ᠠᠯᠲᠠᠨᠪᠠᠭᠠᠨ᠎ᠠ
ᠨᠡᠶᠢᠲᠡᠯᠡᠭᠰᠡᠨ ᠴᠠᠭ᠄
2020/10/13
ᠠᠵᠢᠯ ᠤᠨ ᠬᠤᠪᠢᠶᠠᠷᠢᠯᠠᠯ᠄      ᠲᠠᠷᠢᠶᠠᠯᠠᠩ ᠮᠠᠯ ᠠᠵᠤ ᠠᠬᠤᠢ᠂ ᠣᠶ ᠰᠢᠭᠤᠢ᠂ ᠮᠠᠯᠵᠢᠬᠤ ᠲᠠᠷᠢᠶᠠᠯᠠᠬᠤ ᠣᠷᠣᠨ᠂ ᠣᠷᠴᠢᠨ ᠲᠣᠭᠤᠷᠢᠨ᠂ ᠡᠬᠢ ᠪᠠᠶᠠᠯᠢᠭ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠬᠢᠭᠡᠳ ᠣᠷᠴᠢᠨ ᠲᠣᠭᠤᠷᠢᠨ ᠤ ᠡᠬᠢ ᠪᠠᠶᠠᠯᠢᠭ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠦᠪᠯᠡᠯ ᠤᠨ ᠠᠵᠢᠯ ᠲᠥᠷᠥᠯ ᠨᠢᠭᠡᠲᠡᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠴᠠᠭ ᠠᠭᠤᠷ ᠤᠨ ᠲᠣᠪᠴᠢᠶ᠎ᠠ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠭᠦᠯᠦᠯᠲᠡ ᠶᠢᠨ ᠲᠥᠪ᠂ ᠲᠠᠷᠢᠶᠠᠯᠠᠩ ᠤᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠤᠷᠠᠳ ᠲᠠᠷᠢᠶᠠᠯᠠᠩ ᠤᠨ ᠬᠤᠳᠠᠯᠳᠤᠭᠠᠨ ᠤ ᠪᠠᠩᠬᠢ᠂ ᠣᠯᠠᠨ ᠲᠦᠮᠡᠨ ᠤ ᠲᠣᠰᠬᠤᠨ ᠪᠠᠯᠭᠠᠰᠤ ᠶᠢᠨ ᠪᠠᠩᠬᠢ᠂ ᠮᠧᠩ ᠱᠠᠩ ᠪᠠᠩᠬᠢ ᠲᠠᠢ ᠬᠠᠷᠢᠯᠴᠠᠬᠤ ᠶᠢ ᠬᠤᠪᠢᠳᠠᠨ ᠬᠠᠮᠢᠶᠠᠷᠤᠨ᠎ᠠ᠃ ᠮᠤᠨᠠ ᠠᠭᠤᠯᠠ ᠪᠠᠯᠭᠠᠰᠤ᠂ ᠰᠠᠭᠠᠳᠠᠭ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠬᠢᠨᠠᠯᠲᠠ ᠲᠠᠯᠪᠢᠬᠤ᠂ ᠬᠠᠷᠢᠯᠴᠠᠬᠤ ᠪᠠ ᠵᠢᠯᠤᠭᠤᠳᠬᠤ ᠲᠠᠯ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃ ᠰᠢ ᠱᠠᠨ ᠽᠦᠢ ᠲᠠᠷᠢᠶᠠᠯᠠᠩ ᠤᠨ ᠲᠠᠯᠠᠪᠠᠶ ᠲᠠᠢ ᠬᠠᠷᠢᠯᠴᠠᠵᠤ᠂ ᠲᠡᠭᠦᠨ ᠤ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠲᠠᠯ᠎ᠠ ᠪᠠᠷ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠷᠢᠯᠴᠠᠬᠤ ᠶᠢ ᠬᠠᠷᠢᠭᠤᠴᠠᠨ᠎ᠠ᠃ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄      ᠠᠯᠲᠠᠨᠪᠠᠭᠠᠨ᠎ᠠ᠂ ᠡᠷᠡᠭᠲᠡᠢ᠂ ᠮᠣᠩᠭᠤᠯ ᠦᠨᠳᠦᠰᠦᠲᠡᠨ᠂ 1966 ᠣᠨ ᠤ 6 ᠰᠠᠷ᠎ᠠ ᠳᠤ ᠳᠦᠷᠦᠵᠡᠶ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠲᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ