ᠣᠷᠠᠳ ᠤᠨ ᠡᠮᠦᠨᠡᠳᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠢᠯᠡᠳᠭᠡᠯ | | ︵2018 ᠣᠨ ᠤ 12 ᠰᠠᠷᠠᠶᠢᠨ 24 ᠡᠳᠦᠷ ᠲᠤ ᠪᠤᠯᠤᠭᠰᠠᠨ ᠣᠷᠠᠳ ᠤᠨ ᠡᠮᠦᠨᠡᠳᠦ | ᠬᠤᠰᠢᠭᠤᠨ ᠤ ᠠᠷᠪᠠᠨ ᠲᠣᠯᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠤᠭᠠᠨ ᠲᠡᠭᠡᠷ᠎ᠡ ︶ | | ᠣᠷᠠᠳ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠣᠨ ᠤ ᠬᠤᠰᠢᠭᠤ ᠲᠠᠷᠤᠭ᠎ᠠ | ᠰᠣᠶᠣᠯᠳᠣ | ᠲᠦᠯᠣᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠣᠭᠡᠯᠡᠨ ᠶᠡᠭᠡ ᠬᠤᠷᠠᠯ ᠳᠤ ᠢᠯᠡᠳᠭᠡᠯ ᠬᠢᠶ᠎ᠠ᠂ ᠬᠢᠨᠠᠨ ᠵᠦᠪᠯᠡᠬᠦ ᠪᠣᠯᠪᠠᠣ᠂ | ᠲᠡᠬᠦᠨᠴᠢᠯᠡᠨ ᠡᠯ᠎ᠠ ᠣᠯᠣᠰ ᠲᠦᠷᠣ ᠶᠢᠨ ᠵᠦᠪᠯᠡᠯᠭᠡᠨ ᠤ ᠬᠡᠰᠢᠬᠦᠳ ᠪᠣᠯᠣᠨ ᠬᠤᠷᠠᠯ ᠳᠤ ᠰᠣᠯᠠ ᠣᠷᠣᠯᠴᠠᠭᠰᠠᠳ ᠤᠨ ᠡᠷᠬᠢᠮ ᠨᠠᠨᠳᠢᠨ ᠰᠠᠨᠠᠯ ᠢᠶᠠᠨ ᠳᠡᠪᠰᠢᠬᠦᠯᠬᠦ ᠶᠢ | ᠬᠦᠰᠡᠵᠣ ᠪᠠᠶᠢᠨ᠎ᠠ᠃ | | 2 0 1 8 ᠣᠨ ᠤ ᠠᠵᠢᠯ ᠤᠨ ᠡᠷᠬᠢᠴᠡᠬᠦᠯᠦᠯ | | 2018 ᠣᠨ ᠪᠣᠯ ᠮᠠᠨ ᠤ ᠬᠤᠰᠢᠭᠤᠨ ᠤ ᠬᠦᠭᠵᠢᠯᠳᠡ ᠶᠢᠨ ᠲᠡᠣᠭᠡᠨ ᠳᠠᠬᠢ ᠲᠣᠶᠢᠯ ᠶᠢᠨ ᠣᠨᠴᠠᠭᠠᠢ᠂ ᠲᠣᠶᠢᠯ ᠤᠨ ᠤᠨᠴᠠᠭᠠᠢ᠂ ᠲᠣᠶᠢᠯ ᠤᠨ | ᠬᠠᠳᠠᠭᠤᠵᠢᠯᠳᠠᠢ᠂ ᠲᠣᠶᠢᠯ ᠤᠨ ᠶᠡᠷᠦ ᠪᠣᠰᠣ ᠶᠢᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠣᠷᠰᠢ᠂ ᠲᠠᠣᠭᠡᠨ ᠳᠤ ᠬᠤᠪᠣᠷ ᠲᠣᠬᠢᠶᠠᠯᠳᠣᠬᠤ ᠦᠶᠡᠷ ᠣᠰᠣᠳᠠᠯ ᠤᠨ | ᠭᠠᠮᠰᠢᠭ᠂ ᠬᠦᠨᠳᠣ ᠬᠡᠴᠡᠬᠦᠦ ᠲᠦᠪᠡᠭ ᠪᠣᠳᠣᠯᠢᠶᠠᠨᠳᠠᠢ ᠠᠵᠣ ᠠᠬᠤᠢ ᠶᠢᠨ ᠪᠠᠶᠢᠳᠠᠯ᠂ ᠶᠠᠳᠠᠭᠤ ᠠᠴᠠ ᠠᠩᠬᠢᠵᠢᠷᠠᠭᠤᠯᠵᠣ ᠪᠣᠭᠤᠮᠳᠠ ᠶᠢ ᠰᠢᠪᠳᠣᠯᠬᠤ᠂ ᠣᠷᠴᠢᠨ | ᠠᠬᠤᠢ ᠶᠢᠨ ᠵᠠᠰᠠᠯᠳᠠ᠂ ᠵᠠᠰᠠᠭ ᠤᠨ ᠣᠷᠳᠣᠨ ᠤ ᠦᠷᠢ ᠰᠢᠷᠢᠭᠳᠡᠯ ᠢ ᠦᠭᠡᠶᠢᠰᠬᠡᠬᠦ ᠵᠡᠷᠭᠡ ᠣᠯᠠᠨ ᠲᠠᠪᠬᠤᠷ ᠲᠠᠷᠤᠭᠠᠰᠤ ᠳᠤ ᠬᠠᠨᠳᠣᠨ᠂ ᠬᠤᠳᠠ ᠶᠢᠨ ᠨᠠᠮ ᠤᠨ | ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠲᠣᠣᠷ᠎ᠠ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠬᠡ ᠲᠤᠤᠷ᠎ᠠ ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠢ ᠪᠦᠯᠬᠦᠮᠳᠡᠨ ᠲᠠᠶᠢᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠲᠦᠪ ᠬᠤᠷᠢᠶ᠎ᠠ ᠦᠪᠡᠷᠳᠡᠭᠡᠨ ᠵᠠᠰᠠᠬᠤ ᠣᠷᠣᠨ | ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠣ ᠪᠣᠳᠣᠯᠭ᠎ᠠ ᠶᠢᠨ ᠲᠣᠬᠢᠷᠠᠭᠤᠯᠭ᠎ᠠ ᠶᠢ ᠬᠦᠨᠵᠡᠭᠡᠢ ᠲᠣᠣᠱᠯᠠᠭᠤᠯᠵᠣ᠂ ᠪᠦᠯᠬᠦᠮᠳᠡᠨ | ᠨᠢᠭᠡᠳᠴᠦ᠂ ᠬᠦᠴᠢᠷ ᠪᠠᠷᠬᠡᠰᠶᠡᠯ ᠢ ᠢᠯᠡᠵᠣ᠂ ᠠᠵᠣ ᠠᠬᠤᠢ ᠨᠡᠶᠢᠬᠡᠮ ᠤᠨ ᠬᠦᠭᠵᠢᠯᠳᠡ ᠨᠢ ᠬᠢᠮᠣᠷᠠᠯ ᠳᠤ ᠤᠴᠠᠷᠠᠭᠰᠠᠨ ᠬᠦᠴᠢᠷᠳᠡᠯ ᠲᠠᠢ ᠵᠢᠯ ᠳᠤ ᠲᠣᠭᠳᠠᠭᠤᠨ | ᠤ ᠲᠣᠮᠳᠠ ᠲᠠᠪᠰᠢᠯᠳᠠ ᠲᠠᠢ᠂ ᠲᠣᠭᠳᠠᠭᠤᠨ ᠤ ᠲᠣᠮᠳᠠ ᠴᠢᠨᠡᠷ ᠢᠶᠠᠨ ᠲᠡᠭᠡᠭᠰᠢᠯᠡᠬᠦᠯᠪᠡ᠃ ᠪᠠᠷᠤᠭᠴᠠᠭᠠᠯᠠᠪᠠᠯ ᠪᠦᠬᠦ ᠵᠢᠯ ᠳᠤ 121.7 ᠳ᠋ᠦᠩᠰᠢᠭᠤᠷ ᠲᠦᠬᠦᠷᠢᠭ | ᠤᠨ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠪᠡᠶᠡᠯᠡᠬᠦᠯᠵᠦ᠂ 5.5% ᠢᠶᠠᠷ ᠦᠰᠪᠡ᠃ ᠣᠯᠠᠨ ᠨᠠᠶᠢᠳᠡ ᠶᠢᠨ ᠡᠳ᠋ ᠶᠢᠨ ᠵᠠᠰᠠᠭ ᠤᠨ | ᠲᠦᠰᠦᠪ ᠤᠨ ᠣᠷᠣᠯᠭ᠎ᠠ ᠶᠢ 7.4 ᠳ᠋ᠦᠩᠰᠢᠭᠤᠷ ᠲᠦᠬᠦᠷᠢᠭ ᠪᠠᠶᠡᠯᠡᠬᠦᠯᠵᠦ᠂ ᠲᠡᠭᠡᠷ᠎ᠡ ᠵᠢᠯ ᠲᠠᠢ ᠲᠡᠩᠴᠡᠭᠦᠷᠢᠳᠠᠢ ᠪᠤᠯᠪᠠ᠃ ᠲᠣᠭᠳᠠᠮᠠᠯ ᠡᠳ᠋ ᠬᠦᠷᠦᠩᠭᠡ ᠶᠢᠨ | ᠪᠡᠯᠡ ᠣᠷᠣᠭᠤᠯᠣᠯᠳᠠ ᠶᠢ 25 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠬᠤᠳᠠ ᠬᠦᠳᠡᠭᠡᠨ ᠤ ᠰᠠᠭᠤᠭᠠᠯᠢ ᠠᠷᠠᠳ ᠤᠨ ᠣᠷᠣᠯᠭ᠎ᠠ ᠨᠢ ᠲᠣᠰᠪᠣᠷᠢ 29733 | ᠲᠦᠬᠦᠷᠢᠭ ᠪᠣᠯᠣᠨ16902 ᠲᠦᠬᠦᠷᠢᠭ ᠲᠤ ᠬᠦᠷᠴᠦ᠂ 7.5% ᠪᠠ8.1% ᠢᠶᠠᠷ ᠨᠡᠮᠡᠭᠳᠡᠪᠡ᠃ ᠨᠡᠶᠢᠭᠡᠮ ᠤᠨ ᠭᠡᠷᠡᠭᠯᠡᠭᠡᠨ ᠤ ᠵᠦᠢᠯ ᠢ ᠵᠢᠵᠢᠭᠯᠡᠨ | ᠬᠤᠳᠠᠯᠳᠣᠭᠰᠠᠨ ᠶᠡᠷᠦᠩᠬᠡᠢ ᠨᠣᠷᠮ᠎ᠠ ᠨᠢ 40.2 ᠳ᠋ᠦᠩᠰᠢᠭᠤᠷ ᠲᠦᠬᠦᠷᠢᠭ ᠲᠤ ᠬᠦᠷᠴᠦ᠂ 8% ᠢᠶᠠᠷ ᠨᠡᠮᠡᠭᠳᠡᠪᠡ᠃ | ᠨᠢᠬᠡ᠂ ᠭᠤᠣᠯᠳᠠᠯᠭ᠎ᠠ ᠶᠢ ᠲᠣᠪᠣᠶᠢᠯᠭᠠᠨ᠂ ᠬᠦᠴᠢᠷ ᠪᠡᠷᠬᠡᠰᠢᠶᠡᠯ ᠢ ᠢᠯᠠᠵᠣ᠂ ᠭᠤᠷᠪᠠᠨ ᠶᠡᠭᠡ ᠪᠠᠬᠢᠯᠠᠯᠳᠡ ᠶᠢ ᠰᠢᠪᠳᠣᠯᠬᠤ ᠲᠠᠶᠢᠯᠠᠯᠳᠣᠭᠠᠨ ᠤ ᠦᠷ᠎ᠡ | ᠪᠦᠳᠦᠮᠵᠢ ᠢᠯᠡᠷᠭᠡᠢ ᠪᠣᠯᠪᠠ | ᠵᠠᠰᠠᠭ ᠤᠨ ᠣᠷᠳᠣᠨ ᠤ ᠦᠷᠢ ᠰᠢᠷᠡᠭᠳᠡᠯ ᠤᠨ ᠨᠠᠮᠡᠭᠳᠡᠯ ᠢ ᠴᠢᠩᠭ᠎ᠠ ᠬᠢᠵᠠᠭᠠᠷᠯᠠᠬᠤ ᠶᠢ ᠪᠠᠷᠢᠮᠳᠠᠯᠠᠵᠣ᠂ ᠣᠬᠠᠮᠰᠠᠷ ᠠᠴᠠ ᠪᠠᠨ ᠦᠷᠢ ᠰᠢᠷᠢᠭᠳᠡᠯ ᠤᠨ | ᠬᠠᠳᠠᠭᠠᠯᠠᠮᠵᠢ ᠶᠢ ᠰᠠᠨᠠᠭᠠᠴᠢᠯᠠᠭ᠎ᠠ ᠠᠴᠠ ᠦᠭᠡᠶᠢᠰᠬᠡᠵᠦ᠂ ᠪᠦᠬᠦ ᠵᠢᠯ ᠳᠤ 7.9 ᠳ᠋ᠦᠩᠰᠢᠭᠤᠷ ᠲᠦᠬᠦᠷᠢᠭ ᠤᠨ ᠵᠠᠰᠠᠭ ᠤᠨ ᠣᠷᠳᠣᠨ ᠤ ᠦᠷᠢ ᠰᠢᠷᠢᠭᠳᠡᠯ ᠢ | ᠦᠬᠡᠶᠢᠰᠬᠡᠵᠣ᠂ ᠵᠢᠯ ᠤᠨ ᠦᠷᠢ ᠰᠢᠷᠢᠭᠳᠡᠯ ᠢ ᠦᠭᠡᠶᠢᠰᠬᠡᠬᠦ ᠡᠬᠦᠷᠭᠡ ᠪᠠᠨ ᠲᠠᠪᠠᠭᠤᠯᠢᠭ ᠪᠡᠶᠡᠯᠡᠬᠦᠯᠪᠡ᠃ ᠶᠠᠳᠠᠭᠤ ᠠᠴᠠ ᠠᠩᠭᠢᠵᠢᠷᠠᠭᠤᠯᠣᠨ ᠪᠠᠬᠢᠯᠡᠯᠲᠠ ᠶᠢ | ᠰᠢᠪᠳᠣᠯᠬᠤ ᠠᠵᠢᠯ ᠢ ᠨᠢᠭᠡᠳᠦᠭᠡᠷ ᠠᠷᠠᠳ ᠤᠨ ᠠᠮᠢᠳᠣᠷᠠᠯ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠣ᠂ 2.5 ᠳ᠋ᠦᠩᠰᠢᠭᠤᠷ ᠲᠦᠬᠦᠷᠢᠭ ᠤᠨ ᠡᠯ᠎ᠡ ᠲᠦᠷᠦᠯ ᠤᠨ | ᠶᠠᠳᠠᠭᠤ ᠠᠴᠠ ᠠᠩᠭᠢᠵᠢᠷᠠᠭᠤᠯᠬᠤ ᠪᠡᠯᠡ ᠮᠦᠩᠭᠦ ᠶᠢ ᠣᠷᠣᠭᠤᠯᠵᠣ᠂ ᠪᠦᠬᠦ ᠬᠤᠰᠢᠭᠤᠨ ᠤ ᠬᠦᠴᠣᠨ ᠢᠶᠠᠷ ᠶᠠᠳᠠᠭᠤ ᠬᠦᠴᠢᠷᠳᠡᠯᠲᠠᠢ ᠣᠯᠡᠨ ᠲᠦᠮᠡᠨ ᠢ ᠶᠠᠳᠠᠭᠤ ᠠᠴᠠ | ᠠᠩᠭᠢᠵᠢᠷᠠᠭᠤᠯᠣᠨ ᠪᠠᠶᠠᠵᠢᠭᠤᠯᠪᠠ᠃ ᠦᠪᠡᠷᠲᠡᠭᠡᠨ ᠵᠠᠰᠠᠬᠤ ᠣᠷᠣᠨ ᠤ ᠬᠤᠰᠢᠭᠤᠨ ᠳᠤ ᠰᠠᠭᠤᠭ᠎ᠠ ᠠᠵᠢᠯ ᠤᠨ ᠶᠡᠷᠣᠩᠭᠡᠢ ᠠᠩᠭᠢ ᠶᠢᠨ ᠬᠦᠮᠦᠰ ᠦᠨᠡᠨ | ᠰᠡᠳᠬᠢᠯ ᠠᠴᠠ ᠪᠠᠨ ᠴᠢᠷᠮᠠᠶᠢᠵᠣ᠂ ᠶᠡᠭᠡ ᠬᠡᠮᠵᠢᠶᠡᠨ ᠤ ᠬᠦᠴᠢᠷᠳᠡᠯ ᠪᠠ ᠠᠰᠠᠭᠤᠳᠠᠯ ᠢ ᠬᠠᠪᠰᠣᠷᠣᠨ ᠰᠢᠢᠳᠪᠣᠷᠢᠯᠡᠪᠡ᠃ ᠡᠯ᠎ᠡ ᠠᠵᠢᠯ ᠲᠦᠷᠦᠯ ᠤᠨ ᠰᠠᠯᠠᠭ᠎ᠠ | ᠮᠦᠴᠢᠷ ᠣᠯᠠᠨ ᠲᠠᠯ᠎ᠠ ᠠᠴᠠ ᠡᠬᠢ ᠪᠠᠶᠠᠯᠢᠭ ᠢ ᠨᠢᠭᠡᠳᠭᠡᠵᠣ᠂ 101 ᠲᠣᠰᠬᠤᠨ ᠳᠤ ᠰᠠᠭᠤᠭ᠎ᠠ ᠠᠵᠢᠯ ᠤᠨ ᠠᠩᠭᠢ᠂ 153 ᠳᠠᠭᠠᠭᠠᠴᠢᠯᠡᠨ ᠬᠠᠷᠢᠯᠴᠠᠬᠤ ᠨᠢᠭᠡᠴᠢ | ᠂ 3745 ᠬᠠᠪᠰᠣᠷᠣᠨ ᠳᠡᠮᠵᠢᠬᠦ ᠬᠠᠷᠢᠭᠤᠴᠠᠯᠭᠠᠲᠣ ᠬᠦᠮᠦᠰ ᠰᠡᠳᠬᠢᠯᠬᠡ ᠪᠠ ᠬᠠᠷᠢᠭᠤᠴᠠᠯᠭ᠎ᠠ ᠶᠢ ᠡᠪᠣᠷᠯᠡᠨ ᠠᠶᠢᠯ ᠲᠣᠰᠬᠤᠨ ᠳᠤ ᠣᠷᠣᠵᠣ᠂ ᠠᠰᠠᠭᠤᠳᠠᠯ ᠢ | ᠪᠠᠶᠢᠴᠠᠭᠠᠨ ᠴᠡᠭᠴᠡᠯᠡᠬᠦ ᠠᠵᠢᠯ ᠢ ᠯᠠᠪᠳᠠᠭᠤᠨ ᠪᠠᠳᠤᠳᠠᠢ ᠶᠠᠪᠣᠭᠳᠠᠭᠤᠯᠵᠣ᠂ ᠦᠷᠭᠡᠨ ᠣᠯᠡᠨ ᠶᠠᠳᠠᠭᠤ ᠬᠦᠴᠢᠷᠳᠡᠯ ᠲᠠᠢ ᠡᠷᠦᠬᠡ ᠦᠨᠡᠨ ᠰᠡᠳᠬᠢᠯ ᠠᠴᠠ ᠪᠠᠨ | ᠬᠦᠷᠢᠶᠡᠯᠡᠨ᠂ ᠦᠪᠡᠷ ᠤᠨ ᠬᠦᠴᠦ ᠪᠠᠷ ᠢᠶᠠᠨ ᠳᠡᠭᠵᠢᠷᠡᠵᠥ᠂ ᠵᠢᠯ ᠤᠨ ᠲᠣᠲᠣᠷ᠎ᠠ 405 ᠡᠷᠣᠬᠡ 811 ᠬᠦᠮᠣᠨ ᠤ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠵᠦ | ᠂ 9180 ᠡᠷᠣᠬᠡ 18699 ᠬᠦᠮᠣᠨ ᠢ ᠪᠠᠬᠢᠵᠢᠬᠦᠯᠦᠨ ᠳᠡᠭᠡᠭᠰᠢᠯᠡᠬᠦᠯᠵᠦ᠂ ᠶᠠᠳᠠᠭᠤ ᠬᠦᠴᠢᠷᠳᠡᠯ ᠡᠬᠦᠰᠬᠦ ᠨᠣᠷᠮ᠎ᠠ ᠨᠢ 0.16% ᠢᠶᠠᠷ ᠪᠠᠭᠤᠷᠠᠵᠣ᠂ | ᠦᠪᠡᠷᠳᠡᠭᠡᠨ ᠵᠠᠰᠠᠬᠤ ᠣᠷᠣᠨ ᠤ ᠶᠡᠳᠠᠭᠤ ᠭᠦᠴᠢᠷᠳᠡᠯ ᠲᠠᠢ ᠬᠤᠰᠢᠭᠤ ᠰᠢᠶᠠᠨ ᠤ ︽ᠶᠠᠳᠠᠭᠤ ᠠᠴᠠ ᠠᠩᠬᠢᠵᠢᠷᠠᠨ ᠶᠠᠳᠠᠭᠤ ᠶᠢᠨ ᠮᠠᠯᠠᠭᠠᠢ ᠪᠠᠨ ᠲᠠᠶᠠᠭᠳᠠᠬᠤ︾ | ᠦᠨᠡᠯᠡᠨ ᠪᠠᠶᠢᠴᠠᠭᠠᠬᠤ ᠲᠣᠭᠤᠶᠢᠯᠠᠩ ᠤᠨ ᠬᠦᠢᠴᠡᠳ ᠨᠤᠳᠠᠯᠠᠭᠳᠠᠪᠠ᠃ ᠲᠦᠪ ᠬᠤᠷᠢᠶ᠎ᠠ ᠶᠢᠨ ᠣᠷᠴᠢᠨ ᠠᠬᠤᠢ ᠶᠢᠨ ᠬᠠᠮᠠᠭᠠᠯᠠᠯᠳᠠ ᠶᠢ ᠱᠠᠭᠠᠷᠳᠠᠨ ᠪᠠᠶᠢᠴᠠᠭᠠᠬᠤ | ᠵᠢᠴᠢ ︽ᠡᠷᠭᠢᠵᠤ ᠬᠠᠷᠠᠬᠤ︾ ᠴᠡᠭᠴᠡᠯᠡᠨ ᠵᠠᠰᠠᠬᠤ ᠡᠬᠦᠷᠬᠡ ᠶᠢ ᠨᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ 13 ᠵᠠᠬᠢᠳᠠᠯ ᠰᠣᠷᠪᠣᠯᠵᠢᠯᠠᠭ᠎ᠠ ᠶᠢᠨ ᠭᠡᠷᠡᠭ ᠢ ᠴᠠᠭ | ᠲᠣᠬᠠᠢ ᠳᠤᠨᠢ ᠰᠢᠢᠳᠪᠣᠷᠢᠯᠠᠵᠣ᠂ ᠨᠢᠭᠡ ᠪᠦᠯᠦᠭ ᠣᠯᠠᠨ ᠲᠦᠮᠡᠨ ᠤ ᠲᠣᠰᠬᠠᠯ ᠶᠡᠬᠡᠳᠡᠢ ᠣᠷᠴᠢᠨ ᠠᠬᠤᠢ ᠶᠢᠨ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠵᠦ᠂ | ᠡᠨᠧᠷᠬᠢ ᠶᠢ ᠠᠷᠪᠢᠯᠠᠨ ᠬᠤᠷᠣᠭᠳᠠᠯ ᠢᠶᠠᠨ ᠪᠠᠭᠠᠰᠬᠠᠬᠤ ᠵᠡᠷᠭᠡ ᠬᠢᠵᠠᠭᠠᠷᠯᠠᠯᠳᠠ ᠶᠢᠨ ᠴᠢᠨᠠᠷᠳᠠᠢ ᠬᠦᠢᠴᠡᠳᠭᠡᠯ ᠲᠤᠭ᠎ᠠ ᠶᠢ ᠠᠮᠵᠢᠯᠳᠠᠳᠠᠢ ᠪᠡᠶᠡᠯᠡᠬᠦᠯᠵᠡᠢ᠃ ᠠᠭᠤᠯᠠ | ᠣᠰᠣ ᠣᠢ ᠲᠠᠷᠢᠶ᠎ᠠ ᠨᠠᠭᠤᠷ ᠡᠪᠡᠰᠦ ᠲᠠᠯ᠎ᠠ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠳᠡᠢ ᠲᠦᠯᠦᠪᠯᠡᠨ ᠠᠬᠢᠭᠤᠯᠬᠤ ᠶᠢ ᠪᠠᠷᠢᠮᠳᠠᠯᠠᠵᠣ᠂ ᠬᠤᠰᠢᠭᠤᠨ ᠤ | ᠲᠦᠷᠪᠡᠨ ᠶᠡᠭᠡ ᠣᠳᠣᠷᠢᠳᠬᠤ ᠪᠠᠭ ᠨᠢ ᠲᠣᠬᠠᠢ ᠶᠢᠨ ᠭᠠᠵᠠᠷ ᠲᠤ ᠵᠢᠯᠣᠭᠤᠳᠴᠣ᠂ ᠭᠡᠰᠡᠭ ᠲᠠᠭᠠᠭᠠᠴᠢᠯᠠᠨ ᠬᠠᠷᠢᠭᠤᠴᠠᠵᠣ᠂ ᠦᠷᠭᠡᠨ ᠣᠯᠠᠨ ᠺᠠᠳ᠋ᠷᠴᠤᠳ ᠡᠮᠦᠨ᠎ᠡ | ᠹᠷᠣᠨᠲ ᠳᠤ ᠬᠦᠨᠵᠡᠬᠡᠶᠢᠷᠡᠨ᠂ ᠬᠠᠮᠳᠣᠪᠠᠷ ᠮᠣᠨᠠ ᠠᠭᠤᠯᠠ ᠶᠢᠨ ᠲᠣᠭᠤᠷᠢᠨ ᠤ ᠠᠭᠤᠷᠬᠠᠢ ᠶᠢ ᠵᠠᠰᠠᠬᠤ ᠴᠡᠭᠴᠡᠯᠡᠬᠦ ᠪᠠ ᠠᠮᠢ ᠠᠬᠤᠢ ᠢ ᠰᠡᠷᠬᠦᠬᠡᠬᠦ ᠡᠭᠦᠷᠭᠡ ᠶᠢ | ᠬᠠᠮᠳᠣᠪᠠᠷ ᠶᠠᠪᠣᠭᠳᠠᠭᠤᠯᠵᠣ᠂ 20.6 ᠲᠡᠭᠰᠢ ᠲᠦᠷᠪᠡᠯᠵᠡᠨ ᠺᠢᠯᠣᠮᠧᠲᠷ ᠲᠠᠯᠠᠪᠠᠢ ᠶᠢᠨ ᠵᠠᠰᠠᠨ ᠰᠡᠷᠬᠦᠬᠡᠬᠦ ᠠᠵᠢᠯ ᠢ ᠪᠡᠶᠡᠯᠡᠭᠦᠯᠵᠦ᠂ 24 ᠡᠷᠦᠬᠡ ᠠᠭᠤᠷᠬᠠᠢ ᠶᠢᠨ | ᠠᠵᠣ ᠠᠬᠤᠶᠢᠯᠠᠯ ᠢ ᠨᠢᠭᠡᠳᠭᠡᠨ ᠲᠠᠪᠳᠠᠨ ᠪᠦᠯᠦᠭᠯᠡᠨ7 ᠡᠷᠦᠭᠡ ᠪᠣᠯᠭᠠᠵᠣ᠂ ᠪᠣᠬᠢᠷᠳᠠᠯ ᠦᠭᠡᠢ ᠠᠭᠤᠷᠬᠠᠢ ᠶᠢ ᠪᠦᠳᠦᠭᠡᠨ ᠪᠠᠶᠢᠭᠤᠯᠬᠤ ᠳᠤ ᠵᠠᠩᠬᠢᠯᠭ᠎ᠠ ᠶᠢᠨ ᠨᠢᠭᠡ | ᠠᠯᠬᠤᠮ ᠢᠶᠠᠨ ᠠᠯᠬᠤᠪᠠ᠃ ᠪᠤᠵᠠᠷ ᠤᠰᠤᠨ ᠤ ᠢᠷᠡᠯᠳᠡ ᠶᠢ ︽ᠳᠠᠯᠠᠢ ᠳᠤ ᠣᠭᠳᠣᠬᠠᠨ ᠴᠣ᠋ ᠤᠷᠤᠭᠤᠯᠬᠤ ᠦᠭᠡᠢ︾ ᠢᠨᠵᠧᠨᠧᠷᠢᠭ ᠢ ᠪᠦᠬᠦ ᠲᠠᠯ᠎ᠠ ᠪᠠᠷ | ᠠᠬᠢᠭᠤᠯᠵᠣ᠂ ᠲᠠᠬᠢᠯᠳᠠ ᠣᠰᠣ ᠶᠢ ᠠᠰᠢᠭᠯᠠᠬᠤ ᠵᠢᠯ ᠤᠨ ᠬᠠᠷᠠᠯᠳᠠ ᠡᠬᠦᠷᠬᠡ ᠪᠠᠨ ᠪᠡᠶᠡᠯᠡᠬᠦᠯᠪᠡ᠃ ᠲᠠᠠᠷᠢᠶᠠᠯᠠᠩ ᠤᠨ ᠬᠦᠷᠦᠰᠦᠨ ᠤ ᠪᠣᠬᠢᠷᠳᠠᠯ ᠤᠨ ︽ᠲᠦᠷᠪᠡᠨ | ᠬᠢᠵᠠᠭᠠᠷᠯᠠᠬᠤ︾ ᠠᠵᠢᠯᠯᠠᠭ᠎ᠠ ᠶᠢ ᠡᠬᠢᠯᠡᠨ ᠶᠠᠪᠣᠭᠳᠠᠭᠤᠯᠵᠣ᠂ 8 ᠪᠣᠷᠳᠣᠭᠤᠷ ᠨᠠᠶᠢᠷᠠᠭᠤᠯᠬᠤ ᠦᠷᠳᠡᠭᠡ ᠶᠢ ᠪᠠᠶᠢᠭᠤᠯᠵᠣ᠂110 ᠲᠦᠮᠡᠨ ᠮᠣ᠋ ᠶᠢᠨ ᠣᠰᠣ | ᠪᠣᠷᠳᠣᠭᠤᠷ ᠢ ᠨᠢᠭᠡ ᠴᠣᠭᠴᠠᠵᠢᠭᠤᠯᠬᠤ ᠶᠢ ᠲᠡᠯᠭᠡᠷᠡᠬᠦᠯᠵᠦ᠂ 180 ᠲᠦᠮᠡᠨ ᠮᠤ᠋ ᠳᠤ ᠪᠣᠬᠢᠷᠳᠠᠯ ᠦᠭᠡᠢ ᠰᠡᠷᠭᠢᠯᠡᠯᠳᠡ ᠬᠢᠵᠠᠭᠠᠷᠯᠠᠯᠳᠠ ᠶᠢ ᠶᠠᠪᠣᠭᠳᠠᠭᠤᠯᠪᠠ᠃ | ᠭᠤᠣᠯ ︵ᠨᠠᠭᠤᠷ︶ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠣ᠂ ᠡᠯ᠎ᠡ ᠱᠠᠳᠣᠨ ᠤ ᠭᠤᠣᠯ ︵ᠨᠠᠭᠤᠷ︶ ᠤᠨ ᠲᠠᠷᠤᠭ᠎ᠠ ᠶᠢ266 ᠨᠠᠷᠠᠰ | ᠨᠠᠶᠢᠳᠠᠪᠣᠷᠢᠵᠢᠭᠤᠯᠪᠠ᠃ ᠠᠵᠣ ᠦᠢᠯᠡᠳᠪᠦᠷᠢ ᠶᠢᠨ ᠣᠰᠣᠨ ᠤ ᠰᠣᠷᠪᠣᠯᠵᠢ ᠶᠢᠨ10 ᠬᠤᠳᠳᠤᠭ ᠢ ᠬᠠᠭᠠᠵᠣ᠂ ᠲᠠᠷᠢᠶᠠᠯᠠᠩ ᠶᠢᠨ ᠣᠰᠣ ᠠᠷᠪᠢᠯᠠᠬᠤ ᠢᠨᠵᠧᠨᠧᠷᠢᠭ ᠢ | 2.1 ᠲᠦᠮᠡᠨ ᠮᠣ᠋ ᠭᠡᠷᠡᠭᠵᠢᠬᠦᠯᠵᠦ᠂ ᠬᠡᠳᠦᠷᠡᠳᠡᠯ᠎ᠡ ᠭᠠᠷᠭᠠᠭᠰᠠᠨ ᠣᠰᠣᠨ ᠤ ᠬᠡᠮᠵᠢᠶ᠎ᠡ ᠶᠢ1838 ᠲᠦᠮᠡᠨ ᠪᠣᠰᠤᠭ᠎ᠠ ᠲᠦᠷᠪᠡᠯᠵᠢᠨ ᠮᠧᠲᠷ ᠪᠠᠭᠠᠰᠬᠠᠪᠠ᠃ | ᠤᠶᠢᠵᠢᠭᠤᠯᠤᠨ ᠨᠣᠭᠤᠭᠠᠷᠠᠭᠤᠯᠬᠤ ᠡᠷᠴᠢᠮ ᠢ ᠶᠡᠭᠡᠰᠭᠡᠵᠦ᠂ ᠲᠠᠷᠢᠶᠠᠴᠢᠨ ᠮᠠᠯᠴᠢᠳ ᠢ ᠲᠡᠮᠵᠢᠨ ᠴᠢᠨ᠋ᠸ᠎ᠡ ᠶᠢᠨ ᠬᠠᠷᠮᠠᠭ ᠤᠨ ᠲᠦᠷᠦᠯ ᠵᠦᠢᠯ ᠢ 4900 ᠮᠣ᠋ | ᠰᠢᠨᠡᠳᠭᠡᠵᠦ᠂ ᠵᠢᠵᠢᠭ ᠬᠤᠯᠢᠮᠠᠭ ᠵᠢᠮᠢᠰ ᠤᠨ ᠠᠵᠣ ᠠᠬᠤᠢ ᠶᠢᠨ ᠣᠢ ᠶᠢ 5100 ᠮᠣ᠋ ᠬᠦᠭᠵᠢᠬᠦᠯᠵᠦ᠂10 ᠲᠦᠮᠡᠨ ᠮᠣ᠋ ᠶᠢ ᠪᠢᠳᠡᠭᠦᠮᠵᠢᠯᠡᠨ ᠪᠤᠶᠢᠵᠢᠭᠤᠯᠵᠤ᠂ | ᠣᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠣᠯᠳᠠ ᠶᠢ ᠬᠤᠷᠠᠮᠳᠣᠭᠤᠯᠪᠠᠯ16 ᠲᠦᠮᠡᠨ ᠮᠣ᠋ ᠪᠡᠶᠡᠯᠡᠬᠦᠯᠵᠦ᠂ ᠠᠮᠢ ᠠᠬᠤᠢ ᠶᠢᠨ ᠣᠷᠴᠢᠨ ᠲᠣᠭᠤᠷᠢᠨ | ᠦᠷᠬᠦᠯᠵᠢᠯᠠᠨ ᠰᠠᠶᠢᠵᠢᠷᠠᠪᠠ᠃ | ᠬᠤᠶᠠᠷ᠂ ᠲᠠᠪᠴᠠᠩ ᠪᠠᠨ ᠪᠠᠬᠢᠵᠢᠬᠦᠯᠵᠦ᠂ ᠲᠦᠷᠦᠯ ᠵᠦᠢᠯ ᠢᠶᠠᠷ ᠲᠠᠶᠢᠴᠢᠯᠠᠵᠣ᠂ ᠠᠵᠣ ᠠᠬᠤᠢ ᠲᠣᠭᠳᠠᠭᠤᠨ ᠤ ᠲᠣᠮᠳᠠ ᠣᠷᠣᠭᠰᠢᠯᠠᠯᠳᠠ ᠲᠠᠢ ᠪᠣᠯᠪᠠ | | ᠪᠣᠭᠤᠳᠣ ᠶᠢᠨ ᠪᠠᠷᠠᠭᠤᠨᠳᠠᠬᠢ ᠠᠵᠣ ᠦᠢᠯᠠᠳᠪᠦᠷᠢ ᠶᠢᠨ ᠲᠣᠭᠤᠷᠢᠭ ᠤᠨ ᠶᠡᠷᠦᠩᠬᠡᠢ ᠶᠢ ᠦᠨᠡᠯᠡᠬᠦ ᠠᠵᠢᠯ ᠶᠢ ᠡᠬᠢᠯᠡᠬᠦᠯᠵᠦ᠂ ᠢᠳᠡᠭᠡᠨ ᠤ ᠠᠵᠣ | ᠦᠢᠯᠠᠳᠪᠦᠷᠢ ᠶᠢᠨ ᠬᠦᠷᠢᠶᠡᠯᠡᠩ ᠤᠨ ᠠᠵᠣ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠲᠡᠭᠦᠯᠳᠡᠷᠵᠢᠭᠦᠯᠵᠦ᠂ ᠨᠢᠭᠡ ᠪᠦᠯᠦᠭ ᠵᠠᠰᠠᠮᠠᠯ ᠵᠠᠮ᠂ ᠬᠤᠭᠤᠯᠠᠢ | ᠶᠢᠨ ᠲᠤᠤᠷᠵᠢᠯ ᠂ ᠴᠡᠴᠡᠷᠯᠢᠭ ᠢ ᠨᠣᠭᠤᠭᠠᠷᠠᠵᠢᠭᠤᠯᠬᠤ ᠵᠡᠷᠭᠡ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ ᠭᠡᠷᠡᠭᠵᠢᠬᠦᠯᠵᠦ᠂ ᠲᠤᠭᠤᠷᠢᠭ ᠤᠨ ᠶᠡᠷᠦᠩᠬᠡᠢ | ᠲᠠᠭᠠᠭᠴᠠ ᠶᠢᠨ ᠴᠢᠳᠠᠪᠣᠷᠢ ᠣᠯᠠᠮ ᠨᠢᠭᠡ ᠠᠯᠬᠤᠮ ᠲᠡᠭᠡᠭᠰᠢᠯᠡᠪᠡ᠃ ᠪᠠᠷᠣᠭᠯᠠᠬᠤ ᠳᠤ ᠬᠡᠪᠴᠢᠶᠡᠵᠢᠭᠰᠡᠨ ᠠᠵᠤ ᠦᠢᠯᠡᠳᠪᠦᠷᠢ ᠶᠢᠨ ᠨᠠᠮᠡᠭᠳᠡᠯ ᠦᠷᠳᠡᠭ ᠢ 26.9 | ᠳ᠋ᠦᠩᠰᠢᠭᠤᠷ ᠲᠦᠬᠦᠷᠢᠭ ᠪᠡᠶᠡᠯᠡᠬᠦᠯᠵᠦ᠂ 6.2 ᠳ᠋ᠦᠩᠰᠢᠭᠤᠷ ᠲᠦᠬᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠬᠦᠯᠵᠦ᠂ 47.6% ᠢᠶᠠᠷ ᠦᠰᠪᠡ᠃ ᠮᠢᠩᠭᠠᠨ | ᠲᠦᠮᠡᠨ ᠲᠦᠬᠦᠷᠢᠭ ᠠᠴᠠ ᠲᠡᠭᠡᠭᠰᠢᠬᠢ ᠠᠵᠣ ᠦᠢᠯᠠᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ 33 ᠶᠢ ᠭᠡᠷᠡᠭᠵᠢᠬᠦᠯᠵᠦ᠂ ᠳ᠋ᠦᠩ ᠯᠢ ᠶᠢᠨ ᠨᠢᠭᠡᠳᠦᠭᠡᠷ | ᠬᠤᠭᠤᠴᠠᠭᠠᠨ ᠤ 1.2 ᠲᠦᠮᠡᠨ ᠲᠣᠨ ᠤ ᠣᠯᠠᠨ ᠲᠠᠯᠠᠰᠳᠣ ᠴᠠᠬᠢᠭᠤᠷ ᠤᠨ ᠦᠢᠯᠡᠳᠪᠦᠷᠢᠯᠡᠯ ᠤᠨ ᠱᠣᠭᠤᠮ ᠢ ᠪᠠᠶᠢᠭᠤᠯᠣᠨ ᠡᠷᠬᠢᠯᠳᠡ ᠳᠤ ᠣᠷᠣᠭᠤᠯᠣᠨ᠂ | ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠢ ᠪᠦᠬᠦ ᠲᠠᠯ᠎ᠠ ᠪᠠᠷ ᠬᠦᠳᠠᠯᠭᠡᠵᠦ᠂ ᠬᠤᠸᠠ ᠨᠧᠩ ᠤᠨ4 ᠲᠦᠮᠡᠨ ᠺᠢᠯᠣᠸᠠᠲ ᠭᠡᠷᠡᠯ ᠴᠢᠬᠢᠯᠭᠠᠨ ᠤ ᠶᠡᠳᠠᠭᠤ ᠶᠢ | ᠲᠡᠳᠬᠦᠬᠦ ᠲᠦᠷᠦᠯ ᠵᠦᠢᠯ ᠢ ᠲᠣᠣᠷ ᠨᠠᠶᠢᠯᠠᠬᠦᠯᠦᠨ ᠴᠠᠬᠢᠯᠭᠠᠨ ᠭᠠᠷᠭᠠᠵᠣ᠂ ᠮᠧᠩ ᠷᠦᠨ ᠤᠨ ᠬᠦᠬᠦᠷ ᠬᠦᠴᠢᠯ ᠤᠨ ᠺᠠᠯᠢᠳᠣ ᠪᠤᠷᠳᠤᠭᠤᠷ᠂ ᠲᠢᠶᠠᠨ ᠾᠧᠩ | ᠮᠣᠩᠭᠤᠯ ᠬᠢᠳᠠᠳ ᠡᠮ ᠤᠨ ᠴᠢᠨᠠᠬᠤ ᠡᠮ ᠢ ᠪᠣᠯᠪᠠᠰᠣᠷᠠᠭᠤᠯᠬᠤ᠂ ᠰᠢᠩ ᠰᠢᠩ ᠪᠠᠶᠢᠭᠠᠯᠢ ᠶᠢᠨ ᠰᠢᠳᠠᠮᠠᠬᠠᠢ ᠭᠡᠢ ᠶᠢᠨ ᠰᠢᠩᠬᠡᠵᠢᠯ᠂ ᠲᠠᠯ᠎ᠠ ᠨᠣᠳᠤᠭ ᠤᠨ ᠬᠤᠩ | ᠲᠠᠢ ᠬᠠᠮᠳᠣᠷᠠᠭᠰᠠᠨ ᠮᠢᠬ᠎ᠠ ᠶᠢ ᠬᠦᠨᠵᠡᠬᠡᠢ ᠪᠣᠯᠪᠠᠰᠣᠷᠠᠭᠤᠯᠬᠤ ᠲᠦᠷᠦᠯ ᠵᠦᠢᠯ ᠢ ᠪᠠᠶᠢᠭᠤᠯᠵᠣ ᠡᠷᠬᠢᠯᠳᠡ ᠳᠤ ᠣᠷᠣᠭᠤᠯᠵᠣ᠂ ᠱᠠᠩ ᠱᠠᠩ ᠹᠡᠩ ᠬᠤᠷᠭᠤᠯᠵᠠᠨ | ᠬᠦᠴᠢᠯ ᠤᠨ ᠴᠠᠬᠢᠯᠭᠠᠨ ᠬᠤᠷᠢᠶᠠᠭᠤᠷ᠂ ᠰᠢᠨ ᠲᠠᠢ ᠾᠧ ᠪᠠᠯ ᠴᠢᠯᠠᠭᠤ ᠶᠢᠨ ᠪᠢᠯᠢᠭ ᠲᠣᠶᠢᠯ ᠤᠨ ᠮᠠᠲ᠋ᠧᠷᠢᠶᠠᠯ᠂ ᠱᠧᠩ ᠴᠢᠣᠸᠠᠨ ᠺᠧ ᠯᠢ ᠶᠣᠸᠠᠨ ᠤ 6 ᠲᠦᠮᠡᠨ | ᠲᠣᠨ ᠤ ᠣᠨᠴᠠ ᠲᠦᠷᠦᠯ ᠤᠨ ᠬᠠᠶᠢᠯᠣᠰᠢ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠵᠣ᠂ ᠰᠢᠨ᠎ᠡ ᠠᠵᠣ ᠠᠬᠤᠢ ᠶᠢᠨ ᠦᠰᠦᠯᠳᠡ ᠶᠢᠨ ᠴᠡᠭ ᠢ | ᠪᠦᠷᠢᠯᠳᠦᠬᠦᠯᠪᠡ᠃ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠣ᠂ ᠠᠵᠣ ᠠᠬᠤᠶᠢᠯᠠᠯ ᠤᠨ ᠦᠢᠯᠡᠳᠪᠦᠷᠢᠯᠡᠯ ᠤᠨ ᠲᠣᠭᠳᠠᠪᠣᠷᠢᠵᠢᠯ ᠢ ᠪᠠᠷᠢᠮᠳᠠᠯᠠᠵᠣ᠂ ᠪᠦᠬᠦ ᠵᠢᠯ | ᠳᠤ 3507 ᠳ᠋ᠦᠩᠰᠢᠭᠤᠷ ᠲᠦᠬᠦᠷᠢᠭ ᠤᠨ ᠠᠵᠣ ᠠᠬᠤᠶᠢᠯᠠᠯ ᠤᠨ ᠭᠠᠶᠢᠯᠢ ᠶᠢᠨ ᠲᠠᠷᠣᠭᠠᠰᠣ ᠶᠢ ᠬᠦᠩᠭᠡᠯᠡᠵᠦ᠂ ᠠᠵᠣ ᠠᠬᠤᠶᠢᠯᠠᠯ ᠢ ᠬᠠᠪᠰᠣᠷᠣᠨ1 ᠳ᠋ᠦᠩᠰᠢᠭᠤᠷ | ᠲᠦᠬᠦᠷᠢᠭ ᠤᠨ ᠵᠢᠭᠡᠯᠡᠯᠭᠡ ᠶᠢ ᠲᠣᠬᠢᠷᠠᠭᠤᠯᠵᠣ᠂ 2.8 ᠳ᠋ᠦᠩᠰᠢᠭᠤᠷ ᠲᠦᠬᠦᠷᠢᠭ ᠤᠨ ᠴᠠᠬᠢᠯᠭᠠᠨ ᠭᠡᠷᠡᠭᠯᠡᠬᠦ ᠦᠪᠡᠷ ᠤᠨ ᠦᠷᠳᠡᠭ ᠢ ᠪᠠᠭᠤᠷᠠᠭᠤᠯᠪᠠ᠃ | ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠲᠦᠷᠦᠯ ᠵᠦᠢᠯ ᠢ 29 ᠨᠠᠶᠢᠳᠠᠪᠣᠷᠢᠵᠢᠭᠤᠯᠵᠣ᠂ 34 ᠳ᠋ᠦᠩᠰᠢᠭᠤᠷ ᠲᠦᠭᠦᠷᠢᠭ ᠤᠨ ᠪᠡᠯᠡ ᠮᠦᠩᠬᠦ ᠨᠢ ᠣᠷᠣᠨ | ᠪᠠᠶᠢᠷᠢ ᠳᠠᠭᠠᠨ ᠣᠴᠢᠪᠠ᠃ ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠣᠯᠠᠮ ᠨᠢᠭᠡ ᠠᠯᠬᠤᠮ ᠲᠠᠭᠰᠢᠷᠠᠭᠤᠯᠵᠣ᠂ ᠲᠠᠯᠳᠠ ᠭᠡᠮ ᠢ | ᠵᠢᠭᠰᠠᠭᠠᠨ ᠪᠠᠶᠢᠴᠠᠭᠠᠵᠣ ᠴᠡᠭᠴᠡᠯᠡᠬᠦ ᠶᠢ ᠪᠠᠶᠢᠡᠭᠭᠤᠴᠢᠯᠠᠵᠤ᠂ ᠠᠶᠣᠯ ᠦᠭᠡᠢ ᠦᠢᠯᠡᠳᠪᠦᠷᠢᠯᠡᠯ ᠤᠨ ᠪᠠᠶᠢᠳᠠᠯ ᠲᠣᠭᠳᠠᠭᠤᠨ ᠢᠶᠠᠷ ᠰᠠᠶᠢᠵᠢᠷᠠᠪᠠ᠃ | ᠭᠤᠷᠪᠠ᠂ ᠰᠠᠭᠤᠷᠢ ᠶᠢ ᠴᠢᠩᠭᠠᠳᠬᠠᠨ᠂ ᠠᠵᠣ ᠦᠢᠯᠡᠰ ᠢ ᠲᠠᠭᠠᠭᠤᠯᠣᠨ᠂ ᠬᠦᠳᠡᠭᠡ ᠲᠣᠰᠬᠤᠨ ᠢ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢ ᠪᠦᠬᠦ ᠲᠠᠯ᠎ᠠ | ᠪᠠᠷ ᠨᠠᠶᠢᠳᠠᠪᠣᠷᠢᠵᠢᠭᠤᠯᠪᠠ | ᠦᠨᠳᠦᠰᠦ ᠪᠠᠨ ᠪᠠᠬᠢᠵᠢᠭᠦᠯᠦᠨᠰᠠᠭᠤᠷᠢ ᠪᠠᠨ ᠪᠠᠳᠣᠳᠬᠠᠬᠤ ᠶᠢ ᠪᠠᠨᠷᠢᠮᠳᠠᠯᠠᠨ᠂ ᠰᠠᠭᠤᠷᠢ ᠲᠣᠨᠤᠭ ᠲᠦᠬᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠪᠦᠬᠦ | ᠬᠦᠴᠦᠨ ᠢᠶᠠᠷ ᠠᠬᠢᠭᠤᠯᠵᠣ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠭᠡᠷᠡᠴᠢᠯᠡᠯᠳᠡ ᠨᠢ ᠦᠨᠳᠦᠷ ᠪᠠᠶᠢᠮᠵᠢᠶᠠ ᠲᠠᠢ ᠪᠠᠷ 33 ᠲᠦᠮᠡᠨ ᠮᠣ᠋ ᠭᠡᠷᠡᠭᠵᠢᠬᠦᠯᠵᠦ᠂ | 97.4 ᠺᠢᠯᠣᠮᠧᠲᠷ ᠲᠣᠰᠬᠤᠨ ᠳᠤ ᠨᠠᠪᠲᠡᠷᠡᠬᠦ ᠵᠠᠰᠠᠮᠠᠯ ᠵᠠᠮ ᠢ ᠰᠢᠨ᠎ᠡ ᠪᠠᠷ ᠵᠠᠰᠠᠨ ᠪᠠᠶᠢᠭᠤᠯᠵᠣ᠂ ᠰᠢᠶᠠᠨ ᠹᠧᠩ ᠤᠨ110 ᠺᠢᠯᠣᠸᠠᠲ ᠬᠦᠴᠦᠳᠡᠯ ᠦᠭᠡᠷᠡᠴᠢᠯᠡᠭᠦ | ᠢᠨᠵᠧᠨᠧᠷᠢᠭ ᠢ ᠬᠡᠷᠡᠭᠵᠢᠬᠦᠯᠵᠦ᠂ 199 ᠺᠢᠯᠣᠮᠧᠲᠷ ᠲᠠᠷᠢᠶᠠᠯᠠᠩ ᠤᠨ ᠲᠣᠣᠷᠵᠢᠯ᠂ 15 ᠠᠶᠣᠯᠬᠦᠢ ᠣᠣᠭᠤᠬᠤ ᠣᠰᠣᠨ ᠤ ᠭᠠᠵᠠᠷ ᠢ ᠪᠡᠶᠡᠯᠡᠬᠦᠯᠵᠦ᠂ | ᠲᠠᠷᠢᠶᠠᠯᠠᠬᠤ ᠮᠠᠯᠵᠢᠬᠤ ᠣᠷᠣᠨ ᠤ ᠦᠢᠯᠡᠳᠪᠦᠷᠢᠯᠡᠯ ᠤᠨ ᠨᠦᠬᠦᠴᠡᠯ ᠢᠯᠡᠷᠭᠡᠢ ᠰᠠᠶᠢᠵᠢᠷᠠᠪᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠣᠷᠣᠳᠣᠬᠠᠢ ᠶᠢᠨ ᠪᠦᠬᠦ ᠬᠡᠪᠴᠢᠶᠡᠨ ᠤ ᠪᠣᠬᠢᠷᠳᠠᠯ ᠦᠭᠡᠢ ᠣᠷᠭᠠᠨᠢᠭ ᠲᠡᠭᠡᠳᠣ ᠵᠡᠷᠭᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢ ᠦᠢᠯᠡᠳᠪᠦᠷᠢᠯᠠᠨ | ᠪᠣᠯᠪᠠᠰᠣᠷᠠᠭᠤᠯᠬᠤ ᠭᠠᠳᠠᠭᠰᠢᠭᠤᠯᠬᠤ ᠰᠠᠭᠤᠷᠢᠨ ᠭᠠᠵᠠᠷ ᠢ ᠪᠠᠶᠢᠭᠤᠯᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠣᠰᠣᠭᠠᠷ ᠲᠠᠭᠤᠷᠢᠶᠠᠯ ᠦᠵᠠᠬᠦᠯᠦᠨ ᠲᠠᠭᠠᠭᠤᠯᠬᠤ ᠶᠢ | ᠪᠠᠷᠢᠮᠳᠠᠯᠠᠨ᠂ ᠣᠳᠣᠬᠢᠴᠢᠯᠠᠭᠰᠠᠨ ᠲᠠᠷᠢᠶᠠᠯᠠᠩ ᠮᠠᠯ ᠠᠵᠣ ᠠᠬᠤᠢ ᠶᠢᠨ ᠬᠦᠭᠵᠢᠯᠳᠡ ᠶᠢ ᠲᠦᠷᠭᠡᠳᠭᠡᠵᠦ᠂ ᠲᠦᠷᠪᠡᠨ ᠲᠠᠷᠢᠶᠠᠯᠠᠩ ᠮᠠᠯᠵᠢᠯ ᠤᠨ ᠶᠡᠷᠦᠩᠬᠡᠢ | ᠴᠤᠭᠴᠠᠶᠢ ᠲᠦᠯᠦᠪᠵᠢᠬᠦᠯᠦᠨ ᠪᠠᠶᠢᠭᠤᠯᠵᠣ᠂ ᠲᠦᠬᠦᠭᠡᠷᠦᠮᠵᠢᠳᠦ ᠲᠠᠷᠢᠶᠠᠯᠠᠩ ᠢ 3600 ᠮᠤ᠋ ᠬᠦᠭᠵᠢᠬᠦᠯᠵᠦ᠂ 24 ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ | ᠶᠢ ᠪᠠᠶᠢᠭᠤᠯᠣᠨ᠂ ᠲᠠᠭᠤᠷᠢᠶᠠᠮᠠᠯ ᠵᠡᠷᠯᠢᠭ ᠡᠮ ᠤᠨ ᠮᠠᠲ᠋ᠧᠷᠢᠶᠠᠯ ᠢ ᠲᠠᠷᠢᠬᠤ ᠰᠠᠭᠤᠷᠢᠨ ᠭᠠᠵᠠᠷ ᠢ 5000 ᠮᠣ᠋ ᠪᠠᠶᠢᠭᠤᠯᠵᠣ᠂ ᠬᠤᠳᠠ ᠠᠴᠠ ᠲᠡᠭᠡᠭᠰᠢᠬᠢ | ᠲᠤᠯᠤᠭᠠᠶᠢᠯᠠᠭᠴᠢ ᠠᠵᠣ ᠠᠬᠤᠶᠢᠯᠠᠯ ᠨᠢ 37 ᠡᠷᠦᠭᠡ ᠳᠤ ᠬᠦᠷᠴᠦ᠂ 15 ︽ᠭᠤᠷᠪᠠᠨ ᠪᠦᠳᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠨᠠᠮᠡᠭᠳᠡᠵᠦ᠂ 18 | ᠪᠦᠳᠦᠭᠡᠭᠳᠡᠬᠦᠨ ᠨᠢ ︽ᠲᠡᠭᠷᠢ ᠶᠢᠨ ᠭᠡᠰᠢᠭ ᠲᠠᠢ ᠪᠤᠷᠤᠳᠤᠬᠠᠢ︾ ᠶᠢᠨ ᠣᠷᠣᠨ ᠨᠣᠳᠤᠭ ᠤᠨ ᠣᠯᠠᠨ ᠨᠡᠶᠢᠳᠡ ᠶᠢᠨ ᠭᠡᠷᠡᠭᠯᠡᠭᠡᠨ ᠤ ᠨᠡᠷ᠎ᠡ ᠲᠡᠮᠳᠡᠭ ᠢ ᠭᠡᠷᠡᠭᠯᠡᠬᠦ ᠪᠠᠷ | ᠮᠡᠳᠡᠬᠦᠯᠵᠦ᠂ ᠲᠡᠷᠢᠶᠡᠯᠠᠩ ᠮᠠᠯ ᠠᠵᠣ ᠦᠢᠯᠡᠰ ᠤᠨ ᠬᠢᠷᠢ ᠬᠡᠮᠵᠢᠶ᠎ᠡ ᠢᠯᠡᠷᠭᠡᠢ ᠲᠡᠭᠡᠭᠰᠢᠯᠡᠪᠡ᠃ ᠲᠠᠷᠢᠶᠠᠯᠠᠬᠤ ᠮᠠᠯᠵᠢᠬᠤ ᠣᠷᠣᠨ ᠤ ᠬᠦᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠵᠠᠰᠠᠨ ᠴᠡᠴᠡᠭᠯᠡᠬᠦ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ 2 ᠴᠣᠭᠯᠠᠭ᠎ᠠ ᠪᠠᠯᠭᠠᠰᠣ ᠳᠤ ᠪᠤᠵᠠᠷ ᠣᠰᠣ ᠶᠢ | ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠣ᠂ 20 ᠲᠦᠪ ᠲᠣᠰᠬᠤᠨ ᠤ ᠲᠦᠷᠢ ᠪᠠᠶᠢᠳᠠᠯ ᠢ ᠲᠡᠭᠡᠭᠰᠢᠯᠡᠬᠦᠯᠬᠦ ᠪᠠ 1500 ᠠᠶᠢᠯ ᠡᠷᠦᠭᠡ ᠶᠢᠨ ᠵᠣᠷᠯᠣᠩ ᠢ | ᠵᠠᠰᠠᠨ ᠦᠭᠡᠷᠡᠴᠢᠯᠡᠬᠦ ᠢᠨᠵᠧᠨᠧᠷᠢᠭ ᠢ ᠭᠡᠷᠡᠭᠵᠢᠬᠦᠯᠵᠣ᠂ ᠲᠡᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠨᠢ ᠦᠷᠬᠦᠯᠵᠢᠯᠡᠨ | ᠰᠠᠶᠢᠵᠢᠷᠠᠪᠠ᠃ | ᠲᠦᠷᠪᠡ᠂ ᠦᠢᠯᠡᠴᠢᠯᠡᠭᠡ ᠪᠠᠨ ᠰᠢᠯᠢᠳᠡᠭᠵᠢᠬᠦᠯᠵᠦ᠂ ᠰᠢᠨ᠎ᠡ ᠶᠢ ᠡᠬᠦᠳᠦᠨ ᠣᠷᠣᠭᠰᠢᠯᠠᠵᠣ᠂ ᠭᠤᠷᠪᠠᠳᠣᠭᠠᠷ ᠠᠵᠣ ᠦᠢᠯᠡᠰ ᠦᠳᠳᠦᠷ ᠲᠦᠷᠭᠡᠨ | ᠬᠦᠭᠵᠢᠪᠡ | ᠪᠠᠷᠣᠭᠯᠠᠪᠠᠯ ᠭᠤᠷᠪᠠᠳᠣᠭᠠᠷ ᠠᠵᠣ ᠦᠢᠯᠡᠰ ᠨᠢ 55.3 ᠳ᠋ᠦᠩᠰᠢᠭᠤᠷ ᠲᠦᠬᠦᠷᠢᠭ ᠤᠨ ᠨᠡᠮᠡᠭᠳᠡᠯ ᠦᠷᠳᠡᠭ ᠢ ᠪᠡᠶᠡᠯᠡᠬᠦᠯᠵᠦ᠂ 11.5% ᠢᠶᠠᠷ ᠨᠡᠮᠡᠭᠳᠡᠨ᠂ | ᠪᠦᠬᠦ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ45.4% ᠢ ᠡᠵᠡᠯᠡᠪᠡ᠃ ᠣᠯᠢᠶᠠᠰᠣ ᠨᠠᠭᠤᠷ ᠤᠨ ᠬᠤᠶᠠᠳᠣᠭᠠᠷ ᠬᠤᠭᠤᠴᠠᠭᠠᠨ ᠤ ᠣᠯᠠᠨ | ᠣᠯᠣᠰ ᠤᠨ ᠮᠦᠰᠦ ᠴᠠᠰᠣᠨ ᠤ ᠵᠣᠭᠠᠴᠠᠯ ᠤᠨ ᠪᠠᠶᠠᠷ᠂ ᠬᠦᠩ ᠲᠢᠶᠠᠨ ᠤ ᠲᠠᠷᠢᠶᠠᠯᠠᠬᠤ ᠰᠣᠶᠣᠯ ᠤᠨ ᠪᠠᠶᠠᠷ ᠵᠡᠷᠭᠡ ᠪᠠᠶᠠᠷ ᠲᠣᠷᠠᠰᠬᠠᠯ ᠤᠨ ᠠᠵᠢᠯᠯᠠᠭ᠎ᠠ ᠶᠢ | ᠠᠮᠵᠢᠯᠳᠠ ᠲᠠᠢ ᠡᠷᠬᠢᠯᠡᠵᠦ᠂ ᠵᠣᠭᠠᠴᠠᠯ ᠤᠨ ᠭᠡᠷᠡᠭᠯᠡᠭᠡᠨ ᠤ ᠨᠠᠮᠡᠭᠳᠡᠯ ᠢ ᠪᠦᠳᠦᠮᠵᠢᠳᠠᠢ ᠠᠬᠢᠭᠤᠯᠵᠣ᠂ ᠪᠠᠷᠤᠭᠴᠠᠭᠠᠯᠠᠪᠠᠯ ᠪᠦᠬᠦ ᠵᠢᠯ ᠳᠤ 123 ᠲᠦᠮᠡᠨ ᠬᠦᠮᠦᠨ | ᠣᠳᠠᠭ᠎ᠠ ᠶᠢᠨ ᠵᠣᠴᠢᠳ ᠢ ᠭᠦᠯᠢᠶᠡᠨ ᠠᠪᠴᠣ᠂ 9.6% ᠢᠶᠠᠷ ᠦᠰᠴᠣ᠂ 11 ᠳ᠋ᠦᠩᠰᠢᠭᠤᠷ ᠲᠦᠬᠦᠷᠢᠭ ᠤᠨ ᠣᠷᠣᠯᠭ᠎ᠠ ᠶᠢ ᠪᠠᠶᠡᠯᠡᠭᠦᠯᠵᠦ᠂ 24.8% ᠢᠶᠠᠷ | ᠦᠰᠪᠡ᠃ ᠡᠯᠧᠺᠲᠷᠣᠨ ᠬᠤᠳᠠᠯᠳᠣᠭᠠᠨ ᠤ ᠡᠳ᠋ ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠢ ᠭᠡᠷᠡᠭᠯᠡᠯᠳᠡ ᠳᠤ ᠣᠷᠣᠭᠤᠯᠣᠨ᠂ 102 ᠪᠠᠯᠭᠠᠰᠣ ᠲᠣᠰᠬᠤᠨ ᠳᠤ | ᠡᠯᠧᠺᠲᠷᠣᠨ ᠬᠤᠳᠠᠯᠳᠣᠭᠠᠨ ᠤ ᠦᠢᠯᠡᠴᠢᠯᠡᠬᠦ ᠴᠡᠭ ᠢ ᠪᠠᠶᠢᠭᠤᠯᠵᠣ᠂ 42 ᠬᠤᠨ ᠭᠠᠯᠠᠭᠤ ᠠᠮᠢᠳᠣᠷᠠᠯ ᠤᠨ ᠰᠢᠭᠤᠳ ᠪᠣᠷᠣᠯᠠᠭᠤᠯᠬᠤ ᠲᠡᠯᠭᠡᠬᠦᠷ ᠢ ᠭᠠᠷᠭᠠᠵᠣ᠂ 12 | ᠡᠯᠧᠺᠲᠷᠣᠨ ᠬᠤᠳᠠᠯᠳᠣᠭᠠᠨ ᠤ ᠠᠵᠣ ᠦᠢᠯᠡᠰ ᠰᠢᠨ᠎ᠡ ᠪᠠᠷ ᠨᠡᠮᠡᠭᠳᠡᠵᠦ᠂ 1.3 ᠳ᠋ᠦᠭᠰᠢᠭᠤᠷ ᠲᠦᠬᠦᠷᠢᠭ ᠤᠨ ᠠᠷᠠᠯᠵᠢᠶᠠᠨ ᠤ ᠲᠤᠭ᠎ᠠ ᠶᠢ ᠪᠡᠶᠡᠯᠡᠬᠦᠯᠵᠦ᠂ 31% | ᠢᠶᠠᠷ ᠨᠡᠮᠡᠭᠳᠡᠪᠡ᠃ ᠪᠦᠬᠦ ᠬᠤᠰᠢᠭᠤᠨ ᠤ ᠡᠯ᠎ᠡ ᠲᠦᠷᠦᠯ ᠤᠨ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠵᠢᠭᠡᠯᠡᠯᠭᠡ ᠬᠠᠳᠠᠭᠠᠯᠠᠮᠵᠢ ᠶᠢᠨ ᠦᠯᠡᠳᠡᠪᠦᠷᠢ ᠲᠤᠭ᠎ᠠ | ᠨᠢ ᠲᠣᠰᠪᠣᠷᠢ 122 ᠳ᠋ᠦᠩᠰᠢᠭᠤᠷ ᠪᠠ 104 ᠳ᠋ᠦᠩᠰᠢᠭᠤᠷ ᠲᠦᠬᠦᠷᠢᠭ ᠲᠤ ᠬᠦᠷᠴᠣ᠂ ᠮᠦᠩᠬᠦᠨ ᠭᠦᠢᠯᠭᠡᠭᠡᠨ ᠤ ᠦᠢᠯᠡᠴᠢᠯᠡᠯᠭᠡ ᠶᠢᠨ ᠴᠢᠳᠠᠪᠣᠷᠢ ᠨᠢ | ᠲᠠᠰᠣᠷᠠᠯᠳᠠ ᠦᠭᠡᠢ ᠲᠡᠭᠡᠭᠰᠢᠯᠡᠪᠡ᠃ | ᠲᠠᠪᠤ᠂ ᠨᠠᠷᠢᠯᠢᠭ ᠪᠠᠶᠢᠭᠤᠯᠤᠨ ᠬᠠᠮᠢᠶᠠᠷᠴᠤ᠂ ᠴᠢᠨᠠᠷ ᠲᠡᠰ ᠢᠶᠠᠨ ᠲᠡᠭᠡᠭᠰᠢᠯᠡᠬᠦᠯᠵᠦ᠂ ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠳᠠᠢ ᠬᠢᠷᠢ | ᠬᠡᠮᠵᠢᠶ᠎ᠡ ᠶᠢ ᠲᠡᠭᠡᠭᠰᠢᠯᠡᠬᠦᠯᠪᠡ | ᠰᠠᠭᠤᠷᠢ ᠪᠠᠨ ᠪᠠᠬᠢᠵᠢᠬᠦᠯᠵᠦ ᠪᠠᠶᠢᠭᠤᠯᠣᠯᠳᠠ ᠬᠠᠮᠢᠶᠠᠷᠣᠯᠳᠠ ᠪᠠᠨ ᠴᠢᠩᠭᠠᠳᠬᠠᠨ᠂ ᠪᠦᠬᠦ ᠵᠢᠯ ᠳᠤ 9.4 ᠳ᠋ᠦᠩᠰᠢᠭᠤᠷ ᠲᠦᠬᠦᠷᠢᠭ ᠤᠨ ᠬᠤᠳᠠ ᠶᠢᠨ | ᠪᠦᠳᠦᠭᠡᠨ ᠪᠠᠶᠢᠭᠤᠯᠣᠯᠳᠠ ᠶᠢᠨ ᠪᠡᠯᠡ ᠣᠷᠣᠭᠤᠯᠣᠯᠳᠠ ᠶᠢ ᠪᠡᠶᠡᠯᠡᠭᠦᠯᠪᠡ᠃ ᠶᠡᠷᠦᠩᠬᠡᠢ ᠲᠦᠯᠦᠪᠯᠡᠭᠡ ᠳᠤ ᠦᠨᠡᠯᠡᠯᠳᠡ ᠬᠢᠵᠦ᠂ ᠲᠡᠣᠭᠡᠨ ᠪᠠᠷᠢᠯᠭ᠎ᠠ ᠳᠤ ᠫᠠᠶᠢᠰᠠ | ᠡᠯᠬᠦᠬᠦ ᠠᠵᠢᠯ ᠢ ᠪᠡᠶᠡᠯᠡᠬᠦᠯᠵᠦ᠂ ᠡᠵᠡᠮᠰᠢᠯ ᠴᠢᠨᠠᠷᠳᠠᠢ ᠲᠦᠯᠦᠪᠯᠡᠭᠡ ᠪᠠ ᠡᠯ᠎ᠡ ᠵᠦᠢᠯ ᠤᠨ ᠲᠣᠰᠬᠠᠢ ᠲᠦᠷᠦᠯ ᠤᠨ ᠲᠦᠯᠦᠪᠵᠢᠬᠦᠯᠦᠯᠭᠡ ᠶᠢ ᠲᠡᠬᠦᠯᠳᠡᠷᠵᠢᠬᠦᠯᠪᠡ᠃ | ᠡᠳ᠋ ᠶᠢᠨ ᠵᠠᠰᠠᠭ ᠤᠨ ᠲᠡᠷᠣᠯᠳᠠ ᠶᠢ ᠲᠡᠪᠴᠢᠵᠦ᠂ ᠲᠠᠳᠠᠪᠣᠷᠢᠯᠠᠬᠤ ᠨᠣᠷᠠᠭᠠᠬᠤ ᠵᠦᠷᠢᠴᠡᠯ ᠢ ᠪᠦᠳᠦᠮᠵᠢᠳᠠᠢ ᠦᠬᠡᠶᠢᠰᠬᠡᠵᠦ᠂ ᠣᠷᠠᠳ ᠶᠡᠭᠡ ᠵᠡᠬᠡᠯᠢ ᠠᠴᠠ ᠰᠢᠭᠡᠳᠠᠢ | ᠬᠦᠷᠬᠦ ᠵᠠᠰᠠᠮᠠᠯ ᠵᠠᠮ ᠤᠨ ᠲᠠᠰᠣᠷᠠᠭᠰᠠᠨ ᠭᠡᠰᠡᠭ ᠢ ᠨᠡᠪᠳᠡᠷᠡᠭᠦᠯᠵᠦ᠂ ᠰᠢ ᠱᠠᠨ ᠽᠦᠢ ᠠᠴᠠ ᠰᠢᠭᠡᠳᠠᠢ ᠬᠦᠷᠬᠦ ᠵᠠᠰᠠᠮᠠᠯ ᠵᠠᠮ ᠤᠨ ᠬᠤᠳᠠ ᠶᠢᠨ ᠭᠡᠰᠡᠭ ᠢ ᠦᠷᠭᠡᠳᠭᠡᠨ | ᠂ ᠬᠤᠳᠠ ᠶᠢᠨ ᠵᠠᠬᠦᠨᠰᠢ ᠭᠠᠷᠬᠤ ᠠᠮᠠ ᠶᠢᠨ ᠵᠠᠮ ᠬᠠᠷᠢᠯᠴᠠᠭᠠᠨ ᠤ ᠲᠠᠷᠤᠭᠠᠰᠤ ᠶᠢ ᠶᠡᠭᠡᠪᠡᠷ ᠬᠦᠩᠭᠡᠯᠡᠪᠡ᠃ ᠢᠯᠴᠢ ᠬᠠᠩᠭᠠᠬᠤ᠂ ᠪᠣᠬᠢᠷ ᠢ ᠭᠠᠳᠠᠭᠰᠢᠯᠠᠭᠤᠯᠬᠤ | ᠡᠯ᠎ᠡ ᠵᠦᠢᠯ ᠤᠨ ᠲᠣᠣᠷ ᠬᠤᠭᠤᠯᠠᠢ ᠶᠢ 9.1 ᠺᠢᠯᠣᠮᠧᠲᠷ ᠰᠢᠨ᠎ᠡ ᠪᠠᠷ ᠵᠠᠰᠠᠨ ᠪᠠᠶᠢᠭᠤᠯᠵᠣ᠂ ᠬᠤᠳᠠ ᠲᠣᠭᠤᠷᠢᠭ ᠤᠨ 26 ᠨᠠᠶᠢᠳᠡ ᠶᠢᠨ ᠵᠣᠷᠯᠣᠩ ᠳᠤ ︽ | ᠬᠠᠭᠤᠷᠠᠢ ᠶᠢ ᠣᠰᠣᠨ ᠴᠡᠪᠡᠷᠰᠢᠯ ᠪᠣᠯᠭᠠᠬᠤ︾ ᠢᠨᠵᠧᠨᠧᠷᠢᠭ ᠢ ᠭᠡᠷᠭᠵᠢᠬᠦᠯᠵᠦ᠂ ᠬᠤᠳᠠ ᠲᠣᠭᠤᠷᠢᠭ ᠤᠨ ᠬᠤᠭ ᠨᠣᠪᠰᠢ ᠶᠢ ᠬᠦᠨᠦᠭᠡᠯ ᠦᠭᠡᠢ ᠰᠢᠢᠳᠪᠣᠷᠢᠯᠡᠬᠦ | ᠲᠦᠷᠦᠯ ᠵᠦᠢᠯ ᠢ ᠡᠬᠢᠯᠡᠬᠦᠯᠵᠦ᠂ ᠬᠤᠳᠠ ᠲᠣᠭᠤᠷᠢᠭ ᠤᠨ ᠵᠢᠵᠢᠭ ᠢᠯᠴᠢ ᠬᠠᠩᠭᠠᠬᠤ ᠦᠷᠳᠡᠭᠡ ᠶᠢ ᠪᠦᠬᠦᠨ ᠢ ᠲᠦᠪᠯᠡᠷᠡᠭᠦᠯᠦᠨᠢᠯᠴᠢ ᠬᠠᠩᠭᠠᠬᠤ ᠰᠢᠰᠲ᠋ᠧᠮ ᠳᠤ | ᠤᠷᠤᠭᠤᠯᠵᠤ᠂ ᠬᠤᠳᠠ ᠶᠢᠨ ᠣᠯᠠᠨ ᠨᠠᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠲᠣᠭᠳᠠᠭᠤᠨ ᠢᠶᠠᠷ ᠲᠡᠭᠡᠭᠰᠢᠯᠡᠪᠡ᠃ ᠪᠤᠷᠤ ᠭᠡᠷᠳᠣ ᠣᠷᠣᠨ ᠢ ᠵᠠᠰᠠᠵᠤ | ᠦᠭᠡᠷᠡᠴᠢᠯᠡᠨ ᠰᠤᠯᠠ ᠭᠠᠵᠠᠷ ᠢ ᠲᠠᠳᠠᠪᠤᠷᠢᠯᠠᠬᠤ ᠶᠢ ᠪᠦᠷᠢᠨ ᠠᠰᠢᠭᠯᠠᠵᠣ᠂ ᠬᠤᠸᠠ ᠲᠠᠢ ᠮᠢᠩ ᠵᠢᠦᠢ ᠣᠷᠣᠨ ᠰᠠᠭᠤᠴᠠ ᠶᠢᠨ ᠲᠣᠭᠤᠷᠢᠭ ᠢ ᠨᠡᠭᠡᠭᠡᠨ ᠪᠠᠶᠢᠭᠤᠯᠵᠣ᠂ | ᠪᠣᠷᠣ ᠭᠡᠷᠳᠣ ᠣᠷᠣᠨ ᠤ ᠦᠭᠡᠷᠡᠴᠢᠯᠡᠯᠳᠡ ᠶᠢ ᠦᠷᠬᠦᠯᠵᠢᠯᠡᠨ ᠠᠬᠢᠭᠤᠯᠵᠣ᠂ ᠣᠯᠠᠨ ᠲᠦᠮᠡᠨ ᠢ ᠲᠣᠰ ᠭᠠᠵᠠᠷ ᠲᠤᠨᠢ ᠴᠠᠭ ᠲᠣᠬᠠᠢ ᠳᠤᠨᠢ ᠭᠡᠷ ᠪᠠᠶᠢᠰᠢᠩ ᠤᠨ | ᠢᠷᠡᠯᠳᠡ ᠶᠢ ᠪᠡᠯᠡᠳᠭᠡᠬᠦ ᠶᠢᠨ ᠲᠦᠯᠦᠭᠡ᠂ ᠡᠷᠡᠬᠦᠯ ᠦᠷᠬᠦᠯᠵᠢᠯᠡᠨ ᠠᠬᠢᠭᠤᠯᠬᠤ ᠵᠣᠬᠢᠴᠠᠮᠵᠢ ᠶᠢ ᠪᠦᠷᠢᠯᠳᠦᠬᠦᠯᠪᠡ᠃ 598 ᠡᠷᠦᠭᠡ ᠪᠠᠶᠢᠰᠢᠩ ᠢ ᠶᠡᠷᠦᠩᠬᠡᠶᠢᠯᠠᠨ | ᠵᠠᠰᠠᠬᠤ ᠢᠨᠵᠧᠨᠧᠷᠢᠭ ᠢ ᠪᠡᠶᠡᠯᠡᠬᠦᠯᠵᠦ᠂ ᠬᠠᠭᠤᠴᠢᠨ ᠬᠤᠳᠠ ᠶᠢᠨ ᠰᠠᠭᠤᠭᠠᠯᠢ ᠠᠷᠠᠳ ᠤᠨ ᠣᠷᠣᠰᠢᠨ ᠰᠠᠭᠤᠬᠤ ᠨᠦᠬᠦᠴᠡᠯ ᠢ ᠦᠨᠡᠨᠬᠦ ᠰᠠᠶᠢᠵᠢᠷᠠᠭᠤᠯᠪᠠ᠃ ᠬᠤᠳᠠ | ᠶᠢᠨ ᠴᠡᠴᠡᠭᠯᠢᠭ ᠢ ᠨᠣᠭᠤᠭᠠᠷᠠᠭᠤᠯᠬᠤ ᠲᠠᠯᠠᠪᠠᠢ ᠶᠢ 8 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠭᠦᠯᠵᠦ᠂ ᠣᠷᠠᠳ ᠰᠣᠶᠣᠯ ᠤᠨ ᠭᠤᠣᠯ ᠰᠡᠳᠦᠪᠳᠣ ᠴᠡᠴᠡᠷᠯᠢᠭ | ᠢ ᠲᠡᠬᠦᠯᠳᠡᠷᠵᠢᠬᠦᠯᠵᠦ᠂ ᠬᠤᠳᠠ ᠶᠢᠨ ᠲᠦᠷᠰᠦ ᠪᠠ ᠴᠢᠨᠠᠷ ᠲᠡᠰ ᠨᠢ ᠣᠯᠠᠮ ᠨᠢᠭᠡ ᠠᠯᠬᠤᠮ ᠲᠡᠭᠡᠭᠰᠢᠯᠡᠪᠡ᠃ | ᠵᠢᠷᠭᠤᠭ᠎ᠠ᠂ ᠪᠠᠳᠤᠯᠠᠭ᠎ᠠ ᠶᠢ ᠴᠢᠩᠭ᠎ᠠ ᠠᠩᠬᠠᠷᠴᠤ᠂ ᠠᠷᠠᠳ ᠤᠨ ᠠᠮᠢᠳᠣᠷᠠᠯ ᠳᠤ ᠦᠷᠭᠡᠨ ᠢᠶᠠᠷ ᠬᠠᠷᠠᠭᠠᠯᠵᠠᠯᠠᠯ ᠦᠵᠡᠬᠦᠯᠵᠦ᠂ ᠨᠡᠶᠢᠬᠡᠮ ᠤᠨ ᠠᠵᠢᠯ | ᠦᠢᠯᠡᠰ ᠪᠦᠬᠦ ᠲᠠᠯ᠎ᠠ ᠪᠠᠷ ᠬᠦᠭᠵᠢᠪᠡ | ᠡᠳ᠋ ᠶᠢᠨ ᠵᠠᠰᠠᠭ ᠶᠡᠷᠦ ᠪᠣᠰᠣ ᠪᠠᠴᠢᠮ ᠪᠠᠶᠢᠳᠠᠯ ᠲᠣᠣᠷ᠎ᠠ᠂ ᠠᠷᠠᠳ ᠤᠨ ᠠᠮᠢᠳᠣᠷᠠᠯ ᠤᠨ ᠵᠠᠷᠣᠯᠭ᠎ᠠ 22.5 ᠳ᠋ᠦᠩᠰᠢᠭᠤᠷ ᠲᠦᠬᠦᠷᠢᠭ ᠲᠤ ᠭᠦᠷᠴᠤ᠂ | ᠣᠯᠠᠨ ᠨᠠᠶᠢᠳᠡ ᠶᠢᠨ ᠡᠳ᠋ ᠶᠢᠨ ᠵᠠᠰᠠᠭ ᠤᠨ ᠲᠦᠰᠦᠪ ᠤᠨ ᠵᠠᠷᠣᠯᠭ᠎ᠠ ᠶᠢᠨ 78% ᠢ ᠡᠵᠡᠯᠡᠪᠡ᠃ ᠨᠤᠳᠤᠭ ᠲᠠᠭᠠᠨ ᠪᠣᠴᠠᠭᠰᠠᠨ ᠲᠠᠷᠢᠶᠠᠴᠢᠨ ᠠᠵᠢᠯᠴᠢᠨ ᠤ | ᠦᠢᠯᠡᠰ ᠪᠦᠳᠦᠭᠡᠬᠦ ᠬᠦᠷᠢᠶᠡᠯᠩ ᠢ ᠪᠠᠶᠢᠭᠤᠯᠵᠣ᠂ ᠬᠤᠳᠠ ᠪᠠᠯᠭᠠᠰᠣ ᠶᠢᠨ ᠠᠵᠢᠯ ᠣᠯᠬᠤ ᠬᠦᠮᠦᠨ1760 ᠰᠢᠨ᠎ᠡ ᠪᠠᠷ ᠨᠠᠮᠡᠭᠳᠡᠵᠦ᠂ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠬᠤ ᠬᠦᠮᠦᠨ ᠤ ᠲᠤᠭ᠎ᠠ ᠨᠢ 2.9 ᠲᠦᠮᠡᠨ ᠬᠦᠮᠦᠨ ︵ᠣᠳᠠᠭ᠎ᠠ︶ ᠳᠤ ᠬᠦᠷᠪᠡ᠃ ᠬᠤᠳᠠ ᠬᠦᠳᠡᠭᠡ ᠶᠢᠨ ᠬᠠᠮᠤᠭ ᠲᠣᠣᠷ᠎ᠠ | ᠪᠠᠳᠤᠯᠠᠭ᠎ᠠ᠂ ᠨᠠᠶᠢᠭᠡᠮ ᠤᠨ ᠪᠠᠳᠤᠯᠠᠭ᠎ᠠ ᠵᠡᠷᠭᠡ ᠠᠷᠠᠳ ᠤᠨ ᠠᠮᠢᠳᠣᠷᠠᠯ ᠤᠨ ᠪᠠᠷᠢᠮᠵᠢᠶ᠎ᠠ ᠶᠢ ᠳᠡᠭᠡᠭᠰᠢᠯᠡᠬᠦᠯᠬᠦ ᠲᠦᠷᠣ ᠶᠢᠨ ᠪᠣᠳᠣᠯᠭ᠎ᠠ ᠶᠢ ᠪᠦᠬᠦᠨ ᠢ | ᠨᠠᠶᠢᠳᠠᠪᠣᠷᠢᠵᠢᠭᠤᠯᠵᠣ᠂ ᠭᠠᠳᠠᠨ᠎ᠠ ᠣᠷᠣᠨ ᠳᠤ ᠡᠮᠨᠡᠭᠦᠯᠭᠦ ᠰᠦᠢᠳᠬᠡᠯ ᠢ ᠰᠢᠭᠤᠳ ᠲᠣᠭᠠᠴᠠᠭ᠎ᠠ ᠬᠢᠬᠦ ᠪᠠ ᠶᠠᠳᠠᠭᠤ ᠬᠦᠴᠢᠷᠲᠡᠯᠲᠠᠢ ᠣᠯᠡᠨ ᠲᠦᠮᠡᠨ ︽ᠣᠷᠢᠳᠠᠪᠠᠷ | ᠨᠡᠮᠡᠭᠳᠡᠭᠦᠯᠵᠦ ᠰᠡᠭᠦᠯᠡᠷ ᠰᠦᠢᠳᠬᠡᠯ ᠲᠣᠰᠢᠶᠠᠬᠤ︾ ᠢ ᠪᠦᠬᠦ ᠲᠠᠯ᠎ᠠ ᠪᠠᠷ ᠪᠡᠶᠡᠯᠡᠬᠦᠯᠵᠥ᠂ ᠣᠯᠡᠨ ᠲᠦᠮᠡᠨ ᠤ ᠡᠪᠡᠳᠴᠢᠨ ᠦᠵᠡᠭᠦᠯᠬᠦ ᠳᠠᠷᠣᠭᠠᠰᠣ ᠢᠯᠡᠷᠬᠡᠢ | ᠪᠠᠭᠠᠰᠪᠠ᠃ ᠨᠠᠰᠥᠲᠠᠶᠢᠴᠣᠳ ᠢ ᠶᠡᠷᠣᠩᠬᠡᠶᠢᠯᠡᠨ ᠠᠰᠠᠷᠠᠬᠤ ᠬᠦᠷᠢᠶᠡᠯᠡᠩ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠦᠪ ᠢ ᠪᠦᠬᠦ ᠲᠠᠯ᠎ᠠ ᠪᠠᠷ ᠪᠠᠶᠢᠭᠤᠯᠪᠠ᠃ | ᠰᠢᠨ᠎ᠡ ᠪᠠᠷ 2 ᠰᠠᠭᠤᠷᠢ ᠬᠡᠣᠬᠡᠳ ᠤᠨ ᠴᠡᠴᠡᠷᠯᠢᠭ ᠪᠠᠶᠢᠭᠤᠯᠵᠣ᠂ 3 ᠰᠠᠭᠤᠷᠢ ᠬᠤᠪᠢ ᠶᠢᠨ ᠡᠷᠬᠢᠯᠡᠭᠰᠡᠨ ᠬᠡᠣᠬᠡᠳ ᠤᠨ ᠴᠡᠴᠡᠷᠯᠢᠭ ᠲᠤ ᠬᠤᠭᠤᠯᠠᠨ ᠭᠡᠷ ᠪᠠ ᠵᠢᠭᠠᠨ | ᠰᠣᠷᠭᠠᠯᠲᠠ ᠶᠢᠨ ᠠᠰᠠᠷ ᠪᠠᠶᠢᠭᠤᠯᠵᠤ᠂ 18 ᠰᠠᠭᠤᠷᠢ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢ ᠰᠡᠯᠪᠢᠨ ᠵᠠᠰᠠᠬᠤ ᠢᠨᠵᠧᠨᠧᠷᠢᠩ ᠢ | ᠬᠡᠷᠡᠭᠵᠢᠬᠦᠯᠵᠥ᠂ ᠶᠡᠭᠡ ᠰᠢᠭᠡᠲᠠᠢ ᠰᠣᠷᠭᠠᠭᠤᠯᠢ ᠶᠢᠨ ᠪᠠᠭᠰᠢᠨᠠᠷ ᠤᠨ ᠡᠬᠡᠯᠵᠢᠶᠠᠨ ᠤ ᠪᠠᠶᠢᠷᠢ ᠶᠢᠨ ᠭᠤᠣᠯ ᠪᠠᠷᠢᠯᠭ᠎ᠠ ᠶᠢ ᠲᠡᠭᠦᠰᠭᠡᠪᠡ᠃ ᠬᠢᠴᠢᠶᠡᠯ ᠲᠦᠷᠣᠯ ᠤᠨ | ᠲᠣᠲᠠᠭᠲᠠᠭᠰᠠᠠᠨ ᠪᠠᠭᠰᠢ 31 ᠶᠢ ᠢᠯᠡ ᠪᠠᠷ ᠣᠷᠢᠵᠣ᠂ ᠵᠢᠷᠭᠤᠳᠣᠭᠠᠷ ᠳᠣᠮᠲᠠᠲᠣ ᠰᠣᠷᠭᠠᠭᠤᠯᠢ ᠨᠢ ᠳᠡᠭᠡᠲᠣ ᠳᠣᠮᠲᠠᠲᠣ ᠰᠣᠷᠭᠠᠭᠤᠯᠢ ᠳᠤ ᠰᠢᠯᠭᠠᠭᠤᠯᠬᠤ ᠳᠤ | ᠪᠦᠷᠢᠨ ᠬᠤᠪᠢ ᠠᠪᠣᠭᠰᠠᠨ ᠬᠦᠮᠣᠨ ᠤ ᠲᠤᠭ᠎ᠠ ᠨᠢ ᠦᠷᠬᠦᠯᠵᠢᠯᠡᠨ ᠳᠦᠷᠪᠡᠨ ᠵᠢᠯ ᠪᠦᠬᠦ ᠬᠤᠲᠠ ᠶᠢᠨ ᠨᠢᠭᠡᠳᠣᠭᠡᠷ ᠲᠤ ᠣᠷᠣᠵᠣ᠂ ᠳᠡᠭᠡᠳᠣ ᠰᠣᠷᠭᠠᠭᠤᠯᠢ ᠳᠤ | ᠰᠢᠯᠭᠠᠭᠤᠯᠬᠤ ᠰᠢᠯᠭᠠᠯᠲᠠ ᠶᠢᠨ ᠬᠢᠷᠢ ᠬᠡᠮᠵᠢᠶ᠎ᠡ ᠰᠢᠨ᠎ᠡ ᠰᠢᠪᠳᠣᠯᠣᠯᠲᠠ ᠲᠠᠢ ᠪᠣᠯᠪᠠ᠃ ᠡᠩᠬᠡ ᠲᠠᠶᠢᠪᠣᠩ ᠰᠣᠷᠭᠠᠭᠤᠯᠢ ᠶᠢᠨ ᠬᠦᠷᠢᠶᠡᠨ ᠤ ᠪᠦᠳᠣᠭᠡᠨ | ᠪᠠᠶᠢᠭᠤᠯᠣᠯᠲᠠ ᠶᠢ ᠬᠦᠨᠵᠡᠬᠡᠢ ᠠᠬᠢᠭᠤᠯᠵᠣ᠂ ᠰᠣᠷᠭᠠᠭᠤᠯᠢ ᠶᠢᠨ ᠬᠦᠷᠢᠶᠡᠨ ᠳᠤ ᠦᠨᠳᠣᠷ ᠲᠣᠲᠣᠴᠢᠲᠣ ᠬᠠᠷᠠᠭᠠᠨ ᠳᠠᠪᠲᠠᠮᠵᠢᠲᠣ ᠬᠢᠨᠠᠨ ᠡᠵᠡᠮᠰᠢᠬᠦᠷ ᠢ ᠪᠦᠷᠬᠦᠬᠦᠯᠵᠣ᠂ | ᠪᠦᠬᠦ ᠣᠷᠣᠨ ᠤ ᠳᠣᠮᠲᠠᠲᠣ ᠪᠠᠭ᠎ᠠ ᠰᠣᠷᠭᠠᠭᠤᠯᠢ᠂ ᠬᠡᠣᠬᠡᠳ ᠤᠨ ᠴᠡᠴᠡᠷᠯᠢᠭ ᠤᠨ ᠰᠣᠷᠭᠠᠭᠤᠯᠢ ᠶᠢᠨ ᠬᠦᠷᠢᠶᠡᠨ ᠳᠠᠬᠢ ᠴᠠᠭᠳᠠᠭᠠᠨ ᠤ ᠶᠠᠪᠣᠳᠠᠯ ᠤᠨ ᠲᠠᠰᠤᠭ ᠤᠨ | ᠪᠦᠳᠣᠭᠡᠨ ᠪᠠᠶᠢᠭᠤᠯᠣᠯᠲᠠ ᠶᠢᠨ ᠲᠣᠬᠠᠢ ᠶᠢᠨ ᠭᠠᠵᠠᠷ ᠤᠨ ᠬᠤᠷᠠᠯ ᠢ ᠠᠮᠵᠢᠯᠲᠠᠲᠠᠢ ᠡᠷᠬᠢᠯᠡᠪᠡ᠃ ᠰᠢᠨᠵᠢᠯᠡᠬᠦ ᠣᠬᠠᠭᠠᠨ ᠮᠡᠷᠬᠡᠵᠢᠯ ᠰᠢᠨᠡᠴᠢᠯᠡᠯᠲᠠ ᠪᠠ ᠮᠡᠳᠡᠯᠬᠡ ᠶᠢᠨ | ᠡᠷᠬᠡ ᠶᠢᠨ ᠦᠮᠴᠢᠯᠡᠯ ᠢ ᠮᠡᠳᠡᠬᠦᠯᠬᠦ ᠠᠵᠢᠯ ᠢ ᠯᠠᠪᠳᠠᠭᠤᠨ ᠠᠬᠢᠭᠤᠯᠵᠣ᠂ ᠪᠦᠬᠦ ᠵᠢᠯ ᠳᠤ ᠡᠯ᠎ᠡ ᠲᠦᠷᠦᠯ ᠤᠨ ᠲᠣᠰᠬᠠᠢ ᠠᠰᠢᠭ ᠤᠨ ᠪᠦᠳᠣᠭᠡᠭᠳᠡᠬᠦᠨ ᠢ ᠨᠠᠶᠢᠲᠡ | 9 ᠶᠢ ᠮᠡᠳᠡᠬᠦᠯᠵᠥ᠂ ᠳ᠋ᠤᠺᠲ᠋ᠤᠷ ᠤᠨ ᠠᠵᠢᠯ ᠤᠨ ᠦᠷᠲᠡᠭᠡ ᠨᠢᠭᠡ ᠂ ᠬᠤᠳᠠ ᠶᠢᠨ ᠲᠡᠰ ᠤᠨ ᠰᠤᠳᠤᠯᠤᠨ ᠪᠦᠳᠦᠭᠡᠭᠦ ᠲᠦᠪ 2 ᠡᠷᠦᠬᠡ ᠪᠠᠶᠢᠭᠤᠯᠬᠤ ᠶᠢ | ᠵᠦᠪᠰᠢᠶᠡᠷᠡᠪᠡ᠃ ᠡᠬᠡ ᠨᠢᠯᠬᠠᠰ ᠤᠨ ᠡᠷᠡᠬᠦᠯ ᠮᠡᠨᠲᠣ ᠶᠢ ᠬᠠᠮᠠᠭᠠᠯᠠᠬᠤ ᠬᠤᠷᠢᠶ᠎ᠠ ᠶᠢ ᠪᠦᠬᠦᠶᠢᠯᠡ ᠪᠠᠷ ᠨᠡᠬᠦᠯᠭᠡᠬᠦ ᠠᠵᠢᠯ ᠢ ᠪᠦᠬᠦ ᠲᠠᠯ᠎ᠠ ᠪᠠᠷ ᠡᠬᠢᠯᠡᠬᠦᠯᠪᠡ᠃ | ᠬᠤᠰᠢᠭᠤᠨ ᠤ ᠣᠷᠣᠨ ᠤ ᠡᠮᠨᠡᠯᠭᠡ ᠶᠢᠨ ᠣᠯᠡᠨ ᠨᠡᠶᠢᠲᠠ ᠶᠢᠨ ᠦᠢᠯᠡᠴᠢᠯᠡᠭᠡᠨ ᠤ ᠲᠠᠪᠴᠠᠩ ᠢ ᠬᠠᠮᠤᠭ ᠤᠨ ᠲᠡᠷᠢᠬᠦᠨ ᠳᠤ ᠪᠠᠶᠢᠭᠤᠯᠵᠣ᠂ ᠬᠤᠰᠢᠭᠤᠨ ᠤ ᠣᠷᠣᠨ ᠤ | ᠡᠮ ᠡᠮᠨᠡᠯᠭᠡ ᠶᠢᠨ ᠦᠢᠯᠡᠴᠢᠯᠡᠭᠡ ᠶᠢᠨ ᠨᠢᠭᠡ ᠴᠤᠭᠴᠠᠵᠢᠬᠤ ᠶᠢ ᠪᠡᠶᠡᠯᠡᠬᠦᠯᠪᠡ᠃ ᠦᠪᠡᠷᠲᠡᠬᠡᠨ ᠵᠠᠰᠠᠬᠤ ᠣᠷᠣᠨ ᠤ ᠡᠷᠡᠬᠦᠯ ᠬᠠᠮᠠᠭᠠᠯᠠᠯ ᠤᠨ ᠰᠢᠶᠡᠨ ᠤ ᠬᠤᠲᠠ ᠶᠢ | ᠠᠮᠵᠢᠯᠲᠠᠲᠠᠢ ᠡᠬᠦᠳᠣᠨ ᠪᠠᠶᠢᠭᠤᠯᠵᠣ᠂ ᠪᠦᠬᠦ ᠣᠯᠣᠰ ᠤᠨ ᠦᠨᠳᠣᠰᠣᠨ ᠱᠠᠳᠣᠨ ᠤ ᠬᠢᠲᠠᠳ ᠡᠮ ᠡᠮᠨᠡᠯᠭᠡ ᠶᠢᠨ ᠲᠡᠷᠢᠬᠦᠨ ᠤ ᠨᠢᠭᠡᠴᠡ ᠶᠢᠨ ᠳᠠᠬᠢᠨ ᠬᠢᠨᠠᠯᠲᠠ ᠶᠢ | ᠣᠷᠣᠭᠰᠢᠲᠠᠢ ᠦᠩᠭᠡᠷᠡᠭᠡᠵᠣ᠂ ᠪᠦᠬᠦ ᠣᠷᠣᠨ ᠤ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶᠠᠨ ᠤ ᠬᠠᠯᠳᠠᠪᠣᠷᠢᠲᠣ ᠡᠪᠡᠳᠴᠢᠨ ᠢ ᠰᠡᠷᠬᠡᠶᠢᠯᠡᠨ ᠵᠠᠰᠠᠬᠤ | ᠲᠣᠬᠠᠢ ᠶᠢᠨ ᠭᠠᠵᠠᠷ ᠤᠨ ᠬᠤᠷᠠᠯ ᠢ ᠠᠮᠵᠢᠯᠲᠠᠲᠠᠢ ᠳᠠᠭᠠᠭᠠᠨ ᠡᠷᠬᠢᠯᠡᠪᠡ᠃ ᠰᠣᠶᠣᠯ ᠮᠦᠽᠸᠢ ᠶᠢᠨ ᠲᠦᠪ᠂ ᠵᠠᠯᠠᠭᠤᠴᠣᠳ ᠪᠠᠭᠠᠴᠣᠳ ᠤᠨ ᠰᠢᠨᠵᠢᠯᠡᠬᠦ ᠣᠬᠠᠭᠠᠨ | ᠮᠡᠷᠬᠡᠵᠢᠯ ᠤᠨ ᠣᠷᠳᠣᠨ ᠢ ᠪᠦᠬᠦ ᠲᠠᠯ᠎ᠠ ᠪᠠᠷ ᠡᠬᠢᠯᠡᠬᠦᠯᠵᠣ᠂ ᠣᠯᠠᠭᠠᠨᠮᠦ᠋ᠴᠢᠷ ᠦᠷᠭᠡᠨ ᠲᠠᠯᠠᠪᠠᠢ ᠶᠢᠨ ᠭᠤᠣᠯ ᠪᠠᠷᠢᠯᠭ᠎ᠠ ᠨᠢ ᠦᠨᠳᠣᠰᠣᠨ ᠳᠡᠭᠡᠨ ᠪᠠᠷᠢᠯᠭ᠎ᠠ ᠪᠠᠨ | ᠲᠡᠭᠦᠰᠭᠡᠪᠡ᠃ ᠮᠠᠨ ᠤ ᠬᠤᠰᠢᠭᠤ ᠨᠢ ᠪᠦᠬᠦ ᠣᠷᠣᠨ ᠤ ᠠᠷᠠᠳ ᠤᠨ ᠰᠣᠶᠣᠯ ᠣᠷᠠᠯᠢᠭ ᠤᠨ ᠨᠣᠲᠤᠭ ᠢᠶᠠᠷ ᠦᠨᠡᠯᠡᠭᠳᠡᠵᠦ᠂ ᠣᠯᠠᠭᠠᠨᠮᠦ᠋ᠴᠢᠷ ᠨᠢ ᠪᠦᠬᠦ ᠣᠷᠣᠨ ᠤ | ᠨᠢᠭᠡᠳᠣᠭᠡᠷ ᠲᠦᠷᠣᠯ ᠤᠨ ᠣᠯᠠᠭᠠᠨᠮᠦ᠋ᠴᠢᠷ ᠢᠶᠠᠷ ᠦᠨᠡᠯᠡᠭᠳᠡᠵᠦ᠂ ᠰᠣᠶᠣᠯ ᠤᠨ ᠣᠷᠳᠣᠨ ᠨᠢ ᠣᠯᠣᠰ ᠤᠨ ᠨᠢᠭᠡᠳᠣᠭᠡᠷ ᠳᠡᠰ ᠤᠨ ᠰᠣᠶᠣᠯ ᠤᠨ ᠣᠷᠳᠣᠨ ᠢᠶᠠᠷ | ᠦᠨᠡᠯᠡᠭᠳᠡᠵᠦ᠂ ᠨᠣᠮ ᠤᠨ ᠰᠠᠩ ᠨᠢ ᠪᠦᠬᠦ ᠣᠷᠣᠨ ᠤ ᠠᠷᠪᠠᠨ ᠰᠣᠳᠣᠨ ᠨᠣᠮ ᠤᠨ ᠰᠠᠩ ᠢᠶᠠᠷ ᠦᠨᠡᠯᠡᠭᠳᠡᠵᠦ᠂ ᠬᠤᠶᠠᠷ ᠬᠦᠮᠣᠨ ᠤ ᠡᠯᠬᠦᠴᠡᠭᠡ ᠣᠳᠣ ᠦᠶ᠎ᠡ ᠶᠢᠨ | ᠲᠣᠭᠯᠠᠯᠲᠠ ︽ᠭᠤᠷᠪᠠᠨ ᠦᠶ᠎ᠡ ᠳᠤ ᠬᠤᠯᠪᠣᠭᠰᠠᠨ ᠬᠠᠶᠢᠷ᠎ᠠ︾ ᠨᠢ ᠦᠪᠡᠷᠳᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠲᠤ ᠰᠣᠩᠭᠤᠭᠳᠠᠨ ᠣᠷᠣᠵᠣ᠂ ︽ | ᠪᠠᠭ᠋ᠠᠷᠣᠯᠲᠣ ᠣᠷᠡᠳ︾ ᠪᠠᠷᠠᠭᠤᠨ ᠣᠷᠣᠨ ᠤ ᠠᠷᠠᠳ ᠤᠨ ᠳᠠᠭᠤᠨ ᠤ ᠣᠷᠣᠯᠳᠣᠭᠠᠨ᠂ ᠪᠦᠬᠦ ᠣᠷᠣᠨ ᠤ ᠪᠦᠬᠦ ᠠᠷᠠᠳ ᠢᠶᠠᠷ ᠢᠶᠠᠨ ᠪᠠᠶ᠎ᠠ ᠮᠠᠬᠠᠪᠣᠳ ᠢᠶᠠᠨ | ᠴᠢᠬᠢᠷᠠᠭᠵᠢᠭᠤᠯᠬᠤ ᠪᠶᠡ ᠲᠠᠮᠢᠷ ᠤᠨ ᠴᠣᠭᠯᠠᠭᠠᠨ ᠵᠡᠷᠭᠡ ᠰᠢᠰᠲ᠋ᠧᠮᠳᠣ ᠰᠣᠶᠣᠯ ᠲᠡᠮᠢᠷ ᠤᠨ ᠠᠵᠢᠯᠯᠠᠭ᠎ᠠ ᠶᠢ ᠦᠷᠨᠢᠭᠦᠯᠪᠡ᠃ ᠦᠷᠢᠰᠦᠯᠳᠦᠭᠡᠨ ᠤ ᠪᠡᠶ᠎ᠡ ᠶᠢᠨ ᠲᠠᠮᠢᠷ | ᠨᠢ ᠲᠡᠣᠭᠡᠴᠢ ᠴᠢᠨᠠᠷ ᠲᠠᠢ ᠰᠢᠪᠳᠣᠯᠣᠯᠳᠠ ᠶᠢ ᠪᠠᠶᠡᠯᠡᠬᠦᠯᠵᠦ᠂ ᠨᠢᠳᠣᠷᠭᠠᠨ ᠲᠠᠮᠢᠷ᠂ ᠣᠮᠪᠠᠯᠳᠠ᠂ ᠬᠦᠨᠳᠣ ᠬᠦᠩᠭᠡᠨ ᠪᠡᠶ᠎ᠡ ᠲᠠᠮᠢᠷ᠂ ᠫᠢᠩᠫᠠᠩ ᠪᠦᠮᠪᠦᠭᠡ ᠶᠢᠨ | ᠲᠦᠯᠦᠭᠡᠯᠡᠬᠦ ᠪᠦᠯᠬᠦᠮ ᠨᠢ ᠣᠯᠣᠰ ᠪᠠ ᠦᠪᠡᠷᠳᠡᠭᠡᠨ ᠵᠠᠰᠠᠬᠤ ᠣᠷᠣᠨ ᠤ ᠣᠷᠣᠯᠳᠣᠭᠠᠨ ᠲᠡᠭᠡᠷ᠎ᠡ25 ᠱᠠᠩᠨᠠᠯ ᠤᠨ ᠮᠧᠲ᠋ᠧᠯ ᠣᠯᠪᠠ᠃ ᠭᠠᠵᠠᠷ ᠤᠨ ᠲᠣᠭᠠᠨ ᠤ | ᠲᠣᠬᠢᠶ᠎ᠠ ᠶᠢᠨ ᠰᠠᠴᠣᠷᠠᠭᠤᠯᠬᠤ ᠦᠷᠳᠡᠭᠡ7 ᠪᠠᠶᠢᠭᠤᠯᠵᠣ᠂ ᠣᠯᠠᠨ ᠲᠦᠮᠡᠨ ᠣᠷᠣᠨ ᠨᠣᠳᠤᠭ ᠤᠨ ᠫᠷᠤᠭ᠍ᠷᠡᠮ ᠦᠵᠡᠵᠦ ᠰᠣᠨᠣᠰᠬᠤ ᠠᠰᠠᠭᠤᠳᠠᠯ ᠨᠢ | ᠲᠣᠶᠢᠯᠪᠣᠷᠢᠳᠠᠢ ᠰᠢᠢᠳᠪᠦᠷᠢᠯᠡᠭᠳᠡᠵᠦ᠂ ᠭᠠᠴᠠᠭ᠎ᠠ ᠲᠣᠰᠬᠤᠨ ᠤ ︽ᠬᠤᠶᠠᠷ ᠵᠦᠪᠯᠠᠯ︾ ᠤᠨ ᠬᠤᠭᠤᠴᠠᠭ᠎ᠠ ᠰᠣᠯᠢᠬᠤ ᠠᠵᠢᠯ ᠢ ᠠᠮᠵᠢᠯᠳᠠᠳᠠᠢ ᠪᠡᠶᠡᠯᠡᠬᠦᠯᠵᠠᠢ᠃ | ᠲᠣᠯᠤᠭ᠎ᠠ᠂ ᠣᠯᠠᠨ ᠲᠦᠮᠡᠨ ᠨᠢᠭᠡ ᠰᠡᠳᠬᠢᠯ ᠢᠶᠠᠷ ᠬᠠᠳᠠᠭᠤᠵᠢᠯᠳᠠᠢ ᠲᠡᠮᠡᠴᠡᠵᠦ᠂ ᠦᠶᠡᠷ ᠣᠰᠣᠳᠠᠯ ᠢ ᠡᠰᠡᠷᠬᠦᠴᠡᠨ ᠠᠶᠣᠯ ᠠᠴᠠ ᠠᠪᠣᠷᠠᠬᠤ ᠠᠵᠢᠯ | ᠬᠦᠨᠳᠣ ᠴᠢᠬᠤᠯᠠ ᠢᠯᠠᠯᠳᠠ ᠶᠢ ᠣᠯᠪᠠ | 7 ᠰᠠᠷ᠎ᠠ ᠶᠢᠨ ᠰᠡᠬᠦᠯᠴᠢ ᠪᠠᠷ᠂ ᠮᠠᠨ ᠤ ᠬᠤᠰᠢᠭᠤ ᠲᠡᠣᠭᠡᠨ ᠳᠤ ᠬᠤᠪᠣᠷ ᠲᠣᠬᠢᠶᠠᠯᠳᠣᠭᠰᠠᠨ ᠦᠷᠬᠦᠯᠵᠢᠯᠡᠭᠡ ᠠᠭᠠᠳᠠᠷ ᠪᠤᠷᠤᠭᠠᠨ ᠳᠤ ᠲᠠᠭᠠᠷᠢᠭᠳᠠᠵᠣ᠂ ᠭᠡᠷ | ᠪᠠᠶᠢᠰᠢᠩ᠂ ᠵᠠᠮ᠂ ᠴᠠᠬᠢᠯᠭᠠᠨ ᠬᠦᠴᠦ ᠵᠡᠷᠭᠡ ᠲᠣᠨᠤᠭ ᠲᠦᠬᠦᠭᠡᠷᠦᠮᠵᠢ ᠰᠦᠷᠡᠭᠡᠢ ᠡᠪᠳᠡᠭᠳᠡᠵᠦ᠂ 18.6 ᠲᠦᠮᠡᠨ ᠬᠦᠮᠦᠨ ᠭᠠᠮᠰᠢᠭᠳᠠᠪᠠ᠃ ᠡᠨᠡᠬᠦ ᠬᠡᠨᠡᠳᠳᠡ ᠶᠢᠨ | ᠡᠬᠦᠰᠦᠭᠰᠡᠨ ᠦᠶᠡᠷ ᠣᠰᠣᠳᠠᠯ ᠤᠨ ᠭᠠᠮᠰᠢᠭ ᠲᠤ ᠬᠠᠨᠳᠣᠨ᠂ ᠦᠪᠡᠷᠳᠡᠭᠡᠨ ᠵᠠᠰᠠᠬᠤ ᠣᠷᠣᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠰᠢᠭᠤᠨ ᠤ ᠨᠠᠮ ᠤᠨ ᠬᠤᠷᠢᠶ᠎ᠠ ᠲᠦᠷᠭᠡᠨ ᠬᠦᠳᠡᠯᠦᠯᠴᠡᠵᠣ᠂ ᠰᠢᠨᠵᠢᠯᠡᠬᠦ ᠣᠬᠠᠭᠠᠨᠴᠢ ᠪᠠᠷ ᠵᠢᠯᠣᠭᠤᠳᠣᠨ᠂ ᠡᠯ᠎ᠡ ᠱᠠᠳᠣᠨ ᠤ ᠺᠠᠳ᠋ᠷ ᠨᠠᠮ ᠤᠨ ᠭᠡᠰᠢᠬᠦᠨ ᠪᠡᠶ᠎ᠡ ᠪᠠᠷ | ᠬᠡᠪ ᠲᠦᠷᠢᠮ ᠪᠣᠯᠵᠣ᠂ ᠡᠮᠦᠨ᠎ᠡ ᠹᠷᠣᠨᠲ ᠳᠤ ᠪᠠᠳᠣ ᠰᠠᠬᠢᠨ᠂ ᠴᠢᠯᠦᠭᠡᠯᠡᠬᠦ ᠴᠡᠷᠢᠭ ᠤᠨ ᠵᠢᠯᠤᠭᠤᠳᠤᠭᠴᠢ ᠪᠠᠶᠢᠯᠳᠤᠭᠴᠢ᠂ ᠵᠠᠪᠰᠡᠭᠳᠣ ᠴᠠᠭᠳᠠᠭ᠎ᠠ ᠵᠢᠨᠴᠡᠷᠢᠭ | ᠪᠠᠶᠢᠯᠳᠤᠭᠴᠢ᠂ ᠲᠣᠳᠣᠭᠠᠳᠣ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠣᠨᠳᠠᠷᠠᠭᠠᠬᠤ ᠠᠩᠬᠢ ᠶᠢᠨ ᠬᠡᠰᠢᠬᠦᠨ ᠪᠠ ᠡᠷᠦᠬᠡ ᠶᠢᠨ ᠴᠡᠷᠢᠭ ᠤᠨ ᠪᠡᠯᠡᠳᠭᠡᠯ ᠠᠯᠪᠠ ᠲᠠᠢ | ᠬᠦᠮᠦᠰ ᠵᠣᠷᠢᠭᠳᠠᠢ ᠪᠠᠷ ᠬᠦᠨᠳᠦ ᠡᠬᠦᠷᠭᠡ ᠶᠢ ᠡᠬᠦᠷᠭᠡᠯᠡᠵᠦ᠂ ᠵᠠᠯᠭᠠᠪᠡᠷ ᠠᠵᠢᠯᠯᠠᠵᠣ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠣᠰ ᠲᠣᠰ ᠤᠨ ᠡᠬᠦᠷᠭᠡ ᠢᠶᠠᠨ | ᠬᠦᠢᠴᠡᠳᠭᠡᠵᠦ᠂ ᠨᠢᠭᠳᠠ ᠬᠠᠮᠵᠢᠯᠴᠠᠵᠣ᠂ ᠨᠠᠶᠢᠭᠡᠮ ᠤᠨ ᠡᠯ᠎ᠡ ᠡᠳᠡᠭᠡᠳ ᠵᠣᠭᠤᠰ ᠮᠦᠩᠬᠦ ᠡᠳ᠋ ᠪᠣᠳᠠᠰ ᠢᠶᠠᠷ ᠲᠣᠰᠠᠯᠠᠵᠣ᠂ ᠠᠷᠭ᠎ᠠ ᠭᠠᠨᠷᠭᠠᠨ ᠬᠦᠴᠦ ᠪᠠᠨ ᠡᠷᠬᠦᠵᠦ | ᠂ ᠦᠶᠡᠷ ᠢ ᠲᠡᠮᠡᠴᠡᠨ ᠭᠠᠮᠰᠢᠭ ᠠᠴᠠ ᠠᠪᠣᠷᠠᠬᠤ ᠠᠵᠢᠯ ᠢ ᠪᠦᠬᠦ ᠬᠦᠴᠦᠨ ᠪᠠᠷ ᠢᠶᠠᠨ ᠦᠷᠨᠢᠬᠦᠯᠪᠡ᠃ ᠪᠦᠬᠦ ᠬᠤᠰᠢᠭᠤᠨ ᠤ ᠲᠡᠭᠡᠳᠦ ᠲᠣᠣᠷᠠᠳᠣ ᠱᠠᠳᠣ ᠬᠠᠮᠳᠣ | ᠪᠠᠷ ᠬᠦᠳᠠᠯᠣᠯᠴᠡᠵᠦ᠂ ︽ᠬᠤᠶᠠᠷ ᠱᠣᠭᠤᠮ ᠭᠤᠷᠪᠠᠨ ᠣᠷᠣᠨ︾ ᠢ ᠪᠦᠬᠦᠨ ᠢ ᠪᠠᠶᠢᠷᠢᠯᠠᠭᠤᠯᠵᠣ᠂ ᠠᠭᠠᠷ ᠲᠡᠭᠡᠷ᠎ᠡ᠂ ᠣᠰᠣᠨ ᠲᠡᠭᠡᠷ᠎ᠡ᠂ ᠬᠠᠭᠤᠷᠠᠢ ᠲᠡᠭᠡᠷᠡᠬᠢ | ᠠᠪᠣᠷᠠᠯᠳᠠ ᠶᠢᠨ ᠠᠵᠢᠯ ᠬᠠᠷᠢᠯᠴᠠᠨ ᠣᠶᠠᠯᠳᠣᠵᠣ᠂ ᠨᠠᠶᠢᠳᠡ4 ᠨᠢᠰᠭᠡᠯ ︵ᠣᠳᠠᠭ᠎ᠠ︶᠂926 ᠮᠠᠰᠢᠨ ︵ᠣᠳᠠᠭ᠎ᠠ︶᠂ 3 ᠬᠤᠶᠠᠭᠳᠣ ᠲᠡᠷᠭᠡ᠂1.2 ᠲᠦᠮᠡᠨ | ᠬᠦᠮᠦᠨ ︵ᠣᠳᠠᠭ᠎ᠠ︶ ᠣᠷᠣᠯᠴᠠᠵᠣ᠂ 4 ᠲᠦᠮᠡᠨ ᠬᠦᠮᠦᠨ ᠢ ᠪᠠᠴᠢᠮ ᠰᠢᠯᠵᠢᠬᠦᠯᠦᠨ ᠲᠦᠪᠬᠢᠨᠡᠭᠦᠯᠵᠦ ᠂ ᠦᠶᠡᠷ ᠲᠤ ᠬᠤᠷᠢᠭᠳᠠᠭᠰᠠᠨ5 ᠪᠦᠯᠦᠭ 39 ᠨᠠᠷᠠᠰ | ᠬᠦᠮᠦᠨ ᠢ ᠪᠦᠬᠦᠨ ᠢᠶᠠᠷ ᠢᠶᠠᠨ ᠠᠮᠣᠷ ᠲᠦᠪᠰᠢᠨ ᠠᠪᠣᠷᠠᠵᠣ᠂ ᠶᠡᠭᠡ ᠦᠶᠡᠷ ᠤᠨ ᠭᠠᠮᠰᠢᠭ ᠲᠤ ︽ᠦᠬᠦᠯ ᠰᠢᠷᠬᠠᠳᠣᠯ ᠦᠭᠡᠢ᠂ ᠰᠣᠷᠠᠭ ᠦᠭᠡᠢ ᠪᠣᠯᠣᠭᠰᠠᠨ | ᠬᠦᠮᠦᠨ ᠦᠭᠡᠢ︾ ᠴᠢᠬᠤᠯᠠ ᠶᠡᠭᠡ ᠠᠮᠵᠢᠯᠳᠠ ᠣᠯᠵᠣ᠂ ᠦᠪᠡᠷᠳᠡᠭᠡᠨ ᠵᠠᠰᠠᠬᠤ ᠣᠷᠣᠨ ᠪᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠦᠨᠳᠦᠷ | ᠨᠣᠳᠠᠯᠠᠭᠳᠠᠵᠣ᠂ ᠦᠷᠭᠡᠨ ᠣᠯᠠᠨ ᠠᠷᠠᠳ ᠲᠦᠮᠡᠨ ᠤ ᠬᠦᠷᠢᠶᠡᠯᠡᠯ ᠢ ᠣᠯᠪᠠ᠃ ᠦᠶᠡᠷ ᠲᠠᠢᠲ᠋ᠡᠮᠡᠴᠡᠨ ᠠᠶᠣᠯ ᠭᠠᠮᠰᠢᠭ ᠠᠴᠠ ᠠᠪᠣᠷᠠᠬᠤ ᠪᠦᠬᠦ ᠶᠠᠪᠣᠴᠠ ᠶᠢᠨ | ᠲᠣᠮᠳᠠ᠂ ᠨᠠᠶᠢᠳᠡ1.1ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠣᠷᠣᠭᠤᠯᠵᠦ᠂ ᠭᠠᠮᠰᠢᠭᠳᠠᠭᠰᠠᠨ ᠠᠷᠠᠳ ᠢ ᠲᠡᠳᠬᠦᠨ 2781 ᠭᠡᠷ ᠪᠠᠶᠢᠰᠢᠩ ᠢ ᠰᠢᠨ᠎ᠡ ᠪᠠᠷ | ᠵᠠᠰᠠᠨ ᠪᠠᠶᠢᠭᠤᠯᠵᠣ᠂ ᠵᠠᠰᠠᠮᠠᠯ ᠵᠠᠮ᠂ ᠴᠠᠬᠢᠯᠭᠠᠨ ᠬᠦᠴᠦ᠂ ᠴᠢᠮᠡᠭᠡ ᠨᠠᠪᠳᠡᠷᠡᠯᠭᠡ᠂ ᠣᠰᠣᠨ ᠠᠰᠢᠭᠯᠠᠯᠳᠠ ᠵᠡᠷᠭᠡ ᠡᠪᠳᠡᠭᠳᠡᠭᠰᠡᠨ ᠰᠠᠭᠤᠷᠢ ᠲᠦᠬᠦᠭᠡᠷᠦᠮᠵᠢ ᠶᠢ ᠴᠠᠭ | ᠲᠣᠬᠠᠢ ᠳᠤᠨᠢ ᠰᠡᠯᠪᠢᠨ ᠵᠠᠰᠠᠵᠣ᠂ ᠣᠯᠠᠨ ᠲᠦᠮᠡᠨ ᠤ ᠬᠡᠪ ᠤᠨ ᠦᠢᠯᠡᠳᠪᠦᠷᠢᠯᠠᠯ ᠠᠮᠢᠳᠣᠷᠠᠯ ᠢ ᠪᠦᠳᠦᠮᠵᠢᠳᠠᠢ ᠪᠠᠳᠣᠯᠠᠪᠠ᠃7 ᠰᠠᠷ᠎ᠠ ᠶᠢᠨ ᠡᠬᠢᠨ ᠠᠴᠠ ᠡᠬᠢᠯᠡᠨ᠂ | ᠬᠠᠳᠣᠨ ᠭᠤᠣᠯ ᠤᠨ ᠣᠰᠣ ᠨᠢ ᠰᠡᠷᠡᠮᠵᠢᠯᠡᠬᠦ ᠣᠰᠣᠨ ᠲᠦᠪᠰᠢᠨ ᠢ ᠲᠠᠪᠠᠵᠣ᠂ ᠵᠠᠭᠤ ᠣᠷᠴᠢᠮ ᠡᠳᠦᠷ ᠣᠷᠣᠰᠬᠠᠯ ᠤᠨ ᠬᠡᠮᠵᠢᠶ᠎ᠡ ᠶᠢ ᠲᠠᠪᠠᠨ ᠣᠷᠣᠰᠴᠣ᠂ ᠬᠢᠯᠢ | ᠳᠤ ᠣᠷᠣᠬᠤ ᠣᠷᠣᠰᠬᠠᠯ ᠤᠨ ᠬᠡᠮᠵᠢᠶ᠎ᠡ ᠨᠢ ᠨᠢᠭᠡ ᠦᠶ᠎ᠡ 35 ᠵᠢᠯ ᠠᠴᠠ ᠨᠠᠭᠠᠰᠢᠬᠢ ᠬᠠᠮᠤᠭ ᠶᠡᠭᠡ ᠬᠡᠮᠵᠢᠶ᠎ᠡ ᠬᠦᠷᠴᠦ᠂ ᠬᠦᠨᠳᠣ ᠬᠡᠴᠡᠬᠦᠦ ᠦᠶᠡᠷ ᠤᠨ ᠪᠠᠶᠢᠳᠠᠯ | ᠳᠤ ᠬᠠᠨᠳᠣᠨ᠂ ᠦᠷᠭᠡᠨ ᠣᠯᠠᠨ ᠺᠠᠳ᠋ᠷᠴᠣᠳ24 ᠴᠠᠭ ᠢᠶᠠᠷ ᠭᠤᠣᠯ ᠤᠨ ᠡᠷᠬᠢ ᠲᠠᠭᠠᠣ ᠵᠢᠵᠢᠬᠦᠷᠯᠠᠨ ᠰᠠᠬᠢᠵᠣ᠂ ᠠᠶᠣᠯ ᠠᠴᠠ ᠠᠪᠣᠷᠠᠬᠤ ᠡᠳ᠋ ᠪᠣᠳᠠᠰ ᠢ ᠪᠠᠴᠢᠮ | ᠰᠢᠯᠵᠢᠬᠦᠯᠦᠨ᠂ ᠬᠠᠳᠣᠨ ᠭᠤᠣᠯ ᠤᠨ ᠦᠶᠡᠷ ᠢ ᠰᠷᠭᠡᠶᠢᠯᠡᠬᠦ ᠲᠦᠭᠰᠢᠬᠦᠷᠳᠦ ᠪᠠᠶᠢᠳᠠᠯ ᠢ ᠡᠷᠴᠢᠮᠳᠠᠢ ᠦᠭᠡᠶᠢᠰᠬᠡᠵᠦ᠂ ᠠᠮᠣᠷ ᠲᠦᠪᠰᠢᠨ ᠦᠶᠡᠷ ᠢ ᠲᠣᠭᠤᠯᠬᠤ ᠶᠢ | ᠪᠡᠶᠡᠯᠡᠬᠦᠯᠪᠡ᠃ | ᠨᠠᠢᠮᠠ᠂ ᠦᠭᠡᠷᠡᠴᠢᠯᠠᠯᠳᠠ ᠶᠢ ᠬᠦᠨᠵᠡᠬᠡᠶᠢᠷᠡᠬᠦᠯᠦᠨ᠂ ᠠᠮᠢᠵᠢᠷᠠᠯ ᠤᠨ ᠬᠦᠴᠦᠨ ᠢ ᠤᠷᠮᠠᠰᠢᠭᠤᠯᠵᠤ᠂ ᠣᠷᠴᠢᠨ ᠲᠣᠭᠤᠷᠢᠨ ᠤ ᠬᠦᠭᠵᠢᠯᠳᠡ ᠨᠢ ᠣᠯᠠᠮ | ᠰᠢᠯᠢᠳᠡᠭᠵᠢᠪᠡ | ᠰᠢ ᠵᠢᠩ ᠫᠢᠩ ᠶᠡᠷᠦᠩᠬᠡᠢ ᠱᠦᠵᠢ ᠶᠢᠨ ᠨᠠᠶᠢᠳᠠᠭᠰᠠᠨ ᠭᠤᠷᠪᠠᠨ ᠵᠣᠷᠪᠣᠰ ᠭᠤᠣᠯᠳᠠᠯᠠᠭ᠎ᠠ ᠲᠠᠢ ᠦᠭᠡᠷᠡᠴᠢᠯᠠᠯᠳᠡ ᠨᠢ ᠡᠮᠬᠢ ᠵᠢᠷᠣᠮ ᠲᠠᠢ ᠠᠬᠢᠭᠤᠯᠤᠭᠳᠠᠵᠤ | ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠣ ᠦᠭᠡᠷᠡᠴᠢᠯᠡᠯᠳᠡ ᠶᠢ ᠲᠠᠰᠣᠷᠠᠯᠳᠠ ᠦᠭᠡᠢ ᠬᠦᠨᠵᠡᠬᠡᠶᠢᠷᠡᠬᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ | ︾ ᠦᠭᠡᠷᠡᠴᠢᠯᠡᠯᠳᠡ ᠶᠢᠨ ᠦᠷ᠎ᠡ ᠪᠦᠳᠦᠮᠵᠢ ᠨᠢ ᠮᠡᠳᠡᠭᠳᠡᠮ᠎ᠠ ᠪᠠᠶᠢᠵᠣ᠂ 6350 ᠵᠣᠷᠪᠣᠰ ᠡᠷᠭᠡ ᠬᠠᠷᠢᠭᠤᠴᠠᠯᠭ᠎ᠠ ᠶᠢᠨ ᠲᠦᠷᠦᠯ ᠵᠦᠢᠯ ᠢ ᠡᠮᠬᠢᠳᠭᠡᠨ ᠨᠡᠶᠢᠳᠡᠯᠡᠵᠦ᠂ | 24 ᠰᠠᠯᠠᠭ᠎ᠠ ᠮᠦᠴᠢᠷ ᠤᠨ232 ᠲᠦᠷᠦᠯ ᠤᠨ ᠣᠯᠠᠨ ᠨᠠᠶᠢᠳᠡ ᠶᠢᠨ ᠦᠢᠯᠡᠴᠢᠯᠡᠭᠡᠨ ᠤ ᠵᠦᠢᠯ ᠨᠢ ᠵᠠᠰᠠᠭ ᠤᠨ ᠵᠠᠪᠣᠳᠠᠯ ᠤᠨ ᠦᠢᠯᠡᠴᠢᠯᠡᠭᠡᠨ ᠤ ᠲᠢᠩᠬᠢᠮ ᠳᠤ | ᠣᠷᠣᠨ ᠰᠠᠭᠤᠷᠢᠰᠢᠵᠣ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠣᠳᠠᠯ ᠤᠨ ᠦᠢᠯᠡᠴᠢᠯᠡᠭᠡ︾ ᠶᠢᠨ ᠰᠦᠯᠵᠢᠶᠡᠨ ᠲᠡᠭᠡᠷ᠎ᠡ ᠠᠵᠢᠯᠯᠠᠬᠤ ᠲᠢᠩᠬᠢᠮ ᠨᠢ ᠭᠡᠷᠡᠭᠯᠡᠭᠡᠨ | ᠢᠶᠠᠨ ᠶᠡᠪᠣᠭᠳᠠᠭᠤᠯᠪᠠ᠃ ︽ᠣᠯᠠᠨ ᠦᠨᠡᠮᠨᠠᠯ ᠢ ᠨᠢᠭᠡᠳᠭᠡᠵᠦ᠂ ᠨᠢᠭᠡ ᠦᠨᠡᠮᠯᠡᠯ ᠨᠢᠭᠡ ᠺᠣᠲ ᠪᠤᠯᠭᠠᠬᠤ︾ ᠶᠢ ᠪᠦᠬᠦ ᠲᠠᠯ᠎ᠠ ᠪᠠᠷ ᠬᠡᠷᠡᠭᠵᠢᠬᠦᠯᠵᠦ ᠂ ᠠᠵᠣ | ᠠᠬᠤᠶᠢᠯᠠᠯ ᠤᠨ ᠲᠠᠩᠰᠠᠯᠠᠬᠤ ᠲᠡᠰ ᠲᠠᠷᠠᠭᠠᠯᠠᠯ ᠢ ᠣᠯᠠᠮ ᠨᠢᠭᠡ ᠠᠯᠬᠤᠮ ᠲᠦᠬᠦᠮᠴᠢᠯᠡᠵᠦ᠂ ᠵᠠᠬ᠎ᠠ ᠲᠠᠯᠭᠡᠬᠦᠷ ᠤᠨ ᠠᠮᠢᠵᠢᠷᠠᠯ ᠤᠨ ᠬᠦᠴᠦᠨ ᠢ ᠲᠠᠰᠣᠷᠠᠯᠳᠠ ᠦᠭᠡᠢ | ᠴᠢᠩᠭᠠᠳᠬᠠᠵᠣ᠂ ᠰᠢᠨ᠎ᠡ ᠪᠠᠷ ᠨᠠᠮᠡᠭᠳᠡᠭᠰᠡᠨ ᠡᠯ᠎ᠡ ᠲᠦᠷᠦᠯ ᠤᠨ ᠵᠠᠬ᠎ᠠ ᠲᠡᠯᠭᠡᠬᠦᠷ ᠤᠨ ᠭᠤᠣᠯ ᠴᠣᠭᠴᠠ ᠨᠢ 3823 ᠡᠷᠦᠭᠡ ᠳᠤ ᠬᠦᠷᠪᠡ᠃ ᠬᠢᠨᠠᠨ ᠪᠠᠶᠢᠴᠠᠭᠠᠬᠤ | ᠪᠠᠶᠢᠭᠤᠯᠭ᠎ᠠ ᠪᠠ ᠲᠠᠪᠣᠰᠣᠨ ᠤ ᠦᠢᠯᠡᠰ ᠤᠨ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠣᠯᠣᠰ ᠤᠨ ᠦᠮᠴᠢᠯᠡᠯᠳᠣ ᠣᠢ | ᠰᠢᠭᠤᠢ ᠶᠢᠨ ᠲᠠᠯᠠᠪᠠᠢ ᠶᠢᠨ ᠦᠭᠡᠷᠡᠴᠢᠯᠠᠯᠳᠡ ᠪᠠ ᠭᠠᠵᠠᠷ ᠰᠢᠷᠣᠢ ᠨᠣᠳᠤᠭ ᠪᠡᠯᠴᠢᠭᠡᠷ ᠤᠨ ᠡᠷᠭᠡ ᠶᠢ ᠵᠦᠪᠰᠢᠶᠡᠷᠡᠬᠦ ᠠᠵᠢᠯ ᠢ ᠦᠨᠳᠦᠰᠦᠨ ᠳᠡᠭᠡᠨ ᠪᠡᠶᠡᠯᠡᠬᠦᠯᠵᠦ᠂ | ᠬᠠᠮᠳᠣ ᠨᠠᠶᠢᠳᠡ ᠶᠢᠨ ᠦᠮᠴᠢᠯᠡᠬᠦ ᠡᠷᠭᠡ ᠶᠢᠨ ᠦᠭᠡᠷᠡᠴᠢᠯᠡᠯᠳᠡ᠂ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠤᠶᠢᠨᠠᠬᠢ ᠦᠭᠡᠷᠡᠴᠢᠯᠡᠯᠳᠡ᠂ ᠪᠠᠶᠢᠭᠤᠯᠣᠮᠵᠢ ᠶᠢᠨ | ᠦᠭᠡᠷᠡᠴᠢᠯᠡᠯᠳᠡ ᠵᠡᠷᠭᠡ ᠭᠤᠣᠯᠳᠠᠯᠭ᠎ᠠ ᠲᠠᠢ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠵᠣ᠂ ᠡᠷᠭᠡ ᠶᠢ ᠦᠷᠭᠡᠳᠭᠡᠨ ᠰᠢᠶᠡᠨ ᠢᠶᠠᠨ ᠬᠦᠴᠦᠷᠭᠡᠭᠵᠢᠬᠦᠯᠬᠦ᠂ ᠬᠡᠮᠵᠢᠶ᠎ᠡ | ᠪᠠᠨ ᠨᠡᠮᠡᠭᠳᠠᠭᠦᠯᠦᠨ ᠴᠠᠬᠢᠯᠭᠠᠨ ᠲᠦᠭᠡᠭᠡᠬᠦ ᠵᠡᠷᠭᠡ ᠲᠣᠷᠰᠢᠯᠳᠡ ᠶᠢᠨ ᠴᠡᠭ ᠤᠨ ᠦᠭᠡᠷᠡᠴᠢᠯᠡᠯᠳᠡ ᠶᠢ ᠯᠠᠪᠳᠠᠭᠤᠨ ᠬᠡᠷᠡᠭᠵᠢᠬᠦᠯᠵᠦ᠂ ᠰᠣᠷᠭᠠᠨ ᠬᠦᠮᠦᠵᠢᠯ ᠡᠷᠡᠬᠦᠯ | ᠬᠠᠮᠠᠭᠠᠯᠠᠯ᠂ ᠨᠡᠶᠢᠭᠡᠮ ᠤᠨ ᠪᠠᠳᠤᠯᠠᠭ᠎ᠠ ᠵᠡᠷᠭᠡ ᠬᠦᠷᠢᠶ᠎ᠡ ᠴᠠᠷᠠᠭᠠᠨ ᠤ ᠦᠭᠡᠷᠡᠴᠢᠯᠡᠯᠳᠡ ᠨᠢ ᠰᠢᠨ᠎ᠡ ᠠᠮᠵᠢᠯᠳᠡ ᠣᠯᠪᠠ᠃ | ᠶᠢᠰᠦ᠂ ᠣᠪᠣᠷ ᠰᠣᠷᠳᠠᠯ ᠢ ᠴᠢᠩᠭ᠎ᠠ ᠠᠳᠬᠤᠵᠣ᠂ ᠴᠢᠳᠠᠪᠬᠢ ᠪᠠᠨ ᠲᠡᠭᠡᠭᠰᠢᠯᠡᠬᠦᠯᠦᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠳᠦᠭᠡᠨ | ᠪᠠᠶᠢᠭᠤᠯᠣᠯᠳᠠ ᠶᠢᠨ ᠦᠷ᠎ᠡ ᠳ᠋ᠦᠩ ᠢᠯᠡᠷᠭᠡᠢ ᠪᠣᠯᠪᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠨ ᠲᠣᠣᠱᠯᠠᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠲᠣᠮᠳᠠᠳᠣ ᠣᠯᠣᠰ ᠤᠨ ᠣᠨᠴᠠᠯᠢᠭᠳᠣ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠣ᠂ ᠣᠬᠠᠮᠰᠠᠷ ᠠᠴᠠ ᠪᠠᠨ ︽ | ᠳᠦᠷᠪᠡᠨ ᠦᠵᠡᠯ ᠣᠬᠠᠮᠰᠠᠷ︾ ᠢ ᠪᠠᠳᠤ ᠪᠠᠬᠢ ᠪᠣᠢ ᠪᠣᠯᠭᠠᠵᠣ᠂ ︽ᠳᠦᠷᠪᠡᠨ ᠢᠲᠡᠬᠡᠯ︾ ᠢ ᠪᠠᠲᠣᠳᠬᠠᠵᠣ᠂ ︽ᠬᠤᠶᠠᠷ ᠢ ᠡᠷᠡᠰ ᠬᠠᠮᠠᠭᠠᠯᠠᠬᠤ︾ ᠦᠵᠡᠯ | ᠰᠠᠨᠠᠭ᠎ᠠ᠂ ᠣᠯᠣᠰ ᠲᠦᠷᠣ ᠪᠠ ᠠᠵᠢᠯᠯᠠᠭ᠎ᠠ ᠳᠡᠭᠡᠷ᠎ᠡ ᠴᠦᠮ ᠰᠢ ᠶᠢᠨ ᠫᠢᠩ ᠨᠦᠬᠦᠷ ᠢᠶᠠᠷ ᠲᠦᠪ ᠪᠣᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠲᠣ | ᠬᠡᠮᠵᠢᠶ᠎ᠡ ᠪᠠᠷ ᠨᠢᠬᠡᠳᠣᠯᠲᠠᠢ ᠪᠠᠶᠢᠬᠤ ᠶᠢ ᠬᠡᠵᠢᠶᠡᠳᠡ ᠪᠡᠶᠡᠯᠡᠬᠦᠯᠪᠡ᠃ ᠪᠦᠬᠦ ᠲᠠᠯ᠎ᠠ ᠪᠠᠷ ᠴᠢᠩᠭ᠎ᠠ ᠪᠠᠷ ᠨᠠᠮ ᠢᠶᠠᠨ ᠵᠠᠰᠠᠬᠤ ᠡᠭᠦᠷᠭᠡ ᠶᠢ ᠨᠢᠮᠪᠠᠢ ᠭᠡᠷᠡᠭᠵᠢᠬᠦᠯᠵᠥ᠂ ᠲᠦᠪ | ᠬᠤᠷᠢᠶᠡᠨ ᠤ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠬᠦᠯᠬᠦ ᠨᠠᠷᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠣᠪᠣᠷ ᠰᠣᠷᠳᠠᠯ ᠢ ᠪᠦᠳᠣᠭᠡᠨ ᠪᠠᠶᠢᠭᠤᠯᠬᠤ | ᠲᠣᠰᠬᠠᠢ ᠰᠡᠲᠣᠪᠲᠣ ᠠᠷᠠᠳᠴᠢᠯᠠᠯ ᠤᠨ ᠠᠮᠢᠳᠣᠷᠠᠯ ᠤᠨ ᠬᠤᠷᠠᠯ ᠢ ᠲᠠᠶᠢᠴᠢᠯᠠᠨ ᠬᠤᠷᠠᠯᠳᠣᠵᠣ᠂ ᠪᠦᠬᠦ ᠬᠤᠰᠢᠭᠤᠨ ᠤ ᠠᠵᠢᠯ ᠬᠢᠵᠣ ᠦᠢᠯᠡᠰ ᠪᠦᠳᠣᠭᠡᠬᠦ ᠠᠭᠤᠷ | ᠠᠮᠢᠰᠬᠤᠯ ᠣᠯᠠᠮ ᠭᠦᠨ ᠵᠣᠵᠠᠭᠠᠨ ᠪᠣᠯᠪᠠ᠃ ᠬᠤᠰᠢᠭᠤᠨ ᠤ ᠨᠠᠮ ᠤᠨ ᠬᠤᠷᠢᠶᠠᠨ ᠤ ᠰᠢᠢᠳᠪᠣᠷᠢᠲᠣ ᠪᠠᠶᠢᠷᠢᠯᠠᠭᠤᠯᠣᠯᠲᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠣᠯᠣᠰ ᠲᠦᠷᠣ ᠶᠢᠨ ᠵᠦᠪᠯᠡᠯᠬᠡᠨ ᠤ ᠰᠠᠨᠠᠯ ᠢ ᠣᠬᠠᠮᠰᠠᠷ ᠠᠴᠠ ᠪᠠᠨ ᠬᠤᠷᠢᠶᠠᠵᠣ᠂ ᠠᠷᠠᠳ ᠤᠨ ᠲᠦᠯᠦᠬᠡᠯᠡᠭᠴᠢ᠂ | ᠣᠯᠣᠰ ᠲᠦᠷᠣ ᠶᠢᠨ ᠵᠦᠪᠯᠡᠯᠭᠡᠨ ᠤ ᠬᠡᠰᠢᠬᠦᠳ ᠢ ᠣᠷᠢᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠰᠣᠯᠠ ᠣᠷᠣᠯᠴᠠᠭᠤᠯᠵᠣ᠂ ᠪᠦᠬᠦ ᠵᠢᠯ ᠳᠤ | ᠠᠷᠠᠳ ᠤᠨ ᠲᠦᠯᠦᠬᠡᠯᠡᠭᠴᠢ ᠶᠢᠨ ᠰᠠᠨᠠᠭᠤᠯᠭ᠎ᠠ ᠪᠠ ᠣᠯᠣᠰ ᠲᠦᠷᠣ ᠶᠢᠨ ᠵᠦᠪᠯᠡᠯᠬᠡᠨ ᠤ ᠬᠡᠰᠢᠬᠦᠳ ᠤᠨ ᠲᠣᠷᠠᠳᠣᠯᠭ᠎ᠠ ᠶᠢ 143 ᠵᠦᠢᠯ ᠰᠢᠢᠳᠪᠣᠷᠢᠯᠡᠵᠣ᠂ | ᠬᠦᠢᠴᠡᠳᠬᠡᠨ ᠦᠭᠭᠦᠭᠰᠡᠨ ᠨᠣᠷᠮ᠎ᠡ 100% ᠲᠤ ᠬᠦᠷᠪᠡ᠃ ᠬᠢᠨᠠᠨ ᠪᠠᠶᠢᠴᠠᠭᠠᠬᠤ᠂ ᠬᠢᠨᠠᠨ ᠪᠣᠳᠣᠬᠤ ᠠᠵᠢᠯ ᠢ ᠳᠡᠭᠡᠲᠣ ᠬᠡᠮᠵᠢᠶ᠎ᠡ ᠪᠠᠷ ᠴᠢᠬᠤᠯᠠᠴᠢᠯᠠᠵᠣ᠂ | ᠠᠷᠢᠭᠤᠨ ᠴᠢᠬᠡᠴᠢ ᠨᠠᠮ ᠵᠠᠰᠠᠭ ᠤᠨ ᠪᠠᠶᠢᠭᠤᠯᠣᠯᠲᠠ ᠨᠢ ᠰᠢᠨ᠎ᠡ ᠠᠮᠵᠢᠯᠲᠠ ᠶᠢ ᠣᠯᠪᠠ᠃ ︽ᠲᠣᠯᠣᠳᠣᠭᠠᠷ ᠲᠠᠪᠣᠨ ᠵᠢᠯ︾ ᠤᠨ ᠬᠠᠣᠯᠢ ᠲᠦᠬᠡᠮᠡᠯᠵᠢᠬᠦᠯᠬᠦ ᠠᠵᠢᠯ ᠢ | ᠪᠦᠬᠦ ᠲᠠᠯ᠎ᠠ ᠪᠠᠷ ᠬᠡᠷᠡᠭᠵᠢᠬᠦᠯᠵᠥ᠂ 4K ᠲᠧᠯᠸᠢᠽᠣᠷ ᠤᠨ ᠳᠡᠭᠡᠷᠡᠬᠢ ᠬᠠᠶᠢᠷᠴᠠᠭ ᠪᠠ ᠬᠠᠣᠯᠢ ᠴᠠᠭᠠᠵᠠ ᠶᠢᠨ ᠣᠶᠣᠨᠯᠢᠭ ᠲᠡᠭᠦᠰᠭᠡᠯ ᠤᠨ ᠬᠡᠷᠡᠭᠯᠡᠯᠲᠡ ᠶᠢ | ᠴᠢᠩᠭᠠᠳᠬᠠᠵᠣ᠂ ᠰᠦᠯᠵᠢᠶᠡᠨ ᠳᠡᠭᠡᠷ᠎ᠡ ᠣᠯᠠᠨ ᠲᠦᠷᠣᠯ ᠢᠶᠠᠷ ᠰᠢᠢᠳᠪᠣᠷᠢᠯᠡᠬᠦ ᠰᠢᠨ᠎ᠡ ᠵᠠᠭᠪᠣᠷ ᠢ ᠳᠡᠯᠭᠡᠷᠡᠬᠦᠯᠵᠥ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ | ᠲᠣᠷᠰᠢᠯᠭ᠎ᠠ︾ ᠶᠢ ᠨᠣᠲᠣᠭᠰᠢᠭᠤᠯᠬᠤ ᠶᠢ ᠠᠬᠢᠭᠤᠯᠵᠣ᠂ ᠡᠶᠡᠳᠡᠭᠦᠯᠬᠦ ᠵᠢᠯ ᠤᠨ ᠪᠦᠳᠣᠮᠵᠢ ᠶᠢᠨ ᠨᠣᠷᠮ᠎ᠠ᠂ ᠣᠯᠠᠨ ᠲᠦᠮᠡᠨ ᠤ ᠬᠠᠨᠣᠮᠵᠢ ᠶᠢᠨ ᠨᠣᠷᠮ᠎ᠡ ᠶᠢᠨ | ᠳᠡᠭᠡᠭᠰᠢᠯᠡᠯᠲᠡ ᠶᠢ ᠪᠡᠶᠡᠯᠡᠬᠦᠯᠵᠥ᠂ ᠦᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠳᠤ ᠬᠠᠣᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ ᠲᠣᠬᠠᠢ ᠶᠢᠨ | ᠭᠠᠵᠠᠷ ᠤᠨ ᠬᠤᠷᠠᠯᠳᠣᠭᠠᠨ ᠢ ᠬᠢᠵᠣ᠂ ᠪᠦᠬᠦ ᠣᠷᠣᠨ ᠤ ᠬᠠᠣᠯᠢ ᠴᠠᠭᠠᠵᠠ ᠵᠠᠰᠠᠭ ᠵᠠᠬᠢᠷᠭᠠᠨ ᠤ ᠰᠢᠰᠲ᠋ᠧᠮ ᠳᠤ ᠦᠷᠭᠡᠨ ᠢᠶᠠᠷ ᠳᠡᠯᠭᠡᠷᠡᠬᠦᠯᠪᠡ᠃ ᠬᠠᠷ᠎ᠠ ᠪᠦᠯᠦᠭᠳᠡᠨ | ᠬᠠᠷᠬᠢᠰ ᠬᠦᠴᠣᠨ ᠢ ᠠᠷᠢᠯᠭᠠᠬᠤ ᠲᠣᠰᠬᠠᠢ ᠰᠡᠳᠣᠪᠲᠣ ᠲᠡᠮᠡᠴᠡᠯ ᠤᠨ ᠦᠷ᠎ᠡ ᠪᠦᠳᠣᠮᠵᠢ ᠢᠯᠡᠷᠬᠡᠢ ᠪᠠᠶᠢᠵᠣ᠂ ᠨᠢᠭᠡ ᠪᠦᠯᠦᠭ ᠵᠠᠬᠢᠳᠠᠯ ᠰᠣᠷᠪᠣᠯᠵᠢᠯᠠᠭ᠎ᠠ ᠶᠢᠨ | ᠳᠠᠷᠣᠭᠳᠠᠮᠠᠯ ᠬᠡᠷᠡᠭ ᠨᠢ ᠪᠦᠳᠣᠮᠵᠢᠲᠠᠢ ᠠᠷᠢᠯᠭᠠᠭᠳᠠᠪᠠ᠃ ᠬᠦᠮᠣᠨ ᠠᠮᠠ ᠲᠦᠯᠦᠪᠯᠡᠭᠡᠲᠣ ᠦᠷᠡᠵᠢᠯ᠂ ᠦᠨᠳᠣᠰᠣᠲᠠᠨ ᠱᠠᠰᠢᠨ ᠰᠣᠷᠲᠠᠬᠤᠨ᠂ ᠠᠷᠠᠳ ᠤᠨ | ᠠᠭᠠᠷ ᠤᠨ ᠰᠡᠷᠬᠡᠶᠢᠯᠡᠯᠲᠠ ᠬᠤᠶᠠᠷ ᠢ ᠬᠦᠷᠢᠶᠡᠯᠡᠬᠦ ᠵᠢᠴᠢ ᠨᠠᠰᠣᠲᠠᠶᠢᠴᠣᠳ᠂ ᠵᠡᠮᠳᠡᠭᠴᠥᠳ᠂ ᠡᠮᠡᠭᠲᠠᠶᠢᠴᠥᠳ ᠬᠡᠣᠬᠡᠳ ᠤᠨ ᠠᠵᠢᠯ ᠨᠢ ᠰᠢᠨ᠎ᠡ ᠠᠮᠵᠢᠯᠲᠡ ᠣᠯᠪᠡ᠃ | ᠬᠤᠰᠢᠭᠤᠨ ᠳᠤ ᠰᠠᠭᠤᠭ᠎ᠠ ᠴᠡᠷᠢᠭ ᠠᠩᠭᠢ᠂ ᠡᠯ᠎ᠡ ᠪᠠᠶᠢᠭᠤᠯᠭ᠎ᠠ ᠨᠢᠭᠡᠴᠡ᠂ ᠡᠯ᠎ᠡ ᠠᠵᠣ ᠠᠬᠤᠶᠢᠯᠠᠯ ᠴᠣ᠋ ᠠᠵᠣ ᠠᠬᠤᠢ ᠨᠡᠶᠢᠬᠡᠮ ᠤᠨ ᠭᠦᠭᠵᠢᠯᠲᠡ ᠳᠤ ᠰᠢᠨ᠎ᠡ | ᠬᠤᠪᠢ ᠨᠡᠮᠡᠷᠢ ᠪᠠᠨ ᠦᠵᠡᠬᠦᠯᠪᠡ᠃ | ᠲᠦᠯᠦᠬᠡᠯᠡᠭᠴᠢᠳ ᠡ︕ ᠦᠩᠭᠡᠷᠡᠵᠣ ᠣᠳᠬᠤ ᠬᠡᠵᠣ ᠪᠠᠶᠢᠭ᠎ᠠ 2018 ᠣᠨ ᠳᠤ᠂ ᠪᠦᠬᠦ ᠬᠤᠰᠢᠭᠤᠨ ᠤ ᠦᠷᠭᠡᠨ ᠣᠯᠡᠨ ᠺᠠᠳ᠋ᠷ ᠣᠯᠡᠨ ᠲᠦᠮᠡᠨ ᠣᠶᠣᠨ | ᠴᠢᠳᠠᠯ ᠢᠶᠠᠨ ᠬᠠᠮᠳᠣᠷᠠᠭᠤᠯᠵᠣ᠂ ᠬᠠᠮᠲᠣᠪᠠᠷ ᠪᠡᠷᠬᠡᠰᠢᠶᠡᠯ ᠢ ᠲᠡᠪᠴᠢᠵᠣ᠂ ᠶᠠᠳᠠᠭᠤ ᠠᠴᠠ ᠠᠩᠭᠢᠵᠢᠷᠠᠭᠤᠯᠣ ᠪᠣᠭᠤᠮᠲᠠ ᠶᠢ ᠰᠢᠪᠲᠣᠯᠵᠣ᠂ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠭᠤᠣᠯᠳᠠᠯᠭ᠎ᠠ ᠶᠢᠨ ᠠᠵᠢᠯ ᠨᠢ ᠣᠯᠣᠰ ᠤᠨ ᠪᠠ ᠦᠪᠡᠷᠲᠡᠭᠡᠨ ᠵᠠᠰᠠᠬᠤ ᠣᠷᠣᠨ ᠤ ᠣᠯᠠᠨ ᠣᠳᠠᠭᠠᠨ ᠤ ᠲᠣᠭᠤᠷᠢᠨ ᠪᠠᠶᠢᠴᠠᠭᠠᠯᠲᠠ ᠶᠢ | ᠬᠦᠯᠢᠶᠡᠵᠣ᠂ ᠮᠤᠨᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠡᠷᠬᠢᠨ ᠲᠣᠭᠤᠷᠢᠨ ᠤ ᠣᠷᠴᠢᠨ ᠠᠬᠤᠢ ᠶᠢ ᠶᠡᠷᠣᠩᠭᠡᠶᠢᠯᠡᠨ ᠵᠠᠰᠠᠬᠤ ᠪᠠ | ᠠᠭᠤᠷᠬᠠᠢ ᠶᠢᠨ ᠠᠵᠣ ᠠᠬᠤᠶᠢᠯᠡᠯ ᠢ ᠨᠢᠭᠡᠳᠭᠡᠨ ᠳᠠᠬᠢᠨ ᠪᠦᠯᠦᠭᠯᠡᠬᠦᠯᠵᠥ᠂ ᠲᠡᠣᠬᠡᠨ ᠳᠤ ᠬᠤᠪᠣᠷ ᠲᠣᠬᠢᠶᠠᠯᠳᠣᠭᠰᠠᠨ ᠠᠭᠠᠲᠠᠷ ᠪᠣᠷᠤᠭ᠎ᠠ ᠦᠶᠡᠷ ᠣᠰᠣᠳᠠᠯ ᠤᠨ ᠭᠠᠢ | ᠭᠠᠮᠰᠢᠭ ᠤᠨ ᠰᠢᠯᠭᠠᠯᠲᠠ ᠶᠢ ᠳᠠᠭᠠᠭᠠᠵᠣ᠂ ᠬᠠᠲᠣᠨ ᠭᠤᠣᠯ ᠤᠨ ᠦᠶᠡᠷ ᠢ ᠰᠡᠷᠬᠡᠶᠢᠯᠡᠬᠦ ᠬᠠᠮᠠᠭᠠᠯᠠᠯᠲᠠ ᠶᠢᠨ ᠳᠠᠶᠢᠨ ᠳᠤ ᠢᠯᠠᠯᠲᠠ ᠣᠯᠵᠣ᠂ ᠨᠢᠭᠡ ᠪᠦᠯᠦᠭ ᠣᠷᠳᠣ | ᠬᠤᠭᠤᠴᠠᠭᠠᠨ ᠤ ᠰᠢᠢᠳᠪᠣᠷᠢᠯᠡᠬᠦ ᠰᠠᠨᠠᠭ᠎ᠠ ᠲᠠᠢ ᠴᠣ᠋ ᠰᠢᠢᠳᠪᠣᠷᠢᠯᠡᠵᠣ ᠳᠡᠶᠢᠯᠦᠭᠰᠡᠨ ᠦᠬᠡᠢ ᠠᠰᠠᠭᠤᠳᠠᠯ ᠢ ᠰᠢᠢᠳᠪᠣᠷᠢᠯᠡᠵᠣ᠂ ᠨᠢᠭᠡ ᠪᠦᠯᠦᠭ ᠪᠦᠳᠣᠭᠡᠭᠦ ᠰᠠᠨᠠᠭ᠎ᠠ | ᠲᠠᠢ ᠴᠣ᠋ ᠪᠦᠳᠣᠭᠡᠵᠣ ᠳᠡᠶᠢᠯᠦᠭᠰᠡᠨ ᠦᠬᠡᠢ ᠶᠠᠪᠣᠳᠠᠯ ᠤᠳ ᠢ ᠪᠦᠳᠣᠭᠡᠵᠣ᠂ ᠬᠤᠵᠢᠮ ᠤᠨ ᠦᠨᠳᠣᠷ ᠴᠢᠨᠠᠷ ᠴᠢᠨᠰᠠᠭ᠎ᠠ ᠲᠠᠢ ᠭᠦᠭᠵᠢᠯᠲᠡ ᠳᠤ ᠰᠠᠭᠤᠷᠢ ᠲᠠᠯᠪᠢᠵᠣ᠂ | ᠳᠠᠪᠠᠭᠤᠯᠢᠭ ᠢᠶᠠᠨ ᠪᠠᠳᠣᠳᠬᠠᠵᠣ᠂ ᠬᠦᠴᠣᠨ ᠢᠶᠠᠨ ᠨᠢᠭᠲᠠᠷᠠᠭᠤᠯᠪᠠ᠃ ᠡᠳᠡᠬᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠲᠠᠲᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭᠠᠨ ᠤ ᠰᠢᠨᠵᠢᠯᠡᠬᠦ ᠣᠬᠠᠭᠠᠨᠴᠢ ᠵᠢᠯᠣᠭᠤᠳᠣᠯᠭ᠎ᠠ᠂ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠰᠢᠨᠵᠢᠯᠡᠬᠦ ᠣᠬᠠᠭᠠᠨᠴᠢ ᠠᠷᠭ᠎ᠠ ᠪᠣᠳᠣᠯᠭ᠎ᠠ᠂ ᠡᠷᠡᠰ ᠴᠢᠩᠭ᠎ᠠ ᠣᠳᠣᠷᠢᠳᠣᠯᠭ᠎ᠠ ᠲᠠᠢ ᠰᠠᠯᠣᠰᠢ | ᠦᠬᠡᠢ ᠶᠣᠮ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠣ ᠶᠢᠨ ᠵᠦᠪᠯᠡᠯᠬᠡᠨ ᠪᠠ ᠨᠡᠶᠢᠬᠡᠮ ᠤᠨ ᠡᠯ᠎ᠡ ᠡᠲᠡᠭᠡᠳ ᠤᠨ | ᠬᠦᠴᠦᠲᠠᠢ ᠬᠢᠨᠠᠯᠲᠠ ᠂ ᠡᠷᠴᠢᠮᠲᠠᠢ ᠳᠡᠮᠵᠢᠯᠭᠡ ᠲᠠᠢ ᠰᠠᠯᠣᠰᠢ ᠦᠬᠡᠢ ᠶᠣᠮ᠃ ᠪᠦᠬᠦ ᠬᠤᠰᠢᠭᠤᠨ ᠤ ᠦᠷᠭᠡᠨ ᠣᠯᠡᠨ ᠺᠠᠳ᠋ᠷ ᠣᠯᠡᠨ ᠲᠦᠮᠡᠨ ᠤ ᠪᠦᠯᠬᠦᠮᠳᠡᠨ | ᠬᠠᠮᠵᠢᠯᠴᠠᠵᠣ᠂ ᠨᠡᠭᠡᠭᠡᠨ ᠣᠷᠣᠭᠰᠢᠯᠠᠵᠣ ᠴᠢᠷᠮᠠᠶᠢᠭᠰᠠᠨ ᠲᠠᠢ ᠰᠠᠯᠣᠰᠢ ᠦᠬᠡᠢ ᠶᠣᠮ᠃ ᠠᠳᠡ ᠪᠢ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠪᠦᠬᠦ | ᠬᠤᠰᠢᠭᠤᠨ ᠤ ᠡᠯ᠎ᠡ ᠦᠨᠳᠣᠰᠣᠲᠡᠨ ᠤ ᠺᠠᠳ᠋ᠷ ᠣᠯᠡᠨ ᠲᠦᠮᠡᠨ᠂ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠭᠦᠭᠵᠢᠯᠲᠡ ᠳᠤ ᠬᠤᠪᠢ ᠨᠡᠮᠡᠷᠢ | ᠦᠵᠡᠭᠦᠯᠦᠭᠰᠡᠨ ᠪᠦᠬᠦ ᠨᠦᠬᠦᠳ᠂ ᠮᠠᠨ ᠤ ᠬᠤᠰᠢᠭᠤᠨ ᠤ ᠠᠵᠢᠯ ᠢ ᠬᠠᠯᠠᠮᠵᠢᠯᠠᠵᠣ ᠳᠡᠮᠵᠢᠵᠣ ᠢᠷᠡᠭᠰᠡᠨ ᠨᠠᠶᠢᠵᠠ ᠨᠠᠷ ᠲᠤ ᠪᠠᠨ ᠴᠢᠩ ᠰᠡᠳᠬᠢᠯ ᠤᠨ ᠲᠠᠯᠠᠷᠬᠠᠯ ᠪᠠ | ᠡᠷᠬᠢᠮ ᠳᠡᠭᠡᠲᠣ ᠬᠦᠨᠳᠣᠳᠬᠡᠯ ᠢᠶᠠᠨ ᠳᠡᠪᠰᠢᠬᠦᠯᠵᠥ ᠪᠠᠶᠢᠨ᠎ᠠ︕ | ᠦᠷ᠎ᠡ ᠪᠦᠳᠣᠮᠵᠢ ᠪᠠᠨ ᠨᠣᠳᠠᠯᠠᠬᠤ ᠶᠢᠨ ᠬᠠᠮᠲᠣ᠂ ᠪᠢᠳᠠ ᠵᠠᠰᠠᠭ ᠤᠨ ᠣᠷᠳᠣᠨ ᠤ ᠠᠵᠢᠯ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠱᠠᠭᠠᠷᠳᠠᠯᠭ᠎ᠠ᠂ ᠪᠦᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠵᠣ ᠠᠮᠢᠳᠣᠷᠠᠯ ᠳᠠᠬᠢ ᠬᠦᠰᠡᠯ ᠮᠦᠷᠣᠭᠡᠳᠣᠯ ᠲᠠᠢ ᠪᠠᠰᠠ ᠨᠡᠯᠢᠶᠡᠳ | ᠵᠥᠷᠢᠶ᠎ᠡ ᠲᠠᠢ ᠪᠠᠶᠢᠬᠤ ᠪᠦᠬᠡᠳ ᠴᠦᠬᠡᠨ ᠪᠣᠰᠥ ᠬᠦᠴᠢᠷᠳᠡᠯ ᠪᠠ ᠦᠷᠢᠰᠦᠯᠳᠦᠭᠡᠨ ᠲᠣᠯᠭᠠᠷᠠᠵᠣ ᠪᠠᠶᠢᠬᠤ ᠪᠠᠨ ᠰᠡᠷᠬᠡᠭ ᠢᠶᠠᠷ ᠣᠯᠵᠣ ᠲᠠᠨᠢᠪᠠ᠃ ᠭᠤᠣᠯ ᠢᠯᠡᠷᠡᠯ | ᠪᠣᠯ᠄ ᠨᠢᠭᠡ ᠳᠤ᠂ ᠭᠤᠷᠪᠠᠨ ᠶᠡᠭᠡ ᠪᠠᠬᠢᠯᠡᠯᠲᠠ ᠶᠢ ᠰᠢᠪᠳᠤᠯᠬᠤ ᠪᠠᠶᠢᠯᠳᠣᠭᠠᠨ ᠳᠤ ᠦᠷᠬᠦᠯᠵᠢᠯᠡᠨ ᠬᠦᠴᠦᠯᠡᠬᠦ ᠴᠢᠬᠤᠯᠠ ᠲᠠᠢ᠃ ᠡᠳ᠋ ᠤᠨ ᠵᠠᠰᠠᠭ ᠤᠨ ᠣᠷᠣᠯᠭ᠎ᠠ | ᠵᠠᠷᠣᠯᠬᠠ ᠶᠢᠨ ᠵᠥᠷᠢᠴᠡᠯ ᠳᠣᠪᠣᠶᠢᠮ᠎ᠠ᠂ ᠵᠠᠰᠠᠭ ᠤᠨ ᠣᠷᠳᠣᠨ ᠤ ᠦᠷᠢ ᠰᠢᠷᠢ ᠶᠢ ᠦᠬᠡᠶᠢᠰᠬᠡᠬᠦ ᠳᠠᠷᠣᠯᠲᠠ ᠲᠠᠰᠣᠷᠠᠯᠲᠠ ᠦᠬᠡᠢ ᠨᠡᠮᠡᠭᠳᠡᠪᠡ᠃ ᠶᠠᠳᠠᠭᠤ ᠠᠴᠠ | ᠠᠩᠭᠢᠵᠢᠷᠠᠭᠤᠯᠵᠣ ᠪᠠᠬᠢᠯᠡᠯᠲᠠ ᠰᠢᠪᠲᠣᠯᠬᠤ ᠳᠠᠭᠠᠭᠠᠮᠠᠭᠠᠢ ᠵᠣᠬᠢᠴᠠᠮᠵᠢ ᠬᠠᠷᠠᠬᠠᠨ ᠲᠡᠬᠦᠯᠳᠡᠷᠵᠢᠭᠳᠦᠳᠠᠢ᠃ ᠭᠠᠴᠠᠭ᠎ᠠ ᠲᠣᠰᠬᠤᠨ ᠤ ᠨᠠᠶᠢᠳᠠ ᠶᠢᠨ ᠠᠵᠣ ᠠᠬᠤᠢ | ᠳᠣᠷᠣᠢ ᠪᠠᠭᠤᠷᠠᠢ᠂ ᠠᠵᠣ ᠦᠢᠯᠡᠰ ᠤᠨ ᠶᠠᠳᠠᠭᠤ ᠶᠢ ᠲᠡᠳᠬᠦᠬᠦ ᠵᠠᠭᠪᠣᠷ ᠲᠠᠩ ᠴᠣᠯᠭᠤᠢ᠂ ᠬᠦᠴᠢᠷᠲᠡᠯᠳᠠᠢ ᠣᠯᠡᠨ ᠲᠦᠮᠡᠨ ᠤ ᠦᠪᠡᠷ ᠤᠨ ᠬᠦᠳᠡᠯᠭᠡᠭᠴᠢ ᠬᠦᠴᠣᠨ | ᠲᠣᠲᠠᠮᠠᠭ ᠪᠠᠶᠢᠨ᠎ᠠ᠃ ᠬᠤᠲᠠ ᠪᠠᠯᠭᠠᠰᠣ ᠶᠢᠨ ᠪᠣᠬᠢᠷ ᠣᠰᠥ ᠶᠢ ᠰᠢᠢᠳᠪᠣᠷᠢᠯᠡᠬᠦ᠂ ᠲᠠᠷᠢᠶᠠᠯᠠᠩ ᠤᠨ ᠬᠦᠷᠣᠰᠣᠨ ᠤ ᠪᠣᠬᠢᠷᠳᠣᠯ᠂ ᠭᠠᠵᠠᠷ ᠲᠣᠣᠷᠡᠬᠢ ᠣᠰᠥ ᠶᠢ | ᠬᠡᠳᠣᠷᠡᠳᠡᠯᠡ ᠲᠠᠳᠠᠬᠤ ᠵᠡᠷᠭᠡ ᠠᠰᠠᠭᠤᠳᠠᠯ ᠢ ᠰᠢᠢᠳᠪᠣᠷᠢᠯᠡᠬᠦ ᠪᠠ ᠵᠠᠰᠠᠬᠤ ᠬᠦᠴᠢᠷᠳᠡᠯ ᠶᠡᠭᠡ᠂ ᠪᠦᠬᠦ ᠠᠷᠠᠳ ᠤᠨ ᠣᠷᠴᠢᠨ ᠠᠬᠤᠢ ᠶᠢ ᠬᠠᠮᠠᠭᠠᠯᠠᠬᠤ ᠦᠵᠡᠯ | ᠣᠬᠠᠮᠰᠠᠷ ᠢᠶᠠᠨ ᠲᠦᠷᠭᠡᠨ ᠳᠡᠭᠡᠭᠰᠢᠯᠡᠬᠦᠯᠬᠦ ᠴᠢᠬᠤᠯᠠᠲᠠᠢ᠃ ᠬᠤᠶᠠᠷ ᠲᠤ᠂ ᠰᠢᠨ᠎ᠡ ᠬᠠᠭᠤᠴᠢᠨ ᠬᠦᠳᠡᠯᠭᠡᠭᠡᠨ ᠤ ᠡᠨᠧᠷᠬᠢ ᠶᠢᠨ ᠬᠤᠪᠢᠷᠠᠭᠤᠯᠬᠤ ᠡᠭᠦᠷᠭᠡ ᠬᠦᠴᠢᠷ | ᠬᠠᠲᠠᠭᠤᠵᠢᠯᠲᠠᠢ᠃ ᠠᠵᠣ ᠦᠢᠯᠡᠳᠪᠣᠷᠢ ᠶᠢᠨ ᠣᠯᠠᠮᠵᠢᠯᠯᠠᠲᠣ ᠠᠵᠣ ᠦᠢᠯᠡᠰ ᠤᠨ ᠡᠵᠡᠯᠡᠬᠦᠨ ᠨᠢ ᠶᠡᠭᠡ᠂ ᠬᠡᠯᠬᠢᠶᠠᠰᠤ ᠣᠬᠤᠷ᠂ ᠵᠠᠬ᠎ᠠ ᠳᠡᠯᠭᠡᠭᠦᠷ ᠤᠨ | ᠦᠷᠢᠰᠣᠯᠳᠣᠬᠦ ᠬᠦᠴᠣᠨ ᠪᠠᠭᠤᠷᠠᠢ᠂ ᠰᠢᠨ᠎ᠡ ᠪᠠᠷ ᠭᠦᠭᠵᠢᠭᠰᠡᠨ ᠠᠵᠣ ᠦᠢᠯᠡᠰ ᠨᠢ ᠪᠦᠳᠣᠮᠵᠢᠲᠠᠢ ᠲᠣᠯᠭᠠᠭᠤᠷᠢᠯᠠᠬᠤ ᠬᠦᠴᠣᠨ ᠪᠣᠯᠵᠥ ᠳᠡᠶᠢᠯᠣᠬᠡᠳᠣᠢ ᠂ ᠬᠦᠨᠳᠣ | ᠴᠢᠬᠤᠯᠡ ᠲᠦᠷᠦᠯ ᠵᠦᠢᠯ ᠤᠨ ᠨᠦᠬᠡᠴᠡ ᠲᠣᠲᠠᠮᠠᠭ᠂ ᠶᠠᠰᠥ ᠴᠢᠨᠠᠷ ᠦᠨᠳᠣᠷ ᠪᠢᠰᠢ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠲᠦᠷᠦᠯ ᠵᠦᠢᠯ ᠤᠨ | ᠰᠠᠭᠤᠷᠢᠰᠢᠯᠲᠠ ᠨᠢ ᠣᠳᠠᠭᠠᠨ ᠪᠦᠬᠡᠳ ᠬᠦᠴᠢᠷ ᠪᠠᠶᠢᠨ᠎ᠠ᠃ ᠵᠤᠭᠠᠴᠠᠯ᠂ ᠡᠯᠧᠺᠲᠷᠣᠨ ᠬᠤᠳᠠᠯᠳᠤᠭ᠎ᠠ ᠵᠡᠷᠭᠡ ᠭᠤᠷᠪᠠᠳᠣᠭᠠᠷ ᠠᠵᠣ ᠦᠢᠯᠡᠰ ᠤᠨ ᠦᠢᠯᠡᠴᠢᠯᠡᠬᠦ | ᠬᠢᠷᠢ ᠲᠦᠪᠰᠢᠨ ᠪᠠ ᠵᠡᠷᠭᠡ ᠳᠡᠰ ᠨᠢ ᠦᠨᠳᠣᠷ ᠦᠬᠡᠢ᠂ ᠠᠵᠦ ᠦᠢᠯᠡᠰ ᠤᠨ ᠠᠪᠣᠴᠠᠯᠳᠣᠬᠤ ᠠᠬᠢᠴᠠ ᠣᠳᠠᠭᠠᠨ ᠪᠠᠶᠢᠨ᠎ᠠ᠃ ᠭᠤᠷᠪᠡ ᠳᠤ᠂ ᠰᠠᠭᠤᠷᠢ | ᠲᠦᠭᠦᠭᠡᠷᠣᠮᠵᠢ ᠶᠢᠨ ᠪᠦᠳᠣᠭᠡᠨ ᠪᠠᠶᠢᠭᠤᠯᠣᠯᠲᠠ ᠳᠤ ᠪᠠᠰᠠ ᠲᠣᠲᠠᠮᠠᠭ ᠲᠠᠯ᠎ᠠ ᠣᠷᠣᠰᠢᠵᠣ ᠪᠣᠢ᠃ ᠲᠠᠷᠢᠶᠠᠨ ᠭᠠᠵᠠᠷ ᠤᠨ ᠣᠰᠣᠨ ᠠᠰᠢᠭᠯᠠᠯᠲᠠ ᠶᠢᠨ ᠰᠠᠭᠤᠷᠢ ᠮᠠᠭᠤ | ᠂ ᠲᠦᠬᠦᠷᠵᠢᠬᠦᠯᠦᠭᠰᠡᠨ ᠬᠢᠷᠢ ᠬᠡᠮᠵᠢᠶ᠎ᠡ ᠨᠢ ᠳᠣᠣᠷ᠎ᠠ᠂ ᠬᠦᠳᠡᠭᠡ ᠲᠣᠰᠬᠤᠨ ᠤ ᠵᠣᠷᠯᠦᠭ᠂ ᠬᠤᠭ ᠨᠣᠪᠰᠢ ᠪᠣᠬᠢᠷ ᠣᠰᠥ ᠶᠢ ᠴᠣᠭᠯᠠᠭᠤᠯᠵᠣ᠂ ᠰᠢᠢᠳᠪᠣᠷᠢᠯᠡᠬᠦ | ᠲᠦᠬᠦᠬᠡᠷᠣᠮᠵᠢ ᠶᠢᠨ ᠦᠷᠢᠳᠣᠯ ᠨᠡᠯᠢᠶᠡᠳ ᠶᠡᠭᠡ᠂ ᠬᠤᠲᠠ ᠪᠠᠯᠭᠠᠰᠣ ᠶᠢᠨ ᠢᠯᠴᠢ ᠬᠠᠩᠭᠠᠬᠤ ᠲᠣᠣᠷ ᠬᠤᠭᠤᠯᠠᠢ ᠵᠡᠷᠭᠡ ᠬᠤᠲᠠ ᠶᠢᠨ ᠵᠠᠰᠠᠭ ᠤᠨ | ᠲᠦᠬᠦᠬᠡᠷᠣᠮᠵᠢ ᠳᠤ ᠪᠠᠰᠠ ᠨᠡᠯᠢᠶᠡᠳ ᠲᠣᠳᠠᠮᠠᠭ ᠲᠠᠯ᠎ᠠ ᠣᠷᠣᠰᠢᠵᠣ᠂ ᠪᠣᠭᠤᠲᠣ ᠬᠤᠲᠠ ᠶᠢᠨ ᠪᠠᠷᠠᠭᠤᠨ ᠠᠵᠣ ᠦᠢᠯᠡᠳᠪᠣᠷᠢ ᠶᠢᠨ ᠬᠦᠷᠢᠶᠡᠯᠡᠩ ᠬᠢᠭᠡᠳ ᠢᠳᠡᠭᠡᠨ ᠤ | ᠠᠵᠣ ᠦᠢᠯᠡᠳᠪᠣᠷᠢ ᠶᠢᠨ ᠬᠦᠷᠢᠶᠡᠯᠡᠩ ᠤᠨ ᠵᠠᠰᠠᠮᠠᠯ ᠵᠠᠮ᠂ ᠬᠤᠭᠤᠯᠠᠢ ᠶᠢᠨ ᠲᠣᠣᠷᠵᠢᠯ᠂ ᠪᠣᠬᠢᠷ ᠣᠰᠥ ᠶᠢ ᠰᠢᠢᠳᠪᠣᠷᠢᠯᠡᠬᠦ ᠵᠡᠷᠭᠡ ᠰᠠᠭᠤᠷᠢ ᠲᠦᠬᠦᠭᠡᠷᠣᠮᠵᠢ ᠶᠢᠨ | ᠪᠡᠯᠡᠳᠬᠡᠯ ᠬᠤᠴᠣᠷᠠᠩᠭᠤᠢ᠂ ᠲᠦᠷᠣᠯ ᠵᠦᠢᠯ ᠤᠨ ᠠᠴᠢᠶᠠᠯᠠᠬᠤ ᠴᠢᠳᠠᠪᠣᠷᠢ ᠬᠢᠵᠠᠭᠠᠷ ᠲᠠᠢ ᠪᠠᠶᠢᠨ᠎ᠠ᠃ ᠲᠦᠷᠪᠡ ᠳᠤ ᠠᠷᠠᠳ ᠤᠨ ᠠᠮᠢᠳᠣᠷᠠᠯ ᠤᠨ ᠬᠦᠷᠢᠶ᠎ᠡ | ᠴᠠᠷᠠᠭᠠᠨ ᠤ ᠪᠠᠳᠤᠯᠠᠭ᠎ᠠ ᠬᠦᠷᠦᠯᠴᠡᠬᠦ ᠦᠭᠡᠢ᠃ ᠨᠠᠶᠢᠭᠡᠮ ᠤᠨ ᠪᠠᠳᠤᠯᠠᠭ᠎ᠠ ᠪᠠ ᠣᠯᠠᠨ ᠨᠠᠶᠢᠳᠡ ᠶᠢᠨ ᠦᠢᠯᠡᠴᠢᠯᠡᠭᠡᠨ ᠪᠠᠰᠠᠯᠠ ᠲᠣᠣᠷ᠎ᠠ ᠬᠢᠷᠢ ᠬᠡᠮᠵᠢᠶᠡᠨ ᠳᠤ | ᠪᠠᠶᠢᠵᠣ᠂ ᠰᠣᠷᠭᠠᠨ ᠬᠦᠮᠦᠵᠢᠯ ᠤᠨ ᠰᠠᠭᠤᠷᠢ ᠲᠣᠨᠤᠭ ᠲᠦᠭᠦᠭᠡᠷᠦᠮᠵᠢ ᠨᠢ ᠲᠡᠬᠦᠯᠳᠡᠷᠵᠢᠭᠳᠡᠳᠦᠢ᠂ ᠰᠢᠯᠢᠳᠡᠭ ᠰᠣᠷᠭᠠᠨ ᠬᠦᠮᠦᠵᠢᠯ ᠤᠨ ᠡᠬᠢ ᠰᠣᠷᠪᠣᠯᠵᠢ | ᠬᠦᠷᠦᠯᠴᠡᠬᠦ ᠦᠭᠡᠢ᠂ ᠰᠣᠷᠭᠠᠭᠤᠯᠢ ᠰᠢᠯᠢᠭᠦ ᠠᠩᠭᠢ ᠰᠢᠯᠢᠬᠦ ᠠᠰᠠᠭᠤᠳᠠᠯ ᠢ ᠪᠦᠷᠢᠮᠦᠰᠦᠨ ᠰᠢᠢᠳᠪᠦᠷᠢᠯᠡᠭᠡᠳᠦᠢ᠂ ᠡᠬᠡ ᠨᠢᠯᠬᠠᠰ ᠤᠨ ᠡᠷᠡᠬᠦᠯ ᠮᠡᠨᠳᠣ ᠶᠢ ᠬᠠᠮᠠᠭᠠᠯᠬᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠴᠢᠬᠤᠯᠠᠳᠠᠢ᠂ ᠡᠮ ᠡᠮᠨᠡᠯᠭᠡ ᠶᠢᠨ ᠰᠭᠤᠷᠢ ᠮᠦᠩᠬᠦᠨ ᠤ ᠭᠡᠷᠡᠭᠯᠡᠯᠳᠡ ᠶᠢ ᠣᠯᠠᠮ ᠨᠢᠬᠡ ᠠᠯᠬᠤᠮ | ᠲᠦᠷᠢᠮᠵᠢᠭᠦᠯᠬᠦ ᠴᠢᠬᠤᠯᠠᠳᠠᠢ᠂ ᠢᠳᠡᠭᠡᠨ ᠤ ᠠᠮᠣᠷ ᠲᠦᠪᠰᠢᠨ ᠤ ᠬᠢᠨᠠᠨ ᠰᠢᠯᠭᠠᠬᠤ ᠲᠣᠨᠤᠭ ᠲᠦᠬᠦᠭᠡᠷᠦᠮᠵᠢ ᠲᠣᠷᠣᠢ ᠪᠠᠭᠤᠷᠠᠢ᠂ ᠮᠡᠷᠭᠡᠵᠢᠯ ᠤᠨ ᠲᠣᠯᠭᠠᠭᠤᠷᠢᠯᠠᠬᠤ | ᠬᠦᠴᠦᠨ ᠢᠶᠠᠷ ᠲᠣᠳᠠᠮᠠᠭ ᠪᠠᠶᠢᠨ᠎ᠠ᠃ ᠲᠠᠪᠤ ᠳᠤ ᠨᠠᠶᠢᠭᠡᠮ ᠤᠨ ᠵᠦᠷᠢᠴᠠᠯ ᠪᠠ ᠠᠰᠠᠭᠤᠳᠠᠯ ᠲᠠᠪᠬᠤᠴᠠᠵᠣ ᠪᠠᠶᠢᠨ᠎ᠠ᠃ ᠬᠡᠯᠪᠡᠷᠢ ᠪᠠᠨ ᠬᠤᠪᠢᠷᠠᠭᠤᠯᠬᠤ ᠬᠤᠭᠤᠴᠠᠭᠠᠨ | ᠳᠤ ᠨᠠᠶᠢᠬᠡᠮ ᠤᠨ ᠵᠦᠷᠢᠴᠡᠯ ᠣᠯᠠᠨᠳᠠ ᠡᠬᠦᠰᠴᠦ᠂ ᠶᠡᠭᠡ ᠠᠠᠷᠪᠢᠨ ᠰᠢᠨ᠎ᠡ ᠪᠠᠶᠢᠳᠠᠯ ᠰᠢᠨ᠎ᠡ ᠠᠰᠠᠭᠤᠳᠠᠯ ᠢᠯᠡᠷᠡᠵᠦ᠂ ᠵᠠᠬᠢᠳᠠᠯ ᠰᠣᠷᠪᠣᠯᠵᠢᠯᠠᠭ᠎ᠠ ᠲᠣᠭᠳᠠᠭᠤᠨ ᠢ | ᠬᠠᠮᠠᠭᠠᠯᠠᠬᠤ ᠲᠠᠷᠣᠯᠳᠠ ᠨᠠᠯᠢᠶᠡᠳ ᠶᠡᠭᠡ ᠪᠠᠶᠢᠵᠣ᠂ ᠬᠠᠣᠯᠢ ᠪᠠᠷ ᠵᠠᠰᠠᠬᠤ ᠠᠬᠢᠴᠠ ᠶᠢ ᠣᠯᠠᠮ ᠨᠢᠭᠡ ᠠᠯᠬᠤᠮ ᠲᠦᠷᠭᠡᠳᠭᠡᠬᠦ ᠴᠢᠬᠤᠯᠠᠳᠠᠢ ᠪᠠᠶᠢᠨ᠎ᠠ᠃ ᠵᠢᠷᠭᠤᠭ᠎ᠠ ᠳᠤ | ᠵᠠᠰᠠᠭ ᠤᠨ ᠣᠷᠳᠣᠨ ᠤ ᠲᠣᠰ ᠪᠡᠶ᠎ᠡ ᠶᠢᠨ ᠪᠦᠳᠦᠭᠡᠨ ᠪᠠᠶᠢᠭᠤᠯᠣᠯᠳᠠ ᠶᠢ ᠪᠠᠰᠠ ᠴᠢᠩᠭᠠᠳᠬᠠᠬᠤ ᠴᠢᠬᠤᠯᠠᠳᠠᠢ ᠪᠠᠶᠢᠨ᠎ᠠ᠃ ᠵᠠᠰᠠᠭ ᠤᠨ ᠣᠷᠳᠣᠨ ᠤ ᠴᠢᠳᠠᠪᠬᠢ ᠪᠠᠨ | ᠬᠤᠪᠢᠷᠠᠭᠤᠯᠬᠤ ᠪᠠᠷ ᠬᠦᠷᠦᠯᠴᠡᠬᠦ ᠦᠭᠡᠢ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢᠨ ᠦᠷ᠎ᠡ ᠪᠦᠳᠦᠮᠵᠢ ᠪᠣᠯᠣᠨ ᠠᠵᠣ ᠠᠬᠤᠶᠢᠯᠠᠯ ᠪᠠ | ᠣᠯᠠᠨ ᠲᠦᠮᠡᠨ ᠤ ᠬᠦᠰᠡᠯ ᠡᠷᠡᠮᠡᠯᠵᠡᠯᠡᠯ ᠲᠠᠢ ᠪᠠᠰᠠ ᠨᠠᠯᠢᠶᠡᠳ ᠵᠦᠷᠢᠶ᠎ᠡ ᠲᠠᠢ ᠪᠠᠶᠢᠵᠣ᠂ ᠵᠠᠷᠢᠮ ᠨᠢᠭᠡᠴᠡ ᠶᠢᠨ ᠤᠬᠠᠮᠰᠠᠷ ᠠᠴᠠ ᠪᠠᠨ ᠦᠢᠯᠡᠴᠢᠯᠡᠬᠦ ᠦᠵᠡᠯᠳᠡ | ᠨᠢ ᠬᠦᠴᠦᠷᠬᠡᠭ ᠪᠤᠰᠤ᠂ ᠵᠠᠰᠠᠭ ᠵᠠᠬᠢᠷᠭᠠᠨ ᠤ ᠴᠢᠳᠠᠪᠬᠢ ᠨᠢ ᠦᠨᠳᠦᠷ ᠪᠤᠰᠤ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢ ᠣᠯᠠᠮ ᠨᠢᠬᠡ ᠠᠯᠬᠤᠮ | ᠰᠢᠯᠢᠳᠡᠭᠵᠢᠭᠦᠯᠬᠦ ᠬᠡᠷᠡᠭᠳᠡᠢ ᠪᠠᠶᠢᠨ᠎ᠠ᠃ ᠡᠳᠡᠭᠡᠷ ᠣᠷᠣᠰᠢᠵᠣ ᠪᠠᠶᠢᠭ᠎ᠠ ᠠᠰᠠᠭᠤᠳᠠᠯ ᠢ ᠪᠢᠳᠠ ᠡᠷᠭᠡᠪᠰᠢ ᠡᠩ ᠲᠡᠷᠢᠬᠦᠨ ᠳᠤ ᠵᠠᠰᠠᠭ ᠤᠨ ᠣᠷᠳᠣᠨ ᠤ ᠲᠣᠰ ᠪᠠᠶ᠎ᠡ | ᠠᠴᠠ ᠰᠢᠯᠳᠠᠭᠠᠨ ᠢ ᠡᠷᠢᠵᠦ ᠂ ᠨᠢᠭᠤᠵᠣ ᠳᠠᠯᠳᠠᠯᠠᠬᠤ ᠦᠭᠡᠢ᠂ ᠵᠠᠶᠢᠯᠠᠵᠣ ᠲᠣᠳᠠᠭᠠᠬᠤ ᠦᠭᠡᠢ ᠪᠠᠷ ᠠᠷᠭ᠎ᠠ ᠪᠦᠬᠦᠨ ᠢ ᠰᠦᠪᠡᠭᠴᠢᠯᠡᠨ ᠰᠢᠢᠳᠪᠣᠷᠢᠯᠡᠬᠦ ᠪᠠᠷ | ᠴᠢᠷᠮᠠᠶᠢᠨ᠎ᠠ᠃ | 2019 ᠣᠨ ᠤ ᠠᠵᠢᠯ ᠤᠨ ᠪᠠᠶᠢᠷᠢᠭᠤᠯᠣᠯᠳᠠ | | 2019 ᠣᠨ ᠪᠣᠯ ᠰᠢᠨ᠎ᠡ ᠲᠣᠮᠳᠠᠳᠣ ᠣᠯᠣᠰ ᠪᠠᠶᠢᠭᠤᠯᠣᠭᠳᠠᠭᠰᠠᠨ70 ᠵᠢᠯ ᠤᠨ ᠣᠢ ᠪᠣᠯᠣᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ ᠪᠠᠶᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠣᠷᠢᠳᠣ | ᠢᠯᠠᠯᠳᠠ ᠣᠯᠬᠤ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠬᠡ ᠶᠢ ᠬᠡᠷᠡᠭᠵᠢᠭᠦᠯᠬᠦ ᠲᠡᠭᠷᠡᠬᠢ ᠶᠢ ᠵᠠᠯᠭᠠᠮᠵᠢᠯᠠᠨ ᠲᠣᠷᠣᠭᠰᠢ ᠪᠠᠨ | ᠣᠯᠠᠮᠵᠢᠯᠠᠬᠤ ᠵᠠᠩᠬᠢᠯᠭ᠎ᠠ ᠶᠢᠨ ᠨᠢᠭᠡ ᠵᠢᠯ ᠪᠣᠯᠣᠨ᠎ᠠ᠃ ᠬᠤᠷᠸ᠎ᠠ ᠪᠠᠶᠢᠳᠠᠯ ᠪᠠ ᠮᠠᠨ ᠤ ᠬᠤᠰᠢᠭᠤᠨ ᠤ ᠪᠠᠨ ᠪᠣᠳᠠᠳᠣ ᠪᠠᠶᠢᠳᠠᠯ ᠢ ᠶᠡᠷᠦᠩᠬᠡᠶᠢᠯᠡᠨ ᠵᠠᠳᠠᠯᠵᠣ᠂ ᠬᠦᠴᠢᠷ | ᠪᠡᠷᠭᠡᠰᠢᠶᠡᠯ ᠪᠠ ᠦᠷᠢᠰᠦᠯᠳᠦᠭᠡᠨ ᠬᠡᠳᠦᠶᠢᠪᠡᠷ ᠪᠠᠭ᠎ᠠ ᠪᠣᠰᠣ ᠪᠣᠯᠪᠠᠴᠣ ᠬᠦᠰᠡᠯ ᠡᠷᠡᠮᠡᠯᠵᠢᠯᠡᠯ ᠪᠠ ᠲᠣᠬᠢᠶᠠᠯ ᠨᠡᠩ ᠶᠡᠭᠡ ᠪᠠᠶᠢᠵᠣ᠂ ᠲᠦᠷᠭᠡᠳᠬᠡᠨ ᠬᠦᠭᠵᠢᠬᠦᠯᠬᠦ ᠳᠤ | ᠪᠢᠳᠡ ᠲᠣᠶᠢᠯ ᠤᠨ ᠢᠳᠡᠭᠡᠯ ᠲᠠᠢ ᠪᠠᠶᠢᠨ᠎ᠠ᠃ ᠮᠠᠨ ᠤ ᠢᠳᠡᠭᠡᠯ ᠪᠣᠯ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ᠂ ᠪᠠᠶᠠᠨᠨᠠᠭᠤᠷ ᠪᠠ ᠬᠤᠰᠢᠭᠤᠨ ᠤ ᠨᠠᠮ ᠤᠨ | ᠬᠤᠷᠢᠶᠠᠨ ᠤ ᠭᠠᠷᠭᠠᠭᠰᠠᠨ ᠦᠨᠳᠦᠷ ᠴᠢᠨᠡᠷ ᠴᠢᠨᠰᠠᠭ᠎ᠠ ᠲᠠᠢ ᠬᠦᠭᠵᠢᠯᠳᠡ ᠪᠠᠨ ᠠᠬᠢᠭᠤᠯᠬᠤ ᠰᠢᠰᠲ᠋ᠧᠮᠵᠢᠯᠡᠭᠰᠡᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠠᠴᠠ ᠢᠷᠡᠭᠰᠡᠨ ᠶᠣᠮ᠃ ᠮᠠᠨ ᠤ ᠬᠤᠰᠢᠭᠤᠨ ᠤ ᠲᠡᠣᠭᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠪᠠ ᠬᠦᠭᠵᠢᠯᠳᠡ ᠶᠢᠨ ᠲᠠᠷᠣᠭᠠᠰᠣ ᠨᠢ ᠦᠳᠳᠦᠷ | ᠲᠦᠷᠭᠡᠨ ᠦᠭᠡᠶᠢᠰᠭᠡᠭᠰᠡᠨ ᠠᠴᠠ ᠢᠷᠡᠭᠰᠡᠨ ᠶᠣᠮ ᠃ ᠪᠢᠳᠠᠨ ᠤ ᠡᠮᠦᠨᠡᠳᠦ ᠬᠤᠰᠢᠭᠤᠨ ᠳᠠᠬᠢ ᠡᠬᠢ ᠰᠣᠷᠪᠣᠯᠵᠢ᠂ ᠣᠷᠣᠨ ᠪᠠᠶᠢᠷᠢ ᠶᠢᠨ ᠵᠠᠮ ᠬᠠᠷᠢᠭᠤᠴᠠᠯᠭ᠎ᠠ᠂ | ᠠᠵᠣ ᠦᠢᠯᠠᠰ ᠤᠨ ᠰᠠᠭᠤᠷᠢ ᠶᠢᠨ ᠣᠨᠣᠪᠴᠢᠳᠠᠢ ᠲᠠᠨᠢᠯᠳᠡ ᠠᠴᠠ ᠢᠷᠡᠭᠰᠡᠨ ᠶᠣᠮ᠃ ᠪᠢᠳᠠᠨ ᠤ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠣᠯᠠᠨ ᠲᠦᠮᠡᠨ ᠤ | ᠴᠢᠨᠡᠷ ᠴᠢᠨᠰᠠᠭ᠎ᠠ ᠶᠢᠨ ᠬᠢᠷᠢ ᠬᠡᠮᠵᠢᠶ᠎ᠡ ᠶᠢ ᠴᠢᠨᠠᠭᠰᠢᠳᠡ ᠢᠳᠡᠭᠡᠵᠦ ᠪᠠᠶᠢᠬᠤ ᠠᠴᠠ ᠢᠷᠡᠭᠰᠡᠨ ᠶᠣᠮ᠃ ᠦᠶᠡᠷ ᠠᠴᠠ ᠡᠰᠡᠷᠬᠦᠴᠡᠨ ᠭᠠᠮᠰᠢᠭ ᠠᠴᠠ ᠠᠪᠤᠷᠠᠬᠤ᠂ | ᠶᠠᠳᠠᠭᠤ ᠠᠴᠠ ᠠᠩᠬᠢᠷᠠᠭᠤᠯᠬᠤ ᠪᠠᠬᠢᠯᠡᠯᠳᠡ ᠶᠢ ᠰᠢᠪᠳᠣᠯᠠᠬᠤ ᠮᠣᠨᠠ ᠠᠭᠤᠯᠠ ᠵᠢᠴᠢ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠪᠣᠳᠠᠳᠠᠢ | ᠦᠢᠯᠡᠳᠦᠯᠬᠡ ᠲᠣᠮᠳᠠ ᠪᠦᠬᠦ ᠬᠤᠰᠢᠭᠤᠨ ᠤ ᠦᠷᠭᠡᠨ ᠣᠯᠠᠨ ᠺᠠᠳ᠋ᠷ ᠣᠯᠠᠨ ᠲᠦᠮᠡᠨ ᠤ ᠦᠵᠠᠯ ᠰᠠᠨᠠᠭᠠᠨ ᠤ ᠲᠠᠨᠢᠯᠳᠡ ᠪᠠ ᠶᠡᠷᠦᠩᠬᠡᠶᠢᠯᠡᠭᠰᠡᠨ ᠴᠢᠨᠠᠷ ᠴᠢᠨᠰᠠᠭᠠᠨ ᠤ | ᠲᠠᠯ᠎ᠠ ᠪᠠᠷ ᠣᠯᠠᠮ ᠨᠢᠭᠡ ᠠᠯᠬᠤᠮ ᠲᠡᠭᠡᠭᠰᠢᠯᠡᠵᠦ᠂ ᠲᠦᠪᠯᠡᠷᠡᠯ ᠤᠨ ᠬᠦᠴᠦᠨ᠂ ᠬᠦᠢᠴᠡᠳᠭᠡᠬᠦ ᠬᠦᠴᠦᠨ᠂ ᠪᠠᠶᠢᠯᠳᠣᠬᠤ ᠬᠦᠴᠦᠨ ᠢᠶᠠᠨ ᠣᠯᠠᠮ ᠨᠢᠭᠡ ᠠᠯᠬᠤᠮ | ᠲᠡᠭᠡᠭᠰᠢᠯᠡᠬᠦᠯᠵᠦ ᠂ ᠡᠮᠦᠨᠡᠳᠦ ᠬᠤᠰᠢᠭᠤ ᠪᠠᠨ ᠬᠠᠶᠢᠷᠠᠯᠠᠬᠤ᠂ ᠡᠮᠦᠨᠡᠳᠦ ᠬᠤᠰᠢᠭᠤ ᠪᠠᠨ ᠬᠦᠭᠵᠢᠬᠦᠯᠬᠦ᠂ ᠭᠤᠸ᠎ᠠ ᠦᠵᠡᠰᠬᠦᠯᠡᠩ ᠭᠡᠷ ᠡᠷᠦᠬᠡ ᠪᠠᠨ ᠬᠠᠮᠳᠣᠪᠠᠷ | ᠪᠠᠶᠢᠭᠤᠯᠵᠣ᠂ ᠪᠠᠶᠠᠨᠨᠠᠭᠤᠷ ᠤᠨ ᠢᠶᠠᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠶᠢᠨ ᠲᠡᠷᠢᠬᠦᠨ ᠡᠩᠨᠡᠭᠡᠨ ᠤ ᠡᠵᠡᠨ ᠬᠦᠮᠦᠨ ᠤ ᠣᠷᠬᠢᠯᠣᠮ᠎ᠠ ᠰᠡᠳᠬᠢᠯᠭᠡ | ᠪᠠᠨ ᠣᠯᠠᠮ ᠨᠢᠭᠡ ᠠᠯᠬᠤᠮ ᠬᠦᠭᠵᠢᠭᠡᠨ᠎ᠠ᠃ ᠡᠶᠢᠮᠦᠷᠬᠦ ᠬᠦᠴᠦᠨ ᠲᠠᠢ ᠪᠣᠯᠪᠠᠯ ᠯᠠᠪᠳᠠᠶᠢᠶ᠎ᠠ ᠠᠭᠤᠯᠠ ᠶᠢ ᠨᠡᠬᠦᠯᠬᠡᠵᠦ ᠴᠢᠳᠠᠨ᠎ᠠ ᠂ ᠡᠶᠢᠮᠦᠷᠬᠦ ᠬᠦᠴᠦᠨ ᠲᠠᠢ ᠪᠣᠯᠪᠠᠯ | ᠦᠨᠳᠦᠷ ᠶᠠᠰᠣ ᠴᠢᠨᠠᠷ ᠲᠠᠢ ᠬᠦᠭᠵᠢᠯᠳᠡ ᠶᠢ ᠪᠡᠶᠡᠯᠡᠬᠦᠯᠵᠦ ᠂ ᠡᠮᠦᠨᠡᠳᠦ ᠬᠤᠰᠢᠭᠤᠨ ᠤ ᠭᠡᠷᠡᠯ ᠰᠠᠴᠣᠷᠠᠩᠭᠤᠢ ᠲᠦᠷᠢ ᠲᠦᠷᠰᠦ ᠪᠠᠨ ᠯᠠᠪᠳᠠᠶᠢᠶ᠎ᠠ ᠪᠦᠳᠦᠭᠡᠵᠦ | ᠴᠢᠳᠠᠨ᠎ᠠ᠃ | 2019 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠢ ᠪᠦᠬᠦ ᠲᠠᠯ᠎ᠠ ᠪᠠᠷ ᠲᠣᠣᠱᠯᠠᠭᠤᠯᠣᠨ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠲᠣᠮᠳᠠᠳᠣ ᠶᠢᠨ ᠣᠨᠴᠠᠯᠢᠭ ᠲᠠᠢ ᠨᠠᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠬᠤᠰᠢᠭᠤᠨ ᠤ ᠨᠠᠮ ᠤᠨ | ᠬᠤᠷᠢᠶᠠᠨ ᠤ ᠠᠷᠪᠠᠨ ᠭᠤᠷᠪᠠᠳᠣᠭᠠᠷ ᠬᠤᠭᠤᠴᠠᠭᠠᠨ ᠤ ᠵᠢᠷᠭᠤᠳᠣᠭᠠᠷ ᠤᠳᠠᠭᠠᠨ ᠤ ᠪᠦᠬᠦ ᠭᠡᠰᠢᠬᠦᠳ ︵ᠦᠷᠭᠡᠳᠭᠡᠭᠰᠡᠨ︶ ᠤᠨ ᠬᠤᠷᠠᠯᠳᠣᠭᠠᠨ ᠤ ᠰᠢᠢᠳᠪᠦᠷᠢᠳᠣ | ᠪᠠᠷᠢᠭᠤᠯᠣᠯᠳᠠ ᠶᠢ ᠨᠠᠷᠢᠨ ᠬᠢᠨᠠᠮᠠᠭᠠᠢ ᠲᠣᠣᠱᠯᠠᠭᠤᠯᠣᠨ᠂ ︽ᠲᠣᠭᠳᠠᠭᠤᠨ ᠤ ᠲᠣᠮᠳᠠ ᠣᠷᠣᠭᠰᠢᠯᠠᠬᠤ︾ ᠠᠵᠢᠯ ᠤᠨ ᠶᠡᠷᠦᠩᠭᠡᠢ ᠭᠤᠣᠯ ᠰᠠᠨᠠᠭ᠎ᠠ ᠶᠢ ᠪᠠᠷᠢᠮᠳᠠᠯᠠᠨ᠂ | ᠦᠨᠳᠦᠷ ᠶᠡᠰᠣ ᠴᠢᠨᠠᠷ ᠲᠠᠢ ᠬᠦᠭᠵᠢᠯᠳᠡ ᠶᠢᠨ ᠱᠠᠭᠠᠷᠳᠠᠯᠭ᠎ᠠ ᠢ ᠨᠠᠶᠢᠳᠠᠪᠣᠷᠢᠵᠢᠭᠤᠯᠣᠨ᠂ ᠰᠢᠨ᠎ᠡ ᠬᠦᠭᠵᠢᠯᠳᠡ ᠶᠢᠨ ᠦᠵᠡᠯᠳᠡ ᠶᠢ ᠦᠢᠯᠡᠳᠦᠯᠢᠭᠵᠢᠬᠦᠯᠵᠦ᠂ ︽ᠲᠠᠪᠤ | ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠣᠯᠳᠠ ᠶᠢ ᠨᠢᠭᠡᠳᠦᠯᠳᠡᠢ ᠠᠬᠢᠭᠤᠯᠵᠣ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ | ᠪᠠᠶᠢᠷᠢᠯᠠᠭᠤᠯᠣᠯᠳᠠ ᠶᠢ ᠵᠣᠬᠢᠴᠠᠯᠳᠣᠭᠤᠯᠣᠨ ᠠᠬᠢᠭᠤᠯᠵᠣ᠂ ︽ᠲᠣᠯᠣᠭᠠᠨ ᠭᠤᠷᠪᠠ︾ ᠶᠢᠨ ᠬᠦᠭᠵᠢᠯᠳᠡ ᠶᠢᠨ ᠰᠡᠳᠬᠢᠴᠡ ᠪᠠᠷ ᠵᠢᠯᠣᠭᠤᠳᠣᠭᠤᠯᠵᠣ᠂ ︽ | ᠵᠢᠷᠭᠤᠭᠠᠨ ᠤᠷᠤᠨ ᠨᠢᠭᠡ ᠵᠠᠩᠬᠢᠯᠠᠭ᠎ᠠ︾ ᠪᠠᠷ ᠬᠠᠷᠠᠯᠳᠠ ᠪᠤᠯᠭᠠᠵᠤ᠂ ᠰᠢᠨ᠎ᠡ ᠬᠡᠯᠪᠡᠷᠢ ᠶᠢᠨ ᠠᠵᠣ ᠦᠢᠯᠡᠳᠪᠦᠷᠢᠵᠢᠯ᠂ ᠣᠨᠴᠠᠯᠢᠭᠳᠣ ᠬᠤᠳᠠ ᠪᠠᠯᠭᠠᠰᠣᠵᠢᠯ᠂ | ᠲᠡᠷᠢᠶᠠᠯᠠᠩ ᠮᠠᠯ ᠠᠵᠣ ᠠᠬᠤᠢ ᠶᠢᠨ ᠣᠳᠣᠬᠢᠴᠢᠯᠠᠯᠳᠠ ᠶᠢᠨ ᠠᠬᠢᠴᠠ ᠶᠢ ᠪᠦᠬᠦ ᠲᠠᠯ᠎ᠠ ᠪᠠᠷ ᠠᠬᠢᠭᠤᠯᠣᠨ᠂ ᠭᠤᠷᠪᠠᠨ ᠶᠡᠭᠡ ᠢ ᠰᠢᠯᠢᠳᠡᠭᠵᠢᠭᠦᠯᠦᠨ | ᠲᠡᠭᠡᠭᠰᠢᠯᠡᠭᠦᠯᠬᠦ ᠶᠢ ᠲᠦᠷᠭᠡᠳᠭᠡᠵᠦ ᠂ ᠠᠷᠠᠳ ᠤᠨ ᠠᠮᠢᠳᠣᠷᠠᠯ ᠢ ᠦᠨᠡᠨᠬᠦ ᠪᠠᠳᠣᠯᠠᠬᠤ ᠪᠠ ᠰᠠᠶᠢᠵᠢᠷᠠᠭᠤᠯᠵᠤ᠂ ᠨᠡᠶᠢᠭᠡᠮ ᠤᠨ ᠬᠠᠮᠢᠶᠠᠷᠣᠯᠳᠠ ᠶᠢ ᠴᠢᠩᠭᠠᠳᠬᠠᠨ | ᠰᠢᠨᠡᠴᠢᠯᠡᠵᠦ᠂ ᠠᠷᠠᠳ ᠣᠯᠠᠨ ᠲᠦᠮᠡᠨ ᠤ ᠠᠮᠢᠳᠣᠷᠠᠯ ᠤᠨ ᠬᠢᠷᠢ ᠬᠡᠮᠵᠢᠶ᠎ᠡ ᠪᠠ ᠶᠡᠰᠣ ᠴᠢᠨᠠᠷ ᠢ ᠲᠠᠰᠣᠷᠠᠯᠳᠠ ᠦᠭᠡᠢ ᠲᠡᠭᠡᠭᠰᠢᠯᠡᠬᠦᠯᠵᠦ᠂ ᠪᠦᠬᠦ ᠬᠤᠳᠠ ᠶᠢᠨ | ᠪᠤᠬᠢᠷᠳᠤᠯ ᠦᠬᠡᠢ ᠪᠠᠷ ᠮᠠᠨᠳᠣᠭᠰᠠᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠶᠢᠨ ᠲᠭᠠᠭᠤᠯᠣᠭᠴᠢ ᠪᠣᠯᠬᠤ ᠪᠠᠷ ᠴᠢᠷᠮᠠᠶᠢᠨ᠎ᠠ᠃ | ᠭᠤᠣᠯ ᠣᠷᠢᠳᠴᠢᠯᠠᠭᠰᠠᠨ ᠬᠠᠷᠠᠯᠳᠠ ᠪᠣᠯ᠄ 2019 ᠣᠨ ᠤ ᠭᠤᠣᠯ ᠠᠵᠣ ᠠᠬᠤᠢ ᠶᠢᠨ ᠬᠦᠢᠴᠡᠳᠭᠡᠬᠦ ᠲᠤᠭ᠎ᠠ ᠶᠢ ᠪᠦᠬᠦ ᠬᠤᠳᠠ ᠶᠢᠨ ᠲᠣᠮᠳᠠᠴᠢ ᠬᠢᠷᠢ | ᠬᠡᠮᠵᠢᠶᠡᠨ ᠳᠤ ᠪᠠᠶᠢᠯᠭᠠᠵᠣ᠂ ᠠᠵᠣ ᠠᠬᠤᠢ ᠶᠢᠨ ᠡᠷᠬᠢᠯᠳᠡ ᠶᠢᠨ ᠲᠣᠭᠳᠠᠭᠤᠨ ᠤ ᠲᠣᠮᠳᠠ ᠣᠷᠣᠭᠰᠢᠯᠠᠯᠳᠠ ᠲᠠᠢ᠂ ᠲᠣᠭᠳᠠᠭᠤᠨ ᠤ ᠲᠣᠮᠳᠠ ᠴᠢᠨᠠᠷ ᠤᠨ | ᠲᠡᠭᠡᠭᠰᠢᠯᠳᠡ ᠲᠠᠢ ᠪᠠᠶᠢᠬᠤ ᠶᠢ ᠦᠨᠡᠨᠬᠦ ᠪᠠᠳᠣᠯᠠᠨ᠎ᠠ᠃ | ᠨᠢᠬᠡ᠂ ᠬᠠᠷᠢᠴᠠᠭᠤᠯᠭ᠎ᠠ ᠶᠢᠨ ᠲᠠᠨᠢᠯᠳᠡ ᠪᠠᠨ ᠴᠢᠩᠭᠠᠳᠬᠠᠵᠣ᠂ ᠭᠤᠷᠪᠠᠨ ᠶᠡᠭᠡ ᠪᠠᠬᠢᠯᠡᠯᠳᠡ ᠶᠢ ᠰᠢᠪᠳᠣᠯᠬᠤ ᠲᠠᠶᠢᠯᠠᠯᠳᠣᠭᠠᠨ ᠢ ᠡᠷᠡᠰ ᠬᠢᠨ᠎ᠡ | ︵ᠨᠢᠭᠡ︶ ᠬᠦᠨᠳᠦ ᠴᠢᠬᠤᠯᠠ ᠲᠦᠭᠰᠢᠬᠦᠷᠢᠳᠠᠢ ᠢ ᠰᠡᠷᠭᠡᠶᠢᠯᠡᠬᠦ ᠦᠭᠡᠶᠢᠰᠭᠡᠭᠦ ᠪᠠᠬᠢᠯᠡᠯᠳᠡ ᠶᠢ ᠰᠢᠪᠳᠣᠯᠬᠤ ᠲᠠᠶᠢᠯᠠᠯᠳᠣᠭᠠᠨ ᠢ ᠰᠠᠶᠢᠳᠣᠷ ᠬᠢᠨ᠎ᠡ᠃ ᠵᠠᠰᠠᠭ | ᠤᠨ ᠣᠷᠳᠣᠨ ᠤ ᠪᠡᠯᠡ ᠣᠷᠣᠭᠤᠯᠬᠤ ᠬᠤᠷᠠᠮᠳᠤᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠲᠦᠷᠢᠮᠵᠢᠬᠦᠯᠵᠦ᠂ ᠲᠦᠰᠦᠪ ᠤᠨ ᠠᠮᠵᠢᠯᠳᠠ ᠪᠦᠳᠦᠮᠵᠢ ᠪᠠ ᠦᠷᠢ | ᠰᠢᠷᠡᠭᠳᠡᠯ ᠤᠨ ᠬᠢᠵᠠᠭᠠᠷ ᠲᠣᠭᠠᠨ ᠤ ᠬᠠᠮᠢᠶᠠᠷᠣᠯᠳᠠ ᠶᠢ ᠴᠢᠩᠭᠠᠳᠬᠠᠵᠣ᠂ ᠲᠦᠷᠦᠯ ᠵᠦᠢᠯ ᠢ ᠬᠢᠨᠠᠨ ᠬᠠᠷᠭᠤᠭᠤᠯᠬᠤ ᠪᠠ ᠦᠷᠢ ᠰᠢᠷᠡᠭᠳᠡᠯ ᠤᠨ ᠠᠶᠣᠯ ᠢ ᠦᠨᠡᠯᠡᠨ | ᠲᠣᠭᠳᠠᠭᠠᠬᠤ ᠠᠵᠢᠯ ᠢ ᠡᠷᠡᠰ ᠠᠳᠬᠤᠵᠣ ᠂ ᠪᠡᠯᠡ ᠮᠦᠩᠬᠦ ᠶᠢᠨ ᠢᠷᠡᠯᠳᠡ ᠲᠣᠳᠣᠷᠬᠠᠢ ᠦᠭᠡᠢ ᠪᠠ ᠠᠵᠣ ᠠᠬᠤᠢ ᠠᠷᠠᠳ ᠤᠨ ᠠᠮᠢᠳᠣᠷᠠᠯ ᠳᠤ ᠦᠢᠯᠡᠴᠢᠯᠡᠬᠦ | ᠳᠤ ᠰᠢᠭᠤᠳ ᠲᠠᠳᠠᠬᠤ ᠬᠦᠴᠦᠨ ᠦᠭᠡᠢ ᠲᠦᠷᠦᠯ ᠵᠦᠢᠯ ᠢ ᠲᠠᠬᠢᠵᠣ ᠬᠢᠨᠠᠨ ᠵᠦᠪᠰᠢᠶᠡᠷᠡᠬᠦ ᠦᠭᠡᠢ ᠪᠠᠶᠢᠵᠣ᠂ ᠵᠠᠰᠠᠭ ᠤᠨ ᠣᠷᠳᠣᠨ ᠤ ᠦᠷᠢ ᠰᠢᠷᠡᠭᠳᠡᠯ ᠤᠨ | ᠨᠠᠮᠡᠭᠳᠡᠬᠦ ᠶᠢ ᠡᠷᠡᠰ ᠬᠤᠷᠢᠭᠯᠠᠨ᠎ᠠ᠃ ᠦᠷᠢ ᠶᠢᠨ ᠲᠡᠮᠳᠡᠭ ᠤᠨ ᠪᠡᠯᠡ ᠮᠦᠩᠬᠦ ᠢ ᠢᠳᠡᠪᠬᠢᠳᠠᠢ ᠣᠯᠵᠣ᠂ PPP ᠲᠦᠷᠦᠯ ᠵᠦᠢᠯ ᠢ ᠵᠣᠬᠢᠰᠳᠠᠢ ᠪᠠᠷ | ᠭᠤᠶᠣᠴᠢᠯᠠᠬᠤ ᠶᠢ ᠭᠡᠷᠡᠭᠵᠢᠬᠦᠯᠵᠦ᠂ ᠴᠢᠬᠤᠯᠠ ᠲᠠᠢ ᠬᠠᠳᠠᠭᠠᠯᠠᠮᠵᠢ ᠶᠢᠨ ᠭᠡᠮᠵᠢᠶ᠎ᠡ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠨ | ᠠᠬᠢᠭᠤᠯᠣᠨ᠂ ᠰᠠᠶᠢᠨ ᠬᠢᠵᠣ ᠲᠦᠰᠦᠪ ᠤᠨ ᠲᠣᠬᠢᠷᠠᠭᠤᠯᠣᠯᠳᠠ᠂ ᠲᠣᠳᠠᠭᠤ ᠭᠠᠶᠢᠯᠢ ᠪᠠᠨ ᠲᠣᠰᠢᠶᠠᠬᠤ᠂ ᠡᠩ ᠤᠨ ᠴᠢᠨᠠᠷᠳᠠᠢ ᠵᠠᠷᠣᠯᠭ᠎ᠠ ᠶᠢ ᠬᠠᠰᠣᠨ ᠪᠠᠭᠠᠰᠬᠠᠬᠤ᠂ | ᠬᠠᠳᠠᠭᠠᠯᠠᠮᠵᠢ ᠶᠢᠨ ᠬᠡᠮᠵᠢᠶᠡᠳᠦ ᠡᠳ᠋ ᠬᠦᠷᠦᠩᠭᠡ ᠶᠢ ᠠᠮᠢᠳᠣᠯᠢᠭᠵᠢᠭᠤᠯᠬᠤ᠂ ᠭᠠᠵᠠᠷ ᠰᠢᠷᠣᠢ ᠶᠢ ᠨᠠᠭᠡᠭᠡᠬᠦ ᠳᠤ ᠨᠠᠮᠡᠭᠳᠡᠭᠰᠡᠨ ᠦᠷᠳᠡᠭ ᠤᠨ ᠠᠰᠢᠭ ᠬᠤᠷᠢᠶᠠᠬᠤ᠂ | ᠳᠡᠭᠡᠳᠣ ᠱᠠᠳᠣᠨ ᠠᠴᠠ ᠦᠷᠢ ᠰᠢᠷᠡᠭᠳᠡᠯ ᠢᠶᠠᠨ ᠲᠦᠯᠦᠭᠰᠡᠨ ᠬᠦᠬᠢᠬᠦᠯᠦᠯ ᠤᠨ ᠪᠡᠯᠡ ᠮᠦᠩᠬᠦ ᠵᠡᠷᠭᠡ ᠶᠢ ᠲᠡᠮᠡᠴᠡᠨ ᠣᠯᠵᠣ᠂ ᠵᠢᠯ ᠤᠨ ᠦᠷᠢ ᠰᠢᠷᠡᠭᠳᠡᠯ ᠢᠶᠠᠨ | ᠲᠦᠯᠦᠬᠦ ᠡᠬᠦᠷᠭᠡ ᠪᠠᠨ ᠪᠡᠶᠡᠯᠡᠬᠦᠯᠦᠨ᠎ᠡ᠃ ᠨᠠᠷᠢᠯᠠᠵᠣ ᠠᠮᠢᠳᠣᠷᠠᠬᠤ ᠦᠵᠠᠯᠳᠡ ᠶᠢ ᠪᠠᠳᠣ ᠪᠠᠬᠢ ᠪᠣᠢ ᠪᠣᠯᠭᠠᠨ ︽ᠴᠠᠯᠢᠩ ᠢ ᠪᠠᠳᠣᠯᠠᠬᠤ᠂ ᠡᠷᠬᠢᠯᠳᠡ ᠶᠢ ᠪᠠᠳᠣᠯᠠᠬᠤ᠂ | ᠦᠨᠳᠦᠰᠦᠨ ᠠᠷᠠᠳ ᠤᠨ ᠠᠮᠢᠳᠣᠷᠠᠯ ᠢ ᠪᠠᠳᠣᠯᠠᠬᠤ︾ ᠰᠠᠭᠤᠷᠢᠨ ᠲᠡᠭᠡᠷ᠎ᠡ ᠦᠨᠳᠦᠰᠦᠨ ᠪᠦᠳᠦᠭᠡᠨ ᠪᠠᠶᠢᠭᠤᠯᠣᠯᠳᠠ ᠶᠢᠨ ᠵᠠᠷᠣᠯᠭ᠎ᠠ ᠶᠢ ᠶᠡᠭᠡᠪᠡᠷ ᠲᠠᠷᠣᠨ ᠬᠠᠰᠣᠵᠣ᠂ | ᠡᠩ ᠤᠨ ᠴᠢᠨᠠᠷᠳᠠᠢ ᠵᠠᠷᠣᠯᠭ᠎ᠠ ᠶᠢ ᠡᠷᠡᠰ ᠴᠠᠭᠠᠵᠠᠯᠠᠪᠠ᠃ ᠮᠦᠩᠬᠦᠨ ᠬᠦᠢᠯᠭᠡᠭᠡᠨ ᠤ ᠠᠶᠣᠯ ᠠᠴᠠ ᠰᠡᠷᠭᠡᠶᠢᠯᠡᠬᠦ ᠠᠵᠢᠯ ᠨᠢ ᠨᠢᠭᠡᠳᠦᠯᠳᠡᠢ ᠰᠠᠶᠢᠳᠤᠷ ᠬᠢᠵᠦ᠂ ᠬᠠᠯᠢ | ᠳᠦᠷᠢᠮ ᠠᠴᠠ ᠵᠦᠷᠢᠴᠭᠰᠡᠨ ᠮᠦᠩᠬᠦᠨ ᠬᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠠ ᠦᠭᠴᠦ᠂ ᠭᠡᠷ ᠪᠠᠶᠢᠰᠢᠩ ᠭᠠᠵᠠᠷ ᠬᠦᠷᠦᠩᠬᠡ᠂ ᠨᠠᠰᠣᠳᠠᠳ ᠢ | ᠠᠰᠠᠷᠠᠬᠤ ᠡᠮ ᠡᠮᠨᠡᠯᠬᠡ ᠶᠢᠨ ᠲᠠᠭᠠᠳᠬᠠᠯ ᠤᠨ ᠮᠦᠩᠬᠦ ᠵᠡᠷᠭᠡ ᠲᠠᠯ᠎ᠠ ᠶᠢᠨ ᠠᠶᠣᠯ ᠢ ᠠᠩᠬᠠᠷᠴᠣ᠂ ᠤᠷᠤᠨᠴᠢ ᠴᠢᠨᠠᠷ ᠲᠠᠢ ᠰᠢᠰᠲ᠋ᠧᠮᠳᠣ ᠴᠢᠨᠠᠷ ᠲᠠᠢ ᠮᠦᠩᠬᠦᠨ | ᠬᠦᠢᠯᠭᠡᠭᠡᠨ ᠤ ᠠᠶᠤᠯ ᠤᠨ ᠬᠤᠷᠢᠭ᠎ᠠ ᠱᠣᠭᠤᠮ ᠢ ᠡᠷᠡᠰ ᠰᠠᠬᠢᠨ᠎ᠠ᠃ | ︵ᠬᠤᠶᠠᠷ︶ ᠣᠨᠣᠪᠴᠢᠳᠠᠢ ᠪᠠᠷ ᠶᠠᠳᠠᠭᠤ ᠶᠢ ᠲᠡᠳᠬᠦᠬᠦ ᠪᠠᠬᠢᠯᠠᠯᠳᠡ ᠶᠢ ᠰᠢᠪᠳᠣᠯᠬᠤ ᠲᠠᠶᠢᠯᠠᠯᠳᠣᠭᠠᠨ ᠢ ᠰᠠᠶᠢᠳᠣᠷ ᠬᠢᠨ᠎ᠡ᠃ ᠶᠠᠳᠠᠭᠤ ᠠᠴᠠ | ᠠᠩᠬᠢᠵᠢᠷᠠᠭᠤᠯᠬᠤ ᠪᠠᠬᠢᠯᠡᠯᠳᠡ ᠶᠢ ᠰᠢᠪᠳᠣᠯᠬᠤ ᠪᠠ ᠬᠦᠳᠡᠭᠡ ᠲᠣᠰᠬᠤᠨ ᠢ ᠬᠦᠭᠵᠢᠬᠦᠯᠬᠦ ᠪᠠᠶᠢᠯᠳᠤᠬᠤ ᠪᠣᠳᠣᠯᠭ᠎ᠠ ᠲᠠᠢ ᠣᠶᠠᠯᠳᠣᠭᠤᠯᠬᠤ ᠶᠢ ᠪᠠᠷᠢᠮᠳᠠᠯᠠᠵᠣ᠂ ᠠᠵᠣ | ᠦᠢᠯᠠᠰ ᠢᠶᠠᠷ ᠲᠡᠳᠭᠦᠭᠦ ᠶᠢ ᠭᠤᠣᠯ ᠰᠢᠪᠳᠣᠯᠣᠯᠳᠠ ᠶᠢᠨ ᠴᠢᠭᠯᠡᠯ ᠪᠣᠯᠭᠠᠵᠣ᠂ ᠶᠠᠳᠠᠭᠤ ᠶᠢ ᠲᠡᠳᠭᠦᠭᠦ ᠠᠵᠣ ᠦᠢᠯᠠᠰ ᠤᠨ ᠬᠦᠷᠢᠶᠡᠯᠡᠩ ᠢ ᠪᠦᠬᠦ ᠲᠠᠯ᠎ᠠ ᠪᠠᠷ | ᠲᠠᠯᠭᠡᠷᠡᠬᠦᠯᠪᠡ᠃ ᠶᠠᠳᠠᠭᠤ ᠠᠴᠠ ᠠᠩᠬᠢᠵᠢᠷᠠᠭᠤᠯᠣᠨ ᠪᠠᠬᠢᠯᠠᠯᠳᠡ ᠶᠢ ᠰᠢᠪᠳᠣᠯᠬᠤ ᠲᠠᠶᠢᠯᠠᠯᠳᠣᠭᠠᠨ ᠤ ᠲᠦᠷᠦᠯ ᠵᠦᠢᠯ ᠤᠨ ᠬᠦᠮᠦᠷᠭᠡ ᠶᠢ ᠪᠣᠳᠠᠳᠠᠶᠢᠵᠢᠭᠤᠯᠣᠨ | ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠦᠩᠬᠦ ᠶᠢ ᠨᠢᠭᠡᠳᠬᠡᠬᠦ ᠪᠠ ᠠᠮᠵᠢᠯᠳᠠ ᠪᠦᠳᠦᠮᠵᠢ ᠦᠷ᠎ᠡ ᠠᠰᠢᠭ ᠤᠨ ᠬᠠᠮᠢᠶᠠᠷᠣᠯᠳᠠ ᠶᠢ ᠴᠢᠩᠭᠠᠳᠬᠠᠵᠣ᠂ | ᠠᠵᠣ ᠠᠬᠤᠶᠢᠯᠠᠯ ᠪᠠ ᠬᠤᠷᠰᠢᠶᠠᠵᠢᠯ ᠢᠶᠠᠷ ᠲᠠᠶᠢᠴᠢᠯᠠᠬᠤ᠂ ᠶᠠᠳᠠᠭᠤ ᠬᠦᠴᠢᠷᠳᠠᠯᠳᠠᠢ ᠡᠷᠦᠬᠡ ᠶᠢᠨ ᠬᠤᠪᠢ ᠣᠷᠣᠭᠤᠯᠣᠨ ᠠᠰᠢᠭ ᠬᠤᠪᠢᠶᠠᠬᠤ ᠵᠡᠷᠭᠡ ᠠᠰᠢᠭ ᠲᠣᠰᠠ | ᠬᠠᠷᠠᠯᠴᠠᠨ ᠬᠤᠯᠪᠤᠭᠠᠯᠠᠬᠤ ᠠᠵᠣ ᠦᠢᠯᠠᠰ ᠤᠨ ᠬᠦᠭᠵᠢᠯᠳᠡ ᠶᠢᠨ ᠵᠠᠭᠪᠤᠷ ᠢ ᠭᠤᠣᠯᠳᠠᠯᠭ᠎ᠠ ᠲᠠᠢ ᠲᠡᠳᠬᠦᠵᠦ᠂ ᠪᠡᠯᠡ ᠮᠦᠩᠬᠦᠨ ᠤ ᠭᠡᠷᠡᠭᠯᠡᠯᠳᠡ ᠶᠢᠨ ᠦᠷ᠎ᠡ ᠠᠰᠢᠭ | ᠢ ᠲᠡᠭᠡᠭᠰᠢᠯᠡᠬᠦᠯᠦᠨ᠎ᠡ᠃ ᠣᠨᠣᠪᠴᠢᠳᠠᠢ ᠪᠠᠷ ᠶᠠᠳᠠᠭᠤ ᠶᠢ ᠲᠡᠳᠭᠦᠭᠦ ᠲᠠᠭᠠᠭᠠᠮᠠᠭᠠᠢ ᠴᠢᠨᠠᠷᠳᠠᠢ ᠲᠠᠢ ᠵᠣᠬᠢᠴᠠᠮᠵᠢ ᠶᠢ ᠲᠡᠭᠦᠯᠳᠡᠷᠵᠢᠬᠦᠯᠵᠦ᠂ ᠭᠠᠵᠠᠷ ᠤᠷᠤᠨ ᠲᠤᠨᠢ | ᠲᠤᠬᠢᠷᠠᠭᠤᠯᠤᠨ ᠶᠠᠳᠠᠭᠤ ᠬᠦᠴᠢᠷᠳᠡᠯᠳᠠᠢ ᠭᠠᠴᠠᠭ᠎ᠠ ᠲᠣᠰᠬᠤᠨ ᠤ ᠬᠠᠮᠳᠣ ᠶᠢᠨ ᠠᠵᠣ ᠠᠬᠤᠢ ᠶᠢ ᠬᠦᠭᠵᠢᠬᠦᠯᠵᠦ᠂ ᠰᠠᠭᠤᠷᠢ ᠲᠣᠨᠤᠭ ᠲᠦᠬᠦᠭᠡᠷᠦᠮᠵᠢ ᠶᠢᠨ | ᠪᠦᠳᠦᠭᠡᠨ ᠪᠠᠶᠢᠭᠤᠯᠣᠯᠳᠠ ᠶᠢ ᠶᠡᠭᠡᠳᠭᠡᠵᠦᠦ᠂ ᠶᠠᠳᠠᠭᠤ ᠬᠦᠴᠢᠷᠳᠡᠯᠳᠡᠢ ᠣᠯᠠᠨ ᠲᠦᠮᠡᠨ ᠢ ᠵᠢᠯᠣᠭᠤᠳᠣᠨ ᠦᠵᠡᠯᠳᠡ ᠪᠠᠨ ᠬᠤᠪᠢᠷᠠᠭᠤᠯᠵᠣ ᠦᠪᠡᠷ ᠤᠨ ᠬᠦᠴᠦ ᠪᠠᠷ | ᠢᠶᠠᠨ ᠲᠡᠭᠵᠢᠷᠡᠵᠦ᠂ ᠶᠠᠳᠠᠭᠤ ᠠᠴᠠ ᠠᠩᠬᠢᠵᠢᠷᠠᠬᠤ ᠦᠷ᠎ᠡ ᠳ᠋ᠦᠩ ᠢ ᠲᠠᠰᠦᠷᠡᠯᠳᠡ ᠦᠭᠡᠢ ᠪᠠᠬᠢᠵᠢᠬᠦᠯᠦᠨ ᠲᠡᠭᠡᠭᠰᠢᠯᠡᠭᠦᠯᠦᠨ᠎ᠡ᠃ ᠨᠡᠶᠢᠬᠡᠮ ᠤᠨ ᠶᠠᠳᠠᠭᠤ ᠶᠢ ᠲᠡᠳᠭᠦᠭᠦ | ᠲᠣᠣᠷᠵᠢᠯ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠨ ᠠᠬᠢᠭᠤᠯᠵᠣ᠂ ᠶᠠᠳᠠᠭᠤ ᠠᠴᠠ ᠠᠩᠭᠢᠵᠢᠷᠠᠭᠤᠯᠤᠨ ᠪᠠᠬᠢᠯᠠᠯᠳᠡ ᠶᠢ ᠰᠢᠪᠳᠣᠯᠵᠣ ᠦᠵᠡᠬᠦᠯᠦᠯᠭᠡ ᠶᠢᠨ | ᠣᠷᠳᠣᠨ ᠢ ᠪᠠᠶᠢᠭᠤᠯᠬᠤ ᠪᠠᠷ ᠪᠠᠯᠠᠳᠭᠡᠵᠦ᠂ ᠨᠢᠭᠡ ᠪᠦᠯᠦᠭ ᠶᠠᠳᠠᠭᠤ ᠠᠴᠠ ᠠᠩᠭᠢᠵᠢᠷᠠᠭᠰᠠᠨ ᠨᠠᠶᠢᠳᠡᠯᠢᠭ ᠵᠢᠱᠢᠶ᠎ᠡ ᠶᠢ ᠳ᠋ᠦᠩᠨᠠᠨ ᠲᠡᠯᠭᠡᠷᠡᠬᠦᠯᠵᠦ ᠣᠬᠠᠭᠤᠯᠣᠨ | ᠬᠦᠬᠢᠬᠦᠯᠵᠦ ᠪᠦᠬᠦ ᠨᠠᠶᠢᠭᠡᠮ ᠤᠨ ᠬᠦᠴᠦᠨ ᠢ ᠦᠷᠭᠡᠨ ᠢᠶᠠᠷ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠳᠤ ᠣᠷᠣᠯᠴᠠᠭᠤᠯᠣᠨ᠎ᠠ᠃ ︽ᠬᠤᠶᠠᠷ | ᠲᠤ ᠵᠣᠪᠠᠭ᠋ᠣ ᠦᠭᠡᠢ ᠭᠤᠷᠪᠠᠨ ᠪᠠᠳᠤᠯᠠᠭ᠎ᠠ︾ ᠶᠢ ᠴᠢᠩᠭ᠎ᠠ ᠠᠳᠬᠤᠨ᠂ ᠰᠢᠪᠳᠣᠯᠣᠯᠳᠠ ᠶᠢᠨ ᠬᠠᠷᠢᠭᠤᠴᠠᠭ᠎ᠠ ᠶᠢ ᠪᠤᠳᠠᠳᠠᠶᠢᠵᠢᠭᠤᠯᠵᠤ᠂ ᠨᠠᠷᠢᠨ ᠨᠢᠮᠪᠠᠢ ᠬᠢᠵᠦ᠂ | ᠶᠠᠳᠠᠭᠤ ᠠᠴᠠ ᠠᠩᠬᠢᠵᠢᠷᠡᠳᠣᠢ ᠶᠠᠳᠠᠭᠤ ᠬᠦᠴᠢᠷᠳᠠᠢ ᠬᠦᠮᠦᠨ ᠠᠮᠠ ᠶᠢ ᠲᠡᠮᠵᠢᠬᠦ ᠬᠦᠴᠦᠯᠢᠭ ᠢᠶᠠᠨ ᠨᠡᠮᠡᠭᠳᠠᠭᠦᠯᠦᠨ 174 ᠡᠷᠦᠭᠡ 397 ᠨᠡᠷᠡᠰ ᠲᠡᠩᠰᠠ | ᠪᠠᠶᠢᠭᠤᠯᠣᠨ ᠺᠠᠷᠲ ᠬᠢᠭᠰᠡᠨ ᠶᠠᠳᠠᠭᠤ ᠬᠦᠴᠢᠷᠳᠠᠢ ᠬᠦᠮᠦᠰ ᠤᠨ ᠶᠠᠳᠠᠭᠤ ᠠᠴᠠ ᠠᠩᠬᠢᠵᠢᠷᠠᠬᠤ ᠡᠬᠦᠷᠭᠡ ᠶᠢ ᠪᠡᠶᠡᠯᠡᠬᠦᠯᠦᠨ᠎ᠡ᠃ ᠬᠦᠴᠦ ᠪᠠᠨ ᠰᠣᠯᠠᠷᠠᠭᠤᠯᠬᠤ ᠦᠭᠡᠢ᠂ | ᠣᠮᠳᠠᠭᠠᠶᠢᠯᠠᠬᠤ ᠦᠭᠡᠢ ᠪᠠᠶᠢᠬᠤ ᠶᠢ ᠪᠠᠷᠢᠮᠳᠠᠯᠠᠵᠣ᠂ ᠲᠣᠰᠬᠤᠨ ᠳᠤ ᠰᠠᠭᠤᠭ᠎ᠠ ᠺᠠᠳ᠋ᠷ ᠢ ᠰᠢᠯᠭᠠᠬᠤ ᠬᠠᠮᠢᠶᠠᠷᠣᠯᠳᠠ ᠶᠢ ᠦᠷᠬᠦᠯᠵᠢᠯᠠᠨ ᠴᠢᠩᠭᠠᠳᠬᠠᠵᠣ᠂ ᠶᠠᠳᠠᠭᠤ ᠶᠢ | ᠲᠡᠳᠭᠦᠭᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠶᠠᠳᠠᠭᠤ ᠶᠢ ᠲᠡᠳᠬᠦᠬᠦ ᠠᠵᠢᠯ ᠤᠨ ᠲᠣᠮᠳᠠᠬᠢ ᠲᠦᠪ ᠪᠣᠰᠣ ᠰᠣᠷᠳᠠᠯ ᠢ ᠡᠷᠡᠰ | ᠪᠠᠶᠢᠴᠠᠭᠠᠨ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠨᠢ ᠠᠷᠠᠳ ᠲᠦᠮᠡᠨ ᠂ ᠦᠢᠯᠡᠳᠦᠯᠭᠡ ᠪᠠ ᠲᠡᠣᠭᠡ ᠶᠢᠨ ᠰᠢᠯᠭᠠᠯᠳᠠ ᠶᠢ ᠦᠩᠬᠡᠷᠡᠭᠡᠵᠦ ᠴᠢᠳᠠᠬᠤ | ᠶᠢ ᠦᠨᠡᠨᠬᠦ ᠪᠠᠳᠣᠯᠠᠨ᠎ᠠ᠃ | ︵ᠭᠤᠷᠪᠠ︶ ᠪᠣᠬᠢᠷᠳᠠᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠣᠭᠠᠨ ᠢ ᠰᠠᠶᠢᠳᠦᠷ ᠬᠢᠨ᠎ᠡ᠃ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠣᠨ ᠤ ᠦᠵᠡᠯ ᠰᠠᠨᠠᠭ᠎ᠠ ᠶᠢ ᠬᠦᠨᠵᠡᠬᠡᠢ ᠲᠣᠣᠱᠯᠠᠭᠤᠯᠣᠨ ᠬᠡᠷᠡᠭᠵᠢᠬᠦᠯᠵᠦ᠂ ᠲᠦᠪ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠳᠠ ᠶᠢ ᠱᠠᠭᠠᠷᠳᠠᠨ | ᠪᠠᠶᠢᠴᠠᠭᠠᠬᠤ ᠪᠠ ︽ᠡᠷᠬᠢᠨ ᠬᠠᠷᠠᠬᠤ︾ ᠲᠣᠰᠬᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠷᠭᠡᠳᠭᠡᠨ ᠠᠬᠢᠭᠤᠯᠵᠣ᠂ ᠴᠠᠭ ᠬᠢᠵᠠᠭᠠᠷᠯᠠᠨ ᠪᠠᠶᠡᠯᠡᠬᠦᠯᠵᠦ | ᠂ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠦᠨᠠᠨᠬᠦ ᠠᠰᠢᠭᠳᠠᠢ ᠰᠢᠳᠪᠦᠷᠢᠯᠠᠨᠡ᠃ ᠠᠭᠠᠷ ᠮᠠᠨᠳᠠᠯ ᠤᠨ ᠪᠣᠬᠢᠷᠳᠣᠯ ᠢ ᠵᠠᠰᠠᠬᠤ ᠶᠢ ᠴᠢᠩᠭᠠᠳᠬᠠᠨ᠂ | ᠲᠠᠷᠢᠶᠠᠨ ᠭᠠᠵᠠᠷ ᠲᠤ ᠡᠰᠢ ᠰᠦᠷᠡᠯ ᠢ ᠰᠢᠳᠠᠭᠠᠬᠤ ᠶᠢ ᠪᠦᠬᠦ ᠲᠠᠯ᠎ᠠ ᠪᠠᠷ ᠬᠤᠷᠢᠭᠯᠠᠨ᠂ ᠠᠵᠣ ᠦᠢᠯᠡᠳᠪᠦᠷᠢ᠂ ᠮᠠᠰᠢᠨᠳᠣ ᠲᠡᠷᠭᠡ᠂ ᠠᠭᠤᠷᠬᠠᠢ ᠶᠢᠨ ᠣᠷᠣᠨ ᠪᠠ | ᠪᠠᠷᠢᠯᠭ᠎ᠠ ᠶᠢᠨ ᠭᠠᠵᠠᠷ ᠵᠡᠷᠭᠡ ᠶᠡᠷᠦᠩᠬᠡᠶᠢᠯᠡᠨ ᠵᠠᠰᠠᠬᠤ ᠠᠵᠢᠯ ᠢ ᠰᠠᠶᠢᠳᠣᠷ ᠠᠳᠬᠤᠨ᠎ᠠ᠃ ᠣᠰᠣᠨ ᠤ ᠪᠣᠵᠠᠷᠳᠠᠯ ᠢ ᠰᠡᠷᠭᠡᠶᠢᠯᠡᠬᠦ ᠠᠵᠢᠯᠯᠠᠭᠠᠨ ᠤ ᠲᠦᠯᠦᠪᠯᠡᠭᠡ ᠶᠢ | ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠣᠯᠢᠶᠠᠰᠣ ᠨᠠᠭᠤᠷ ᠶᠢᠨ ᠣᠷᠣᠰᠬᠠᠯ ᠤᠨ ᠣᠷᠣᠨ ᠢ ᠶᠡᠷᠦᠩᠬᠡᠶᠢᠯᠡᠨ ᠵᠠᠰᠠᠬᠤ ᠶᠢ ᠲᠦᠷᠭᠡᠳᠭᠡᠨ᠂ ᠣᠯᠢᠶᠠᠰᠣ ᠨᠠᠭᠤᠷ ᠤᠨ | ᠨᠠᠭᠤᠷ ᠤᠨ ᠣᠷᠣᠨ ᠤ ᠪᠠᠶᠢᠭᠠᠯᠢ ᠶᠢᠨ ᠴᠢᠬᠢᠭᠯᠢᠭ ᠭᠠᠵᠠᠷ ᠢ ᠵᠠᠰᠠᠵᠣ ᠰᠡᠷᠬᠦᠬᠡᠬᠦ ᠪᠠ ᠬᠢᠮᠡᠯ ᠴᠢᠬᠢᠭᠯᠢᠭ ᠭᠠᠵᠠᠷ ᠢ ᠰᠡᠯᠪᠢᠨ ᠪᠠᠶᠢᠭᠤᠯᠬᠤ ᠢᠨᠵᠧᠨᠧᠷᠢᠩ ᠢ ᠨᠠᠷᠢᠨ | ᠬᠢᠨᠠᠮᠠᠭᠠᠢ ᠨᠠᠶᠢᠳᠠᠪᠣᠷᠢᠵᠢᠭᠤᠯᠣᠨ᠂ ᠣᠯᠢᠶᠠᠰᠣ ᠨᠠᠭᠤᠷ ᠤᠨ ᠣᠶᠢᠷ᠎ᠠ ᠣᠷᠴᠢᠨ ᠳᠠᠬᠢ ᠵᠢᠭᠠᠰᠣᠨ ᠨᠠᠭᠤᠷ ᠢ ᠴᠡᠪᠡᠷᠯᠡᠨ ᠵᠠᠰᠠᠬᠤ ᠠᠵᠢᠯ ᠢ ᠪᠦᠬᠦ ᠲᠠᠯ᠎ᠠ ᠪᠠᠷ | ᠪᠡᠶᠡᠯᠡᠬᠦᠯᠦᠨ᠎ᠡ᠃ ᠭᠤᠣᠯ ︵ᠨᠠᠭᠤᠷ︶ ᠤᠨ ᠲᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠴᠢᠩᠭᠠᠳᠬᠠᠨ᠂ ᠣᠰᠣ ᠶᠢ ᠬᠠᠮᠢᠶᠡᠷᠴᠣ | ᠵᠠᠰᠠᠬᠤ ᠶᠢ ᠭᠤᠶᠢᠪᠠᠰᠢ ᠦᠭᠡᠢ ᠪᠠᠷ ᠰᠠᠶᠢᠳᠣᠷ ᠠᠳᠬᠤᠨ᠎ᠠ᠃ ᠤᠰᠤ ᠪᠤᠵᠠᠷ ᠤᠰᠣ ᠶᠢ ᠨᠢᠭᠡ ᠴᠣᠭᠴᠠᠵᠢᠭᠤᠯᠣᠭᠰᠠᠨ ᠬᠠᠮᠢᠶᠠᠷᠣᠯᠳᠠ ᠶᠢ ᠣᠯᠠᠮ ᠨᠢᠭᠡ ᠠᠯᠬᠤᠮ | ᠠᠬᠢᠭᠤᠯᠣᠨ᠂ ᠬᠤᠳᠠ ᠪᠠᠯᠭᠠᠰᠣᠨ ᠤ ᠪᠣᠵᠠᠷ ᠣᠰᠣ ᠢ ᠰᠢᠢᠳᠪᠣᠷᠢᠯᠠᠬᠦ ᠦᠢᠯᠠᠳᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ ᠪᠠᠭᠳᠠᠭᠠᠮᠵᠢ ᠶᠢ ᠨᠢ ᠦᠷᠭᠡᠳᠭᠡᠬᠦ ᠪᠠ | ᠣᠰᠣ ᠶᠢ ᠲᠠᠬᠢᠨᠳᠠ ᠬᠡᠷᠡᠭᠯᠡᠬᠦ ᠬᠡᠪᠴᠢᠶ᠎ᠡ ᠶᠢ ᠦᠷᠭᠡᠳᠭᠡᠨ᠎ᠡ᠃ ᠬᠠᠮᠤᠭ ᠶᠢᠨ ᠡᠷᠡᠰ ᠴᠢᠩᠭ᠎ᠠ ᠣᠰᠣᠨ ᠤ ᠡᠬᠢ ᠰᠣᠷᠪᠣᠯᠵᠢ ᠶᠢᠨ ᠬᠠᠮᠢᠶᠠᠷᠣᠯᠳᠠ ᠶᠢᠨ ᠲᠦᠷᠢᠮ ᠢ | ᠨᠠᠶᠢᠳᠠᠪᠣᠷᠢᠵᠢᠭᠤᠯᠣᠨ᠂ ᠠᠵᠣ ᠦᠢᠯᠡᠳᠪᠦᠷᠢ ᠠᠵᠣ ᠠᠬᠤᠶᠢᠯᠠᠯ ᠶᠢᠨ ᠲᠦᠷᠢᠮ ᠠᠴᠠ ᠵᠦᠢᠷᠢᠴᠠᠨ ᠭᠠᠵᠠᠷ ᠲᠣᠣᠷᠠᠬᠢ ᠣᠰᠣ ᠭᠡᠷᠡᠭᠯᠡᠬᠦ ᠶᠢ ᠡᠷᠡᠰ ᠴᠠᠭᠠᠵᠠᠯᠠᠨ᠂ | ᠲᠠᠷᠢᠶᠠᠯᠠᠩ ᠤᠨ ᠤᠰᠤᠨ ᠤ ᠬᠡᠮᠵᠢᠶ᠎ᠡ ᠪᠠᠷ ᠬᠠᠭᠠᠯᠪᠣᠷᠢᠯᠠᠬᠤ ᠶᠢ ᠲᠤᠭᠳᠠᠭᠠᠬᠤ ᠢ ᠰᠦᠪᠡᠭᠴᠢᠯᠡᠨ ᠬᠡᠷᠡᠭᠵᠢᠭᠦᠯᠵᠦ ᠂ ᠭᠠᠵᠠᠷ ᠲᠣᠣᠷᠠᠬᠢ ᠣᠰᠣ ᠶᠢ 855 | ᠲᠦᠮᠡᠨ ᠪᠣᠰᠤᠭ᠎ᠠ ᠲᠦᠷᠪᠡᠯᠵᠢᠨ ᠮᠧᠲᠷ ᠭᠡᠳᠣ ᠭᠡᠷᠡᠭᠯᠡᠯᠳᠡ ᠶᠢ ᠪᠠᠭᠠᠰᠬᠠᠵᠣ ᠂ ᠨᠠᠭᠡᠭᠡᠬᠦ ᠨᠦᠬᠦᠪᠦᠷᠢᠯᠡᠬᠦ ᠶᠢᠨ ᠲᠡᠩᠴᠡᠬᠦᠷᠢ ᠶᠢ ᠠᠬᠢᠭᠤᠯᠣᠨ᠎ᠠ᠃ ᠭᠠᠵᠠᠷ ᠰᠢᠷᠣᠢ | ᠶᠢᠨ ᠪᠤᠬᠢᠷᠳᠤᠯ ᠢ ᠬᠠᠮᠢᠶᠠᠷᠴᠣ ᠬᠢᠵᠠᠭᠠᠷᠯᠠᠬᠤ ᠪᠠ ᠵᠠᠰᠠᠵᠣ ᠰᠡᠷᠭᠦᠬᠡᠬᠦ ᠶᠢ ᠴᠢᠩᠭᠠᠳᠬᠠᠨ᠂ ᠲᠠᠷᠢᠶᠠᠯᠠᠩ ᠤᠨ ︽ᠲᠦᠷᠪᠡ ᠶᠢ ᠬᠢᠵᠠᠭᠠᠷᠠᠯᠠᠬᠤ︾ ᠠᠵᠢᠯᠯᠠᠭ᠎ᠠ ᠶᠢ | ᠬᠦᠨᠵᠠᠭᠡᠢ ᠶᠠᠪᠣᠭᠳᠠᠭᠤᠯᠣᠨ᠎ᠠ᠃ ᠣᠶᠣᠨᠴᠢ ᠪᠣᠷᠳᠣᠭᠤᠷ ᠲᠣᠬᠢᠷᠠᠭᠤᠯᠬᠤ ᠦᠷᠳᠡᠭᠡ 10 ᠶᠢ ᠰᠢᠨ᠎ᠡ ᠪᠠᠷ ᠪᠠᠶᠢᠭᠤᠯᠵᠣ᠂ ᠣᠰᠣ ᠪᠣᠷᠳᠣᠭᠤᠷ ᠢ ᠨᠢᠭᠡ | ᠴᠣᠭᠴᠠᠵᠢᠭᠤᠯᠣᠭᠰᠠᠨ ᠲᠠᠯᠠᠪᠠᠢ ᠶᠢ 130 ᠲᠦᠮᠡᠨ ᠮᠣ᠋ ᠳᠤ ᠬᠦᠷᠭᠡᠵᠦ᠂ ᠬᠢᠮᠢ ᠶᠢᠨ ᠪᠣᠷᠳᠣᠭᠠᠣᠷ ᠢ ᠠᠰᠢᠭᠯᠠᠬᠤ ᠨᠣᠷᠮ᠎ᠠ ᠶᠢ ᠵᠠᠭᠤᠨ ᠤ ᠠᠷᠪᠠᠨ ᠬᠤᠪᠢ ᠪᠠᠷ | ᠲᠡᠭᠡᠭᠰᠢᠯᠡᠭᠦᠯᠦᠨ᠎ᠡ᠃ ᠬᠤᠣᠷ ᠲᠠᠢ᠂ ᠦᠯᠡᠳᠡᠭᠳᠡᠯ ᠶᠡᠭᠡᠳᠡᠢ ᠲᠡᠷᠢᠶᠠᠨ ᠡᠮ ᠢ ᠬᠤᠳᠠᠯᠳᠣᠨ ᠪᠣᠷᠣᠯᠠᠭᠤᠯᠬᠤ ᠢ ᠡᠷᠡᠰ ᠴᠠᠭᠠᠵᠠᠯᠠᠨ᠂ ᠲᠠᠷᠢᠶᠠᠴᠢᠨ ᠮᠠᠯᠴᠢᠳ ᠤᠨ | ᠵᠦᠢ ᠵᠣᠬᠢᠰᠳᠠᠢ ᠪᠠᠷ ᠲᠠᠷᠢᠶᠠᠯᠠᠩ ᠤᠨ ᠡᠮ ᠭᠡᠷᠡᠭᠯᠡᠬᠦ ᠶᠢ ᠵᠢᠯᠣᠭᠤᠳᠣᠨ᠂ ᠠᠮᠢᠳᠣ ᠪᠣᠳᠠᠰ ᠤᠨ ᠲᠡᠷᠢᠶᠠᠯᠠᠩ ᠤᠨ ᠡᠮ ᠭᠡᠷᠡᠭᠯᠡᠬᠦ ᠶᠢ ᠵᠣᠷᠢᠭᠵᠢᠭᠤᠯᠣᠨ ᠪᠤᠬᠢᠷᠳᠤᠯ | ᠦᠭᠡᠢ ᠪᠠᠷ ᠰᠡᠷᠭᠡᠶᠢᠯᠡᠨ ᠬᠢᠵᠠᠭᠠᠷᠯᠠᠬᠤ᠂ ᠣᠨᠣᠪᠴᠢᠳᠠᠢ ᠪᠠᠷ ᠡᠮ ᠭᠡᠷᠡᠭᠯᠡᠬᠦ᠂ ᠨᠢᠭᠡᠳᠦᠯᠳᠡᠢ ᠰᠡᠷᠭᠡᠶᠢᠯᠡᠨ ᠨᠢᠭᠡᠳᠦᠯᠳᠡᠢ ᠵᠠᠰᠠᠬᠤ ᠮᠡᠷᠭᠡᠵᠢᠯ ᠢ ᠲᠡᠯᠬᠡᠷᠡᠬᠦᠯᠵᠦ᠂ | ᠲᠡᠷᠢᠶᠡᠯᠡᠩ ᠤᠨ ᠡᠮ ᠢ ᠠᠰᠢᠭᠯᠠᠬᠤ ᠨᠣᠷᠮ᠎ᠠ ᠶᠢ ᠵᠠᠭᠤᠨ ᠤ ᠬᠤᠷᠢᠨ ᠬᠤᠪᠢ ᠪᠠᠷ ᠲᠡᠭᠡᠭᠰᠢᠬᠦᠯᠦᠨᠡ᠃ 10 ᠰᠣᠮᠣ ᠪᠠᠯᠭᠠᠰᠣᠨ ᠳᠤ ᠲᠠᠷᠢᠶᠠᠯᠠᠩ ᠤᠨ ᠡᠮ ᠤᠨ | ᠪᠣᠬᠢᠷᠳᠣᠯ ᠤᠨ ᠬᠠᠶᠠᠭᠳᠠᠮᠠᠯ ᠡᠳ᠋ ᠢ ᠡᠭᠡᠬᠦᠯᠦᠨ ᠬᠤᠷᠢᠶᠠᠨ ᠠᠪᠬᠤ ᠦᠷᠳᠡᠭᠡ ᠪᠠ 2 ᠬᠤᠰᠢᠭᠤ ᠲᠡᠰ ᠤᠨ ᠡᠬᠡᠬᠦᠯᠣᠨ ᠬᠤᠷᠢᠶᠠᠬᠤ ᠦᠷᠳᠡᠭᠡ ᠶᠢ ᠪᠦᠳᠦᠭᠡᠨ | ᠪᠠᠶᠢᠭᠤᠯᠬᠤ ᠢᠨᠵᠧᠨᠧᠷᠢᠩ ᠢ ᠭᠡᠷᠡᠭᠵᠢᠬᠦᠯᠵᠦ᠂ ᠲᠠᠷᠢᠶᠠᠯᠠᠩ ᠤᠨ ᠡᠮ ᠤᠨ ᠪᠣᠭᠤᠳᠠᠯ ᠤᠨ ᠬᠠᠶᠠᠭᠳᠠᠮᠠᠯ ᠡᠳ᠋ ᠶᠢ ᠡᠬᠡᠭᠦᠯᠦᠨ ᠬᠤᠷᠢᠶᠠᠬᠤ ᠨᠣᠷᠮ᠎ᠠ ᠢ 100% ᠲᠤ | ᠬᠦᠷᠭᠡᠨ᠎ᠠ᠃ ᠣᠯᠣᠰ ᠤᠨ ᠪᠠᠷᠢᠮᠵᠢᠶᠠᠳᠣ ᠭᠠᠵᠠᠷ ᠤᠨ ᠰᠦᠯᠢᠶᠣᠣ ᠪᠦᠷᠬᠦᠪᠴᠢ ᠭᠡᠷᠡᠭᠯᠡᠬᠦ ᠶᠢ ᠪᠦᠬᠦ ᠲᠠᠯ᠎ᠠ ᠪᠠᠷ ᠲᠡᠯᠭᠡᠷᠡᠬᠦᠯᠦᠨ᠂ ᠭᠠᠵᠠᠷ ᠤᠨ ᠪᠦᠷᠬᠦᠪᠴᠢ ᠶᠢ | ᠡᠭᠡᠬᠦᠯᠦᠨ ᠠᠪᠴᠣ ᠠᠰᠢᠭᠯᠠᠬᠤ ᠶᠢ ᠠᠬᠢᠭᠤᠯᠣᠨ᠂ ᠲᠣᠬᠠᠢ ᠶᠢᠨ ᠵᠢᠯ ᠤᠨ ᠭᠠᠵᠠᠷ ᠤᠨ ᠪᠦᠷᠬᠦᠪᠴᠢ ᠶᠢ ᠪᠣᠴᠠᠭᠠᠨ ᠠᠪᠣᠭᠰᠠᠨ ᠨᠣᠷᠮ᠎ᠠ ᠶᠢ 80% ᠲᠤ ᠬᠦᠷᠭᠡᠬᠦ | ᠪᠠᠷ ᠴᠢᠷᠮᠠᠶᠢᠨ᠎ᠠ᠃ ᠮᠣᠨᠠ ᠠᠭᠤᠯᠠ ᠶᠢᠨ ᠠᠮᠢ ᠠᠬᠤᠢ ᠶᠢ ᠰᠡᠷᠬᠦᠭᠡᠨ ᠪᠠᠬᠢᠵᠢᠬᠦᠯᠬᠦ ᠶᠢ ᠦᠷᠬᠦᠯᠵᠢᠯᠡᠨ ᠠᠬᠢᠭᠤᠯᠵᠣ᠂ ᠪᠠᠶᠠᠨᠴᠠᠭᠠᠨ ᠠᠭᠤᠯᠠ ᠪᠠ ᠴᠠᠰᠣᠳᠠᠢ | ᠠᠭᠤᠯᠠ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠶᠢ ᠲᠦᠷᠭᠡᠳᠭᠡᠨ ᠠᠬᠢᠭᠤᠯᠵᠣ᠂ ᠪᠣᠬᠢᠷᠳᠣᠯ ᠦᠭᠡᠢ ᠠᠭᠤᠷᠬᠠᠢ ᠶᠢᠨ | ᠣᠷᠣᠨ ᠢ ᠵᠠᠰᠠᠨ ᠬᠠᠮᠠᠭᠠᠯᠠᠬᠤ ᠣᠳᠠᠭᠠᠨ ᠬᠤᠭᠤᠴᠠᠭᠠᠳᠣ ᠵᠣᠬᠢᠴᠠᠮᠵᠢ ᠶᠢ ᠪᠦᠷᠢᠨ ᠲᠡᠭᠦᠯᠳᠡᠷᠵᠢᠬᠦᠯᠦᠨ᠂ ᠰᠠᠯᠠᠭ᠎ᠠ ᠮᠦᠴᠢᠷ ᠤᠨ ᠬᠠᠮᠳᠣᠷᠠᠯᠴᠠᠨ ᠬᠢᠨᠠᠨ ᠬᠠᠮᠢᠶᠡᠷᠬᠤ | ᠶᠢ ᠴᠢᠩᠭᠠᠳᠬᠠᠨ᠂ ᠴᠣᠬᠢᠯᠳᠠ ᠦᠭᠬᠦ ᠬᠦᠴᠦᠯᠢᠭ ᠢᠶᠠᠨ ᠨᠡᠮᠡᠭᠳᠡᠭᠦᠯᠦᠨ᠂ ᠠᠮᠢ ᠠᠬᠤᠢ ᠶᠢᠨ ᠰᠢᠨ᠎ᠡ ᠡᠪᠳᠠᠯᠡᠯᠭᠡ ᠪᠦᠷᠢᠯᠳᠦᠬᠦ ᠠᠴᠠ ᠡᠷᠡᠰ ᠭᠡᠯᠳᠦᠷᠡᠬᠦᠯᠦᠨᠡ᠃ | ᠠᠵᠣ ᠠᠬᠤᠢ ᠶᠢᠨ ᠦᠷ᠎ᠠ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠬᠠᠷᠢᠯᠴᠠᠨ ᠣᠶᠠᠯᠳᠣᠭᠤᠯᠬᠤ ᠶᠢ ᠪᠠᠷᠢᠮᠳᠠᠯᠠᠨ᠂ ᠴᠢᠨ᠋ᠸ᠎ᠠ ᠶᠢᠨ ᠬᠠᠷᠮᠠᠭ ᠤᠨ ᠰᠢᠨ᠎ᠡ | ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠦᠷᠬᠦᠯᠵᠢᠯᠠᠨ ᠲᠣᠣᠱᠯᠠᠭᠤᠯᠣᠨ᠂ ᠵᠢᠵᠢᠭ ᠬᠤᠯᠢᠮᠠᠭ ᠵᠢᠮᠢᠰ ᠵᠡᠷᠭᠡ ᠠᠵᠣ ᠠᠬᠤᠢ ᠶᠢᠨ ᠣᠢ ᠶᠢᠨ ᠬᠦᠭᠵᠢᠯᠳᠡ ᠶᠢ | ᠲᠡᠮᠵᠢᠨ᠂ ᠲᠠᠷᠢᠶᠠᠨ ᠭᠠᠵᠠᠷ ᠤᠨ ᠬᠠᠯᠬᠠᠪᠴᠢ ᠤᠢ ᠵᠡᠷᠭᠡ ᠭᠤᠣᠯᠳᠠᠯᠭ᠎ᠠ ᠲᠠᠢ ᠣᠷᠣᠨ ᠤ ᠨᠤᠭᠤᠭᠠᠷᠠᠵᠢᠯᠳᠠ ᠪᠤᠶᠢᠵᠢᠭᠤᠯᠤᠯᠳᠠ ᠪᠠ ᠬᠠᠮᠢᠶᠠᠷᠤᠯᠳᠠ ᠶᠢᠨ | ᠬᠦᠴᠦᠯᠢᠭ ᠢᠶᠠᠨ ᠶᠡᠭᠡᠳᠭᠡᠨ᠂ ᠮᠣᠨᠠ ᠠᠭᠤᠯᠠ ᠶᠢᠨ ᠡᠮᠦᠨ᠎ᠡ ᠠᠷᠣ ᠬᠤᠷᠮᠣᠢ ᠶᠢᠨ ᠣᠢ ᠰᠢᠭᠤᠢ ᠶᠢᠨ ᠠᠮᠢ ᠠᠬᠤᠢ ᠶᠢ 1.5 ᠲᠦᠮᠡᠨ ᠮᠣ᠋ ᠰᠡᠷᠬᠦᠬᠡᠬᠦ ᠶᠢ | ᠪᠡᠶᠡᠯᠡᠬᠦᠯᠣᠨ᠂ ᠲᠣᠮᠳᠠ ᠵᠢᠵᠢᠭ ᠣᠢ ᠶᠢ 3 ᠲᠦᠮᠡᠨ ᠮᠣ᠋ ᠪᠣᠶᠢᠵᠢᠭᠤᠯᠣᠨ᠂ ᠵᠢᠯ ᠤᠨ ᠲᠣᠳᠣᠷ᠎ᠠ 8 ᠲᠦᠮᠡᠨ ᠮᠣ᠋ ᠮᠣᠳᠣ ᠲᠠᠷᠢᠬᠤ ᠵᠢᠪᠡᠶᠡᠯᠡᠬᠦᠯᠦᠨᠡ᠃ ᠪᠦᠬᠦ | ᠣᠯᠣᠰ ᠤᠨ ᠬᠤᠶᠠᠳᠠᠬᠢ ᠣᠳᠠᠭᠠᠨ ᠤ ᠪᠤᠬᠢᠷᠳᠤᠯ ᠤᠨ ᠡᠬᠢ ᠰᠣᠷᠪᠣᠯᠵᠢ ᠶᠢ ᠨᠠᠶᠢᠳᠡᠮ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠦᠷᠨᠢᠬᠦᠯᠵᠦ᠂ ᠠᠮᠢ ᠠᠬᠤᠢ | ᠶᠢᠨ ᠣᠷᠴᠢᠨ ᠲᠣᠭᠤᠷᠢᠨ ᠤ ᠶᠡᠭᠡ ᠲᠣᠭᠠᠨ ᠤ ᠲᠡᠪᠴᠡᠩ ᠢ ᠪᠦᠬᠦ ᠲᠠᠯ᠎ᠠ ᠪᠠᠷ ᠪᠠᠶᠢᠭᠤᠯᠣᠨ᠂ ᠣᠷᠴᠢᠨ ᠠᠬᠤᠢ ᠶᠢᠨ ᠬᠠᠣᠯᠢ ᠭᠡᠷᠡᠭᠵᠢᠬᠦᠯᠬᠦ ᠬᠦᠴᠦᠯᠢᠭ ᠢ | ᠴᠢᠩᠭᠠᠳᠬᠠᠨ᠂ ᠣᠷᠴᠢᠨ ᠲᠣᠭᠤᠷᠢᠨ ᠤ ᠬᠠᠣᠯᠢ ᠪᠣᠰᠣ ᠠᠵᠢᠯᠯᠠᠭ᠎ᠠ ᠳᠤ ᠴᠣᠬᠢᠯᠳᠡ ᠦᠭᠬᠦᠨ᠎ᠡ᠃ | ᠬᠤᠶᠠᠷ᠂ ᠶᠠᠰᠣ ᠴᠢᠨᠡᠷ ᠢ ᠲᠡᠭᠡᠭᠰᠢᠬᠦᠯᠦᠨ ᠦᠷ᠎ᠡ ᠠᠰᠢᠭ ᠢᠶᠠᠨ ᠨᠡᠮᠡᠭᠳᠡᠬᠦᠯᠬᠦ ᠶᠢ ᠲᠣᠪᠣᠶᠢᠯᠭᠠᠨ᠂ ᠠᠵᠣ ᠦᠢᠯᠠᠳᠪᠦᠷᠢ ᠶᠢᠨ ᠠᠵᠤ ᠠᠬᠤᠢ ᠶᠢᠨ | ᠬᠦᠭᠵᠢᠯᠳᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | ︵ᠨᠢᠭᠡ︶ ᠠᠵᠣ ᠦᠢᠯᠡᠳᠪᠦᠷᠢ ᠶᠢᠨ ᠲᠡᠪᠴᠡᠩ ᠢ ᠪᠠᠬᠢᠵᠢᠭᠦᠯᠦᠨ᠎ᠡ᠃ ᠦᠨᠳᠦᠷ ᠦᠷ᠎ᠡ ᠪᠦᠳᠦᠮᠵᠢᠳᠦ ᠬᠦᠭᠵᠢᠯᠳᠡ ᠶᠢ ᠲᠦᠪᠯᠡᠷᠡᠬᠦᠯᠦᠨ ᠡᠷᠴᠢᠮᠵᠢᠬᠦᠯᠵᠦ ᠂ | ᠠᠵᠣ ᠦᠢᠯᠳᠪᠦᠷᠢ ᠶᠢᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠦᠨ᠂ ᠪᠣᠭᠤᠳᠣ ᠶᠢᠨ ᠪᠠᠷᠠᠭᠤᠨ ᠠᠵᠣ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠢ ᠴᠣᠭᠴᠠ | ᠶᠢᠨ ᠲᠦᠯᠦᠪᠵᠢᠭᠦᠯᠭᠡ ᠶᠢ ᠵᠠᠰᠠᠨ ᠨᠠᠶᠢᠷᠠᠭᠤᠯᠵᠣ᠂ ᠢᠯᠴᠢ ᠬᠠᠩᠭᠠᠬᠤ᠂ ᠣᠰᠣ ᠲᠠᠳᠠᠷᠠᠭᠤᠯᠬᠤ ᠵᠡᠷᠭᠡ ᠲᠣᠰᠬᠠᠢ ᠲᠦᠷᠦᠯ ᠤᠨ ᠲᠦᠯᠦᠪᠵᠢᠬᠦᠯᠭᠡ ᠪᠠ | ᠬᠢᠵᠠᠭᠠᠷᠯᠠᠯᠳᠣ ᠴᠢᠨᠠᠷᠳᠠᠢ ᠨᠠᠷᠢᠨ ᠲᠦᠷᠢᠮ ᠢ ᠨᠠᠶᠢᠷᠠᠭᠤᠯᠵᠤ᠂ ᠢᠳᠡᠭᠡᠨ ᠤ ᠠᠵᠣ ᠦᠢᠯᠡᠳᠪᠦᠷᠢ ᠶᠢᠨ ᠲᠣᠭᠤᠷᠢᠭ ᠤᠨ ᠬᠢᠵᠠᠭᠠᠷᠯᠠᠯᠳᠣ ᠴᠢᠨᠠᠷᠳᠠᠢ ᠨᠠᠷᠢᠨ ᠲᠦᠷᠢᠮ ᠢ | ᠵᠠᠰᠠᠨ ᠨᠠᠶᠢᠷᠠᠭᠤᠯᠬᠤ ᠠᠵᠢᠯ ᠢ ᠪᠡᠶᠡᠯᠡᠬᠦᠯᠦᠨ᠎ᠡ᠃ ᠬᠦᠨᠳᠦ ᠬᠦᠩᠬᠡᠨ ᠲᠦᠷᠭᠡᠨ ᠣᠳᠠᠭᠠᠨ ᠢ ᠰᠠᠯᠭᠠᠵᠤ᠂ ᠣᠯᠣᠰ ᠤᠨ ᠦᠷᠢ ᠶᠢᠨ ᠲᠡᠮᠳᠡᠭ ᠤᠨ ᠪᠠᠯᠠ ᠮᠦᠩᠬᠦ ᠪᠠ | ᠨᠠᠶᠢᠭᠡᠮ ᠤᠨ ᠬᠦᠷᠦᠩᠭᠡ ᠶᠢ ᠲᠠᠳᠠᠨ ᠣᠷᠣᠭᠤᠯᠬᠤ ᠵᠡᠷᠭᠡ ᠭᠡᠯᠪᠡᠷᠢ ᠪᠠᠷ ᠣᠯᠠᠨ ᠲᠠᠯ᠎ᠠ ᠪᠠᠷ ᠪᠡᠯᠡ ᠮᠦᠩᠬᠦ ᠴᠣᠭᠯᠠᠭᠤᠯᠣᠨ᠂ ᠰᠠᠭᠤᠷᠢ ᠲᠦᠬᠦᠭᠡᠷᠦᠮᠵᠢ ᠳᠠᠬᠢ | ᠣᠷᠣᠭᠤᠯᠣᠯᠳᠠ ᠶᠢᠨ ᠬᠦᠴᠦᠯᠢᠭ ᠢᠶᠠᠨ ᠶᠡᠭᠡᠳᠭᠡᠨ᠂ ᠬᠡᠮᠵᠢᠶ᠎ᠡ ᠶᠢ ᠨᠢ ᠨᠠᠮᠡᠭᠳᠡᠬᠦᠯᠦᠨ ᠴᠠᠬᠢᠯᠭᠠᠨ ᠲᠦᠭᠡᠭᠡᠬᠦ ᠠᠵᠢᠯ ᠤᠨ ᠲᠣᠷᠰᠢᠯᠳᠡ ᠶᠢᠨ ᠴᠢᠭ ᠤᠨ ᠲᠦᠷᠦᠯ | ᠵᠦᠢᠯ ᠢ ᠲᠦᠷᠭᠡᠳᠭᠡᠨ ᠠᠬᠢᠭᠤᠯᠵᠣ᠂ ᠲᠣᠭᠤᠷᠢᠭ ᠤᠨ ᠣᠷᠣᠨ ᠢ ᠶᠡᠷᠦᠩᠭᠡᠶᠢᠯᠡᠨ ᠦᠪᠡᠷ ᠤᠨ ᠦᠷᠳᠡᠭ ᠲᠠᠢ ᠬᠤᠳᠣᠭᠤᠷ ᠭᠠᠵᠠᠷ᠂ ᠴᠢᠬᠤᠯᠠ ᠡᠯᠧᠮᠧᠨ᠋ᠲ | ᠲᠦᠪᠯᠡᠷᠡᠭᠰᠡᠨ ᠦᠨᠳᠦᠷ ᠭᠠᠵᠠᠷ᠂ ᠦᠢᠯᠡᠰ ᠪᠦᠳᠦᠭᠡᠨ ᠰᠢᠨ᠎ᠡ ᠶᠢ ᠡᠬᠦᠳᠬᠦ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ᠃ ᠪᠣᠭᠤᠳᠣ ᠶᠢᠨ ᠪᠠᠷᠠᠭᠤᠨ ᠠᠵᠣ | ᠦᠢᠯᠡᠳᠪᠦᠷᠢ ᠶᠢᠨ ᠲᠣᠭᠤᠷᠢᠭ ᠤᠨ ᠣᠷᠣᠨ ᠤ ᠵᠠᠰᠠᠮᠠᠯ ᠵᠠᠮ ᠢ 18 ᠺᠢᠯᠦᠮᠧᠲᠷ ᠰᠢᠨ᠎ᠡ ᠪᠠᠷ ᠵᠠᠰᠠᠵᠤ᠂ ᠣᠰᠣ ᠬᠠᠩᠭᠠᠬᠤ ᠣᠰᠣ ᠲᠠᠳᠠᠷᠠᠭᠤᠯᠬᠤ ᠵᠡᠷᠭᠡ ᠡᠯ᠎ᠡ | ᠲᠦᠷᠦᠯ ᠤᠨ ᠬᠤᠭᠤᠯᠠᠢ ᠶᠢᠨ ᠲᠣᠣᠷᠵᠢᠯ ᠢ 24 ᠺᠢᠯᠦᠮᠧᠲᠷ ᠲᠡᠪᠢᠰᠴᠤ᠂ ᠠᠮᠢᠳᠣᠷᠠᠯ ᠤᠨ ᠬᠤᠭ ᠨᠠᠪᠰᠢ ᠶᠢ ᠰᠢᠢᠳᠪᠦᠷᠢᠯᠡᠬᠦ ᠦᠢᠯᠡᠳᠪᠦᠷᠢ ᠪᠠ ᠭᠠᠯ ᠢ | ᠰᠡᠷᠭᠡᠶᠢᠯᠡᠬᠦ ᠣᠨᠴᠠᠭᠠᠢ ᠡᠬᠦᠷᠭᠡ ᠶᠢᠨ ᠠᠵᠢᠯ ᠤᠨ ᠦᠷᠳᠡᠭᠡ ᠶᠢ ᠰᠢᠨ᠎ᠡ ᠪᠠᠷ ᠪᠠᠶᠢᠭᠤᠯᠵᠣ᠂ ᠪᠣᠵᠠᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢᠨ ︽ᠲᠡᠩ ᠣᠰᠣ | ᠲᠠᠳᠠᠷᠠᠭᠤᠯᠬᠤ︾ ᠦᠭᠡᠷᠡᠴᠢᠯᠡᠯᠳᠡ ᠶᠢᠨ ᠢᠨᠵᠧᠨᠧᠷᠢᠩ ᠢ ᠲᠦᠷᠭᠡᠳᠭᠡᠨ᠂ ︽ ᠬᠠᠳᠤᠨ ᠭᠤᠣᠯ ᠤᠨ ᠣᠰᠣ ᠶᠢ ᠲᠠᠳᠠᠵᠣ ᠭᠡᠷᠡᠭᠯᠡᠬᠦ︾ ᠠᠵᠢᠯ ᠢ ᠢᠳᠡᠪᠬᠢᠳᠠᠢ | ᠠᠬᠢᠭᠤᠯᠵᠣ ᠂ ᠾᠧᠢ ᠯᠢᠦ ᠽᠢ ᠶᠢᠨ 220 ᠺᠢᠯᠣᠸ᠋ᠲ ᠬᠦᠴᠦᠳᠠᠯ ᠦᠭᠡᠷᠡᠴᠢᠯᠡᠬᠦ ᠦᠷᠳᠡᠭᠡ ᠶᠢ ᠦᠷᠭᠡᠳᠬᠡᠬᠦ ᠢᠨᠵᠧᠨᠧᠷᠢᠩ ᠢ ᠪᠡᠶᠡᠯᠡᠬᠦᠯᠦᠨ᠂ ᠨᠢᠭᠡ ᠰᠠᠭᠤᠷᠢ | 220 ᠺᠢᠯᠦᠸᠠᠲ ᠴᠠᠬᠢᠯᠭᠠᠨ ᠬᠦᠴᠦᠳᠠᠯ ᠤᠨ ᠦᠷᠳᠡᠭᠡ ᠶᠢ ᠲᠦᠯᠦᠪᠯᠡᠨ ᠰᠢᠨ᠎ᠡ ᠪᠠᠷ ᠪᠠᠶᠢᠭᠤᠯᠵᠤ᠂ ᠲᠣᠭᠤᠷᠢᠭ ᠤᠨ ᠣᠷᠣᠨ ᠤ ᠣᠰᠣ ᠬᠠᠩᠭᠠᠬᠤ ᠲᠠᠳᠠᠷᠠᠭᠤᠯᠬᠤ | ᠪᠠ ᠴᠠᠬᠢᠯᠭᠠᠨ ᠬᠦᠴᠦᠨ ᠤ ᠬᠠᠩᠭᠠᠯᠭ᠎ᠠ ᠵᠡᠷᠭᠡ ᠰᠠᠭᠤᠷᠢ ᠪᠠᠳᠤᠯᠠᠭ᠎ᠠ ᠶᠢᠨ ᠬᠢᠷᠢ ᠬᠡᠮᠵᠢᠶ᠎ᠡ ᠶᠢ ᠦᠷᠬᠦᠯᠵᠢᠯᠡᠨ ᠲᠡᠭᠡᠭᠰᠢᠯᠡᠬᠦᠯᠦᠨ᠎ᠡ᠃ ︽ᠦᠬᠦᠰᠢᠷᠡᠮᠡᠯ ᠠᠵᠣ | ᠠᠬᠤᠶᠢᠯᠠᠯ︾ ᠢ ᠶᠡᠭᠡᠪᠡᠷ ᠴᠡᠪᠡᠷᠯᠡᠨ ᠠᠮᠢᠳᠣᠯᠢᠭᠵᠢᠭᠤᠯᠵᠣ ᠰᠣᠯᠠ ᠰᠠᠯᠡᠬᠦᠦ ᠭᠠᠵᠠᠷ ᠰᠢᠷᠣᠢ ᠪᠠ ᠦᠢᠯᠡᠳᠪᠦᠷᠢ ᠶᠢᠨ ᠪᠠᠶᠢᠰᠢᠩ ᠢ ᠨᠢᠭᠡᠳᠭᠡᠨ ᠠᠰᠢᠭᠯᠠᠪᠠ᠃ | ᠢᠳᠡᠭᠡᠨ ᠤ ᠠᠵᠣ ᠦᠢᠯᠡᠳᠪᠦᠷᠢ ᠶᠢᠨ ᠲᠣᠭᠤᠷᠢᠭ ᠲᠤ 1.3 ᠺᠢᠯᠣᠮᠧᠲᠷ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠣ᠂ ᠡᠬᠦᠨ ᠤ ᠵᠡᠷᠭᠡᠪᠡᠷ ᠣᠰᠣ ᠬᠠᠩᠭᠠᠵᠣ | ᠲᠠᠳᠠᠷᠠᠭᠤᠯᠬᠤ ᠬᠤᠭᠤᠯᠠᠢ ᠶᠢᠨ ᠲᠣᠣᠷᠵᠢᠯ ᠢ ᠲᠡᠪᠢᠰᠴᠦ᠂ ᠠᠵᠣ ᠦᠢᠯᠡᠳᠪᠦᠷᠢ ᠶᠢᠨ ᠣᠰᠣ ᠬᠠᠩᠭᠠᠬᠤ᠂ ᠪᠣᠵᠠᠷ ᠣᠰᠣ ᠶᠢ ᠰᠢᠢᠳᠪᠦᠷᠢᠯᠡᠬᠦ᠂ ᠴᠠᠬᠢᠯᠭᠠᠨ ᠬᠦᠴᠦᠨ | ᠤ ᠪᠠᠳᠤᠯᠠᠭ᠎ᠠ ᠵᠡᠷᠭᠡ ᠢᠨᠵᠧᠨᠧᠷᠢᠩ ᠢ ᠲᠦᠷᠭᠡᠳᠭᠡᠨ ᠠᠬᠢᠭᠤᠯᠵᠣ᠂ ᠲᠣᠭᠤᠷᠢᠭ ᠤᠨ ᠣᠷᠣᠨ ᠤ ᠲᠦᠷᠦᠯ ᠵᠦᠢᠯ ᠤᠨ ᠠᠴᠢᠶᠠᠯᠠᠪᠤᠷᠢ ᠶᠢᠨ ᠴᠢᠳᠠᠪᠣᠷᠢ ᠶᠢ ᠦᠨᠡᠨᠬᠦ | ᠲᠡᠭᠡᠭᠰᠢᠬᠦᠯᠪᠡ᠃ ᠬᠦᠬᠦᠷᠭᠡᠨ ᠡᠮᠦᠨᠡᠬᠢ ᠲᠠᠷᠢᠶᠠᠯᠠᠩ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠬᠤ ᠲᠣᠭᠤᠷᠢᠭ ᠢ ᠢᠳᠡᠭᠡᠨ ᠤ ᠠᠵᠣ ᠦᠢᠯᠡᠳᠪᠦᠷᠢ ᠶᠢᠨ | ᠲᠣᠭᠤᠷᠢᠭ ᠲᠠᠢ ᠨᠢᠭᠡᠳᠦᠯᠳᠡᠢ ᠲᠦᠯᠦᠪᠯᠡᠨ᠂ ᠨᠢᠭᠡ ᠴᠤᠭᠴᠠ ᠪᠣᠯᠭᠠᠨ ᠠᠬᠢᠭᠤᠯᠵᠣ᠂ ᠴᠠᠪᠡᠷᠯᠡᠨ ᠴᠡᠭᠴᠡᠯᠡᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠣᠨ᠂ | ᠣᠷᠴᠢᠨ ᠲᠣᠭᠤᠷᠢᠨ ᠤ ᠪᠠᠶᠢᠳᠠᠯ ᠢ ᠦᠨᠡᠨᠬᠦ ᠰᠠᠶᠢᠵᠢᠷᠠᠭᠤᠯᠤᠨ᠂ ᠲᠦᠷᠦᠯ ᠵᠦᠢᠯ ᠤᠨ ᠣᠷᠣᠵᠣ ᠰᠠᠭᠤᠷᠢᠰᠢᠬᠤ ᠳᠤ ᠨᠦᠬᠦᠴᠡᠯ ᠪᠦᠷᠢᠯᠳᠦᠬᠦᠯᠦᠨ ᠦᠭᠬᠦᠨ᠎ᠡ᠃ | ︵ᠬᠤᠶᠠᠷ︶ ᠠᠵᠣ ᠦᠢᠯᠡᠰ ᠤᠨ ᠬᠡᠯᠪᠡᠷᠢ ᠪᠠᠨ ᠦᠭᠡᠷᠡᠴᠢᠯᠡᠨ ᠲᠡᠰ ᠠᠴᠠ ᠲᠠᠪᠠᠭ᠋ᠣ ᠶᠢ ᠲᠦᠷᠭᠡᠳᠬᠡᠨ᠎ᠡ᠃ ᠬᠠᠳᠠᠭᠠᠯᠠᠮᠵᠢ ᠶᠢᠨ ᠭᠡᠮᠵᠢᠶ᠎ᠡ ᠶᠢ | ᠰᠢᠯᠢᠭᠵᠢᠬᠦᠯᠦᠨ᠂ ᠦᠰᠦᠯᠳᠡ ᠶᠢᠨ ᠲᠤᠭ᠎ᠠ ᠶᠢ ᠶᠡᠭᠡᠳᠭᠡᠨ᠂ ᠶᠠᠰᠣ ᠴᠢᠨᠠᠷ ᠢ ᠲᠡᠭᠡᠭᠰᠢᠬᠦᠯᠬᠦ ᠶᠢ ᠪᠠᠷᠢᠮᠳᠠᠯᠠᠨ᠂ ᠰᠢᠨ᠎ᠡ ᠬᠠᠭᠤᠴᠢᠨ ᠬᠦᠳᠡᠯᠦᠩᠬᠦᠢ ᠡᠨᠧᠷᠬᠢ ᠶᠢᠨ | ᠬᠤᠪᠢᠷᠠᠯ ᠢ ᠲᠦᠷᠭᠡᠳᠭᠡᠨ᠂ ᠲᠠᠪᠠᠭᠤᠯᠢᠭ ᠢ ᠲᠣᠪᠣᠶᠢᠯᠭᠠᠨ᠂ ᠠᠵᠣ ᠦᠢᠯᠡᠰ ᠶᠢᠨ ᠬᠡᠯᠬᠢᠶᠡᠰᠦ ᠶᠢᠨ ᠲᠦᠬᠦᠷᠵᠢᠭᠦᠯᠦᠯᠳᠡ᠂ ᠪᠦᠯᠦᠭᠯᠡᠯ ᠤᠨ ᠭᠡᠯᠪᠡᠷᠢᠳᠦ ᠬᠦᠭᠵᠢᠯᠳᠡ | ᠶᠢᠨ ᠰᠢᠨ᠎ᠡ ᠮᠠᠶ᠋ᠢᠭ ᠤᠨ ᠠᠵᠣ ᠦᠢᠯᠡᠳᠪᠦᠷᠢ ᠶᠢᠨ ᠲᠣᠭᠳᠠᠯᠴᠠᠭ᠎ᠠ ᠶᠢ ᠴᠢᠷᠮᠠᠶᠢᠨ ᠪᠠᠶᠢᠭᠤᠯᠣᠨ᠎ᠠ᠃ ᠬᠢᠮᠢ ᠶᠢᠨ ᠠᠵᠣ ᠦᠢᠯᠡᠳᠪᠦᠷᠢ ᠶᠢᠨ ᠦᠢᠯᠡᠰ᠂ ᠣᠳᠣᠬᠠᠨ ᠤ | ᠪᠠᠶᠢᠭ᠎ᠠ ᠠᠵᠣ ᠦᠢᠯᠡᠰ ᠤᠨ ᠰᠠᠭᠤᠷᠢ ᠪᠠ ᠡᠬᠢ ᠰᠣᠷᠪᠣᠯᠵᠢ ᠶᠢᠨ ᠨᠦᠬᠦᠴᠡᠯ ᠲᠣᠣᠷ᠎ᠠ ᠠᠵᠣ ᠦᠢᠯᠡᠰ ᠤᠨ ᠬᠡᠯᠬᠢᠶᠡᠰᠦ ᠶᠢ ᠣᠷᠳᠣᠳᠬᠠᠨ᠂ ᠰᠢᠨ᠎ᠡ ᠮᠠᠶ᠋ᠢᠭ ᠤᠨ | ᠨᠠᠬᠦᠷᠡᠰᠦ ᠬᠢᠮᠢ ᠶᠢᠨ ᠰᠠᠭᠤᠷᠢᠨ ᠭᠠᠵᠠᠷ ᠢ ᠪᠠᠢ ᠪᠣᠯᠭᠠᠨ᠎ᠠ᠃ ᠪᠣᠭᠤᠳᠣ ᠶᠢᠨ ᠪᠣᠯᠣᠳ ᠲᠡᠮᠦᠷ ᠤᠨ ᠴᠢᠩ ᠬᠤᠸᠠ ᠶᠢᠨ 150 ᠲᠦᠮᠡᠨ ᠲᠣᠨ ᠤ ᠲᠣᠣᠷ᠎ᠠ | ᠲᠤᠯᠠᠭᠠᠨ ᠤ ᠬᠠᠭᠠᠰ ᠬᠡᠦᠷᠰᠢᠮᠡᠯ᠂ 7 ᠲᠦᠮᠡᠨ ᠲᠣᠨ ᠤ ᠨᠠᠶᠢᠯᠡᠮᠡᠯ ᠰᠢᠪᠳᠣᠷ ᠤᠨ ᠲᠦᠷᠦᠯ ᠵᠦᠢᠯ ᠢ ᠲᠡᠮᠡᠴᠡᠨ ᠣᠯᠵᠣ᠂ ᠵᠦᠩ ᠰᠢᠩ ᠪᠦᠯᠦᠭᠯᠡᠯ ᠤᠨ 200 | ᠲᠦᠮᠡᠨ ᠲᠣᠨ ᠤ ᠨᠦᠳᠦᠵᠦ ᠪᠠᠬᠢᠵᠢᠭᠦᠯᠬᠦ ᠬᠡᠦᠷᠰᠢᠮᠡᠯ ᠤᠨ ᠲᠦᠷᠦᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠬᠦᠯᠬᠦ ᠶᠢ ᠠᠬᠢᠭᠤᠯᠣᠨ᠂ ᠮᠧᠩ ᠷᠦᠨ ᠺᠠᠯᠢᠳᠣ | ᠪᠣᠷᠳᠣᠭᠤᠷ ᠤᠨ ᠬᠤᠶᠠᠳᠠᠬᠢ ᠬᠤᠭᠤᠴᠠᠭᠠᠨ ᠤ 4 ᠲᠦᠮᠡᠨ ᠲᠣᠨ ᠤ ᠦᠢᠯᠡᠳᠪᠦᠷᠢᠯᠠᠯ ᠤᠨ ᠱᠣᠭᠤᠮ᠂ ᠶᠢᠨ ᠱᠧᠨ ᠬᠢᠮᠢ ᠶᠢᠨ ᠦᠢᠯᠡᠳᠪᠦᠷᠢ ᠶᠢᠨ 2000 ᠲᠣᠨ | ᠤ ᠹᠣᠰᠪᠣᠷ ᠬᠦᠴᠢᠯ ᠤᠨ ᠡᠰᠲ᠋ᠧᠷ ᠤᠨ ᠲᠦᠷᠦᠯ ᠵᠦᠢᠯ ᠢ ᠪᠠᠶᠢᠭᠤᠯᠣᠨ᠂ ᠶᠢᠨ ᠱᠧᠩ ᠬᠤᠢ ᠬᠢᠮᠢ ᠶᠢᠨ ᠦᠢᠯᠡᠳᠪᠦᠷᠢ ᠶᠢᠨ 2 ᠲᠦᠮᠡᠨ ᠲᠣᠨ ᠤ ᠨᠠᠷᠢᠯᠢᠭᠵᠢᠭᠰᠠᠨ | ᠲᠦᠷᠦᠯ ᠵᠦᠢᠯ ᠢ ᠪᠡᠶᠡᠯᠡᠬᠦᠯᠬᠦ ᠶᠢ ᠲᠡᠮᠵᠢᠵᠦ᠂ ᠬᠤᠸᠠᠨ ᠴᠠᠩ ᠤᠨ 2000 ᠲᠣᠨ ᠤ ᠡᠮ ᠡᠮᠨᠡᠯᠭᠡ ᠶᠢᠨ ᠵᠠᠪᠰᠠᠷ ᠤᠨ ᠪᠡᠶᠡᠳᠦ᠂ ᠢᠦᠢ ᠰᠢᠣᠸᠠᠨ ᠤ 1 ᠲᠦᠮᠡᠨ | ᠲᠣᠨ ᠤ ᠮᠧᠲ᠋ᠢᠯ ᠰᠦᠯᠹᠦᠨ ᠠᠮᠢᠨ ᠤ ᠲᠦᠷᠦᠯ ᠵᠦᠢᠯ ᠢ ᠲᠡᠮᠡᠴᠡᠨ ᠣᠯᠣᠨ᠎ᠠ᠃ ᠠᠭᠤᠷᠬᠠᠢ ᠶᠢᠨ ᠣᠷᠣᠨ ᠤ ᠲᠡᠮᠦᠷᠯᠢᠭ ᠬᠠᠶᠢᠯᠣᠭᠤᠯᠬᠤ ᠦᠢᠯᠡᠰ᠂ ᠠᠭᠤᠷᠬᠠᠢ | ᠶᠢᠨ ᠣᠷᠣᠨ ᠤ ᠨᠡᠭᠡᠭᠡᠨ ᠮᠠᠯᠳᠠᠬᠤ ᠰᠢᠯᠢᠬᠦ ᠠᠬᠤᠶᠢᠯᠠᠯ ᠢ ᠦᠷᠬᠦᠯᠵᠢᠯᠠᠨ ᠨᠢᠭᠡᠳᠭᠡᠨ ᠲᠠᠰ ᠲᠠᠪᠠᠭᠤᠯᠵᠣ᠂ ᠦᠢᠯᠡᠳᠪᠦᠷᠢ ᠶᠢᠨ ᠭᠠᠵᠠᠷ ᠰᠤᠩᠭᠤᠨ ᠨᠡᠭᠦᠯᠬᠡᠬᠦ ᠪᠠ | ᠦᠯᠡᠳᠡᠭᠳᠡᠯ ᠬᠦᠳᠡᠷ ᠢ ᠬᠠᠭᠤᠷᠠᠢ ᠪᠠᠷ ᠵᠠᠯᠠᠬᠤ ᠮᠡᠷᠭᠡᠵᠢᠯ ᠤᠨ ᠦᠭᠡᠷᠡᠴᠢᠯᠡᠯᠳᠡ ᠶᠢ ᠬᠡᠷᠡᠭᠵᠢᠭᠦᠯᠵᠦ᠂ ᠬᠢᠯᠢ ᠶᠢᠨ ᠭᠠᠳᠠᠨᠠᠬᠢ ᠠᠭᠤᠷᠬᠠᠢ ᠶᠢᠨ ᠡᠬᠢ ᠰᠣᠷᠪᠣᠯᠵᠢ | ᠢ ᠢᠳᠡᠪᠬᠢᠳᠠᠢ ᠠᠰᠢᠭᠯᠠᠨ᠂ ᠪᠣᠭᠤᠳᠣ ᠶᠢᠨ ᠪᠣᠯᠣᠳ ᠲᠡᠮᠦᠷ ᠤᠨ 60 ᠲᠦᠮᠡᠨ ᠲᠣᠨ ᠤ ᠦᠨᠳᠦᠷ ᠬᠦᠬᠦᠷᠳᠦ ᠲᠡᠮᠦᠷ ᠤᠨ ᠠᠭᠤᠷᠬᠠᠢ ᠶᠢᠨ ᠬᠦᠳᠡᠷ ᠰᠢᠯᠢᠬᠦ | ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢ ᠲᠦᠭᠡᠳᠭᠡᠨ ᠠᠬᠢᠭᠤᠯᠵᠣ᠂ ᠬᠦᠳᠡᠷ ᠰᠢᠯᠢᠬᠦ ᠠᠵᠣ ᠠᠬᠤᠶᠢᠯᠠᠯ ᠤᠨ ᠪᠦᠬᠦᠶᠢᠯᠡ ᠴᠣᠭᠴᠠ ᠶᠢᠨ ᠬᠢᠷᠢ ᠬᠡᠮᠵᠢᠶ᠎ᠡ | ᠶᠢ ᠲᠡᠭᠡᠭᠰᠢᠯᠡᠬᠦᠯᠦᠨ᠎ᠡ᠃ ᠲᠡᠮᠦᠷ ᠤᠨ ᠬᠠᠶᠢᠯᠣᠰᠢ ᠶᠢᠨ ᠠᠵᠣ ᠦᠢᠯᠠᠰ ᠢ ᠰᠢᠯᠢᠳᠡᠭᠵᠢᠬᠦᠯᠵᠦ᠂ ᠱᠧᠩ ᠴᠢᠤᠸᠠᠨ ᠤ ᠺᠧ ᠯᠢ ᠶᠣᠸᠠᠨ ᠤ 6 ᠲᠦᠮᠡᠨ ᠲᠣᠨ ᠤ | ᠣᠨᠴᠠ ᠲᠦᠷᠦᠯ ᠤᠨ ᠬᠠᠶᠢᠯᠣᠰᠢ᠂ ᠲᠠᠢ ᠴᠠᠩ ᠤᠨ 6 ᠲᠦᠮᠡᠨ ᠲᠣᠨ ᠤ ᠣᠨᠴᠠ ᠲᠦᠷᠦᠯ ᠤᠨ ᠬᠠᠶᠢᠯᠣᠰᠢ᠂ ᠯᠢ ᠬᠤᠨᠭ᠌ ᠶᠢᠨ 24 ᠲᠦᠮᠡᠨ ᠲᠣᠨ ᠤ ᠴᠠᠬᠢᠭᠤᠷ | ᠮᠠᠩᠭᠠᠨ ᠤ ᠬᠠᠶᠢᠯᠣᠰᠢ᠂ ᠰᠦᠨ ᠶᠧ ᠶᠢᠨ6 ᠲᠦᠮᠡᠨ ᠲᠣᠨ ᠤ ᠴᠠᠬᠢᠭᠤᠷᠳᠣ ᠲᠡᠮᠦᠷ ᠤᠨ ᠬᠠᠶᠢᠯᠣᠰᠢ ᠵᠠᠷᠭᠡ ᠲᠦᠷᠦᠯ ᠵᠦᠢᠯ ᠢ ᠪᠡᠶᠡᠯᠡᠬᠦᠯᠬᠦ ᠪᠠᠷ ᠪᠣᠢ᠃ | ᠲᠡᠷᠢᠶᠠᠯᠠᠩ ᠲᠣᠰᠠᠯᠠᠬᠤ ᠦᠢᠯᠡᠳᠬᠦᠨ ᠤ ᠪᠣᠯᠪᠠᠰᠣᠷᠠᠭᠤᠯᠣᠯᠳᠠ ᠶᠢᠨ ᠦᠢᠯᠠᠰ᠂ ᠢᠳᠡᠭᠡᠨ ᠤ ᠠᠵᠣ ᠦᠢᠯᠡᠳᠪᠦᠷᠢ ᠶᠢᠨ ᠲᠣᠭᠤᠷᠢᠭ ᠲᠤ ᠲᠦᠰᠢᠭᠯᠡᠨ ᠨᠢᠭᠡ | ᠪᠦᠯᠦᠭ ︽ ᠲᠠᠷᠢᠶᠠᠯᠠᠩ ᠶᠢᠨ ᠨᠠᠷᠡᠳᠣ ᠲᠡᠮᠳᠡᠭ︾ ᠲᠠᠢ ᠠᠵᠣ ᠠᠬᠤᠶᠢᠯᠠᠯ ᠢ ᠬᠦᠴᠦᠨ ᠢᠶᠠᠨ ᠲᠣᠪᠯᠡᠷᠡᠬᠦᠯᠦᠨ ᠲᠠᠳᠠᠨ ᠣᠷᠣᠭᠤᠯᠬᠤ ᠪᠠ ᠬᠦᠭᠵᠢᠬᠦᠯᠵᠦ᠂ | ᠪᠣᠬᠢᠷᠳᠣᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ ᠢ ᠬᠦᠨᠵᠡᠬᠡᠢ ᠪᠣᠯᠪᠠᠰᠣᠷᠠᠭᠤᠯᠣᠨ᠎ᠠ᠃ ᠲᠢᠶᠠᠨ ᠾᠧᠩ ᠮᠣᠩᠭᠤᠯ ᠬᠢᠳᠠᠳ ᠴᠢᠨᠠᠬᠤ ᠡᠮ ᠢ | ᠪᠣᠯᠪᠠᠰᠣᠷᠠᠭᠤᠯᠬᠤ ᠪᠠ ᠲᠠᠯ᠎ᠠ ᠨᠣᠳᠤᠭ ᠤᠨ ᠬᠤᠩ ᠲᠠᠢ ᠮᠢᠭᠠ ᠪᠣᠯᠪᠠᠰᠣᠷᠠᠭᠤᠯᠬᠤ ᠬᠠᠮᠳᠣᠷᠠᠭᠰᠠᠨ ᠦᠢᠯᠡᠳᠪᠦᠷᠢᠯᠠᠯ ᠤᠨ ᠪᠣᠯᠪᠠᠰᠣᠷᠠᠭᠤᠯᠬᠤ ᠲᠦᠷᠦᠯ ᠵᠦᠢᠯ ᠢ | ᠡᠷᠬᠢᠯᠳᠡ ᠳᠤ ᠣᠷᠣᠭᠤᠯᠵᠣ᠂ ᠺᠠᠢ ᠰᠢᠨ ᠢᠳᠡᠭᠡᠨ ᠤ 2 ᠲᠦᠮᠡᠨ ᠲᠣᠨ ᠤ ᠬᠠᠭᠤᠷᠠᠯᠭ᠎ᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ ᠢ ᠲᠣᠰ | ᠭᠠᠵᠠᠷ ᠲᠤᠨᠢ ᠬᠤᠪᠢᠷᠠᠭᠤᠯᠣᠨ ᠦᠷᠳᠡᠭ ᠨᠡᠮᠡᠭᠳᠡᠭᠦᠯᠬᠦ ᠶᠢ ᠠᠬᠢᠭᠤᠯᠣᠨ᠎ᠠ᠃ ᠰᠢᠨ᠎ᠡ ᠭᠡᠯᠪᠡᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠦᠢᠯᠡᠰ᠂ ᠰᠠᠩ ᠱᠠᠩ | ᠹᠠᠩ ᠤᠨ ᠴᠠᠬᠢᠭᠤᠷ ᠤᠨ ᠬᠦᠴᠢᠯ ᠤᠨ ᠴᠡᠨᠡᠭ ᠢ ᠡᠬᠡᠬᠦᠯᠦᠨ ᠬᠤᠷᠢᠶᠠᠵᠣ ᠠᠰᠢᠭᠯᠠᠬᠤ᠂ ᠵᠢᠣ ᠷᠦᠢ ᠶᠢᠨ 6 ᠲᠦᠮᠡᠨ ᠲᠣᠨ ᠤ ᠬᠠᠶᠠᠭᠳᠠᠮᠠᠯ ᠠᠭᠤᠷᠬᠠᠢ ᠶᠢᠨ ᠪᠣᠳᠠᠰ | ᠤᠨ ᠲᠣᠰᠣ ᠶᠢ ᠲᠠᠬᠢᠨ ᠠᠰᠢᠭᠯᠠᠬᠤ᠂ ᠮᠠᠤ ᠷᠦᠢ ᠶᠢᠨ 1 ᠲᠦᠮᠡᠨ ᠲᠣᠨ ᠤ ᠶᠡᠰᠣ ᠪᠠᠷ ᠬᠢᠭᠰᠡᠨ ᠦᠢᠯᠡᠳᠬᠦᠨ ᠪᠠ 2000 ᠲᠣᠨ ᠤ ᠣᠷᠭᠠᠨᠢᠭ ᠪᠣᠷᠳᠣᠭᠤᠷ᠂ | ᠰᠢᠨ ᠽᠧ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ 1 ᠲᠦᠮᠡᠨ ᠲᠣᠨ ᠤ ᠢᠳᠡᠪᠬᠢᠵᠢᠬᠦᠯᠦᠭᠰᠡᠨ ᠴᠠᠶᠢᠷ ᠤᠨ ᠢᠰᠦᠯ᠂ ᠴᠢᠶᠠᠩ ᠱᠧᠩ ᠤᠨ3000 | ᠲᠦᠮᠡᠨ ᠭᠡᠰᠡᠭ ᠣᠷᠴᠢᠨ ᠲᠣᠭᠤᠷᠢᠨ ᠢ ᠬᠠᠮᠠᠭᠠᠯᠠᠬᠤ ᠲᠣᠭᠤᠰᠬ᠎ᠠ ᠵᠡᠷᠬᠡ ᠡᠬᠢ ᠰᠣᠷᠪᠣᠯᠵᠢ ᠶᠢ ᠡᠷᠬᠢᠯᠳᠦᠬᠦᠯᠦᠨ ᠠᠰᠢᠭᠯᠠᠬᠤ ᠲᠦᠷᠦᠯ ᠵᠦᠢᠯ ᠤᠨ ᠰᠠᠭᠤᠷᠢᠰᠢᠨ | ᠪᠠᠶᠢᠭᠤᠯᠤᠭᠳᠠᠬᠤ ᠶᠢ ᠠᠬᠢᠭᠤᠯᠵᠣ᠂ ᠡᠬᠢ ᠰᠣᠷᠪᠣᠯᠵᠢ ᠶᠢ ᠡᠷᠬᠢᠯᠳᠦᠬᠦᠯᠦᠨ ᠠᠰᠢᠭᠯᠠᠬᠤ ᠵᠢᠱᠢᠶ᠎ᠡ ᠦᠵᠠᠬᠦᠯᠬᠦ ᠰᠠᠭᠤᠷᠢᠨ ᠭᠠᠵᠠᠷ ᠢ ᠪᠣᠢ ᠪᠣᠯᠭᠠᠨ᠎ᠠ᠃ ᠰᠢᠨ᠎ᠡ | ᠡᠨᠧᠷᠬᠢ᠂ ᠰᠢᠨ᠎ᠡ ᠮᠠᠲ᠋ᠧᠷᠢᠶᠠᠯ ᠤᠨ ᠦᠢᠯᠡᠰ᠂ ᠳ᠋ᠦᠩ ᠯᠢ ᠶᠢᠨ ᠨᠢᠭᠡᠳᠦᠭᠡᠷ ᠬᠤᠭᠤᠴᠠᠭᠠᠨ ᠤᠨ 6 ᠲᠦᠮᠡᠨ ᠲᠣᠨ ᠤ ᠣᠯᠠᠨ ᠲᠠᠯᠠᠰᠳᠣ ᠴᠠᠬᠢᠭᠤᠷ ᠤᠨ ᠲᠦᠷᠦᠯ | ᠵᠦᠢᠯ ᠢ ᠲᠣᠭᠳᠠᠭᠤᠨ ᠢᠶᠠᠷ ᠦᠢᠯᠡᠳᠪᠦᠷᠢᠯᠠᠯ ᠳᠤ ᠣᠷᠣᠭᠤᠯᠵᠣ᠂ ᠬᠤᠶᠠᠳᠠᠬᠢ ᠬᠤᠭᠤᠴᠠᠭᠠᠨ ᠤ ᠰᠢᠷᠣᠢ ᠶᠢᠨ ᠪᠠᠷᠢᠯᠭ᠎ᠠ ᠶᠢ ᠨᠢ ᠪᠠᠶᠠᠯᠡᠬᠦᠯᠣᠨᠡ᠃ ᠨᠠᠷᠠᠨ ᠤ | ᠡᠨᠧᠷᠬᠢ ᠶᠢᠨ ᠴᠡᠨᠡᠭ ᠤᠨ ᠬᠠᠪᠳᠠᠰᠣ ᠵᠡᠷᠭᠡ ᠲᠠᠯᠠᠰᠳᠣ ᠴᠠᠬᠢᠭᠤᠷ ᠤᠨ ᠲᠦᠷᠦᠯ ᠵᠦᠢᠯ ᠢ ᠢᠲᠡᠪᠬᠢᠲᠠᠢ ᠲᠠᠲᠠᠨ ᠣᠷᠣᠭᠤᠯᠵᠣ᠂ ᠠᠵᠦ ᠦᠢᠯᠡᠰ ᠤᠨ ᠬᠡᠯᠬᠢᠶᠡᠰᠦ ᠶᠢ | ᠣᠷᠲᠣᠳᠬᠠᠨ᠂ ᠦᠢᠯᠡᠳᠬᠦᠨ ᠤ ᠨᠡᠮᠡᠬᠦᠷᠢ ᠦᠷᠲᠡᠭ ᠢ ᠳᠡᠭᠡᠭᠰᠢᠯᠡᠬᠦᠯᠦᠨ᠎ᠡ᠃ ᠬᠤᠪᠣᠷ ᠰᠢᠷᠣᠢ ᠶᠢᠨ ᠲᠦᠬᠦᠬᠡᠢ ᠮᠠᠲ᠋ᠧᠷᠢᠶᠠᠯ ᠤᠨ ᠭᠠᠷᠣᠯᠲᠠ ᠶᠢᠨ ᠭᠠᠵᠠᠷ ᠠᠴᠠ | ᠦᠢᠷ᠎ᠠ ᠪᠠᠶᠢᠭ᠎ᠠ ᠪᠠ ᠴᠠᠬᠢᠯᠭᠠᠨ ᠤ ᠦᠷᠲᠡᠭ ᠵᠡᠷᠭᠡ ᠳᠠᠪᠠᠭᠤᠯᠢᠭ ᠨᠦᠬᠦᠴᠡᠯ ᠢᠶᠠᠨ ᠴᠢᠨᠠᠭᠰᠢᠲᠠ ᠪᠠᠳᠠᠷᠠᠭᠤᠯᠣᠨ᠂ ᠾᠧᠩ ᠴᠠᠩ ᠤᠨ 4000 ᠳᠣᠨ ᠤ ᠬᠤᠪᠣᠷ | ᠰᠢᠷᠣᠢ ᠶᠢᠨ ᠲᠡᠮᠦᠷᠯᠢᠭ᠂ ᠶᠦᠨ ᠰᠢᠩ ᠤᠨ 7000 ᠳᠣᠨ ᠤ ᠬᠤᠪᠣᠷ ᠰᠢᠷᠣᠢ ᠶᠢ ᠬᠢᠯᠠᠶᠢᠯᠭᠠᠬᠤ ᠨᠣᠨᠲᠠᠭ ᠵᠡᠷᠭᠡ ᠬᠤᠪᠣᠷ ᠰᠢᠷᠣᠢ ᠶᠢᠨ ᠲᠠᠭᠠᠤ ᠦᠢᠯᠡᠳᠬᠦᠨ ᠢ | ᠬᠦᠨᠵᠡᠬᠡᠢ ᠪᠣᠯᠪᠠᠰᠣᠷᠠᠭᠤᠯᠬᠤ ᠲᠦᠷᠦᠯ ᠵᠦᠢᠯ ᠢ ᠢᠲᠡᠪᠬᠢᠲᠠᠢ ᠠᠬᠢᠭᠤᠯᠣᠨ᠎ᠠ᠃ ᠰᠢᠨ ᠲᠠᠢ ᠪᠠ 5 ᠲᠦᠮᠡᠨ ᠳᠣᠨ ᠤ ᠪᠠᠯ ᠴᠢᠯᠠᠭᠤᠨ ᠪᠢᠯᠢᠭ ᠲᠦᠢᠯ | ᠮᠠᠲ᠋ᠧᠷᠢᠶᠠᠯ ᠤᠨ ᠲᠦᠷᠦᠯ ᠵᠦᠢᠯ ᠤᠨ ᠠᠵᠢᠯ ᠢ ᠡᠬᠢᠯᠡᠬᠦᠯᠬᠦ ᠶᠢ ᠢᠲᠡᠪᠬᠢᠲᠠᠢ ᠠᠬᠢᠭᠤᠯᠵᠣ᠂ ᠮᠠᠨ ᠤ ᠬᠤᠰᠢᠭᠤᠨ ᠤ ᠪᠠᠨ ᠪᠠᠯ ᠴᠢᠯᠠᠭᠤ ᠶᠢ ᠨᠠᠷᠢᠯᠢᠭ | ᠪᠣᠯᠪᠠᠰᠣᠷᠠᠭᠤᠯᠬᠤ ᠠᠵᠦ ᠦᠢᠯᠡᠰ ᠤᠨ ᠬᠤᠭᠤᠰᠣᠨ ᠢ ᠨᠦᠬᠦᠪᠦᠷᠢᠯᠡᠨ᠎ᠡ᠃ ᠣᠳᠣᠬᠠᠨ ᠳᠤ ᠪᠠᠶᠢᠭ᠎ᠠ ᠰᠠᠯᠬᠢ ᠭᠡᠷᠡᠯ ᠴᠠᠬᠢᠯᠭᠠᠨ ᠤ ᠲᠦᠷᠦᠯ ᠵᠦᠢᠯ ᠢ | ᠦᠢᠯᠡᠳᠪᠣᠷᠢᠯᠡᠯ ᠳᠤ ᠣᠷᠣᠭᠤᠯᠣᠨ᠋ ᠦᠷ᠎ᠡ ᠪᠦᠳᠣᠮᠵᠢ ᠭᠠᠷᠭᠠᠵᠣ᠂ ᠬᠤᠸᠠ ᠨᠧᠩ ᠤᠨ 1 ᠲᠦᠮᠡᠨ ᠺᠢᠯᠣᠸᠠᠲ ᠲᠠᠷᠠᠬᠠᠢ ᠬᠡᠯᠪᠡᠷᠢᠲᠣ ᠰᠠᠯᠬᠢᠨ ᠴᠠᠬᠢᠯᠭᠠᠨ ᠤ ᠲᠦᠷᠦᠯ | ᠵᠦᠢᠯ ᠢ ᠡᠬᠢᠯᠡᠬᠦᠯᠦᠨ ᠬᠡᠷᠡᠭᠵᠢᠬᠦᠯᠵᠥ᠂ ᠰᠠᠯᠬᠢ ᠬᠡᠷᠡᠯ ᠴᠠᠬᠢᠯᠭᠠᠨ ᠤ ᠮᠠᠰᠢᠨ ᠤ ᠪᠠᠭᠳᠠᠭᠠᠮᠵᠢ ᠶᠢ ᠲᠣᠭᠲᠠᠭᠤᠨ ᠢᠶᠠᠷ ᠦᠷᠭᠡᠳᠬᠡᠨ᠎ᠡ᠃ ᠠᠵᠣ ᠠᠬᠤᠶᠢᠯᠡᠯ ᠤᠨ | ᠦᠢᠯᠡᠳᠪᠣᠷᠢᠯᠡᠯ ᠢ ᠪᠦᠬᠦ ᠬᠦᠴᠣᠨ ᠢᠶᠠᠷ ᠲᠣᠭᠳᠠᠭᠤᠨ ᠪᠣᠯᠭᠠᠵᠣ᠂ ᠣᠯᠣᠰ ᠪᠠ ᠦᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠵᠠᠷᠣᠳᠠᠯ ᠢ ᠬᠠᠰᠣᠵᠣ ᠬᠡᠯᠳᠦᠷᠢᠭᠦᠯᠬᠦ | ᠂ ᠴᠠᠬᠢᠯᠭᠠᠨ ᠤ ᠦᠷᠲᠡᠭ ᠢ ᠪᠠᠭᠤᠷᠠᠭᠤᠯᠬᠤ ᠵᠡᠷᠭᠡ ᠲᠦᠷᠣ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠣᠨ᠂ ᠠᠵᠣ ᠠᠬᠤᠶᠢᠯᠡᠯ ᠤᠨ ᠳᠠᠷᠣᠭᠠᠰᠣ ᠶᠢ | ᠬᠦᠩᠭᠡᠯᠡᠨ᠂ ᠠᠷᠠᠳ ᠤᠨ ᠡᠷᠬᠢᠯᠡᠭᠰᠡᠨ ᠠᠵᠣ ᠠᠬᠤᠶᠢᠯᠡᠯ ᠤᠨ ᠠᠮᠢᠵᠢᠷᠠᠯ ᠤᠨ ᠬᠦᠴᠣᠨ ᠢ ᠪᠠᠳᠠᠷᠠᠭᠤᠯᠣᠨ᠎ᠠ᠃ ᠠᠵᠤ ᠦᠢᠯᠡᠳᠪᠣᠷᠢ ᠶᠢᠨ ᠠᠵᠣ ᠠᠬᠤᠢ ᠶᠢᠨ | ᠡᠷᠬᠢᠯᠲᠠ ᠶᠢᠨ ᠬᠡᠮᠵᠢᠶ᠎ᠡ ᠶᠢ ᠲᠣᠬᠢᠷᠠᠭᠤᠯᠬᠤ ᠶᠢ ᠴᠢᠩᠭᠠᠳᠬᠠᠨ᠂ ᠦᠢᠯᠡᠳᠪᠣᠷᠢᠯᠡᠯ ᠡᠵᠡᠩᠨᠡᠯᠲᠡ ᠶᠢᠨ ᠲᠠᠯ᠎ᠠ ᠪᠠᠷ ᠬᠦᠴᠢᠷᠲᠡᠯ ᠲᠠᠢ ᠠᠵᠣ ᠠᠬᠤᠶᠢᠯᠡᠯ ᠳᠤ | ᠬᠠᠨᠳᠣᠭᠤᠯᠣᠨ ︽ᠨᠢᠭᠡ ᠠᠵᠣ ᠠᠬᠤᠶᠢᠯᠡᠯ ᠳᠤ ᠨᠢᠭᠡ ᠲᠦᠷᠣ ᠶᠢᠨ ᠪᠣᠳᠣᠯᠭ᠎ᠠ︾ ᠠᠪᠴᠣ᠂ ᠦᠢᠯᠡᠳᠪᠣᠷᠢᠯᠡᠯ ᠵᠣᠭᠰᠣᠭᠰᠠᠨ ᠠᠵᠣ ᠠᠬᠤᠶᠢᠯᠡᠯ ᠢ ᠬᠠᠪᠰᠣᠷᠣᠨ | ᠦᠢᠯᠡᠳᠪᠣᠷᠢᠯᠡᠯ ᠢ ᠰᠡᠬᠦᠬᠡᠵᠣ᠂ ᠦᠢᠯᠡᠳᠪᠣᠷᠢᠯᠡᠯ ᠢ ᠦᠷᠭᠡᠳᠭᠡᠨ᠂ ᠠᠵᠣ ᠠᠬᠤᠶᠢᠯᠡᠯ ᠤᠨ ᠦᠢᠯᠡᠳᠪᠣᠷᠢᠯᠡᠯ ᠢ ᠣᠷᠣᠵᠣ ᠦᠷ᠎ᠡ ᠠᠰᠢᠭ ᠣᠯᠬᠤ ᠶᠢ ᠠᠬᠢᠭᠤᠯᠣᠨ᠎ᠠ᠃ | ᠡᠷᠳᠡᠨᠢᠪᠣᠯᠠᠭ ᠭᠠᠵᠠᠷ ᠣᠷᠣᠨ ᠤ ᠠᠵᠣ ᠦᠢᠯᠡᠳᠪᠣᠷᠢ ᠶᠢᠨ ᠣᠰᠥ ᠬᠠᠩᠭᠠᠵᠣ ᠴᠢᠲᠠᠪᠬᠢ ᠪᠠᠨ ᠦᠷᠭᠡᠳᠭᠡᠨ ᠦᠬᠡᠷᠡᠴᠢᠯᠡᠬᠦ ᠢᠨᠵᠧᠨᠧᠷᠢᠩ ᠢ ᠡᠬᠢᠯᠡᠨ ᠬᠡᠷᠡᠭᠵᠢᠬᠦᠯᠵᠥ | ᠂ ᠦᠢᠯᠡᠳᠪᠣᠷᠢ ᠠᠭᠤᠷᠬᠠᠢ ᠠᠵᠣ ᠠᠬᠤᠶᠢᠯᠠᠯ ᠤᠨ ᠣᠰᠣᠨ ᠤ ᠱᠠᠭᠠᠷᠳᠠᠯᠭ᠎ᠠ ᠶᠢ ᠦᠨᠡᠨᠬᠦ ᠪᠠᠲᠣᠯᠠᠨ᠎ᠠ᠃ | ︵ᠭᠤᠷᠪᠡ︶ ᠬᠤᠳᠠᠯᠳᠣᠭᠠᠴᠢᠳ ᠢ ᠣᠷᠢᠵᠣ ᠪᠡᠯᠡ ᠣᠷᠣᠭᠤᠯᠬᠤ ᠶᠢ ᠴᠢᠩᠭᠠᠳᠬᠠᠨ᠎ᠠ᠃ ᠦᠨᠳᠣᠷ ᠶᠠᠰᠥ ᠴᠢᠨᠠᠷ ᠲᠠᠢ ᠬᠦᠭᠵᠢᠯᠲᠡ ᠶᠢ ᠠᠬᠢᠭᠤᠯᠬᠤ ᠳᠤ | ᠵᠠᠨᠭᠭᠢᠯᠠᠭᠠ ᠨᠢ ᠦᠨᠳᠣᠷ ᠶᠠᠰᠥ ᠴᠢᠨᠠᠷ ᠲᠠᠢ ᠲᠦᠷᠦᠯ ᠵᠦᠢᠯ ᠳᠤ ᠲᠦᠰᠢᠭᠯᠡᠬᠦ ᠪᠣᠯᠣᠨ᠎ᠠ᠃ ᠬᠤᠳᠠᠯᠳᠣᠭᠠᠴᠢᠳ ᠢ ᠣᠷᠢᠵᠣ᠂ ᠪᠡᠯᠡ ᠮᠦᠩᠭᠦ ᠲᠠᠲᠠᠨ ᠣᠷᠣᠭᠤᠯᠬᠤ | ᠲᠦᠷᠦᠯ ᠵᠦᠢᠯ ᠤᠨ ᠬᠦᠮᠦᠷᠭᠡ ᠶᠢᠨ ᠪᠦᠳᠣᠭᠡᠨ ᠪᠠᠶᠢᠭᠤᠯᠣᠯᠲᠠ ᠶᠢ ᠲᠡᠭᠦᠯᠳᠡᠷᠵᠢᠬᠦᠯᠦᠨ᠎ᠡ᠃ ᠡᠩ ᠲᠡᠷᠢᠬᠦᠨ ᠳᠤ ᠬᠤᠳᠠᠯᠳᠣᠭᠠᠴᠢᠳ ᠢ ᠣᠷᠢᠬᠤ ᠲᠦᠷᠦᠯ ᠵᠦᠢᠯ ᠢ | ᠰᠣᠩᠭᠤᠵᠣ᠂ ᠭᠤᠣᠯᠳᠠᠭᠤ ᠡᠬᠢ ᠰᠣᠷᠪᠣᠯᠵᠢ ᠂ ᠤᠷᠤᠨ ᠪᠠᠶᠢᠷᠢ ᠶᠢᠨ ᠵᠠᠮ ᠨᠡᠪᠲᠡᠷᠡᠯᠭᠡ ᠪᠠ ᠠᠵᠣ ᠦᠢᠯᠡᠰ ᠤᠨ ᠰᠠᠭᠤᠷᠢ ᠵᠡᠷᠭᠡ ᠳᠠᠪᠠᠭᠤᠯᠢᠭ ᠳᠤ ᠲᠦᠰᠢᠭᠯᠡᠨ᠂ | ︽ᠭᠠᠷᠴᠣ ᠶᠠᠪᠣᠵᠣ᠂ ᠲᠠᠲᠠᠵᠣ ᠣᠷᠣᠭᠤᠯᠬᠤ︾ ᠶᠢ ᠪᠠᠷᠢᠮᠲᠠᠯᠠᠨ᠂ ︽ᠨᠢᠭᠡ ᠪᠦᠰᠡ ᠨᠢᠭᠡ ᠵᠠᠮ︾ ᠳᠣᠮᠳᠠᠳᠣ᠂ ᠮᠣᠩᠭᠤᠯ᠂ ᠣᠷᠣᠰ ᠤᠨ ᠠᠵᠣ ᠠᠬᠤᠢ ᠶᠢᠨ | ᠠᠷᠠᠯᠵᠢᠶᠠᠨ ᠤ ᠪᠦᠳᠣᠭᠡᠨ ᠪᠠᠶᠢᠭᠤᠯᠣᠯᠲᠠ ᠶᠢᠨ ᠲᠣᠬᠢᠶᠠᠯ ᠢ ᠴᠢᠩᠭ᠎ᠠ ᠠᠳᠬᠤᠨ᠂ ᠬᠦᠬᠡᠬᠤᠲᠡ᠂ ᠪᠣᠭᠤᠲᠣ᠂ ᠣᠷᠳᠣᠰ ᠪᠠ ᠬᠦᠬᠡ ᠮᠦᠷᠢᠨ ᠤ ᠭᠤᠷᠪᠠᠯᠵᠢᠨ | ᠣᠷᠣᠨ᠂ ᠵᠦᠬᠠᠢ ᠶᠢᠨ ᠭᠤᠷᠪᠠᠯᠵᠢᠨ ᠣᠷᠣᠨ᠂ ᠪᠡᠭᠡᠵᠢᠩ᠂ ᠲᠢᠶᠡᠨᠵᠢᠨ᠂ ᠾᠧᠪᠧᠢ ᠵᠡᠷᠭᠡ ᠲᠡᠷᠢᠬᠦᠨ ᠤ ᠭᠠᠵᠠᠷ ᠣᠷᠣᠨ ᠳᠤ ᠬᠠᠨᠳᠣᠨ᠂ ᠠᠵᠣ ᠦᠢᠯᠡᠳᠪᠣᠷᠢ ᠶᠢᠨ | ᠲᠣᠭᠤᠷᠢᠭ ᠤᠨ ᠣᠳᠣᠬᠠᠨ ᠤ ᠪᠠᠶᠢᠭ᠎ᠠ ᠠᠵᠣ ᠦᠢᠯᠡᠰ ᠤᠨ ᠲᠠᠭᠠᠤ ᠦᠢᠯᠡᠳᠬᠦᠨ ᠤ ᠲᠦᠬᠦᠷᠵᠢᠬᠦᠯᠦᠯᠲᠡ ᠪᠠ ᠰᠢᠨ᠎ᠡ ᠮᠠᠲ᠋ᠧᠷᠢᠶᠠᠯ᠂ ᠨᠠᠷᠢᠯᠢᠭ ᠬᠢᠮᠢ | ᠵᠢᠨᠦᠢᠯᠡᠳᠪᠣᠷᠢ᠂ ᠳᠡᠭᠡᠳᠣ ᠵᠡᠷᠭᠡ ᠶᠢᠨ ᠲᠣᠨᠤᠭ ᠲᠦᠬᠦᠬᠡᠷᠣᠮᠵᠢ ᠶᠢ ᠦᠢᠯᠡᠳᠬᠦ ᠵᠡᠷᠭᠡ ᠪᠠᠶᠢᠯᠳᠣᠬᠤ ᠪᠣᠳᠣᠯᠭᠠᠲᠣ ᠰᠢᠨ᠎ᠡ ᠮᠠᠶ᠋ᠢᠭ ᠤᠨ ᠠᠵᠣ ᠦᠢᠯᠡᠰ ᠢ ᠳᠠᠭᠠᠵᠣ᠂ | ᠣᠨᠣᠪᠴᠢᠲᠠᠢ ᠪᠠᠷ ᠬᠤᠳᠠᠯᠳᠣᠭᠠᠴᠢᠳ ᠢ ᠣᠷᠢᠵᠣ᠂ ᠬᠤᠳᠠᠯᠳᠤᠭ᠎ᠠ ᠪᠠᠷ ᠬᠤᠳᠠᠯᠳᠣᠭᠠᠴᠢᠳ ᠢ ᠣᠷᠢᠵᠣ᠂ ᠠᠵᠣ ᠦᠢᠯᠡᠰ ᠦᠨᠬᠡᠯᠬᠢᠶᠡᠰᠥ ᠪᠠᠷ ᠬᠤᠳᠠᠯᠳᠣᠭᠠᠴᠢᠳ ᠢ | ᠣᠷᠢᠬᠤ ᠶᠢ ᠴᠢᠷᠮᠠᠶᠢᠨ ᠦᠷᠨᠢᠬᠦᠯᠵᠣ᠂ ᠵᠠᠯᠭᠠᠯᠳᠣᠬᠤ ᠲᠦᠷᠦᠯ ᠵᠦᠢᠯ ᠢ ᠦᠷᠬᠦᠯᠵᠢᠯᠡᠨ ᠮᠦᠷᠳᠡᠵᠣ᠂ ᠲᠦᠷᠦᠯ ᠵᠦᠢᠯ ᠤᠨ ᠭᠡᠷ᠎ᠡ ᠪᠠᠨ ᠬᠦᠢᠴᠡᠳᠬᠡᠬᠦ ᠨᠣᠷᠮ᠎ᠡ ᠪᠠ | ᠪᠡᠯᠡ ᠮᠦᠩᠭᠦ ᠶᠢᠨ ᠤᠷᠤᠨ ᠪᠠᠶᠢᠷᠢᠨ ᠳᠠᠭᠠᠨ ᠬᠦᠷᠬᠦ ᠨᠣᠷᠮ᠎ᠡ ᠶᠢ ᠳᠡᠭᠡᠭᠰᠢᠯᠡᠬᠦᠯᠦᠨ᠂ ᠪᠦᠬᠦ ᠵᠢᠯ ᠳᠤ ᠪᠠᠶᠢᠷᠢᠨ ᠳᠠᠭᠠᠨ ᠪᠣᠲᠠᠲᠠᠢ ᠪᠠᠷ ᠬᠦᠷᠦᠭᠰᠡᠨ ᠪᠡᠯᠡ ᠮᠦᠩᠭᠦ ᠶᠢ | 40 ᠳ᠋ᠦᠩᠰᠢᠭᠤᠷ ᠲᠦᠬᠦᠷᠢᠭ ᠢ ᠰᠢᠪᠳᠣᠯᠬᠤ ᠪᠠᠷ ᠴᠢᠷᠮᠠᠶᠢᠨ᠎ᠠ᠃ ᠪᠤᠷᠤᠯᠠᠭᠤᠯᠬᠤ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠬᠦᠯᠦᠨ᠎ᠡ᠃ ᠠᠷᠠᠳ ᠤᠨ | ᠡᠷᠬᠢᠯᠡᠭᠰᠡᠨ ᠠᠵᠣ ᠠᠬᠤᠢ ᠶᠢᠨ ᠬᠦᠭᠵᠢᠯᠲᠡ ᠶᠢᠨ ᠲᠦᠷᠣ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠣᠣᠱᠯᠠᠭᠤᠯᠣᠨ ᠳᠡᠮᠵᠢᠵᠣ᠂ ᠠᠵᠣ | ᠠᠬᠤᠶᠢᠯᠡᠯ ᠲᠠᠢ ᠬᠤᠯᠪᠣᠭᠳᠠᠭᠰᠠᠨ ᠰᠠᠬᠢᠯᠭ᠎ᠠ ᠳᠦᠷᠢᠮ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠭᠠᠷᠭᠠᠬᠤ ᠬᠦᠴᠦᠯᠢᠭ ᠢᠶᠠᠨ ᠶᠡᠭᠡᠳᠭᠡᠨ᠂ ᠰᠠᠯᠠᠭ᠎ᠠ | ᠮᠦᠴᠢᠷ ᠤᠨ ᠠᠵᠢᠯᠯᠠᠭ᠎ᠠ ᠦᠬᠡᠢ᠂ ᠠᠵᠢᠯᠯᠠᠭ᠎ᠠ ᠨᠢ ᠣᠳᠠᠭᠠᠨ ᠪᠣᠶᠣ ᠬᠡᠯᠪᠡᠷᠢ ᠪᠠᠨ ᠬᠤᠪᠢᠷᠠᠭᠤᠯᠣᠭᠰᠠᠨ ᠵᠠᠭᠤᠴᠢ ᠶᠢ ᠲᠣᠭᠲᠠᠭᠠᠭᠰᠠᠨ ᠦᠢᠯᠡᠴᠢᠯᠡᠬᠡᠨ ᠤ | ᠠᠵᠢᠯᠯᠠᠭ᠎ᠠ ᠶᠢ ᠡᠷᠡᠰ ᠵᠠᠯᠠᠷᠠᠭᠤᠯᠣᠨ᠎ᠠ᠃ ᠨᠣᠲᠤᠭ ᠤᠨ ᠠᠵᠣ ᠠᠬᠤᠶᠢᠯᠡᠯ ᠪᠠ ᠭᠠᠳᠠᠷ ᠣᠷᠣᠨ ᠤ ᠠᠵᠣ ᠠᠬᠤᠶᠢᠯᠡᠯ ᠢ ᠠᠳᠠᠯᠢ ᠪᠠᠷ ᠬᠠᠯᠠᠮᠵᠢᠯᠡᠵᠣ᠂ ᠴᠢᠬᠤᠯᠠ ᠶᠡᠭᠡ | ᠲᠦᠷᠦᠯ ᠵᠦᠢᠯ ᠢ ᠬᠡᠷᠡᠭᠵᠢᠬᠦᠯᠬᠦ ᠳᠤ ᠬᠤᠰᠢᠭᠤᠨ ᠤ ᠣᠳᠣᠷᠢᠳᠣᠯᠭ᠎ᠠ ᠰᠢᠭᠤᠳ ᠮᠦᠷᠳᠡᠨ ᠳᠠᠭᠠᠵᠣ ᠦᠢᠯᠡᠴᠢᠯᠡᠨ᠂ ᠬᠤᠰᠢᠭᠤ ᠱᠠᠳᠣᠨ ᠤ ᠰᠠᠯᠠᠭ᠎ᠠ ᠮᠦᠴᠢᠷ ᠤᠨ | ᠬᠢᠨᠠᠨ ᠵᠦᠪᠰᠢᠶᠡᠷᠡᠬᠦ ᠡᠮᠬᠢ ᠳᠠᠷᠠᠭ᠎ᠠ ᠶᠢ ᠲᠦᠬᠦᠮᠴᠢᠯᠡᠵᠣ᠂ ᠣᠬᠠᠮᠰᠠᠷ ᠠᠴᠠ ᠪᠠᠨ ᠠᠵᠣ ᠠᠬᠤᠶᠢᠯᠡᠯ ᠢ ᠬᠠᠪᠰᠣᠷᠣᠨ ᠳᠡᠭᠡᠲᠣ ᠱᠠᠳᠣᠨ ᠤ ᠬᠢᠨᠠᠨ ᠵᠦᠪᠰᠢᠶᠡᠷᠡᠬᠦᠯᠬᠦ | ᠬᠡᠷᠡᠭ ᠣᠴᠢᠷ ᠢ ᠵᠣᠬᠢᠴᠠᠭᠤᠯᠣᠨ ᠡᠷᠬᠢᠯᠡᠵᠣ᠂ ᠠᠵᠣ ᠠᠬᠤᠶᠢᠴᠢᠨ ᠤ ᠵᠣᠷᠢᠭ ᠰᠦᠯᠳᠡ ᠶᠢ ᠪᠠᠳᠠᠷᠠᠭᠤᠯᠵᠣ᠂ ᠢᠲᠡᠬᠡᠯ ᠬᠦᠴᠣᠨ ᠢ ᠬᠦᠪᠴᠢᠯᠡᠨ᠂ ︽ | ᠬᠤᠳᠠᠯᠳᠣᠭᠠᠴᠢᠳ ᠢ ᠬᠠᠶᠢᠷᠠᠯᠠᠵᠣ᠂ ᠬᠠᠯᠠᠮᠵᠢᠯᠡᠵᠣ᠂ ᠲᠡᠳᠬᠦᠬᠦ︾ ᠪᠡᠯᠡ ᠣᠷᠣᠭᠤᠯᠣᠯᠲᠠ ᠶᠢᠨ ᠣᠷᠴᠢᠨ ᠲᠣᠭᠤᠷᠢᠨ ᠢ ᠴᠢᠷᠮᠡᠶᠢᠨ ᠬᠦᠭᠵᠢᠬᠦᠯᠵᠦ᠂ ᠠᠷᠠᠳ ᠠᠴᠠ | ᠡᠵᠡᠩᠨᠡᠭᠰᠡᠨ ᠠᠵᠣ ᠠᠬᠤᠶᠢᠯᠡᠯ ᠤᠨ ᠦᠷᠢᠰᠣᠯᠳᠣᠨ ᠭᠦᠭᠵᠢᠬᠦ ᠰᠢᠨ᠎ᠡ ᠪᠠᠶᠢᠳᠠᠯ ᠢ ᠪᠣᠢ ᠪᠣᠯᠭᠠᠨ᠎ᠠ᠃ | ᠭᠤᠷᠪᠡ᠂ ᠰᠢᠶᠠᠩ ᠲᠣᠰᠬᠤᠨ ᠢ ᠭᠦᠭᠵᠢᠬᠦᠯᠬᠦ ᠪᠠᠶᠢᠯᠳᠣᠬᠤ ᠪᠣᠳᠣᠯᠭ᠎ᠠ ᠶᠢ ᠬᠦᠨᠵᠡᠬᠡᠢ ᠨᠠᠶᠢᠳᠠᠪᠣᠷᠢᠵᠢᠭᠤᠯᠣᠨ᠂ ᠲᠠᠷᠢᠶᠠᠯᠠᠩ ᠬᠦᠳᠡᠭᠡ ᠲᠣᠰᠬᠤᠨ ᠤ | ᠣᠳᠣᠬᠢᠴᠢᠯᠠᠭᠰᠠᠨ ᠰᠡᠳᠬᠢᠴᠡ ᠶᠢ ᠲᠦᠷᠭᠡᠳᠭᠡᠨ᠎ᠡ | ︵ᠨᠢᠭᠡ︶ ᠲᠠᠷᠢᠶᠠᠯᠠᠩ ᠮᠠᠯ ᠦᠢᠯᠡᠳᠪᠣᠷᠢᠯᠡᠯ ᠤᠨ ᠰᠠᠭᠤᠷᠢ ᠶᠢ ᠪᠠᠬᠢᠵᠢᠬᠦᠯᠦᠨ᠎ᠡ᠃ ᠰᠢᠶᠠᠩ ᠲᠣᠰᠬᠤᠨ ᠢ ᠬᠦᠭᠵᠢᠭᠦᠯᠬᠦ ᠪᠠᠶᠢᠯᠳᠣᠬᠤ ᠪᠣᠳᠣᠯᠭ᠎ᠠ ᠶᠢ | ᠲᠣᠭᠤᠷᠢᠨ᠂ ᠪᠦᠬᠦ ᠣᠷᠣᠨ ᠤ ᠪᠣᠬᠢᠷᠳᠣᠯ ᠦᠬᠡᠢ ᠣᠷᠭᠠᠨᠢᠭ ᠳᠡᠭᠡᠳᠣ ᠵᠡᠷᠭᠡ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ ᠢ ᠦᠢᠯᠡᠳᠪᠣᠷᠢᠯᠡᠨ | ᠪᠣᠯᠪᠠᠰᠣᠷᠠᠭᠤᠯᠬᠤ ᠰᠠᠭᠤᠷᠢᠨ ᠭᠠᠵᠠᠷ ᠢ ᠪᠠᠶᠢᠭᠤᠯᠵᠣ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠲᠦᠬᠦᠬᠡᠷᠣᠮᠵᠢ ᠶᠢᠨ ᠲᠣᠳᠠᠭᠳᠠᠯ ᠢ ᠳᠠᠷᠣᠢ ᠲᠦᠷᠭᠡᠨ | ᠨᠦᠬᠦᠪᠣᠷᠢᠯᠡᠨᠡ᠃ ᠨᠢᠭᠡ ᠳᠤ᠂ ᠬᠠᠭᠠᠯᠪᠣᠷᠢᠯᠠᠯᠲᠠ ᠶᠢᠨ ᠭᠠᠵᠠᠷ ᠤᠨ ᠶᠠᠰᠣ ᠴᠢᠨᠠᠷ ᠢ ᠳᠡᠭᠡᠭᠰᠢᠯᠡᠬᠦᠯᠬᠦ ᠢᠨᠵᠧᠨᠧᠷᠢᠩ ᠢ ᠪᠡᠶᠡᠯᠡᠬᠦᠯᠦᠨ᠎ᠡ᠃ ᠠᠮᠣ ᠪᠣᠳᠠᠭ᠎ᠠ ᠶᠢ | ᠭᠠᠵᠠᠷ ᠲᠤ ᠨᠦᠭᠡᠴᠡᠯᠡᠬᠦ᠂ ᠠᠮᠣ ᠪᠣᠳᠠᠭ᠎ᠠ ᠶᠢ ᠮᠡᠷᠬᠡᠵᠢᠯ ᠲᠤ ᠨᠦᠭᠡᠴᠡᠯᠡᠬᠦ ᠪᠠᠶᠢᠯᠳᠣᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠦᠨ᠂ ᠲᠦᠷᠦᠯ ᠵᠦᠢᠯ ᠤᠨ ᠪᠡᠯᠡ | ᠮᠦᠩᠭᠦ ᠪᠠᠨ ᠴᠢᠷᠮᠠᠶᠢᠨ ᠨᠢᠭᠡᠳᠭᠡᠬᠦ ᠬᠦᠴᠦᠯᠢᠭ ᠢᠶᠠᠨ ᠶᠡᠬᠡᠳᠭᠡᠨ᠂ 13.5 ᠲᠦᠮᠡᠨ ᠮᠣ᠋ ᠶᠢᠨ ᠦᠨᠳᠣᠷ ᠪᠠᠷᠢᠮᠵᠢᠶ᠎ᠡ ᠲᠠᠢ ᠲᠠᠷᠢᠶᠠᠨ ᠭᠠᠵᠠᠷ ᠤᠨ ᠪᠦᠳᠣᠭᠡᠨ | ᠪᠠᠶᠢᠭᠤᠯᠣᠯᠲᠠ᠂ 4 ᠲᠦᠮᠡᠨ ᠮᠣ᠋ ᠮᠢᠩᠭᠠᠨ ᠳ᠋ᠣᠩᠰᠢᠭᠤᠷ ᠵᠢᠩ ᠤᠨ ᠠᠮᠣ ᠪᠣᠳᠠᠭ᠎ᠠ ᠶᠢᠨ ᠤᠨᠠᠯᠳᠠ ᠶᠢ ᠨᠡᠮᠡᠭᠳᠡᠬᠦᠯᠬᠦ᠂ 5 ᠲᠦᠮᠡᠨ ᠮᠣ᠋ ᠬᠤᠵᠢᠷᠯᠢᠭ ᠭᠠᠵᠠᠷ ᠢ | ᠰᠢᠯᠢᠳᠡᠭᠵᠢᠬᠦᠯᠬᠦ ᠲᠦᠷᠦᠯ ᠵᠦᠢᠯ ᠢ ᠶᠡᠬᠡᠪᠡᠷ ᠰᠢᠪᠳᠣᠯᠵᠣ᠂ ᠨᠢᠭᠡ ᠬᠡᠰᠡᠭ ᠢ ᠪᠠᠶᠢᠭᠤᠯᠪᠠᠯ ᠨᠢᠭᠡ ᠬᠡᠰᠡᠭ ᠨᠢ ᠪᠦᠳᠣᠬᠦ ᠶᠢ ᠦᠨᠡᠨᠬᠦ ᠪᠠᠲᠣᠯᠠᠵᠣ᠂ ᠦᠨᠳᠣᠷ ᠤᠨᠠᠯᠳᠠ | ᠲᠠᠢ ᠲᠣᠭᠲᠠᠭᠤᠨ ᠤᠨᠠᠯᠳᠠ ᠲᠠᠢ ᠲᠠᠷᠢᠶᠠᠨ ᠭᠠᠵᠠᠷ ᠤᠨ ᠬᠤᠪᠢ ᠶᠢᠨ ᠵᠢᠩ ᠢ 80% ᠠᠴᠠ ᠳᠡᠭᠡᠭᠰᠢ ᠳᠤ ᠬᠦᠷᠭᠡᠨ᠎ᠠ᠃ ᠬᠤᠶᠠᠷ ᠲᠤ᠂ ᠣᠰᠥᠨ ᠠᠰᠢᠭᠯᠠᠯᠲᠠ ᠶᠢᠨ | ᠲᠦᠬᠦᠬᠡᠷᠣᠮᠵᠢ ᠶᠢᠨ ᠦᠬᠡᠷᠡᠴᠢᠯᠡᠯᠲᠠ ᠶᠢᠨ ᠬᠦᠴᠦᠯᠢᠭ ᠢ ᠶᠡᠬᠡᠳᠬᠡᠨ᠎ᠡ᠃ ᠲᠦᠷᠦᠯ ᠵᠦᠢᠯ ᠤᠨ ᠪᠡᠯᠡ ᠮᠦᠩᠭᠦ ᠶᠢ ᠨᠢᠭᠡᠳᠭᠡᠨ᠂ ᠣᠰᠥ ᠠᠷᠪᠢᠯᠠᠬᠤ᠂ ᠵᠠᠯᠠᠬᠤ | ᠦᠬᠡᠷᠡᠴᠢᠯᠡᠯᠲᠠ ᠶᠢᠨ ᠢᠨᠵᠧᠨᠧᠷᠢᠩ ᠢ ᠯᠠᠪᠳᠠᠭᠤᠨ ᠠᠬᠢᠭᠤᠯᠣᠨ᠎ᠠ᠃ ᠬᠤᠣᠳᠤᠭ ᠤᠨ ᠣᠰᠣᠯᠣᠯᠲᠠ ᠶᠢᠨ ᠣᠷᠣᠨ ᠳᠤ ᠦᠨᠳᠣᠷ ᠦᠷ᠎ᠡ ᠠᠰᠢᠭ ᠲᠠᠢ ᠣᠰᠥ | ᠠᠷᠪᠢᠯᠠᠬᠤ ᠢᠨᠵᠧᠨᠧᠷᠢᠩ ᠢ ᠦᠷᠬᠦᠯᠵᠢᠯᠡᠨ ᠠᠳᠬᠤᠵᠣ᠂ ᠲᠣᠰᠣᠯᠠᠭᠤᠯᠣᠨ ᠤᠰᠤᠯᠠᠬᠤ ᠲᠦᠬᠦᠷᠵᠢᠬᠦᠯᠦᠯᠲᠡ ᠶᠢᠨ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠬᠠᠳᠤᠨ | ᠭᠤᠣᠯ ᠤᠨ ᠤᠰᠤᠯᠠᠯᠳᠠ ᠶᠢᠨ ᠣᠷᠣᠨ ᠳᠤ 115 ᠺᠢᠯᠣᠮᠧᠲᠷ ᠤᠨ ᠣᠰᠥ ᠵᠠᠯᠠᠬᠤ ᠰᠣᠪᠠᠭ ᠢ ᠴᠡᠪᠡᠷᠯᠡᠬᠦ ᠶᠢ ᠪᠡᠶᠡᠯᠡᠬᠦᠯᠵᠦ᠂ ᠰᠣᠯᠡ ᠪᠠᠶᠢᠬᠤ ᠴᠦᠬᠦᠷᠣᠮ᠂ | ᠬᠤᠳᠤᠭᠤᠷ ᠭᠠᠵᠠᠷ ᠢ ᠴᠢᠨᠠᠭᠰᠢᠲᠠ ᠠᠰᠢᠭᠯᠠᠨ᠂ ᠣᠰᠥ ᠬᠠᠳᠠᠭᠠᠯᠠᠬᠤ ᠢᠨᠵᠧᠨᠧᠷᠢᠩ ᠤᠨ ᠪᠦᠳᠣᠭᠡᠨ ᠪᠠᠶᠢᠭᠤᠯᠣᠯᠲᠠ ᠶᠢ ᠪᠡᠶᠡᠯᠡᠬᠦᠯᠦᠨ᠂ ᠪᠦᠷᠬᠦᠬᠦᠯ ᠤᠨ | ᠲᠤᠤᠭᠤᠤᠷ ᠲᠣᠰᠣᠯᠠᠭᠤᠯᠣᠨ ᠣᠰᠣᠯᠠᠬᠤ ᠶᠢ 5 ᠲᠦᠮᠡᠨ ᠮᠣ᠋ ᠦᠷᠭᠡᠳᠭᠡᠨ᠎ᠡ᠃ 35KV ᠬᠦᠴᠣᠳᠠᠯ ᠦᠬᠡᠷᠡᠴᠢᠯᠡᠬᠦ ᠴᠠᠬᠢᠯᠭᠠᠨ ᠲᠦᠬᠡᠬᠡᠬᠦ ᠪᠠ 723 ᠺᠢᠯᠣᠮᠧᠲᠷ | ᠲᠠᠷᠢᠶᠠᠯᠠᠩ ᠤᠨ ᠲᠣᠣᠷᠵᠢᠯ ᠤᠨ ᠦᠬᠡᠷᠡᠴᠢᠯᠡᠯᠲᠠ ᠶᠢᠨ ᠢᠨᠵᠧᠨᠧᠷᠢᠩ ᠢ ᠪᠡᠶᠡᠯᠡᠬᠦᠯᠣᠨ᠂ ᠲᠠᠷᠢᠶᠠᠨ ᠭᠠᠵᠠᠷ ᠣᠰᠥᠨ ᠠᠰᠢᠭᠯᠠᠯᠲᠠ ᠶᠢᠨ ᠲᠦᠬᠦᠬᠡᠷᠣᠮᠵᠢ ᠶᠢᠨ | ᠪᠦᠳᠣᠭᠡᠨ ᠪᠠᠶᠢᠭᠤᠯᠣᠯᠲᠠ ᠳᠤ ᠠᠰᠢᠭᠲᠠᠢ ᠴᠠᠬᠢᠯᠭᠠᠨ ᠬᠦᠴᠣᠨ ᠤ ᠪᠠᠳᠣᠯᠠᠭ᠎ᠠ ᠶᠢ ᠬᠠᠩᠭᠠᠨ᠎ᠠ᠃ ᠬᠦᠨᠳᠣ ᠶᠡᠭᠡ ᠦᠶᠡᠷ ᠣᠰᠥᠳᠠᠯ ᠤᠨ ᠭᠠᠮᠰᠢᠭ ᠢ ᠰᠡᠷᠬᠡᠶᠢᠯᠡᠨ | ᠵᠠᠰᠠᠬᠤ ᠪᠠᠷᠢᠮᠵᠢᠶ᠎ᠠ ᠶᠣᠰᠣᠭᠠᠷ᠂ ᠣᠰᠥᠨ ᠠᠰᠢᠭᠯᠠᠯᠲᠠ ᠶᠢᠨ ᠲᠣᠨᠤᠭ ᠲᠦᠬᠦᠬᠡᠷᠣᠮᠵᠢ ᠶᠢᠨ ᠡᠪᠳᠡᠭᠰᠡᠨ ᠢ ᠰᠡᠯᠪᠢᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ | ᠦᠷᠨᠢᠬᠦᠯᠦᠨ᠂ ᠬᠠᠣᠯᠢ ᠪᠣᠰᠥ ᠪᠠᠷ ᠡᠵᠡᠯᠡᠭᠰᠡᠨ ᠭᠤᠣᠯ ᠢ ᠴᠡᠪᠡᠷᠯᠡᠨ ᠵᠠᠰᠠᠬᠤ ᠬᠦᠴᠦᠯᠢᠭ ᠢᠶᠠᠨ ᠶᠡᠬᠡᠳᠬᠡᠨ᠂ ᠰᠧ ᠺᠧ ᠾᠧ ᠲᠸᠣ᠂ ᠳ᠋ᠠ ᠷᠥ᠋ ᠸᠠᠩ᠂ ᠨᠠᠨ ᠦ᠋ | ᠰᠢᠶᠠᠩ ᠤᠨ ᠠᠶᠣᠯ ᠢ ᠰᠡᠷᠬᠡᠶᠢᠯᠡᠬᠦ ᠠᠵᠢᠯ ᠤᠨ ᠬᠡᠰᠡᠭ ᠪᠠ ᠽᠧᠩ ᠯᠦᠩ ᠴᠠᠩ ᠣᠰᠣᠨ ᠴᠦᠬᠦᠷᠣᠮ ᠢ ᠪᠠᠬᠢᠵᠢᠬᠦᠯᠵᠦ ᠵᠠᠰᠠᠬᠤ ᠢᠨᠵᠧᠨᠧᠷᠢᠩ ᠢ ᠪᠡᠶᠡᠯᠡᠬᠦᠯᠦᠨ᠂ | ᠠᠭᠤᠯᠠᠨ ᠤ ᠦᠶᠡᠷ ᠢ ᠵᠠᠰᠠᠬᠤ ᠢᠨᠵᠧᠨᠧᠷᠢᠩ ᠢ ᠦᠷᠬᠦᠯᠵᠢᠯᠡᠨ ᠲᠡᠭᠦᠯᠳᠡᠷᠵᠢᠬᠦᠯᠵᠥ᠂ ᠦᠶᠡᠷ ᠣᠰᠣᠳᠣᠯ ᠢ ᠰᠡᠷᠬᠡᠶᠢᠯᠡᠬᠦ ᠴᠢᠳᠠᠪᠣᠷᠢ ᠪᠠᠨ ᠳᠡᠭᠡᠭᠰᠢᠯᠡᠬᠦᠯᠦᠨ᠎ᠡ᠃ | ᠲᠠᠷᠢᠶᠠᠯᠠᠬᠤ ᠮᠠᠯᠵᠢᠬᠤ ᠣᠷᠣᠨ ᠤ ᠠᠮᠣᠷ ᠲᠦᠪᠰᠢᠨ ᠣᠣᠭᠤᠬᠤ ᠣᠰᠥ ᠶᠢ ᠪᠠᠳᠣᠳᠬᠠᠨ ᠳᠡᠭᠡᠭᠰᠢᠯᠡᠬᠦᠯᠬᠦ 20 ᠢᠨᠵᠧᠨᠧᠷᠢᠩ ᠢ ᠪᠡᠶᠡᠯᠡᠬᠦᠯᠦᠨ᠂ ᠣᠯᠡᠨ ᠲᠦᠡᠮᠨ ᠤ | ᠣᠣᠭᠤᠬᠤ ᠣᠰᠣᠨ ᠤ ᠠᠮᠣᠷ ᠲᠦᠪᠰᠢᠨ ᠢ ᠪᠠᠲᠣᠯᠠᠨ᠎ᠠ᠃ ᠭᠤᠷᠪᠡ ᠳᠤ᠂ ︽ᠳᠦᠷᠪᠡᠨ ᠰᠠᠶᠢᠨ ᠲᠠᠷᠢᠶᠠᠯᠠᠬᠤ ᠣᠷᠣᠨ ᠤ ᠵᠠᠮ︾ ᠤᠨ ᠪᠦᠳᠣᠬᠡᠨ | ᠪᠠᠶᠢᠭᠤᠯᠣᠯᠲᠠ ᠶᠢᠨ ᠠᠵᠢᠯ ᠢ ᠰᠠᠶᠢᠲᠣᠷ ᠠᠳᠬᠤᠨ᠎ᠠ᠃ 311 ᠮᠣᠵᠢ ᠶᠢᠨ ᠵᠠᠰᠠᠮᠠᠯ ᠵᠠᠮ ᠢ ᠦᠬᠡᠷᠡᠴᠢᠯᠡᠨ ᠵᠠᠰᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠣ᠂ | ᠦᠶᠡᠷ ᠲᠤ ᠡᠪᠳᠡᠷᠡᠭᠰᠡᠨ ᠵᠠᠰᠠᠮᠠᠯ ᠵᠠᠮ ᠢ 230 ᠺᠢᠯᠣᠮᠧᠲᠷ ᠵᠠᠰᠠᠬᠤ ᠶᠢ ᠪᠡᠶᠡᠯᠡᠬᠦᠯᠦᠨ᠂ ᠲᠠᠷᠢᠶᠠᠨ ᠭᠠᠵᠠᠷ ᠤᠨ ᠶᠡᠷᠣᠩᠬᠡᠢ ᠴᠣᠭᠴᠠ ᠶᠢᠨ ᠵᠠᠰᠠᠮᠠᠯ ᠵᠠᠮ ᠢ 14 | ᠺᠢᠯᠣᠮᠧᠲᠷ ᠰᠢᠨ᠎ᠡ ᠪᠠᠷ ᠪᠠᠶᠢᠭᠤᠯᠵᠣ᠂ 176 ᠺᠢᠯᠣᠮᠧᠲᠷ ᠤᠨ ᠵᠠᠰᠠᠮᠠᠯ ᠵᠠᠮ ᠤᠨ ᠠᠮᠣᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠢ ᠪᠡᠶᠡᠯᠡᠬᠦᠯᠦᠨ᠂ | ᠦᠪᠡᠷᠳᠡᠭᠡᠨ ᠵᠠᠰᠠᠬᠤ ᠣᠷᠣᠨ ᠤ ︽ᠳᠦᠷᠪᠡᠨ ᠰᠠᠶᠢᠨ ᠲᠠᠷᠢᠶᠠᠯᠠᠬᠤ ᠣᠷᠣᠨ ᠤ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠰᠢᠶᠡᠨ ᠪᠣᠯᠬᠤ ᠪᠠᠷ ᠴᠢᠷᠮᠠᠶᠢᠨ᠎ᠠ᠃ | ᠪᠠᠶᠢᠭᠤᠯᠬᠤ ᠬᠠᠮᠢᠶᠠᠷᠬᠤ ᠶᠢ ᠬᠠᠮᠲᠣ ᠳᠤᠨᠢ ᠴᠢᠬᠤᠯᠠᠴᠢᠯᠠᠬᠤ ᠦᠵᠡᠯᠲᠠ ᠶᠢ ᠪᠠᠲᠣ ᠪᠠᠬᠢ ᠪᠣᠢ ᠪᠣᠯᠭᠠᠨ᠂ ᠰᠠᠯᠠᠭ᠎ᠠ ᠮᠦᠴᠢᠷ ᠤᠨ ᠬᠠᠮᠳᠣᠷᠠᠭᠰᠠᠨ ᠬᠠᠣᠯᠢ | ᠬᠡᠷᠡᠭᠵᠢᠬᠦᠯᠬᠦ ᠵᠣᠬᠢᠴᠠᠮᠵᠢ ᠪᠠ ᠵᠠᠰᠠᠮᠠᠯ ᠵᠠᠮ ᠢ ᠠᠷᠠᠴᠢᠯᠠᠵᠣ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠂ | ᠣᠳᠠᠭᠠᠨ ᠴᠢᠨᠠᠷᠲᠠᠢ ᠪᠠᠷ ᠦᠷ᠎ᠡ ᠠᠰᠢᠭ ᠢᠶᠠᠨ ᠪᠠᠳᠠᠷᠠᠭᠤᠯᠬᠤ ᠶᠢ ᠪᠠᠲᠣᠯᠠᠨ᠎ᠠ᠃ | ︵ᠬᠤᠶᠠᠷ︶ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠯ ᠤᠨ ᠬᠦᠭᠵᠢᠯᠳᠡ ᠶᠢᠨ ᠬᠢᠷᠢ ᠬᠡᠮᠵᠢᠶ᠎ᠡ ᠶᠢ ᠴᠢᠷᠮᠠᠶᠢᠨ ᠲᠡᠭᠡᠭᠰᠢᠯᠡᠭᠦᠯᠦᠨ᠎ᠡ᠃ ᠰᠢᠶᠠᠩ | ᠲᠣᠰᠬᠤᠨ ᠢ ᠮᠠᠨᠳᠣᠭᠤᠯᠵᠣ᠂ ᠠᠵᠣ ᠦᠢᠯᠡᠰ ᠢ ᠬᠦᠭᠵᠢᠭᠦᠯᠬᠦ ᠱᠠᠭᠠᠷᠳᠠᠯᠭ᠎ᠠ ᠪᠠᠷ᠂ ᠲᠠᠷᠢᠶᠠᠯᠠᠩ ᠮᠠᠯ ᠠᠵᠣ ᠠᠬᠤᠢ ᠶᠢᠨ ᠡᠬᠢ ᠰᠣᠷᠪᠣᠯᠵᠢ ᠶᠢᠨ ᠳᠠᠪᠠᠭᠤᠯᠢᠭ ᠢ | ᠴᠢᠨᠠᠭᠰᠢᠲᠠ ᠠᠭᠤᠳᠠᠯᠵᠣ᠂ ᠶᠠᠰᠣ ᠴᠢᠨᠠᠷ ᠢᠶᠠᠷ ᠲᠠᠷᠢᠶᠠᠯᠠᠩ ᠢ ᠮᠠᠨᠳᠣᠭᠤᠯᠬᠤ ᠶᠢ ᠪᠠᠷᠢᠮᠲᠠᠯᠠᠨ᠂ ᠲᠠᠷᠢᠶᠠᠯᠠᠩ ᠤᠨ ᠨᠣᠭᠤᠭᠠᠷᠠᠵᠢᠭᠤᠯᠣᠯᠲᠠ᠂ ᠰᠢᠯᠢᠳᠡᠭᠵᠢᠬᠦᠯᠦᠯᠲᠡ᠂ | ᠣᠨᠴᠠᠯᠢᠭᠵᠢᠭᠤᠯᠦᠯᠦᠲᠠ᠂ ᠲᠡᠮᠳᠡᠭᠵᠢᠬᠦᠯᠦᠯᠲᠡ ᠶᠢ ᠬᠦᠨᠵᠡᠬᠡᠢ ᠠᠬᠢᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ ᠣᠨᠠᠯᠲᠠ ᠶᠢ ᠨᠢ ᠨᠡᠮᠡᠭᠳᠡᠬᠦᠯᠬᠦ ᠠᠴᠠ ᠶᠠᠰᠣ | ᠴᠢᠨᠠᠷ ᠢ ᠨᠢ ᠳᠡᠭᠡᠭᠰᠢᠯᠡᠬᠦᠯᠬᠦ ᠲᠡᠰᠢ ᠵᠢᠯᠣᠭᠤᠳᠣᠨ᠎ᠠ᠃ ᠨᠢᠭᠡ ᠳᠤ᠂ ᠣᠳᠣᠮᠰᠢᠯᠲᠣ ᠲᠠᠷᠢᠮᠠᠯ ᠤᠨ ᠦᠢᠯᠡᠰ ᠢ ᠰᠢᠯᠢᠳᠡᠭᠵᠢᠭᠦᠯᠦᠨ᠎ᠡ᠃ ᠡᠷᠳᠡᠨᠢ ᠰᠢᠰᠢ᠂ ᠨᠠᠷᠠᠨ | ᠬᠤᠸᠠᠷ᠂ ᠲᠦᠪᠡᠳ ᠬᠠᠰᠢ᠂ ᠠᠮᠲᠠᠲᠣ ᠲᠠᠷᠪᠣᠰ᠂ ᠵᠢᠵᠢᠭ ᠬᠤᠯᠢᠮᠠᠭ ᠠᠮᠣ ᠵᠡᠷᠭᠡ ᠲᠠᠷᠢᠶᠠᠯᠠᠩ ᠤᠨ ᠭᠠᠷᠣᠯᠲᠠ ᠶᠢᠨ ᠰᠠᠭᠤᠷᠢᠨ ᠭᠠᠵᠠᠷ ᠤᠨ ᠪᠦᠳᠣᠭᠡᠨ | ᠪᠠᠶᠢᠭᠤᠯᠣᠯᠲᠠ ᠶᠢ ᠴᠢᠩᠭᠠᠳᠬᠠᠨ᠂ ᠲᠦᠮᠡᠨ ᠮᠣ᠋ ᠰᠢᠨᠵᠢᠯᠡᠬᠦ ᠣᠠᠭᠠᠨᠴᠢ ᠮᠡᠷᠬᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ ᠢ 2 ᠪᠠᠶᠢᠭᠤᠯᠵᠣ᠂ ᠦᠨᠳᠣᠷ ᠨᠢᠭᠲᠠᠴᠠ | ᠲᠠᠢ᠂ ᠴᠢᠲᠠᠪᠬᠢ ᠣᠰᠥ ᠪᠣᠷᠳᠣᠭᠤᠷ ᠢ ᠨᠢᠭᠡ ᠴᠣᠭᠴᠠᠵᠢᠭᠤᠯᠣᠭᠰᠠᠨ ᠲᠠᠷᠢᠮᠠᠯ ᠤᠨ ᠮᠡᠷᠭᠡᠵᠢᠯ ᠢ ᠢᠳᠡᠪᠬᠢᠲᠠᠢ ᠠᠬᠢᠭᠤᠯᠣᠨ᠂ ᠲᠠᠩ ᠣᠨᠠᠯᠲᠠ ᠪᠠ ᠶᠠᠰᠣ ᠴᠢᠨᠠᠷ ᠢ | ᠨᠢ ᠲᠡᠭᠡᠭᠰᠢᠯᠡᠭᠦᠯᠦᠨ᠎ᠡ᠃ ᠭᠠᠵᠠᠷ ᠰᠢᠷᠦᠢ ᠶᠢᠨ ᠡᠷᠬᠡ ᠶᠢ ᠲᠣᠭᠲᠠᠭᠠᠬᠤ ᠦᠷ᠎ᠡ ᠪᠦᠳᠣᠮᠵᠢ ᠶᠢ ᠴᠢᠨᠠᠭᠰᠢᠲᠠ ᠠᠰᠢᠭᠯᠠᠨ᠂ ︽ᠠᠵᠣ ᠠᠬᠤᠶᠢᠯᠠᠯ + ᠬᠤᠷᠰᠢᠵᠢᠯ + | ᠲᠠᠷᠢᠶᠠᠯᠠᠬᠤ ᠡᠷᠣᠬᠡ︾ ᠵᠠᠭᠪᠣᠷ ᠢᠶᠠᠷ ᠳᠠᠮᠵᠢᠨ᠂ ᠲᠠᠷᠢᠶᠠᠴᠢᠨ ᠡᠷᠣᠬᠡ ᠶᠢᠨ ᠭᠠᠵᠠᠷ ᠰᠢᠷᠣᠢ ᠶᠢᠨ ᠵᠠᠭᠠᠭ ᠢ ᠰᠠᠯᠭᠠᠬᠤ ᠶᠢ ᠡᠪᠳᠡᠵᠣ᠂ ︽ᠭᠠᠵᠠᠷ ᠰᠢᠷᠦᠢ ᠶᠢ ᠨᠠᠶᠢᠳᠠᠨ | ᠬᠠᠮᠢᠶᠠᠷᠬᠤ + ᠵᠠᠬᠢᠶᠠᠯᠠᠨ ᠳᠠᠭᠠᠭᠠᠴᠢᠯᠠᠨ ᠬᠤᠳᠠᠯᠳᠣᠬᠤ ︾ ᠶᠢ ᠢᠲᠡᠪᠬᠢ ᠠᠬᠢᠭᠤᠯᠵᠣ᠂ 3 ᠲᠦᠮᠡᠨ ᠮᠣ᠋ ᠲᠦᠪᠯᠡᠷᠡᠭᠰᠡᠨ ᠬᠡᠰᠡᠭ ᠢ ᠵᠠᠯᠭᠠᠯᠳᠣᠭᠤᠯᠣᠨ ᠡᠷᠳᠡᠨᠢ | ᠰᠢᠰᠢ ᠲᠠᠷᠢᠬᠤ ᠶᠢ ᠡᠷᠢᠯᠬᠢᠯᠡᠨ ᠪᠡᠶᠡᠯᠡᠭᠦᠯᠵᠦ᠂ ᠨᠢᠭᠡ ᠴᠤᠭᠴᠠᠵᠢᠭᠰᠠᠨ᠂ ᠬᠡᠪᠴᠢᠶᠡᠵᠢᠭᠰᠡᠨ᠂ ᠣᠳᠣᠬᠢᠴᠢᠯᠠᠭᠰᠠᠨ ᠡᠵᠡᠩᠨᠡᠯᠲᠠ ᠲᠠᠢ ᠪᠣᠯᠵᠥ᠂ ᠲᠠᠷᠢᠶᠠᠯᠠᠩ ᠤᠨ ︽ | ᠳᠦᠷᠪᠡᠨ ᠬᠢᠵᠠᠭᠠᠷᠯᠠᠯ︾ ᠤᠨ ᠵᠢᠱᠢᠶ᠎ᠡ ᠦᠵᠡᠭᠦᠯᠭᠦ ᠰᠠᠭᠤᠷᠢᠨ ᠭᠠᠵᠠᠷ ᠢ ᠪᠠᠶᠢᠭᠤᠯᠵᠤ᠂ ᠭᠠᠵᠠᠷ ᠰᠢᠷᠣᠢ ᠶᠢᠨ ᠣᠨᠠᠯᠲᠠ ᠪᠠᠨ ᠨᠡᠮᠡᠭᠳᠡᠭᠦᠯᠦᠨ᠂ ᠦᠷ᠎ᠡ ᠠᠰᠢᠭ ᠢᠶᠠᠨ | ᠨᠡᠮᠡᠭᠳᠡᠭᠦᠯᠭᠦ ᠶᠢ ᠪᠡᠶᠡᠯᠡᠭᠦᠯᠦᠨ᠂ ᠲᠠᠷᠢᠶᠠᠯᠠᠩ ᠠᠵᠣ ᠠᠬᠤᠶᠢᠯᠠᠯ ᠬᠠᠮᠲᠣ ᠳᠠᠭᠠᠨ ᠠᠰᠢᠭ ᠣᠯᠵᠠ ᠣᠯᠣᠨ᠎ᠠ᠃ ᠲᠢᠶᠡᠨ ᠾᠧᠩ ᠮᠣᠩᠭᠤᠯ ᠬᠢᠲᠠᠳ ᠣᠣᠭᠤᠬᠤ ᠡᠮ ᠢ | ᠪᠣᠯᠪᠠᠰᠣᠷᠠᠭᠤᠯᠬᠤ ᠪᠠ ᠴᠠᠩ ᠰᠢᠩ ᠳ᠋ᠠ ᠴᠢᠨ᠋ᠸ᠎ᠠ ᠶᠢᠨ ᠬᠠᠷᠮᠠᠭ ᠢ ᠪᠣᠯᠪᠠᠰᠣᠷᠠᠭᠤᠯᠬᠤ ᠵᠡᠷᠭᠡ ᠲᠦᠷᠦᠯ ᠵᠦᠢᠯ ᠳᠤ ᠲᠦᠰᠢᠭᠯᠡᠨ᠂ ︽ᠺᠣᠮᠫᠠᠨᠢ+ ᠰᠠᠭᠤᠷᠢᠨ ᠭᠠᠵᠠᠷ+ | ᠲᠠᠷᠢᠶᠠᠴᠢᠨ ᠡᠷᠣᠬᠡ︾ ᠶᠢᠨ ᠵᠠᠭᠪᠣᠷ ᠢᠶᠠᠷ ᠳᠠᠮᠵᠢᠨ᠂ 10 ᠲᠦᠮᠡᠨ ᠮᠣ᠋ ᠬᠢᠲᠠᠳ ᠡᠮ ᠤᠨ ᠮᠠᠲ᠋ᠧᠷᠢᠶᠠᠯ ᠢ ᠲᠠᠷᠢᠬᠤ ᠰᠠᠭᠤᠷᠢᠨ ᠭᠠᠵᠠᠷ ᠢ ᠪᠠᠶᠢᠭᠤᠯᠣᠨ᠎ᠠ᠃ | ᠲᠠᠷᠢᠶᠠᠴᠢᠨ ᠮᠠᠯᠴᠢᠳ ᠢ ᠢᠲᠡᠪᠬᠢᠲᠠᠢ ᠵᠢᠯᠣᠭᠤᠳᠣᠨ ᠵᠠᠬᠢᠶᠠᠯᠠᠬᠤ ᠬᠡᠯᠪᠡᠷᠢ ᠪᠠᠷ 5 ᠲᠦᠮᠡᠨ ᠮᠣ᠋ ᠣᠯᠠᠭᠠᠨ ᠰᠢᠰᠢ᠂ 5000 ᠮᠣ᠋ ᠣᠰᠣᠨ ᠲᠣᠲᠣᠷᠭ᠎ᠠ᠂ 5000 | ᠮᠣ᠋ ᠪᠣᠬᠢᠷᠳᠣᠯ ᠦᠬᠡᠢ ᠢᠳᠡᠰᠢᠨ ᠨᠣᠭᠤᠭ᠎ᠠ ᠵᠡᠷᠬᠡ ᠶᠢ ᠲᠦᠪᠯᠡᠷᠡᠬᠦᠯᠦᠨ ᠬᠡᠰᠡᠭ ᠵᠠᠯᠭᠠᠯᠳᠣᠭᠤᠯᠣᠨ ᠲᠠᠷᠢᠵᠣ᠂ ᠣᠳᠠᠪᠠᠯ᠎ᠠ ᠶᠢ ᠵᠢᠯᠣᠭᠤᠳᠣᠨ ᠲᠠᠷᠢᠭᠤᠯᠵᠣ᠂ | ᠲᠠᠷᠢᠶᠠᠴᠢᠨ ᠮᠠᠯᠴᠢᠳ ᠢ ᠦᠨᠡᠨᠬᠦ ᠬᠠᠪᠰᠣᠷᠣᠨ ᠲᠠᠷᠢᠮᠠᠯ ᠤᠨ ᠪᠦᠲᠣᠴᠠ ᠶᠢ ᠲᠣᠬᠢᠷᠠᠭᠤᠯᠣᠨ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠶᠠᠷ ᠲᠤ᠂ | ᠦᠨᠳᠣᠷ ᠦᠷ᠎ᠡ ᠪᠦᠳᠣᠮᠵᠢᠲᠣ ᠲᠦᠬᠦᠭᠡᠷᠣᠮᠵᠢ ᠶᠢᠨ ᠲᠠᠷᠢᠶᠠᠯᠠᠩ ᠮᠠᠯ ᠠᠵᠣ ᠠᠬᠤᠢ ᠶᠢ ᠶᠡᠬᠡᠪᠡᠷ ᠭᠦᠭᠵᠢᠭᠦᠯᠦᠨ᠎ᠡ᠃ ᠬᠡᠪᠴᠢᠶ᠎ᠡ ᠶᠢ ᠦᠷᠭᠡᠳᠭᠡᠬᠦ ᠪᠠ ᠦᠷ᠎ᠡ | ᠠᠰᠢᠭ ᠢ ᠨᠡᠮᠡᠭᠳᠡᠭᠦᠯᠭᠦ ᠶᠢ ᠬᠠᠮᠲᠣ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠲᠦᠪᠯᠡᠷᠡᠭᠦᠯᠦᠨ ᠵᠠᠯᠭᠠᠯᠳᠣᠭᠤᠯᠬᠤ᠂ ᠬᠡᠪᠴᠢᠶᠡᠵᠢᠭᠰᠡᠨ ᠭᠦᠭᠵᠢᠯᠲᠡ ᠶᠢᠨ ᠵᠠᠭᠪᠣᠷ ᠢᠶᠠᠷ | ᠲᠠᠷᠢᠶᠠᠯᠠᠩ ᠤᠨ ᠨᠦᠬᠦᠪᠣᠷᠢ ᠦᠭᠭᠦ ᠲᠦᠷᠣ ᠶᠢᠨ ᠪᠣᠳᠣᠯᠭ᠎ᠠ ᠶᠢ ᠦᠷᠬᠦᠯᠵᠢᠯᠡᠨ ᠨᠠᠶᠢᠳᠠᠪᠣᠷᠢᠵᠢᠭᠤᠯᠵᠣ᠂ ᠲᠠᠷᠢᠶᠠᠴᠢᠨ ᠮᠠᠯᠴᠢᠳ ᠢ ᠵᠣᠷᠢᠭᠵᠢᠭᠤᠯᠣᠨ ᠰᠦᠯᠢᠶᠣᠣ | ᠰᠠᠷᠠᠪᠴᠢ ᠪᠠᠷ ᠭᠤᠣᠯ ᠪᠣᠯᠭᠠᠭᠰᠠᠨ ᠲᠦᠭᠦᠭᠡᠷᠣᠮᠵᠢ ᠶᠢᠨ ᠲᠠᠷᠢᠶᠠᠯᠠᠩ ᠢ ᠭᠦᠭᠵᠢᠭᠦᠯᠦᠨ᠎ᠡ᠃ ᠠᠵᠣ ᠠᠬᠤᠶᠢᠯᠠᠯ ᠤᠨ ᠦᠪᠡᠷ ᠢ ᠪᠠᠨ ᠭᠦᠭᠵᠢᠭᠦᠯᠭᠦ ᠬᠡᠯᠪᠡᠷᠢ᠂ ᠲᠣᠮᠣ | ᠡᠷᠣᠬᠡ ᠲᠦᠪᠯᠡᠷᠡᠭᠰᠡᠨ ᠬᠡᠯᠪᠡᠷᠢ᠂ ᠪᠦᠬᠦᠶᠢᠯᠡ ᠲᠣᠰᠬᠤᠨ ᠢᠶᠠᠷ ᠠᠬᠢᠭᠤᠯᠣᠭᠰᠠᠨ ᠬᠡᠯᠪᠡᠷᠢ ᠲᠠᠢ ᠢᠳᠡᠰᠢᠨ ᠮᠠᠯ ᠢ ᠬᠡᠪᠴᠢᠶᠡᠵᠢᠬᠦᠯᠦᠨ ᠠᠷᠠᠴᠢᠯᠠᠬᠤ ᠬᠡᠯᠪᠡᠷᠢ ᠶᠢ | ᠠᠬᠢᠭᠤᠯᠵᠣ᠂ ᠮᠠᠯᠵᠢᠯ ᠢ ᠵᠣᠭᠰᠣᠭᠠᠬᠤ ᠪᠠ ᠡᠪᠡᠰᠦ ᠮᠠᠯ ᠤᠨ ᠲᠡᠩᠴᠡᠭᠦᠷᠢᠲᠠᠢ ᠳᠦᠷᠢᠮ ᠢ ᠡᠷᠡᠰ ᠲᠣᠣᠱᠯᠠᠭᠤᠯᠣᠨ᠂ ᠲᠠᠭᠠᠭᠠᠴᠠ ᠶᠢ ᠳᠠᠪᠠᠭᠤᠯᠣᠨ ᠮᠠᠯ ᠮᠠᠯᠵᠢᠬᠤ ᠶᠢ | ᠵᠠᠰᠠᠬᠤ ᠲᠣᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠦᠨ᠂ ᠲᠠᠷᠠᠬᠠᠢ ᠪᠣᠳᠠᠷᠬᠠᠢ ᠪᠠᠷ ᠠᠷᠠᠴᠢᠯᠠᠬᠤ ᠬᠡᠪᠴᠢᠶ᠎ᠡ ᠶᠢ ᠪᠠᠭᠠᠰᠬᠠᠨ᠂ ᠬᠡᠪᠴᠢᠶᠡᠵᠢᠭᠰᠡᠨ ᠠᠷᠠᠴᠢᠯᠠᠬᠤ | ᠬᠢᠷᠢ ᠬᠡᠮᠵᠢᠶ᠎ᠡ ᠵᠢᠲ᠋ᠡᠭᠡᠭᠰᠢᠯᠡᠬᠦᠯᠪᠡ᠃ ᠬᠡᠪᠴᠢᠶᠡᠵᠢᠭᠰᠡᠨ ᠮᠠᠯ ᠲᠡᠵᠢᠭᠡᠪᠣᠷᠢ ᠶᠢᠨ ᠲᠠᠯᠠᠪᠣᠷ 25᠂ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠣᠷ 6 ᠢ | ᠪᠠᠶᠢᠭᠤᠯᠵᠣ᠂ ᠪᠦᠬᠦ ᠵᠢᠯ ᠳᠤ ᠢᠳᠡᠰᠢᠨ ᠮᠠᠯ ᠢ ᠪᠣᠷᠳᠣᠨ ᠲᠡᠵᠢᠬᠡᠬᠦ ᠬᠡᠮᠵᠢᠶ᠎ᠡ ᠶᠢ 420 ᠲᠦᠮᠡᠨ ᠲᠣᠯᠣᠭᠠᠢ ᠳᠤ ᠭᠦᠷᠭᠡᠬᠦ ᠪᠠᠷ ᠴᠢᠷᠮᠠᠶᠢᠨ᠎ᠠ᠃ ᠢᠳᠡᠰᠢᠨ ᠦᠬᠡᠷ᠂ | ᠭᠠᠭ᠋ᠠᠢ ᠵᠡᠷᠭᠡ ᠶᠢ ᠬᠡᠪᠴᠢᠶᠡᠵᠢᠬᠦᠯᠦᠨ ᠲᠡᠵᠢᠬᠡᠨ ᠠᠷᠠᠴᠢᠯᠠᠬᠤ ᠶᠢ ᠨᠢᠭᠡᠳᠣᠯᠲᠠᠢ ᠠᠬᠢᠭᠤᠯᠵᠣ᠂ ᠬᠤᠪᠣᠷ ᠵᠢᠬᠦᠷᠳᠡᠨ ᠵᠡᠷᠭᠡ ᠣᠨᠴᠠ ᠲᠡᠵᠢᠬᠡᠨ ᠠᠷᠠᠴᠢᠯᠠᠬᠤ | ᠢᠳᠡᠪᠬᠢᠲᠠᠢ ᠭᠦᠭᠵᠢᠭᠦᠯᠵᠦ᠂ ᠲᠡᠵᠢᠬᠡᠨ ᠠᠷᠠᠴᠢᠯᠠᠬᠤ ᠦᠢᠯᠡᠰ ᠢ ᠣᠯᠠᠨ ᠡᠰᠢᠵᠢᠯ ᠪᠠᠷ ᠬᠦᠭᠵᠢᠬᠦᠯᠦᠨ᠎ᠡ᠃ ᠭᠤᠷᠪᠡ ᠳᠤ᠂ ᠲᠠᠷᠢᠶᠠᠯᠠᠬᠤ ᠮᠠᠯᠵᠢᠬᠤ ᠣᠷᠣᠨ ᠤ | ᠠᠵᠣ ᠦᠢᠯᠡᠰ ᠢ ᠨᠡᠶᠢᠯᠡᠬᠦᠯᠦᠨ ᠭᠦᠭᠵᠢᠬᠦᠯᠬᠦ ᠶᠢ ᠰᠠᠶᠢᠲᠣᠷ ᠠᠳᠬᠤᠨ᠎ᠠ᠃ ᠨᠡᠶᠢᠲᠡᠯᠢᠭ ᠢᠶᠠᠷ ᠳᠠᠭᠠᠭᠤᠯᠦᠨ᠂ ᠵᠢᠱᠢᠶ᠎ᠡ ᠦᠵᠡᠬᠦᠯᠬᠦ ᠪᠠᠷ ᠳᠠᠶᠢᠴᠢᠯᠠᠬᠤ ᠵᠠᠷᠴᠢᠮ ᠢ | ᠪᠠᠷᠢᠮᠲᠠᠯᠠᠨ ᠡᠯ᠎ᠡ ᠵᠦᠢᠯ ᠤᠨ ᠲᠦᠷᠦᠯ ᠵᠦᠢᠯ ᠤᠨ ᠪᠡᠯᠡ ᠮᠦᠩᠭᠦ ᠶᠢ ᠨᠢᠭᠡᠳᠭᠡᠨ᠂ 2-3 ᠦᠨᠳᠣᠷ ᠪᠠᠷᠢᠮᠵᠢᠶᠠᠲᠣ ᠲᠠᠷᠢᠶᠠᠨ ᠭᠠᠵᠠᠷ ᠤᠨ ᠶᠡᠷᠣᠩᠬᠡᠶᠢᠯᠡᠭᠰᠡᠨ | ᠴᠣᠭᠴᠠ ᠶᠢ ᠲᠦᠪᠯᠡᠷᠡᠭᠦᠯᠦᠨ ᠪᠣᠢ ᠪᠣᠯᠭᠠᠵᠣ᠂ ᠲᠦᠪᠯᠡᠷᠡᠭᠰᠡᠨ ᠲᠦᠬᠦᠬᠡᠷᠣᠮᠵᠢᠲᠣ ᠲᠠᠷᠢᠶᠠᠯᠠᠩ ᠮᠠᠯ ᠠᠵᠣ ᠠᠬᠤᠢ᠂ ᠰᠡᠯᠡᠬᠦᠴᠡᠯ ᠤᠨ ᠲᠠᠷᠢᠶᠠᠯᠠᠩ ᠮᠠᠯ ᠠᠵᠣ ᠠᠬᠤᠢ | ᠂ ᠦᠵᠡᠭᠦᠯᠭᠡ ᠶᠢᠨ ᠲᠠᠷᠢᠶᠠᠯᠠᠩ ᠮᠠᠯ ᠠᠵᠣ ᠠᠬᠤᠢ᠂ ᠰᠢᠶᠠᠩ ᠲᠣᠰᠬᠤᠨ ᠤ ᠵᠣᠭᠠᠴᠠᠯ ᠢᠶᠠᠷ ᠨᠢᠭᠡ ᠴᠣᠭᠴᠠ ᠪᠣᠯᠭᠠᠭᠰᠠᠨ ᠣᠳᠣᠬᠢᠴᠢᠯᠠᠭᠰᠠᠨ ᠲᠠᠷᠢᠶᠠᠨ ᠭᠠᠵᠠᠷ ᠤᠨ | ᠶᠡᠷᠣᠩᠬᠡᠶᠢᠯᠡᠭᠰᠡᠨ ᠴᠣᠭᠴᠠ ᠶᠢ ᠭᠦᠭᠵᠢᠭᠦᠯᠵᠦ᠂ ᠡᠯ᠎ᠡ ᠰᠣᠮᠣ ᠪᠠᠯᠭᠠᠰᠣ᠂ ᠲᠠᠷᠢᠶᠠᠯᠠᠩ ᠮᠠᠯᠵᠢᠯ ᠤᠨ ᠲᠠᠯᠠᠪᠣᠷ ᠢ ᠳᠠᠶᠢᠴᠢᠯᠠᠨ ᠲᠠᠷᠢᠶᠠᠨ ᠭᠠᠵᠠᠷ ᠤᠨ | ᠶᠡᠷᠣᠩᠬᠡᠶᠢᠯᠡᠭᠰᠡᠨ ᠴᠣᠭᠴᠠ ᠶᠢ ᠲᠦᠯᠦᠪᠵᠢᠬᠦᠯᠦᠨ ᠪᠠᠶᠢᠭᠤᠯᠵᠣ᠂ ᠲᠠᠷᠢᠶᠠᠯᠠᠬᠤ ᠮᠠᠯᠵᠢᠬᠤ ᠣᠷᠣᠨ ᠤ ᠨᠢᠭᠡ ᠬᠤᠶᠠᠷ ᠭᠤᠷᠪᠠᠳᠣᠭᠠᠷ ᠦᠢᠯᠡᠰ ᠢ ᠨᠡᠶᠢᠯᠡᠬᠦᠯᠦᠨ | ᠭᠦᠭᠵᠢᠬᠦᠯᠬᠦ ᠶᠢ ᠠᠬᠢᠭᠤᠯᠣᠨ᠎ᠠ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠦᠢᠵᠢᠭᠤᠯᠣᠨ ᠪᠣᠵᠠᠭᠠᠶᠢᠷᠠᠭᠤᠯᠵᠣ᠂ ᠹᠧᠩ ᠳ᠋ᠠ ᠶᠤᠸᠠᠨ᠂ ᠴᠠᠩ | ᠰᠢᠩ ᠳ᠋ᠠ᠂ ᠾᠧ ᠰᠢᠩ᠂ ᠲᠢᠶᠠᠨ ᠾᠧᠩ ᠮᠣᠩᠭᠤᠯ ᠬᠢᠲᠠᠳ ᠡᠮ᠂ ᠱᠦᠸᠧ ᠾᠧ ᠾᠧ ᠵᠡᠷᠭᠡ ᠲᠠᠷᠢᠶᠠᠯᠠᠩ ᠳᠤ ᠬᠤᠯᠪᠣᠭᠳᠠᠬᠤ ᠲᠣᠯᠣᠭᠠᠶᠢᠯᠠᠬᠤ ᠠᠵᠣ | ᠦᠢᠯᠡᠰ ᠢ ᠶᠡᠬᠡᠪᠡᠷ ᠬᠢᠵᠣ ᠪᠣᠵᠠᠭᠠᠶᠢᠷᠠᠭᠤᠯᠣᠨ᠎ᠠ᠃ ᠲᠠᠷᠢᠶᠠᠯᠠᠩ ᠤᠨ ᠬᠠᠭᠠᠯᠪᠣᠷᠢᠯᠠᠯᠲᠠ ᠶᠢᠨ ᠠᠵᠤ ᠠᠬᠤᠶᠢᠯᠠᠯ ᠤᠨ ᠣᠯᠣᠰ ᠤᠨ ᠭᠠᠵᠠᠷ ᠰᠢᠷᠦᠢ ᠶᠢᠨ ᠳᠠᠪᠠᠭᠤᠯᠢᠭ | ᠪᠠ ᠳᠠᠯᠲᠠ ᠬᠦᠴᠣᠨ ᠢ ᠴᠢᠨᠠᠭᠰᠢᠲᠠ ᠠᠰᠢᠭᠯᠠᠨ᠂ ᠪᠡᠭᠡᠵᠢᠩ ᠤᠨ ᠱᠸᠣ ᠨᠦᠩ ᠵᠡᠷᠭᠡ ᠲᠣᠮᠣ ᠬᠡᠯᠪᠡᠷᠢᠲᠣ ᠲᠣᠯᠣᠭᠠᠶᠢᠯᠠᠬᠤ ᠠᠵᠣ ᠠᠬᠤᠶᠢᠯᠠᠯ ᠢ ᠢᠲᠡᠪᠬᠢᠲᠠᠢ ᠲᠠᠳᠠᠨ | ᠣᠷᠣᠭᠤᠯᠵᠣ᠂ ᠨᠢᠭᠡ ᠪᠦᠯᠦᠭ ᠲᠦᠪᠯᠡᠷᠡᠭᠰᠡᠨ ᠦᠢᠯᠡᠳᠬᠦᠨ ᠢ ᠰᠤᠳᠤᠯᠤᠨ ᠭᠠᠷᠭᠠᠬᠤ᠂ ᠵᠠᠬ᠎ᠠ ᠳᠡᠯᠭᠡᠭᠦᠷ ᠤᠨ ᠪᠣᠷᠣᠯᠠᠭᠤᠯᠣᠯᠲᠠ ᠪᠠᠷ ᠨᠢᠭᠡ ᠴᠣᠭᠴᠠ ᠪᠣᠯᠭᠠᠭᠰᠠᠨ | ᠲᠠᠷᠢᠶᠠᠯᠠᠩ ᠤᠨ ᠲᠡᠮᠲᠡᠭᠲᠥ ᠲᠣᠯᠣᠭᠠᠶᠢᠯᠠᠬᠤ ᠠᠵᠣ ᠠᠬᠤᠶᠢᠯᠠᠯ ᠢ ᠪᠣᠶᠢᠵᠢᠭᠤᠯᠣᠨ᠎ᠠ᠃ ᠵᠦᠩ ᠵᠢᠩ ᠵᠢᠶᠦ᠋ᠨ ᠷᠦᠩ ᠤᠨ ︽ᠨᠡᠭᠦᠷᠡᠰᠣᠨ ᠳᠤ ᠰᠠᠭᠤᠷᠢ ᠪᠣᠯᠭᠠᠭᠰᠠᠨ | ᠲᠠᠷᠢᠶᠠᠯᠠᠩ+ ᠣᠶᠣᠨ ᠪᠢᠯᠢᠭᠲᠦ ᠲᠠᠷᠢᠶᠠᠯᠠᠩ︾ ᠶᠢᠨ ᠠᠮᠢ ᠠᠬᠤᠢ ᠶᠢᠨ ᠡᠷᠬᠢᠯᠲᠡ ᠶᠢᠨ ᠲᠠᠷᠢᠶᠠᠯᠠᠩ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠲᠦᠷᠭᠡᠳᠭᠡᠨ | ᠭᠦᠭᠵᠢᠭᠦᠯᠵᠥ᠂ ᠲᠠᠷᠢᠶᠠᠯᠠᠩ ᠮᠠᠯ ᠦᠢᠯᠡᠰᠵᠢᠯ ᠤᠨ ᠭᠦᠭᠵᠢᠯᠲᠡ ᠶᠢᠨ ᠬᠢᠷᠢ ᠬᠡᠮᠵᠢᠶ᠎ᠡ ᠶᠢ ᠲᠠᠰᠣᠷᠠᠯᠲᠠ ᠦᠬᠡᠢ ᠳᠡᠭᠡᠭᠰᠢᠯᠡᠬᠦᠯᠪᠡ᠃ ᠳᠦᠷᠪᠡ ᠳᠤ᠂ ᠲᠠᠷᠢᠶᠠᠯᠠᠩ ᠮᠠᠯ | ᠠᠵᠣ ᠠᠬᠤᠢ ᠶᠢᠨ ᠨᠡᠶᠢᠬᠡᠮᠵᠢᠯᠡᠭᠰᠡᠨ ᠦᠢᠯᠡᠴᠢᠯᠡᠭᠡ ᠶᠢ ᠴᠢᠩᠭᠠᠳᠬᠠᠨ᠎ᠠ᠃ ᠨᠡᠷᠡᠲᠣ ᠦᠢᠯᠡᠳᠬᠦᠨ ᠢᠶᠠᠷ ᠲᠠᠷᠢᠶᠠᠯᠠᠩ ᠢᠶᠠᠨ ᠭᠦᠴᠦᠷᠬᠡᠭᠵᠢᠬᠦᠯᠬᠦ ᠪᠠᠶᠢᠯᠳᠣᠬᠤ | ᠪᠣᠳᠣᠯᠭ᠎ᠠ ᠶᠢᠨ ᠪᠠᠷᠢᠮᠲᠠᠯᠠᠨ᠂ ᠪᠦᠬᠦ ᠬᠤᠰᠢᠭᠤᠨ ᠤ ᠬᠦᠴᠣᠨ ᠢᠶᠠᠷ ︽ᠲᠡᠭᠷᠢ ᠶᠢᠨ ᠬᠡᠰᠢᠭᠲᠦ ᠪᠣᠷᠣᠳᠣᠬᠤᠢ︾ ᠶᠢᠨ ᠣᠷᠣᠨ ᠤ ᠣᠯᠠᠨ ᠨᠡᠶᠢᠲᠠ ᠶᠢᠨ ᠬᠡᠷᠡᠭᠯᠡᠬᠡᠨ ᠤ | ᠲᠡᠮᠳᠡᠭ ᠢ ᠮᠠᠨᠳᠣᠭᠤᠯᠣᠨ ᠭᠡᠷᠡᠭᠯᠡᠵᠥ᠂ ᠠᠵᠣ ᠠᠬᠤᠶᠢᠯᠠᠯ ᠢ ᠵᠢᠯᠣᠭᠤᠳᠣᠨ᠂ ︽ᠭᠤᠷᠪᠡᠨ ᠪᠦᠳᠣᠭᠡᠭᠳᠡᠭᠦᠨ ᠨᠢᠭᠡ ᠲᠡᠮᠳᠡᠭ︾ ᠢᠶᠠᠷ ᠭᠡᠷᠡᠴᠢᠯᠡᠯᠲᠠ ᠬᠢᠬᠦ ᠶᠢ | 10 ᠠᠴᠠ ᠳᠡᠭᠡᠭᠰᠢ ᠮᠡᠳᠡᠬᠦᠯᠦᠨ᠂ ᠨᠦᠬᠦᠴᠡᠯ ᠳᠤ ᠨᠡᠶᠢᠴᠡᠬᠦ ᠪᠦᠳᠣᠭᠡᠭᠳᠡᠬᠦᠨ ᠢ ᠪᠦᠬᠦᠨ ᠢᠶᠠᠷ ᠨᠢ ︽ᠲᠡᠭᠷᠢ ᠶᠢᠨ ᠬᠡᠰᠢᠭᠲᠦ ᠪᠣᠷᠣᠲᠣᠬᠤᠢ︾ ᠶᠢᠨ ᠣᠷᠣᠨ ᠤ | ᠨᠡᠶᠢᠲᠡ ᠶᠢᠨ ᠬᠡᠷᠡᠭᠯᠡᠬᠡᠨ ᠤ ᠲᠡᠮᠳᠡᠭ ᠢ ᠬᠡᠷᠡᠭᠯᠡᠬᠦᠯᠬᠦ ᠪᠠᠷ ᠴᠢᠷᠮᠠᠶᠢᠨ᠎ᠠ᠃ ᠮᠠᠨ ᠤ ᠬᠤᠰᠢᠭᠤᠨ ᠤ ᠪᠠᠨ ᠳᠠᠪᠠᠭᠤᠯᠢᠭ ᠣᠨᠴᠠᠯᠢᠭᠲᠣ ᠦᠢᠯᠡᠳᠬᠦᠨ ᠢᠶᠠᠨ ᠨᠡᠷᠡᠲᠣ | ᠲᠡᠮᠳᠡᠭ ᠢ ᠣᠠᠬᠭᠤᠯᠵᠣ ᠳᠡᠯᠭᠡᠷᠡᠬᠦᠯᠬᠦ ᠳᠡᠭᠡᠷ᠎ᠡ ᠲᠠᠯᠪᠢᠨ᠎ᠠ᠃ ᠲᠠᠷᠢᠶᠠᠯᠠᠩ ᠮᠠᠯ ᠠᠵᠣ ᠠᠬᠤᠢ ᠶᠢᠨ ᠦᠢᠯᠡᠳᠪᠣᠷᠢᠯᠡᠯ ᠤᠨ ᠪᠦᠬᠦ ᠶᠠᠪᠣᠴᠠ ᠶᠢ ᠨᠡᠶᠢᠬᠡᠮᠴᠢᠯᠡᠭᠰᠡᠨ | ᠦᠢᠯᠡᠴᠢᠯᠡᠬᠡᠨ ᠤ ᠰᠢᠨ᠎ᠡ ᠶᠢ ᠡᠬᠦᠳᠬᠦ ᠲᠣᠷᠰᠢᠯᠲᠡ ᠶᠢᠨ ᠴᠡᠭ ᠪᠣᠯᠭᠠᠨ ᠠᠬᠢᠭᠤᠯᠵᠣ᠂ ᠣᠷᠣᠯᠠᠨ ᠬᠠᠮᠢᠶᠠᠷᠴᠣ ᠣᠷᠣᠯᠠᠨ ᠬᠤᠷᠢᠶᠠᠬᠤ᠂ ᠨᠢᠭᠡᠳᠣᠯᠲᠠᠢ ᠰᠡᠷᠬᠡᠶᠢᠯᠡᠨ | ᠨᠢᠭᠡᠳᠣᠯᠲᠠᠢ ᠵᠠᠰᠠᠬᠤ᠂ ᠬᠠᠳᠠᠭᠠᠵᠣ ᠬᠠᠳᠠᠭᠠᠯᠠᠬᠤ ᠵᠡᠷᠭᠡ ︽ᠠᠰᠠᠷᠠᠭᠴᠢ ᠶᠢᠨ ᠬᠡᠯᠪᠡᠷᠢ︾ ᠲᠠᠢ ᠦᠢᠯᠡᠴᠢᠯᠡᠭᠡ ᠶᠢ ᠬᠠᠩᠭᠠᠨ᠂ ᠠᠮᠣ ᠪᠣᠳᠠᠭᠠᠨ ᠤ ᠪᠠᠩᠬᠢ ᠶᠢᠨ | ᠭᠦᠭᠵᠢᠯᠲᠡ ᠶᠢ ᠦᠷᠬᠦᠯᠵᠢᠯᠡᠨ ᠳᠡᠮᠵᠢᠵᠥ᠂ ᠰᠢᠨ᠎ᠡ ᠮᠠᠶ᠋ᠢᠭ ᠤᠨ ᠡᠷᠬᠢᠯᠡᠭᠰᠡᠨ ᠠᠵᠢᠯ ᠤᠨ ᠲᠠᠷᠢᠶᠠᠴᠢᠨ ᠮᠠᠯᠴᠢᠳ ᠤᠨ ᠪᠣᠯᠪᠠᠰᠣᠷᠠᠭᠤᠯᠣᠯᠲᠠ ᠶᠢ ᠴᠢᠩᠭᠠᠳᠬᠠᠨ᠎ᠠ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠬᠦᠨ ᠤ ᠶᠠᠰᠣ ᠴᠢᠨᠠᠷ ᠢ ᠬᠢᠨᠠᠨ ᠬᠠᠮᠢᠶᠠᠷᠬᠤ᠂ ᠬᠢᠨᠠᠨ ᠰᠢᠯᠭᠠᠬᠤ᠂ ᠬᠠᠣᠯᠢ ᠬᠡᠷᠡᠭᠵᠢᠬᠦᠯᠬᠦ ᠲᠣᠭᠲᠠᠯᠴᠠᠭ᠎ᠠ ᠪᠠ | ᠶᠠᠰᠣ ᠴᠢᠨᠠᠷ ᠤᠨ ᠢᠲᠡᠬᠡᠮᠵᠢᠲᠣ ᠲᠣᠭᠲᠠᠯᠴᠠᠭ᠎ᠠ ᠶᠢ ᠪᠠᠶᠢᠭᠤᠯᠣᠨ ᠲᠡᠬᠦᠯᠳᠡᠷᠵᠢᠬᠦᠯᠵᠣ᠂ ᠲᠠᠷᠢᠶᠠᠯᠠᠩ ᠮᠠᠯ ᠠᠵᠣ ᠠᠬᠤᠢ ᠳᠠᠬᠢ ᠣᠷᠣᠭᠤᠯᠣᠯᠲᠠ ᠶᠢᠨ ᠵᠦᠢᠯ ᠪᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠶᠠᠰᠣ ᠴᠢᠨᠠᠷ ᠢ ᠬᠢᠨᠠᠨ ᠬᠠᠮᠢᠶᠠᠷᠬᠤ ᠶᠢ ᠴᠢᠩᠭᠠᠳᠬᠠᠨ᠂ ︽ᠭᠤᠷᠪᠡᠨ ᠪᠦᠳᠣᠭᠡᠭᠳᠡᠭᠦᠨ ᠨᠢᠭᠡ ᠲᠡᠮᠳᠡᠭ︾ ᠢᠶᠠᠷ | ᠭᠡᠷᠡᠴᠢᠯᠡᠭᠳᠡᠭᠰᠡᠨ ᠠᠵᠣ ᠠᠬᠤᠶᠢᠯᠠᠯ ᠢ ᠪᠦᠬᠦᠨ ᠢᠶᠠᠷ ᠨᠢ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠠᠰᠣ ᠴᠢᠨᠠᠷ ᠤᠨ | ᠪᠦᠳᠣᠭᠡᠭᠳᠡᠬᠦᠨ ᠤ ᠶᠠᠰᠣ ᠴᠢᠨᠠᠷ ᠤᠨ ᠠᠮᠣᠷ ᠲᠦᠪᠰᠢᠨ ᠢ ᠨᠡᠬᠡᠮᠵᠢᠯᠡᠬᠦ ᠰᠣᠷᠠᠭ ᠵᠠᠩᠭᠢᠵᠢᠯ ᠤᠨ ᠬᠠᠮᠢᠶᠠᠷᠣᠯᠲᠠ ᠶᠢᠨ ᠲᠠᠪᠴᠠᠩ ᠳᠤ ᠣᠷᠣᠭᠤᠯᠵᠣ᠂ ᠣᠯᠣᠰ ᠤᠨ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠣᠭᠡᠭᠳᠡᠬᠦᠨ ᠤ ᠶᠠᠰᠣ ᠴᠢᠨᠠᠷ ᠤᠨ ᠠᠮᠣᠷ ᠲᠦᠪᠰᠢᠨ ᠤ ᠵᠢᠱᠢᠶ᠎ᠡ ᠦᠵᠡᠬᠦᠯᠬᠦ ᠰᠢᠶᠡᠨ ᠳᠤ ᠣᠷᠣᠬᠤ ᠪᠠᠷ ᠴᠢᠷᠮᠠᠶᠢᠨ᠎ᠠ᠃ | ᠲᠠᠷᠢᠶᠠᠯᠠᠩ ᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠲᠠ ᠶᠢ ᠴᠢᠩᠭᠠᠳᠬᠠᠨ᠂ ᠴᠠᠭ ᠠᠭᠤᠷ ᠤᠨ ᠰᠣᠷᠠᠭ ᠵᠠᠩᠭᠢᠵᠢᠯ ᠤᠨ ᠲᠠᠪᠴᠠᠩ ᠤᠨ | ᠪᠦᠳᠣᠭᠡᠨ ᠪᠠᠶᠢᠭᠤᠯᠣᠯᠲᠠ ᠶᠢ ᠪᠡᠶᠡᠯᠡᠬᠦᠯᠦᠨ᠂ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ᠂ ᠭᠠᠮᠰᠢᠭ ᠢ ᠰᠡᠷᠬᠡᠶᠢᠯᠡᠨ ᠭᠠᠮᠰᠢᠭ ᠢ ᠪᠠᠭᠠᠰᠬᠠᠵᠣ᠂ ᠦᠨᠳᠣᠰᠣᠨ | ᠱᠠᠳᠣᠨ ᠤ ᠣᠰᠣᠨ ᠠᠰᠢᠭᠯᠠᠯᠲᠠ ᠶᠢᠨ ᠦᠢᠯᠡᠴᠢᠯᠡᠭᠡ ᠵᠡᠷᠭᠡ ᠲᠣᠭᠲᠠᠯᠴᠠᠭ᠎ᠠ ᠶᠢᠨ ᠪᠦᠳᠣᠭᠡᠨ ᠪᠠᠶᠢᠭᠤᠯᠣᠯᠲᠠ ᠶᠢ ᠲᠡᠬᠦᠯᠳᠡᠷᠵᠢᠬᠦᠯᠦᠨ᠂ ᠲᠦᠷᠣ ᠶᠢᠨ ᠪᠣᠳᠣᠯᠭ᠎ᠠ ᠶᠢᠨ | ᠴᠢᠨᠠᠷᠲᠠᠢ ᠲᠠᠷᠢᠶᠠᠯᠠᠩ ᠮᠠᠯ ᠠᠵᠣ ᠠᠬᠤᠢ ᠶᠢᠨ ᠳᠠᠭᠠᠳᠬᠠᠯ ᠤᠨ ᠨᠡᠶᠢᠳᠡᠮᠵᠢᠯ ᠢ ᠦᠷᠭᠡᠳᠬᠡᠨ ᠲᠠᠷᠢᠶᠠᠯᠠᠩ ᠮᠠᠯ ᠠᠵᠣ ᠠᠬᠤᠢ ᠶᠢᠨ ᠠᠶᠣᠯ ᠢ ᠡᠰᠡᠷᠬᠦᠴᠡᠬᠦ | ᠴᠢᠳᠠᠪᠣᠷᠢ ᠶᠢ ᠳᠡᠭᠡᠭᠰᠢᠯᠡᠬᠦᠯᠣᠨ᠎ᠡ᠃ ᠲᠣᠰᠬᠠᠢ ᠬᠤᠷᠰᠢᠶᠡᠵᠢᠯ ᠤᠨ ᠡᠷᠬᠢᠯᠲᠡ ᠶᠢᠨ ᠵᠣᠬᠢᠴᠠᠮᠵᠢ ᠶᠢ ᠲᠦᠬᠡᠮᠡᠯᠵᠢᠬᠦᠯᠦᠨ᠂ ᠬᠤᠷᠰᠢᠶᠡᠵᠢᠯ ᠢ ᠳᠠᠭᠠᠭᠤᠯᠣᠨ ᠰᠣᠷᠠᠭ | ᠵᠠᠩᠭᠢᠵᠢᠯ ᠢ ᠲᠠᠮᠵᠢᠭᠤᠯᠵᠣ᠂ ᠦᠢᠯᠡᠳᠬᠦᠨ ᠢ ᠪᠣᠷᠣᠯᠠᠭᠤᠯᠬᠤ᠂ ᠡᠷᠬᠡ ᠠᠰᠢᠭ ᠢᠶᠠᠨ ᠬᠠᠮᠳᠣᠳᠬᠠᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠣᠯ ᠢᠶᠠᠨ ᠪᠠᠳᠠᠷᠠᠭᠤᠯᠣᠨ᠎ᠠ | ᠃ | ︵ᠭᠤᠷᠪᠡ︶ ᠭᠤᠸ᠎ᠠ ᠦᠵᠡᠰᠬᠦᠯᠡᠩ ᠰᠢᠶᠡᠩ ᠲᠣᠰᠬᠤᠨ ᠤ ᠪᠦᠳᠣᠭᠡᠨ ᠪᠠᠶᠢᠭᠤᠯᠣᠯᠲᠠ ᠶᠢ ᠲᠦᠷᠭᠡᠳᠭᠡᠪᠡ᠃ ᠭᠤᠸ᠎ᠠ ᠰᠠᠶᠢᠬᠠᠨ ᠰᠠᠭᠤᠷᠢᠰᠢᠯ ᠲᠠᠢ ᠰᠢᠶᠠᠩ | ᠲᠣᠰᠬᠤᠨ ᠢ ᠪᠠᠶᠢᠭᠤᠯᠬᠤ ᠪᠠᠷ ᠵᠢᠯᠣᠭᠤᠳᠣᠯᠭ᠎ᠠ ᠪᠣᠯᠭᠠᠵᠣ᠂ ᠬᠦᠳᠡᠭᠡ ᠲᠣᠰᠬᠤᠨ ᠤ ᠬᠤᠭ ᠨᠣᠪᠰᠢ᠂ ᠪᠣᠵᠠᠷ ᠣᠰᠥ ᠶᠢ ᠵᠠᠰᠠᠬᠤ᠂ ᠵᠣᠷᠯᠦᠭ ᠢ ᠦᠬᠡᠷᠡᠴᠢᠯᠡᠬᠦ ᠪᠠ | ᠲᠣᠰᠬᠤᠨ ᠤ ᠦᠩᠭᠡ ᠪᠠᠶᠢᠳᠠᠯ ᠢ ᠳᠡᠭᠡᠭᠰᠢᠯᠡᠬᠦᠯᠬᠦ ᠪᠠᠷ ᠭᠤᠣᠯ ᠠᠭᠤᠯᠭ᠎ᠠ ᠪᠣᠯᠭᠠᠵᠣ᠂ ᠲᠠᠷᠢᠶᠠᠯᠠᠬᠤ ᠮᠠᠯᠵᠢᠬᠤ ᠣᠷᠣᠨ ᠤ ᠬᠦᠮᠣᠨ ᠤ ᠰᠠᠭᠤᠷᠢᠰᠢᠯ ᠤᠨ ᠣᠷᠴᠢᠨ | ᠲᠣᠭᠤᠷᠢᠨ ᠢ ᠵᠠᠰᠠᠬᠤ᠂ ᠭᠤᠷᠪᠠᠨ ᠵᠢᠯ ᠤᠨ ᠠᠵᠢᠯᠯᠠᠭ᠎ᠠ ᠶᠢ ᠲᠦᠷᠭᠡᠨ ᠠᠬᠢᠭᠤᠯᠵᠣ᠂ ᠲᠣᠰᠬᠤᠨ ᠤ ᠪᠦᠳᠣᠭᠡᠨ ᠪᠠᠶᠢᠭᠤᠯᠣᠯᠲᠠ ᠶᠢ ᠬᠠᠮᠢᠶᠠᠷᠴᠣ ᠬᠠᠮᠠᠭᠠᠯᠠᠬᠤ | ᠵᠣᠬᠢᠴᠠᠮᠵᠢ ᠶᠢ ᠲᠡᠬᠦᠯᠳᠡᠷᠵᠢᠬᠦᠯᠪᠡ᠃ 14 ᠲᠦᠪ ᠲᠣᠰᠬᠤᠨ ᠤ ᠣᠷᠴᠢᠨ ᠲᠣᠭᠤᠷᠢᠨ ᠢ ᠶᠡᠷᠣᠩᠬᠡᠶᠢᠯᠡᠨ ᠵᠠᠰᠠᠬᠤ ᠶᠢ ᠪᠡᠶᠡᠯᠡᠬᠦᠯᠦᠨ᠂ ᠬᠦᠳᠡᠭᠡ ᠲᠣᠰᠬᠤᠨ ᠳᠤ | ᠬᠤᠭ ᠨᠣᠪᠰᠢ ᠶᠢ ᠳᠠᠮᠵᠢᠭᠤᠯᠣᠨ ᠲᠡᠭᠡᠭᠡᠪᠣᠷᠢᠯᠡᠬᠦ ᠦᠷᠲᠡᠭᠡ 20 ᠶᠢ ᠰᠢᠨ᠎ᠡ ᠪᠠᠷ ᠪᠠᠶᠢᠭᠤᠯᠵᠣ᠂ 6000 ᠡᠷᠣᠬᠡ ᠶᠢᠨ ᠵᠣᠷᠯᠦᠭ ᠢ ᠦᠬᠡᠷᠡᠴᠢᠯᠡᠬᠦ ᠢᠨᠵᠧᠨᠧᠷᠢᠩ ᠢ | ᠪᠡᠶᠡᠯᠡᠬᠦᠯᠣᠨ᠎ᠡ᠃ ᠣᠯᠢᠶᠠᠰᠣ ᠨᠠᠭᠤᠷ ᠤᠨ ᠦᠢᠷ᠎ᠡ ᠣᠷᠴᠢᠮ ᠢᠶᠠᠷ ᠭᠤᠣᠯᠳᠠᠯᠭ᠎ᠠ ᠪᠣᠯᠭᠠᠵᠣ᠂ ᠮᠠᠯ ᠵᠢᠭᠦᠷᠲᠡᠨ ᠤ ᠪᠠᠭᠠᠰᠣ ᠰᠢᠭᠡᠰᠣ ᠶᠢᠨ ᠪᠣᠵᠠᠷᠳᠠᠯ ᠢ ᠡᠬᠢ | ᠰᠣᠷᠪᠣᠯᠵᠢ ᠪᠣᠯᠭᠠᠨ ᠠᠰᠢᠭᠯᠠᠬᠤ ᠶᠢ ᠪᠦᠬᠦ ᠰᠢᠶᠡᠨ ᠢᠶᠠᠷ ᠠᠬᠢᠭᠤᠯᠬᠤ ᠲᠦᠷᠦᠯ ᠵᠦᠢᠯ ᠳᠤ ᠲᠦᠰᠢᠭᠯᠡᠨ᠂ 104 ᠬᠡᠪᠴᠢᠶᠡᠵᠢᠭᠰᠡᠨ ᠲᠡᠵᠢᠭᠡᠪᠣᠷᠢ ᠶᠢᠨ ᠲᠠᠯᠠᠪᠣᠷ ᠤᠨ | ᠪᠠᠭᠠᠰᠣ ᠰᠢᠭᠡᠰᠣ ᠶᠢᠨ ᠪᠣᠵᠠᠷ ᠢ ᠴᠡᠪᠡᠷᠯᠡᠬᠦ ᠢᠨᠵᠧᠨᠧᠷᠢᠩ ᠢ ᠭᠤᠣᠯᠳᠠᠯᠭ᠎ᠠ ᠲᠠᠢ ᠪᠡᠶᠡᠯᠡᠬᠦᠯᠵᠣ᠂ ᠠᠮᠢᠳᠣ ᠪᠣᠳᠠᠰ ᠤᠨ ᠪᠣᠷᠳᠣᠭᠤᠷ ᠤᠨ ᠦᠢᠯᠡᠳᠪᠣᠷᠢ ᠪᠠᠶᠢᠭᠤᠯᠣᠨ᠎ᠠ᠃ | ᠦᠨᠳᠣᠰᠣᠨ ᠱᠠᠳᠣᠨ ᠤ ᠵᠠᠰᠠᠨ ᠴᠡᠭᠴᠡᠯᠡᠬᠦ ᠲᠣᠭᠲᠠᠯᠴᠠᠭ᠎ᠠ ᠶᠢ ᠲᠡᠭᠦᠯᠳᠡᠷᠵᠢᠬᠦᠯᠦᠨ᠂ ᠦᠨᠳᠣᠰᠣᠨ ᠱᠠᠳᠣᠨ ᠤ ᠨᠠᠮ ᠤᠨ ᠪᠠᠶᠢᠭᠤᠯᠣᠯᠲᠠ ᠶᠢ ᠴᠢᠩᠭᠠᠳᠬᠠᠨ᠂ | ᠶᠣᠰᠣ ᠮᠣᠷᠠᠯ ᠤᠨ ᠵᠢᠱᠢᠶᠡᠴᠢ᠂ ᠣᠳᠣᠨ ᠳᠡᠰ ᠤᠨ ᠪᠣᠯᠪᠠᠰᠣᠨ ᠡᠷᠣᠬᠡ᠂ ᠬᠠᠮᠤᠭ ᠰᠠᠶᠢᠬᠠᠨ ᠭᠡᠷ ᠪᠦᠯᠢ ᠵᠡᠷᠭᠡ ᠶᠢ ᠦᠨᠡᠯᠡᠨ ᠰᠣᠩᠭᠤᠬᠤ ᠠᠵᠢᠯᠯᠠᠭ᠎ᠠ ᠶᠢ | ᠦᠷᠭᠡᠨ ᠢᠶᠠᠷ ᠦᠷᠨᠢᠬᠦᠯᠦᠨ᠂ ᠣᠯᠠᠨ ᠲᠦᠮᠡᠨ ᠢ ᠳᠠᠭᠠᠭᠤᠯᠣᠨ ᠪᠣᠯᠪᠠᠰᠣᠨ ᠢ ᠡᠷᠬᠢᠮᠯᠡᠨ᠂ ᠰᠢᠨ᠎ᠡ ᠰᠣᠷᠲᠠᠯ ᠢ ᠪᠣᠢ ᠪᠣᠯᠭᠠᠵᠣ᠂ ᠭᠤᠸ᠎ᠠ ᠰᠠᠶᠢᠬᠠᠨ᠂ ᠡᠶ᠎ᠡ | ᠵᠣᠬᠢᠴᠠᠩᠭᠤᠢ᠂ ᠪᠣᠯᠪᠠᠰᠣᠨ ᠨᠡᠶᠢᠬᠡᠮ ᠤᠨ ᠰᠢᠨ᠎ᠡ ᠰᠣᠷᠲᠠᠯ ᠢ ᠪᠣᠢ ᠪᠣᠯᠭᠠᠨ᠎ᠠ᠃ | ᠳᠦᠷᠪᠡ᠂ ᠨᠠᠷᠢᠯᠢᠭᠵᠢᠭᠰᠠᠨ ᠪᠦᠳᠣᠭᠡᠨ ᠪᠠᠶᠢᠭᠤᠯᠣᠯᠲᠠ ᠶᠢ ᠪᠠᠷᠢᠮᠲᠠᠯᠠᠨ᠂ ᠬᠤᠲᠠ ᠶᠢᠨ ᠴᠢᠲᠠᠪᠬᠢ ᠶᠢᠨ ᠶᠠᠰᠣ ᠴᠢᠨᠠᠷ ᠢ ᠲᠠᠰᠣᠷᠠᠯᠲᠠ ᠦᠬᠡᠢ | ᠳᠡᠭᠡᠭᠰᠢᠯᠡᠬᠦᠯᠪᠡ | ︵ᠨᠢᠭᠡ︶ ᠰᠠᠭᠤᠷᠢ ᠲᠦᠬᠦᠬᠡᠷᠣᠮᠵᠢ ᠶᠢᠨ ᠪᠦᠳᠣᠭᠡᠨ ᠪᠠᠶᠢᠭᠤᠯᠣᠯᠲᠠ ᠶᠢ ᠲᠡᠭᠦᠯᠳᠡᠷᠵᠢᠬᠦᠯᠦᠨ᠎ᠠ᠃ ᠭᠠᠵᠠᠷ ᠳᠡᠭᠡᠷᠡᠬᠢ ᠭᠠᠵᠠᠷ ᠳᠣᠣᠷᠠᠬᠢ ᠲᠣᠨᠤᠭ | ᠲᠦᠬᠦᠬᠡᠷᠣᠮᠵᠢ ᠶᠢ ᠬᠠᠮᠲᠣ ᠳᠤᠨᠢ ᠠᠳᠬᠤᠵᠣ᠂ ᠰᠢᠨ᠎ᠡ ᠲᠣᠭᠤᠷᠢᠭ ᠤᠨ ᠪᠦᠳᠣᠭᠡᠨ ᠪᠠᠶᠢᠭᠤᠯᠣᠯᠲᠠ᠂ ᠬᠠᠭᠤᠴᠢᠨ ᠬᠤᠲᠡ ᠶᠢᠨ ᠦᠬᠡᠷᠡᠴᠢᠯᠡᠯᠲᠠ ᠶᠢ ᠨᠢᠭᠡ ᠯᠠ | ᠳᠡᠭᠡᠷ᠎ᠡ ᠠᠳᠬᠤᠬᠤ ᠶᠢ ᠪᠠᠷᠢᠮᠲᠠᠯᠠᠨ᠂ ᠬᠤᠲᠠ ᠶᠢᠨ ᠬᠤᠣᠰ ᠵᠠᠰᠠᠯᠲᠠ ᠶᠢ ᠨᠢᠭᠡᠳᠣᠯᠲᠠᠢ ᠠᠬᠢᠭᠤᠯᠵᠣ᠂ ᠬᠤᠲᠠ ᠶᠢᠨ ᠵᠠᠰᠠᠭ ᠤᠨ ᠰᠠᠭᠤᠷᠢ᠂ ᠴᠡᠴᠡᠷᠯᠢᠭ ᠢ | ᠨᠣᠭᠤᠭᠠᠷᠠᠭᠤᠯᠬᠤ᠂ ᠵᠡᠬᠡᠯᠢ ᠶᠢᠨ ᠦᠵᠡᠮᠵᠢ ᠶᠢ ᠵᠠᠰᠠᠬᠤ ᠭᠤᠷᠪᠠᠨ ᠶᠡᠭᠡ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠣᠨ᠎ᠠ᠃ ᠬᠤᠲᠠ ᠶᠢᠨ ᠵᠠᠰᠠᠭ ᠤᠨ ᠰᠠᠭᠤᠷᠢ | ᠢᠨᠵᠧᠨᠧᠷᠢᠩ ᠳ᠋ᠦᠩ ᠹᠧᠩ ᠶᠡᠭᠡ ᠵᠡᠬᠡᠯᠢ ᠶᠢᠨ ᠦᠬᠡᠷᠡᠴᠢᠯᠡᠯᠲᠠ ᠪᠠ ᠮᠢᠨ ᠱᠧᠩ ᠵᠠᠮ᠂ ᠪᠠᠶᠠᠨᠬᠤᠸᠠ ᠶᠡᠭᠡ ᠵᠡᠬᠡᠯᠢ ᠶᠢ ᠣᠷᠳᠣᠳᠬᠠᠬᠤ ᠢᠨᠵᠧᠨᠧᠷᠢᠩ ᠢ ᠠᠬᠢᠭᠤᠯᠣᠨ | ᠂ ᠡᠮᠣᠨ᠎ᠡ ᠲᠣᠭᠤᠷᠢᠭ ᠤᠨ ᠵᠠᠮ ᠢ ᠪᠠᠭᠤᠯᠭᠠᠨ ᠪᠠᠶᠢᠭᠤᠯᠬᠤ ᠢᠨᠵᠧᠨᠧᠷᠢᠩ ᠢ ᠢᠲᠡᠪᠬᠢᠲᠠᠢ ᠠᠬᠢᠭᠤᠯᠵᠣ᠂ ᠪᠣᠭᠤᠲᠣ ᠠᠴᠠ ᠶᠢᠨᠴᠣᠸᠠᠨ ᠬᠦᠷᠬᠦ ᠦᠨᠳᠣᠷ ᠬᠤᠷᠳᠣᠴᠠᠲᠣ | ᠲᠡᠮᠣᠷ ᠵᠠᠮ ᠤᠨ ᠪᠦᠳᠣᠭᠡᠨ ᠪᠠᠶᠢᠭᠤᠯᠣᠯᠲᠠ ᠶᠢ ᠪᠦᠬᠦ ᠬᠦᠷᠴᠣ ᠪᠠᠷ ᠢᠶᠠᠨ ᠳᠠᠮᠵᠢᠨ ᠬᠠᠪᠰᠣᠷᠴᠣ᠂ 110 ᠣᠯᠣᠰ ᠤᠨ ᠵᠠᠰᠠᠮᠠᠯ ᠵᠠᠮ ᠤᠨ ᠬᠤᠲᠠ ᠶᠢ ᠲᠣᠭᠤᠷᠢᠬᠤ | ᠱᠣᠭᠤᠮ ᠤᠨ ᠦᠬᠡᠷᠡᠴᠢᠯᠡᠯᠲᠠ ᠪᠠ ᠮᠣᠨᠠ ᠠᠭᠤᠯᠠ ᠶᠢᠨ ᠦᠨᠳᠣᠷ ᠬᠤᠷᠲᠣᠴᠠᠲᠣ ᠵᠠᠰᠠᠮᠠᠯ ᠵᠠᠮ ᠤᠨ ᠪᠠᠷᠠᠭᠤᠨᠰᠢ ᠭᠠᠷᠬᠤ ᠵᠠᠮ ᠤᠨ ᠪᠦᠳᠣᠭᠡᠨ ᠪᠠᠶᠢᠭᠤᠯᠣᠯᠲᠠ ᠶᠢᠨ | ᠲᠦᠷᠦᠯ ᠵᠦᠢᠯ ᠢ ᠴᠢᠷᠮᠠᠶᠢᠨ ᠬᠡᠷᠡᠭᠵᠢᠬᠦᠯᠵᠦ᠂ ᠲᠣᠲᠣᠷ᠎ᠠ ᠲᠣᠭᠤᠷᠢᠭ ᠵᠠᠮ ᠢ ᠭᠠᠳᠠᠭᠰᠢ ᠵᠠᠯᠭᠠᠯᠳᠣᠭᠤᠯᠬᠤ ᠬᠤᠲᠠ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ | ᠲᠣᠭᠲᠠᠯᠴᠠᠭ᠎ᠠ ᠶᠢ ᠴᠢᠷᠮᠠᠶᠢᠨ ᠬᠡᠷᠡᠭᠵᠢᠭᠦᠯᠦᠨ᠎ᠡ᠃ ᠳ᠋ᠦᠩ ᠹᠧᠩ ᠶᠡᠭᠡ ᠵᠡᠬᠡᠯᠢ᠂ ᠪᠠᠶᠠᠨᠬᠤᠸᠠ ᠶᠡᠭᠡ ᠵᠡᠭᠡᠯᠢ᠂ ᠮᠢᠨ ᠱᠧᠩ ᠵᠠᠮ ᠤᠨ ᠪᠣᠷᠣᠭᠠᠨ ᠤ ᠣᠰᠥ᠂ ᠪᠣᠵᠠᠷ | ᠣᠰᠥ ᠶᠢ ᠰᠠᠯᠭᠠᠬᠤ ᠢᠨᠵᠧᠨᠧᠷᠢᠩ ᠢ ᠪᠡᠶᠡᠯᠡᠭᠦᠯᠦᠨ᠂ ᠵᠠᠰᠠᠮᠠᠯ ᠵᠠᠮ ᠤᠨ ᠪᠣᠷᠣᠭᠠᠨ ᠣᠰᠣᠨ ᠤ ᠪᠣᠵᠠᠷ ᠣᠰᠣᠨ ᠬᠤᠭᠤᠯᠠᠢ ᠶᠢᠨ ᠲᠣᠣᠷᠵᠢᠯ ᠢ ᠪᠣᠷᠣᠭᠠᠨ ᠤ ᠣᠰᠥ ᠶᠢ | ᠴᠣᠭᠯᠠᠭᠤᠯᠣᠨ ᠠᠰᠢᠭᠯᠠᠬᠤ ᠴᠢᠳᠠᠪᠣᠷᠢ ᠪᠠ ᠪᠣᠵᠠᠷ ᠣᠰᠥ ᠰᠢᠢᠳᠪᠣᠷᠢᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠢᠯᠴᠢ ᠬᠠᠩᠭᠠᠬᠤ ᠬᠤᠭᠤᠠᠯᠢ ᠶᠢᠨ | ᠲᠣᠣᠷᠵᠢᠯ ᠳᠤ ᠶᠡᠬᠡᠪᠡᠷ ᠪᠠᠶᠢᠴᠠᠭᠠᠯᠲᠠ ᠬᠢᠵᠣ᠂ ᠶᠡᠬᠡᠪᠡᠷ ᠵᠠᠰᠠᠬᠤ ᠶᠢ ᠪᠦᠬᠦ ᠲᠠᠯ᠎ᠠ ᠪᠠᠷ ᠡᠬᠢᠯᠡᠭᠦᠯᠦᠨ᠂ ᠬᠠᠯᠠᠭᠤᠯᠠᠬᠤ ᠲᠦᠬᠦᠬᠡᠷᠣᠮᠵᠢ ᠶᠢ ᠵᠦᠢ ᠵᠣᠬᠢᠰᠲᠠᠢ | ᠪᠠᠶᠢᠷᠢᠯᠠᠭᠤᠯᠬᠤ ᠪᠠ ᠨᠡᠮᠡᠨ ᠣᠷᠣᠭᠤᠯᠵᠣ᠂ ᠮᠣᠨᠠ ᠠᠭᠤᠯᠠ ᠶᠢᠨ ᠴᠠᠬᠢᠯᠭᠠᠨ ᠭᠠᠷᠭᠠᠬᠤ ᠦᠢᠯᠡᠳᠪᠣᠷᠢ ᠶᠢᠨ ᠢᠯᠴᠢ ᠬᠠᠩᠭᠠᠬᠤ ᠪᠠᠳᠣᠯᠠᠭ᠎ᠠ ᠶᠢᠨ ᠴᠢᠳᠠᠪᠣᠷᠢ ᠶᠢ | ᠳᠡᠭᠡᠭᠰᠢᠯᠡᠭᠦᠯᠦᠨ᠂ ᠨᠦᠬᠦᠴᠡᠯ ᠳᠤ ᠬᠦᠷᠣᠭ᠍ᠰᠡᠨ ᠲᠡᠭᠰᠢ ᠣᠷᠣᠶᠢᠲᠣ ᠭᠡᠷ ᠪᠠᠶᠢᠰᠢᠩ ᠤᠨ ᠣᠷᠣᠨ ᠢ ᠴᠣ᠋ ᠠᠯᠭᠤᠷ ᠢᠶᠠᠷ ᠴᠦᠮ ᠲᠦᠪᠯᠡᠷᠡᠭᠦᠯᠦᠨ ᠢᠯᠴᠢ ᠬᠠᠩᠭᠠᠬᠤ | ᠬᠡᠪᠴᠢᠶᠡᠨ ᠳᠤ ᠣᠷᠣᠭᠤᠯᠵᠣ᠂ ᠣᠯᠠᠨ ᠲᠦᠮᠡᠨ ᠤ ᠠᠮᠣᠷ ᠲᠦᠪᠰᠢᠨ ᠬᠠᠯᠠᠭᠤᠨ ᠳᠣᠯᠠᠭᠠᠨ ᠢᠶᠠᠷ ᠡᠪᠣᠯ ᠢ ᠦᠩᠭᠡᠷᠡᠭᠡᠭᠦ ᠶᠢ ᠪᠠᠲᠣᠯᠠᠨ᠎ᠠ᠃ ᠵᠢᠯ ᠤᠨ ᠲᠣᠲᠣᠷ᠎ᠠ | ᠪᠣᠷᠣᠭᠠᠨ ᠤ ᠣᠰᠣᠨ ᠤ ᠬᠤᠭᠤᠯᠠᠢ ᠶᠢᠨ ᠲᠣᠣᠷᠵᠢᠯ ᠢ 6.8 ᠺᠢᠯᠣᠮᠧᠲᠷ ᠢᠯᠴᠢ ᠬᠠᠩᠭᠠᠬᠤ ᠬᠤᠭᠤᠯᠠᠢ ᠶᠢᠨ ᠲᠣᠣᠷᠵᠢᠯ ᠢ 4 ᠺᠢᠯᠣᠮᠧᠲᠷ ᠰᠢᠨ᠎ᠡ ᠪᠠᠷ ᠦᠬᠡᠷᠡᠴᠢᠯᠡᠨ | ᠪᠠᠶᠢᠭᠤᠯᠵᠣ᠂ ᠲᠦᠪᠯᠡᠷᠡᠬᠦᠯᠦᠨ ᠢᠯᠴᠢ ᠬᠠᠩᠭᠠᠬᠤ ᠲᠠᠯᠠᠪᠠᠢ ᠶᠢ 38 ᠲᠦᠮᠡᠨ ᠲᠡᠭᠰᠢ ᠳᠦᠷᠪᠡᠯᠵᠢᠨ ᠮᠧᠲᠷ ᠨᠡᠮᠡᠭᠳᠡᠭᠦᠯᠦᠨ᠎ᠡ᠃ ᠣᠷᠴᠢᠨ ᠲᠣᠭᠤᠷᠢᠨ ᠤ | ᠲᠦᠬᠦᠬᠡᠷᠣᠮᠵᠢ ᠶᠢᠨ ᠪᠦᠳᠣᠭᠡᠨ ᠪᠠᠶᠢᠭᠤᠯᠣᠯᠲᠠ ᠶᠢ ᠰᠢᠨᠵᠢᠯᠡᠬᠦ ᠣᠬᠠᠭᠠᠨᠴᠢ ᠪᠠᠷ ᠠᠬᠢᠭᠤᠯᠵᠣ᠂ 20 ᠭᠠᠷᠣᠢ ᠵᠤᠷᠯᠤᠩ ᠢ ᠣᠰᠥ ᠪᠠᠷ ᠴᠡᠪᠡᠷᠯᠡᠬᠦ ᠵᠣᠷᠯᠦᠭ | ᠪᠣᠯᠭᠠᠬᠤ ᠶᠢ ᠪᠡᠶᠡᠯᠡᠭᠦᠯᠦᠨ᠂ ᠬᠤᠲᠠ ᠪᠠᠯᠭᠠᠰᠣᠨ ᠤ ᠠᠮᠢᠳᠣᠷᠠᠯ ᠤᠨ ᠬᠤᠭ ᠨᠣᠪᠰᠢ ᠶᠢ ᠬᠤᠣᠷ ᠬᠦᠨᠦᠭᠡᠯ ᠦᠬᠡᠢ ᠪᠠᠷ ᠰᠢᠢᠳᠪᠣᠷᠢᠯᠡᠭᠦ ᠦᠢᠯᠡᠳᠪᠣᠷᠢ ᠶᠢ | ᠲᠣᠭᠲᠠᠭᠤᠨ ᠢᠶᠠᠷ ᠡᠷᠬᠢᠯᠲᠠ ᠳᠤ ᠣᠷᠣᠭᠤᠯᠬᠤ ᠶᠢ ᠠᠬᠢᠭᠤᠯᠣᠨ᠂ ᠬᠤᠭ ᠨᠣᠪᠰᠢ ᠶᠢ ᠲᠦᠷᠦᠯ ᠬᠤᠪᠢᠶᠠᠨ ᠰᠢᠢᠳᠪᠣᠷᠢᠯᠡᠬᠦ᠂ ᠡᠬᠢ ᠰᠣᠷᠪᠣᠯᠵᠢ ᠶᠢ ᠴᠢᠨᠠᠷ ᠲᠠᠢ | ᠪᠣᠯᠭᠠᠵᠣ ᠠᠰᠢᠭᠯᠠᠬᠤ ᠶᠢ ᠪᠡᠶᠡᠯᠡᠭᠦᠯᠦᠨ᠎ᠡ᠃ ᠨᠡᠶᠢᠲᠡ ᠶᠢᠨ ᠮᠠᠰᠢᠨ ᠲᠡᠷᠭᠡᠨ ᠤ ᠡᠷᠬᠢᠯᠲᠠ ᠶᠢᠨ ᠲᠣᠭᠲᠠᠯᠴᠠᠭ᠎ᠠ ᠶᠢᠨ ᠪᠦᠳᠣᠭᠡᠨ ᠪᠠᠶᠢᠭᠤᠯᠣᠯᠲᠠ ᠶᠢ | ᠲᠡᠭᠦᠯᠳᠡᠷᠵᠢᠬᠦᠯᠦᠨ᠂ ᠳᠠᠪᠠᠭᠤᠯᠢᠭ ᠠᠵᠣ ᠠᠬᠤᠶᠢᠯᠠᠯ᠂ ᠨᠡᠶᠢᠲᠠ ᠶᠢᠨ ᠮᠠᠰᠢᠨ ᠤ ᠳᠠᠪᠠᠭᠤᠯᠢᠭ ᠵᠠᠮ ᠬᠠᠷᠢᠯᠴᠠᠭᠠᠨ ᠤ ᠱᠣᠭᠤᠮ ᠢ ᠲᠠᠲᠠᠨ ᠣᠷᠣᠭᠤᠯᠵᠣ᠂ ᠰᠢᠨ᠎ᠡ | ᠡᠨᠧᠷᠬᠢ ᠶᠢᠨ ᠨᠠᠶᠢᠲᠡ ᠶᠢᠨ ᠮᠠᠰᠢᠨ ᠲᠡᠷᠭᠡ ᠶᠢ ᠭᠦᠭᠵᠢᠭᠦᠯᠦᠨ᠂ ᠣᠯᠠᠨ ᠲᠦᠮᠡᠨ ᠤ ᠭᠠᠷᠴᠣ ᠣᠷᠣᠬᠤ ᠳᠤ ᠳᠦᠬᠦᠮ ᠦᠵᠡᠬᠦᠯᠦᠨ᠎ᠡ᠃ ᠴᠡᠴᠡᠷᠯᠢᠭ ᠢ | ᠨᠣᠭᠤᠭᠠᠷᠠᠭᠤᠯᠬᠤ ᠢᠨᠵᠧᠨᠧᠷᠢᠩ᠃ ᠴᠡᠴᠡᠷᠯᠢᠭ ᠤᠨ ᠣᠷᠠᠯᠢᠭ ᠪᠠᠷᠢᠮᠵᠢᠶ᠎ᠡ ᠶᠢ ᠦᠨᠳᠣᠰᠣᠯᠡᠨ᠂ ᠣᠷᠡᠳ ᠶᠡᠭᠡ ᠵᠡᠬᠡᠯᠢ ᠶᠢᠨ ᠣᠷᠳᠣᠳᠬᠠᠭᠰᠠᠨ ᠬᠡᠰᠡᠭ ᠵᠡᠷᠭᠡ | ᠬᠤᠲᠠ ᠶᠢᠨ ᠣᠷᠣᠨ ᠤ ᠵᠠᠰᠠᠮᠠᠯ ᠵᠠᠮ ᠢ ᠨᠣᠭᠤᠭᠠᠷᠠᠭᠤᠯᠬᠤ ᠢᠨᠵᠧᠨᠧᠷᠢᠩ ᠢ ᠪᠡᠶᠡᠯᠡᠬᠦᠯᠦᠨ᠂ ᠰᠡᠭᠡᠭᠡᠳᠡᠳ ᠰᠡᠳᠣᠪᠲᠣ ᠵᠣᠭᠠᠴᠠᠯ ᠤᠨ ᠬᠦᠷᠢᠶᠡᠯᠡᠩ ᠪᠠ ᠵᠡᠭᠦᠨ | ᠲᠣᠭᠤᠷᠢᠭᠤᠯ ᠤᠨ ᠵᠣᠭᠠᠴᠠᠯ ᠤᠨ ᠬᠦᠷᠢᠶᠡᠯᠡᠩ ᠢ ᠡᠬᠢᠯᠡᠨ ᠪᠠᠶᠢᠭᠤᠯᠵᠣ᠂ ᠯᠢᠨ ᠬᠠᠢ ᠴᠡᠴᠡᠷᠯᠢᠭ ᠤᠨ ᠭᠤᠷᠪᠠᠳᠡᠬᠢ ᠬᠤᠭᠤᠴᠠᠭᠠᠨ ᠤ ᠦᠷᠭᠡᠳᠭᠡᠨ ᠪᠠᠶᠢᠭᠤᠯᠬᠤ | ᠢᠨᠵᠧᠨᠧᠷᠢᠩ ᠢ ᠢᠲᠡᠪᠬᠢᠲᠠᠢ ᠠᠬᠢᠭᠤᠯᠵᠣ᠂ 9 ᠲᠦᠮᠡᠨ ᠲᠡᠭᠰᠢ ᠳᠦᠷᠪᠡᠯᠵᠢᠨ ᠮᠧᠲᠷ ᠴᠡᠴᠡᠷᠯᠢᠭ ᠤᠨ ᠨᠣᠭᠤᠭᠠᠷᠠᠵᠢᠭᠤᠯᠣᠯᠲᠠ ᠶᠢ ᠰᠢᠨ᠎ᠡ ᠪᠠᠷ ᠨᠡᠮᠡᠭᠳᠡᠬᠦᠯᠦᠨ᠎ᠡ᠃ | ᠵᠣᠭᠠᠴᠠᠯ ᠤᠨ ᠬᠦᠷᠢᠶᠡᠯᠡᠩ ᠤᠨ ᠦᠷᠭᠡᠨ ᠲᠠᠯᠠᠪᠣᠷ ᠤᠨ ᠪᠡᠶ᠎ᠡ ᠲᠠᠮᠢᠷ ᠤᠨ ᠪᠣᠯᠪᠠᠰᠣᠷᠠᠯ ᠤᠨ ᠲᠣᠨᠤᠭ ᠲᠦᠬᠦᠬᠡᠷᠣᠮᠵᠢ ᠶᠢ ᠲᠦᠬᠦᠷᠵᠢᠬᠦᠯᠦᠨ᠂ ᠣᠯᠠᠨ ᠲᠦᠮᠡᠨ ᠤ | ᠰᠡᠯᠡᠬᠦᠴᠡᠯ ᠤᠨ ᠪᠡᠶ᠎ᠡ ᠪᠣᠯᠪᠠᠰᠣᠷᠠᠭᠤᠯᠬᠤ ᠱᠠᠭᠠᠷᠳᠠᠯᠭ᠎ᠠ ᠶᠢ ᠬᠠᠩᠭᠠᠨ᠎ᠠ᠃ ᠵᠡᠭᠡᠯᠢ ᠶᠢᠨ ᠦᠵᠡᠮᠵᠢ ᠶᠢ ᠵᠠᠰᠠᠬᠤ ᠢᠨᠵᠧᠨᠧᠷᠢᠩ᠃ ᠭᠠᠵᠠᠷ ᠰᠢᠷᠣᠢ᠂ ᠭᠠᠶᠢᠯᠢ | ᠬᠤᠷᠢᠶᠠᠬᠤ᠂ ᠡᠳ᠋ ᠤᠨ ᠵᠠᠰᠠᠭ ᠤᠨ ᠲᠦᠷᠣ ᠶᠢᠨ ᠪᠣᠳᠣᠯᠭ᠎ᠠ ᠶᠢᠨ ᠬᠦᠰᠢᠬᠦᠷᠭᠡ ᠶᠢᠨ ᠦᠢᠯᠡᠳᠣᠯ ᠢ ᠶᠡᠷᠣᠩᠭᠡᠢ ᠳᠤᠨᠢ ᠭᠡᠷᠡᠭᠯᠡᠨ᠂ ᠨᠡᠶᠢᠬᠡᠮ ᠤᠨ ᠡᠳ᠋ ᠬᠦᠷᠣᠩᠭᠡ ᠶᠢ | ᠲᠠᠲᠠᠨ ᠯᠢᠨ ᠬᠠᠢ ᠶᠢᠨ ᠡᠷᠲᠡᠨ ᠤ ᠬᠢ ᠶᠢ ᠳᠠᠭᠤᠷᠢᠶᠠᠭᠰᠠᠨ ᠵᠡᠬᠡᠯᠢ ᠶᠢᠨ ᠣᠷᠣᠨ ᠤ ᠪᠦᠳᠣᠭᠡᠨ ᠪᠠᠶᠢᠭᠤᠯᠣᠯᠲᠠ ᠶᠢ ᠲᠡᠭᠦᠯᠳᠡᠷᠵᠢᠬᠦᠯᠦᠨ᠂ ᠭᠠᠵᠠᠷ ᠣᠷᠣᠨ ᠤ | ᠣᠨᠴᠠᠯᠢᠭ ᠲᠠᠢ ᠪᠠᠷᠢᠯᠭ᠎ᠠ ᠶᠢᠨ ᠳᠦᠷᠢ ᠳᠦᠷᠰᠥ ᠶᠢ ᠪᠣᠢ ᠪᠣᠯᠭᠠᠨ᠎ᠠ᠃ ᠠᠵᠣ ᠠᠬᠤᠢ ᠶᠢᠨ ᠬᠡᠷᠡᠭᠴᠡᠭᠡ ᠲᠠᠢ᠂ ᠡᠨᠧᠷᠬᠢ ᠠᠷᠪᠢᠯᠠᠬᠤ ᠣᠷᠴᠢᠨ ᠲᠣᠭᠤᠷᠢᠨ ᠤ | ᠬᠠᠮᠠᠭᠠᠯᠠᠯᠲᠠ ᠲᠠᠢ᠂ ᠳᠦᠬᠦᠮ ᠠᠪᠰᠠᠷᠬᠠᠨ ᠪᠠᠶᠢᠳᠠᠯ ᠢ ᠳᠣᠪᠣᠶᠢᠯᠭᠠᠨ᠂ ᠬᠤᠲᠠ ᠶᠢᠨ ᠦᠩᠭᠡ ᠦᠵᠡᠮᠵᠢ ᠶᠢᠨ ᠲᠦᠯᠦᠪ ᠤᠨ ᠲᠣᠭᠲᠠᠯᠴᠠᠭ᠎ᠠ ᠶᠢ ᠰᠢᠨᠵᠢᠯᠡᠬᠦ | ᠣᠬᠠᠭᠠᠨᠴᠢ ᠪᠠᠷ ᠲᠦᠯᠦᠪᠯᠡᠨ᠂ ᠵᠡᠭᠡᠯᠢ ᠶᠢᠨ ᠦᠩᠭᠡ ᠠᠰᠠᠷ ᠤᠨ ᠪᠦᠳᠣᠴᠠ ᠶᠢ ᠭᠡᠷᠡᠯᠳᠣᠬᠦᠯᠬᠦ ᠶᠢ ᠳᠦᠷᠢᠮᠵᠢᠭᠦᠯᠦᠨ᠂ ᠬᠤᠲᠠ ᠶᠢᠨ ᠦᠩᠭᠡ ᠪᠠᠶᠢᠳᠠᠯ ᠢ | ᠳᠡᠭᠡᠭᠰᠢᠯᠡᠭᠦᠯᠦᠨ᠎ᠡ᠃ ᠠᠭᠠᠷ ᠳᠡᠭᠡᠷᠡᠬᠢ ᠣᠲᠠᠰᠣᠨ ᠵᠠᠮ ᠢ ᠵᠠᠰᠠᠬᠤ ᠶᠢ ᠪᠦᠬᠦ ᠲᠠᠯ᠎ᠠ ᠪᠠᠷ ᠡᠬᠢᠯᠡᠬᠦᠯᠦᠨ᠂ ᠬᠡᠰᠡᠭ ᠬᠤᠪᠢᠶᠠᠨ ᠡᠯ᠎ᠡ ᠲᠦᠷᠦᠯ ᠤᠨ ᠠᠭᠠᠷ ᠳᠡᠭᠡᠷᠡᠬᠢ | ᠣᠲᠠᠰᠣᠨ ᠵᠠᠮ ᠢ ᠭᠠᠵᠠᠷ ᠲᠤ ᠣᠷᠣᠭᠤᠯᠬᠤ ᠶᠢ ᠠᠬᠢᠭᠤᠯᠣᠨ᠂ ᠵᠢᠯ ᠤᠨ ᠲᠣᠲᠣᠷ᠎ᠠ ᠭᠤᠣᠯᠳᠠᠯᠭ᠎ᠠ ᠲᠠᠢ ᠭᠠᠵᠠᠷ ᠤᠨ ︽ᠬᠤᠲᠠ ᠶᠢᠨ ᠲᠣᠣᠷᠵᠢᠯ︾ ᠢ | ᠦᠨᠳᠣᠰᠣᠨ ᠳᠡᠭᠡᠨ ᠦᠬᠡᠶᠢᠰᠬᠡᠨ᠎ᠡ᠃ ᠦᠩᠭᠡᠨ ᠲᠠᠯ᠎ᠠ ᠶᠢ ᠰᠡᠯᠪᠢᠨ ᠵᠠᠰᠠᠬᠤ᠂ ᠨᠣᠭᠤᠭᠠᠷᠠᠭᠤᠯᠬᠤ᠂ ᠭᠡᠷᠡᠯᠳᠣᠬᠦᠯᠬᠦ ᠵᠡᠷᠭᠡ ᠬᠡᠯᠪᠡᠷᠢ ᠪᠠᠷ ᠲᠡᠣᠬᠡ᠂ ᠭᠠᠵᠠᠷ ᠣᠷᠣᠨ᠂ | ᠦᠨᠳᠣᠰᠣᠳᠠᠨ ᠵᠡᠷᠭᠡ ᠡᠯᠧᠮᠧᠨᠲ ᠢ ᠵᠡᠬᠡᠯᠢ ᠶᠢᠨ ᠳᠦᠷᠢ ᠳᠦᠷᠰᠣ ᠶᠢ ᠵᠠᠰᠠᠬᠤ ᠳᠤ ᠣᠷᠣᠭᠤᠯᠵᠣ᠂ ᠳ᠋ᠦᠩ ᠹᠧᠩ ᠶᠡᠭᠡ ᠵᠡᠭᠡᠯᠢ᠂ ᠦᠨᠳᠣᠰᠣᠲᠡᠨ ᠤ ᠵᠠᠮ᠂ | ᠵᠡᠬᠡᠯᠢ ᠶᠢᠨ ᠦᠨᠴᠦᠭ ᠤᠨ ᠲᠠᠯᠠᠪᠣᠷ ᠵᠡᠷᠭᠡ ᠭᠤᠣᠯ ᠵᠠᠭᠡᠯᠢ ᠶᠢᠨ ᠵᠠᠮ ᠪᠠ ᠭᠤᠣᠯᠳᠠᠯᠭ᠎ᠠ ᠲᠠᠢ ᠣᠷᠣᠨ ᠢ ᠵᠠᠰᠠᠨ ᠴᠡᠭᠴᠡᠯᠡᠬᠦ ᠶᠢ ᠪᠡᠶᠡᠯᠡᠬᠦᠯᠦᠨ᠂ ᠬᠤᠳᠠ ᠶᠢᠨ | ᠰᠣᠶᠣᠯ ᠤᠨ ᠠᠭᠤᠯᠬᠤᠨ ᠶᠢ ᠲᠡᠭᠡᠭᠰᠢᠯᠡᠬᠦᠯᠦᠨ᠂ ᠭᠤᠸ᠎ᠠ ᠦᠵᠡᠰᠬᠦᠯᠡᠩ ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ | ︵ᠬᠤᠶᠠᠷ︶ ᠬᠤᠳᠠ ᠶᠢᠨ ᠰᠠᠭᠤᠬᠤ ᠭᠡᠷ ᠤᠨ ᠪᠠᠳᠤᠯᠠᠭ᠎ᠠ ᠶᠢ ᠴᠢᠩᠭᠠᠳᠬᠠᠨ᠎ᠠ᠃ ᠬᠠᠭᠤᠴᠢᠨ ᠬᠤᠳᠠ ᠲᠣᠭᠤᠷᠢᠭ ᠳᠤ ᠭᠤᠣᠯᠳᠠᠭᠤ ᠪᠣᠷᠣ ᠭᠡᠷᠳᠣ | ᠣᠷᠣᠨ ᠢ ᠦᠭᠡᠷᠡᠴᠢᠯᠡᠬᠦ᠂ ᠲᠡᠭᠰᠢ ᠣᠷᠣᠨᠳᠣ ᠪᠠᠶᠢᠰᠢᠩ ᠢ ᠶᠡᠷᠦᠩᠬᠡᠶᠢᠯᠡᠨ ᠵᠠᠰᠠᠬᠤ᠂ ᠣᠷᠣᠨ ᠰᠠᠭᠤᠴᠠ ᠶᠢᠨ ᠪᠠᠷᠢᠯᠭ᠎ᠠ ᠶᠢ ᠡᠨᠧᠷᠬᠢ ᠠᠷᠪᠢᠯᠠᠨ ᠵᠠᠰᠠᠬᠤ ᠪᠠᠷ | ᠭᠤᠣᠯ ᠪᠣᠯᠭᠠᠬᠤ ᠠᠴᠠ ᠭᠠᠳᠠᠨ᠎ᠠ ᠣᠯᠠᠨ ᠲᠦᠮᠡᠨ ᠤ ᠣᠷᠣᠨ ᠰᠠᠭᠤᠷᠢᠰᠢᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠣᠨ᠎ᠠ ᠃ ᠪᠣᠭᠤᠳᠣ ᠠᠴᠠ | ᠶᠢᠨᠴᠦᠸᠠᠨ ᠬᠦᠷᠬᠦ ᠦᠨᠳᠦᠷ ᠬᠤᠷᠳᠤᠴᠠᠳᠤ ᠲᠡᠮᠦᠷ ᠵᠠᠮ ᠤᠨ ᠪᠦᠳᠦᠭᠡᠨ ᠪᠠᠶᠢᠭᠤᠯᠣᠯᠳᠠ ᠲᠠᠢ ᠣᠶᠠᠯᠳᠣᠭᠠᠯᠣᠨ ᠣᠶᠢᠷ᠎ᠠ ᠬᠠᠪᠢ ᠳᠤᠨᠢ ᠲᠦᠪᠬᠢᠨᠡᠬᠦᠯᠬᠦ ᠵᠠᠷᠴᠢᠮ ᠢᠶᠠᠷ | ᠂ ᠪᠣᠭᠤᠳᠣ ᠠᠴᠠ ᠯᠠᠨᠵᠸᠣ ᠬᠦᠷᠬᠦ ᠲᠡᠮᠦᠷ ᠵᠠᠮ ᠤᠨ ᠲᠠᠭᠠᠣ᠂ ᠡᠮᠦᠨ᠎ᠡ ᠲᠣᠭᠤᠷᠢᠭᠤᠯ ᠵᠠᠮ᠂ ᠮᠢᠨ ᠰᠢᠩ ᠦᠷᠭᠡᠨ ᠲᠠᠯᠠᠪᠣᠷ ᠣᠶᠢᠷᠠᠯᠴᠠᠭ᠎ᠠ ᠪᠠ ᠵᠢᠶᠠᠩ ᠪᠦᠸᠧ | ᠵᠠᠮ ᠠᠴᠠ ᠡᠮᠦᠨᠡᠰᠢᠬᠢ ᠭᠠᠵᠠᠷ ᠤᠨ ᠪᠣᠷᠣ ᠭᠡᠷᠳᠦ ᠣᠷᠣᠨ ᠤ ᠦᠭᠡᠷᠡᠴᠢᠯᠡᠯᠳᠡ ᠶᠢᠨ ᠲᠦᠷᠦᠯ ᠵᠦᠢᠯ ᠢ ᠢᠳᠡᠪᠬᠢᠳᠠᠢ ᠠᠬᠢᠭᠤᠯᠣᠨ᠎ᠠ᠃ ᠬᠠᠭᠤᠴᠢᠨ ᠵᠢᠵᠢᠭ | ᠲᠣᠭᠤᠷᠢᠭ ᠤᠨ ᠦᠭᠡᠷᠡᠴᠢᠯᠡᠯᠳᠡ ᠶᠢᠨ ᠢᠨᠵᠧᠨᠧᠷᠢᠩ ᠢ ᠲᠦᠷᠭᠡᠳᠭᠡᠨ ᠠᠬᠢᠭᠤᠯᠵᠣ᠂ ᠬᠤᠭᠤᠯᠠᠢ ᠶᠢᠨ ᠲᠣᠣᠷᠵᠢᠯ ᠤᠨ ᠬᠠᠭᠤᠴᠢᠷᠠᠬᠤ᠂ ᠲᠣᠯᠠᠭᠠᠨ ᠢ ᠪᠠᠳᠣᠯᠠᠬᠤ | ᠲᠦᠬᠦᠭᠡᠷᠦᠮᠵᠢ ᠶᠢᠨ ᠵᠣᠬᠢᠰ ᠦᠭᠡᠢ ᠵᠡᠷᠭᠡ ᠠᠰᠠᠭᠤᠳᠠᠯ ᠢ ᠦᠨᠡᠨᠬᠦ ᠰᠠᠶᠢᠳᠣᠷ ᠰᠢᠢᠳᠪᠦᠷᠢᠯᠠᠨ᠂ ᠵᠢᠵᠢᠭ ᠲᠣᠭᠤᠷᠢᠭ ᠤᠨ ᠪᠦᠬᠦᠶᠢᠯᠡ ᠴᠣᠭᠴᠠ ᠶᠢᠨ ᠣᠷᠣᠰᠢᠨ | ᠰᠠᠭᠤᠬᠤ ᠬᠢᠷᠢ ᠬᠡᠮᠵᠢᠶ᠎ᠡ ᠶᠢ ᠲᠡᠭᠡᠭᠰᠢᠯᠡᠬᠦᠯᠣᠨᠡ᠃ ᠲᠦᠯᠦᠪᠵᠢᠭᠰᠡᠨ ᠦᠭᠡᠢ ᠭᠡᠷ ᠪᠠᠶᠢᠰᠢᠩ ᠤᠨ ᠦᠭᠡᠷᠡᠴᠢᠯᠠᠯᠳᠡ ᠪᠠ ᠬᠠᠭᠠᠯᠪᠣᠷᠢᠯᠠᠯᠳᠠ ᠶᠢᠨ ᠣᠷᠣᠨ ᠤ | ᠠᠶᠣᠯᠳᠣ ᠭᠡᠷ ᠪᠠᠶᠢᠰᠢᠩ ᠤᠨ ᠦᠭᠡᠷᠡᠴᠢᠯᠡᠯᠳᠡ ᠵᠡᠷᠭᠡ ᠲᠦᠷᠦᠯ ᠵᠦᠢᠯ ᠤᠨ ᠪᠡᠯᠡ ᠮᠦᠩᠬᠦ ᠶᠢ ᠨᠢᠭᠡᠳᠦᠬᠦᠯᠦᠨ᠂ ᠨᠢᠭᠡᠳᠦᠭᠡᠷ ᠲᠣᠮᠳᠠᠳᠣ ᠰᠣᠷᠭᠠᠭᠤᠯᠢ ᠶᠢᠨ ᠡᠮᠦᠨ᠎ᠡ | ᠲᠠᠯ᠎ᠠ ᠶᠢᠨ ᠪᠠᠶᠢᠰᠢᠩ ᠪᠠ ᠰᠢ ᠱᠠᠨ ᠽᠦᠢ ᠲᠡᠷᠢᠶᠡᠯᠡᠩ ᠤᠨ ᠲᠦᠷᠪᠡᠳᠦᠭᠡᠷ ᠬᠤᠪᠢᠶᠠᠷᠢ ᠲᠠᠯᠠᠪᠣᠷ᠂ ᠲᠠᠪᠣᠳᠣᠭᠠᠷ ᠬᠤᠪᠢᠶᠠᠷᠢ ᠲᠠᠯᠠᠪᠣᠷ ᠤᠨ ᠲᠦᠯᠦᠪᠵᠢᠭᠰᠡᠨ | ᠦᠭᠡᠢ ᠭᠡᠷ ᠪᠠᠶᠢᠰᠢᠩ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠭᠡᠷᠡᠭᠵᠢᠬᠦᠯᠦᠨ᠂ ᠪᠣᠷᠣ ᠭᠡᠷᠳᠣ ᠣᠷᠣᠨ ᠢ ᠲᠣᠰ ᠭᠠᠵᠠᠷ ᠲᠤᠨᠢ ᠦᠭᠡᠷᠡᠴᠢᠯᠡᠬᠦ ᠢ ᠪᠡᠶᠡᠯᠡᠬᠦᠯᠦᠨ᠎ᠡ ᠃ | ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠣᠯᠳᠠ ᠨᠢ ᠣᠯᠠᠨ ᠲᠦᠮᠡᠨ ᠤ ᠰᠠᠶᠢᠵᠢᠷᠠᠯᠳᠡ ᠴᠢᠨᠠᠷ ᠲᠠᠢ ᠣᠷᠣᠨ ᠰᠠᠭᠤᠴᠠ ᠶᠢᠨ ᠱᠠᠭᠠᠷᠳᠠᠯᠭ᠎ᠠ ᠲᠠᠢ ᠨᠡᠶᠢᠴᠡᠬᠦᠯᠦᠨ᠂ | ᠬᠤᠳᠠᠯᠳᠤᠭ᠎ᠠ ᠣᠷᠣᠨ ᠰᠠᠭᠤᠴᠠ ᠶᠢ ᠨᠢᠭᠡᠳᠭᠡᠭᠰᠡᠨ ᠠᠰᠠᠷ ᠤᠨ ᠨᠠᠭᠡᠭᠡᠯᠳᠡ ᠶᠢ ᠰᠢᠯᠢᠳᠡᠭᠵᠢᠬᠦᠯᠦᠨ ᠬᠦᠭᠵᠢᠬᠦᠯᠬᠦ ᠪᠣᠯᠭᠠᠨ ᠵᠢᠯᠣᠭᠤᠳᠣᠨ᠂ ᠢᠦᠢ ᠲᠠᠢ ᠰᠢᠨ᠎ᠡ | ᠬᠤᠳᠠ ᠵᠢᠩ ᠸᠧᠢ ᠴᠡᠴᠡᠷᠯᠢᠭ ᠵᠡᠷᠭᠡ ᠦᠨᠳᠦᠷ ᠶᠠᠰᠣ ᠴᠢᠨᠠᠷ ᠲᠠᠢ ᠰᠠᠭᠤᠭᠠᠯᠢ ᠠᠷᠠᠳ ᠤᠨ ᠲᠣᠭᠤᠷᠢᠭ ᠤᠨ ᠪᠦᠳᠦᠭᠡᠨ ᠪᠠᠶᠢᠭᠤᠯᠣᠯᠳᠠ ᠶᠢ ᠠᠬᠢᠭᠤᠯᠣᠨ᠎ᠠ᠃ ᠠᠳᠠᠯ | ᠦᠢᠯᠡᠰ ᠤᠨ ᠵᠠᠬ᠎ᠠ ᠲᠡᠯᠭᠡᠬᠦᠷ ᠢ ᠲᠦᠷᠢᠮᠵᠢᠬᠦᠯᠬᠦ ᠶᠢ ᠠᠬᠢᠭᠤᠯᠣᠨ᠂ ᠠᠳᠠᠯ ᠦᠢᠯᠡᠰ ᠤᠨ ᠦᠢᠯᠡᠴᠢᠯᠡᠭᠡ ᠶᠢ ᠲᠣᠰᠬᠠᠶᠢᠵᠠᠭᠤᠯᠣᠨ ᠬᠦᠭᠵᠢᠬᠦᠯᠬᠦ ᠶᠢ ᠠᠬᠢᠭᠤᠯᠣᠨ᠂ | ᠪᠣᠯᠪᠠᠰᠣᠨ ᠲᠣᠭᠤᠷᠢᠭ ᠢ ᠦᠨᠡᠯᠡᠨ ᠠᠳᠠᠯᠢᠳᠬᠠᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠦ ᠣᠯᠠᠨ ᠲᠦᠮᠡᠨ ᠳᠤ ᠬᠠᠯᠠᠭᠤᠨ ᠲᠣᠳᠣᠨᠣᠰᠤᠭ ᠭᠤᠶᠣ | ᠰᠠᠶᠢᠬᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠢᠷᠮᠠᠶᠢᠨ ᠡᠬᠦᠳᠴᠦ ᠦᠭᠬᠦᠨ᠎ᠡ᠃ | ︵ᠭᠤᠷᠪᠠ︶ ᠬᠤᠳᠠ ᠶᠢᠨ ᠬᠠᠮᠢᠶᠠᠷᠣᠯᠳᠠ ᠳᠤ ᠶᠡᠷᠦᠩᠬᠡᠶᠢᠯᠡᠭᠰᠡᠨ ᠬᠠᠣᠯᠢ ᠭᠡᠷᠡᠭᠵᠢᠬᠦᠯᠬᠦ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ ᠬᠤᠳᠠ ᠶᠢᠨ | ᠬᠠᠮᠢᠶᠠᠷᠣᠯᠳᠠ ᠶᠢᠨ ᠬᠠᠣᠯᠢ ᠭᠡᠷᠡᠭᠵᠢᠬᠦᠯᠬᠦ᠂ ᠲᠣᠳᠣᠭᠠᠳᠣ ᠶᠢ ᠬᠠᠮᠠᠭᠠᠯᠠᠬᠤ ᠨᠢ ᠬᠠᠣᠯᠢ ᠬᠠᠮᠠᠭᠠᠯᠠᠬᠤ᠂ ᠰᠢᠬᠦᠬᠦ ᠬᠤᠷᠢᠶ᠎ᠠ ᠬᠠᠣᠯᠢ ᠭᠡᠷᠡᠭᠵᠢᠬᠦᠯᠬᠦ᠂ ᠭᠤᠷᠪᠠᠨ | ᠡᠳᠡᠭᠡᠳ ᠬᠤᠯᠪᠣᠭᠠᠯᠠᠨ ᠬᠦᠳᠡᠯᠦᠯᠴᠡᠬᠦ ᠬᠠᠣᠯᠢ ᠭᠡᠷᠡᠭᠯᠡᠬᠦ ᠵᠣᠬᠢᠴᠠᠮᠵᠢ ᠶᠢ ᠪᠠᠶᠢᠭᠤᠯᠣᠨ ᠲᠡᠬᠦᠯᠳᠡᠷᠵᠢᠬᠦᠯᠵᠦ ᠂ ᠬᠤᠳᠠ ᠶᠢᠨ ᠶᠡᠷᠦᠩᠬᠡᠶᠢᠯᠡᠨ ᠵᠠᠰᠠᠬᠤ ᠬᠠᠮᠢᠶᠠᠷᠣᠯᠳᠠ | ᠶᠢᠨ ᠦᠷ᠎ᠡ ᠪᠦᠳᠦᠮᠵᠢ ᠲᠡᠭᠡᠭᠰᠢᠯᠡᠪᠡ᠃ ᠬᠤᠳᠠ ᠪᠠᠯᠭᠠᠰᠤᠨ ᠤ ᠶᠡᠷᠦᠩᠭᠡᠢ ᠲᠦᠯᠦᠪᠵᠢᠬᠦᠯᠭᠡ ᠪᠠ ᠡᠯ᠎ᠡ ᠵᠦᠢᠯ ᠤᠨ ᠲᠣᠰᠬᠠᠢ ᠲᠦᠷᠦᠯ ᠤᠨ ᠲᠦᠯᠦᠪᠯᠡᠭᠡ ᠪᠠ | ᠡᠯ᠎ᠡ ᠵᠦᠢᠯ ᠤᠨ ᠲᠣᠰᠬᠠᠢ ᠲᠦᠷᠦᠯ ᠤᠨ ᠲᠦᠯᠦᠪᠵᠢᠬᠦᠯᠭᠡ ᠶᠢᠨ ᠬᠦᠢᠴᠡᠳᠭᠡᠯ ᠢ ᠰᠠᠶᠢᠳᠣᠷ ᠠᠳᠬᠤᠨ᠂ ᠬᠤᠳᠠᠯᠳᠤᠭ᠎ᠠ ᠣᠷᠣᠨ ᠰᠠᠭᠤᠴᠠ ᠶᠢ ᠨᠢᠭᠡᠳᠦᠬᠦᠯᠦᠭᠰᠡᠨ | ᠠᠰᠢᠭᠯᠠᠯᠳᠠ ᠶᠢ ᠲᠦᠯᠦᠪᠵᠢᠬᠦᠯᠦᠨ ᠬᠢᠨᠠᠨ ᠵᠦᠪᠰᠢᠶᠡᠷᠡᠬᠦ ᠠᠴᠠ ᠠᠵᠢᠯ ᠲᠠᠭᠤᠰᠴᠣ ᠰᠢᠯᠭᠠᠨ ᠬᠤᠷᠢᠶᠠᠬᠤ ᠶᠠᠪᠣᠴᠠ ᠬᠦᠷᠳᠡᠯᠡᠬᠢ ᠶᠠᠪᠣᠴᠠ ᠳᠤ ᠬᠢᠨᠠᠯᠳᠠ | ᠬᠠᠮᠢᠶᠠᠷᠤᠯᠳᠠ ᠶᠢ ᠴᠢᠩᠭᠠᠳᠬᠠᠨ᠂ ᠡᠯ᠎ᠡ ᠬᠤᠭᠤᠴᠠᠭᠠᠨ ᠳᠠᠬᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ ᠨᠠᠷᠢᠯᠢᠭᠵᠢᠭᠤᠯᠵᠣ᠂ ᠬᠠᠷᠢᠭᠤᠴᠠᠯᠭ᠎ᠠ | ᠶᠢ ᠨᠠᠭᠡᠮᠵᠢᠯᠡᠬᠦ ᠲᠦᠷᠢᠮ ᠢ ᠪᠠᠶᠢᠭᠤᠯᠣᠨ ᠲᠡᠬᠦᠯᠳᠡᠷᠵᠢᠬᠦᠯᠵᠦ᠂ ᠨᠢᠭᠡ ᠪᠠᠶᠢᠰᠢᠩ ᠢ ᠣᠯᠠᠨ ᠬᠤᠳᠠᠯᠳᠣᠬᠤ᠂ ᠪᠠᠷᠢᠯᠭ᠎ᠠ ᠶᠢᠨ ᠶᠠᠰᠣ ᠴᠢᠨᠠᠷ ᠵᠡᠷᠭᠡ ᠠᠰᠠᠭᠤᠳᠠᠯ ᠤᠨ | ᠢᠯᠡᠷᠡᠬᠦ ᠶᠢ ᠢᠷᠡᠯᠳᠡ ᠠᠴᠠ ᠰᠡᠷᠭᠡᠶᠢᠯᠡᠨ᠂ ᠭᠡᠷ ᠪᠠᠶᠢᠰᠢᠩ ᠬᠤᠳᠠᠯᠳᠣᠨ ᠠᠪᠬᠤ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ᠵᠠᠮ | ᠡᠵᠡᠯᠡᠨ ᠡᠵᠡᠩᠨᠡᠬᠦ᠂ ᠬᠤᠳᠠ ᠶᠢᠨ ᠲᠠᠭᠤ ᠱᠣᠣᠬᠢᠶᠠᠨ ᠵᠡᠷᠭᠡ ᠲᠣᠪᠣᠶᠢᠮ᠎ᠠ ᠠᠰᠠᠭᠤᠳᠠᠯ ᠢ ᠶᠡᠭᠡᠪᠡᠷ ᠰᠢᠢᠳᠪᠦᠷᠢᠯᠡᠵᠦ᠂ ᠬᠤᠳᠠ ᠶᠢᠨ ᠬᠠᠮᠢᠶᠠᠷᠣᠯᠳᠠ ᠶᠢ | ᠲᠣᠣᠷᠵᠢᠭᠤᠯᠬᠤ᠂ ᠤᠶᠤᠨᠴᠢᠯᠠᠬᠤ᠂ ᠬᠦᠮᠦᠨᠴᠢᠯᠡᠬᠦ ᠵᠦᠭ ᠬᠦᠭᠵᠢᠬᠦᠯᠬᠦ ᠶᠢ ᠠᠬᠢᠭᠤᠯᠣᠨ᠎ᠠ᠃ ᠵᠢᠯᠣᠭᠤᠳᠬᠤ ᠪᠠ ᠵᠣᠭᠰᠣᠭᠠᠬᠤ ᠢ ᠣᠶᠠᠯᠳᠣᠭᠤᠯᠬᠤ ᠶᠢ | ᠪᠠᠷᠢᠮᠳᠠᠯᠠᠨ ᠠᠷᠠᠳ ᠲᠤ ᠲᠦᠬᠦᠮ ᠦᠵᠡᠬᠦᠯᠬᠦ ᠵᠠᠬ᠎ᠠ ᠲᠡᠯᠭᠡᠬᠦᠷ ᠢ ᠵᠦᠢ ᠵᠣᠬᠢᠰᠳᠠᠢ ᠲᠦᠯᠦᠪᠵᠢᠬᠦᠯᠦᠨ ᠪᠠᠶᠢᠭᠤᠯᠵᠣ᠂ ᠨᠠᠶᠢᠳᠡ ᠶᠢᠨ ᠠᠰᠠᠷᠠᠮᠵᠢ ᠶᠢᠨ ᠪᠤᠯᠤᠩ | ᠵᠡᠷᠭᠡ ᠣᠯᠠᠨ ᠨᠡᠶᠢᠳᠡ ᠶᠢᠨ ᠲᠦᠬᠦᠭᠡᠷᠦᠮᠵᠢ ᠶᠢ ᠰᠢᠨᠵᠢᠯᠡᠬᠦ ᠣᠬᠠᠭᠠᠨᠴᠢ ᠪᠠᠷ ᠲᠣᠬᠢᠷᠠᠭᠤᠯᠣᠨ ᠮᠠᠰᠢᠨ ᠲᠡᠷᠭᠡ ᠰᠡᠯᠪᠢᠨ ᠵᠠᠰᠠᠬᠤ᠂ ᠨᠡᠬᠦᠷᠡᠰᠦ ᠬᠤᠳᠠᠯᠳᠣᠬᠤ ᠵᠡᠷᠭᠡ | ᠭᠠᠵᠠᠷ ᠢ ᠬᠤᠳᠠ ᠶᠢᠨ ᠬᠠᠮᠢᠶᠠᠷᠣᠯᠳᠠ ᠳᠤ ᠣᠷᠣᠭᠤᠯᠵᠣ᠂ ᠲᠦᠪᠯᠡᠷᠡᠬᠦᠯᠦᠨ ᠡᠵᠡᠩᠨᠡᠬᠦᠯᠵᠦ᠂ ᠲᠦᠷᠢᠮᠵᠢᠬᠦᠯᠦᠨ ᠬᠠᠮᠢᠶᠠᠷᠣᠯᠳᠠ ᠬᠢᠨ᠎ᠡ᠃ ᠬᠤᠳᠠ ᠶᠢᠨ ᠪᠣᠯᠪᠠᠰᠣᠨ | ᠤ ᠰᠣᠷᠭᠠᠨ ᠬᠦᠮᠦᠵᠢᠯ ᠢ ᠦᠷᠨᠢᠬᠦᠯᠵᠦ᠂ ᠡᠵᠡᠨ ᠬᠦᠮᠦᠨ ᠤ ᠲᠠᠨᠢᠯᠳᠡ ᠶᠢ ᠴᠢᠩᠭᠠᠳᠬᠠᠨ᠂ ᠬᠤᠳᠠ ᠶᠢᠨ ᠨᠠᠷᠢᠯᠢᠭᠵᠢᠭᠰᠡᠨ ᠬᠠᠮᠢᠶᠠᠷᠣᠯᠳᠠ ᠶᠢ ᠬᠦᠮᠦᠰ ᠤᠨ | ᠰᠡᠳᠬᠢᠯ ᠳᠤ ᠬᠠᠳᠠᠩᠰᠢᠭᠤᠯᠵᠣ᠂ ᠬᠠᠮᠳᠣᠪᠠᠷ ᠪᠠᠶᠢᠭᠤᠯᠣᠨ ᠬᠠᠮᠳᠣᠪᠠᠷ ᠬᠠᠮᠢᠶᠠᠷᠴᠣ ᠬᠤᠳᠠ ᠶᠢᠨ ᠰᠣᠶᠣᠯ ᠤᠨ ᠣᠷᠴᠢᠨ ᠲᠣᠭᠤᠷᠢᠨ ᠢ ᠪᠦᠢ ᠪᠣᠯᠭᠠᠨ᠎ᠠ᠃ | ᠲᠠᠪᠤ᠂ ᠣᠳᠣᠬᠢᠴᠢᠯᠠᠭᠰᠠᠨ ᠦᠢᠯᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠬᠦᠯᠵᠦ᠂ ᠠᠵᠣ ᠠᠬᠤᠢ ᠶᠢᠨ ᠦᠰᠦᠯᠳᠡ ᠶᠢᠨ ᠰᠢᠨ᠎ᠡ ᠢᠷᠡᠯᠳᠡ ᠶᠢ | ᠬᠦᠮᠦᠵᠢᠭᠦᠯᠦᠨ᠎ᠡ | ︵ᠨᠢᠭᠡ︶ ᠵᠣᠭᠠᠴᠠᠯ ᠤᠨ ᠦᠢᠯᠡᠰ ᠢ ᠲᠤᠪᠤᠶᠢᠯᠭᠠᠨ ᠬᠦᠭᠵᠢᠬᠦᠯᠦᠨ᠎ᠡ᠃ ᠪᠦᠬᠦ ᠭᠡᠪᠴᠢᠶᠡᠨ ᠤ ᠵᠣᠭᠠᠴᠠᠯ᠂ ᠲᠦᠷᠪᠡᠨ ᠣᠯᠠᠷᠢᠯ ᠤᠨ ᠵᠠᠭᠠᠴᠠᠯ ᠢ ᠴᠢᠷᠮᠠᠶᠢᠨ | ᠬᠦᠭᠵᠢᠬᠦᠯᠵᠦ᠂ ᠵᠣᠭᠠᠴᠠᠯ ᠤᠨ ᠦᠵᠡᠮᠵᠢ ᠶᠢᠨ ᠣᠷᠣᠨ ᠤ ᠶᠠᠰᠣ ᠴᠢᠨᠠᠷ ᠢ ᠲᠡᠭᠡᠭᠰᠢᠯᠡᠭᠦᠯᠦᠨ᠂ ᠵᠣᠭᠠᠴᠠᠯ ᠤᠨ ᠦᠢᠯᠡᠰ ᠤᠨ ᠬᠡᠯᠪᠡᠷᠢ ᠪᠠᠨ ᠦᠭᠡᠷᠡᠴᠢᠯᠡᠨ ᠲᠡᠰ | ᠲᠠᠪᠠᠭ᠋ᠣ ᠶᠢ ᠠᠬᠢᠭᠤᠯᠣᠨ᠂ ᠮᠠᠨ ᠤ ᠬᠤᠰᠢᠭᠤ ᠪᠠᠨ ᠦᠪᠡᠷᠳᠡᠭᠡᠨ ᠵᠠᠰᠠᠬᠤ ᠣᠷᠣᠨ ᠤ ᠪᠠᠷᠠᠭᠤᠨᠣᠷᠣᠨ ᠤ ᠭᠤᠣᠯᠳᠠᠯᠭ᠎ᠠ ᠲᠠᠢ ᠵᠣᠭᠠᠴᠠᠯ ᠤᠨ ᠣᠷᠣᠨ ᠪᠣᠯᠭᠠᠬᠤ ᠪᠠᠷ | ᠴᠢᠷᠮᠠᠶᠢᠨ᠎ᠠ᠃ ᠡᠩ ᠲᠡᠷᠢᠬᠦᠨ ᠳᠤ ᠬᠠᠮᠠᠭᠠᠯᠠᠨ᠂ ᠵᠦᠢ ᠵᠣᠬᠢᠰᠳᠠᠢ ᠨᠠᠭᠡᠭᠡᠬᠦ ᠶᠢ ᠪᠠᠷᠢᠮᠳᠠᠯᠠᠨ᠂ ᠨᠠᠷᠠ ᠲᠦᠷᠦᠳᠣ ᠵᠣᠭᠠᠴᠠᠯ ᠤᠨ ᠠᠵᠣ ᠠᠬᠤᠶᠢᠯᠠᠯ ᠢ ᠲᠠᠳᠠᠨ | ᠣᠷᠣᠭᠤᠯᠵᠣ᠂ ᠣᠯᠢᠶᠠᠰᠣ ᠨᠠᠭᠤᠷ᠂ ᠣᠷᠪᠣᠭ ᠤᠨ ᠲᠠᠯ᠎ᠠ ᠨᠣᠳᠤᠭ ᠤᠨ ᠰᠣᠶᠣᠯ ᠵᠡᠷᠭᠡ ᠭᠤᠣᠯᠳᠠᠯᠭ᠎ᠠ ᠲᠠᠢ ᠵᠣᠭᠠᠴᠠᠯ ᠤᠨ ᠲᠦᠷᠦᠯ ᠵᠦᠢᠯ ᠢ ᠠᠬᠢᠭᠤᠯᠵᠣ᠂ | ᠬᠠᠳᠣᠨ ᠭᠤᠣᠯ ᠤᠨ ᠵᠠᠩ ᠠᠭᠠᠯᠢ ᠶᠢᠨ ᠵᠣᠭᠠᠴᠠᠯ ᠤᠨ ᠪᠦᠳᠦᠭᠡᠨ ᠪᠠᠶᠢᠭᠤᠯᠣᠯᠳᠠ ᠶᠢ ᠠᠬᠢᠭᠤᠯᠣᠨ᠂ ᠠᠭᠤᠯᠠ᠂ ᠣᠰᠣ᠂ ᠲᠠᠯ᠎ᠠ ᠨᠣᠳᠤᠭ ᠢ ᠪᠦᠷᠢᠯᠳᠦᠬᠦᠯᠦᠭᠰᠡᠨ | ᠵᠣᠭᠠᠴᠠᠯ ᠤᠨ ᠣᠷᠣᠨ ᠢ ᠪᠦᠬᠦᠶᠢᠯᠡ ᠳᠤᠨᠢ ᠪᠦᠳᠦᠭᠡᠨ ᠪᠠᠶᠢᠭᠤᠯᠣᠨ᠎ᠠ᠃ ᠰᠢᠶᠠᠩ ᠲᠣᠰᠬᠤᠨ ᠢ ᠬᠦᠭᠵᠢᠬᠦᠯᠬᠦ ᠪᠠᠶᠢᠯᠳᠣᠬᠤ ᠪᠣᠳᠣᠯᠭ᠎ᠠ ᠲᠠᠢ ᠣᠶᠠᠯᠳᠣᠭᠤᠯᠣᠨ᠂ | ᠬᠦᠬᠡᠬᠤᠳᠠ ᠪᠣᠭᠤᠳᠣ ᠣᠷᠳᠣᠰ ᠶᠢᠨ ᠭᠡᠷᠡᠭᠯᠡᠭᠡᠨ ᠤ ᠪᠦᠯᠬᠦᠮ ᠢ ᠴᠢᠩᠭ᠎ᠠ ᠠᠩᠬᠠᠷᠴᠣ᠂ ᠣᠶᠢᠯᠠᠭᠠᠭᠤᠯᠬᠤ ᠮᠠᠶ᠋ᠢᠭ ᠤᠨ ᠰᠢᠶᠠᠩ ᠲᠣᠰᠬᠤᠨ ᠤ ᠰᠡᠯᠡᠬᠦᠴᠡᠯ ᠤᠨ | ᠵᠣᠭᠠᠴᠠᠯ ᠢ ᠶᠡᠭᠡᠪᠡᠷ ᠬᠦᠭᠵᠢᠬᠦᠯᠦᠨ᠎ᠡ᠃ ᠣᠷᠠᠳ ᠠᠶᠢᠮᠠᠭ᠂ ᠬᠦᠩ ᠲᠢᠶᠠᠨ ᠲᠣᠰᠬᠤᠨ ᠤ ᠣᠯᠠᠨ ᠶᠡᠩᠵᠣ ᠶᠢᠨ ᠵᠤᠭ᠎ᠠ ᠴᠠᠩᠭᠡᠯ ᠤᠨ ᠲᠦᠷᠦᠯ ᠵᠦᠢᠯ ᠢ ᠲᠠᠮᠵᠢᠨ | ᠵᠢᠯᠤᠭᠤᠳᠴᠤ᠂ ᠵᠣᠭᠠᠴᠢᠳ ᠢ ᠬᠦᠯᠢᠶᠡᠨ ᠠᠪᠬᠤ ᠴᠢᠳᠠᠪᠣᠷᠢ ᠶᠢ ᠲᠡᠭᠡᠭᠰᠢᠯᠡᠬᠦᠯᠦᠨ᠎ᠡ᠃ ᠬᠠᠩ ᠲᠢᠶᠠᠨ ᠵᠢᠵᠢᠭ ᠪᠠᠯᠭᠠᠰᠣ ᠶᠢᠨ ᠪᠦᠳᠦᠭᠡᠨ ᠪᠠᠶᠢᠭᠤᠯᠣᠯᠳᠠ ᠶᠢ | ᠡᠬᠢᠯᠡᠬᠦᠯᠦᠨ ᠪᠡᠶᠡᠯᠡᠬᠦᠯᠵᠦ᠂ ᠴᠡᠷᠢᠭ ᠠᠷᠠᠳ ᠤᠨ ᠠᠭᠤᠰᠣᠯᠴᠠᠨ ᠬᠦᠭᠵᠢᠬᠦ ᠶᠢ ᠠᠬᠢᠭᠤᠯᠣᠨ᠎ᠠ᠃ ᠵᠣᠣ ᠣᠯᠣᠰ ᠴᠢᠨ ᠣᠯᠣᠰ ᠤᠨ ᠣᠷᠳᠣ ᠴᠠᠭᠠᠨ ᠭᠡᠷᠡᠮ᠂ | ᠮᠣᠨᠠ ᠠᠭᠤᠯᠠ ᠶᠢᠨ ᠬᠠᠳᠠᠨ ᠵᠢᠷᠤᠭ ᠵᠡᠷᠭᠡ ᠲᠡᠣᠭᠡ ᠶᠢᠨ ᠦᠯᠡᠳᠡᠭᠳᠡᠯ ᠢ ᠬᠠᠮᠠᠭᠠᠯᠠᠯᠳᠠ ᠶᠢᠨ ᠴᠢᠨᠠᠷᠳᠠᠢ ᠪᠠᠷ ᠨᠡᠭᠡᠭᠡᠬᠦ ᠶᠢ ᠲᠦᠷᠭᠡᠳᠭᠡᠨ᠂ ᠬᠠᠰᠠᠷ ᠤᠨ ᠰᠣᠶᠣᠯ | ᠤᠨ ᠬᠦᠷᠢᠶᠠᠯᠠᠩ ᠤᠨ ᠪᠦᠳᠣᠭᠡᠨ ᠪᠠᠶᠢᠭᠤᠯᠣᠯᠲᠠ ᠶᠢ ᠦᠷᠬᠦᠯᠵᠢᠯᠡᠨ ᠪᠡᠶᠡᠯᠡᠬᠦᠯᠵᠣ᠂ ᠣᠷᠣᠨᠴᠢᠯᠠᠭᠰᠠᠨ ᠰᠢᠯᠢᠳᠡᠭ ᠵᠣᠭᠠᠴᠠᠯ ᠤᠨ ᠱᠣᠭᠤᠮ ᠢ ᠪᠦᠷᠢᠯᠳᠣᠬᠦᠯᠬᠦ ᠶᠢ | ᠠᠬᠢᠭᠤᠯᠣᠨ᠎ᠠ᠃ ᠮᠠᠨ ᠤ ᠬᠤᠰᠢᠭᠤᠨ ᠤ ᠦᠪᠡᠷᠮᠢᠴᠠ ᠣᠨᠴᠠᠯᠢᠭᠲᠣ ᠲᠡᠣᠬᠡ ᠰᠣᠶᠣᠯ᠂ ᠦᠨᠳᠣᠰᠣᠲᠡᠨ ᠤ ᠵᠠᠩ ᠦᠢᠯᠡ᠂ ᠪᠠᠶᠢᠭᠠᠯᠢᠭ ᠭᠠᠵᠠᠷ ᠤᠨ ᠪᠠᠶᠢᠳᠠᠯ ᠵᠡᠷᠭᠡ | ᠡᠬᠢ ᠰᠣᠷᠪᠣᠯᠵᠢ ᠶᠢᠨ ᠴᠢᠬᠤᠯᠠ ᠡᠯᠧᠮᠧᠨ᠋ᠲ ᠤᠨ ᠶᠡᠷᠣᠩᠬᠡᠶᠢᠯᠡᠭᠰᠡᠨ ᠳᠠᠪᠠᠭᠤᠯᠢᠭ ᠢ ᠴᠢᠨᠠᠭᠰᠢᠲᠠ ᠠᠰᠢᠭᠯᠠᠨ᠂ ᠵᠢᠷᠭᠤᠭᠠᠨ ᠶᠡᠭᠡ ᠺᠢᠨᠤ᠋ ᠲᠧᠯᠸᠢᠰ ᠤᠨ ᠵᠡᠬᠡᠯᠢ ᠶᠢᠨ | ᠣᠷᠣᠨ ᠢ ᠪᠠᠶᠢᠭᠤᠯᠬᠤ ᠪᠡᠯᠡ ᠮᠦᠩᠭᠦ ᠶᠢ ᠲᠡᠮᠡᠴᠡᠨ ᠣᠯᠵᠣ᠂ ᠦᠨᠳᠣᠷ ᠪᠠᠷᠢᠮᠵᠢᠶᠠᠲᠣ ᠺᠢᠨᠤ᠋ ᠲᠧᠯᠸᠢᠰ ᠤᠨ ᠵᠣᠭᠠᠴᠠᠯ ᠤᠨ ᠶᠡᠷᠣᠩᠭᠡᠶᠢᠯᠡᠭᠰᠡᠨ ᠴᠣᠭᠴᠠ ᠶᠢ ᠪᠣᠢ | ᠪᠣᠯᠭᠠᠨ᠎ᠠ᠃ ᠣᠯᠠᠨ ᠶᠠᠩᠵᠣ ᠬᠡᠯᠪᠡᠷᠢᠲᠣ ᠣᠬᠠᠭᠤᠯᠣᠨᠰᠤᠷᠳᠠᠯᠴᠢᠯᠠᠭᠰᠠᠨ ᠪᠣᠷᠣᠯᠠᠭᠤᠯᠣᠯᠲᠠ ᠶᠢ ᠦᠷᠬᠦᠯᠵᠢᠯᠡᠨ ᠦᠷᠨᠢᠬᠦᠯᠵᠥ᠂ ︽ᠲᠡᠭᠷᠢ ᠶᠢᠨ ᠬᠡᠰᠢᠭᠲᠦ | ᠪᠣᠷᠣᠳᠣᠬᠤᠢ᠂ ᠰᠡᠳᠬᠢᠯ ᠬᠤᠯᠪᠣᠭᠰᠠᠨ ᠣᠯᠢᠶᠠᠰᠣ ᠨᠠᠭᠤᠷ︾ ᠶᠢᠨ ᠣᠯᠠᠨ ᠣᠯᠣᠰ ᠤᠨ ᠮᠦᠰᠣ ᠴᠠᠰᠣᠨ ᠤ ᠵᠣᠭᠠᠴᠠᠯ ᠤᠨ ᠪᠠᠶᠠᠷ᠂ ᠦᠨᠳᠣᠰᠣᠳᠠᠨ ᠤ ᠰᠣᠶᠣᠯ | ᠲᠠᠬᠢᠯᠭ᠎ᠠ ᠵᠡᠷᠭᠡ ᠵᠣᠭᠠᠴᠠᠯ ᠤᠨ ᠪᠠᠶᠠᠷ ᠢ ᠪᠡᠯᠡᠭᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠣᠨ ᠪᠡᠶᠡᠯᠡᠬᠦᠯᠵᠥ᠂ ᠪᠠᠶᠠᠷ ᠢ ᠪᠡᠯᠡᠭᠯᠡᠬᠦ ᠪᠠᠷ ᠨᠡᠷ᠎ᠡ ᠲᠡᠮᠳᠡᠭ ᠢᠶᠠᠨ ᠪᠣᠢ ᠪᠣᠯᠭᠠᠨ | ᠂ ᠠᠵᠢᠯᠯᠠᠭ᠎ᠠ ᠪᠠᠷ ᠠᠯᠳᠠᠷᠰᠢᠯ ᠢᠶᠠᠨ ᠨᠡᠮᠡᠭᠳᠡᠬᠦᠯᠦᠨ᠎ᠡ᠃ ᠵᠣᠭᠠᠴᠠᠯ ᠤᠨ ᠸᠢᠴᠠᠲ ᠤᠨ ᠲᠠᠪᠴᠠᠩ᠂ ᠡᠮᠣᠨᠡᠲᠣ ᠬᠤᠰᠢᠭᠤᠨ ᠤ ᠵᠣᠭᠠᠴᠠᠯ ᠤᠨ ᠭᠠᠷ ᠣᠲᠠᠰᠣᠨ ᠤ | ᠰᠦᠯᠵᠢᠶ᠎ᠡ ᠵᠡᠷᠭᠡ ᠣᠶᠣᠨᠴᠢ ᠵᠣᠭᠠᠴᠠᠯ ᠤᠨ ᠰᠣᠷᠠᠭ ᠴᠢᠮᠡᠭᠡᠨ ᠤ ᠲᠣᠣᠷᠵᠢᠯ ᠤᠨ ᠢᠨᠵᠧᠨᠧᠷᠢᠩ ᠢ ᠪᠡᠶᠡᠯᠡᠬᠦᠯᠦᠨ ᠂ ᠡᠮᠣᠨᠡᠲᠣ ᠬᠤᠰᠢᠭᠤᠨ ᠤ ᠪᠠᠨ ᠦᠯᠢᠭᠡᠷ ᠢ | ᠬᠦᠮᠣᠰ ᠲᠤ ᠰᠠᠶᠢᠬᠠᠨ ᠶᠠᠷᠢᠵᠣ᠂ ᠡᠮᠣᠨᠡᠲᠣ ᠬᠤᠰᠢᠭᠤ ᠪᠠᠨ ᠭᠦᠮᠣᠰ ᠤᠨ ᠲᠠᠷᠢᠬᠢᠨ ᠳᠤ ᠬᠠᠳᠠᠩᠰᠢᠭᠤᠯᠣᠨᠠ᠃ | ︵ᠬᠤᠶᠠᠷ︶ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠦᠢᠯᠡᠰ ᠢ ᠶᠡᠭᠡᠪᠡᠷ ᠬᠦᠭᠵᠢᠬᠦᠯᠦᠨ᠎ᠡ᠃ ︽ᠢᠨᠲ᠋ᠧᠷᠢᠨ᠋ᠲ ᠰᠦᠯᠵᠢᠶ᠎ᠡ +︾ ᠪᠠᠶᠢᠯᠳᠤᠬᠤ | ᠪᠣᠳᠣᠯᠭ᠎ᠠ ᠶᠢ ᠬᠦᠨᠵᠡᠬᠡᠢ ᠬᠡᠷᠡᠭᠵᠢᠬᠦᠯᠵᠦ᠂ ᠡᠯᠧᠺᠲᠷᠣᠨ ᠬᠤᠳᠠᠯᠳᠣᠭᠠᠨ ᠤ ᠠᠵᠤ ᠦᠢᠯᠡᠰ ᠤᠨ ᠬᠦᠷᠢᠶᠡᠯᠡᠩ ᠪᠠ ᠰᠠᠩ ᠬᠦᠮᠦᠷᠭᠡ ᠶᠢᠨ ᠡᠳ᠋ ᠪᠠᠷᠠᠭᠠᠨ ᠤ | ᠬᠦᠢᠯᠭᠡᠭᠡᠨ ᠤ ᠲᠣᠭᠤᠷᠢᠭ ᠢᠶᠠᠷ ᠠᠴᠢᠶᠠᠯᠪᠣᠷᠢ ᠪᠣᠯᠭᠠᠵᠣ᠂ ᠭᠦᠳᠡᠭᠡ ᠲᠣᠰᠬᠤᠨ ᠤ ᠡᠯᠧᠺᠡᠲᠷᠣᠨ ᠬᠤᠳᠠᠯᠳᠣᠭᠠᠨ ᠤ ᠴᠢᠭ ᠢᠶᠠᠷ ᠲᠦᠰᠢᠯᠭᠡ ᠪᠣᠯᠭᠠᠵᠣ᠂ ᠲᠣᠰ | ᠣᠷᠣᠨ ᠳᠠᠭᠠᠨ ᠬᠦᠮᠦᠵᠢᠬᠦᠯᠬᠦ ᠪᠠ ᠭᠠᠳᠠᠨ᠎ᠠ ᠠᠴᠠ ᠲᠠᠳᠠᠨ ᠣᠷᠣᠭᠤᠯᠬᠤ ᠶᠢ ᠭᠠᠷᠢᠯᠴᠠᠨ ᠣᠶᠠᠯᠳᠣᠭᠤᠯᠬᠤ ᠶᠢ ᠪᠠᠷᠢᠮᠳᠠᠯᠠᠵᠣ᠂ ᠲᠣᠣ ᠪᠣᠣ᠂ ᠵᠢᠩ ᠳ᠋ᠦᠩ ᠵᠡᠷᠭᠡ | ᠡᠯᠧᠺᠡᠲᠷᠣᠨ ᠬᠤᠳᠠᠯᠳᠣᠭᠠᠨ ᠤ ᠲᠡᠪᠴᠡᠩ ᠲᠠᠢ ᠢᠳᠡᠪᠬᠢᠳᠠᠢ ᠵᠠᠯᠭᠠᠯᠳᠣᠵᠣ᠂ ᠨᠠᠩ ᠣᠯᠠᠨ ᠠᠵᠣ ᠠᠬᠤᠶᠢᠯᠠᠯ ᠪᠠ ᠭᠤᠪᠢ ᠬᠦᠮᠦᠨ ᠢ ᠵᠣᠷᠢᠭᠵᠢᠭᠤᠯᠣᠨ ᠨᠠᠷᠠᠨ | ᠬᠤᠸᠠᠷ ᠤᠨ ᠦᠷ᠎ᠡ᠂ ᠵᠢᠵᠢᠭ ᠬᠤᠯᠢᠰᠢᠨ ᠠᠮᠣ ᠴᠢᠨ᠋ᠸ᠎ᠠ ᠶᠢᠨ ᠬᠠᠷᠮᠠᠭ ᠵᠡᠷᠭᠡ ᠰᠢᠯᠢᠳᠡᠭ ᠶᠠᠰᠣ ᠴᠢᠨᠠᠷ ᠲᠠᠢ ᠣᠨᠴᠠᠯᠢᠭᠳᠣ ᠲᠠᠷᠢᠶᠠᠯᠠᠩ ᠮᠠᠯ ᠠᠵᠣ ᠠᠬᠤᠢ ᠶᠢᠨ | ᠪᠦᠳᠦᠭᠡᠭᠳᠡᠬᠦᠨ ᠢᠶᠠᠷ ᠰᠦᠯᠵᠢᠶᠡᠨ ᠲᠡᠭᠡᠷ᠎ᠡ ᠲᠡᠯᠭᠡᠷᠡᠬᠦᠯᠬᠦ ᠪᠦᠳᠦᠭᠡᠭᠳᠡᠬᠦᠨ ᠪᠣᠯᠭᠠᠬᠤ ᠲᠡᠩᠰᠠᠯᠠᠵᠣ ᠪᠣᠭᠤᠳᠠᠯᠯᠠᠨ ᠬᠢᠷᠡᠵᠢᠯᠠᠯᠳᠠ ᠬᠢᠵᠣ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠣᠷᠣᠯᠠᠭᠤᠯᠣᠯᠳᠠ ᠶᠢᠨ ᠵᠠᠮ ᠰᠣᠪᠠᠭ ᠢ ᠦᠷᠬᠦᠳᠭᠡᠨ ᠪᠦᠬᠦ ᠵᠢᠯ ᠳᠤ ᠡᠯᠧᠺᠡᠲᠷᠣᠨ ᠬᠠᠳᠠᠯᠳᠣᠭᠠᠨ ᠤ ᠪᠣᠷᠣᠯᠠᠭᠤᠯᠣᠯᠳᠠ ᠶᠢᠨ ᠨᠣᠷᠮ᠎ᠠ ᠶᠢ1.6 | ᠳ᠋ᠦᠩᠰᠢᠭᠤᠷ ᠲᠦᠷᠬᠦᠷᠢᠭ ᠢ ᠰᠢᠪᠳᠣᠯᠣᠭᠤᠯᠬᠤ ᠪᠠᠷ ᠴᠢᠷᠮᠠᠶᠢᠨ᠎ᠠ᠃ ︽ᠲᠡᠭᠷᠢ ᠶᠢᠨ ᠭᠡᠰᠢᠭ ᠲᠠᠢ ᠪᠣᠷᠣᠳᠣᠬᠠᠢ︾ ᠶᠢᠨ ᠣᠷᠣᠨ ᠪᠦᠰᠡ ᠶᠢᠨ ᠣᠯᠠᠨ ᠨᠠᠶᠢᠳᠡ ᠶᠢᠨ | ᠭᠡᠷᠡᠭᠯᠡᠭᠡᠨ ᠤ ᠨᠡᠷ᠎ᠡ ᠲᠡᠮᠳᠡᠭᠳᠦ ᠶᠢᠨ ᠨᠦᠯᠦᠭᠡᠯᠡᠯ ᠤᠨ ᠬᠦᠴᠦᠨ ᠢ ᠵᠢᠭᠡᠯᠡᠨ᠂ ᠣᠷᠠᠳ ᠡᠬᠦᠯᠡᠨ᠂ ᠮᠢᠩ ᠠᠨ ᠴᠦᠸᠠᠨ᠂ ᠹᠧᠩ ᠳ᠋ᠠ ᠶᠣᠸᠠᠨ᠂ ᠴᠢ ᠰᠢᠶᠠᠨ ᠹᠧᠩ | ᠵᠡᠷᠭᠡ ᠣᠨᠴᠠᠯᠢᠭᠳᠣ ᠡᠯᠧᠺᠡᠲᠷᠣᠨ ᠬᠤᠳᠠᠯᠳᠤᠭ᠎ᠠ ᠶᠢ ᠲᠡᠳᠭᠦᠨ ᠪᠣᠵᠠᠭᠠᠶᠢᠷᠠᠭᠤᠯᠣᠨ ᠬᠦᠭᠵᠢᠬᠦᠯᠵᠦ᠂ ᠰᠦᠯᠵᠢᠶᠡᠨ ᠲᠡᠭᠡᠷᠡᠬᠢ ᠠᠷᠠᠯᠵᠢᠶᠠᠨ ᠤ ᠪᠦᠳᠦᠭᠡᠭᠳᠡᠬᠦᠨ ᠢ | ᠰᠣᠳᠣᠯᠠᠯᠬᠤ ᠬᠦᠭᠵᠢᠭᠡᠬᠦᠯᠬᠦ ᠬᠦᠴᠦᠯᠢᠭ ᠢ ᠶᠡᠬᠡᠳᠬᠡᠵᠦ᠂ ᠣᠨᠴᠠᠯᠢᠭᠳᠣ ᠲᠠᠪᠠᠭᠤᠯᠢᠭ ᠪᠦᠳᠦᠭᠡᠭᠳᠡᠬᠦᠨ ᠤ ᠰᠦᠯᠵᠢᠶᠡᠨ ᠲᠡᠭᠡᠷ᠎ᠡ ᠰᠦᠯᠵᠢᠡᠨ ᠲᠣᠣᠷ᠎ᠠ | ᠠᠪᠣᠴᠠᠯᠳᠣᠭᠰᠠᠨ ᠬᠦᠭᠵᠢᠯᠳᠡ ᠶᠢ ᠪᠠᠶᠡᠯᠡᠬᠦᠯᠦᠨ᠎ᠡ᠃ ᠡᠯᠧᠺᠡᠲᠷᠣᠨ ᠬᠤᠳᠠᠯᠳᠣᠭᠠᠨ ᠤ ᠶᠠᠪᠣᠳᠠᠯ ᠤᠨ ᠣᠯᠠᠨᠨᠡᠶᠢᠳᠡ ᠶᠢᠨ ᠦᠢᠯᠡᠴᠢᠯᠡᠭᠡᠨ ᠤ ᠲᠦᠪ ᠪᠠ ᠡᠯᠧᠺᠡᠲᠷᠣᠨ | ᠬᠤᠳᠠᠯᠳᠣᠭᠠᠨ ᠶᠢ ᠪᠣᠯᠪᠠᠰᠣᠷᠠᠭᠤᠯᠬᠤ ᠰᠠᠭᠤᠷᠢᠨ ᠭᠠᠵᠠᠷ ᠤᠨ ᠦᠢᠯᠡᠳᠦᠯ ᠢ ᠦᠷᠬᠦᠯᠵᠢᠯᠡᠨ ᠪᠠᠳᠠᠷᠠᠭᠤᠯᠵᠣ᠂ ᠡᠯᠧᠺᠡᠲᠷᠣᠨ ᠬᠤᠳᠠᠯᠳᠣᠭᠠᠨ ᠤ ᠶᠠᠪᠣᠳᠠᠯ ᠤᠨ | ᠪᠣᠯᠪᠠᠰᠣᠷᠠᠯ ᠳᠤ ᠣᠷᠣᠯᠴᠠᠭᠰᠠᠨ ᠬᠦᠮᠦᠨ ᠤ ᠲᠤᠭ᠎ᠠ 1500 ᠠᠴᠠ ᠲᠡᠭᠡᠭᠰᠢ ᠪᠠᠶᠢᠬᠤ ᠶᠢ ᠪᠡᠶᠡᠯᠡᠬᠦᠯᠵᠣ᠂ ᠡᠯᠧᠺᠡᠲᠷᠣᠨ ᠬᠤᠳᠠᠯᠳᠣᠭᠠᠨ ᠤ ᠪᠣᠷᠣᠯᠠᠭᠤᠯᠣᠯᠳᠠ ᠶᠢᠨ | ᠬᠢᠨ᠋ᠢ ᠬᠡᠮᠵᠢᠶ᠎ᠡ ᠶᠢ ᠦᠨᠡᠨᠬᠦ ᠲᠡᠭᠡᠭᠰᠢᠯᠡᠬᠦᠯᠦᠨ᠎ᠡ᠃ | ︵ᠭᠤᠷᠪᠠ︶ ᠮᠦᠩᠬᠦᠨ ᠬᠦᠢᠯᠭᠡᠭᠡᠨ ᠤ ᠠᠵᠣ ᠦᠢᠯᠡᠰ ᠤᠨ ᠲᠣᠭᠳᠠᠯᠴᠠᠭ᠎ᠠ ᠶᠢ ᠲᠡᠬᠦᠯᠳᠡᠷᠵᠢᠬᠦᠯᠦᠨ᠎ᠡ᠃ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠣᠷᠣᠨ | ᠠᠴᠠ ᠬᠤᠪᠢ ᠶᠢᠨ ᠡᠷᠬᠢᠯᠡᠭᠰᠡᠨ ᠠᠵᠣ ᠠᠬᠤᠢ ᠶᠢᠨ ᠬᠦᠭᠵᠢᠯᠳᠡ ᠶᠢ ᠲᠡᠮᠵᠢᠬᠦ ᠮᠦᠩᠬᠦᠨ ᠬᠦᠯᠭᠡᠭᠡᠨ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠲᠣᠣᠱᠯᠠᠭᠤᠯᠵᠣ᠂ ᠠᠵᠣ ᠠᠬᠤᠶᠢᠯᠠᠯ ᠢ ᠢᠳᠡᠪᠬᠢᠳᠠᠢ ᠬᠠᠪᠰᠣᠷᠦᠨ ᠦᠪᠡᠷᠳᠡᠭᠡᠨ ᠵᠠᠰᠬᠤ ᠣᠷᠣᠨ ᠤ ᠠᠵᠣ ᠠᠬᠤᠶᠢᠯᠠᠯ ᠤᠨ ᠡᠷᠬᠢᠯᠡᠯ ᠴᠢᠨᠠᠷᠳᠠ ᠲᠦᠭᠰᠢᠬᠦᠷᠢ ᠶᠢ | ᠰᠡᠷᠭᠡᠶᠢᠯᠡᠨ ᠬᠢᠵᠠᠭᠠᠷᠯᠠᠬᠤ ᠪᠠ ᠬᠦᠴᠢᠷ ᠢ ᠲᠡᠶᠢᠯᠡᠬᠦ ᠰᠠᠭᠤᠷᠢ ᠮᠦᠩᠬᠦ ᠶᠢ ᠲᠡᠮᠡᠴᠡᠨ ᠣᠯᠵᠣ᠂ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠪᠦᠳᠦᠭᠡᠭᠳᠡᠭᠦᠨ ᠤ | ᠰᠢᠨᠡᠴᠢᠯᠠᠯᠳᠠ ᠪᠠ ᠦᠢᠯᠡᠴᠢᠯᠡᠭᠡᠨ ᠤ ᠵᠠᠭᠪᠣᠷ ᠢ ᠵᠣᠷᠭᠵᠢᠭᠤᠯᠣᠨ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠪᠠ ᠬᠤᠪᠢ ᠡᠷᠬᠢᠯᠡᠭᠰᠡᠨ ᠠᠵᠣ ᠠᠬᠤᠶᠢᠯᠠᠯ ᠶᠢᠨ | ᠮᠦᠩᠬᠦᠨ ᠬᠦᠢᠯᠭᠡᠭᠡᠨ ᠤ ᠦᠢᠯᠡᠴᠢᠯᠡᠭᠡᠨ ᠢ ᠶᠡᠭᠡᠳᠭᠡᠵᠦ᠂ ᠲᠡᠷᠢᠶᠡᠯᠠᠩ ᠳᠤ ᠬᠤᠯᠪᠣᠭᠳᠠᠭᠰᠠᠨ ᠲᠣᠮᠳᠠ ᠵᠢᠵᠢᠭ ᠠᠵᠣ ᠠᠬᠤᠶᠢᠯᠠᠯ ᠤᠨ ᠬᠠᠮᠳᠣᠷᠠᠨ ᠠᠵᠢᠯᠯᠠᠬᠤ | ᠵᠢᠭᠡᠯᠡᠯᠭᠡ ᠶᠢᠨ ᠮᠦᠩᠬᠦ ᠶᠢ ᠦᠷᠨᠢᠬᠦᠯᠵᠦ᠂ ᠠᠷᠠᠳ ᠠᠴᠠ ᠡᠷᠬᠢᠯᠡᠭᠰᠡᠨ ᠠᠵᠣ ᠠᠬᠤᠶᠢᠯᠠᠯ ᠪᠠ ᠪᠠᠭ᠎ᠠ ᠵᠢᠵᠢᠭ ᠠᠵᠣ ᠠᠬᠤᠶᠢᠯᠠ ᠤᠨ ᠵᠠᠭᠤᠰ ᠬᠤᠷᠠᠮᠳᠣᠭᠤᠯᠬᠤ ᠳᠤ | ᠬᠦᠴᠢᠷ ᠵᠣᠭᠤᠰ ᠬᠠᠷᠠᠮᠳᠣᠭᠤᠯᠬᠤ ᠳᠤ ᠦᠨᠡᠳᠠᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠣᠯᠣᠰ ᠤᠨ ᠦᠮᠴᠢᠯᠠᠯᠳᠣ ᠬᠤᠳᠠᠯᠳᠣᠭᠠᠨ ᠤ ᠪᠠᠭᠰᠢ ᠪᠠ | ᠲᠠᠷᠢᠶᠠᠯᠠᠩ ᠤᠨ ᠬᠦᠭᠵᠢᠯᠳᠡ ᠶᠢᠨ ᠪᠠᠩᠬᠢ ᠵᠡᠷᠭᠡ ᠲᠦᠷᠦ ᠶᠢᠨ ᠪᠣᠳᠣᠯᠭᠠᠳᠣ ᠴᠢᠨᠠᠷᠳᠠᠢ ᠪᠠᠩᠬᠢ ᠶᠢᠨ ᠮᠦᠩᠬᠦᠨ ᠬᠦᠢᠯᠭᠡᠭᠡᠨ ᠢᠶᠠᠨ ᠲᠣᠬᠠᠶᠢᠯᠠᠭᠰᠠᠨ ᠠᠵᠢᠯ ᠪᠠᠨ | ᠦᠷᠭᠡᠳᠭᠡᠬᠦ ᠶᠢ ᠲᠡᠮᠵᠢᠵᠦ ᠬᠦᠳᠡᠭᠡ ᠲᠣᠰᠬᠤᠨ ᠤ ᠬᠤᠳᠠᠯᠳᠣᠭᠠᠨ ᠤᠨ ᠪᠠᠩᠬᠢ᠂ ᠪᠣᠭᠤᠳᠣ ᠶᠢᠨ ᠬᠤᠳᠣᠯᠳᠣᠭᠠᠨ ᠤ ᠪᠠᠩᠬᠢ ᠵᠡᠷᠭᠡ ᠣᠷᠣᠨ ᠨᠣᠳᠤᠭ ᠤᠨ ᠴᠢᠨᠠᠷᠳᠠᠢ | ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠬᠦᠭᠵᠢᠯᠳᠡ ᠶᠢ ᠦᠷᠬᠦᠯᠵᠢᠯᠠᠨ ᠲᠡᠮᠵᠢᠵᠦ᠂ ᠠᠵᠣ ᠠᠬᠤᠶᠢᠯᠠᠯ ᠤᠨ ᠢᠳᠡᠭᠡᠮᠵᠢᠳᠦ ᠪᠦᠳᠦᠭᠡᠨ ᠪᠠᠶᠢᠭᠤᠯᠣᠯᠳᠠ ᠶᠢ | ᠴᠢᠩᠭᠠᠳᠬᠠᠵᠣ᠂ ᠪᠠᠩᠬᠢ ᠪᠠ ᠠᠵᠣ ᠠᠬᠤᠶᠢᠯᠠᠯ ᠤᠨ ᠭᠠᠷᠢᠯᠴᠠᠨ ᠵᠠᠯᠭᠠᠯᠳᠣᠬᠤ ᠦᠢᠯᠡᠴᠢᠯᠡᠭᠡᠨ ᠢ ᠴᠢᠩᠭᠠᠳᠬᠠᠨ᠎ᠠ᠃ ᠨᠦᠬᠦᠴᠡᠯ ᠲᠠᠢ ᠠᠵᠣ ᠠᠬᠤᠶᠢᠯᠠᠯ ᠤᠨ ᠵᠠᠠᠬᠠ | ᠲᠠᠯᠭᠡᠬᠦᠷ ᠲᠤ ᠭᠠᠷᠭᠤ ᠪᠣᠶᠣ ᠲᠣᠮᠳᠠ ᠪᠠᠭ᠎ᠠ ᠠᠵᠣ ᠦᠢᠯᠡᠰ ᠤᠨ ᠰᠲ᠋ᠣᠺ ᠡᠷᠡᠭᠡ ᠶᠢᠨ ᠵᠠᠭ᠎ᠠ ᠲᠡᠯᠬᠡᠭᠦᠷ ᠲᠤ ᠭᠠᠷᠬᠤ ᠶᠢ ᠢᠳᠡᠪᠬᠢᠳᠠᠢ ᠠᠬᠢᠭᠤᠯᠣᠨ᠎ᠠ᠃ ᠮᠦᠩᠬᠦᠨ | ᠬᠦᠢᠯᠭᠡᠭᠡᠨ ᠤ ᠪᠠᠶᠢᠭᠤᠯᠣᠮᠵᠢ ᠶᠢᠨ ᠣᠷᠣᠨ ᠨᠣᠳᠤᠭ ᠤᠨ ᠠᠵᠣ ᠠᠬᠤᠢ ᠶᠢᠨ ᠬᠦᠭᠵᠢᠯᠳᠡ ᠳᠠᠬᠢ ᠢᠳᠡᠪᠬᠢ ᠦᠢᠯᠡᠳᠦᠯ ᠢ ᠬᠦᠢᠴᠡᠳ ᠲᠡᠶᠢᠴᠢᠯᠠᠨ᠂ ᠵᠢᠭᠡᠯᠡᠯᠭᠡ ᠶᠢᠨ | ᠮᠦᠩᠬᠦ ᠶᠢ5-10 ᠵᠠᠭᠤᠨ ᠤ ᠬᠤᠪᠢ ᠪᠠᠷ ᠲᠡᠭᠡᠭᠰᠢᠯᠡᠬᠦᠯᠬᠦ ᠪᠠᠷ ᠴᠢᠷᠮᠠᠶᠢᠨ᠎ᠠ᠃ | ᠵᠢᠷᠭᠤᠭ᠎ᠠ᠂ ᠠᠷᠠᠳ ᠤᠨ ᠠᠮᠢᠳᠣᠷᠠᠯ ᠤᠨ ᠪᠠᠳᠣᠯᠭ᠎ᠠ ᠪᠠ ᠴᠢᠷᠮᠠᠶᠢᠨ ᠰᠢᠵᠢᠷᠠᠭᠤᠯᠵᠣ᠂ ᠣᠯᠠᠨ ᠲᠦᠮᠡᠨ ᠤ ᠵᠣᠯ ᠵᠢᠷᠭᠠᠯᠳᠣ ᠰᠡᠳᠬᠢᠯᠭᠡ ᠶᠢ ᠲᠠᠰᠣᠷᠠᠯᠳᠠ | ᠦᠭᠡᠢ ᠲᠡᠭᠡᠭᠰᠢᠯᠡᠬᠦᠯᠦᠨ᠎ᠡ | ︵ᠨᠢᠭᠡ︶ ᠠᠵᠢᠯ ᠣᠯᠭᠤᠬᠤ ᠦᠢᠯᠡᠰ ᠪᠦᠬᠦᠭᠡᠬᠦ ᠢ ᠰᠠᠶᠢᠳᠣᠷ ᠠᠳᠬᠤᠨ᠎ᠠ᠃ ᠣᠯᠠᠨ ᠨᠠᠶᠢᠳᠡ ᠶᠢᠨ ᠠᠵᠢᠯ ᠣᠯᠭᠤᠬᠤ ᠦᠢᠯᠡᠴᠢᠯᠡᠭᠡᠨ ᠤ | ᠲᠣᠭᠳᠠᠯᠴᠠᠭ᠎ᠠ ᠶᠢ ᠪᠦᠷᠢᠨ ᠲᠡᠬᠦᠯᠳᠡᠷᠵᠢᠬᠦᠯᠵᠦ᠂ ︽ᠴᠢᠳᠠᠪᠣᠷᠢᠳᠠᠨ ᠢ ᠲᠠᠳᠠᠨ ᠣᠷᠣᠭᠤᠯᠵᠣ ᠠᠵᠢᠯᠯᠠᠭᠤᠯᠯᠬᠤ︾ ᠵᠡᠷᠭᠡ ᠲᠣᠰᠬᠠᠢ ᠲᠦᠷᠦᠯ ᠤᠨ ᠠᠵᠢᠯᠯᠠᠭ᠎ᠠ ᠨᠢ | ᠴᠢᠷᠮᠠᠶᠢᠨ ᠦᠷᠨᠢᠬᠦᠯᠵᠦ᠂ ᠬᠦᠴᠷᠳᠡᠯᠳᠡᠢ ᠣᠯᠠᠨ ᠲᠦᠮᠡᠨ ᠳᠤ ᠠᠵᠢᠯ ᠣᠯᠭᠤᠬᠤ ᠶᠢ ᠠᠬᠢᠭᠤᠯᠵᠣ᠂ ᠵᠢᠯ ᠤᠨ ᠲᠣᠳᠣᠷ᠎ᠠ ᠬᠤᠳᠠ ᠪᠠᠯᠭᠠᠰᠣᠨ ᠤ ᠠᠵᠢᠯ ᠣᠯᠭᠤᠬᠤ | ᠬᠦᠮᠦᠨ ᠤ ᠲᠤᠭ᠎ᠠ ᠶᠢ1700 ᠨᠡᠮᠡᠭᠳᠡᠬᠦᠯᠵᠦ ᠲᠠᠷᠢᠶᠠᠴᠢᠨ ᠮᠠᠯᠴᠢᠳ ᠢ ᠰᠢᠯᠵᠢᠬᠦᠯᠦᠨ ᠠᠵᠢᠯ ᠣᠯᠭᠤᠬᠤ ᠨᠢ2.8 ᠲᠦᠮᠡᠨ ᠬᠦᠮᠦᠨ ᠣᠳᠠᠭ᠎ᠠ ᠪᠣᠯᠭᠠᠨ᠎ᠠ᠃ | ᠦᠢᠯᠡᠰ ᠪᠣᠰᠬᠠᠬᠤ ᠠᠵᠣ ᠠᠬᠤᠶᠢᠯᠠᠯ ᠤᠨ ᠨᠡᠶᠢᠭᠡᠮᠯᠢᠭ ᠤᠨ ᠦᠢᠯᠡᠳᠦᠯ ᠢ ᠬᠦᠢᠴᠡᠳ ᠪᠠᠳᠠᠷᠠᠭᠤᠯᠣᠨ ᠲᠠᠶᠠᠭᠠᠷ ᠢᠶᠠᠷ ᠢᠶᠠᠨ ᠦᠢᠯᠡᠰ ᠪᠣᠰᠬᠠᠵᠣ ᠰᠢᠨᠡᠳᠬᠡᠬᠦ ᠶᠢ | ᠲᠦᠷᠭᠡᠳᠭᠡᠨ ᠠᠬᠢᠭᠤᠯᠵᠣ᠂ ︽ᠲᠦᠷᠦ ᠶᠢᠨ ᠪᠣᠳᠣᠯᠭ᠎ᠠ ᠬᠦᠷᠬᠡᠬᠦ ᠲᠦᠷᠦᠯ ᠵᠦᠢᠯ ᠬᠦᠷᠭᠡᠬᠦ᠂ ᠦᠢᠯᠡᠴᠢᠯᠡᠭᠡ ᠬᠦᠷᠭᠡᠬᠦ︾ ᠠᠵᠢᠯᠯᠠᠭ᠎ᠠ ᠶᠢ ᠯᠠᠪᠳᠠᠭᠤᠨ ᠦᠷᠨᠢᠬᠦᠯᠵᠦ | ᠂ ᠵᠢᠯ ᠲᠣᠳᠣᠷ᠎ᠠ ᠵᠢᠵᠢᠭ ᠲᠣᠭᠠᠨ ᠤ ᠪᠠᠳᠣᠯᠭᠠᠳᠣ ᠵᠢᠭᠡᠯᠡᠯᠭᠡ ᠶᠢᠨ ᠮᠦᠩᠬᠦ ᠶᠢ500 ᠲᠦᠮᠡᠨ ᠲᠦᠬᠦᠷᠢᠭ ᠲᠠᠷᠬᠠᠭᠠᠵᠣ᠂ ᠦᠢᠯᠡᠰ ᠪᠦᠳᠦᠭᠡᠬᠦ ᠮᠡᠷᠭᠡᠵᠢᠯ ᠤᠨ | ᠪᠣᠯᠪᠠᠰᠣᠷᠠᠯ ᠳᠤ2000 ᠭᠠᠷᠦᠢ ᠬᠦᠮᠦᠨ ᠲᠡᠭᠡᠭᠰᠢᠬᠢ ᠪᠠᠶᠢᠬᠤ ᠶᠢ ᠪᠠᠶᠡᠯᠡᠬᠦᠯᠣᠨᠡ᠃ ᠣᠷᠣᠯᠭ᠎ᠠ ᠶᠢᠨ ᠬᠤᠪᠢᠶᠠᠷᠯᠠᠯᠳᠠ ᠶᠢᠨ ᠲᠦᠷᠢᠮ ᠤᠨ ᠦᠭᠡᠷᠡᠴᠢᠯᠠᠯᠳᠡ ᠶᠢ | ᠬᠦᠨᠵᠡᠬᠡᠶᠢᠷᠡᠬᠦᠯᠵᠦ᠂ ᠠᠵᠣ ᠠᠬᠤᠶᠢᠯᠠᠯ ᠤᠨ ᠴᠡᠯᠢᠩ ᠢ ᠬᠠᠮᠳᠣ ᠪᠠᠷ ᠵᠦᠪᠳᠠᠯᠴᠡᠬᠦ ᠲᠦᠷᠢᠮ ᠢ ᠠᠬᠢᠭᠤᠯᠵᠣ᠂ ᠣᠯᠣᠰ ᠤᠨ ᠠᠯᠪᠠᠳᠠᠨ ᠪᠠ ᠠᠵᠢᠯ ᠦᠢᠯᠡᠰ ᠤᠨ | ᠨᠢᠭᠡᠴᠡ ᠶᠢᠨ ᠴᠠᠯᠢᠩ ᠤᠨ ᠲᠣᠬᠢᠷᠠᠭᠤᠯᠣᠯᠳᠠ ᠶᠢ ᠨᠠᠶᠢᠳᠠᠪᠣᠷᠢᠵᠢᠭᠤᠯᠵᠣ᠂ ᠡᠯ᠎ᠡ ᠲᠦᠷᠦᠯ ᠤᠨ ᠠᠷᠠᠳ ᠲᠤ ᠬᠠᠷᠠᠭᠠᠯᠵᠠᠯ ᠦᠵᠡᠬᠦᠯᠬᠦ ᠲᠦᠷᠦ ᠶᠢᠨ ᠪᠣᠳᠣᠯᠭ᠎ᠠ ᠶᠢ | ᠴᠠᠭ ᠲᠠᠷᠦᠢ ᠳᠤᠨᠢ ᠪᠠᠶᠡᠯᠡᠬᠦᠯᠵᠦ᠂ ᠣᠯᠠᠨ ᠠᠷᠭ᠎ᠠ ᠵᠠᠮ ᠢᠶᠠᠷ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠦᠨ᠎ᠡ᠃ ᠬᠦᠳᠡᠯᠮᠦᠷᠢ ᠶᠢᠨ | ᠬᠠᠷᠢᠴᠠᠭᠠᠨ ᠤ ᠵᠣᠬᠢᠴᠠᠯᠳᠣᠭᠤᠯᠬᠤ ᠵᠣᠬᠢᠴᠠᠮᠵᠢ ᠶᠢ ᠪᠦᠷᠢᠨ ᠲᠦᠬᠦᠷᠵᠢᠬᠦᠯᠵᠦ᠂ ᠠᠵᠣ ᠠᠬᠤᠶᠢᠯᠠᠯ ᠤᠨ ᠬᠦᠳᠡᠯᠮᠦᠷᠢ ᠬᠦᠴᠦ ᠭᠡᠷᠡᠭᠯᠡᠬᠦ ᠠᠵᠢᠯᠯᠠᠭ᠎ᠠ ᠶᠢ | ᠲᠦᠷᠢᠮᠵᠢᠬᠦᠯᠵᠦ᠂ ︽ᠬᠤᠶᠠᠷ ᠪᠡᠯᠡ ᠮᠦᠩᠬᠦ ᠵᠢᠷᠭᠤᠭᠠᠨ ᠲᠦᠷᠢᠮ︾ ᠤᠨ ᠲᠦᠷᠢᠮ ᠢ ᠡᠷᠡᠰ ᠨᠠᠶᠢᠳᠠᠪᠣᠷᠢᠵᠢᠭᠤᠯᠵᠣ ︽ᠴᠠᠯᠢᠩ ᠦᠷᠢᠳᠦᠬᠦ ᠦᠭᠡᠢ᠂ ᠵᠠᠪᠠᠯ | ᠪᠠᠳᠣᠯᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠲᠠᠷᠢᠶᠠᠴᠢᠨ ᠠᠵᠢᠯᠴᠢᠨ ᠤ ᠵᠦᠢ ᠶᠣᠰᠣᠨ ᠤ ᠡᠷᠭᠡ ᠠᠰᠢᠭ ᠢ ᠦᠨᠡᠨᠬᠦ ᠬᠠᠮᠠᠭᠠᠯᠠᠨ᠎ᠠ᠃ | ︵ᠬᠤᠶᠠᠷ︶ ᠨᠠᠶᠢᠬᠡᠮ ᠤᠨ ᠪᠠᠳᠤᠯᠠᠭ᠎ᠠ ᠶᠢᠨ ᠲᠣᠭᠳᠠᠯᠴᠠᠭ᠎ᠠ ᠶᠢ ᠲᠡᠬᠦᠯᠳᠡᠷᠵᠢᠬᠦᠯᠦᠨ᠎ᠡ ᠃ ᠡᠮ ᠡᠮᠨᠡᠯᠬᠡ ᠶᠢᠨ ᠲᠠᠭᠠᠳᠬᠠᠯ ᠢᠶᠠᠷ ᠲᠣᠭᠠᠴᠠᠭ᠎ᠠ ᠬᠢᠬᠦ ᠲᠦᠷᠢᠮ | ᠤᠨ ᠦᠭᠡᠷᠡᠴᠢᠯᠡᠯᠳᠡ ᠶᠢ ᠠᠬᠢᠭᠤᠯᠵᠣ᠂ ᠲᠣᠭᠳᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠣᠮᠵᠢ ᠶᠢᠨ ᠶᠡᠷᠦᠩᠬᠡᠢ ᠲᠣᠭᠠᠨ ᠤ ᠲᠦᠰᠦᠪ ᠤᠨ ᠲᠦᠷᠢᠮ ᠪᠠ ᠡᠮ | ᠡᠮᠨᠡᠯᠭᠡ ᠶᠢᠨ ᠪᠠᠶᠢᠭᠤᠯᠣᠮᠵᠢ ᠶᠢᠨ ᠬᠡᠯᠡᠯᠴᠡᠭᠡᠷ ᠤᠨ ᠲᠦᠷᠢᠮᠵᠢᠭᠰᠡᠨ ᠬᠠᠮᠢᠶᠠᠷᠣᠯᠳᠠ ᠶᠢ ᠭᠡᠷᠡᠭᠵᠢᠬᠦᠯᠵᠦ᠂ ᠡᠪᠡᠳᠴᠢᠨ ᠤ ᠲᠦᠷᠦᠯ ᠢᠶᠠᠷ ᠵᠠᠷᠣᠳᠠᠯ ᠢᠶᠠᠨ ᠲᠣᠰᠢᠶᠠᠬᠤ | ᠡᠮᠨᠡᠯᠬᠡ ᠶᠢᠨ ᠲᠠᠳᠬᠠᠯ ᠤᠨ ᠲᠤᠭᠠᠴᠠᠭ᠎ᠠ ᠬᠢᠬᠦ ᠠᠷᠭ᠎ᠠ ᠶᠢ ᠪᠦᠬᠦ ᠲᠠᠯ᠎ᠠ ᠪᠠᠷ ᠲᠡᠯᠬᠡᠷᠡᠬᠦᠯᠵᠦ᠂ ᠡᠮ ᠡᠮᠨᠡᠯᠭᠡ ᠶᠢᠨ ᠲᠠᠭᠠᠳᠬᠠᠯ ᠤᠨ ᠬᠦᠷᠢᠶ᠎ᠠ ᠴᠠᠷᠠᠭ᠎ᠠ ᠳᠠᠬᠢ | ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠦᠷᠢᠯᠠᠵᠣ᠂ ᠡᠮᠨᠡᠯᠬᠡ ᠶᠢᠨ ᠲᠠᠭᠠᠳᠬᠠᠯ ᠤᠨ ᠰᠠᠭᠤᠷᠢ ᠮᠦᠩᠬᠦᠨ ᠤ | ᠲᠣᠭᠳᠠᠭᠤᠨ ᠶᠠᠪᠣᠭᠳᠠᠬᠤ ᠶᠢ ᠪᠠᠳᠣᠯᠠᠨ᠎ᠠ᠃ ᠡᠮᠨᠡᠯᠭᠡ ᠶᠢᠨ ᠲᠠᠭᠠᠳᠬᠠᠯ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠨᠠᠩ ᠠᠷᠪᠢᠨ | ᠠᠪᠣᠷᠬᠤ ᠪᠠᠴᠢᠮ ᠢ ᠠᠪᠣᠷᠬᠤ ᠰᠠᠶᠢᠨ ᠡᠮ ᠢ ᠡᠮᠨᠡᠯᠭᠡ ᠶᠢᠨ ᠲᠠᠭᠠᠳᠬᠠᠯ ᠳᠤ ᠣᠷᠣᠭᠤᠯᠵᠣ᠂ ᠣᠯᠠᠨ ᠲᠦᠮᠡᠨ ᠤ ᠡᠪᠡᠳᠴᠢᠨ ᠦᠵᠠᠬᠦᠯᠬᠦ ᠲᠠᠷᠣᠭᠠᠰᠣ ᠶᠢ ᠦᠨᠡᠨᠬᠦ | ᠬᠦᠩᠭᠡᠷᠡᠬᠦᠯᠦᠨ᠎ᠡ᠃ ᠬᠤᠳᠠ ᠪᠠᠯᠭᠠᠰᠣᠨ ᠤ ᠲᠣᠣᠷ᠎ᠠ ᠪᠠᠳᠣᠯᠭᠠᠳᠣ ᠡᠷᠦᠬᠡ ᠶᠢᠨ ᠶᠡᠷᠦᠩᠬᠡᠶᠢᠯᠡᠭᠰᠡᠨ ᠲᠣᠭᠳᠠᠭᠠᠯᠳᠠ ᠪᠠ ᠬᠦᠳᠡᠯᠦᠩᠬᠦᠢ ᠬᠠᠮᠢᠶᠠᠷᠣᠯᠳᠠ ᠶᠢ | ᠴᠢᠩᠭᠠᠳᠬᠠᠵᠣ᠂ ᠠᠷᠠᠳ ᠤᠨ ᠶᠠᠪᠣᠳᠠᠯ ᠤᠨ ᠡᠳᠡᠭᠡᠳ ᠤᠨ ᠪᠠᠳᠤᠯᠠᠭ᠎ᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠲᠡᠭᠡᠭᠰᠢᠯᠡᠬᠦᠯᠦᠨ᠎ᠡ᠃ ᠡᠯ᠎ᠡ ᠲᠦᠷᠦᠯ ᠤᠨ | ᠲᠣᠰᠠᠯᠠᠮᠵᠢ ᠶᠢᠨ ᠪᠡᠯᠡ ᠮᠦᠩᠬᠦ ᠢ ᠨᠢᠭᠡᠳᠭᠡᠨ ᠠᠰᠢᠭᠯᠠᠵᠣ ᠠᠪᠣᠷᠠᠨ ᠲᠡᠳᠬᠦᠬᠦ ᠶᠡᠷᠦᠩᠬᠡᠶᠢᠯᠡᠭᠰᠡᠨ ᠦᠷ᠎ᠡ ᠠᠰᠢᠭ ᠢ ᠲᠡᠭᠡᠭᠰᠢᠯᠡᠬᠦᠯᠵᠦ᠂ ᠬᠦᠴᠢᠷᠳᠠᠯᠳᠠᠢ ᠣᠯᠠᠨ | ᠲᠦᠮᠡᠨ ᠤ ᠦᠨᠳᠦᠰᠦᠨ ᠠᠮᠢᠳᠣᠷᠠᠯ ᠢ ᠪᠠᠳᠣᠯᠠᠨ᠎ᠠ᠃ ᠨᠠᠰᠣᠳᠠᠶᠢᠴᠣᠳ ᠤᠨ ᠦᠢᠯᠠᠰ ᠢ ᠬᠠᠯᠠᠮᠵᠢᠯᠠᠨ ᠬᠤᠳᠠ ᠣᠷᠣᠭᠰᠠᠨ ᠲᠠᠷᠢᠶᠠᠯᠠᠬᠤ ᠮᠠᠯᠵᠢᠬᠤ ᠣᠷᠣᠨ ᠤ | ᠨᠠᠰᠣᠳᠠᠶᠢᠴᠣᠳ ᠤᠨ ᠨᠠᠶᠢᠭᠡᠮ ᠳᠤ ᠵᠣᠬᠢᠴᠠᠬᠤ ᠠᠰᠠᠭᠤᠳᠠᠯ ᠢ ᠬᠠᠯᠠᠮᠵᠢᠯᠠᠨ ᠠᠰᠠᠷᠠᠮᠵᠢ ᠶᠢᠨ ᠬᠡᠯᠪᠡᠷᠢ᠂ ᠰᠣᠪᠢᠯᠠᠯᠳᠠ ᠶᠢᠨ ᠭᠡᠯᠪᠡᠷᠢ ᠶᠢᠨ ᠨᠠᠰᠣᠳᠠᠨ ᠢ ᠠᠰᠠᠷᠠᠬᠤ | ᠪᠠᠶᠢᠭᠤᠯᠣᠮᠵᠢ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠣ᠂ ᠲᠠᠭᠠᠯᠠᠮᠵᠢᠳᠠᠢ ᠰᠣᠪᠢᠯᠠᠵᠣ ᠠᠰᠠᠷᠠᠬᠤ ᠶᠡᠷᠦᠩᠬᠡᠶᠢᠯᠡᠭᠰᠡᠨ ᠠᠰᠠᠷᠠᠮᠵᠢ ᠶᠢᠨ ᠪᠦᠳᠦᠭᠡᠨ | ᠪᠠᠶᠢᠭᠤᠯᠣᠯᠳᠠ ᠶᠢ ᠲᠦᠷᠭᠡᠳᠭᠡᠨ᠂ ᠨᠠᠰᠤᠳᠠᠶᠢᠴᠤᠳ ᠢ ᠦᠳᠡᠯᠡᠬᠦ ᠳᠡᠭᠡᠨ ᠠᠰᠠᠷᠠᠬᠤ ᠭᠠᠵᠠᠷ ᠲᠠᠢ᠂ ᠦᠳᠡᠯᠡᠬᠦ ᠨᠠᠰᠣᠨ ᠳᠠᠭᠠᠨ ᠵᠢᠷᠭᠠᠯ ᠲᠠᠢ ᠪᠠᠶᠢᠯᠭᠠᠨ᠎ᠠ᠃ | ︵ᠭᠤᠷᠪᠠ︶ ᠰᠣᠷᠭᠠᠨ ᠬᠦᠮᠦᠵᠢᠯ ᠢ ᠬᠦᠭᠵᠢᠬᠦᠯᠬᠦ ᠶᠢ ᠡᠩ ᠲᠡᠷᠢᠬᠦᠨ ᠳᠤ ᠲᠠᠯᠪᠢᠬᠤ ᠶᠢ ᠪᠠᠷᠢᠮᠳᠠᠯᠠᠨ᠎ᠠ᠃ ᠠᠯᠪᠠᠨ ᠵᠢᠷᠣᠮ ᠤᠨ ᠰᠣᠷᠭᠠᠨ ᠬᠦᠮᠦᠵᠢᠯ ᠢ | ᠦᠨᠳᠦᠰᠦᠨ ᠳᠡᠭᠡᠨ ᠲᠡᠩᠴᠡᠬᠦᠷᠢᠳᠠᠢ ᠬᠦᠭᠵᠢᠬᠦᠯᠬᠦ ᠦᠷ᠎ᠡ ᠳ᠋ᠦᠩ ᠢ ᠪᠠᠳᠣᠳᠬᠠᠨ ᠣᠯᠣᠰ ᠤᠨ ᠲᠠᠬᠢᠨ ᠪᠠᠶᠢᠴᠠᠭᠠᠯᠳᠠ ᠶᠢ ᠠᠵᠢᠯᠳᠠᠳᠠᠢ ᠦᠩᠬᠡᠷᠡᠬᠡᠬᠦ ᠶᠢ ᠦᠨᠡᠨᠬᠦ | ᠪᠠᠳᠣᠯᠠᠨ᠎ᠠ᠃ ᠲᠣᠮᠣ ᠰᠣᠷᠭᠠᠭᠤᠯᠢ ᠶᠢᠨ ᠲᠣᠭᠤᠷᠢᠭ ᠤᠨ ᠰᠣᠷᠭᠠᠨ ᠬᠦᠮᠦᠵᠢᠯ ᠤᠨ ᠰᠣᠷᠭᠠᠭᠤᠯᠢ ᠡᠷᠬᠢᠯᠡᠬᠦ ᠵᠠᠭᠪᠣᠷ ᠢ ᠪᠦᠬᠦ ᠲᠠᠯ᠎ᠠ ᠪᠠᠷ ᠠᠬᠢᠭᠤᠯᠣᠨ ︽ᠰᠢᠯᠢᠳᠡᠩ | ᠨᠠᠷᠠ ᠲᠦᠷᠦ ᠲᠠᠢ ᠰᠣᠷᠭᠠᠭᠤᠯᠢ ᠪᠠ ᠲᠣᠷᠦᠢ ᠪᠠᠭᠤᠷᠠᠢ ᠰᠣᠷᠭᠠᠭᠤᠯᠢ︾ ᠶᠢ ᠨᠢᠭᠡ ᠴᠤᠭᠴᠠᠵᠢᠭᠤᠯᠤᠨ ᠰᠣᠷᠭᠠᠭᠤᠯᠢ ᠡᠷᠬᠢᠯᠡᠬᠦ ᠶᠢ ᠪᠡᠶᠡᠯᠡᠬᠦᠯᠦᠨ᠂ ᠠᠯᠪᠠᠨ ᠵᠢᠷᠣᠮ | ᠤᠨ ᠰᠣᠷᠭᠠᠨ ᠬᠦᠮᠦᠵᠢᠯ ᠤᠨ ᠰᠢᠯᠢᠳᠡᠭ ᠶᠠᠰᠣ ᠴᠢᠨᠠᠷ ᠲᠠᠢ ᠲᠡᠩᠴᠡᠬᠦᠷᠢ ᠬᠦᠭᠵᠢᠬᠦ ᠶᠢ ᠠᠬᠢᠭᠤᠯᠣᠨ᠎ᠠ᠃ ᠰᠣᠷᠭᠠᠭᠤᠯᠢ ᠶᠢᠨ ᠬᠦᠷᠢᠶᠠᠨ ᠤ ᠢᠨᠵᠧᠨᠧᠷᠢᠩ ᠤᠨ | ᠪᠦᠳᠦᠭᠡᠨ ᠪᠠᠶᠢᠭᠤᠯᠣᠯᠳᠠ ᠶᠢ ᠨᠢᠭᠡᠳᠦᠯᠳᠠᠢ ᠠᠬᠢᠭᠤᠯᠣᠨ᠂ ᠲᠠᠪᠤᠰᠤᠨ ᠨᠠᠭᠤᠷ ᠤᠨ ᠬᠡᠣᠬᠡᠳ ᠤᠨ ᠴᠡᠴᠡᠷᠯᠢᠭ᠂ ᠲᠦᠷᠪᠡᠳᠦᠭᠡᠷ ᠬᠡᠣᠬᠡᠳ ᠤᠨ ᠴᠡᠴᠡᠷᠯᠢᠭ᠂ | ᠨᠢᠭᠡᠳᠦᠭᠡᠷ ᠪᠠᠭ᠎ᠠ ᠰᠣᠷᠭᠠᠭᠤᠯᠢ ᠶᠢᠨ ᠬᠤᠪᠢᠶᠠᠷᠢ ᠰᠣᠷᠭᠠᠭᠤᠯᠢ ᠶᠢᠨ ᠬᠦᠯ ᠪᠦᠮᠪᠦᠭᠡ ᠶᠢᠨ ᠣᠷᠳᠣᠨ ᠪᠠ ᠲᠦᠷᠪᠡᠳᠦᠭᠡᠷ ᠲᠣᠮᠳᠠᠳᠣ ᠰᠣᠷᠭᠠᠭᠤᠯᠢ ᠶᠢᠨ ᠭᠤᠮ ᠲᠠᠮᠢᠷ | ᠤᠨ ᠲᠠᠯᠠᠪᠠᠢ ᠶᠢ ᠦᠷᠬᠦᠯᠵᠢᠯᠠᠨ ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠦ᠂ ᠦᠨᠳᠦᠰᠦᠳᠠᠨ ᠤ ᠰᠣᠷᠭᠠᠨ ᠬᠦᠮᠦᠵᠢᠯ ᠤᠨ ᠲᠣᠭᠤᠷᠢᠭ ᠤᠨ ᠬᠦᠯ ᠪᠦᠮᠪᠦᠭᠡᠨ | ᠲᠠᠯᠠᠪᠣᠷ᠂ ᠲᠠᠪᠣᠳᠣᠭᠠᠷ ᠬᠡᠣᠬᠡᠳ ᠤᠨ ᠴᠡᠴᠡᠷᠯᠢᠭ ᠢ ᠰᠢᠨ᠎ᠡ ᠪᠠᠶᠢᠭᠤᠯᠬᠤ ᠢᠨᠵᠧᠨᠧᠷᠢᠩ ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ | ᠰᠠᠭᠤᠷᠢ ᠲᠦᠬᠦᠭᠡᠷᠦᠮᠵᠢ ᠶᠢ ᠵᠠᠰᠠᠵᠣ ᠬᠠᠮᠠᠭᠠᠯᠠᠬᠤ ᠶᠢ ᠦᠷᠬᠦᠯᠵᠢᠯᠡᠨ ᠪᠡᠶᠡᠯᠡᠬᠦᠯᠵᠦ᠂ ᠨᠢᠭᠡᠳᠦᠭᠡᠷ ᠲᠣᠮᠳᠠᠳᠣ ᠰᠣᠷᠭᠠᠭᠤᠯᠢ ᠶᠢ ᠵᠠᠰᠠᠨ ᠪᠠᠶᠢᠭᠤᠯᠬᠤ ᠦᠭᠡᠷᠡᠴᠢᠯᠡᠯᠳᠡ | ᠶᠢ ᠲᠦᠷᠭᠡᠯᠠᠨ ᠠᠬᠢᠭᠤᠯᠵᠣ᠂ ᠣᠯᠠᠨ ᠭᠡᠷᠡᠭᠴᠡᠭᠡᠳᠦ ᠲᠠᠮᠢᠷ ᠤᠨ ᠣᠷᠳᠣᠨ ᠤ ᠪᠦᠳᠦᠭᠡᠨ ᠪᠠᠶᠢᠭᠤᠯᠣᠯᠳᠠ ᠶᠢ ᠪᠠᠶᠡᠯᠡᠬᠦᠯᠦᠨ᠎ᠡ᠃ ᠬᠢᠴᠢᠶᠡᠯ ᠲᠦᠷᠦᠯ ᠤᠨ ᠲᠣᠳᠠᠭᠤ | ᠪᠠᠭᠰᠢ ᠶᠢ ᠢᠯᠡ ᠪᠠᠷ ᠡᠯᠰᠠᠬᠦ ᠠᠵᠢᠯᠯᠠᠭ᠎ᠠ ᠶᠢ ᠨᠠᠷᠢᠨ ᠬᠢᠨᠠᠮᠠᠭᠠᠢ ᠬᠢᠵᠦ᠂ ᠪᠠᠭᠰᠢ ᠶᠢ ᠤᠷᠮᠠᠰᠢᠭᠤᠯᠬᠤ ᠵᠣᠬᠢᠴᠠᠮᠵᠢ ᠶᠢ ᠲᠡᠬᠦᠯᠳᠡᠷᠵᠢᠬᠦᠯᠦᠨ᠂ ᠪᠠᠭᠰᠢ ᠶᠢᠨ ᠡᠩᠨᠡᠭᠡ | ᠶᠢ ᠦᠨᠡᠨᠬᠦ ᠲᠣᠭᠳᠠᠭᠤᠨ ᠪᠣᠯᠭᠠᠵᠣ᠂ ᠰᠣᠷᠭᠠᠨ ᠬᠦᠮᠦᠵᠢᠯ ᠵᠢᠭᠠᠨ ᠰᠣᠷᠭᠠᠬᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ | ︵ᠲᠦᠷᠪᠡ︶ ᠢᠳᠡᠷᠡᠬᠦᠨ ᠡᠮᠦᠨᠡᠳᠦ ᠬᠤᠰᠢᠭᠤᠨ ᠤ ᠪᠠᠨ ᠢᠨᠵᠧᠨᠧᠷᠢᠩ ᠢ ᠪᠡᠶᠡᠯᠡᠬᠦᠯᠦᠨ᠎ᠡ᠃ ᠠᠯᠪᠠᠨ ᠤ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠦᠭᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠡᠮ ᠤᠨ ᠵᠦᠢᠯ ᠢ ᠬᠠᠩᠭᠠᠬᠤ ᠪᠠᠳᠣᠯᠭ᠎ᠠ ᠶᠢᠨ ᠲᠦᠷᠢᠮ ᠤᠨ ᠪᠦᠳᠦᠭᠡᠨ ᠪᠠᠶᠢᠭᠤᠯᠣᠯᠳᠠ ᠢ ᠲᠦᠷᠬᠡᠳᠭᠡᠨ ᠠᠬᠢᠭᠤᠯᠵᠣ᠂ | ᠡᠮᠨᠡᠯᠭᠡ ᠶᠢᠨ ᠬᠤᠷᠢᠶᠠᠨ ᠤ ᠲᠣᠳᠣᠭᠠᠳᠣ ᠳᠠᠬᠢ ᠨᠠᠷᠢᠯᠢᠭᠵᠢᠭᠰᠠᠨ ᠬᠠᠮᠢᠶᠠᠷᠤᠯᠳᠠ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠢᠳᠡᠷᠡᠬᠦᠨ ᠶᠠᠳᠠᠭᠤ ᠶᠢ ᠲᠡᠳᠭᠦᠭᠦ | ᠡᠯ᠎ᠡ ᠵᠦᠢᠯ ᠤᠨ ᠣᠷᠣᠨ ᠲᠤᠭ᠎ᠠ ᠶᠢ ᠨᠠᠷᠢᠨ ᠬᠢᠨᠠᠮᠠᠭᠠᠢ ᠪᠡᠶᠡᠯᠡᠬᠦᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠷᠡᠬᠦᠯ ᠮᠡᠨᠳᠣ ᠶᠢᠨ ᠬᠢᠷᠢ ᠬᠡᠮᠵᠢᠶ᠎ᠡ ᠶᠢ | ᠪᠠᠳᠣᠯᠠᠬᠤ ᠲᠠᠩᠰᠠ ᠪᠠᠶᠢᠭᠤᠯᠣᠨ ᠺᠡᠷᠲ ᠭᠠᠷᠭᠠᠪᠠ᠃ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠬᠠᠮᠢᠶᠠᠷᠣᠯᠳᠠ ᠶᠢᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ ᠬᠤᠯᠪᠣᠭᠠᠯᠠᠯ ᠤᠨ ᠪᠦᠳᠦᠭᠡᠨ ᠪᠠᠶᠢᠭᠤᠯᠣᠯᠳᠠ ᠶᠢ ᠪᠠᠳᠣᠯᠠᠵᠣ ᠡᠬᠡ ᠨᠢᠯᠬᠠᠰ ᠤᠨ | ᠡᠷᠡᠬᠦᠯ ᠮᠡᠨᠳᠣ ᠶᠢ ᠬᠠᠮᠠᠭᠠᠯᠠᠬᠤ ᠬᠤᠷᠢᠶ᠎ᠠ ᠶᠢᠨ ᠰᠢᠨ᠎ᠡ ᠪᠠᠶᠢᠷᠢ ᠶᠢᠨ ᠭᠤᠣᠯ ᠪᠠᠷᠢᠯᠭ᠎ᠠ ᠶᠢ ᠨᠢᠭᠡᠨᠳᠡ ᠪᠠᠶᠢᠭᠤᠯᠵᠣ᠂ ᠵᠢᠯ ᠤᠨ ᠲᠣᠳᠣᠷ᠎ᠠ ᠠᠰᠢᠭᠯᠠᠯᠳᠠ ᠳᠤ | ᠣᠷᠣᠭᠤᠯᠬᠤ ᠪᠠᠷ ᠴᠢᠷᠮᠠᠶᠢᠨ᠎ᠠ᠃ ᠮᠣᠩᠭᠤᠯ ᠬᠢᠳᠠᠳ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠶᠢ ᠶᠡᠭᠡᠪᠡᠷ ᠲᠡᠮᠵᠢᠵᠦ᠂ ᠦᠨᠳᠦᠰᠦᠨ ᠱᠠᠳᠣᠨ ᠤ ᠮᠣᠩᠭᠤᠯ | ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠣᠷᠢ ᠶᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠵᠦ᠂ ᠮᠣᠩᠭᠤᠯ ᠡᠮ ᠡᠮᠨᠡᠯᠭᠡ ᠡᠷᠦᠭᠡ ᠪᠣᠯᠭᠠᠨ ᠳᠤ | ᠣᠷᠣᠬᠤ ᠠᠵᠢᠯᠯᠠᠭ᠎ᠠ ᠶᠢ ᠦᠷᠨᠢᠬᠦᠯᠵᠦ᠂ ᠮᠣᠩᠭᠤᠯ ᠬᠢᠳᠠᠳ ᠡᠮ ᠢᠶᠠᠷ ︽ᠢᠷᠦᠭᠡᠳᠦᠢ ᠡᠪᠡᠳᠴᠢᠨ ᠢ ᠵᠠᠰᠬᠤ︾ ᠣᠷᠢᠳᠴᠢᠯᠠᠨ ᠰᠡᠷᠭᠡᠶᠢᠯᠡᠬᠦ ᠡᠷᠡᠬᠦᠯ ᠮᠡᠨᠳᠣ ᠶᠢ | ᠬᠠᠮᠠᠭᠠᠯᠠᠬᠤ ᠮᠡᠳᠡᠯᠭᠡ ᠶᠢ ᠲᠦᠭᠡᠮᠡᠯᠵᠢᠬᠦᠯᠬᠦ᠂ ᠦᠨᠳᠣᠰᠦᠨ ᠱᠠᠳᠣᠨ ᠤ ᠡᠮ ᠡᠮᠨᠡᠯᠬᠡ ᠶᠢᠨ ᠪᠠᠶᠢᠭᠤᠯᠣᠮᠵᠢ ᠶᠢᠨ ︽ᠮᠣᠩᠭᠤᠯ ᠡᠮ ᠤᠨ ᠭᠠᠵᠠᠷ ᠬᠢᠳᠠᠳ ᠡᠮ ᠤᠨ | ᠭᠠᠵᠠᠷ︾ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠨ᠎ᠡ᠃ ᠬᠦᠮᠦᠨ ᠠᠮᠠ ᠲᠦᠯᠦᠪᠯᠡᠭᠡᠳᠣ ᠦᠷᠡᠵᠢᠯ᠂ ᠬᠠᠯᠳᠠᠪᠣᠷᠢᠳᠣ ᠡᠪᠡᠳᠴᠢᠨ ᠤ ᠰᠡᠷᠭᠡᠶᠢᠯᠡᠨ | ᠬᠢᠵᠠᠭᠠᠷᠯᠠᠯᠳᠠ ᠪᠠ ᠣᠯᠠᠨ ᠨᠡᠶᠢᠳᠡ ᠶᠢᠨ ᠡᠷᠡᠭᠦᠯ ᠬᠠᠮᠠᠭᠠᠯᠠᠯ ᠳᠤ ᠬᠢᠨᠠᠯᠳᠡ ᠲᠠᠯᠪᠢᠬᠤ ᠠᠵᠢᠯ ᠢ ᠲᠦᠷᠭᠡᠳᠭᠡᠵᠦ᠂ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ | ᠤᠨ ᠬᠦᠳᠡᠯᠭᠡᠭᠡᠨ ᠢ ᠬᠦᠨᠵᠡᠭᠡᠢ ᠦᠷᠨᠢᠬᠦᠯᠵᠦ᠂ ᠣᠯᠣᠰ ᠤᠨ ᠡᠷᠡᠬᠦᠯ ᠬᠠᠮᠠᠭᠠᠯᠠᠯ ᠤᠨ ᠰᠢᠶᠡᠨ ᠤ ᠬᠤᠳᠠ ᠪᠠ ᠣᠳᠠᠭᠠᠨ ᠴᠢᠨᠠᠷᠳᠠᠢ ᠡᠪᠡᠳᠴᠢᠨ ᠢ ᠰᠡᠷᠭᠡᠶᠢᠯᠡᠨ | ᠵᠠᠰᠠᠬᠤ ᠵᠢᠱᠢᠶ᠎ᠡ ᠦᠵᠡᠬᠦᠯᠬᠦ ᠬᠤᠰᠢᠭᠤ᠂ ᠡᠷᠡᠬᠦᠯ ᠢᠶᠠᠷ ᠠᠬᠢᠭᠤᠯᠣᠭᠰᠠᠨ ᠬᠤᠰᠢᠭᠤ ᠰᠢᠶᠡᠨ ᠢ ᠡᠬᠦᠳᠦᠨ ᠪᠠᠶᠢᠭᠤᠯᠣᠨ᠎ᠠ᠃ | ︵ᠲᠠᠪᠤ︶ ᠰᠣᠶᠣᠯ ᠲᠡᠮᠢᠷ ᠤᠨ ᠦᠢᠯᠡᠰ ᠢ ᠴᠡᠴᠡᠭᠯᠡᠨ ᠬᠦᠭᠵᠢᠬᠦᠯᠦᠨ᠎ᠡ᠃ ︽ᠮᠣᠷᠠᠯ ᠲᠠᠢ ᠣᠷᠠᠳ᠂ ᠠᠴᠢᠯᠠᠯ ᠲᠠᠢ ᠣᠷᠠᠳ︾ ᠢ ᠡᠬᠦᠳᠦᠨ ᠪᠠᠶᠢᠭᠤᠯᠬᠤ | ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠨᠠᠶᠢᠬᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠪᠠ ᠲᠣᠮᠳᠠᠳᠣ ᠣᠯᠣᠰ ᠤᠨ ᠰᠢᠯᠢᠳᠡᠭ ᠣᠳᠣᠮᠰᠢᠯᠳᠣ | ᠶᠣᠰᠣ ᠰᠣᠷᠳᠠᠬᠤᠨ ᠢ ᠶᠡᠭᠡᠪᠡᠷ ᠪᠠᠳᠠᠷᠠᠭᠤᠯᠵᠣ᠂ ᠵᠦᠪ ᠲᠠᠯ᠎ᠠ ᠶᠢᠨ ᠨᠡᠶᠢᠳᠡᠯᠢᠭ ᠢ ᠬᠦᠮᠦᠵᠢᠬᠦᠯᠵᠦ᠂ ᠪᠦᠬᠦ ᠨᠠᠶᠢᠭᠡᠮ ᠢᠶᠠᠷ ᠢᠶᠠᠨ ᠶᠣᠰᠣ ᠰᠣᠷᠳᠠᠬᠤᠨ ᠰᠠᠶᠢᠨ | ᠰᠠᠶᠢᠬᠠᠨ ᠢ ᠡᠷᠬᠢᠮᠯᠡᠬᠦ ᠶᠢ ᠤᠷᠮᠠᠰᠢᠭᠤᠯᠤᠨ᠎ᠠ᠃ ᠰᠣᠶᠣᠯ ᠤᠨ ᠰᠠᠭᠤᠷᠢ ᠲᠣᠨᠤᠭ ᠲᠦᠬᠦᠭᠡᠷᠦᠮᠵᠢ ᠶᠢ ᠦᠷᠬᠦᠯᠵᠢᠯᠡᠨ ᠲᠡᠭᠦᠯᠳᠡᠷᠵᠢᠬᠦᠯᠵᠦ᠂ ᠣᠯᠠᠭᠠᠨᠮᠦ᠋ᠴᠢᠷ ᠤᠨ | ᠦᠷᠭᠡᠨ ᠲᠠᠯᠠᠪᠣᠷ ᠢ ᠪᠦᠬᠦ ᠲᠠᠯ᠎ᠠ ᠪᠠᠷ ᠪᠠᠶᠢᠭᠤᠯᠵᠣ᠂ ᠲᠡᠯᠡᠭᠡᠢ ᠶᠢᠨ ᠡᠩᠭᠡ ᠲᠠᠶᠢᠪᠣᠩ ᠤᠨ ᠯᠣᠩᠬᠤ ᠪᠠ ᠣᠯᠣᠰ ᠤᠨ ᠬᠠᠮᠠᠭᠠᠯᠠᠯᠳᠠ ᠶᠢᠨ ᠬᠦᠮᠦᠵᠢᠯ ᠤᠨ ᠰᠠᠭᠤᠷᠢᠨ | ᠭᠠᠵᠠᠷ ᠤᠨ ᠲᠦᠷᠦᠯ ᠵᠦᠢᠯ ᠤᠨ ᠰᠠᠭᠤᠷᠢᠰᠢᠬᠤ ᠪᠦᠳᠦᠭᠡᠨ ᠪᠠᠶᠢᠭᠤᠯᠣᠯᠳᠠ ᠶᠢ ᠠᠬᠢᠭᠤᠯᠣᠨ᠎ᠠ᠃ ᠲᠡᠣᠭᠡ ᠶᠢᠨ ᠲᠣᠷᠠᠰᠬᠠᠯᠳᠣ ᠵᠦᠢᠯᠡᠰ ᠤᠨ ᠬᠠᠮᠠᠭᠠᠯᠠᠯᠳᠠ ᠶᠢᠨ | ᠠᠵᠢᠯ ᠢ ᠯᠠᠪᠳᠠᠭᠤᠨ ᠠᠬᠢᠭᠤᠯᠵᠣ᠂ ᠲᠡᠪᠰᠡᠭ ᠰᠦᠮ᠎ᠡ᠂ ᠴᠢᠨ ᠣᠯᠣᠰ ᠤᠨ ᠣᠷᠳᠣ ᠴᠠᠭᠠᠨ ᠬᠡᠷᠡᠮ᠂ ᠸᠧᠢ ᠶᠧ ᠵᠧᠨ ᠡᠷᠳᠡᠨ ᠤ ᠬᠤᠳᠠ ᠵᠡᠷᠭᠡ ᠶᠢ ᠰᠡᠯᠪᠢᠨ | ᠵᠠᠰᠠᠬᠤ ᠪᠠᠷᠢᠯᠭ᠎ᠠ ᠶᠢ ᠭᠡᠷᠡᠭᠵᠢᠬᠦᠯᠦᠨ᠎ᠡ᠃ ᠪᠣᠳᠠᠰ ᠤᠨ ᠪᠣᠰᠣ ᠰᠣᠶᠣᠯ ᠤᠨ ᠦᠯᠡᠳᠡᠭᠳᠡᠯ ᠢ ᠬᠠᠮᠠᠭᠠᠯᠠᠨ ᠵᠠᠯᠭᠠᠮᠵᠢᠯᠠᠬᠤ ᠠᠵᠢᠯ ᠢ ᠶᠡᠭᠡᠳᠬᠡᠵᠦ ︽ᠬᠠᠰᠠᠷ ᠤᠨ | ᠲᠣᠮᠤᠭ︾ ᠢ ᠣᠯᠣᠰ ᠤᠨ ᠲᠡᠰ ᠤᠨ ᠪᠣᠳᠠᠰ ᠤᠨ ᠪᠣᠰᠣ ᠰᠣᠶᠣᠯ ᠤᠨ ᠦᠯᠡᠳᠡᠭᠳᠡᠯ ᠢᠶᠠᠷ ᠮᠠᠳᠠᠬᠦᠯᠦᠨᠡ᠃ ᠰᠣᠶᠣᠯ ᠤᠨ ᠴᠢᠳᠠᠪᠣᠷᠢᠳᠠᠨ ᠤ ᠡᠩᠨᠡᠭᠡ ᠶᠢᠨ ᠪᠦᠳᠦᠭᠡᠨ | ᠪᠠᠶᠢᠭᠤᠯᠣᠯᠳᠠ ᠶᠢ ᠴᠢᠩᠭᠠᠳᠬᠠᠵᠣ᠂ ᠣᠯᠠᠭᠠᠦ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠣᠨ ︽ᠬᠤᠪᠢᠰᠬᠠᠯ ᠤᠨ ᠰᠣᠶᠣᠯ ᠣᠷᠠᠯᠢᠭ ᠤᠨ ᠬᠦᠩᠭᠡᠨ ᠮᠣᠷᠢᠳᠤ | ᠴᠡᠷᠢᠭ︾ ᠢ ᠪᠣᠶᠢᠵᠢᠭᠤᠯᠵᠣ᠂ ︽ᠲᠡᠭᠷᠢ ᠤᠨ ᠬᠡᠰᠢᠭ ᠲᠠᠢ ᠪᠣᠷᠣᠳᠣᠬᠠᠢ︾ ᠶᠢᠨ ᠭᠤᠣᠯ ᠰᠡᠳᠦᠪᠳᠣ ᠣᠷᠠᠨ ᠰᠠᠶᠢᠬᠠᠨ ᠤ ᠪᠦᠳᠦᠭᠡᠯ ᠢ ᠭᠠᠷᠭᠠᠵᠣ᠂ ᠲᠠᠪᠣᠳᠣᠭᠠᠷ | ᠬᠤᠭᠤᠴᠠᠭᠠᠨ ᠤ ︽ᠪᠠᠭ᠋ᠠᠷᠣᠯᠳᠣ ᠣᠷᠠᠳ︾ ᠪᠠᠷᠠᠭᠤᠨ ᠣᠷᠣᠨ ᠤ ᠠᠷᠠᠳ ᠤᠨ ᠲᠠᠭᠤᠨ ᠤ ᠴᠣᠭᠯᠠᠭᠠᠨ ᠢ ᠬᠢᠵᠦ ᠣᠯᠠᠨ ᠲᠦᠮᠡᠨ ᠤ ᠣᠶᠣᠨ ᠤ ᠪᠣᠯᠪᠠᠰᠣᠨ ᠢ | ᠪᠠᠶᠠᠯᠢᠭᠵᠢᠭᠤᠯᠣᠨ᠎ᠠ᠃ ᠰᠢᠶᠡᠨ ᠤ ᠱᠠᠳᠣᠨ ᠤ ᠵᠠᠭᠤᠴᠢᠯᠠᠭᠤᠷ ᠤᠨ ᠲᠦᠪ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠵᠦ᠂ ᠵᠠᠭᠤᠴᠢᠯᠠᠭᠤᠷ ᠤᠨ ᠢᠳᠡᠭᠡᠯ | ᠬᠦᠴᠦᠨ ᠪᠠ ᠨᠦᠯᠦᠭᠡᠯᠡᠯ ᠤᠨ ᠬᠦᠴᠦᠨ ᠢ ᠦᠷᠬᠦᠯᠵᠢᠯᠡᠨ ᠲᠡᠭᠡᠭᠰᠢᠯᠡᠬᠦᠯᠦᠨ᠎ᠡ᠃ ︽ᠲᠣᠮᠳᠠᠳᠣ ᠣᠯᠣᠰ ᠤᠨ ᠰᠢᠯᠦᠭ ᠲᠠᠭᠤᠯᠠᠯ ᠤᠨ ᠨᠣᠳᠤᠭ︾ ︽ᠲᠣᠮᠳᠠᠳᠣ | ᠣᠯᠣᠰ ᠤᠨ ᠨᠢᠳᠣᠷᠭᠠᠨ ᠡᠷᠳᠡᠮ ᠤᠨ ᠨᠣᠳᠤᠭ︾ ︽ᠲᠣᠮᠳᠠᠳᠣ ᠣᠯᠣᠰ ᠤᠨ ᠠᠷᠠᠳ ᠤᠨ ᠰᠣᠶᠣᠯ ᠣᠷᠠᠯᠢᠭ ᠤᠨ ᠨᠣᠳᠤᠭ︾ ᠢ ᠡᠬᠦᠳᠦᠨ ᠪᠠᠶᠢᠭᠤᠯᠬᠤ ᠠᠵᠢᠯ ᠢ | ᠢᠳᠡᠪᠬᠢᠳᠠᠢ ᠦᠷᠨᠢᠬᠦᠯᠵᠦ᠂ ᠣᠷᠠᠳ ᠤᠨ ᠦᠨᠳᠦᠰᠦᠳᠡᠨ ᠤ ᠰᠣᠶᠣᠯ ᠰᠣᠳᠣᠯᠭᠠᠨ ᠤ ᠬᠤᠷᠠᠯ ᠢ ᠬᠢᠬᠦ ᠪᠠᠷ ᠪᠡᠯᠡᠳᠭᠡᠨ᠎ᠡ᠃ ᠪᠦᠬᠦ ᠠᠷᠠᠳ ᠢᠶᠠᠷ ᠢᠶᠠᠨ ᠪᠡᠶ᠎ᠡ | ᠮᠠᠬᠠᠪᠣᠳ ᠢᠶᠠᠨ ᠴᠢᠭᠢᠷᠠᠭᠵᠢᠭᠤᠯᠬᠤ ᠠᠵᠢᠯ ᠦᠢᠯᠡᠰ ᠢ ᠶᠡᠭᠡᠪᠡᠷ ᠬᠦᠭᠵᠢᠬᠦᠯᠵᠦ᠂ ᠲᠣᠮᠳᠠᠳᠣ ᠣᠯᠣᠰ ᠤᠨ ᠣᠯᠠᠨ ᠣᠯᠣᠰ ᠤᠨ ᠵᠢᠭᠠᠰᠣ ᠬᠦᠬᠢᠳᠡᠬᠦ ᠣᠷᠣᠯᠳᠣᠭᠠᠨ᠂ | ᠣᠯᠠᠨ ᠣᠯᠣᠰ ᠤᠨ ᠪᠦᠭᠡ ᠶᠢᠨ ᠣᠷᠢᠯᠭ᠎ᠠ ᠶᠢᠨ ᠣᠷᠣᠯᠳᠣᠭᠠᠨ᠂ ᠦᠪᠦᠷ ᠮᠣᠩᠭᠤᠯ ᠤᠨ ᠪᠠᠷᠠᠭᠤᠨ ᠣᠷᠣᠨ ᠤ ᠮᠢᠭᠡᠮᠡ ᠰᠢᠳᠠᠷ᠎ᠠ ᠶᠢᠨ ᠦᠷᠢᠰᠦᠯᠳᠦᠬᠦ ᠣᠷᠣᠯᠳᠣᠭᠠᠨ | ᠵᠡᠷᠭᠡ ᠲᠣᠮᠣ ᠭᠡᠯᠪᠡᠷᠢ ᠶᠢᠨ ᠲᠠᠮᠢᠷ ᠤᠨ ᠣᠷᠣᠯᠳᠣᠭᠠᠨ ᠢ ᠵᠣᠬᠢᠶᠠᠨ ᠪᠠᠶᠢᠭᠤᠯᠣᠨ ᠶᠠᠪᠣᠭᠳᠠᠭᠤᠯᠵᠣ᠂ ᠪᠦᠬᠦ ᠬᠤᠰᠢᠭᠤᠨ ᠤ ᠰᠣᠶᠣᠯ ᠲᠡᠮᠢᠷ ᠤᠨ ᠦᠢᠯᠡᠰ ᠤᠨ | ᠨᠦᠯᠦᠭᠡᠯᠡᠬᠦ ᠬᠦᠴᠦᠨ ᠢ ᠲᠡᠭᠡᠭᠰᠢᠯᠡᠬᠦᠯᠦᠨ᠎ᠡ᠃ | ︵ᠵᠢᠷᠭᠤᠭ᠎ᠠ︶ ᠨᠠᠶᠢᠭᠡᠮ ᠤᠨ ᠵᠠᠰᠠᠯᠳᠠ ᠰᠢᠨᠠᠴᠢᠯᠠᠯᠳᠠ ᠶᠢ ᠴᠢᠩᠭᠠᠳᠬᠠᠨ᠎ᠠ᠃ ᠨᠠᠮ ᠤᠨ ᠬᠤᠷᠢᠶ᠎ᠠ ᠶᠢᠨ ᠣᠳᠣᠷᠢᠳᠣᠯᠭ᠎ᠠ᠂ ᠵᠠᠰᠠᠭ ᠤᠨ ᠣᠷᠳᠣᠨ ᠤ ᠭᠤᠣᠯ | ᠲᠠᠭᠠᠭᠤᠯᠭ᠎ᠠ᠂ ᠣᠯᠠᠨ ᠲᠦᠮᠡᠨ ᠣᠷᠣᠯᠴᠠᠭᠰᠠᠨ᠂ ᠬᠠᠣᠯᠢ ᠪᠠᠷ ᠵᠠᠰᠠᠭᠰᠠᠨ ᠪᠠᠳᠤᠯᠠᠭ᠎ᠠ ᠲᠠᠢ ᠨᠠᠶᠢᠭᠡᠮ ᠤᠨ ᠵᠠᠰᠠᠨ ᠴᠡᠭᠴᠡᠯᠡᠬᠦ ᠵᠣᠬᠢᠴᠠᠮᠵᠢ ᠶᠢ ᠪᠠᠶᠢᠭᠤᠯᠣᠨ | ᠲᠡᠬᠦᠯᠳᠡᠷᠵᠢᠬᠦᠯᠦᠨ᠎ᠡ᠃ ᠵᠠᠬᠢᠳᠠᠯ ᠰᠣᠷᠪᠣᠯᠵᠢᠯᠠᠯ ᠤᠨ ᠬᠠᠣᠯᠢ ᠲᠦᠷᠢᠮᠵᠢᠯ ᠤᠨ ᠪᠦᠳᠦᠭᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠴᠢᠩᠭᠠᠳᠬᠠᠵᠣ᠂ ᠠᠷᠠᠳ ᠤᠨ | ᠡᠶᠡᠳᠡᠬᠦᠯᠭᠡ᠂ ᠵᠠᠰᠠᠭ ᠵᠠᠬᠢᠷᠭᠠᠨ ᠤ ᠡᠶᠡᠳᠡᠬᠦᠯᠭᠡ᠂ ᠬᠠᠣᠯᠢ ᠴᠠᠭᠠᠵᠠ ᠶᠢᠨ ᠡᠶᠡᠳᠦᠬᠦᠯᠭᠡ ᠬᠠᠷᠠᠯᠴᠠᠨ ᠬᠦᠳᠡᠯᠦᠯᠴᠡᠬᠦ ᠠᠵᠢᠯ ᠤᠨ ᠲᠣᠭᠳᠠᠯᠴᠠᠭ᠎ᠠ ᠶᠢ ᠪᠦᠷᠢᠨ | ᠲᠦᠬᠦᠷᠵᠢᠭᠦᠯᠵᠦ᠂ ᠵᠠᠬᠢᠳᠠᠯ ᠰᠣᠷᠪᠣᠯᠵᠢᠯᠠᠯ ᠤᠨ ᠬᠤᠯᠪᠣᠭᠠᠳᠣ ᠬᠤᠷᠠᠯ ᠤᠨ ᠲᠦᠷᠢᠮ ᠪᠠ ᠣᠳᠣᠷᠢᠳᠣᠯᠭ᠎ᠠ ᠭᠡᠷᠡᠭ ᠢ ᠲᠠᠭᠠᠭᠠᠴᠢᠯᠠᠬᠤ᠂ ᠲᠣᠭᠳᠠᠮᠠᠯ ᠬᠤᠭᠤᠴᠠᠭ᠎ᠠ | ᠲᠠᠢ ᠪᠠᠷ ᠰᠣᠷᠪᠣᠯᠵᠢᠯᠠᠭ᠎ᠠ ᠬᠦᠯᠢᠶᠡᠬᠦ ᠲᠤᠭᠤᠭᠰᠢ ᠪᠠᠭᠤᠵᠣ ᠰᠣᠷᠪᠣᠯᠵᠢᠯᠠᠬᠤ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠮᠠᠳᠠᠭ ᠲᠠᠢ ᠵᠠᠬᠢᠳᠠᠯ ᠰᠣᠷᠪᠣᠯᠵᠢᠯᠠᠯ | ᠤᠨ ᠭᠡᠷᠡᠭ ᠢ ᠲᠦᠪᠯᠡᠷᠡᠬᠦᠯᠦᠨ ᠠᠷᠢᠯᠭᠠᠵᠣ ᠣᠯᠠᠨ ᠲᠦᠮᠡᠨ ᠤ ᠵᠦᠢ ᠶᠣᠰᠣᠨ ᠤ ᠭᠤᠮᠣᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠲᠦᠷᠰᠦ | ᠪᠠᠷᠢᠮᠵᠢᠶᠠᠵᠢᠭᠰᠠᠨ ᠨᠠᠶᠢᠭᠡᠮ ᠤᠨ ᠠᠮᠣᠷ ᠢ ᠬᠠᠮᠠᠭᠠᠯᠠᠬᠤ ᠰᠡᠷᠭᠡᠶᠢᠯᠡᠨ ᠬᠢᠵᠠᠭᠠᠷᠯᠠᠬᠤ ᠲᠣᠭᠳᠠᠯᠴᠠᠭ᠎ᠠ ᠶᠢ ᠲᠡᠬᠦᠯᠳᠡᠷᠵᠢᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ | ᠢ ᠠᠷᠢᠯᠭᠠᠬᠤ ᠲᠣᠰᠬᠠᠢ ᠲᠡᠮᠡᠴᠡᠯ ᠢ ᠬᠦᠨᠵᠡᠭᠡᠢ ᠦᠷᠨᠢᠬᠦᠯᠵᠦ᠂ ᠡᠯ᠎ᠡ ᠲᠦᠷᠦᠯ ᠤᠨ ᠬᠤᠯᠢ ᠠᠴᠠ ᠵᠦᠷᠢᠴᠭᠰᠠᠨ ᠶᠠᠯᠠᠳᠣ ᠠᠵᠢᠯᠯᠠᠭ᠎ᠠ ᠳᠤ ᠡᠷᠡᠰ ᠴᠣᠬᠢᠯᠳᠠ ᠦᠭᠴᠦ᠂ | ᠣᠯᠠᠨ ᠲᠦᠮᠡᠨ ᠤ ᠠᠮᠣᠷ ᠲᠦᠪᠰᠢᠨ ᠲᠦᠷᠦᠭᠳᠠᠯ ᠪᠠ ᠬᠠᠨᠣᠮᠵᠢᠳᠣ ᠰᠡᠳᠬᠢᠯᠭᠡ ᠶᠢ ᠲᠡᠭᠡᠭᠰᠢᠯᠡᠭᠦᠯᠦᠨ᠎ᠡ᠃ ︽ᠨᠠᠮ ᠵᠠᠰᠠᠭ ᠬᠠᠮᠳᠣᠪᠠᠷ ᠡᠭᠦᠷᠭᠡᠯᠡᠵᠦ᠂ ᠨᠢᠭᠡ | ᠪᠠᠶᠢᠷᠢ ᠬᠤᠣᠰ ᠬᠠᠷᠢᠭᠤᠴᠠᠯᠭ᠎ᠠ᠂ ᠬᠠᠷᠢᠭᠤᠴᠠᠯᠭ᠎ᠠ ᠠᠯᠳᠠᠵᠣ ᠬᠠᠷᠢᠭᠤᠴᠠᠯᠭ᠎ᠠ ᠨᠠᠭᠡᠮᠵᠢᠯᠡᠬᠦ︾ ᠬᠠᠷᠢᠭᠤᠴᠠᠯᠭ᠎ᠠ ᠶᠢᠨ ᠲᠦᠷᠢᠮ ᠪᠠ ︽ᠭᠤᠷᠪᠠᠨ ᠡᠷᠭᠡᠪᠰᠢ︾ | ᠱᠠᠭᠠᠷᠳᠠᠯᠭ᠎ᠠ ᠶᠢ ᠡᠷᠡᠰ ᠨᠠᠶᠢᠳᠠᠪᠣᠷᠢᠵᠢᠭᠤᠯᠵᠣ᠂ ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠵᠣ᠂ ᠠᠮᠣᠷ ᠲᠦᠪᠰᠢᠨ ᠤ | ᠲᠠᠯᠳᠠ ᠭᠡᠮ ᠤᠨ ᠶᠡᠭᠡ ᠪᠠᠶᠢᠴᠠᠭᠠᠯᠳᠠ ᠶᠡᠭᠡ ᠴᠡᠭᠴᠡᠯᠡᠯᠳᠡᠶᠢ ᠪᠠᠶᠢᠩᠭᠤᠴᠢᠯᠠᠵᠣ᠂ ᠪᠦᠬᠦᠨ ᠢ ᠪᠦᠷᠬᠦᠬᠦᠯᠵᠦ᠂ ᠣᠭᠳᠣ ᠠᠭᠤᠴᠢᠯᠠᠬᠤ ᠦᠭᠡᠢ᠂ ᠬᠠᠣᠯᠢ ᠶᠢ | ᠴᠢᠩᠭ᠎ᠠ ᠭᠡᠷᠡᠭᠵᠢᠬᠦᠯᠵᠦ᠂ ᠪᠣᠳᠠᠳᠣ ᠦᠷ᠎ᠡ ᠪᠦᠳᠦᠮᠵᠢ ᠶᠢ ᠴᠢᠬᠤᠯᠠᠴᠢᠯᠠᠨ᠎ᠠ᠃ ᠪᠠᠴᠢᠮ ᠢ ᠠᠷᠭᠠᠴᠠᠭᠠᠬᠤ ᠲᠦᠰᠦᠯ ᠤᠨ ᠬᠠᠮᠢᠶᠠᠷᠣᠯᠳᠠ ᠪᠠ ᠰᠦᠷᠢᠯᠳᠡ ᠶᠢ | ᠴᠢᠩᠭᠠᠳᠬᠠᠵᠣ᠂ ᠬᠡᠨᠡᠳᠳᠡ ᠶᠢᠨ ᠭᠡᠷᠡᠭ ᠣᠴᠢᠷ ᠢ ᠰᠡᠷᠭᠡᠶᠢᠯᠡᠨ ᠠᠷᠭᠠᠴᠠᠬᠤ ᠴᠢᠳᠠᠪᠣᠷᠢ ᠶᠢ ᠲᠡᠭᠡᠭᠰᠢᠯᠡᠬᠦᠯᠦᠨ᠎ᠡ᠃ ᠬᠦᠨᠳᠣ ᠴᠢᠬᠤᠯᠠ ᠶᠡᠷᠢᠶ᠎ᠠ ᠭᠡᠯᠡᠯᠴᠡᠭᠡᠨ ᠤ | ᠪᠠᠶᠢᠳᠠᠯ ᠢ ᠲᠠᠷᠦᠢ ᠲᠦᠷᠭᠡᠨ ᠲᠣᠰᠬᠠᠬᠤ ᠵᠣᠬᠢᠴᠠᠮᠵᠢ ᠶᠢ ᠲᠠᠬᠦᠯᠳᠡᠷᠵᠢᠬᠦᠯᠵᠦ᠂ ᠰᠦᠯᠵᠢᠶ᠎ᠡ ᠵᠠᠭᠤᠴᠢᠯᠠᠭᠤᠷ ᠤᠨ ᠶᠡᠷᠢᠶ᠎ᠠ ᠭᠡᠯᠡᠯᠴᠡᠭᠡᠨ ᠳᠤ ᠲᠠᠷᠦᠢ ᠲᠦᠷᠭᠡᠨ | ᠬᠠᠷᠢᠭᠤ ᠲᠣᠰᠬᠠᠨ ᠵᠢᠯᠤᠭᠤᠳᠴᠤ᠂ ᠠᠵᠢᠯ ᠤᠨ ᠬᠦᠳᠡᠯᠦᠩᠬᠦᠢ ᠡᠷᠭᠡ ᠪᠠ ᠦᠭᠡ ᠶᠡᠷᠢᠶᠠᠨ ᠤ ᠡᠷᠭᠡ ᠶᠢ ᠦᠨᠡᠨᠬᠦ ᠡᠵᠡᠮᠰᠢᠨ᠎ᠡ᠃ ᠲᠦᠷᠦᠯ ᠵᠦᠢᠯ ᠤᠨ ᠪᠡᠯᠡ | ᠮᠦᠩᠬᠦ ᠪᠠ ᠰᠢᠯᠭᠠᠨ ᠬᠡᠮᠵᠢᠬᠦ ᠡᠬᠢ ᠰᠣᠷᠪᠣᠯᠵᠢ ᠶᠢ ᠨᠢᠭᠡᠳᠭᠡᠨ᠂ ᠲᠡᠷᠢᠶᠠᠯᠠᠩ ᠮᠠᠯ ᠤᠨᠠᠰᠢᠭ ᠰᠢᠮ᠎ᠡ ᠪᠠ ᠢᠳᠡᠭᠡᠨ ᠤ ᠠᠮᠣᠷ ᠲᠦᠪᠰᠢᠨ ᠢ ᠰᠢᠯᠭᠠᠨ ᠬᠡᠮᠵᠢᠬᠦ | ᠲᠦᠪ ᠤᠨ ᠪᠠᠶᠢᠭᠤᠯᠣᠯᠳᠠ ᠠᠰᠢᠭᠯᠠᠯᠳᠠ ᠳᠤ ᠣᠷᠣᠬᠤ ᠶᠢ ᠪᠠᠳᠣᠯᠠᠵᠣ ᠂ ᠢᠳᠡᠭᠡᠨ ᠤ ᠵᠦᠢᠯ ᠡᠮ ᠤᠨ ᠵᠦᠢᠯ ᠤᠨ ᠠᠮᠣᠷ ᠲᠦᠪᠰᠢᠨ ᠢ ᠢᠷᠡᠯᠳᠡ ᠠᠴᠠ ᠨᠢ | ᠵᠠᠰᠠᠬᠤ ᠪᠠ ᠪᠦᠬᠦ ᠶᠠᠪᠣᠴᠠ ᠳᠠᠬᠢ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠣᠯᠠᠨ ᠲᠦᠮᠡᠨ ᠤ ᠢᠳᠡᠭᠡᠨ ᠣᠮᠳᠠᠭᠠᠨ ᠡᠮ ᠭᠡᠷᠭᠯᠡᠬᠦ ᠠᠮᠣᠷ ᠲᠦᠪᠰᠢᠨ ᠢ | ᠦᠨᠡᠨᠬᠦ ᠪᠠᠳᠣᠯᠠᠨ᠎ᠠ᠃ ᠠᠬᠠᠮᠠᠳ ᠺᠠᠳ᠋ᠷᠴᠣᠳ ᠤᠨ ᠠᠵᠢᠯ ᠢ ᠴᠢᠬᠤᠯᠠᠴᠢᠯᠠᠵᠤ᠂ ᠠᠵᠢᠯᠳᠠᠨ ᠵᠠᠯᠠᠭᠤᠴᠣᠳ ᠡᠮᠡᠭᠳᠡᠶᠢᠴᠦᠳ᠂ ᠣᠯᠠᠭᠠᠨ ᠵᠠᠭᠠᠯᠮᠠᠶᠢᠳᠠᠨ ᠤ ᠨᠠᠡᠶᠢᠭᠡᠮᠯᠢᠭ | ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠣᠯᠳᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠨ᠂ ᠡᠮᠡᠭᠳᠡᠶᠢᠴᠦᠳ ᠬᠡᠣᠬᠡᠳ᠂ | ᠨᠠᠰᠣᠳᠠᠶᠢᠴᠣᠳ᠂ ᠵᠡᠮᠳᠡᠭᠴᠣᠳ ᠤᠨ ᠵᠦᠢ ᠶᠣᠰᠣᠨ ᠤ ᠡᠷᠭᠡ ᠠᠰᠢᠭ ᠶᠢ ᠰᠠᠶᠢᠳᠣᠷ ᠬᠠᠮᠠᠭᠠᠯᠠᠨ᠎ᠠ᠃ ᠴᠠᠬᠢᠯᠭᠠᠨ ᠬᠦᠴᠦᠨ ᠴᠢᠮᠡᠭᠡ ᠨᠠᠪᠳᠡᠷᠡᠯᠭᠡ᠂ ᠭᠠᠵᠠᠷ | ᠬᠦᠳᠡᠯᠦᠯᠳᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠠᠷᠠᠳ ᠤᠨ ᠠᠭᠠᠷ ᠤᠨ ᠰᠡᠷᠭᠡᠶᠢᠯᠡᠯᠳᠡ᠂ ᠬᠤᠶᠠᠷ ᠢ ᠬᠦᠷᠢᠶᠡᠯᠡᠬᠦ ᠬᠠᠮᠳᠣ ᠪᠠᠷ ᠪᠠᠶᠢᠭᠤᠯᠬᠤ ᠵᠡᠷᠭᠡ ᠠᠵᠢᠯ | ᠢ ᠨᠢᠭᠡᠳᠦᠯᠳᠡᠢ ᠬᠦᠭᠵᠢᠬᠦᠯᠦᠨ᠎ᠡ᠃ ᠰᠢᠨ᠎ᠡ ᠬᠡᠯᠪᠡᠷᠢ ᠪᠠᠶᠢᠳᠠᠯ ᠤᠨ ᠲᠣᠣᠷᠡᠬᠢ ᠱᠠᠰᠢᠨ ᠰᠣᠷᠳᠠᠬᠤᠨ ᠤ ᠠᠵᠢᠯ ᠢ ᠬᠦᠨᠵᠡᠭᠡᠢ ᠨᠠᠶᠢᠳᠠᠪᠣᠷᠢᠵᠢᠭᠤᠯᠵᠣ᠂ ᠦᠨᠳᠦᠰᠦᠳᠡᠨ | ᠤ ᠪᠦᠯᠬᠦᠮᠳᠠᠯ ᠲᠠᠪᠰᠢᠯᠳᠡ ᠶᠢᠨ ᠣᠨᠴᠯᠢᠭ ᠢ ᠯᠠᠪᠳᠠᠭᠤᠨ ᠠᠬᠢᠭᠤᠯᠵᠣ᠂ ᠦᠨᠳᠦᠰᠦᠳᠡᠨ ᠨᠦᠭᠦᠳ ᠤᠨ ᠨᠠᠶᠢᠷᠠᠮᠳᠣᠨ ᠬᠠᠮᠳᠣᠪᠠᠷ ᠲᠣᠭᠤᠯᠬᠤ᠂ ᠡᠶ᠎ᠡ ᠡᠪᠳᠡᠢ | ᠶᠠᠪᠣᠯᠴᠠᠬᠤ᠂ ᠡᠶ᠎ᠡ ᠨᠠᠶᠢᠷᠠᠮᠳᠠᠭᠤ ᠬᠦᠭᠵᠢᠬᠦ ᠶᠢ ᠯᠠᠪᠳᠠᠭᠤᠨ ᠢᠶᠠᠷ ᠠᠬᠢᠭᠤᠯᠣᠨ᠎ᠠ᠃ | ᠲᠣᠯᠤᠭ᠎ᠠ᠂ ᠦᠭᠡᠷᠡᠴᠢᠯᠡᠯᠳᠡᠰᠢᠨᠡᠴᠢᠯᠠᠯ ᠢ ᠲᠣᠪᠣᠶᠢᠯᠭᠠᠵᠣ᠂ ᠵᠠᠰᠭ ᠤᠨ ᠣᠷᠳᠣᠨ ᠤ ᠲᠣᠰ ᠪᠡᠶ᠎ᠡ ᠶᠢᠨ ᠪᠦᠳᠦᠭᠡᠨ ᠪᠠᠶᠢᠭᠤᠯᠣᠯᠳᠠ ᠶᠢ ᠦᠨᠡᠨᠬᠦ | ᠴᠢᠩᠭᠠᠳᠬᠠᠨ᠎ᠠ | ︵ᠨᠢᠭᠡ︶ ᠣᠯᠣᠰ ᠲᠦᠷᠦ ᠶᠢᠨ ᠵᠤᠭᠰᠤᠯᠳᠠ ᠪᠠᠨ ᠪᠠᠳᠤᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ | ᠣᠨᠴᠠᠯᠢᠭᠳᠣ ᠨᠠᠶᠢᠭᠡᠮ ᠵᠢᠷᠣᠮ ᠶᠢᠨ ᠦᠵᠠᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ ︽ᠲᠦᠷᠪᠡᠨ ᠦᠵᠠᠯ ᠣᠬᠠᠮᠰᠠᠷ︾ ︽ᠲᠦᠷᠪᠡᠨ ᠢᠳᠡᠭᠡᠯ ᠲᠠᠢ︾ ᠢ ᠪᠠᠳᠣ | ᠪᠠᠬᠢ ᠪᠣᠢ ᠪᠣᠯᠭᠠᠵᠣ᠂ ᠰᠢ ᠶᠢᠨ ᠫᠢᠩ ᠶᠡᠷᠦᠩᠭᠡᠢ ᠱᠦᠵᠢ ᠶᠢᠨ ᠨᠠᠮ ᠤᠨ ᠲᠦᠪ ᠬᠤᠷᠢᠶ᠎ᠠ ᠪᠠ ᠪᠦᠬᠦ ᠨᠠᠮ ᠤᠨ ᠭᠤᠣᠯᠯᠠᠬᠤ ᠪᠠᠶᠢᠷᠢ ᠰᠠᠭᠤᠷᠢ ᠶᠢ ᠡᠷᠡᠰ | ᠬᠦᠷᠢᠶᠠᠯᠠᠵᠣ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠭᠰᠡᠨ ᠨᠢᠭᠡᠳᠦᠯᠳᠡᠢ ᠣᠳᠣᠷᠢᠳᠣᠯᠭ᠎ᠠ ᠶᠢ ᠡᠷᠡᠰ ᠬᠦᠷᠢᠶᠠᠯᠠᠵᠣ᠂ ᠣᠯᠣᠰ ᠲᠦᠷᠦ ᠶᠢᠨ | ᠵᠣᠭᠰᠠᠯᠳᠠ᠂ ᠣᠯᠣᠰ ᠲᠦᠷᠦ ᠶᠢᠨ ᠴᠢᠭᠯᠡᠯᠳᠠ ᠂ ᠣᠯᠣᠰ ᠲᠦᠷᠦ ᠶᠢᠨ ᠵᠠᠷᠴᠢᠮ᠂ ᠣᠯᠣᠰ ᠲᠦᠷᠦ ᠤᠨ ᠵᠠᠮ ᠱᠣᠭᠤᠮ ᠲᠡᠭᠡᠷ᠎ᠡ ᠪᠠᠨ ᠰᠢ ᠶᠢᠨ ᠫᠢᠩ ᠨᠦᠬᠦᠷ ᠢᠶᠠᠷ | ᠭᠤᠣᠯᠴᠢᠯᠠᠭᠰᠠᠨ ᠨᠠᠮ ᠤᠨ ᠲᠦᠪ ᠬᠤᠷᠢᠶ᠎ᠠ ᠲᠠᠢ ᠢᠮᠠᠭᠳᠠ ᠲᠡᠭᠡᠳᠣ ᠬᠡᠮᠵᠢᠶ᠎ᠡ ᠪᠠᠷ ᠨᠢᠭᠡᠳᠦᠯᠳᠡᠢ ᠪᠠᠶᠢᠯᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ | ᠤᠨ ᠵᠣᠬᠢᠶᠠᠨ ᠪᠠᠶᠢᠭᠤᠯᠣᠯᠳᠠ ᠶᠢᠨ ᠢᠨᠵᠧᠨᠧᠷᠢᠩ ᠢ ᠴᠢᠩᠭᠠᠳᠬᠠᠵᠣ᠂ ︽ᠬᠤᠶᠠᠷ ᠢ ᠰᠣᠷᠬᠤ ᠨᠢᠭᠡ ᠪᠣᠯᠬᠤ︾ ᠰᠣᠷᠣᠯᠴᠠᠬᠤ ᠬᠦᠮᠦᠵᠢᠬᠦᠯᠬᠦ ᠪᠠᠶᠢᠩᠭᠤᠴᠢᠯᠭᠰᠡᠨ | ᠲᠦᠷᠢᠮᠵᠢᠬᠦᠯᠦᠯᠳᠡ ᠶᠢ ᠬᠦᠨᠵᠡᠬᠡᠢ ᠠᠬᠢᠭᠤᠯᠵᠣ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠨᠠᠮ ᠤᠨ ᠪᠠᠶᠢᠭᠤᠯᠣᠯᠳᠠ ᠶᠢᠨ ᠲᠦᠷᠢᠮ ᠢ ᠴᠢᠩᠭ᠎ᠠ ᠠᠳᠬᠤᠵᠣ | ᠂ ᠪᠠᠶᠢᠭᠤᠯᠭ᠎ᠠ ᠶᠢᠨ ᠨᠠᠮ ᠤᠨ ᠪᠠᠶᠢᠭᠤᠯᠣᠯᠳᠠ ᠪᠣᠯᠣᠨ ᠡᠷᠬᠢᠯᠡᠭᠰᠡᠨ ᠠᠵᠢᠯ ᠤᠨ ᠬᠦᠨᠵᠡᠬᠡᠢ ᠠᠪᠣᠴᠠᠯᠳᠣᠯ ᠢ ᠠᠬᠢᠭᠤᠯᠵᠣ᠂ ᠨᠠᠮ ᠤᠨ ᠪᠠᠶᠢᠭᠤᠯᠣᠯᠳᠠ ᠶᠢᠨ ᠠᠵᠢᠯ | ᠪᠣᠯᠣᠨ ᠠᠬᠤ ᠠᠬᠤᠢ ᠶᠢᠨ ᠬᠦᠭᠵᠢᠯᠳᠡ ᠶᠢᠨ ᠬᠠᠷᠢᠯᠴᠠᠨ ᠠᠬᠢᠭᠤᠯᠵᠣ ᠬᠠᠮᠳᠣᠪᠠᠷ ᠣᠷᠣᠭᠰᠢᠯᠠᠬᠤ ᠶᠢ ᠪᠡᠶᠡᠯᠡᠬᠦᠯᠦᠨ᠎ᠡ᠃ | ︵ᠬᠤᠶᠠᠷ︶ ᠬᠠᠣᠯᠢ ᠶᠣᠰᠣᠭᠠᠷ ᠵᠠᠰᠠᠭ ᠶᠠᠪᠣᠭᠤᠯᠬᠤ ᠪᠠᠨ ᠴᠢᠩᠭᠠᠳᠬᠠᠨ᠎ᠠ᠃ ᠵᠠᠰᠠᠭ ᠤᠨ ᠣᠷᠳᠣᠨ ᠤ ᠠᠵᠢᠯ ᠢ ᠪᠦᠬᠦ ᠲᠠᠯ᠎ᠠ ᠪᠠᠷ ᠬᠠᠣᠯᠢ ᠳᠦᠷᠢᠮᠵᠢᠯ ᠤᠨ | ᠵᠠᠮ ᠳᠤ ᠣᠷᠣᠭᠤᠯᠵᠣ᠂ ᠬᠠᠣᠯᠢ ᠪᠠᠷ ᠵᠠᠰᠠᠬᠤ ᠰᠡᠳᠬᠢᠴᠡ ᠪᠠ ᠬᠠᠣᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠠᠬᠢᠭᠤᠯᠬᠤ ᠴᠢᠳᠠᠪᠣᠷᠢ ᠶᠢ ᠲᠠᠰᠣᠷᠠᠯᠲᠠ | ᠦᠬᠡᠢ ᠳᠡᠭᠡᠭᠰᠢᠯᠡᠬᠦᠯᠦᠨ᠎ᠡ᠃ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠣᠷᠢ ᠪᠠᠶᠢᠷᠢᠯᠠᠭᠤᠯᠣᠯᠲᠠ ᠶᠢ ᠡᠷᠡᠰ ᠲᠣᠣᠱᠯᠠᠭᠤᠯᠵᠣ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠭᠠᠷ ᠬᠢᠨᠠᠯᠲᠠ ᠲᠠᠯᠪᠢᠬᠤ᠂ ᠣᠯᠣᠰ ᠲᠦᠷᠣ ᠶᠢᠨ ᠵᠦᠪᠯᠯᠡᠭᠡᠨ ᠤ ᠠᠷᠡᠳᠴᠢᠯᠠᠯ ᠢᠶᠠᠷ ᠬᠢᠨᠠᠯᠲᠠ ᠲᠠᠯᠪᠢᠬᠤ ᠶᠢ | ᠣᠬᠠᠮᠰᠠᠷ ᠠᠴᠠ ᠪᠠᠨ ᠬᠦᠯᠢᠶᠡᠵᠣ᠂ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ ᠣᠯᠣᠰ ᠲᠦᠷᠣ ᠶᠢᠨ ᠵᠦᠪᠯᠡᠯᠭᠡᠨ ᠤ ᠳᠣᠷᠠᠳᠣᠯᠭ᠎ᠠ ᠡᠷᠬᠢᠯᠡᠬᠦ ᠠᠵᠢᠯ ᠢ ᠦᠨᠳᠣᠷ | ᠶᠠᠰᠣ ᠴᠢᠨᠠᠷ ᠲᠠᠢ ᠪᠠᠷ ᠰᠠᠶᠢᠲᠣᠷ ᠬᠢᠨ᠎ᠡ᠃ ᠵᠠᠰᠠᠭ ᠵᠠᠬᠢᠷᠭᠠᠨ ᠤ ᠰᠢᠢᠳᠪᠣᠷᠢ ᠭᠠᠷᠭᠠᠬᠤ ᠵᠣᠬᠢᠴᠠᠮᠵᠢ ᠶᠢ ᠪᠦᠷᠢᠨ ᠲᠡᠭᠦᠯᠳᠡᠷᠵᠢᠬᠦᠯᠵᠣ᠂ ᠴᠢᠬᠤᠯᠠ ᠶᠡᠭᠡ ᠣᠯᠠᠨ | ᠨᠠᠶᠢᠲᠡ ᠶᠢᠨ ᠠᠰᠢᠭ ᠲᠤᠰᠠ᠂ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠣᠰᠠ ᠳᠤ ᠬᠤᠯᠪᠣᠭᠳᠠᠭᠰᠠᠨ ᠬᠡᠷᠡᠭ ᠣᠴᠢᠷ ᠲᠤ ᠡᠷᠬᠡᠪᠰᠢ ᠡᠯ᠎ᠡ ᠲᠠᠯ᠎ᠠ ᠶᠢᠨ | ᠰᠠᠨᠠᠯ ᠢ ᠦᠷᠭᠡᠨ ᠳᠡᠯᠭᠡᠷᠡᠩᠭᠦᠢ ᠰᠣᠨᠣᠰᠣᠨ᠎ᠠ᠃ ᠵᠠᠰᠠᠭ ᠤᠨ ᠣᠷᠳᠣᠨ ᠤ ᠭᠤᠣᠯ ᠣᠳᠣᠷᠢᠳᠬᠤ ᠳᠣᠭᠤᠶᠢᠯᠠᠩ ᠤᠨ ᠣᠴᠢᠷ ᠵᠦᠪᠯᠡᠬᠦ ᠳᠦᠷᠢᠮ ᠲᠣᠭᠲᠠᠭᠠᠯ᠂ | ᠵᠠᠰᠠᠭ ᠤᠨ ᠣᠷᠳᠣᠨ ᠤ ᠠᠵᠢᠯ ᠤᠨ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠣᠯᠢ ᠶᠢᠨ ᠵᠦᠪᠯᠡᠬᠦ ᠳᠦᠷᠢᠮ ᠢ ᠪᠦᠬᠦ ᠲᠠᠯ᠎ᠠ ᠪᠠᠷ | ᠠᠬᠢᠭᠤᠯᠵᠣ᠂ ᠨᠠᠮ ᠤᠨ ᠲᠣᠲᠣᠭᠠᠲᠣ ᠶᠢᠨ ᠳᠦᠷᠢᠮ ᠲᠣᠭᠲᠠᠭᠠᠯ ᠢ ᠰᠠᠶᠢᠲᠣᠷ ᠨᠠᠶᠢᠲᠠᠪᠣᠷᠢᠵᠢᠭᠤᠯᠵᠣ᠂ ᠠᠷᠠᠳᠴᠢᠯᠠᠯᠲᠣ ᠰᠢᠢᠳᠪᠣᠷᠢ ᠶᠢ ᠰᠠᠶᠢᠲᠣᠷ ᠬᠡᠷᠡᠭᠵᠢᠬᠦᠯᠵᠦ᠂ | ᠬᠠᠣᠯᠢ ᠶᠣᠰᠣᠭᠠᠷ ᠵᠠᠰᠠᠭ ᠵᠠᠬᠢᠷᠭᠠᠨ ᠤ ᠲᠣᠰᠢᠶᠠᠯ ᠢᠶᠠᠨ ᠬᠦᠢᠴᠡᠳᠬᠡᠨ᠎ᠡ᠃ ᠵᠠᠰᠠᠭ ᠤᠨ ᠣᠷᠳᠣᠨ ᠤ ᠰᠣᠷᠠᠭ ᠵᠠᠩᠭᠢ ᠢᠯᠡ ᠪᠠᠶᠢᠬᠤ ᠬᠦᠴᠦᠯᠢᠭ ᠢ ᠶᠡᠭᠡᠳᠭᠡᠵᠣ᠂ | ᠲᠦᠷᠣ ᠶᠢᠨ ᠪᠣᠳᠣᠯᠭ᠎ᠠ ᠶᠢᠨ ᠲᠠᠶᠢᠯᠪᠣᠷᠢ ᠶᠢ ᠴᠢᠩᠭᠠᠳᠬᠠᠵᠣ᠂ ᠨᠡᠶᠢᠬᠡᠮ ᠤᠨ ᠠᠩᠬᠠᠷᠣᠯ ᠲᠠᠯᠪᠢᠬᠤ ᠵᠦᠢᠯ ᠳᠤ ᠰᠠᠨᠠᠭᠠᠴᠢᠯᠭ᠎ᠠ ᠠᠴᠠ ᠪᠠᠨ ᠬᠠᠷᠢᠭᠤ ᠲᠣᠰᠬᠠᠵᠣ᠂ | ᠣᠯᠡᠨ ᠲᠦᠮᠡᠨ ᠤ ᠬᠢᠨᠠᠯᠲᠠ ᠶᠢ ᠬᠦᠯᠢᠶᠡᠨ᠎ᠡ᠃ ︽ᠳᠣᠯᠣᠳᠣᠭᠠᠷ ᠲᠠᠪᠣᠨ ᠵᠢᠯ︾ ᠶᠢᠨ ᠬᠠᠣᠯᠢ ᠲᠦᠮᠡᠯᠵᠢᠬᠦᠯᠦᠯᠲᠡ ᠶᠢ ᠬᠦᠨᠵᠡᠬᠡᠢ ᠦᠷᠨᠢᠬᠦᠯᠵᠥ᠂ ᠣᠯᠡᠨ | ᠨᠡᠶᠢᠲᠡ ᠶᠢᠨ ᠬᠠᠣᠯᠢ ᠴᠠᠭᠠᠵᠠ ᠶᠢᠨ ᠲᠣᠭᠲᠠᠯᠴᠠᠭ᠎ᠠ ᠶᠢ ᠲᠡᠭᠦᠯᠳᠡᠷᠵᠢᠬᠦᠯᠵᠥ᠂ ᠬᠠᠣᠯᠢ ᠶᠢ ᠰᠠᠬᠢᠬᠤ ᠬᠠᠣᠯᠢ ᠶᠢ ᠰᠣᠷᠬᠤ᠂ ᠬᠠᠣᠯᠢ ᠵᠢᠷᠣᠮᠯᠠᠬᠤ ᠬᠠᠣᠯᠢ ᠶᠢ | ᠬᠡᠷᠡᠭᠯᠡᠬᠦ ᠶᠢ ᠨᠠᠶᠢᠬᠡᠮ ᠤᠨ ᠬᠠᠮᠲᠣ ᠶᠢᠨ ᠬᠦᠬᠡᠬᠡᠴᠡᠯᠳᠣᠯ ᠪᠠ ᠣᠬᠠᠮᠰᠠᠷᠲᠣ ᠠᠵᠢᠯᠯᠠᠭ᠎ᠠ ᠪᠣᠯᠭᠠᠨ᠎ᠠ᠃ | ︵ᠭᠤᠷᠪᠡ︶ ᠦᠬᠡᠷᠡᠴᠢᠯᠡᠯᠲᠠ ᠶᠢ ᠬᠦᠨᠵᠡᠭᠡᠶᠢᠷᠡᠭᠦᠯᠦᠨ ᠵᠠᠰᠠᠭ ᠢᠶᠠᠨ ᠮᠠᠨᠳᠣᠭᠤᠯᠣᠨᠠ᠃ ᠰᠢ ᠶᠢᠨ ᠫᠢᠩ ᠶᠡᠷᠣᠩᠬᠡᠢ ᠱᠦᠵᠢ ᠵᠢᠨᠦᠬᠡᠷᠡᠴᠢᠯᠡᠯᠲᠠ | ᠨᠡᠭᠡᠭᠡᠯᠲᠠ ᠶᠢᠨ 40 ᠵᠢᠯ ᠤᠨ ᠣᠢ ᠶᠢ ᠪᠡᠯᠬᠡᠯᠡᠬᠦ ᠬᠤᠷᠠᠯᠳᠣᠭᠠᠨ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠳᠡᠭᠡᠲᠣ | ᠱᠠᠳᠣᠨ ᠤ ᠡᠯ᠎ᠡ ᠲᠦᠷᠦᠯ ᠤᠨ ᠦᠬᠡᠷᠡᠴᠢᠯᠡᠯᠲᠠ ᠶᠢᠨ ᠡᠭᠦᠷᠭᠡ ᠪᠠᠨ ᠪᠡᠶᠡᠯᠡᠬᠦᠯᠵᠥ᠂ ᠪᠡᠶ᠎ᠡ ᠪᠠᠨ ᠳᠠᠭᠠᠭᠠᠨ ᠦᠬᠡᠷᠡᠴᠢᠯᠡᠯᠲᠠ ᠬᠢᠬᠦ ᠶᠢ ᠯᠠᠪᠳᠠᠭᠤᠨ ᠬᠡᠷᠡᠭᠵᠢᠬᠦᠯᠵᠦ᠂ | ᠡᠯ᠎ᠡ ᠲᠦᠷᠦᠯ ᠤᠨ ᠦᠬᠡᠷᠡᠴᠢᠯᠡᠯᠲᠠ ᠦᠷ᠎ᠡ ᠠᠰᠢᠭᠲᠠᠢ ᠪᠠᠶᠢᠬᠤ ᠶᠢ ᠠᠬᠢᠭᠤᠯᠣᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠠ ᠶᠢ | ᠬᠦᠨᠵᠡᠬᠡᠶᠢᠷᠡᠬᠦᠯᠦᠨ ︽ᠢᠨᠲ᠋ᠧᠷ ᠰᠦᠯᠵᠢᠶ᠎ᠡ+ ᠵᠠᠰᠠᠭ ᠤᠨ ᠶᠠᠪᠣᠳᠠᠯ ᠤᠨ ᠦᠢᠯᠡᠴᠢᠯᠡᠭᠡᠨ︾ ᠶᠢ ᠪᠦᠬᠦ ᠲᠠᠯ᠎ᠠ ᠪᠠᠷ ᠠᠬᠢᠭᠤᠯᠵᠣ᠂ ᠰᠠᠯᠠᠭ᠎ᠠ ᠮᠦᠴᠢᠷ ᠤᠨ ᠲᠣᠰᠬᠠᠢ | ᠰᠦᠯᠵᠢᠶ᠎ᠡ᠂ ᠣᠷᠣᠨ ᠨᠣᠲᠤᠭ ᠤᠨ ᠲᠠᠪᠴᠠᠩ᠂ ᠲᠣᠰᠠᠭᠠᠷᠯᠠᠵᠣ ᠰᠣᠷᠠᠭ ᠵᠠᠩᠭᠢ ᠶᠢᠨ ᠰᠢᠰᠲ᠋ᠧᠮ ᠢ ᠨᠢᠭᠡᠳᠣᠬᠦᠯᠦᠨ ᠵᠠᠯᠭᠠᠵᠣ᠂ ᠠᠵᠣ ᠠᠬᠤᠶᠢᠯᠠᠯ ᠤᠨ | ᠦᠢᠯᠡᠳᠪᠣᠷᠢᠯᠡᠯ ᠡᠵᠡᠩᠨᠡᠯᠲᠠ ᠲᠠᠢ ᠬᠤᠯᠪᠣᠭᠳᠠᠯ ᠲᠠᠢ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠬᠡᠷᠡᠭ ᠣᠴᠢᠷ᠂ ᠣᠯᠠᠨ ᠲᠦᠮᠡᠨ ᠲᠠᠢ ᠨᠢᠭᠲᠠ ᠬᠤᠯᠪᠣᠭᠳᠠᠯ ᠲᠠᠢ | ᠡᠷᠣᠬᠡ ᠠᠮᠠ ᠶᠢᠨ ᠬᠠᠷᠢᠶ᠎ᠠ᠂ ᠨᠡᠶᠢᠬᠡᠮ ᠤᠨ ᠪᠠᠲᠣᠯᠠᠭ᠎ᠠ᠂ ᠡᠮ ᠡᠮᠨᠡᠯᠡᠭᠡ ᠵᠡᠷᠭᠡ ᠬᠡᠷᠡᠭ ᠣᠴᠢᠷ ᠤᠨ ︽ᠭᠠᠷᠭᠠᠬᠤ ᠶᠣᠰᠣᠲᠠᠢ ᠶᠢ ᠪᠦᠬᠦᠨ ᠢ ᠭᠠᠷᠭᠠᠵᠣ᠂ ᠪᠦᠬᠦ | ᠶᠠᠪᠣᠴᠠ ᠳᠤ ᠰᠦᠯᠵᠢᠶᠡᠨ ᠳᠤ ᠪᠠᠶᠢᠯᠭᠠᠨ᠎ᠠ︾᠃ ᠰᠦᠯᠵᠢᠶᠡᠨ ᠳᠣᠣᠷ᠎ᠠ ︽ᠨᠢᠭᠡ ᠡᠭᠦᠳᠡ ᠪᠠᠷ ᠣᠷᠣᠵᠣ︾ ︽ᠬᠠᠮᠤᠭ ᠠᠷᠪᠢᠨ ᠳᠠᠭᠠᠨ ᠨᠢᠭᠡ ᠣᠳᠠᠭ᠎ᠠ ᠣᠴᠢᠬᠤ︾ | ᠶᠢ ᠠᠬᠢᠭᠤᠯᠵᠣ᠂ ᠵᠠᠰᠠᠭ ᠤᠨ ᠶᠠᠪᠣᠳᠠᠯ ᠤᠨ ᠲᠦᠪ ᠤᠨ ᠨᠢᠭᠡ ᠴᠣᠩᠬᠤ ᠪᠠᠷ ᠭᠦᠯᠢᠶᠡᠨ ᠠᠪᠬᠤ᠂ ᠨᠢᠭᠡ ᠲᠢᠩᠬᠢᠮ ᠳᠤ ᠬᠦᠢᠴᠡᠳᠬᠡᠬᠦ᠂ ᠨᠢᠭᠡ ᠦᠷᠳᠡᠭᠡ ᠪᠠᠷ | ᠦᠢᠯᠡᠴᠢᠯᠡᠬᠦ ᠶᠢ ᠪᠡᠶᠡᠯᠡᠬᠦᠯᠦᠨ᠎ᠡ᠃ ᠰᠣᠮᠣ ᠰᠢᠶᠠᠩ ᠪᠠᠯᠭᠠᠰᠣᠨ ᠤ ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠲᠦᠪ ᠪᠠ ᠭᠠᠴᠠᠭ᠎ᠠ ᠲᠣᠰᠬᠤᠨ᠂ ᠨᠡᠶᠢᠬᠡᠮ | ᠲᠣᠭᠤᠷᠢᠭ ᠤᠨ ᠠᠷᠠᠳ ᠲᠤ ᠳᠦᠬᠦᠮ ᠦᠵᠡᠬᠦᠯᠬᠦ ᠣᠷᠣᠯᠠᠨ ᠬᠢᠬᠦ ᠴᠡᠭ ᠤᠨ ᠪᠦᠳᠣᠭᠡᠨ ᠪᠠᠶᠢᠭᠤᠯᠣᠯᠲᠠ ᠶᠢ ᠴᠢᠩᠭᠠᠳᠬᠠᠵᠣ᠂ ᠣᠯᠠᠨ ᠲᠦᠮᠡᠨ ᠳᠤ ᠭᠡᠷ ᠤᠨ | ᠡᠬᠦᠳᠡᠨ ᠳᠡᠭᠡᠷ᠎ᠡ ᠪᠠᠨ ᠳᠦᠬᠦᠮ ᠲᠦᠲᠡ ᠦᠢᠯᠡᠴᠢᠯᠡᠭᠡ ᠶᠢ ᠡᠳ᠋ᠯᠡᠬᠦᠯᠦᠨ᠎ᠡ᠃ ᠬᠤᠷᠠᠯᠳᠣᠭᠠᠨ ᠤ ᠶᠠᠪᠣᠳᠠᠯ ᠤᠨ ᠳᠦᠷᠢᠮ ᠲᠣᠭᠲᠠᠭᠠᠯ ᠤᠨ ᠦᠬᠡᠷᠡᠴᠢᠯᠡᠯᠲᠠ ᠶᠢ | ᠭᠦᠨᠵᠡᠬᠡᠶᠢᠷᠡᠬᠦᠯᠵᠦ᠂ ︽ᠣᠯᠠᠨ ᠦᠨᠡᠮᠯᠡᠯ ᠢ ᠨᠢᠭᠡᠳᠭᠡᠬᠦ︾ ︽ᠭᠡᠷᠡᠴᠢ ᠦᠨᠡᠮᠯᠡᠯ ᠢ ᠰᠠᠯᠭᠠᠬᠤ︾ ︽ᠪᠦᠬᠦ ᠶᠠᠪᠣᠴᠠ ᠳᠤ ᠡᠯᠧᠺᠲᠷᠣᠨᠴᠢᠯᠡᠨ ᠳᠠᠩᠰᠠᠯᠠᠬᠤ︾ ᠶᠢ | ᠪᠦᠬᠦ ᠲᠠᠯ᠎ᠠ ᠪᠠᠷ ᠬᠡᠷᠡᠭᠵᠢᠬᠦᠯᠵᠦ᠂ ᠬᠡᠷᠡᠭ ᠡᠷᠬᠢᠯᠡᠬᠦ ᠴᠣᠪᠣᠷᠠᠯ ᠢ ᠣᠯᠠᠮ ᠨᠢᠭᠡ ᠠᠯᠬᠤᠮ ᠲᠦᠬᠦᠮᠴᠢᠯᠡᠵᠣ᠂ ᠦᠨᠡᠮᠯᠡᠯ ᠠᠪᠬᠤ ᠴᠠᠭ ᠢ ᠣᠬᠤᠷᠳᠠᠭᠤᠯᠣᠨᠠ᠃ | ᠶᠡᠷᠣᠩᠬᠡᠶᠢᠯᠡᠨ ᠬᠠᠣᠯᠢ ᠬᠡᠷᠡᠭᠵᠢᠬᠦᠯᠬᠦ ᠪᠠᠶᠢᠭᠤᠯᠣᠮᠵᠢ ᠶᠢᠨ ᠦᠬᠡᠷᠡᠴᠢᠯᠡᠯᠲᠠ ᠶᠢ ᠭᠦᠨᠵᠭᠡᠶᠢᠷᠡᠬᠦᠯᠵᠦ᠂ ᠬᠠᠣᠯᠢ ᠬᠡᠷᠡᠭᠵᠢᠬᠦᠯᠬᠦ ᠡᠬᠢ ᠰᠣᠷᠪᠣᠯᠵᠢ ᠶᠢ ᠨᠢᠭᠡᠳᠣᠬᠦᠯᠦᠨ | ᠬᠡᠷᠡᠭᠯᠡᠵᠦ᠂ ᠬᠠᠣᠯᠢ ᠬᠡᠷᠡᠭᠵᠢᠬᠦᠯᠬᠦ ᠦᠢᠯᠡᠳᠣᠯ ᠴᠢᠲᠠᠪᠬᠢ ᠪᠠᠨ ᠳᠡᠭᠡᠭᠰᠢᠯᠡᠬᠦᠯᠦᠨ᠎ᠡ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠬᠡᠷᠡᠴᠢᠯᠡᠯᠲᠠ ᠶᠢᠨ ᠠᠵᠢᠯ ᠢ | ᠪᠦᠬᠦ ᠲᠠᠯ᠎ᠠ ᠪᠠᠷ ᠪᠡᠶᠡᠯᠡᠬᠦᠯᠵᠦ᠂ ᠪᠠᠶᠢᠭᠤᠯᠣᠮᠵᠢ ᠶᠢᠨ ᠲᠣᠬᠢᠷᠠᠭᠤᠯᠣᠯᠲᠠ ᠪᠠ ᠴᠢᠲᠠᠪᠬᠢ ᠶᠢᠨ ᠲᠣᠬᠢᠷᠠᠭᠤᠯᠣᠯᠲᠠ ᠶᠢ ᠦᠨᠡᠨᠬᠦ ᠰᠢᠯᠢᠳᠡᠭᠵᠢᠬᠦᠯᠵᠥ᠂ ᠰᠠᠯᠠᠭ᠎ᠠ | ᠮᠦᠴᠢᠷ ᠤᠨ ᠲᠣᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠣᠭᠤᠳᠬᠠᠵᠣ᠂ ᠵᠠᠰᠠᠭ ᠤᠨ ᠣᠷᠳᠣᠨ ᠤ ᠠᠵᠢᠯ ᠢ ᠨᠡᠩ ᠦᠨᠳᠣᠷ ᠦᠷ᠎ᠡ ᠪᠦᠳᠣᠮᠵᠢᠲᠠᠢ | ᠶᠠᠪᠣᠭᠳᠠᠬᠤ ᠶᠢ ᠠᠬᠢᠭᠤᠯᠣᠨ᠎ᠠ᠃ | ︵ᠳᠦᠷᠪᠡ︶ ᠵᠠᠰᠠᠭ ᠶᠠᠪᠣᠭᠤᠯᠬᠤ ᠦᠢᠯᠡᠳᠣᠯ ᠢᠶᠠᠨ ᠳᠡᠭᠡᠭᠰᠢᠯᠡᠬᠦᠯᠦᠨ᠎ᠡ᠃ ︽ᠦᠷ᠎ᠡ ᠪᠦᠳᠣᠮᠵᠢ ᠶᠢ ᠳᠡᠭᠡᠭᠰᠢᠯᠡᠬᠦᠯᠬᠦ ᠵᠢᠯ︾ ᠤᠨ ᠠᠵᠢᠯᠯᠠᠭ᠎ᠠ ᠶᠢ | ᠶᠡᠬᠡᠪᠡᠷ ᠦᠷᠨᠢᠬᠦᠯᠦᠨ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠰᠣᠶᠣᠯ ᠤᠨ ᠪᠦᠳᠣᠭᠡᠨ ᠪᠠᠶᠢᠭᠤᠯᠣᠯᠲᠠ ᠶᠢ ᠴᠢᠩᠭᠠᠳᠬᠠᠬᠤ᠂ ᠬᠢᠨᠠᠨ ᠰᠢᠯᠭᠠᠬᠤ ᠶᠢ | ᠣᠷᠮᠠᠰᠢᠭᠤᠯᠬᠤ᠂ ᠦᠢᠯᠡᠳᠣᠯ ᠴᠢᠲᠠᠪᠬᠢ ᠶᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠴᠠᠭ ᠪᠢᠳᠠᠨ ᠢ | ᠬᠦᠯᠢᠶᠡᠬᠦ ᠦᠬᠡᠢ ᠡᠷᠴᠢ ᠵᠣᠷᠢᠭ ᠪᠠ ᠪᠣᠭᠤᠮᠲᠠ ᠶᠢ ᠰᠢᠪᠳᠣᠯᠵᠣ᠂ ᠬᠦᠴᠢᠷ ᠢ ᠲᠣᠭᠤᠯᠬᠤ ᠰᠢᠭᠤᠷᠬᠠᠢ ᠬᠦᠴᠣᠨ ᠢᠶᠠᠨ ᠢᠮᠠᠭᠲᠠ ᠬᠠᠳᠠᠭᠠᠯᠠᠵᠣ᠂ ᠭᠤᠣᠯᠳᠠᠯᠭ᠎ᠠ ᠲᠠᠢ | ᠠᠵᠢᠯ ᠴᠢᠬᠤᠯᠡ ᠶᠡᠭᠡ ᠲᠦᠷᠦᠯ ᠵᠦᠢᠯ ᠳᠤ ᠪᠡᠯᠡᠳᠬᠡᠯ ᠲᠠᠢ ᠪᠠᠷ ᠪᠠᠶᠢᠯᠳᠣᠭᠠᠨ ᠬᠢᠵᠣ᠂ ᠬᠠᠷᠢᠭᠤᠴᠠᠯᠭ᠎ᠠ ᠪᠠᠨ ᠲᠣᠳᠣᠷᠬᠠᠶᠢᠯᠠᠵᠣ᠂ ᠠᠵᠢᠯ ᠤᠨ ᠬᠤᠭᠤᠴᠠᠭ᠎ᠠ | ᠲᠣᠭᠲᠠᠭᠠᠨ᠂ ᠮᠦᠷᠳᠡᠨ ᠪᠦᠳᠣᠮᠵᠢ ᠠᠰᠠᠭᠤᠵᠣ᠂ ᠠᠵᠢᠯ ᠢ ᠬᠤᠷᠳᠣᠨ ᠨᠠᠶᠢᠳᠠᠪᠣᠷᠢᠵᠢᠭᠤᠯᠵᠣ᠂ ᠲᠦᠷᠦᠯ ᠵᠦᠢᠯ ᠢ ᠬᠤᠷᠳᠣᠨ ᠠᠬᠢᠭᠤᠯᠵᠣ᠂ ᠠᠰᠠᠭᠤᠳᠠᠯ ᠢ | ᠬᠤᠷᠳᠣᠨ ᠰᠢᠢᠳᠪᠣᠷᠢᠯᠡᠵᠣ᠂ ᠬᠠᠷᠠᠯᠲᠠ ᠶᠢ ᠲᠦᠷᠭᠡᠨ ᠪᠡᠶᠡᠯᠡᠬᠦᠯᠬᠦ ᠪᠠᠷ ᠴᠢᠷᠮᠠᠶᠢᠨ᠎ᠠ᠃ ᠲᠡᠷᠢᠬᠦᠨ ᠢ ᠡᠬᠦᠳᠣᠨ ᠰᠢᠯᠢᠳᠡᠭ ᠢ ᠲᠡᠮᠡᠴᠡᠬᠦ ᠶᠢ ᠪᠠᠷᠢᠮᠲᠠᠯᠠᠵᠣ᠂ ᠪᠠᠷᠢᠮᠵᠢᠶ᠎ᠠ | ᠶᠣᠰᠣᠭᠠᠷ ᠲᠡᠷᠢᠬᠦᠯᠡᠨ ᠣᠷᠣᠵᠣ᠂ ᠰᠢᠮᠳᠠᠨ ᠳᠠᠪᠠᠵᠣ᠂ ᠬᠠᠲᠠᠭᠤᠵᠢᠯᠲᠠᠢ ᠠᠵᠢᠯᠯᠠᠨ᠂ ᠰᠢᠨ᠎ᠡ ᠵᠠᠮ ᠭᠠᠷᠭᠠᠵᠣ᠂ ᠭᠡᠷᠡᠯ ᠴᠡᠭ ᠣᠯᠵᠣ᠂ ᠪᠦᠬᠦ ᠬᠤᠲᠠ ᠶᠢᠨ | ᠲᠡᠷᠢᠬᠦᠨ ᠢ ᠲᠡᠮᠡᠴᠡᠨ᠂ ᠪᠦᠬᠦ ᠣᠷᠣᠨ ᠤ ᠰᠢᠯᠢᠳᠡᠭ ᠢ ᠲᠡᠮᠡᠴᠡᠨ᠂ ᠪᠦᠬᠦ ᠣᠯᠣᠰ ᠲᠤ ᠨᠡᠷ᠎ᠡ ᠲᠦᠷᠣ ᠶᠢ ᠲᠡᠮᠡᠴᠡᠨ᠎ᠠ᠃ | ︵ᠲᠠᠪᠤ︶ ᠠᠷᠢᠭᠤᠨ ᠴᠢᠭᠡᠴᠢ ᠵᠠᠰᠠᠭ ᠤᠨ ᠣᠷᠳᠣᠨ ᠢ ᠪᠦᠳᠣᠬᠡᠨ ᠪᠠᠶᠢᠭᠤᠯᠣᠨ᠎ᠠ᠃ ᠴᠢᠩᠭ᠎ᠠ ᠪᠠᠷ ᠨᠠᠮ ᠢᠶᠠᠨ ᠵᠠᠰᠠᠬᠤ ᠭᠤᠣᠯᠯᠠᠬᠤ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠣᠷᠢᠵᠢᠭᠤᠯᠵᠣ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠲᠠᠯ ᠤᠨ ᠪᠦᠳᠣᠭᠡᠨ ᠪᠠᠶᠢᠭᠤᠯᠣᠯᠲᠠ ᠶᠢ ᠬᠦᠨᠴᠡ ᠵᠦᠭ ᠭᠦᠭᠵᠢᠭᠦᠯᠦᠨ᠎ᠡ᠃ | ︽ᠲᠦᠪ ᠬᠤᠷᠢᠶᠠᠨ ᠤ ᠨᠠᠢᠮᠠᠨ ᠲᠦᠷᠣᠯ︾ ᠤᠨ ᠲᠣᠭᠲᠠᠭᠠᠯ ᠵᠢᠴᠢ ᠲᠡᠬᠦᠨ ᠤ ᠬᠡᠷᠡᠭᠵᠢᠬᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠬᠦᠯᠵᠦ᠂ ︽ᠳᠦᠷᠪᠡᠨ ᠰᠣᠷᠲᠠᠯ | ︾ ᠤᠨ ᠠᠰᠠᠭᠤᠳᠠᠯ ᠤᠨ ᠨᠢᠭᠤᠭᠳᠠᠨ ᠬᠤᠪᠢᠷᠠᠬᠤ᠂ ᠠᠬᠢᠨ ᠳᠡᠭᠡᠭᠰᠢᠯᠡᠬᠦ ᠶᠢ ᠡᠷᠡᠰ ᠬᠤᠷᠢᠭᠯᠠᠨ᠎ᠠ᠃ ᠬᠢᠨᠠᠨ ᠪᠠᠶᠢᠴᠠᠭᠠᠬᠤ ᠬᠢᠨᠠᠯᠲᠠ ᠶᠢ ᠣᠬᠠᠮᠰᠠᠷ ᠠᠴᠠ ᠪᠠᠨ | ᠬᠦᠯᠢᠶᠡᠵᠣ᠂ ᠬᠢᠨᠠᠨ ᠪᠣᠳᠣᠬᠤ ᠬᠢᠨᠠᠯᠲᠠ ᠶᠢ ᠴᠢᠩᠭᠠᠳᠬᠠᠨ᠎ᠠ᠃ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠵᠠᠷᠴᠢᠮ ᠪᠠ ᠰᠠᠬᠢᠯᠭ᠎ᠠ ᠪᠠᠲᠣ ᠶᠢᠨ ᠰᠢᠢᠳᠬᠡᠬᠦ | ᠳᠦᠷᠢᠮ ᠢ ᠴᠢᠩᠭ᠎ᠠ ᠬᠡᠷᠡᠭᠵᠢᠬᠦᠯᠵᠦ᠂ ᠰᠠᠬᠢᠯᠭ᠎ᠠ ᠬᠡᠷᠡᠭᠵᠢᠬᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠣ᠂ ᠺᠠᠳ᠋ᠷ ᠤᠨ ᠴᠡᠪᠡᠷ ᠠᠷᠢᠭᠤᠨ ᠵᠠᠰᠠᠭ ᠤᠨ | ᠣᠷᠳᠣᠨ ᠤ ᠴᠡᠪᠡᠷ ᠴᠢᠭᠡᠴᠢ᠂ ᠣᠯᠣᠰ ᠲᠦᠷᠣ ᠶᠢᠨ ᠴᠡᠪᠡᠷ ᠲᠣᠳᠣᠷᠬᠠᠢ ᠪᠠᠶᠢᠬᠤ ᠶᠢ ᠪᠠᠲᠣᠯᠠᠨ᠎ᠠ᠃ | ᠲᠦᠯᠦᠭᠡᠯᠡᠭᠴᠢᠳ ᠡ︕ ᠰᠢᠨ᠎ᠡ ᠴᠠᠭ ᠦᠶ᠎ᠡ ᠶᠢᠨ ᠪᠢᠳᠠᠨ ᠳᠤ ᠣᠯᠭᠤᠭᠰᠠᠨ ᠰᠢᠨ᠎ᠡ ᠡᠭᠦᠷᠭᠡ᠂ ᠰᠢᠨ᠎ᠡ ᠬᠠᠷᠢᠭᠤᠴᠠᠯᠭ᠎ᠠ ᠨᠢ ᠰᠢᠨ᠎ᠡ ᠡᠭᠦᠷᠭᠡᠭᠯᠡᠯ ᠢ | ᠬᠠᠷᠠᠭᠤᠯᠵᠣ ᠪᠠᠶᠢᠨ᠎ᠠ᠃ ᠪᠢᠳᠠ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠢᠭᠲᠠ ᠪᠦᠯᠬᠦᠮᠳᠡᠵᠣ᠂ | ᠬᠤᠰᠢᠭᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ | ᠲᠦᠷᠣ ᠶᠢᠨ ᠵᠦᠪᠯᠡᠯᠬᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠣᠰᠣᠲᠠᠨ ᠤ ᠠᠷᠠᠳ ᠲᠦᠮᠡᠨ ᠲᠠᠢ ᠨᠢᠭᠲᠠ ᠲᠦᠰᠢᠭᠯᠡᠯᠳᠥᠨ | ᠪᠦᠯᠬᠦᠮᠳᠡᠵᠦ᠂ ᠨᠢᠭᠡ ᠰᠡᠳᠬᠢᠯ ᠬᠠᠮᠲᠣ ᠶᠢᠨ ᠬᠦᠴᠣᠨ ᠢᠶᠠᠷ ᠬᠦᠴᠢᠷ ᠢ ᠰᠦᠷᠡᠨ ᠣᠷᠣᠭᠰᠢᠯᠡᠵᠣ᠂ ᠦᠨᠡᠨᠴᠢ ᠰᠢᠳᠣᠷᠭᠤ ᠬᠠᠷᠢᠭᠤᠴᠠᠬᠤ ᠣᠪᠣᠷ ᠢᠶᠠᠷ ᠣᠶᠣᠨ | ᠣᠬᠠᠭᠠᠨ ᠪᠠ ᠠᠷᠢᠭᠤᠨ ᠬᠦᠯᠦᠰᠣ ᠪᠠᠷ ᠢᠶᠠᠨ ᠴᠠᠭ ᠦᠶ᠎ᠡ ᠲᠡᠭᠡᠨ ᠣᠰᠣᠯᠳᠣᠯ ᠦᠬᠡᠢ ᠪᠠᠷᠳᠠᠮ ᠰᠡᠳᠬᠢᠯᠬᠡ ᠪᠠᠷ ᠠᠷᠠᠳ ᠲᠦᠮᠡᠨ ᠳᠡᠭᠡᠨ ᠭᠤᠶᠢᠲᠠ ᠰᠠᠶᠢᠬᠠᠨ | ᠬᠠᠭᠤᠳᠠᠰᠣ ᠪᠢᠴᠢᠭᠯᠡᠵᠥ᠂ ᠰᠢᠯᠢᠳᠡᠭ ᠬᠢᠷᠢ ᠪᠦᠳᠣᠮᠵᠢ ᠪᠠᠷ ᠰᠢᠨ᠎ᠡ ᠳᠣᠮᠲᠠᠲᠣ ᠣᠯᠣᠰ ᠪᠠᠶᠢᠭᠤᠯᠣᠭᠳᠠᠭᠰᠠᠨ 70 ᠵᠢᠯ ᠤᠨ ᠣᠢ ᠪᠠᠨ ᠪᠠᠶᠠᠷᠯᠠᠨ ᠣᠭᠲᠣᠶ᠎ᠠ︕ | | | ᠨᠡᠷᠡᠰ ᠦᠭᠡ ᠶᠢᠨ ᠲᠠᠶᠢᠯᠪᠦᠷᠢ ︵ᠭᠠᠷᠤᠭᠰᠠᠨ ᠳᠠᠷᠠᠭᠠᠯᠠᠯ ᠢᠶᠠᠷ ᠵᠢᠭᠰᠠᠭᠠᠪᠠ︶ | ᠭᠤᠷᠪᠠᠨ ᠶᠡᠭᠡ ᠪᠠᠬᠢᠯᠡᠯᠲᠡ ᠶᠢ ᠰᠢᠪᠲᠤᠯᠬᠤ ᠳᠠᠶᠢᠯᠠᠯᠳᠤᠭᠠᠨ᠄ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ᠂ ᠣᠨᠣᠪᠴᠢᠲᠠᠢ ᠪᠠᠷ | ᠶᠠᠳᠠᠭᠤ ᠡᠴᠠᠠᠩᠭᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ ᠶᠢ ᠵᠢᠭᠠᠨ᠎ᠠ᠃ | ᠢᠷᠡᠯᠳᠡ ᠶᠢᠨ ᠤᠷᠤᠨ ᠪᠤᠵᠠᠷ ᠤᠰᠤ ᠶᠢ ︽ᠬᠠᠳᠤᠨ ᠭᠤᠤᠯ ᠳᠤ ᠤᠭᠳᠤ ᠤᠷᠤᠭᠤᠯᠬᠤ ᠦᠬᠡᠢ ︾ ᠢᠨᠵᠧᠨᠧᠷᠢᠩ᠄ ᠬᠤᠳᠠ ᠪᠠᠯᠭᠠᠰᠤᠨ ᠤ ᠪᠤᠵᠠᠷ | ᠤᠰᠤ ᠰᠢᠢᠳᠪᠦᠷᠢᠯᠡᠬᠦ ᠦᠢᠯᠡᠳᠪᠦᠷᠢ᠂ ᠠᠵᠤ ᠦᠢᠯᠡᠳᠪᠦᠷᠢ ᠶᠢᠨ ᠲᠤᠭᠤᠷᠢᠭ ᠵᠢᠴᠢ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠳᠤ ᠤᠷᠤᠭᠤᠯᠤᠭᠰᠠᠨ ᠦᠬᠡᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠪᠦᠬᠦᠨ ᠢ ᠲᠠᠬᠢᠨ ᠬᠡᠷᠡᠭᠯᠡᠵᠦ᠂ ᠤᠯᠢᠶᠠᠰᠤ ᠨᠠᠭᠤᠷ ᠲᠤ ᠲᠠᠬᠢᠵᠤ ᠤᠷᠤᠭᠤᠯᠬᠤ ᠦᠬᠡᠢ ᠶᠢ | ᠪᠡᠶᠡᠯᠡᠭᠦᠯᠦᠨ᠎ᠡ ᠃ | ︽ᠳᠦᠷᠪᠡ ᠶᠢ ᠬᠢᠵᠠᠭᠠᠷᠯᠠᠬᠤ︾ ᠠᠵᠢᠯᠯᠠᠭ᠎ᠠ᠄ ᠳᠠᠷᠤᠢ ᠪᠣᠷᠳᠤᠭᠤᠷ ᠬᠢᠵᠠᠭᠠᠷᠯᠠᠬᠤ᠂ ᠡᠮ ᠬᠢᠵᠠᠭᠠᠷᠯᠠᠬᠤ᠂ ᠤᠰᠤ ᠬᠢᠵᠠᠭᠠᠷᠯᠠᠬᠤ᠂ ᠰᠦᠯᠢᠶᠣᠣ | ᠪᠦᠷᠬᠦᠪᠴᠢ ᠶᠢ ᠬᠢᠵᠠᠭᠠᠷᠯᠠᠬᠤ ᠪᠤᠯᠤᠨ᠎ᠠ᠃ | ᠭᠤᠣᠯ ︵ᠨᠠᠭᠤᠷ︶ ᠶᠢᠨ ᠳᠠᠷᠤᠭ᠎ᠠ ᠶᠢᠨ ᠳᠦᠷᠢᠮ᠄ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ᠂ | ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠤᠰᠤᠨ ᠤ ᠠᠮᠢ ᠠᠬᠤᠢ ᠶᠢ ᠵᠠᠰᠠᠨ ᠰᠡᠷᠭᠦᠬᠡᠬᠦ ᠪᠠᠷ ᠭᠤᠣᠯ ᠡᠭᠦᠷᠭᠡ ᠪᠣᠯᠭᠠᠵᠤ᠂ ᠮᠣᠵᠢ ᠬᠤᠲᠠ ᠰᠢᠶᠠᠨ | ᠰᠢᠶᠠᠩ ᠳᠦᠷᠪᠡᠨ ᠱᠠᠲᠤᠨ ᠤ ᠭᠤᠣᠯ ︵ᠨᠠᠭᠤᠷ︶ ᠤᠨ ᠳᠠᠷᠤᠭ᠎ᠠ ᠶᠢᠨ ᠬᠠᠮᠢᠶᠠᠷᠴᠤ ᠬᠠᠮᠠᠭᠠᠯᠠᠬᠤ ᠵᠣᠬᠢᠴᠠᠮᠵᠢ ᠶᠢ ᠪᠦᠬᠦ ᠲᠠᠯ᠎ᠠ ᠪᠠᠷ ᠪᠠᠶᠢᠭᠤᠯᠤᠨ᠎ᠠ᠃ | ᠳᠦᠷᠪᠡᠨ ᠲᠠᠷᠢᠶᠠᠨ ︵ᠮᠠᠯᠵᠢᠯ︶ ᠭᠠᠵᠠᠷ ᠤᠨ ᠪᠦᠷᠢᠨ ᠴᠣᠭᠴᠠ᠄ ᠳᠠᠷᠤᠢ ᠬᠤᠲᠠ ᠶᠢᠨ ᠤᠮᠠᠷᠠᠲᠤ ᠶᠢᠨ ᠲᠠᠷᠢᠶᠠᠯᠠᠩ ᠤᠨ ᠨᠣᠭᠤᠭ᠎ᠠ ᠶᠢᠨ ᠬᠦᠷᠢᠶᠡᠯᠡᠩ ᠤᠨ | ᠪᠦᠷᠢᠨ ᠴᠣᠭᠴᠠ᠂ ᠪᠤᠷᠤᠲᠣᠬᠤᠢ ᠣᠷᠣᠨ ᠤ ᠨᠣᠭᠤᠭ᠎ᠠ ᠶᠢᠨ ᠬᠦᠷᠢᠶᠡᠯᠡᠩ ᠤᠨ ᠪᠦᠷᠢᠨ ᠴᠤᠭᠴᠠ᠂ ᠡᠷᠳᠡᠨᠢᠪᠤᠯᠠᠭ ᠰᠣᠮᠤᠨ ᠤ ᠠᠷᠴᠠ ᠭᠠᠴᠠᠭᠠᠨ ᠤ ᠮᠠᠯᠵᠢᠯ ᠤᠨ | ᠬᠦᠷᠢᠶᠡᠯᠡᠩ ᠤᠨ ᠪᠦᠷᠢᠨ ᠴᠣᠭᠴᠠ ᠪᠠ ᠰᠠᠭᠠᠳᠠᠭ ᠰᠤᠮᠤᠨ ᠤ ᠬᠠᠰᠠᠷ ᠮᠠᠯᠵᠢᠯ ᠤᠨ ᠬᠦᠷᠢᠶᠡᠯᠡᠩ ᠤᠨ ᠪᠦᠷᠢᠨ ᠴᠣᠭᠴᠠ ᠪᠤᠯᠤᠨ᠎ᠠ᠃ | ᠭᠤᠷᠪᠠᠨ ᠪᠦᠳᠦᠭᠡᠭᠳᠡᠭᠦᠨ ᠨᠢᠭᠡ ᠲᠡᠮᠳᠡᠭ᠄ ᠳᠠᠷᠤᠢ ᠪᠣᠬᠢᠷᠳᠣᠯ ᠦᠭᠡᠢ ᠬᠤᠣᠷ ᠬᠦᠨᠦᠭᠡᠯ ᠦᠭᠡᠢ ᠲᠠᠷᠢᠶᠠᠯᠠᠩ ᠤᠨ ᠪᠦᠳᠦᠭᠡᠭᠳᠡᠭᠦᠨ᠂ ᠪᠣᠬᠢᠷᠳᠤᠯ ᠦᠭᠡᠢ | ᠢᠳᠡᠭᠡᠨ ᠤ ᠪᠦᠲᠦᠭᠡᠭᠳᠡᠭᠦᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠲᠡᠮᠳᠡᠭ ᠤᠨ ᠶᠡᠷᠦᠩᠬᠡᠢ | ᠨᠡᠷᠡᠶᠢᠳᠡᠯ᠃ | ᠬᠤᠶᠠᠷ ᠱᠤᠭᠤᠮ ᠭᠤᠷᠪᠠᠨ ᠤᠷᠤᠨ᠄ ᠬᠠᠳᠤᠨ ᠭᠤᠤᠯ ᠲᠠᠭᠠᠤ᠂ ᠤᠰᠤᠨ ᠲᠦᠷᠦᠭᠦᠦ ᠭᠤᠤᠯ ᠲᠠᠭᠠᠤ᠂ ᠠᠭᠤᠯᠠᠨ ᠠᠷᠤ ᠶᠢᠨ ᠭᠠᠵᠠᠷ ᠤᠷᠤᠨ᠂ | ᠪᠤᠷᠤᠳᠤᠬᠠᠢ ᠤᠷᠤᠨ᠂ ᠬᠠᠳᠤᠨ ᠭᠤᠤᠯ ᠲᠠᠭᠠᠤ ᠤᠷᠤᠨ᠃ | ︽ᠲᠠᠯᠪᠢᠬᠤ ᠬᠠᠮᠢᠶᠠᠷᠬᠤ ᠦᠢᠯᠡᠴᠢᠯᠡᠭᠡᠨ︾ ᠤ ᠦᠭᠡᠷᠡᠴᠢᠯᠡᠯᠲᠡ᠄ ᠳᠠᠷᠤᠢ ᠵᠠᠰᠠᠭ ᠪᠠᠨ ᠴᠤᠮᠬᠠᠳᠬᠠᠵᠤ ᠡᠷᠬᠡ ᠪᠠᠨ ᠲᠠᠯᠪᠢᠬᠤ᠂ ᠲᠠᠯᠪᠢᠬᠤ ᠬᠠᠮᠢᠶᠠᠷᠠᠬᠤ ᠶᠢ | ᠤᠶᠠᠯᠳᠤᠭᠤᠯᠬᠤ᠂ ᠰᠢᠯᠢᠳᠡᠭᠵᠢᠭᠦᠯᠦᠭᠰᠡᠨ ᠦᠢᠯᠡᠴᠢᠯᠡᠭᠡᠨ ᠤ ᠳᠦᠭᠦᠮ ᠨᠡᠷᠡᠶᠢᠳᠦᠯ ᠪᠣᠯᠤᠨ᠎ᠠ᠃ | ᠣᠯᠠᠨ ᠦᠨᠡᠮᠯᠡᠯ ᠢ ᠨᠢᠭᠡᠳᠦᠭᠦᠯᠬᠦ᠂ ᠨᠢᠭᠡ ᠦᠨᠡᠮᠯᠡᠯ ᠨᠢᠭᠡ ᠺᠤᠳ᠋ ᠄ ᠳᠠᠷᠤᠢ ︽ᠲᠠᠪᠤᠨ ᠦᠨᠡᠮᠯᠡᠯ ᠢ ᠨᠢᠭᠡᠳᠦᠭᠦᠯᠬᠦ᠂ ᠨᠢᠭᠡ ᠦᠨᠡᠮᠯᠡᠯ ᠨᠢᠭᠡ ᠺᠤᠳ᠋︾ ᠢᠶᠠᠷ | ᠳᠠᠩᠰᠠᠯᠠᠬᠤ ᠳᠦᠷᠢᠮ ᠤᠨ ᠦᠭᠡᠷᠡᠴᠢᠯᠡᠯᠲᠡ ᠶᠢᠨ ᠰᠠᠭᠤᠷᠢᠨ ᠳᠡᠭᠡᠷ᠎ᠡ ᠵᠠᠬ᠎ᠠ ᠳᠡᠯᠭᠡᠭᠦᠷ ᠤᠨ ᠬᠢᠨᠠᠯᠲᠡ ᠬᠠᠮᠢᠶᠠᠷᠤᠯᠲᠠ᠂ ᠳᠣᠲᠤᠭᠠᠳᠤ ᠶᠢ ᠬᠠᠮᠠᠭᠠᠯᠠᠬᠤ᠂ ᠵᠣᠭᠠᠴᠠᠯ᠂ | ᠬᠦᠭᠵᠢᠯᠲᠡ ᠦᠭᠡᠷᠡᠴᠢᠯᠡᠯᠲᠡ᠂ ᠠᠵᠤ ᠠᠬᠤᠢ ᠰᠤᠷᠠᠭ ᠵᠠᠩᠭᠢ᠂ ᠣᠢ ᠰᠢᠭᠤᠢ᠂ ᠰᠤᠶᠤᠯ ᠲᠠᠮᠢᠷ᠂ ᠭᠡᠷ ᠬᠦᠷᠦᠩᠭᠡ ᠶᠢᠨ ᠬᠠᠮᠢᠶᠠᠷᠤᠯᠲᠠ᠂ ᠲᠠᠷᠢᠶᠠᠯᠠᠩ ᠮᠠᠯ ᠠᠵᠤ | ᠠᠬᠤᠢ ᠵᠡᠷᠭᠡ 11 ᠰᠠᠯᠠᠭ᠎ᠠ ᠮᠦᠴᠢᠷ ᠤᠨ ᠳᠠᠩᠰᠠᠯᠠᠬᠤ ᠭᠠᠷ ᠭᠦᠢᠴᠡᠳᠭᠡᠯ ᠢ ᠨᠢᠭᠡ ᠯᠡ ᠴᠣᠩᠬᠤ ᠪᠠᠷ ᠡᠵᠡᠩᠨᠡᠯᠲᠡ ᠶᠢᠨ ᠦᠨᠡᠮᠯᠡᠯ ᠢ ᠨᠢᠭᠡᠳᠦᠯᠲᠠᠢ ᠬᠦᠯᠢᠶᠡᠨ | ᠠᠪᠴᠤ ᠬᠢᠨᠠᠨ ᠬᠠᠷᠭᠤᠭᠤᠯᠵᠤ ᠲᠠᠷᠬᠠᠭᠠᠨ᠎ᠠ᠃ | ᠳᠦᠷᠪᠡᠨ ᠦᠵᠡᠯ ᠤᠬᠠᠮᠰᠠᠷ᠄ ᠳᠠᠷᠤᠢ ᠤᠯᠤᠰ ᠲᠦᠷᠦ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ ᠭᠤᠣᠯᠯᠠᠬᠤ ᠦᠵᠡᠯ ᠤᠬᠠᠮᠰᠠᠷ᠂ | ᠨᠢᠭᠡᠳᠦᠯᠲᠠᠢ ᠦᠵᠡᠯ ᠤᠬᠠᠮᠰᠠᠷ ᠪᠣᠯᠤᠨ᠎ᠠ᠃ | ᠲᠦᠷᠪᠡᠨ ᠢᠳᠡᠭᠡᠯ᠄ ᠲᠠᠷᠤᠢ ᠵᠠᠮ ᠱᠤᠭᠤᠮ ᠤᠨ ᠢᠳᠡᠭᠡᠯ᠂ ᠤᠨᠤᠯ ᠤᠨ ᠢᠳᠡᠭᠡᠯ᠂ ᠲᠦᠷᠢᠮ ᠤᠨ ᠢᠳᠡᠭᠡᠯ᠂ ᠰᠤᠶᠤᠯ ᠤᠨ ᠢᠳᠡᠭᠡᠯ ᠪᠤᠯᠤᠨ᠎ᠠ᠃ | ᠬᠤᠶᠠᠷ ᠢ ᠡᠷᠡᠰ ᠬᠠᠮᠠᠭᠠᠯᠠᠬᠤ᠄ ᠳᠠᠷᠤᠢ ᠰᠢ ᠶᠢᠨ ᠫᠢᠩ ᠶᠡᠷᠦᠩᠬᠡᠢ ᠱᠦᠵᠢ ᠪᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶ᠎ᠠ᠂ ᠪᠦᠬᠦ ᠨᠠᠮ ᠤᠨ ᠭᠤᠤᠯᠯᠠᠬᠤ | ᠪᠡᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠭᠰᠡᠨ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | ᠲᠠᠪᠤ ᠶᠢ ᠨᠢᠭᠡ ᠴᠣᠭᠴᠠᠵᠢᠭᠤᠯᠬᠤ᠄ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠣᠯᠣᠰ ᠲᠦᠷᠦ ᠶᠢᠨ ᠪᠦᠲᠦᠭᠡᠨ ᠪᠠᠶᠢᠭᠤᠯᠣᠯᠲᠠ᠂ ᠰᠤᠶᠤᠯ ᠤᠨ | ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠲᠦᠯᠦᠪᠵᠢᠭᠦᠯᠭᠡ᠃ | ᠹᠸᠡᠭ ᠴᠢᠶᠤᠤ ᠶᠢᠨ ᠲᠣᠷᠰᠢᠯᠭ᠎ᠠ᠄ ᠲᠠᠷᠤᠢ 20 ᠳ᠋ᠤᠭᠠᠷ ᠵᠠᠭᠤᠨ ᠤ ᠵᠢᠷᠠᠭᠠᠳ ᠤᠨ ᠤ ᠡᠬᠢᠨ ᠳᠤ᠂ ᠵᠧᠵᠢᠶᠠᠩ ᠮᠤᠵᠢ ᠶᠢᠨ ᠵᠤ᠋ ᠵᠢᠢ ᠬᠤᠳᠠ ᠶᠢᠨ | ᠹᠸᠡᠭ ᠴᠢᠶᠤᠤ ᠪᠠᠯᠭᠠᠰᠤᠨ ᠤ ᠺᠠᠳ᠋ᠷ ᠤᠯᠠᠨ ᠲᠦᠮᠡᠨ ᠠᠴᠠ ᠡᠭᠦᠳᠦᠭᠰᠡᠨ ︽ᠺᠠᠳ᠋ᠷ ᠤᠯᠠᠨ ᠲᠦᠮᠡᠨ ᠢ ᠲᠠᠶᠢᠴᠢᠯᠠᠨ ᠲᠦᠰᠢᠭᠯᠡᠵᠦ᠂ ᠵᠦᠷᠢᠴᠡᠯ ᠢ ᠲᠡᠭᠡᠭᠰᠢ ᠤᠭᠳᠤ | ᠲᠤᠰᠢᠶᠠᠬᠤ ᠦᠬᠡᠢ ᠪᠠᠷ ᠲᠤᠬᠠᠢ ᠶᠢᠨ ᠭᠠᠵᠠᠷ ᠳᠤᠨᠢ ᠰᠢᠢᠳᠪᠦᠷᠢᠯᠡᠵᠦ᠂ ᠬᠦᠮᠦᠨ ᠴᠦᠬᠡᠨ ᠪᠠᠷᠢᠪᠴᠢᠯᠠᠵᠤ᠂ ᠠᠮᠤᠷ ᠲᠦᠪᠰᠢᠨ ᠢ ᠰᠠᠶᠢᠳᠤᠷ ᠠᠳᠬᠤᠬᠤ︾ ᠹᠸᠡᠭ | ᠴᠢᠶᠤᠤ ᠶᠢᠨ ᠲᠣᠷᠰᠢᠯᠭ᠎ᠠ ᠪᠤᠯᠤᠨ᠎ᠠ᠃ ᠡᠶᠢᠮᠦ ᠶᠢᠨ ᠲᠤᠯᠠᠳᠠ᠂ 1963 ᠤᠨ ᠳᠤ ᠮᠠᠤ ᠽᠧ ᠳ᠋ᠦᠡᠭ ᠨᠦᠬᠦᠷ ︽ᠡᠯ᠎ᠡ ᠭᠠᠵᠠᠷ ᠲᠠᠭᠤᠷᠢᠶᠠᠵᠤ᠂ ᠲᠤᠷᠰᠢᠯᠳᠠ | ᠶᠢᠨ ᠴᠢᠭ ᠢᠶᠠᠷ ᠲᠠᠮᠵᠢᠨ ᠲᠡᠯᠭᠡᠷᠡᠭᠦᠯᠦᠨ ᠬᠢᠬᠦ ᠬᠡᠷᠡᠭᠳᠡᠢ︾ ᠭᠡᠰᠡᠨ ᠪᠢᠴᠢᠭᠡᠰᠦ ᠪᠢᠴᠢᠵᠦ ᠴᠤᠬᠤᠯᠠᠪᠤᠷᠢᠯᠠᠪᠠ᠂ ︽ᠹᠸᠡᠭ ᠴᠢᠶᠤᠤ ᠶᠢᠨ ᠲᠤᠰᠢᠯᠭᠠ︾ ᠠᠳᠡ | ᠠᠴᠠ ᠡᠬᠢᠯᠡᠨ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠹᠠᠷᠤᠨᠲ ᠲᠡᠭᠡᠷᠡᠬᠢ ᠨᠡᠶᠢᠳᠡᠯᠢᠭ ᠵᠢᠱᠢᠶ᠎ᠡ ᠪᠤᠯᠤᠭᠰᠠᠨ ᠶᠤᠮ ᠃ | ︽ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠦᠷᠦᠯ ᠤᠨ ᠲᠡᠮᠡᠴᠡᠯ᠄ ᠠᠷᠠᠳ ᠲᠦᠮᠡᠨ ᠤ ᠠᠮᠤᠷ ᠲᠦᠪᠰᠢᠨ ᠠᠮᠢᠳᠤᠷᠠᠬᠤ᠂ | ᠨᠡᠶᠢᠭᠡᠮ ᠲᠤᠭᠳᠠᠭᠤᠨ ᠡᠮᠬᠢ ᠵᠢᠷᠤᠮ ᠲᠠᠢ᠂ ᠤᠯᠤᠰ ᠦᠨᠢ ᠤᠳᠠᠭᠠᠨ ᠠᠮᠤᠷ ᠵᠢᠮᠤᠷ ᠪᠠᠶᠢᠬᠤ ᠶᠢ ᠪᠠᠳᠤᠯᠠᠬᠤ᠂ ᠨᠠᠮ ᠤᠨ ᠵᠠᠰᠠᠭ ᠪᠠᠷᠢᠬᠤ ᠰᠠᠭᠤᠷᠢ ᠶᠢ | ᠤᠯᠠᠮ ᠨᠢᠬᠡ ᠠᠯᠬᠤᠮ ᠪᠠᠳᠤᠳᠬᠠᠬᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ᠂ ᠪᠦᠬᠦ ᠤᠯᠤᠰ ᠤᠨ ᠬᠠᠷ᠎ᠠ | ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠡᠮᠡᠴᠡᠯ ᠢ ᠦᠷᠨᠢᠭᠦᠯᠦᠨ᠎ᠡ᠃ | ᠲᠠᠪᠤ ᠶᠢ ᠨᠢᠭᠡᠳᠦᠭᠦᠯᠬᠦ᠄ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠦᠳᠦᠭᠡᠨ ᠪᠠᠶᠢᠭᠤᠯᠤᠯᠳᠠ᠂ ᠰᠤᠶᠤᠯ ᠤᠨ | ᠪᠦᠳᠦᠭᠡᠨ ᠪᠠᠶᠢᠭᠤᠯᠤᠯᠳᠠ᠂ ᠨᠡᠶᠢᠭᠡᠮ ᠤᠨ ᠪᠦᠳᠦᠭᠡᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ︽ᠲᠠᠪᠤ ᠶᠢ | ᠨᠢᠭᠡᠳᠦᠭᠦᠯᠬᠦ︾ ᠶᠡᠷᠦᠩᠬᠡᠢ ᠲᠦᠯᠦᠪᠵᠢᠭᠦᠯᠬᠡ ᠃ | ᠳᠦᠷᠪᠡᠨ ᠪᠦᠬᠦ ᠲᠠᠯ᠎ᠠ᠄ ᠪᠠᠶᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠦᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠵᠦ᠂ ᠬᠠᠤᠯᠢ ᠶᠣᠰᠤᠭᠠᠷ ᠣᠯᠣᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ᠃ | ᠨᠢᠬᠡ ᠵᠣᠷᠪᠤᠰ᠂ ᠨᠢᠬᠡ ᠭᠤᠤᠯ ᠱᠤᠭᠤᠮ᠂ ᠨᠢᠬᠡ ᠱᠠᠭᠠᠷᠳᠠᠯᠭ᠎ᠠ᠂ ᠨᠢᠬᠡ ᠭᠤᠤᠯᠳᠠᠯᠠᠭ᠎ᠠ ᠲᠠᠢ ᠤᠷᠤᠨ᠄ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ | ᠴᠢᠨᠠᠷᠳᠠᠢ ᠦᠭᠡᠷᠡᠴᠢᠯᠡᠯᠳᠡ ᠶᠢᠨ ᠭᠤᠤᠯ ᠱᠤᠭᠤᠮ᠂ ᠦᠨᠳᠦᠷ ᠶᠠᠰᠤ ᠴᠢᠨᠠᠷ ᠲᠠᠢ ᠬᠦᠭᠵᠢᠯᠳᠡ ᠶᠢᠨ ᠱᠠᠭᠠᠷᠳᠠᠯᠭ᠎ᠠ᠂ ᠤᠯᠢᠶᠠᠰᠤ ᠨᠠᠭᠤᠷ ᠪᠠᠷ ᠭᠤᠤᠯ | ᠪᠤᠯᠭᠠᠭᠰᠠᠨᠠᠭᠤᠯᠠ ᠤᠰᠤ ᠤᠢ ᠲᠠᠷᠢᠶ᠎ᠠ ᠨᠠᠭᠤᠷ ᠡᠯᠡᠰᠦ ᠶᠢᠨ ᠰᠢᠰᠲ᠋ᠧᠮ ᠲᠠᠢ ᠵᠠᠰᠠᠯᠳᠠ ᠶᠢᠨ ᠣᠷᠤᠨ᠃ | ︽ᠲᠤᠯᠤᠭᠠᠨ ᠭᠤᠷᠪᠠ︾ ᠶᠢᠨ ᠬᠦᠭᠵᠢᠯᠳᠡ ᠶᠢᠨ ᠰᠡᠳᠬᠢᠴᠡ᠄ ᠭᠤᠷᠪᠠᠨ ᠵᠠᠷᠴᠢᠮ ︵ ᠨᠠᠮ ᠤᠨ ᠠᠯᠢᠪᠠ ᠠᠵᠢᠯ ᠲᠬᠢ ᠤᠳᠤᠷᠢᠳᠤᠯᠭ᠎ᠠ ᠶᠢ | ᠪᠠᠷᠢᠮᠳᠠᠯᠠᠬᠤ᠂ ᠲᠤᠭᠳᠠᠭᠤᠨ ᠤ ᠲᠤᠮᠳᠠ ᠤᠷᠤᠭᠰᠢᠯᠠᠯᠳᠠ ᠲᠠᠢ ᠠᠵᠢᠯ ᠤᠨ ᠶᠡᠷᠦᠩᠬᠡᠢ ᠠᠶᠢᠵᠢᠮ᠂ ᠰᠢᠨ᠎ᠡ ᠬᠦᠭᠵᠢᠯᠳᠡ ᠶᠢᠨ ᠤᠶᠢᠯᠠᠬᠠᠭᠳᠠᠬᠤᠨ ᠢ | ᠪᠠᠷᠢᠮᠳᠠᠯᠠᠬᠤ︶᠂ ᠭᠤᠷᠪᠠᠨ ᠰᠡᠳᠬᠢᠴᠡ ︵ᠰᠢᠰᠲ᠋ᠧᠮᠳᠦ ᠰᠡᠳᠬᠢᠴᠡ᠂ ᠬᠤᠷᠢᠭ᠎ᠠ ᠱᠤᠭᠤᠮ ᠤᠨ ᠰᠡᠳᠬᠢᠴᠡ᠂ ᠤᠨᠣᠪᠴᠢᠲᠠᠢ ᠰᠡᠳᠬᠢᠴᠡ︶ ᠂ ᠭᠤᠷᠪᠠᠨ | ᠵᠠᠩᠬᠢᠯᠠᠭ᠎ᠠ ︵ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠵᠢᠨᠦᠭᠡᠷᠡᠴᠢᠯᠡᠯᠳᠡ ᠶᠢᠨ ᠭᠤᠤᠯ ᠱᠤᠭᠤᠮ᠂ ᠦᠨᠳᠦᠷ ᠶᠠᠰᠤ ᠴᠢᠨᠠᠷ ᠲᠠᠢ ᠬᠦᠭᠵᠢᠯᠳᠡ ᠶᠢᠨ | ᠱᠠᠭᠠᠷᠳᠠᠯᠭ᠎ᠠ ᠂ ᠤᠯᠢᠶᠠᠰᠤ ᠨᠠᠭᠤᠷ ᠪᠠᠷ ᠭᠤᠤᠯ ᠪᠤᠯᠭᠠᠭᠰᠠᠨ᠂ ᠠᠭᠤᠯᠠ ᠤᠰᠤ ᠤᠢ ᠲᠠᠷᠢᠶ᠎ᠠ ᠨᠠᠭᠤᠷ ᠡᠯᠡᠰᠦ ᠶᠢᠨ ᠰᠢᠰᠲ᠋ᠧᠮ ᠲᠠᠢ ᠵᠠᠰᠠᠯᠳᠠ ᠶᠢᠨ ᠣᠷᠤᠨ︶᠂ | ᠭᠤᠷᠪᠠᠨ ᠪᠠᠬᠢᠯᠡᠯᠳᠡ ᠶᠢ ᠰᠢᠪᠳᠦᠯᠬᠤ ᠲᠠᠶᠢᠯᠠᠯᠳᠤᠭᠠᠨ ︵ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ᠂ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ︶ ᠂ ᠭᠤᠷᠪᠠᠨ ᠬᠤᠷᠢᠭ᠎ᠠ ᠱᠤᠭᠤᠮ᠄ ᠬᠦᠭᠵᠢᠯᠳᠡ ᠶᠢᠨ ᠬᠤᠷᠢᠭ᠎ᠠ ᠱᠤᠭᠤᠮ᠂ ᠠᠷᠠᠳ ᠤᠨ ᠠᠮᠢᠳᠤᠷᠠᠯ | ᠤᠨ ᠬᠤᠷᠢᠭ᠎ᠠ ᠱᠤᠭᠤᠮ᠂ ᠠᠮᠢ ᠠᠬᠤᠢ ᠶᠢᠨ ᠬᠤᠷᠢᠭ᠎ᠠ ᠱᠤᠭᠤᠮ᠂ ᠭᠤᠷᠪᠠᠨ ᠲᠤᠳᠠᠮᠠᠭ ︵ᠠᠮᠢ ᠠᠬᠤᠢ ᠶᠢᠨ ᠲᠤᠳᠠᠮᠠᠭ᠂ ᠬᠤᠳᠠ ᠬᠦᠳᠡᠭᠡ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠳᠠᠮᠠᠭ᠂ ᠠᠵᠤ ᠦᠢᠯᠡᠰ ᠤᠨ ᠬᠦᠭᠵᠢᠯᠳᠡ ᠤᠨ ᠲᠤᠳᠠᠮᠠᠭ︶᠂ ᠭᠤᠷᠪᠠᠨ ᠤᠳᠠᠭᠠᠨ ᠤ ᠠᠵᠤ ᠦᠢᠯᠡᠰ ︵ | ᠪᠤᠬᠢᠷᠳᠤᠯ ᠦᠬᠡᠢ ᠤᠷᠭᠠᠨᠢᠭ ᠲᠡᠭᠡᠳᠦ ᠵᠡᠷᠬᠡ ᠶᠢᠨ ᠲᠠᠷᠢᠶᠠᠯᠠᠩ ᠮᠠᠯ ᠠᠵᠤ ᠠᠬᠤᠢ᠂ ᠦᠨᠳᠦᠷ ᠶᠠᠰᠤ ᠴᠢᠨᠠᠷ ᠲᠠᠢ ᠬᠦᠭᠵᠢᠭᠰᠡᠨ ᠰᠢᠨ᠎ᠡ ᠪᠠᠷ ᠮᠠᠨᠳᠤᠭᠰᠠᠨ ᠠᠵᠤ | ᠦᠢᠯᠡᠳᠪᠦᠷᠢ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ︶᠃ | ᠵᠢᠷᠭᠤᠭᠠᠨ ᠤᠷᠤᠨ ᠨᠢᠬᠡ ᠵᠠᠩᠭᠢᠯᠠᠭ᠎ᠠ᠄ ᠲᠠᠷᠤᠢ ᠪᠠᠶᠠᠨᠨᠠᠭᠤᠷ ᠠᠶᠢᠮᠠᠭ ᠵᠢᠴᠢ ᠦᠪᠡᠷᠳᠡᠭᠡᠨ ᠵᠠᠰᠠᠬᠤ ᠤᠷᠤᠨ ᠤ ᠪᠠᠷᠠᠭᠤᠨ ᠬᠡᠰᠡᠭ ᠤᠨ ᠰᠢᠶᠠᠩ ᠲᠤᠰᠬᠤᠨ | ᠬᠦᠭᠵᠢᠭᠰᠡᠨ ᠵᠢᠱᠢᠶ᠎ᠡ ᠦᠵᠡᠭᠦᠯᠬᠦ ᠣᠷᠤᠨ᠂ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠴᠤᠭᠯᠠᠷᠠᠯ ᠤᠷᠤᠨ᠂ ᠤᠳᠤᠬᠢᠴᠢᠯᠠᠭᠰᠠᠨᠦᠢᠯᠡᠴᠢᠯᠡᠭᠡᠨ ᠤ ᠦᠢᠯᠡᠰ | ᠤᠨ ᠠᠮᠢᠵᠢᠷᠠᠯ ᠤᠨ ᠤᠷᠤᠨ᠂ ᠰᠢᠶᠡᠨ ᠤ ᠬᠡᠪᠴᠢᠶᠠᠨ ᠤ ᠬᠤᠳᠠ ᠶᠢᠨ ᠪᠠᠶᠢᠭᠤᠯᠤᠮᠵᠢ ᠶᠢᠨ ᠰᠠᠶᠢᠨ ᠰᠠᠶᠢᠬᠠᠨ ᠠᠮᠢᠳᠤᠷᠠᠯ ᠲᠠᠭᠤᠷᠢᠶᠠᠯ ᠤᠷᠤᠨ᠂ | ᠰᠠᠶᠢᠨ ᠰᠠᠶᠢᠬᠠᠨ ᠠᠮᠢᠳᠤᠷᠠᠯ ᠲᠠᠢ ᠨᠡᠶᠢᠬᠡᠮ ᠡᠶ᠎ᠡ ᠵᠤᠬᠢᠴᠨᠯ ᠲᠠᠢ ᠵᠢᠱᠢᠶᠡᠴᠢ ᠤᠷᠤᠨ᠂ ᠠᠭᠤᠯᠠ ᠤᠰᠤ ᠤᠢ ᠲᠠᠷᠢᠶ᠎ᠠ ᠨᠠᠭᠤᠷ ᠡᠯᠡᠰᠦ ᠶᠢᠨ ᠰᠢᠰᠲ᠋ᠧᠮ ᠲᠠᠢ | ᠵᠠᠰᠠᠬᠤ ᠲᠤᠷᠰᠢᠯᠳᠠ ᠶᠢᠨ ᠤᠷᠤᠨ ᠵᠢᠴᠢ ︽ᠨᠢᠬᠡ ᠪᠦᠰᠡ ᠨᠢᠬᠡ ᠵᠠᠮ︾᠂ ᠮᠤᠩᠭᠤᠯ ᠲᠠᠢ ᠴᠢᠯᠦᠬᠡᠲᠡᠢ ᠶᠠᠪᠤᠯᠴᠠᠬᠤ ᠂ ᠬᠦᠬᠡᠬᠤᠳᠠ ᠪᠤᠭᠤᠳᠤ ᠤᠷᠳᠤᠰ | ᠲᠡᠮᠡᠭᠡᠳᠦ ᠶᠢᠨ ᠠᠵᠤ ᠠᠬᠤᠢ ᠶᠢᠨ ᠴᠠᠭᠠᠷᠢᠭ ᠲᠤ ᠭᠦᠨᠴᠡ ᠠᠪᠤᠴᠠᠯᠳᠤᠬᠤ ᠪᠠᠶᠢᠯᠳᠤᠬᠤ ᠪᠤᠳᠤᠯᠭ᠎ᠠ ᠶᠢᠨ ᠵᠠᠩᠭᠢᠯᠠᠭ᠎ᠠ ᠃ | PPP: public-private-partnership ᠦᠰᠦᠭ ᠤᠨ ᠠᠪᠢᠶᠠᠨ ᠤ ᠲᠦᠭᠦᠮ ᠪᠢᠴᠢᠯᠬᠡ᠂ ᠵᠠᠰᠠᠭ ᠤᠨ ᠤᠷᠳᠤᠨ ᠤ ᠵᠠᠷᠢᠮ ᠬᠠᠷᠢᠭᠤᠴᠠᠯᠭ᠎ᠠ ᠶᠢ | ᠤᠨᠴᠠ ᠵᠦᠪᠰᠢᠶᠡᠷᠡᠭᠰᠡᠨ ᠡᠵᠡᠩᠨᠡᠯᠳᠡ ᠶᠢᠨ ᠡᠷᠬᠡ ᠶᠢᠨ ᠬᠡᠯᠪᠡᠷᠢ ᠪᠠᠷ ᠨᠡᠶᠢᠭᠡᠮ ᠤᠨ ᠭᠤᠤᠯ ᠴᠤᠭᠴᠠ ︵ᠠᠵᠤ ᠠᠬᠤᠶᠢᠯᠠᠯ︶ ᠳᠤ ᠰᠢᠯᠵᠢᠭᠦᠯᠦᠨ ᠦᠭᠴᠦ᠂ ᠵᠠᠰᠠᠭ | ᠤᠨ ᠤᠷᠳᠤᠨ ᠪᠠ ᠨᠡᠶᠢᠭᠡᠮ ᠤᠨ ᠭᠤᠤᠯ ᠴᠤᠭᠴᠠ ︽ᠠᠰᠢᠭ ᠲᠤᠰᠠ ᠪᠠᠨ ᠬᠠᠮᠳᠤᠪᠠᠷ ᠡᠳ᠋ᠯᠡᠵᠦ᠂ ᠠᠶᠤᠯ ᠲᠦᠭᠰᠢᠭᠦᠷᠢ ᠶᠢ ᠬᠠᠮᠳᠤᠪᠠᠷ ᠡᠭᠦᠷᠭᠡᠯᠡᠬᠦ᠂ ᠪᠦᠬᠦ | ᠶᠠᠪᠤᠴᠠ ᠳᠤ ᠬᠠᠪᠰᠤᠷᠠᠯᠴᠠᠬᠤ︾ ᠨᠢᠭᠡᠳᠦᠮᠡᠯ ᠴᠤᠭᠴᠠ ᠶᠢᠨ ᠬᠠᠷᠢᠴᠠᠭ᠎ᠠ ᠶᠢ ᠪᠠᠶᠢᠭᠤᠯᠵᠤ᠂ ᠵᠠᠰᠠᠭ ᠤᠨ ᠤᠷᠳᠤᠨ ᠶᠢ ᠠᠬᠢᠭᠤᠯᠤᠨ ᠡᠳ᠋ ᠶᠢᠨ ᠵᠠᠰᠠᠭ | ᠤᠨ ᠲᠠᠷᠤᠭᠠᠰᠤ ᠶᠢ ᠬᠦᠡᠭᠬᠡᠯᠡᠵᠦ᠂ ᠨᠡᠶᠢᠭᠡᠮ ᠤᠨ ᠭᠤᠤᠯ ᠴᠤᠭᠴᠠ ᠶᠢᠨ ᠵᠦᠢ ᠶᠤᠰᠤᠨ ᠤ ᠤᠯᠵᠠᠪᠤᠷᠢ ᠪᠤᠯᠤᠨ᠎ᠠ᠃ | ᠬᠤᠶᠠᠷ ᠵᠣᠪᠠᠭ᠋ᠤ ᠦᠭᠡᠢ᠂ ᠭᠤᠷᠪᠠᠨ ᠪᠠᠲᠤᠯᠠᠭ᠎ᠠ ᠄ ᠢᠳᠡᠬᠦ ᠶᠢ ᠵᠣᠪᠠᠭ᠋ᠤ ᠦᠭᠡᠢ᠂ ᠡᠮᠦᠰᠬᠦ ᠶᠢ ᠵᠣᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ᠂ | ᠦᠨᠳᠦᠰᠦᠨ ᠡᠮ ᠡᠮᠨᠡᠯᠭᠡ ᠪᠠ ᠣᠷᠤᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠃ | ᠦᠬᠦᠰᠢᠷᠡᠮᠡᠯ ᠠᠵᠦ ᠠᠬᠤᠶᠢᠯᠠᠯ᠄ ᠨᠢᠭᠡᠨᠲᠡ ᠦᠢᠯᠡᠳᠪᠦᠷᠢᠯᠡᠯ ᠢᠶᠠᠨ ᠵᠣᠭᠰᠤᠭᠰᠠᠨ᠂ ᠬᠠᠭᠠᠰ ᠵᠣᠭᠰᠤᠭᠰᠠᠨ᠂ ᠵᠢᠯ ᠳᠠᠷᠠᠭᠠᠯᠠᠨ ᠬᠤᠷᠤᠭᠳᠠᠯ ᠲᠠᠢ ᠪᠡᠯᠡ | ᠮᠦᠩᠭᠦ ᠨᠢ ᠦᠷᠢ ᠳᠡᠭᠡᠨ ᠭᠦᠢᠴᠡᠬᠦ ᠦᠭᠡᠢ ᠪᠡᠶᠢᠵᠦ᠂ ᠭᠤᠣᠯᠳᠠᠭᠤ ᠵᠠᠰᠠᠭ ᠤᠨ ᠣᠷᠳᠤᠨ ᠤ ᠨᠦᠬᠦᠪᠦᠷᠢ ᠪᠠ ᠪᠠᠩᠬᠢᠨ ᠤ ᠵᠢᠭᠡᠯᠡᠯᠭᠡ ᠪᠠᠷ ᠡᠵᠡᠩᠨᠡᠯᠲᠡ ᠪᠠᠨ | ᠠᠷᠭᠠᠴᠠᠭᠠᠵᠤ ᠪᠠᠶᠢᠬᠤ ᠠᠵᠤ ᠠᠬᠤᠶᠢᠯᠠᠯ ᠢ ᠵᠢᠭᠠᠨ᠎ᠠ᠃ | ᠨᠢᠭᠡ ᠪᠦᠰᠡ ᠨᠢᠭᠡ ᠵᠠᠮ᠄ ᠳᠠᠷᠤᠢ ᠲᠤᠷᠭᠠᠨ ᠵᠠᠮ ᠤᠨ ᠠᠵᠤ ᠠᠬᠤᠢ ᠶᠢᠨ ᠪᠦᠰᠠ ᠪᠠ 21 ᠳ᠋ᠦ᠋ᠭᠡᠷ ᠵᠠᠭᠤᠨ ᠤ ᠳᠠᠯᠠᠢ ᠳᠡᠭᠡᠷᠡᠬᠢ ᠲᠤᠷᠭᠠᠨ ᠵᠠᠮ᠃ | ᠳᠦᠷᠪᠡᠨ ᠰᠠᠶᠢᠨ ᠬᠦᠳᠡᠭᠡ ᠲᠤᠰᠬᠤᠨ ᠤ ᠵᠠᠮ᠄ ᠬᠦᠳᠡᠭᠡ ᠲᠤᠰᠬᠤᠨ ᠤ ᠵᠠᠮ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠦᠷ ᠠᠷᠠᠴᠢᠯᠠᠨ᠂ | ᠰᠠᠶᠢᠲᠤᠷ ᠡᠵᠡᠩᠨᠡᠬᠦ ᠪᠣᠯᠤᠨ᠎ᠠ᠃ | ᠬᠤᠶᠠᠷ ᠮᠦᠡᠭᠬᠦ ᠵᠢᠷᠭᠤᠭᠠᠨ ᠲᠦᠷᠢᠮ᠄ ᠲᠠᠷᠤᠢ ᠴᠠᠯᠢᠩ ᠤᠨ ᠪᠠᠳᠤᠯᠠᠭ᠎ᠠ ᠶᠢᠨ ᠮᠦᠡᠭᠬᠦ᠂ ᠪᠠᠴᠢᠮ ᠢ ᠠᠷᠭᠠᠴᠠᠭᠠᠬᠤ ᠡᠷᠬᠢᠯᠳᠡ ᠶᠢᠨ ᠮᠦᠡᠭᠬᠦ ᠂ ᠪᠠᠷᠢᠯᠭ᠎ᠠ | ᠶᠢᠨ ᠵᠤᠭᠤᠰ ᠪᠠ ᠬᠦᠳᠡᠯᠮᠦᠷᠢ ᠬᠦᠴᠦᠨ ᠤ ᠬᠦᠯᠦᠰᠦ ᠮᠦᠡᠭᠬᠦ ᠶᠢ ᠲᠠᠩᠰᠠ ᠬᠤᠪᠢᠶᠠᠬᠤ ᠬᠠᠮᠢᠶᠠᠷᠤᠯᠳᠠ᠂ ᠪᠠᠩᠬᠢ ᠠᠴᠠ ᠰᠠᠷ᠎ᠠ ᠪᠤᠯᠭᠠᠨ ᠴᠠᠯᠢᠩ ᠣᠷᠣᠯᠠᠨ | ᠲᠠᠷᠬᠠᠭᠠᠬᠤ ᠲᠦᠷᠢᠮ᠂ ᠪᠤᠳᠠᠳᠤ ᠨᠡᠷ᠎ᠡ ᠶᠢᠨ ᠬᠠᠮᠢᠶᠠᠷᠤᠯᠳᠠ ᠶᠢᠨ ᠲᠦᠷᠢᠮ᠂ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠡᠷᠭᠡ ᠪᠠᠨ ᠬᠠᠮᠠᠭᠠᠯᠠᠬᠤ ᠰᠤᠷᠠᠭ ᠵᠠᠩᠬᠢ ᠶᠢ | ᠵᠠᠷᠯᠠᠬᠤ ᠲᠦᠷᠢᠮ᠂ ᠬᠤᠯᠪᠤᠭᠠᠯᠠᠨ ᠵᠠᠰᠠᠭ ᠶᠠᠪᠤᠭᠤᠯᠬᠤ ᠬᠠᠤᠯᠢ ᠬᠡᠷᠡᠭᠵᠢᠭᠦᠯᠬᠦ ᠲᠦᠷᠢᠮ᠂ ᠬᠠᠤᠯᠢ ᠵᠦᠷᠢᠴᠡᠬᠦ ᠠᠵᠢᠯᠯᠠᠭ᠎ᠠ ᠶᠢ ᠨᠠᠶᠢᠬᠡᠮ ᠳᠤ ᠵᠠᠷᠯᠠᠬᠤ ᠲᠦᠷᠢᠮ᠃ | ᠭᠤᠷᠪᠠᠨ ᠡᠷᠬᠡᠪᠰᠢ᠄ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠤᠨ᠎ᠠ᠂ ᠡᠷᠬᠢᠯᠡᠭᠰᠡᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠤᠨ᠎ᠠ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠤᠨ᠎ᠠ᠃ | ᠭᠤᠷᠪᠠᠨ ᠬᠤᠷᠠᠯ ᠨᠢᠭᠡ ᠬᠢᠴᠢᠶᠡᠯ᠄ ᠲᠣᠭᠲᠠᠮᠠᠯ ᠴᠠᠭ ᠢᠶᠠᠷ ᠨᠠᠮ ᠤᠨ ᠡᠭᠦᠷ ᠤᠨ ᠨᠠᠮ ᠤᠨ ᠭᠡᠰᠢᠭᠦᠳ ᠤᠨ ᠶᠡᠭᠡ ᠬᠤᠷᠠᠯ᠂ ᠨᠠᠮ ᠤᠨ ᠡᠭᠦᠷ᠂ ᠨᠠᠮ ᠤᠨ | ᠳᠤᠭᠤᠶᠢᠯᠠᠩ ᠤᠨ ᠬᠤᠷᠠᠯ ᠬᠢᠬᠦ᠂ ᠨᠠᠮ ᠤᠨ ᠬᠢᠴᠢᠶᠡᠯ ᠢ ᠴᠠᠭ ᠲᠤᠨᠢ ᠰᠠᠶᠢᠨ ᠰᠤᠨᠤᠰᠬᠤ ᠶᠢ ᠵᠢᠭᠠᠨ᠎ᠠ᠃ | ᠦᠨᠡᠮᠯᠡᠯ ᠭᠡᠷᠡᠴᠢ ᠶᠢ ᠰᠠᠯᠭᠠᠬᠤ᠄ ᠠᠵᠤ ᠦᠢᠯᠡᠳᠪᠦᠷᠢ ᠬᠤᠳᠠᠯᠳᠣᠭᠠᠨ ᠢ ᠰᠠᠯᠠᠭ᠎ᠠ ᠮᠦᠴᠢᠷ ᠤᠨ ᠲᠠᠷᠬᠠᠭᠠᠭᠰᠠᠨ ᠡᠵᠡᠩᠨᠡᠯᠲᠡ ᠶᠢᠨ ᠦᠨᠡᠮᠯᠡᠯ ᠪᠠ ᠡᠯ᠎ᠡ | ᠬᠤᠯᠪᠣᠭᠳᠠᠯ ᠪᠦᠬᠦᠢ ᠠᠵᠢᠯ ᠲᠦᠷᠦᠯ ᠤᠨ ᠰᠠᠯᠠᠭ᠎ᠠ ᠮᠦᠴᠢᠷ ᠠᠴᠠ ᠲᠠᠷᠬᠠᠭᠠᠭᠰᠠᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢ ᠬᠢᠨᠠᠨ ᠵᠦᠪᠰᠢᠶᠡᠷᠡᠬᠦ | ᠦᠭᠡᠷᠡᠴᠢᠯᠡᠯᠲᠡ ᠶᠢ ᠵᠢᠭᠠᠨ᠎ᠠ᠃ | |