ᠪᠠᠴᠢᠮ ᠵᠠᠷᠯᠠᠯ
ᠨᠡᠶᠢᠲᠡᠯᠡᠭᠰᠡᠨ ᠴᠠᠭ᠄
2020/10/16
     10 ᠰᠠᠷ᠎ᠠ ᠶᠢᠨ 12 ᠤ ᠡᠳᠦᠷ᠂ ᠴᠢᠩᠳᠣᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠠᠯ᠎ᠠ ᠠᠴᠠ ᠮᠡᠳᠡᠭᠡᠯᠡᠭᠰᠡᠨ ᠨᠢ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ ᠠᠷᠭ᠎ᠠ ᠴᠢᠨᠠᠷᠲᠠᠢ 12 ᠬᠥᠮᠦᠨ ᠰᠢᠨ᠎ᠡ ᠪᠠᠷ ᠨᠡᠮᠡᠭᠳᠡᠵᠦ᠂ ᠡᠭᠦᠨ ᠳᠤ 6 ᠨᠢ ᠣᠨᠣᠰᠢᠯᠠᠭᠰᠠᠨ ᠡᠪᠡᠳᠴᠢᠨ ᠤ ᠵᠢᠱᠢᠶ᠎ᠡ  ᠪᠠᠶᠢᠵᠤ᠂ 6 ᠨᠢ ᠡᠪᠡᠳᠴᠢᠨ ᠤ ᠰᠢᠨᠵᠢ ᠦᠭᠡᠢ ᠬᠠᠯᠳᠠᠪᠤᠷᠢᠯᠠᠭᠰᠠᠳ ᠪᠠᠶᠢᠪᠠ᠃ ᠣᠳᠣᠬᠠᠨ ᠳᠤ᠂ ᠴᠢᠩᠳᠣᠤ ᠬᠤᠲᠠ ᠶᠢᠨ ᠴᠡᠭᠡᠵᠢᠨ ᠤ ᠡᠮᠨᠡᠯᠭᠡ ᠶᠢᠨ ᠬᠤᠷᠢᠶᠠᠨ ᠤ ᠪᠠᠶᠢᠭ᠎ᠠ ᠯᠧᠦ ᠱᠠᠨ ᠤ  ᠬᠤᠶᠢᠲᠤ ᠨᠡᠶᠢᠭᠡᠮ ᠲᠣᠭᠤᠷᠢᠭ ᠢ ᠳᠤᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠪᠣᠯᠭᠠᠨ ᠲᠣᠬᠢᠷᠠᠭᠤᠯᠵᠠᠶ᠃ ᠣᠳᠣᠬᠠᠨ ᠤ ᠳᠡᠯᠡᠬᠡᠢ ᠶᠢᠨ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠭᠰᠠᠨ ᠪᠠ ᠨᠠᠮᠤᠷ ᠡᠪᠦᠯ ᠤᠨ ᠤᠯᠠᠷᠢᠯ ᠳᠤ ᠬᠢᠵᠢᠭ ᠤᠨ ᠪᠠᠶᠢᠳᠠᠯ ᠳᠠᠬᠢᠨ ᠡᠭᠦᠰᠬᠦ ᠠᠶᠤᠯ ᠨᠡᠯᠢᠶᠡᠳ ᠶᠡᠭᠡ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠵᠦ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠶ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠶᠢᠨ ᠲᠥᠯᠥᠭᠡ ᠂ ᠣᠳᠤ ᠬᠤᠯᠪᠤᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠥᠷᠭᠡᠨ ᠣᠯᠠᠨ ᠰᠠᠭᠤᠭᠠᠯᠢ ᠠᠷᠠᠳ ᠴᠢᠩᠳᠣᠤ ᠬᠤᠲᠠ ᠶᠢᠨ ᠠᠯᠪᠠᠨ ᠲᠠᠯ᠎ᠠ ᠠᠴᠠ ᠨᠡᠶᠢᠲᠡᠯᠡᠭᠰᠡᠨ ᠣᠨᠤᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠤᠨ ᠪᠠᠶᠢᠳᠠᠯ ᠵᠢᠴᠢ ᠠᠵᠢᠯᠯᠠᠭ᠎ᠠ ᠶᠢᠨ ᠵᠠᠮ ᠮᠥᠷ ᠪᠠ ᠭᠠᠵᠠᠷ ᠣᠷᠣᠨ ᠤ ᠲᠦᠭᠰᠢᠭᠦᠷᠢ ᠶᠢᠨ ᠵᠡᠷᠭᠡ ᠲᠡᠰ ᠤᠨ ᠬᠤᠪᠢᠶᠠᠷᠢᠯᠠᠯ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠨᠢᠭᠲᠠ ᠠᠩᠬᠠᠷᠬᠤ ᠬᠡᠷᠡᠭᠲᠡᠶ᠃ ᠣᠳᠣ ᠮᠠᠨ ᠤ ᠬᠤᠰᠢᠭᠤᠨ ᠳᠤ ᠰᠠᠭᠤᠭ᠎ᠠ᠂ 9 ᠰᠠᠷ᠎ᠠ ᠶᠢᠨ 27 ᠤ ᠡᠳᠦᠷ ᠠᠴᠠ ᠨᠠᠰᠢ ᠴᠢᠩᠳᠣᠤ ᠬᠤᠲᠠ ᠳᠤ ᠵᠤᠭᠠᠴᠠᠵᠤ ᠰᠠᠭᠤᠭᠰᠠᠨ ᠲᠡᠤᠬᠡ ᠲᠠᠢ᠂ ᠴᠢᠩᠳᠣᠤ ᠬᠤᠲᠠ ᠶᠢᠨ ᠴᠡᠭᠡᠵᠢᠨ ᠤ ᠡᠮᠨᠡᠯᠭᠡ ᠶᠢᠨ ᠬᠤᠷᠢᠶ᠎ᠠ ᠳᠤ ᠬᠦᠷᠴᠦ ᠥᠩᠭᠡᠷᠡᠭᠰᠡᠨ᠂ ᠡᠮᠨᠡᠯᠭᠡ ᠶᠢᠨ ᠬᠤᠷᠢᠶᠠᠨ ᠤ ᠡᠪᠡᠳᠴᠢᠲᠡᠨ ᠪᠣᠯᠤᠨ ᠪᠠᠷᠠᠭᠠᠳᠠᠨ ᠰᠤᠪᠢᠯᠠᠭᠴᠢᠳ ᠲᠠᠢ ᠣᠶᠢᠷᠠᠲᠤᠵᠤ ᠥᠩᠭᠡᠷᠡᠭᠰᠡᠨ᠂ ᠣᠶᠢᠷ᠎ᠠ ᠶᠢᠨ ᠬᠤᠭᠤᠴᠠᠭᠠᠨ ᠳᠤ ᠴᠢᠩᠳᠣᠤ ᠬᠤᠲᠠ ᠠᠴᠠ ᠣᠷᠣᠵᠤ ᠢᠷᠡᠭᠰᠡᠨ ᠬᠥᠮᠦᠰ ᠲᠠᠢ ᠣᠶᠢᠷᠠᠲᠤᠵᠤ ᠥᠩᠭᠡᠷᠡᠭᠰᠡᠨ ᠰᠠᠭᠤᠭᠠᠯᠢ ᠠᠷᠠᠳ᠂ ᠣᠨᠴᠠᠭᠠᠶᠢᠯᠠᠨ ᠴᠢᠩᠳᠣᠤ ᠬᠤᠲᠠ ᠶᠢᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠤᠨ ᠡᠪᠡᠳᠴᠢᠨ ᠤ ᠰᠢᠨᠵᠢ ᠦᠭᠡᠶ ᠬᠠᠯᠳᠠᠪᠦᠷᠢᠯᠠᠭᠰᠠᠳ ᠤᠨ ᠠᠵᠢᠯᠯᠠᠭᠠᠨ ᠤ ᠵᠠᠮ ᠲᠠᠢ ᠣᠶᠢᠷᠠᠲᠤᠭᠰᠠᠨ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠠ  ᠪᠠᠶᠢᠭᠤᠯᠭ᠎ᠠ ᠨᠢᠭᠡᠴᠡ ᠳᠤ ᠪᠠᠨ ᠪᠦᠷᠢᠳᠭᠡᠨ ᠳᠠᠩᠰᠠᠯᠠᠭᠤᠯᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃       ᠬᠤᠶᠠᠷ᠂ 9 ᠰᠠᠷ᠎ᠠ ᠶᠢᠨ 27 ᠤ ᠡᠳᠦᠷ ᠠᠴᠠ ᠨᠠᠰᠢ᠂ ᠳᠡᠭᠡᠷ᠎ᠡ ᠳᠤᠷᠠᠳᠤᠭᠰᠠᠨ ᠬᠥᠮᠦᠰ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠤᠶᠤ 7 ᠡᠳᠦᠷ ᠤᠨ ᠳᠣᠲᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠮᠡᠳᠡᠭᠡ ᠵᠠᠩᠭᠢ ᠶᠢᠨ ᠡᠷᠡᠭᠦᠯ ᠨᠡᠪᠲᠡᠷᠡᠬᠦ ᠺᠣᠳ᠋ ᠢᠶᠠᠨ ᠬᠠᠩᠭᠠᠵᠤ ᠳᠡᠶᠢᠯᠬᠦ᠂ ᠳᠤᠯᠠᠭᠠᠨ ᠤ ᠬᠡᠮᠵᠢᠶ᠎ᠡ ᠨᠢ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠳᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ ᠬᠡᠷᠪᠡ ᠳᠡᠭᠡᠷ᠎ᠡ ᠳᠤᠷᠠᠳᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠮᠡᠳᠡᠭᠡ ᠵᠠᠩᠭᠢ ᠶᠢ ᠬᠠᠩᠭᠠᠵᠤ ᠳᠡᠶᠢᠯᠬᠦ ᠦᠭᠡᠢ ᠪᠤᠶᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠡᠳᠦᠶ ᠪᠠᠶᠢᠪᠠᠯ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢᠨ ᠳᠤ ᠰᠠᠭᠤᠬᠤ ᠠᠴᠠ ᠵᠠᠶᠢᠯᠠᠰᠬᠢᠬᠤ ᠰᠠᠭᠤᠷᠢᠨ ᠳᠡᠭᠡᠷ᠎ᠡ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠣᠴᠢᠵᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃  ᠪᠠᠶᠢᠴᠠᠭᠠᠯᠲᠠ ᠶᠢᠨ ᠦᠷ᠎ᠡ ᠳ᠋ᠦᠩ ᠭᠠᠷᠴᠤ ᠢᠷᠡᠬᠦ ᠠᠴᠠ ᠡᠮᠦᠨ᠎ᠡ ᠬᠡᠷ ᠲᠤᠨᠢ ᠲᠤᠰᠠᠭᠠᠷᠯᠠᠵᠤ᠂  ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠬᠥᠮᠦᠰ ᠳᠤᠯᠠᠭᠠᠨ ᠤ ᠬᠡᠮᠵᠢᠶ᠎ᠡ ᠨᠢ ᠬᠡᠪ ᠤᠨ ᠮᠥᠷᠲᠡᠭᠡᠨ ᠬᠤᠪᠢ ᠬᠦᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ  ᠰᠢᠯᠵᠢᠵᠦ ᠪᠣᠯᠤᠨ᠎ᠠ᠃     ᠭᠤᠷᠪᠠ᠂ ᠴᠢᠬᠤᠯᠠ ᠲᠠᠢ ᠪᠢᠰᠢ ᠪᠣᠯ ᠤᠢᠢᠷ᠎ᠠ ᠶᠢᠨ ᠬᠤᠭᠤᠴᠠᠭᠠᠨ ᠳᠤ ᠴᠢᠩᠳᠣᠤ ᠬᠤᠳᠠ ᠳᠤ ᠣᠴᠢᠵᠤ ᠪᠣᠯᠬᠤ ᠦᠭᠡᠢ︔ ᠬᠡᠷᠪᠡ ᠵᠠᠪᠠᠯ ᠣᠴᠢᠬᠤ ᠴᠢᠬᠤᠯᠠᠲᠠᠢ ᠪᠣᠯ᠂ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠥᠪᠡᠷ ᠤᠨ ᠠᠵᠢᠯᠯᠠᠭ᠎ᠠ ᠶᠢᠨ ᠵᠠᠮ ᠮᠥᠷ ᠢᠶᠠᠨ ᠣᠨᠣᠪᠴᠢᠲᠠᠶ ᠲᠡᠮᠳᠡᠭᠯᠡᠵᠦ᠂ ᠪᠤᠴᠠᠵᠤ ᠢᠷᠡᠭᠰᠡᠨ ᠤ ᠳᠠᠷᠠᠭ᠎ᠠ ᠬᠠᠮᠤᠭ ᠤᠨ ᠲᠦᠷᠦᠭᠦᠨ ᠳᠤ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠣᠯᠤᠨ ᠨᠢᠭᠡᠴᠡ ᠳᠡᠭᠡᠨ ᠳᠠᠩᠰᠠᠯᠠᠭᠤᠯᠤᠨ ᠮᠡᠳᠡᠭᠦᠯᠬᠦ ᠶᠢᠨ ᠬᠠᠮᠲᠤ ᠪᠦᠭᠡᠮ ᠬᠦᠴᠢᠯ ᠤᠨ ᠪᠠᠶᠢᠴᠠᠭᠠᠯᠲᠠ ᠬᠢᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠬᠡᠷᠡᠭᠵᠢᠭᠦᠯᠦᠨ᠎ᠡ᠃     ᠳᠦᠷᠪᠡ᠂ ᠨᠠᠮᠤᠷ ᠡᠪᠦᠯ ᠤᠨ ᠤᠯᠠᠷᠢᠯ ᠳᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠷᠢᠯᠲᠠ ᠶᠢᠨ ᠣᠷᠤᠨ ᠨᠢ ᠤᠷᠠᠳ ᠤᠨ ᠡᠮᠦᠨᠡᠲᠦ  ᠪᠣᠯᠬᠤ ᠬᠥᠮᠦᠰ ᠢ ᠬᠢᠯᠢ ᠪᠠᠷ ᠣᠷᠣᠵᠤ ᠢᠷᠡᠭᠰᠡᠨ ᠪᠣᠭᠤᠮᠲᠠ ᠶᠢᠨ ᠬᠤᠲᠠ ᠳᠤ 14 ᠡᠳᠦᠷ ᠲᠥᠪᠯᠡᠷᠡᠭᠦᠯᠦᠨ  ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠬᠤᠶᠠᠷ ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠬᠠᠮᠢᠶ᠎ᠠ ᠪᠥᠬᠦᠶ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠠᠴᠠ ᠡᠷᠡᠭᠦᠯ ᠡᠩᠬᠡ ᠶᠢᠨ ᠠᠵᠢᠭᠯᠠᠯᠲᠠ ᠵᠡᠷᠭᠡ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃     ᠲᠠᠪᠤ᠂ ᠥᠷᠭᠡᠨ ᠣᠯᠠᠨ ᠰᠠᠭᠤᠭᠠᠯᠢ ᠠᠷᠠᠳ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠶᠢ ᠦᠷᠭᠦᠯᠵᠢᠯᠡᠨ ᠪᠠᠷᠢᠮᠲᠠᠯᠠᠵᠤ᠂ ᠭᠠᠷ ᠢᠶᠠᠨ ᠦᠷᠭᠦᠯᠵᠢ ᠤᠬᠢᠶᠠᠵᠤ᠂ ᠰᠠᠯᠬᠢ ᠦᠷᠭᠦᠯᠵᠢ ᠨᠡᠪᠲᠡᠷᠡᠭᠦᠯᠵᠦ᠂  ᠴᠤᠭᠯᠠᠷᠠᠵᠤ ᠪᠥᠭᠡᠮᠨᠡᠷᠡᠬᠦ ᠦᠭᠡᠢ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠨᠢᠭᠡ ᠮᠧᠲᠷ ᠤᠨ ᠵᠠᠢ ᠢ ᠪᠠᠲᠤᠯᠠᠨ᠎ᠠ᠃ ᠵᠢᠱᠢᠶᠡᠯᠡᠪᠡᠯ ᠬᠠᠯᠠᠭᠤᠷᠠᠬᠤ᠂ ᠬᠠᠨᠢᠶᠠᠬᠤ ᠵᠡᠷᠭᠡ ᠰᠢᠨᠵᠢ ᠢᠯᠡᠷᠡᠪᠡᠯ᠂ ᠴᠠᠭ ᠲᠤᠬᠠᠶ ᠳᠤᠨᠢ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ  ᠪᠠᠶᠢᠠᠭᠠᠯᠲᠠ ᠬᠢᠵᠦ ᠣᠨᠤᠰᠢᠯᠠᠨ ᠵᠠᠰᠠᠭᠤᠯᠵᠤ᠂ ᠬᠤᠪᠢ ᠬᠥᠮᠦᠨ ᠤ ᠰᠡᠷᠭᠡᠶᠢᠯᠡᠯᠲᠡ ᠶᠢ ᠪᠦᠬᠦ ᠶᠠᠪᠤᠴᠠ ᠪᠠᠷ ᠰᠠᠶᠢᠲᠤᠷ ᠬᠢᠬᠦ ᠬᠡᠷᠡᠭᠲᠡᠶ᠃      ᠠᠰᠠᠭᠤᠨ ᠯᠠᠪᠯᠠᠬᠤ ᠤᠲᠠᠰᠤ᠄ 0478 — 3211859 ︵ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ︶                        ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                      ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                              2020 ᠣᠨ ᠤ 10 ᠰᠠᠷ᠎ᠠ ᠶᠢᠨ 13 ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号