ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠠᠴᠠ ᠪᠣᠯᠤᠭᠰᠠᠨ ᠮᠠᠨ ᠤ ᠬᠤᠰᠢᠭᠤᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ | ᠣᠯᠭᠤᠯᠲᠠ ᠳᠤ ᠠᠪᠴᠢᠷᠠᠭᠰᠠᠨ ᠳᠠᠷᠤᠯᠲᠠ ᠶᠢ ᠨᠠᠮᠳᠠᠭᠤᠯᠵᠤ᠂ ᠮᠠᠨ ᠤ ᠬᠤᠰᠢᠭᠤᠨ ᠤ ︽ᠦᠷᠭᠡᠨ ᠣᠯᠠᠨ ᠢᠶᠠᠷ ᠢᠶᠠᠨ ᠰᠢᠨ᠎ᠡ ᠶᠢ ᠡᠭᠦᠳᠴᠦ᠂ ᠣᠯᠠᠨ | ᠲᠦᠮᠡᠨ ᠢᠶᠠᠷ ᠢᠶᠠᠨ ᠦᠢᠯᠡᠰ ᠪᠦᠲᠦᠭᠡᠬᠦ︾ ᠠᠵᠢᠯ ᠣᠯᠵᠤ ᠦᠢᠯᠡᠰ ᠪᠦᠲᠦᠭᠡᠬᠦ ᠭᠦᠨ ᠵᠣᠵᠠᠭᠠᠨ ᠠᠭᠤᠷ ᠠᠮᠢᠰᠬᠤᠯ ᠢ ᠨᠠᠩ ᠰᠠᠶᠢᠨ ᠪᠣᠶ ᠪᠣᠯᠭᠠᠬᠤ ᠲᠦᠯᠦᠭᠡ᠂ ︽ | 2020 ᠣᠨ ᠤ ᠪᠠᠶᠠᠨᠨᠠᠭᠤᠷ ᠬᠤᠲᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠤᠨ ᠲᠥᠯᠥᠪᠯᠡᠭᠡ︾᠂ ︽ | ᠰᠤᠷᠭᠠᠭᠤᠯᠢ ᠠᠴᠠ ᠰᠠᠯᠵᠤ ᠠᠵᠢᠯ ᠣᠯᠬᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠲᠦᠷᠢᠮ ᠢᠶᠠᠷ ᠠᠵᠢᠯ ᠣᠯᠭᠤᠬᠤ ᠦᠢᠯᠡᠴᠢᠯᠡᠭᠡᠨ ᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ︹ 2020 ︺ 135 ᠳ᠋ᠤᠭᠠᠷ | ᠲᠣᠭᠠᠲᠤ︶᠂ ︽︿ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠰᠤᠷᠭᠠᠨ ᠬᠦᠮᠦᠵᠢᠯ ᠤᠨ ᠶᠠᠮᠤᠨ ᠲᠥᠷᠥ ᠶᠢᠨ ᠶᠠᠪᠤᠳᠠᠯ ᠤᠨ | ᠬᠤᠷᠢᠶ᠎ᠠ ᠶᠠᠳᠠᠭᠤ ᠶᠢ ᠲᠡᠳᠬᠦᠬᠦ ᠠᠯᠪᠠᠨ ᠬᠡᠷ ᠠᠴᠠ ᠲᠠᠷᠬᠠᠭᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠵᠤ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ﹀ ᠢ ᠤᠯᠠᠮᠵᠢᠯᠠᠨ ᠶᠠᠪᠤᠭᠤᠯᠬᠤ ᠲᠣᠬᠠᠢ ᠮᠡᠳᠡᠭᠳᠡᠯ︾ ︵ | ᠪᠠᠶᠠᠨᠨᠠᠭᠤᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ︹ 2020 ︺ 153 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ | ᠮᠠᠨ ᠤ ᠬᠤᠰᠢᠭᠤᠨ ᠤ ᠲᠤᠰ ᠬᠤᠭᠤᠴᠠᠭ᠎ᠠ ᠪᠣᠯᠤᠨ ᠥᠩᠭᠡᠷᠡᠭᠰᠡᠨ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠨ ᠦᠢᠯᠡᠰ | ᠪᠦᠲᠦᠭᠡᠬᠦ ᠪᠣᠯᠪᠠᠰᠤᠷᠠᠯ ᠬᠢᠵᠦ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠬᠤᠯᠪᠣᠭᠳᠠᠯ ᠪᠥᠬᠦᠶ ᠵᠦᠢᠯᠡᠰ ᠢ ᠣᠨᠴᠠᠭᠠᠶᠢᠯᠠᠨ ᠳᠣᠤᠷᠠᠬᠢ ᠮᠡᠲᠦ ᠵᠠᠷᠯᠠᠶ᠎ᠠ᠄ | ᠨᠢᠭᠡ᠂ ᠰᠤᠷᠤᠭᠴᠢ ᠡᠯᠰᠡᠬᠦ ᠡᠲᠡᠭᠡᠳ᠄ ᠤᠷᠠᠳ ᠤᠨ ᠡᠮᠦᠨᠡᠲᠦ ᠬᠤᠰᠢᠭᠤᠨ ᠤ ᠲᠤᠰ ᠬᠤᠭᠤᠴᠠᠭ᠎ᠠ ᠪᠣᠯᠤᠨ ᠥᠩᠭᠡᠷᠡᠭᠰᠡᠨ ᠬᠤᠭᠤᠴᠠᠭᠠᠨ ᠤ ᠳᠡᠭᠡᠳᠦ | ᠰᠤᠷᠭᠠᠭᠤᠯᠢ ᠲᠡᠭᠦᠰᠦᠭᠰᠡᠳ᠃ | ᠬᠤᠶᠠᠷ᠂ ᠰᠤᠷᠤᠯᠴᠠᠬᠤ ᠴᠠᠭ᠄ ᠡᠳᠦᠷ ᠪᠦᠷᠢ 8 ᠴᠠᠭ ᠪᠣᠯᠪᠠᠰᠤᠷᠠᠭᠤᠯᠵᠤ᠂ 7 ᠡᠳᠦᠷ ᠪᠣᠯᠪᠠᠰᠤᠷᠠᠭᠤᠯᠤᠨ᠎ᠠ᠃ | ᠭᠤᠷᠪᠠ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠄ | 1. ᠠᠳᠠᠯ ᠦᠢᠯᠡᠰ ᠪᠦᠲᠦᠭᠡᠬᠦ ᠪᠣᠯᠪᠠᠰᠤᠷᠠᠭᠤᠯᠤᠯ ᠳᠤ ᠰᠦᠢᠳᠬᠡᠯ ᠬᠤᠷᠢᠶᠠᠬᠤ ᠦᠭᠡᠢ ᠪᠠᠷ ᠣᠷᠣᠯᠴᠠᠵᠤ᠂ ᠪᠣᠯᠪᠠᠰᠤᠷᠠᠭᠤᠯᠤᠯ ᠤᠨ ᠰᠤᠷᠤᠯᠭ᠎ᠠ ᠲᠡᠭᠦᠰᠦᠭᠡᠳ | ᠬᠢᠷᠢ ᠲᠡᠩᠴᠡᠭᠰᠡᠨ ᠰᠤᠷᠤᠭᠴᠢᠳ ᠲᠤ ᠠᠵᠢᠯ ᠣᠯᠬᠤ ᠠᠵᠢᠯ ᠠᠯᠳᠠᠬᠤ ᠳᠠᠩᠰᠠᠯᠠᠯᠲᠠ ᠶᠢᠨ ᠦᠨᠡᠮᠯᠡᠯ ᠪᠠ ᠠᠳᠠᠯ ᠦᠢᠯᠡᠰ ᠪᠦᠲᠦᠭᠡᠬᠦ ᠪᠣᠯᠪᠠᠰᠤᠷᠠᠭᠤᠯᠤᠯ ᠤᠨ | ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠨ᠎ᠠ᠃ | 2. ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠤ ᠳᠠᠷᠠᠭ᠎ᠠ ᠰᠤᠷᠤᠭᠴᠢᠳ ᠢ ᠬᠠᠪᠰᠤᠷᠤᠨ ᠡᠵᠡᠩᠨᠡᠯᠲᠡ ᠶᠢᠨ ᠦᠨᠡᠮᠯᠡᠯ ᠭᠦᠢᠴᠡᠳᠬᠡᠬᠦ ᠪᠠᠷ ᠳᠠᠮᠵᠢᠭᠤᠯᠤᠨ ᠠᠵᠢᠯ | ᠣᠯᠭᠤᠬᠤ ᠶᠢ ᠲᠡᠳᠬᠦᠵᠦ᠂ ᠡᠭᠦᠨ ᠤ ᠬᠠᠮᠲᠤ ᠤᠯᠤᠰ ᠤᠨ ᠠᠳᠠᠯ ᠦᠢᠯᠡᠰ ᠪᠦᠲᠦᠭᠡᠬᠦ ᠳᠡᠮ ᠬᠦᠤ ᠲᠠᠢ ᠵᠢᠭᠡᠯᠡᠯᠭᠡ ᠶᠢ ᠬᠠᠮᠤᠭ ᠤᠨ ᠥᠨᠳᠥᠷ ᠲᠡᠭᠡᠨ 20 ᠲᠦᠮᠡᠨ | ᠲᠥᠭᠦᠷᠢᠭ ᠭᠥᠷᠳᠡᠵᠦ ᠪᠣᠯᠤᠨ᠎ᠠ᠂ ᠤᠳᠠᠭ᠎ᠠ ᠪᠦᠷᠢ 2 ᠵᠢᠯ᠂ ᠬᠠᠮᠤᠭ ᠣᠷᠳᠣ ᠳᠠᠭᠠᠨ 6 ᠵᠢᠯ ᠳᠤ 3 ᠤᠳᠠᠭ᠎ᠠ ︵ᠪᠠᠲᠤᠯᠠᠨ ᠳᠠᠭᠠᠭᠠᠭᠴᠢ ᠪᠠ ᠬᠡᠷ | ᠬᠥᠷᠥᠩᠭᠡ ᠶᠢᠨ ᠪᠠᠷᠢᠴᠠᠭ᠎ᠠ ᠪᠠᠷ ᠪᠦᠷ ᠪᠣᠯᠤᠨ᠎ᠠ︶ ᠡᠳ᠋ᠯᠡᠵᠦ ᠪᠣᠯᠤᠨ᠎ᠠ᠃ | 3. ᠲᠣᠰ ᠤᠳᠠᠭᠠᠨ ᠤ ᠠᠳᠠᠯ ᠦᠢᠯᠡᠰ ᠪᠦᠲᠦᠭᠡᠬᠦ ᠪᠣᠯᠪᠠᠰᠤᠷᠠᠭᠤᠯᠤᠯ ᠳᠤ ᠣᠷᠣᠯᠴᠠᠭᠰᠠᠨ ᠮᠦᠷᠲᠡᠭᠡᠨᠠᠩᠬᠠ ᠤᠳᠠᠭ᠎ᠠ ᠠᠮᠵᠢᠯᠲᠠ ᠲᠠᠢ ᠪᠠᠷ ᠠᠳᠠᠯ ᠦᠢᠯᠡᠰ | ᠪᠦᠲᠦᠭᠡᠭᠡᠳ ᠪᠦᠬᠦᠯᠢ ᠨᠢᠭᠡ ᠵᠢᠯ ᠪᠣᠯᠤᠭᠰᠠᠨ ᠪᠦᠭᠡᠳ ᠬᠤᠶᠠᠷ ᠵᠢᠯ ᠤᠨ ᠳᠣᠲᠤᠷᠠᠬᠢ ᠳᠡᠭᠡᠳᠦ ᠰᠤᠷᠭᠠᠭᠤᠯᠢ ᠲᠡᠭᠦᠰᠦᠭᠰᠡᠳ᠂ ᠪᠠᠰᠠ ᠨᠢᠭᠡ ᠯᠡ ᠤᠳᠠᠭ᠎ᠠ ᠶᠢᠨ | ᠴᠢᠨᠠᠷᠲᠠᠶ 5000 ᠲᠥᠭᠦᠷᠢᠭ ᠤᠨ ᠠᠳᠠᠯ ᠦᠢᠯᠡᠰ ᠪᠦᠲᠦᠭᠡᠬᠦ ᠨᠥᠬᠦᠪᠥᠷᠢ ᠬᠦᠷᠲᠡᠵᠦ ᠪᠣᠯᠤᠨ᠎ᠠ᠃ | 4. ᠠᠳᠠᠯ ᠦᠢᠯᠡᠰ ᠪᠦᠲᠦᠭᠡᠭᠡᠳᠦᠢ ᠰᠤᠷᠤᠭᠴᠢ ᠶᠢ ᠮᠠᠨ ᠤ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠤᠨ ᠳᠤᠮᠳᠠ ᠵᠢᠵᠢᠭ ᠬᠡᠯᠪᠡᠷᠢ ᠶᠢᠨ ᠠᠵᠤ | ᠠᠬᠤᠶᠢᠯᠠᠯ ᠳᠤ ᠤᠷᠢᠳᠠᠪᠠᠷ ᠲᠠᠨᠢᠯᠴᠠᠭᠤᠯᠤᠨ ᠠᠵᠢᠯ ᠣᠯᠭᠤᠬᠤ ᠪᠤᠶᠤ ᠮᠠᠨ ᠤ ᠬᠤᠰᠢᠭᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ 2021ᠣᠨ ᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠤᠷᠢᠳᠠᠪᠠᠷ ᠲᠣᠬᠢᠷᠠᠭᠤᠯᠵᠤ ᠦᠭᠭᠦᠨ᠎ᠡ᠃ | 5. ᠦᠢᠯᠡᠰ ᠪᠦᠲᠦᠭᠡᠬᠦ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠪᠠᠰᠠ ᠠᠵᠢᠯ ᠣᠯᠭᠤᠬᠤ ᠲᠣᠪᠴᠢᠶ᠎ᠠ ᠶᠢᠨ ᠵᠣᠬᠢᠶᠠᠨ ᠪᠠᠶᠢᠭᠤᠯᠤᠭᠰᠠᠨ ᠡᠯᠧᠺᠲᠷᠤᠨ | ᠬᠤᠳᠠᠯᠳᠤᠭᠠᠨ ᠤ ᠴᠣᠣᠲᠠᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠤᠯᠠᠭᠤᠯᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ ᠦᠨ᠎ᠡ ᠲᠦᠯᠦᠪᠦᠷᠢ | ᠥᠬᠡᠶ ᠪᠠᠷ ᠣᠷᠣᠯᠴᠠᠵᠤ ᠪᠣᠯᠤᠨ᠎ᠠ᠃ | ᠳᠥᠷᠪᠡ᠂ ᠨᠡᠷ᠎ᠡ ᠮᠡᠳᠡᠭᠦᠯᠬᠦ ᠴᠠᠭ᠄ 2020 ᠣᠨ ᠤ 11 ᠰᠠᠷ᠎ᠠ ᠶᠢᠨ 4 ᠤ ᠡᠳᠦᠷ ᠠᠴᠠ 11 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨᠠᠬᠢ 6᠄ | 00 | ᠲᠠᠪᠤ᠂ ᠨᠡᠷ᠎ᠡ ᠮᠡᠳᠡᠭᠦᠯᠬᠦ ᠭᠠᠵᠠᠷ᠄ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠠᠮᠢᠳᠤᠷᠠᠯ ᠤᠨ ᠲᠣᠮᠣ ᠠᠰᠠᠷ ᠤᠨ ᠲᠠᠪᠤᠳᠤᠭᠠᠷ ᠳᠠᠪᠬᠤᠷᠯᠢᠭ ᠤᠨ | 509 ᠥᠷᠥᠭᠡ | ᠵᠢᠷᠭᠤᠭ᠎ᠠ᠂ ᠬᠠᠷᠢᠯᠴᠠᠬᠤ ᠬᠥᠮᠦᠨ᠄ ᠵᠦᠩ ᠺᠧ | ᠳᠣᠯᠤᠭ᠎ᠠ᠂ ᠠᠰᠠᠭᠤᠨ ᠯᠠᠪᠯᠠᠬᠤ ᠤᠲᠠᠰᠤ᠄ 17704784399 | | ᠤᠷᠠᠳ ᠤᠨ ᠡᠮᠦᠨᠡᠲᠦ ᠬᠤᠰᠢᠭᠤᠨ ᠤ ᠬᠥᠳᠡᠯᠮᠦᠷᠢ ᠠᠵᠢᠯ ᠣᠯᠭᠤᠯᠲᠠ ᠶᠢᠨ ᠲᠣᠪᠴᠢᠶ᠎ᠠ | 2020 ᠣᠨ ᠤ 11 ᠰᠠᠷ᠎ᠠ ᠶᠢᠨ 3 ᠤ ᠡᠳᠦᠷ | |