ᠰᠤ᠋ ᠴᠠᠩ
ᠨᠡᠶᠢᠲᠡᠯᠡᠭᠰᠡᠨ ᠴᠠᠭ᠄
2020/10/13
 ᠠᠵᠢᠯ ᠤᠨ ᠬᠤᠪᠢᠶᠠᠷᠢᠯᠠᠯ᠄     ᠬᠤᠰᠢᠭᠤ ᠳᠠᠷᠤᠭ᠎ᠠ ᠶᠢ ᠬᠠᠮᠵᠢᠨ ᠮᠠᠯᠵᠢᠬᠤ ᠲᠠᠷᠢᠶᠠᠯᠠᠬᠤ ᠣᠷᠣᠨ ᠪᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠰᠤ ᠭᠠᠩ ᠤᠨ ᠭᠠᠮᠰᠢᠭ ᠢ ᠰᠡᠷᠭᠡᠶᠢᠯᠡᠬᠦ ᠲᠥᠪ ᠢ ᠬᠤᠪᠢᠳᠠᠨ ᠬᠠᠮᠢᠶᠠᠷᠤᠨ᠎ᠠ᠃     ᠡᠯ᠎ᠡ ᠲᠠᠷᠢᠶᠠᠯᠠᠩ ᠮᠠᠯᠵᠢᠯ ᠤᠨ ᠲᠠᠯᠠᠪᠠᠶ᠂ ᠴᠠᠭ ᠠᠭᠤᠷ ᠤᠨ ᠲᠣᠪᠴᠢᠶ᠎ᠠ᠂ ᠤᠷᠠᠳ ᠤᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠰᠤᠬᠠᠶ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠤᠯᠠᠭᠠᠨᠰᠤᠬᠠᠶ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠲᠥᠪ᠂ ᠡᠯ᠎ᠡ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄     ᠰᠤ᠋ ᠴᠠᠩ᠂ ᠡᠮᠡᠭᠲᠡᠶ᠂ ᠬᠢᠲᠠᠳ ᠦᠨᠳᠦᠰᠦᠲᠡᠨ᠂ 1982 ᠣᠨ ᠤ 2 ᠰᠠᠷ᠎ᠠ ᠳᠤ ᠳᠦᠷᠦᠵᠡᠶ᠂ ᠠᠰᠫᠢᠷᠠᠨᠲ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠶᠢ ᠬᠠᠷᠢᠭᠤᠴᠠᠵᠤ ᠪᠠᠶᠢᠨ᠎ᠠ ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ