ ᠨᠢᠭᠡᠪᠦᠷᠢ ᠶᠢᠨ ᠰᠤᠷᠭᠠᠨ ᠬᠥᠮᠦᠵᠢᠯ ᠤᠨ ᠡᠬᠢᠯᠡᠯᠲᠡ ᠨᠢ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠵᠤ᠂ ᠬᠡᠤᠬᠡᠳ ᠤᠨ ᠴᠡᠴᠡᠷᠯᠢᠭ ᠤᠨ ᠪᠠᠭ᠎ᠠ ᠰᠤᠷᠭᠠᠭᠤᠯᠢᠴᠢᠯᠠᠬᠤ ᠬᠠᠨᠳᠤᠰᠢ ᠶᠢ ᠡᠷᠡᠰ ᠬᠤᠷᠢᠭᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠤᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠤᠷᠭᠠᠨᠢᠭ  ᠢᠶᠠᠷ ᠵᠣᠯᠭᠠᠭᠤᠯᠵᠤ᠂ ᠲᠣᠭᠲᠠᠭᠤᠨ ᠢᠶᠠᠷ ᠰᠢᠯᠵᠢᠬᠦ ᠶᠢ ᠪᠠᠲᠤᠯᠠᠵᠤ᠂ ᠰᠤᠷᠤᠭᠴᠢᠳ ᠤᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠪᠣᠯᠤᠨ ᠰᠤᠷᠤᠭᠴᠢᠳ ᠤᠨ ᠬᠢᠴᠢᠶᠡᠯ ᠤᠨ ᠭᠠᠳᠠᠨᠠᠬᠢ  ᠰᠤᠷᠤᠯᠴᠠᠯᠭ᠎ᠠ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠥᠷᠭᠡᠨ ᠣᠯᠠᠨ ᠪᠠᠭᠰᠢ ᠨᠠᠷ ᠤᠨ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠵᠢᠷᠤᠮᠯᠠᠨ ᠪᠢᠴᠢᠭ ᠵᠢᠭᠠᠵᠤ ᠬᠥᠮᠦᠨ ᠢ ᠬᠥᠮᠦᠵᠢᠭᠦᠯᠬᠦ  ᠶᠢ ᠦᠨᠡᠨᠬᠦ ᠪᠠᠲᠤᠯᠠᠨ᠎ᠠ᠃    ᠭᠡᠷ ᠤᠨ ᠠᠬᠠᠮᠠᠳ ᠪᠣᠯᠤᠭᠰᠠᠳ ᠬᠡᠦᠬᠡᠳ ᠢᠶᠠᠨ ᠬᠠᠤᠯᠢ ᠶᠣᠰᠣᠨ ᠤ ᠬᠡᠦᠬᠡᠳ ᠤᠨ ᠴᠡᠴᠡᠷᠯᠢᠭ ᠲᠤ ᠬᠦᠷᠭᠡᠵᠦ ᠰᠤᠷᠭᠠᠨ ᠬᠥᠮᠦᠵᠢᠯ ᠬᠦᠷᠲᠡᠭᠡᠬᠦ ᠪᠠ ᠬᠡᠤᠬᠡᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨ ᠬᠦ  ᠪᠠᠲᠤᠯᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃                     ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                                         2020 ᠣᠨ ᠤ 9 ᠰᠠᠷ᠎ᠠ ᠶᠢᠨ 27 ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号