ᠡᠰᠢ ᠰᠦᠷᠡᠯ᠂ ᠵᠤᠯᠭᠠᠷᠠᠭᠰᠠᠨ ᠨᠠᠪᠴᠢ ᠪᠠ ᠬᠤᠭ ᠨᠣᠪᠰᠢ ᠶᠢ ᠰᠢᠲᠠᠭᠠᠬᠤ ᠶᠢ ᠴᠢᠩᠭ᠎ᠠ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2020/10/26
ᠪᠦᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠳᠤ᠄     ᠪᠦᠬᠦ ᠬᠤᠰᠢᠭᠤᠨ ᠤ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ  ᠪᠠᠲᠤᠯᠠᠵᠤ᠂ ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠵᠤ᠂ ᠭᠠᠯ ᠤᠨ ᠠᠶᠤᠯ ᠤᠨ ᠡ᠊ᠨᠳᠡᠯ ᠭᠠᠷᠬᠤ ᠶᠢ ᠰᠡᠷᠭᠡᠶᠢᠯᠡᠬᠦ  ᠶᠢᠨ ᠲᠦᠯᠦᠭᠡ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠰᠢ ᠰᠦᠷᠡᠯ᠂ ᠵᠤᠯᠭᠠᠷᠠᠭᠰᠠᠨ ᠨᠠᠪᠴᠢ ᠪᠠ ᠬᠤᠭ ᠨᠣᠪᠰᠢ ᠰᠢᠲᠠᠭᠠᠬᠤ ᠶᠢ ᠴᠠᠭᠠᠵᠠᠯᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠪᠥᠬᠦ ᠬᠦᠷᠢᠶ᠎ᠡ ᠬᠡᠪᠴᠢᠶᠡᠨ ᠳᠤ ᠡᠰᠢ ᠰᠦᠷᠡᠯ᠂ ᠵᠤᠯᠭᠠᠷᠠᠭᠰᠠᠨ ᠨᠠᠪᠴᠢ ᠪᠠ ᠬᠤᠭ ᠨᠣᠪᠰᠢ ᠰᠢᠲᠠᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠷ ᠲᠣᠭᠲᠠᠪᠠ᠃ ᠣᠳᠣ ᠮᠠᠨ ᠤ ᠬᠤᠰᠢᠭᠤᠨ ᠤ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠠᠵᠢᠯ ᠤᠨ ᠬᠠᠮᠢᠶ᠎ᠠ ᠪᠦᠬᠦᠢ ᠤᠴᠢᠷ ᠢ  ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠰᠢᠲᠠᠭᠠᠬᠤ ᠦᠢᠯᠡ ᠠᠵᠢᠯᠯᠠᠭ᠎ᠠ ᠶᠢᠨ ᠬᠤᠤᠷ ᠬᠥᠨᠥᠭᠡᠯ ᠨᠢ ᠬᠦᠨᠳᠦ ᠨᠣᠴᠢᠲᠠᠶ     ︵ᠨᠢᠭᠡ︶ ᠠᠭᠠᠷ ᠤᠨ ᠣᠷᠴᠢᠨ ᠲᠣᠭᠤᠷᠢᠨ ᠢ ᠪᠣᠬᠢᠷᠲᠤᠭᠤᠯᠵᠤ᠂ ᠬᠥᠮᠦᠨ ᠤ ᠪᠡᠶ᠎ᠡ ᠶᠢᠨ ᠡᠷᠡᠭᠦᠯ ᠮᠡᠡᠳᠦ ᠳᠤ ᠬᠤᠤᠷ ᠬᠥᠨᠥᠭᠡᠯ ᠤᠴᠠᠷᠠᠭᠤᠯᠤᠨ᠎ᠠ᠃ ᠡᠰᠢ ᠰᠦᠷᠡᠯ᠂ ᠬᠤᠭ ᠡᠪᠡᠰᠦ ᠪᠠ ᠯᠠᠭ ᠨᠣᠪᠰᠢ ᠵᠡᠷᠭᠡ ᠶᠢ ᠵᠠᠳᠠᠭᠠᠢ ᠰᠢᠲᠠᠭᠠᠬᠤ ᠨᠢ ᠠᠭᠠᠷ ᠳᠣᠲᠣᠷᠠᠬᠢ ᠠᠽᠣᠲ ᠤᠨ ᠳᠠᠪᠬᠤᠷ ᠢᠰᠦᠯ᠂ ᠰᠣᠷᠣᠵᠤ ᠣᠷᠣᠭᠤᠯᠵᠤ ᠪᠣᠯᠬᠤ ᠮᠥᠬᠦᠯᠢᠭᠲᠦ ᠪᠣᠳᠠᠰ᠂ ᠶᠡᠷᠦᠩᠬᠡᠶ ᠬᠥᠪᠦᠮᠡᠯ ᠪᠣᠳᠠᠰ ᠤᠨ ᠥᠳᠬᠡᠴᠡ ᠢᠯᠡᠳᠲᠡ ᠳᠡᠭᠡᠭᠰᠢᠯᠡᠵᠦ᠂ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠨ᠎ᠠ᠃     ︵ᠬᠤᠶᠠᠷ︶ ᠵᠠᠮ ᠬᠠᠷᠢᠯᠴᠠᠭᠠᠨ ᠤ ᠠᠳᠡᠯ ᠡᠭᠦᠰᠭᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠨᠦᠯᠦᠭᠡᠯᠡᠨ᠎ᠡ᠃ ᠡᠰᠢ ᠰᠦᠷᠡᠯ ᠢ ᠵᠠᠳᠠᠭᠠᠶ ᠰᠢᠲᠠᠭᠠᠪᠠᠯ᠂  ᠬᠠᠷ᠎ᠠ ᠤᠲᠤᠭ᠎ᠠ ᠪᠠᠭᠠᠭᠢᠵᠤ᠂ ᠠᠭᠠᠷ ᠤᠨ ᠦᠵᠡᠭᠳᠡᠴᠡ ᠶᠢ ᠶᠡᠬᠡᠪᠡᠷ ᠪᠠᠭᠤᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠳᠤ ᠳᠠᠯᠳᠠ ᠬᠤᠬᠢᠷᠠᠯ ᠤᠴᠠᠷᠠᠭᠤᠯᠤᠨ᠎ᠠ᠃     ︵ᠭᠤᠷᠪᠠ︶ ᠭᠠᠯ ᠤᠨ ᠠᠶᠤᠯ ᠡᠭᠦᠰᠭᠡᠵᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠦᠨ᠎ᠡ᠃ ᠣᠨᠴᠠᠭᠠᠶᠢᠯᠠᠨ ᠲᠣᠰᠬᠤᠨ᠂ ᠠᠭᠤᠯᠠᠨ ᠣᠶ ᠶᠢᠨ ᠣᠶᠢᠷ᠎ᠠ ᠬᠠᠪᠢ ᠳᠤ ᠡᠰᠢ ᠰᠦᠷᠡᠯ ᠢ ᠵᠠᠳᠠᠭᠠᠶ ᠪᠠᠷ ᠰᠢᠲᠠᠭᠠᠬᠤ ᠨᠢ᠂ ᠭᠡᠷ ᠪᠠᠶᠢᠰᠢᠩ᠂ ᠲᠠᠷᠢᠮᠠᠯ᠂ ᠠᠭᠤᠯᠠᠨ ᠤᠢ ᠳᠤ ᠭᠠᠯ ᠤᠨ ᠠᠶᠤᠯ ᠢ ᠠᠮᠠᠷᠬᠠᠨ ᠡᠭᠦᠰᠭᠡᠵᠦ᠂ ᠬᠥᠮᠦᠨ ᠮᠠᠯ ᠦᠬᠦᠵᠦ ᠰᠢᠷᠬᠠᠳᠤᠬᠤ ᠠᠶᠦᠯ ᠲᠠᠢ᠃     ︵ᠳᠦᠷᠪᠡ︶ ᠬᠥᠷᠥᠰᠥ ᠰᠢᠷᠣᠶ ᠶᠢᠨ ᠪᠦᠲᠦᠴᠡ ᠶᠢ ᠡᠪᠳᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠪᠠᠭᠤᠷᠠᠭᠤᠯᠤᠨ᠎ᠠ᠃ ᠵᠠᠳᠠᠭᠠᠶ ᠪᠠᠷ ᠡᠰᠢ ᠰᠦᠷᠡᠯ ᠰᠢᠲᠠᠭᠠᠬᠤ ᠨᠢ ᠭᠠᠵᠠᠷ ᠤᠨ ᠭᠠᠳᠠᠷᠭᠤ ᠶᠢᠨ ᠳᠤᠯᠠᠭᠠᠨ ᠤ ᠬᠡᠮᠵᠢᠶ᠎ᠡ ᠶᠢ ᠦᠳᠲᠡᠷ ᠲᠦᠷᠭᠡᠨ ᠳᠡᠭᠡᠭᠰᠢᠯᠡᠭᠦᠯᠵᠦ᠂ ᠬᠥᠷᠥᠰᠥᠨ ᠳᠠᠬᠢ ᠠᠰᠢᠭᠲᠤ ᠮᠢᠺᠷᠣᠪ ᠢ ᠰᠢᠭᠤᠳ ᠰᠢᠲᠠᠭᠠᠵᠤ ᠠᠯᠠᠬᠤ᠂ ᠬᠠᠯᠠᠭᠠᠵᠤ ᠠᠯᠠᠬᠤ ᠪᠤᠶᠤ ᠲᠠᠷᠢᠮᠠᠯ ᠤᠨ ᠬᠥᠷᠥᠰᠥᠨ ᠤ ᠰᠢᠮ᠎ᠡ ᠲᠡᠵᠢᠭᠡᠯ ᠢ ᠭᠦᠢᠴᠡᠳ ᠰᠢᠩᠭᠡᠭᠡᠬᠦ ᠶᠢ ᠨᠦᠯᠦᠭᠡᠯᠡᠵᠦ᠂ ᠲᠠᠷᠢᠮᠠᠯ ᠤᠨ  ᠤᠨᠠᠯᠲᠠ ᠪᠣᠯᠤᠨ ᠶᠠᠰᠤ ᠴᠢᠨᠠᠷ ᠢ ᠰᠢᠭᠤᠳ ᠨᠥᠯᠥᠭᠡᠯᠡᠵᠦ᠂ ᠲᠠᠷᠢᠶᠠᠯᠠᠩ ᠤᠨ ᠠᠰᠢᠭ ᠣᠷᠣᠯᠭ᠎ᠠ ᠶᠢ ᠰᠢᠭᠤᠳ ᠨᠥᠯᠥᠭᠡᠯᠡᠨ᠎ᠡ᠃     ᠬᠤᠶᠠᠷ᠂ ᠰᠢᠲᠠᠭᠠᠬᠤ ᠦᠢᠯᠡ ᠠᠵᠢᠯᠯᠠᠭ᠎ᠠ ᠶᠢᠨ ᠬᠠᠤᠯᠢ ᠠᠴᠠ ᠵᠦᠷᠢᠴᠡᠬᠦ ᠪᠠ ᠰᠢᠢᠳᠭᠡᠬᠦ     ︵ᠨᠢᠭᠡ︶ ᠵᠠᠳᠠᠭᠠᠶ ᠪᠠᠷ ᠡᠰᠢ ᠰᠦᠷᠡᠯ᠂ ᠦᠨᠳᠦᠰᠦ ᠭᠤᠤᠷᠰᠤ᠂ ᠦᠯᠡᠳᠡᠭᠳᠡᠯ ᠪᠦᠷᠬᠦᠪᠴᠢ᠂ ᠬᠤᠭ ᠡᠪᠡᠰᠦ ᠵᠡᠷᠭᠡ ᠶᠢ ᠰᠢᠲᠠᠭᠠᠵᠤ ᠤᠳᠤᠭ᠎ᠠ ᠲᠣᠭᠤᠰᠣ ᠵᠡᠷᠭᠡ ᠪᠣᠬᠢᠷᠲᠤᠭᠤᠯᠬᠤ ᠪᠣᠳᠠᠰ ᠡᠭᠦᠰᠭᠡᠭᠰᠡᠨ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ ︵2018 ᠣᠨ ᠳᠤ ᠵᠠᠰᠠᠪᠤᠷᠢ ᠣᠷᠣᠭᠤᠯᠤᠭᠰᠠᠨ︶︾ ᠶᠢᠨ ᠵᠠᠭᠤ ᠠᠷᠪᠠ ᠶᠢᠰᠦᠳᠦᠭᠡᠷ ᠵᠤᠷᠪᠤᠰ ᠪᠠ ︽ᠪᠠᠶᠠᠨᠨᠠᠭᠤᠷ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠤᠨ ᠭᠤᠴᠢᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃    ︵ᠬᠤᠶᠠᠷ︶ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠡᠰᠢ ᠰᠦᠷᠡᠯ ᠢ ᠵᠣᠷᠢᠭᠤᠳᠠ ᠰᠢᠲᠠᠭᠠᠵᠤ᠂ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ  ᠰᠢᠢᠳᠭᠡᠯ ᠤᠨ ᠬᠠᠤᠯᠢ︾ ᠶᠢᠨ ᠲᠠᠪᠢᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠳᠣᠩᠭᠤᠳᠬᠤ ᠪᠤᠶᠤ ᠬᠤᠶᠠᠷ ᠵᠠᠭᠤᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠲᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠭᠡᠵᠦ᠂ 500 ᠲᠥᠭᠦᠷᠢᠭ ᠵᠣᠭᠤᠰ ᠢᠶᠠᠷ ᠲᠣᠷᠭᠠᠬᠤ ᠪᠠᠷ  ᠰᠢᠳᠬᠡᠨ᠎ᠡ᠃    ︵ᠭᠤᠷᠪᠠ︶ ᠠᠳᠡᠯ ᠠᠴᠠ ᠪᠣᠯᠵᠤ ᠭᠠᠯ ᠤᠨ ᠠᠶᠤᠯ ᠭᠠᠷᠭᠠᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢ ᠦᠨᠳᠦᠰᠦᠯᠡᠨ ᠰᠢᠢᠳᠭᠡᠨ ᠲᠣᠷᠭᠠᠨ᠎ᠠ᠃ ᠵᠣᠷᠢᠭᠤᠳᠠ ᠭᠠᠯ ᠲᠠᠯᠪᠢᠭᠠᠳ ᠬᠦᠨᠳᠦ ᠶᠡᠭᠡ ᠡ᠊ᠨᠳᠡᠯ ᠭᠠᠷᠭᠠᠭᠰᠠᠨ ᠪᠠᠶᠢᠪᠠᠯ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠥᠷᠭᠡᠨ ᠣᠯᠠᠨ ᠠᠷᠠᠳ ᠲᠦᠮᠡᠨ ᠤ ᠡᠰᠢ ᠰᠦᠷᠡᠯ᠂ ᠵᠤᠯᠭᠠᠷᠠᠭᠰᠠᠨ ᠨᠠᠪᠴᠢ ᠪᠠ ᠬᠤᠭ ᠨᠣᠪᠰᠢ ᠶᠢ ᠬᠠᠤᠯᠢ ᠪᠤᠰᠤ ᠪᠠᠷ ᠰᠢᠲᠠᠭᠠᠬᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠶᠢᠨ ᠲᠥᠯᠥᠭᠡ ᠦᠨᠡᠨ ᠪᠣᠳᠠᠲᠠᠶ᠂ ᠬᠦᠴᠦᠨ ᠪᠦᠬᠦᠢ ᠭᠡᠷᠡᠴᠢ ᠪᠠᠷᠢᠮᠲᠠ ᠬᠠᠩᠭᠠᠭᠰᠠᠨ ᠣᠯᠠᠨ ᠲᠦᠮᠡᠨ ᠳᠤ 500 ᠲᠥᠭᠦᠷᠢᠭ ᠤᠨ ᠱᠠᠩᠨᠠᠯ ᠣᠯᠭᠤᠨ᠎ᠠ᠃ ᠢᠯᠡᠴᠢᠯᠡᠨ ᠮᠡᠳᠡᠭᠦᠯᠬᠦ ᠬᠠᠯᠠᠭᠤᠨ ᠤᠲᠠᠰᠤ᠄ 0478 — 12369᠃     ᠡᠭᠦᠨ ᠤ ᠲᠤᠯᠠ‌ᠣᠨᠴᠠᠭᠠᠶᠢᠯᠠᠨ ᠵᠠᠷᠯᠠᠪᠠ                           ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                      2020 ᠣᠨ ᠤ 10 ᠰᠠᠷ᠎ᠠ ᠶᠢᠨ 12 ᠤᠨ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号