ᠤᠷᠠᠳ ᠤᠨ ᠡᠮᠦᠨᠡᠲᠦ ᠬᠤᠰᠢᠭᠤᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠦᠢᠯᠡᠰ ᠪᠦᠲᠦᠭᠡᠬᠦ ᠪᠣᠯᠪᠠᠰᠤᠷᠠᠭᠤᠯᠤᠯ ᠤᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠲᠣᠪᠴᠢ ᠳᠦᠷᠢᠮ
ᠨᠡᠶᠢᠲᠡᠯᠡᠭᠰᠡᠨ ᠴᠠᠭ᠄
2020/11/12
    ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠣᠯᠤᠭᠰᠠᠨ ᠮᠠᠨ ᠤ ᠬᠤᠰᠢᠭᠤᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠳᠤ ᠠᠪᠴᠢᠷᠠᠭᠰᠠᠨ ᠳᠠᠷᠤᠯᠲᠠ ᠶᠢ ᠨᠠᠮᠳᠠᠭᠤᠯᠵᠤ᠂ ᠮᠠᠨ ᠤ ᠬᠤᠰᠢᠭᠤᠨ ᠤ ︽ᠦᠷᠭᠡᠨ ᠣᠯᠠᠨ ᠢᠶᠠᠷ ᠢᠶᠠᠨ ᠰᠢᠨ᠎ᠡ ᠶᠢ ᠡᠭᠦᠳᠴᠦ᠂ ᠣᠯᠠᠨ ᠲᠦᠮᠡᠨ ᠢᠶᠠᠷ ᠢᠶᠠᠨ ᠦᠢᠯᠡᠰ  ᠪᠦᠲᠦᠭᠡᠬᠦ︾ ᠠᠵᠢᠯ ᠣᠯᠵᠤ ᠦᠢᠯᠡᠰ ᠪᠦᠲᠦᠭᠡᠬᠦ ᠭᠦᠨ ᠵᠣᠵᠠᠭᠠᠨ ᠠᠭᠤᠷ ᠠᠮᠢᠰᠬᠤᠯ ᠢ ᠨᠠᠩ ᠰᠠᠶᠢᠨ ᠪᠣᠶ ᠪᠣᠯᠭᠠᠬᠤ ᠲᠦᠯᠦᠭᠡ᠂ ︽2020 ᠣᠨ ᠤ ᠪᠠᠶᠠᠨᠨᠠᠭᠤᠷ ᠬᠤᠲᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠤᠨ ᠲᠥᠯᠥᠪᠯᠡᠭᠡ︾᠂ ︽ᠰᠤᠷᠭᠠᠭᠤᠯᠢ ᠠᠴᠠ ᠰᠠᠯᠵᠤ ᠠᠵᠢᠯ ᠣᠯᠬᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠲᠦᠷᠢᠮ ᠢᠶᠠᠷ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ︹ 2020 ︺ 135 ᠳ᠋ᠤᠭᠠᠷ ᠲᠣᠭᠠᠲᠤ︶᠂ ︽︿ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠰᠤᠷᠭᠠᠨ ᠬᠦᠮᠦᠵᠢᠯ ᠤᠨ ᠶᠠᠮᠤᠨ ᠲᠥᠷᠥ ᠶᠢᠨ ᠶᠠᠪᠤᠳᠠᠯ ᠤᠨ ᠬᠤᠷᠢᠶ᠎ᠠ ᠶᠠᠳᠠᠭᠤ ᠶᠢ ᠲᠡᠳᠬᠦᠬᠦ ᠠᠯᠪᠠᠨ ᠬᠡᠷ ᠠᠴᠠ ᠲᠠᠷᠬᠠᠭᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ﹀ ᠢ ᠤᠯᠠᠮᠵᠢᠯᠠᠨ  ᠶᠠᠪᠤᠭᠤᠯᠬᠤ ᠲᠣᠬᠠᠢ ᠮᠡᠳᠡᠭᠳᠡᠯ︾ ︵ᠪᠠᠶᠠᠨᠨᠠᠭᠤᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ︹ 2020 ︺ 153 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ ᠂ ᠮᠠᠨ ᠤ ᠬᠤᠰᠢᠭᠤᠨ ᠤ ᠲᠤᠰ ᠬᠤᠭᠤᠴᠠᠭ᠎ᠠ ᠪᠣᠯᠤᠨ ᠥᠩᠭᠡᠷᠡᠭᠰᠡᠨ  ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠨ ᠦᠢᠯᠡᠰ ᠪᠦᠲᠦᠭᠡᠬᠦ ᠪᠣᠯᠪᠠᠰᠤᠷᠠᠯ ᠬᠢᠵᠦ ᠰᠤᠷᠤᠭᠴᠢ ᠡᠯᠰᠡᠬᠦ  ᠳᠤ ᠨᠡᠷ᠎ᠡ ᠮᠡᠳᠡᠭᠦᠯᠬᠦ ᠬᠤᠯᠪᠣᠭᠳᠠᠯ ᠪᠥᠬᠦᠶ ᠵᠦᠢᠯᠡᠰ ᠢ ᠣᠨᠴᠠᠭᠠᠶᠢᠯᠠᠨ ᠳᠣᠤᠷᠠᠬᠢ ᠮᠡᠲᠦ ᠵᠠᠷᠯᠠᠶ᠎ᠠ᠄     ᠨᠢᠭᠡ᠂ ᠰᠤᠷᠤᠭᠴᠢ ᠡᠯᠰᠡᠬᠦ ᠡᠲᠡᠭᠡᠳ᠄ ᠤᠷᠠᠳ ᠤᠨ ᠡᠮᠦᠨᠡᠲᠦ ᠬᠤᠰᠢᠭᠤᠨ ᠤ ᠲᠤᠰ ᠬᠤᠭᠤᠴᠠᠭ᠎ᠠ ᠪᠣᠯᠤᠨ ᠥᠩᠭᠡᠷᠡᠭᠰᠡᠨ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ᠃     ᠬᠤᠶᠠᠷ᠂ ᠰᠤᠷᠤᠯᠴᠠᠬᠤ ᠴᠠᠭ᠄ ᠡᠳᠦᠷ ᠪᠦᠷᠢ 8 ᠴᠠᠭ ᠪᠣᠯᠪᠠᠰᠤᠷᠠᠭᠤᠯᠵᠤ᠂ 7 ᠡᠳᠦᠷ ᠪᠣᠯᠪᠠᠰᠤᠷᠠᠭᠤᠯᠤᠨ᠎ᠠ᠃     ᠭᠤᠷᠪᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠄    1. ᠠᠳᠠᠯ ᠦᠢᠯᠡᠰ ᠪᠦᠲᠦᠭᠡᠬᠦ ᠪᠣᠯᠪᠠᠰᠤᠷᠠᠭᠤᠯᠤᠯ ᠳᠤ ᠰᠦᠢᠳᠬᠡᠯ ᠬᠤᠷᠢᠶᠠᠬᠤ ᠦᠭᠡᠢ ᠪᠠᠷ ᠣᠷᠣᠯᠴᠠᠵᠤ᠂ ᠪᠣᠯᠪᠠᠰᠤᠷᠠᠭᠤᠯᠤᠯ ᠤᠨ ᠰᠤᠷᠤᠯᠭ᠎ᠠ ᠲᠡᠭᠦᠰᠦᠭᠡᠳ ᠬᠢᠷᠢ ᠲᠡᠩᠴᠡᠭᠰᠡᠨ ᠰᠤᠷᠤᠭᠴᠢᠳ ᠲᠤ ᠠᠵᠢᠯ ᠣᠯᠬᠤ ᠠᠵᠢᠯ ᠠᠯᠳᠠᠬᠤ ᠳᠠᠩᠰᠠᠯᠠᠯᠲᠠ ᠶᠢᠨ ᠦᠨᠡᠮᠯᠡᠯ ᠪᠠ ᠠᠳᠠᠯ ᠦᠢᠯᠡᠰ ᠪᠦᠲᠦᠭᠡᠬᠦ ᠪᠣᠯᠪᠠᠰᠤᠷᠠᠭᠤᠯᠤᠯ ᠤᠨ ᠰᠤᠷᠤᠯᠭ᠎ᠠ ᠲᠡᠭᠦᠰᠦᠭᠰᠡᠨ ᠦᠨᠡᠮᠯᠡᠯ   ᠣᠯᠭᠤᠨ᠎ᠠ᠃    2. ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠤ ᠳᠠᠷᠠᠭ᠎ᠠ ᠰᠤᠷᠤᠭᠴᠢᠳ ᠢ ᠬᠠᠪᠰᠤᠷᠤᠨ ᠡᠵᠡᠩᠨᠡᠯᠲᠡ ᠶᠢᠨ ᠦᠨᠡᠮᠯᠡᠯ ᠭᠦᠢᠴᠡᠳᠬᠡᠬᠦ ᠪᠠᠷ ᠳᠠᠮᠵᠢᠭᠤᠯᠤᠨ ᠠᠵᠢᠯ ᠣᠯᠭᠤᠬᠤ ᠶᠢ ᠲᠡᠳᠬᠦᠵᠦ᠂ ᠡᠭᠦᠨ ᠤ ᠬᠠᠮᠲᠤ ᠤᠯᠤᠰ ᠤᠨ ᠠᠳᠠᠯ ᠦᠢᠯᠡᠰ ᠪᠦᠲᠦᠭᠡᠬᠦ ᠳᠡᠮ ᠬᠦᠤ ᠲᠠᠢ ᠵᠢᠭᠡᠯᠡᠯᠭᠡ ᠶᠢ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠭᠥᠷᠳᠡᠵᠦ ᠪᠣᠯᠤᠨ᠎ᠠ᠂ ᠤᠳᠠᠭ᠎ᠠ ᠪᠦᠷᠢ 2 ᠵᠢᠯ᠂ ᠬᠠᠮᠤᠭ ᠣᠷᠳᠣ ᠳᠠᠭᠠᠨ 6 ᠵᠢᠯ ᠳᠤ 3 ᠤᠳᠠᠭ᠎ᠠ  ︵ᠪᠠᠲᠤᠯᠠᠨ ᠳᠠᠭᠠᠭᠠᠭᠴᠢ ᠪᠠ ᠬᠡᠷ ᠬᠥᠷᠥᠩᠭᠡ ᠶᠢᠨ ᠪᠠᠷᠢᠴᠠᠭ᠎ᠠ ᠪᠠᠷ ᠪᠦᠷ ᠪᠣᠯᠤᠨ᠎ᠠ︶ ᠡᠳ᠋ᠯᠡᠵᠦ ᠪᠣᠯᠤᠨ᠎ᠠ᠃    3. ᠲᠣᠰ ᠤᠳᠠᠭᠠᠨ ᠤ ᠠᠳᠠᠯ ᠦᠢᠯᠡᠰ ᠪᠦᠲᠦᠭᠡᠬᠦ ᠪᠣᠯᠪᠠᠰᠤᠷᠠᠭᠤᠯᠤᠯ ᠳᠤ ᠣᠷᠣᠯᠴᠠᠭᠰᠠᠨ ᠮᠦᠷᠲᠡᠭᠡᠨ‌ᠠᠩᠬ᠎ᠠ ᠤᠳᠠᠭ᠎ᠠ ᠠᠮᠵᠢᠯᠲᠠ ᠲᠠᠢ ᠪᠠᠷ ᠠᠳᠠᠯ ᠦᠢᠯᠡᠰ  ᠪᠦᠲᠦᠭᠡᠭᠡᠳ ᠪᠦᠬᠦᠯᠢ ᠨᠢᠭᠡ ᠵᠢᠯ ᠪᠣᠯᠤᠭᠰᠠᠨ ᠪᠦᠭᠡᠳ ᠬᠤᠶᠠᠷ ᠵᠢᠯ ᠤᠨ ᠳᠣᠲᠤᠷᠠᠬᠢ ᠳᠡᠭᠡᠳᠦ ᠰᠤᠷᠭᠠᠭᠤᠯᠢ ᠲᠡᠭᠦᠰᠦᠭᠰᠡᠳ᠂ ᠪᠠᠰᠠ ᠨᠢᠭᠡ ᠯᠡ ᠤᠳᠠᠭ᠎ᠠ ᠶᠢᠨ ᠴᠢᠨᠠᠷᠲᠠᠶ 5000 ᠲᠥᠭᠦᠷᠢᠭ  ᠤᠨ ᠠᠳᠠᠯ ᠦᠢᠯᠡᠰ ᠪᠦᠲᠦᠭᠡᠬᠦ ᠨᠥᠬᠦᠪᠥᠷᠢ ᠬᠦᠷᠲᠡᠵᠦ ᠪᠣᠯᠤᠨ᠎ᠠ᠃    4. ᠠᠳᠠᠯ ᠦᠢᠯᠡᠰ ᠪᠦᠲᠦᠭᠡᠭᠡᠳᠦᠢ ᠰᠤᠷᠤᠭᠴᠢ ᠶᠢ ᠮᠠᠨ ᠤ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠤᠨ ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ ᠳᠤ ᠤᠷᠢᠳᠠᠪᠠᠷ  ᠲᠠᠨᠢᠯᠴᠠᠭᠤᠯᠤᠨ ᠠᠵᠢᠯ ᠣᠯᠭᠤᠬᠤ ᠪᠤᠶᠤ ᠮᠠᠨ ᠤ ᠬᠤᠰᠢᠭᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ 2021ᠣᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠤᠷᠢᠳᠠᠪᠠᠷ ᠲᠣᠬᠢᠷᠠᠭᠤᠯᠵᠤ ᠦᠭᠭᠦᠨ᠎ᠡ᠃    5. ᠦᠢᠯᠡᠰ ᠪᠦᠲᠦᠭᠡᠬᠦ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠪᠠᠰᠠ ᠠᠵᠢᠯ ᠣᠯᠭᠤᠬᠤ ᠲᠣᠪᠴᠢᠶ᠎ᠠ  ᠶᠢᠨ ᠵᠣᠬᠢᠶᠠᠨ ᠪᠠᠶᠢᠭᠤᠯᠤᠭᠰᠠᠨ ᠡᠯᠧᠺᠲᠷᠤᠨ ᠬᠤᠳᠠᠯᠳᠤᠭᠠᠨ ᠤ ᠴᠣᠣᠲᠠᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠤᠯᠠᠭᠤᠯᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ ᠦᠨ᠎ᠡ ᠲᠦᠯᠦᠪᠦᠷᠢ ᠥᠬᠡᠶ ᠪᠠᠷ ᠣᠷᠣᠯᠴᠠᠵᠤ ᠪᠣᠯᠤᠨ᠎ᠠ᠃    ᠳᠥᠷᠪᠡ᠂ ᠨᠡᠷ᠎ᠡ ᠮᠡᠳᠡᠭᠦᠯᠬᠦ ᠴᠠᠭ᠄ 2020 ᠣᠨ ᠤ 11 ᠰᠠᠷ᠎ᠠ ᠶᠢᠨ 4 ᠤ ᠡᠳᠦᠷ ᠠᠴᠠ 11 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨᠠᠬᠢ 6᠄ 00    ᠲᠠᠪᠤ᠂ ᠨᠡᠷ᠎ᠡ ᠮᠡᠳᠡᠭᠦᠯᠬᠦ ᠭᠠᠵᠠᠷ᠄ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠠᠮᠢᠳᠤᠷᠠᠯ ᠤᠨ ᠲᠣᠮᠣ ᠠᠰᠠᠷ ᠤᠨ ᠲᠠᠪᠤᠳᠤᠭᠠᠷ ᠳᠠᠪᠬᠤᠷᠯᠢᠭ ᠤᠨ 509 ᠥᠷᠥᠭᠡ    ᠵᠢᠷᠭᠤᠭ᠎ᠠ᠂ ᠬᠠᠷᠢᠯᠴᠠᠬᠤ ᠬᠥᠮᠦᠨ᠄   ᠵᠦᠩ ᠺᠧ    ᠳᠣᠯᠤᠭ᠎ᠠ᠂ ᠠᠰᠠᠭᠤᠨ ᠯᠠᠪᠯᠠᠬᠤ ᠤᠲᠠᠰᠤ᠄ 17704784399                   ᠤᠷᠠᠳ ᠤᠨ ᠡᠮᠦᠨᠡᠲᠦ ᠬᠤᠰᠢᠭᠤᠨ ᠤ ᠬᠥᠳᠡᠯᠮᠦᠷᠢ ᠠᠵᠢᠯ ᠣᠯᠭᠤᠯᠲᠠ ᠶᠢᠨ ᠲᠣᠪᠴᠢᠶ᠎ᠠ                                              2020 ᠣᠨ ᠤ 11 ᠰᠠᠷ᠎ᠠ ᠶᠢᠨ 3 ᠤ ᠡᠳᠦᠷ    
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号