ᠤᠷᠠᠳ ᠤᠨ ᠡᠮᠦᠨᠡᠲᠦ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ | | 2020 ᠣᠨ ᠤ 1 ᠰᠠᠷ᠎ᠠ ᠶᠢᠨ 2 ᠤᠨ ᠡᠳᠦᠷ ᠲᠤ ᠪᠣᠯᠣᠭᠰᠠᠨ ᠤᠷᠠᠳ ᠤᠨ ᠡᠮᠦᠨᠡᠳᠦ | ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤ ᠳᠠᠷᠤᠭ᠎ᠠ | ᠰᠣᠶᠣᠯᠲᠤ | | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠦ᠂ | ᠲᠡᠭᠦᠨᠴᠢᠯᠡᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠬᠤᠷᠠᠯ ᠳᠤ ᠰᠤᠯᠠ ᠤᠷᠤᠯᠴᠠᠭᠰᠠᠳ ᠤᠨ ᠰᠠᠨᠠᠯ ᠢᠶᠠᠨ ᠳᠡᠪᠰᠢᠭᠦᠯᠬᠦ ᠶᠢ ᠬᠦᠰᠡᠵᠦ | ᠪᠠᠶᠢᠨ᠎ᠠ᠃ | | 2019 ᠣᠨ ᠤ ᠠᠵᠢᠯ ᠤᠨ ᠡᠷᠭᠢᠴᠡᠭᠦᠯᠦᠯ | | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠤᠨ᠎ᠠ᠂ ᠮᠥᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ | ᠪᠦᠯᠬᠦᠮᠳᠡᠭᠦᠯᠦᠨ ᠲᠠᠶᠢᠴᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠲᠡᠬᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠡᠢᠳᠪᠦᠷᠢ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠤᠯᠤᠭᠠᠨ ᠭᠤᠷᠪᠠ︾ ᠶᠢᠨ ᠬᠦᠭᠵᠢᠯᠳᠡ ᠶᠢᠨ ᠰᠡᠳᠬᠢᠴᠡ ᠶᠢ ᠬᠦᠨᠵᠡᠬᠡᠢ | ᠦᠢᠯᠡᠳᠦᠯᠭᠡᠵᠢᠭᠦᠯᠵᠦ᠂ ︽ᠵᠢᠷᠭᠤᠭᠠᠨ ᠲᠣᠭᠤᠷᠢᠭ ᠨᠢᠭᠡ ᠵᠠᠩᠭᠢᠯᠠᠭ᠎ᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠵᠤ ᠠᠬᠤᠢ | ᠨᠡᠶᠢᠭᠡᠮ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠᠶᠢᠳᠠᠯ ᠢ ᠪᠠᠲᠤᠯᠠᠪᠠ᠃ ᠵᠢᠱᠢᠯᠲᠡ ᠪᠠᠷ ᠪᠦᠬᠦ ᠵᠢᠯ ᠳᠤ ᠣᠷᠣᠨ ᠨᠤᠲᠤᠭ ᠤᠨ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 136.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.5 % ᠢᠶᠠᠷ ᠨᠡᠮᠡᠭᠳᠡᠭᠦᠯᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢ 7.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.2 % ᠢᠶᠠᠷ ᠨᠡᠮᠡᠭᠳᠡᠭᠦᠯᠪᠡ︔ ᠲᠣᠭᠲᠠᠮᠠᠯ ᠡᠳ᠋ ᠬᠥᠷᠥᠩᠭᠡ ᠶᠢᠨ ᠪᠡᠯᠡ | ᠣᠷᠣᠭᠤᠯᠤᠯᠲᠠ ᠶᠢ 25 ᠳ᠋ᠦᠩᠰᠢᠭᠤᠷ ᠲᠥᠭᠦᠷᠢᠭ ᠪᠡᠶᠡᠯᠡᠭᠦᠯᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠲᠣᠰ ᠲᠣᠰ 31600 | ᠲᠥᠭᠦᠷᠢᠭ ᠪᠠ 18500 ᠲᠥᠭᠦᠷᠢᠭ ᠲᠤ ᠬᠦᠷᠴᠦ᠂ 6.5 % ᠪᠠ 8 % ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ | ᠬᠤᠳᠠᠯᠳᠤᠭᠰᠠᠨ ᠨᠣᠷᠮ᠎ᠠ ᠨᠢ 42.1 ᠳ᠋ᠦᠩᠰᠢᠭᠤᠷ ᠲᠥᠭᠦᠷᠢᠭ ᠲᠤ ᠭ᠊ ᠬᠦᠷᠴᠦ᠂ 5.5 % ᠢᠶᠠᠷ ᠦᠰᠪᠡ᠃ | ︵ᠨᠢᠭᠡ︶ ᠬᠦᠴᠦᠲᠡᠶ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠨᠢ ᠵᠠᠩᠭᠢᠯᠠᠭ᠎ᠠ ᠶᠢᠨ ᠴᠢᠨᠠᠷᠳᠠᠢ ᠠᠬᠢᠴᠠ ᠲᠠᠢ ᠪᠣᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠮᠬᠢ ᠵᠢᠷᠤᠮ ᠲᠠᠢ ᠪᠠᠷ | ᠰᠢᠢᠳᠪᠦᠷᠢᠯᠡᠪᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ 9.6 ᠳ᠋ᠦᠩᠰᠢᠭᠤᠷ ᠲᠥᠭᠦᠷᠢᠭ | ᠦᠭᠡᠶᠢᠰᠬᠡᠵᠦ᠂ ︽ᠠᠷᠪᠠ ᠶᠢ ᠪᠦᠷᠬᠦᠭᠦᠯᠬᠦ︾ ᠳᠤ ᠰᠢᠭᠤᠳ ᠬᠤᠯᠪᠤᠭᠳᠠᠭᠰᠠᠨ ᠲᠦᠷᠦᠯ ᠵᠦᠢᠯ ᠤᠨ ᠥᠷᠢᠲᠦᠵᠦ ᠪᠠᠶᠢᠭ᠎ᠠ ᠪᠠᠷᠢᠯᠭ᠎ᠠ ᠶᠢᠨ ᠵᠣᠭᠤᠰ ᠢ ᠪᠦᠬᠦᠨ ᠢ | ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ 2.8 ᠳ᠋ᠦᠩᠰᠢᠭᠤᠷ ᠲᠦᠭᠦᠷᠢᠭ ᠢ | ᠲᠥᠯᠥᠵᠦ ᠬᠤᠶᠠᠷ ᠵᠢᠯ ᠤᠨ ᠲᠦᠯᠦᠬᠦ ᠡᠭᠦᠷᠭᠡ ᠶᠢᠨ 50 % ᠢ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠦᠷ᠎ᠡ ᠪᠦᠲᠦᠮᠵᠢ ᠢᠯᠡᠷᠬᠡᠢ ᠪᠤᠯᠪᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠰᠠᠶᠢᠵᠢᠷᠠᠭᠤᠯᠵᠤ᠂ ︽ᠪᠦᠬᠦᠨ ᠢ ᠰᠢᠢᠳᠪᠦᠷᠢᠯᠡᠵᠦ ᠪᠠᠷᠢᠮᠵᠢᠶ᠎ᠠ ᠳᠤ ᠬᠦᠷᠭᠡᠬᠦ︾ ᠲᠤᠰᠬᠠᠶ ᠲᠦᠷᠦᠯ ᠤᠨ | ᠠᠵᠢᠯᠯᠠᠭ᠎ᠠ ᠶᠢᠨ ᠠᠷᠪᠠᠨ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 6072 ᠲᠦᠮᠡᠨ ᠲᠦᠭᠦᠷᠢᠭ ᠤᠨ ᠪᠡᠯᠡ ᠤᠷᠤᠭᠤᠯᠵᠦ᠂ 16 ᠶᠠᠳᠠᠭᠤ ᠶᠢ | ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠦᠭᠡᠶᠢᠰᠬᠡᠵᠦ᠂ ᠶᠠᠳᠠᠭᠤ ᠠᠴᠠ | ᠠᠩᠭᠢᠵᠢᠷᠠᠭᠤᠯᠬᠤ ᠶᠢ ᠪᠡᠶᠡᠯᠡᠭᠦᠯᠪᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠲᠠᠰᠤᠷᠠᠯᠲᠠ ᠥᠬᠡᠶ ᠪᠤᠵᠠᠭᠠᠶᠢᠷᠠᠵᠤ᠂ 6.6 ᠰᠠᠶ᠎ᠠ ᠸᠠᠲ ᠤᠨ | ᠲᠠᠷᠬᠠᠯᠳᠠ ᠶᠢᠨ ᠮᠠᠶ᠋ᠢᠭ ᠤᠨ ᠭᠡᠷᠡᠯᠯᠢᠭ ᠴᠠᠬᠢᠯᠭᠠᠨ ᠤ ᠲᠥᠷᠥᠯ ᠵᠦᠢᠯ ᠢ ᠪᠠᠶᠢᠭᠤᠯᠪᠠ᠃ ᠣᠷᠴᠢᠨ ᠲᠣᠭᠤᠷᠢᠨ ᠤ ᠶᠠᠰᠤ ᠴᠢᠨᠠᠷ ᠢᠯᠡᠷᠡᠬᠡᠢ ᠰᠠᠶᠢᠵᠢᠷᠠᠪᠠ᠃ | ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠵᠢᠴᠢ ᠮᠠᠨ ᠤ ᠬᠤᠰᠢᠭᠤᠨ ᠳᠤ ᠬᠤᠯᠪᠤᠭᠳᠠᠭᠰᠠᠨ 36 ᠲᠦᠷᠦᠯ ᠤᠨ ︽ᠡᠷᠭᠢᠵᠦ | ᠬᠠᠷᠠᠬᠤ︾ ᠳᠤ ᠲᠤᠰᠬᠠᠭᠰᠠᠨ ᠠᠰᠠᠭᠤᠳᠠᠯ ᠠᠴᠠ15 ᠶᠢ ᠵᠠᠰᠠᠨ ᠴᠡᠭᠴᠡᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠣᠷᠴᠢᠨ ᠠᠬᠤᠢ ᠶᠢᠨ | ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠪᠠ᠃ ᠶᠡᠷᠦᠩᠬᠡᠶ ᠱᠦᠵᠢ ᠰᠢ ᠶᠢᠨ ᠫᠢᠩ ᠤᠨ ︽ ᠨᠢᠬᠡ ᠨᠠᠭᠤᠷ ᠬᠤᠶᠠᠷ ᠲᠠᠯᠠᠢ︾ ᠢ ᠵᠠᠰᠠᠬᠤ ᠲᠤᠬᠠᠶ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠵᠦ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠦᠴᠢᠷ ᠪᠠ ᠲᠤᠮᠳᠠᠳᠤ | ᠤᠯᠤᠰ ᠤᠨ ᠵᠠᠮ ᠬᠠᠷᠢᠯᠴᠠᠭ᠎ᠠ ᠲᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ ᠵᠡᠷᠭᠡ ᠲᠦᠷᠦᠯ ᠵᠦᠢᠯ ᠢ ᠬᠡᠷᠡᠭᠵᠢᠭᠦᠯᠬᠦ ᠭᠤᠤᠯ ᠴᠤᠭᠴᠠ ᠲᠠᠢ ᠪᠦᠬᠦ | ᠬᠦᠴᠦ ᠪᠠᠷ ᠢᠶᠠᠨ ᠬᠠᠮᠵᠢᠯᠴᠠᠨ᠂ ᠤᠯᠢᠶᠠᠰᠤ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠶᠢᠨ ᠠᠮᠢ ᠠᠬᠤᠢ ᠶᠢᠨ ᠬᠠᠮᠠᠭᠠᠯᠠᠳᠠ | ᠶᠢ ᠰᠡᠯᠪᠢᠨ ᠰᠡᠷᠭᠦᠭᠡᠬᠦ ᠲᠤᠷᠰᠢᠯᠳᠡ ᠶᠢᠨ ᠴᠢᠭ ᠤᠨ ᠢᠨᠵᠧᠨᠡᠸ᠋ᠷᠢᠩ ᠤᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠬᠡᠪᠴᠢᠶᠡᠨ ᠳᠤ | 4 ᠶᠡᠭᠡ ᠲᠦᠷᠦᠯ ᠤᠨ 24 ᠲᠦᠷᠦᠯ ᠵᠦᠢᠯ ᠢ ᠬᠡᠷᠡᠭᠵᠢᠭᠦᠯᠵᠦ᠂ 22 ᠵᠦᠢᠯ ᠢ ᠡᠬᠢᠯᠡᠨ ᠪᠠᠶᠢᠭᠤᠯᠪᠠ᠃ ᠮᠤᠨᠠ ᠠᠭᠤᠯᠠ ᠶᠢᠨ ᠭᠠᠵᠠᠷ ᠰᠢᠨᠵᠢᠯᠡᠭᠡᠨ ᠤ ᠤᠷᠴᠢᠨ | ᠲᠤᠭᠤᠷᠢᠨ ᠤ ᠵᠠᠰᠠᠯᠳᠠ ᠶᠢᠨ ᠬᠤᠭᠤᠰᠤᠨ ᠤᠷᠤᠨ ᠪᠠ ᠠᠮᠢ ᠠᠬᠤᠢ ᠶᠢᠨ ᠶᠢ ᠰᠡᠷᠭᠦᠭᠡᠨ ᠪᠠᠬᠢᠵᠢᠭᠦᠯᠬᠦ ᠲᠡᠭᠡᠭᠰᠢᠯᠡᠯᠳᠡ ᠶᠢᠨ ᠦᠷ᠎ᠡ ᠪᠦᠳᠦᠮᠵᠢ ᠨᠢ ᠢᠯᠡᠷᠬᠡᠢ ᠪᠠᠶᠢᠵᠤ | ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ 30 ᠲᠡᠭᠰᠢ ᠲᠦᠷᠪᠡᠯᠵᠢᠨ ᠺᠢᠯᠤᠮᠧᠲᠷ ᠵᠠᠰᠠᠨ ᠰᠡᠷᠭᠦᠭᠡᠵᠦ᠂ ᠪᠠᠶᠠᠨᠴᠠᠭᠠᠨ ᠠᠭᠤᠯᠠ᠂ ᠴᠠᠰᠤᠲᠠᠢ | ᠠᠭᠤᠯᠠᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠡᠬᠢᠯᠡᠨ ᠬᠡᠷᠡᠭᠵᠢᠭᠦᠯᠪᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠲᠡᠭᠦᠰ ᠠᠮᠵᠢᠯᠳᠠᠳᠠᠢ ᠪᠠᠶᠢᠭᠤᠯᠤᠨ ᠠᠰᠢᠭᠯᠠᠯᠳᠠ ᠳᠤ | ᠤᠷᠤᠭᠤᠯᠵᠤ᠂ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠭᠤᠤᠯ ᠴᠤᠭᠴᠠ ᠵᠢᠨᠢᠨᠵᠧᠨᠧᠷᠢᠩ ᠢ ᠪᠡᠶᠡᠯᠡᠭᠦᠯᠵᠦ᠂ ᠰᠠᠭᠠᠷᠮᠠᠭ ᠤᠰᠤᠨ ᠤ ᠬᠤᠭᠤᠯᠠᠶ | ᠶᠢ 12 ᠺᠢᠯᠣᠮᠧᠲᠷ ᠳᠡᠪᠢᠰᠴᠦ᠂ ᠪᠣᠬᠢᠷ ᠤᠰᠤ ᠶᠢ ᠳᠠᠯᠠᠢ ᠳᠤ ᠣᠷᠣᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠭᠤᠣᠯ ︵ᠨᠠᠭᠤᠷ︶ ᠤᠨ ᠳᠥᠷᠪᠡᠨ ᠵᠦᠢᠯ ᠤᠨ | ᠰᠠᠮᠠᠭᠤᠷᠠᠯ ᠢ ᠴᠡᠪᠡᠷᠯᠡᠬᠦ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ 20 ᠣᠶᠤᠨᠴᠢ ᠪᠠᠷ ᠪᠣᠷᠳᠣᠭᠤᠷ | ᠲᠣᠬᠢᠷᠠᠭᠤᠯᠬᠤ ᠥᠷᠲᠡᠭᠡ ᠶᠢ ᠪᠠᠶᠢᠭᠤᠯᠵᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠲᠠᠯᠠᠪᠠᠢ ᠶᠢ 130 ᠲᠦᠮᠡᠨ ᠮᠦ ᠪᠤᠯᠭᠠᠨ ᠳᠡᠯᠭᠡᠷᠡᠭᠦᠯᠦᠨ᠂ | ᠣᠷᠭᠠᠨᠢᠭ ᠪᠣᠷᠳᠣᠭᠤᠷ ᠤᠷᠤᠭᠤᠯᠬᠤ ᠲᠠᠯᠠᠪᠠᠢ ᠶᠢ 70 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠪᠣᠬᠢᠷᠲᠤᠯ ᠦᠭᠡᠢ ᠰᠡᠷᠭᠡᠶᠢᠯᠡᠨ ᠬᠢᠵᠠᠭᠠᠷᠯᠠᠬᠤ ᠲᠠᠯᠠᠪᠠᠢ ᠶᠢ 180 | ᠲᠦᠮᠡᠨ ᠮᠦ ᠥᠷᠨᠢᠭᠦᠯᠦᠨ᠂ 53 ᠲᠣᠨ ᠤ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ᠂ 4320 ᠲᠣᠨ ᠤ ᠦᠯᠡᠳᠡᠭᠳᠡᠯ ᠪᠦᠷᠬᠦᠪᠴᠢ ᠶᠢ ᠬᠤᠷᠢᠶᠠᠨ | ᠠᠪᠴᠤ᠂ 1770 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠪᠠᠭᠠᠰᠬᠠᠪᠠ᠃ ᠲᠣᠭᠲᠠᠭᠠᠯ ᠢ ᠵᠥᠷᠢᠴᠡᠨ | ᠪᠠᠷᠢᠭᠰᠠᠨ ᠵᠤᠰᠠᠯᠠᠩ᠂ ᠰᠠᠷᠠᠪᠴᠢᠨ ᠭᠡᠷ ᠢ ᠴᠡᠪᠡᠷᠯᠡᠵᠦ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ 1.1 ᠲᠦᠮᠡᠨ ᠮᠤ᠋ ᠮᠣᠳᠣ ᠲᠠᠷᠢᠵᠤ | ᠂ 48 ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠶᠢ ᠬᠠᠮᠠᠭᠠᠯᠠᠨ ᠵᠠᠰᠠᠬᠤ ᠶᠢ ᠬᠡᠷᠡᠭᠵᠢᠭᠦᠯᠵᠦ᠂ ᠠᠮᠢ ᠠᠬᠤᠢ ᠶᠢᠨ ᠨᠣᠭᠤᠭᠠᠷᠠᠭᠤᠯᠤᠯᠲᠠ ᠶᠢ ᠦᠷᠭᠦᠯᠵᠢᠯᠡᠨ | ᠴᠢᠩᠭᠠᠳᠬᠠᠪᠠ᠃ | ︵ᠬᠤᠶᠠᠷ︶ ᠠᠷᠭ᠎ᠠ ᠪᠠᠷᠢᠯ ᠢᠶᠠᠨ ᠬᠤᠪᠢᠷᠠᠭᠤᠯᠬᠤ᠂ ᠪᠦᠲᠦᠴᠡ ᠪᠠᠨ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ | ᠴᠢᠨᠠᠷ ᠰᠠᠶᠢᠲᠠᠶ ᠪᠠᠷ ᠬᠦᠭᠵᠢᠭᠦᠯᠬᠦ ᠳᠤ ᠰᠢᠨ᠎ᠡ ᠠᠯᠬᠤᠮ ᠢ ᠠᠯᠬᠤᠪᠠ᠃ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ | ᠲᠡᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠨᠢ ᠢᠯᠡᠷᠡᠬᠡᠢ ᠠᠮᠵᠢᠯᠲᠠ ᠣᠯᠪᠠ᠃ ᠲᠣᠯᠣᠭᠠᠶᠢᠯᠠᠭᠴᠢ ᠠᠵᠤ ᠠᠬᠤᠶᠢᠯᠠᠯ ᠪᠠ ᠲᠤᠰᠬᠠᠢ ᠬᠤᠷᠰᠢᠶᠠᠵᠢᠯ ᠤᠨ ᠳᠠᠶᠢᠴᠢᠯᠠᠯᠲᠠ ᠶᠢᠨ ᠦᠢᠯᠡᠳᠦᠯ ᠢ | ᠳᠣᠪᠤᠶᠢᠯᠭᠠᠵᠤ᠂ ᠪᠦᠬᠦ ᠬᠤᠲᠠ ᠳᠤ ᠤᠶᠤᠨᠴᠢ ᠲᠠᠷᠢᠶᠠᠯᠠᠩ ᠤᠨ ᠲᠠᠪᠴᠠᠩ ᠢ ᠲᠡᠷᠢᠭᠦᠯᠦᠨ ᠪᠠᠶᠢᠭᠤᠯᠵᠤ᠂ 3.4 ᠲᠦᠮᠡᠨ ᠮᠦ ᠭᠠᠵᠠᠷ ᠰᠢᠷᠤᠢ ᠶᠢ ᠨᠠᠶᠢᠳᠠᠨ | ᠬᠠᠮᠢᠶᠠᠷᠠᠭᠤᠯᠵᠤ᠂ 6 ᠠᠵᠤ ᠦᠢᠯᠡᠰᠵᠢᠭᠰᠡᠨ ᠬᠠᠮᠳᠤᠷᠠᠭᠰᠠᠨ ᠴᠣᠭᠴᠠ᠂ 12 ᠲᠠᠷᠢᠶᠠᠨ ᠭᠠᠵᠠᠷ ︵ᠮᠠᠯ ᠠᠵᠤ ᠠᠬᠤᠢ︶ ᠤᠨ ᠬᠦᠷᠢᠶᠡᠯᠡᠩ ᠤᠨ ᠶᠡᠷᠦᠩᠬᠡᠶᠢᠯᠡᠭᠰᠡᠨ | ᠴᠣᠭᠴᠠ ᠶᠢ ᠪᠠᠶᠢᠭᠤᠯᠪᠠ᠃ ᠲᠥᠬᠦᠭᠡᠷᠦᠮᠵᠢᠲᠦ ᠲᠠᠷᠢᠶᠠᠯᠠᠩ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠣᠨᠴᠠᠯᠢᠭᠲᠤ ᠠᠵᠤ ᠦᠢᠯᠠᠰ ᠢ ᠲᠦᠷᠭᠡᠳᠬᠡᠨ | ᠠᠬᠢᠭᠤᠯᠵᠤ᠂ ᠳᠤᠲᠤᠷᠭᠠᠨ ᠲᠠᠷᠢᠶᠠᠨ ᠳᠤ ᠵᠢᠭᠠᠰᠤ ᠲᠡᠵᠢᠭᠡᠬᠦ᠂ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ ᠵᠡᠷᠭᠡ ᠤᠰᠤᠨ ᠭᠠᠷᠤᠯᠲᠠ ᠶᠢ ᠲᠡᠵᠢᠭᠡᠨ | ᠦᠷᠡᠵᠢᠭᠦᠯᠬᠦ ᠲᠤᠷᠰᠢᠯᠲᠠ ᠬᠢᠭᠡᠳ ᠠᠮᠵᠢᠯᠲᠠ ᠣᠯᠪᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠰᠢᠨ᠎ᠡ ᠪᠠᠷ 12 ᠨᠡᠮᠡᠭᠳᠡᠭᠦᠯᠵᠦ᠂ 2 | ᠡᠷᠦᠬᠡ ᠠᠵᠤ ᠠᠬᠤᠶᠢᠯᠠᠯ ᠤᠨ 3 ᠪᠦᠲᠦᠭᠡᠭᠳᠡᠬᠦᠨ ᠨᠢ ᠡᠷᠬᠡ ᠣᠯᠭᠤᠯᠲᠠ ᠪᠠᠷ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠡᠷ᠎ᠡ ᠲᠡᠮᠳᠡᠭᠲᠦ ᠢ ᠬᠡᠷᠡᠭᠯᠡᠵᠦ᠂ ︽ᠵᠤᠤ ᠵᠢᠶᠦ᠋ᠨ ᠬᠤᠩ︾ ᠴᠢᠨ᠋ᠸ᠎ᠠ ᠶᠢᠨ ᠬᠠᠷᠮᠠᠭ ᠨᠢ ᠤᠯᠤᠰ ᠤᠨ ︽ᠨᠢᠭᠡ ᠰᠢᠶᠠᠨ ᠨᠢᠭᠡ ᠲᠡᠮᠳᠡᠭ︾ ᠤᠨ ᠨᠡᠷ᠎ᠡ | ᠲᠡᠮᠳᠡᠭᠲᠦ ᠶᠠᠳᠠᠭᠤ ᠶᠢ ᠲᠡᠳᠬᠦᠬᠦ ᠠᠵᠢᠯᠯᠠᠭ᠎ᠠ ᠳᠤ ᠠᠮᠵᠢᠯᠲᠠ ᠲᠠᠢ ᠪᠠᠷ ᠰᠤᠩᠭᠤᠭᠳᠠᠨ ᠤᠷᠤᠵᠤ᠂ ᠮᠢᠩᠭᠠᠨ ᠤ ᠬᠤᠨᠴᠢᠷ᠂ ᠮᠤᠨᠠ ᠠᠭᠤᠯᠠ ᠶᠢᠨ ᠢᠮᠠᠭᠠᠨ ᠮᠢᠬ᠎ᠠ ᠨᠢ | ︽ᠪᠦᠬᠦ ᠤᠯᠤᠰ ᠤᠨ ᠨᠡᠷ᠎ᠡ ᠲᠡᠮᠳᠡᠭᠲᠦ ᠣᠨᠴᠠ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠤᠨ ᠵᠢᠭᠰᠠᠭᠠᠯᠲᠠ ᠳᠤ ᠰᠤᠩᠭᠤᠭᠳᠠᠨ ᠣᠷᠤᠪᠠ᠃ ᠠᠵᠤ | ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠵᠤ ᠪᠠᠶᠢᠨ᠎ᠠ᠃ ᠵᠢᠱᠢᠯᠲᠡ ᠪᠠᠷ ᠬᠡᠪᠴᠢᠶᠡᠵᠢᠭᠰᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ | 34.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 22.4 % ᠢᠶᠠᠷ ᠨᠡᠮᠡᠭᠳᠡᠪᠡ᠃ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠲᠥᠷᠥᠯ ᠵᠦᠢᠯ 16 ᠶᠢ ᠬᠡᠷᠡᠭᠵᠢᠭᠦᠯᠵᠦ᠂ ᠶᠦᠩ ᠰᠢᠨ 3000 ᠲᠣᠨ ᠤ ᠬᠤᠪᠣᠷ ᠰᠢᠷᠣᠢ ᠶᠢᠨ ᠭᠢᠯᠠᠶᠢᠯᠭᠠᠬᠤ ᠨᠤᠨᠲᠠᠭ᠂ ᠶᠢᠨ ᠱᠧᠩ | ᠬᠢᠮᠢ ᠶᠢᠨ ᠠᠵᠤ ᠦᠢᠯᠡᠳᠪᠦᠷᠢ ᠶᠢᠨ 2000 ᠲᠣᠨ ᠤ ᠹᠣᠰᠹᠣᠷᠲᠤ ᠬᠦᠴᠢᠯ ᠤᠨ ᠡᠰᠲ᠋ᠧᠷ ᠵᠡᠷᠭᠡ ᠨᠢᠭᠡ ᠪᠦᠯᠦᠭ ᠲᠥᠷᠥᠯ ᠵᠦᠢᠯ ᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠵᠤ᠂ ᠺᠠᠶ ᠰᠢᠨ ᠢᠳᠡᠭᠡᠨ ᠤ ᠵᠦᠢᠯ ᠤᠨ 2 ᠲᠦᠮᠡᠨ ᠲᠣᠨ ᠤ ᠬᠠᠭᠤᠷᠤᠯᠭ᠎ᠠ᠂ ᠬᠤᠸᠠ ᠲᠦᠸᠧ ᠠᠭᠤᠷᠬᠠᠢ ᠶᠢᠨ ᠦᠢᠯᠡᠰ ᠤᠨ | ᠦᠯᠡᠳᠡᠭᠳᠡᠯ ᠬᠦᠳᠡᠷ ᠢ ᠬᠠᠭᠤᠷᠠᠢ ᠪᠠᠷ ᠭᠠᠳᠠᠭᠰᠢᠯᠠᠭᠤᠯᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠤᠷᠤᠭᠰᠢᠲᠠᠢ ᠠᠬᠢᠭᠤᠯᠪᠠ᠃ ᠤᠯᠤᠰ ᠤᠨ | ᠬᠤᠶᠠᠳᠤᠭᠠᠷ ᠪᠦᠯᠦᠭ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠡᠷᠡᠰ ᠤᠨ ᠵᠢᠭᠰᠠᠭᠠᠯᠲᠠ | ᠳᠤ ᠠᠮᠵᠢᠯᠲᠠ ᠲᠠᠢ ᠪᠠᠷ ᠰᠤᠩᠭᠤᠭᠳᠠᠨ ᠣᠷᠤᠪᠠ᠃ ᠪᠤᠭᠤᠲᠤ ᠶᠢᠨ ᠪᠠᠷᠠᠭᠤᠨ ᠲᠡᠭᠦᠷᠭᠡ ᠶᠢᠨ ᠠᠵᠤ ᠦᠢᠯᠡᠳᠪᠦᠷᠢ ᠶᠢᠨ ᠲᠣᠭᠤᠷᠢᠭ ᠲᠤ 220 ᠺᠢᠯᠣᠸᠠᠲ ᠤᠨ | ᠬᠦᠴᠦᠳᠡᠯ ᠥᠭᠡᠷᠡᠴᠢᠯᠡᠬᠦ ᠥᠷᠲᠡᠭᠡ ᠶᠢᠨ ᠪᠠᠭᠲᠠᠭᠠᠮᠵᠢ ᠶᠢ ᠨᠡᠮᠡᠭᠳᠡᠭᠦᠯᠬᠦ ᠪᠠ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ ᠶᠢ ᠪᠠᠶᠢᠭᠤᠯᠵᠦ᠂ 13 | ᠺᠢᠯᠦᠮᠧᠲᠷ ᠪᠣᠬᠢᠷ ᠤᠰᠤᠨ ᠤ ᠬᠤᠭᠤᠯᠠᠢ ᠶᠢ ᠳᠡᠪᠢᠰᠴᠦ᠂ ᠢᠳᠡᠭᠡᠨ ᠤ ᠠᠵᠤ ᠦᠢᠯᠡᠳᠪᠦᠷᠢ ᠶᠢᠨ ᠲᠣᠭᠤᠷᠢᠭ ᠲᠤ 2.6 ᠺᠢᠯᠦᠮᠧᠲᠷ ᠵᠠᠰᠠᠮᠠᠯ ᠵᠠᠮ ᠢ ᠰᠢᠨ᠎ᠡ ᠪᠠᠷ | ᠥᠭᠡᠷᠡᠴᠢᠯᠡᠨ ᠪᠠᠶᠢᠭᠤᠯᠵᠤ᠂ ᠴᠠᠬᠢᠯᠭᠠᠨ ᠲᠠᠲᠠᠯᠭ᠎ᠠ ᠶᠢ ᠭᠠᠵᠠᠷ ᠲᠤ ᠣᠷᠣᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ | ᠠᠬᠤᠶ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠦᠷᠢᠵᠢᠭᠤᠯᠵᠦ᠂ ᠵᠢᠱᠢᠯᠲᠡ ᠪᠠᠷ ᠪᠦᠬᠦ ᠵᠢᠯ ᠳᠤ ᠠᠵᠤ ᠠᠬᠤᠶᠢᠯᠠᠯ ᠤᠨ | ᠭᠠᠶᠢᠯᠢ ᠰᠦᠢᠳᠭᠡᠯ ᠤᠨ ᠳᠠᠷᠤᠭᠠᠰᠤ ᠶᠢ 1.5 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 2.5 ᠳ᠋ᠦᠩᠰᠢᠭᠤᠷ | ᠲᠥᠭᠦᠷᠢᠭ ᠪᠠᠭᠤᠷᠠᠭᠤᠯᠪᠠ᠃ ᠲᠢᠶᠠᠨ ᠾᠧᠩ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠺᠣᠮᠫᠠᠨᠢ ᠶᠢᠨ ᠶᠡᠷᠦᠩᠬᠡᠶ ᠵᠠᠬᠢᠷᠭ᠎ᠠ ᠶᠢ ᠠᠮᠵᠢᠯᠲᠠ ᠲᠠᠢ ᠪᠠᠷ ᠨᠡᠭᠦᠯᠭᠡᠨ | ᠰᠠᠭᠤᠯᠭᠠᠪᠠ᠃ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠪᠡ᠃ ᠵᠢᠱᠢᠯᠲᠡ ᠪᠠᠷ ᠭᠤᠷᠪᠠᠳᠤᠭᠠᠷ | ᠠᠵᠤ ᠦᠢᠯᠡᠰ ᠨᠢ ᠨᠡᠮᠡᠭᠳᠡᠯ ᠥᠷᠲᠡᠭ ᠢ 60.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠶᠢ 32.5 % ᠲᠤ ᠬᠦᠷᠭᠡᠪᠡ᠃ ᠲᠠᠪᠤᠳᠤᠭᠠᠷ ᠬᠤᠭᠤᠴᠠᠭᠠᠨ ᠤ ︽ᠪᠠᠭ᠋ᠠᠷᠤᠯᠳᠤ ᠤᠷᠠᠳ︾ ᠪᠠᠷᠠᠭᠤᠨ ᠤᠷᠤᠨ ᠤ | ᠠᠷᠠᠳ ᠤᠨ ᠲᠠᠭᠤᠨ ᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠤᠯᠢᠶᠠᠰᠤ ᠨᠠᠭᠤᠷ ᠢ ᠲᠤᠭᠤᠷᠢᠬᠤ ᠲᠤᠭᠤᠢ ᠲᠡᠷᠭᠡᠨ ᠤ ᠤᠷᠤᠯᠳᠤᠭᠠᠨ᠂ ᠤᠯᠠᠨ ᠤᠯᠤᠰ | ᠤᠨ ᠪᠦᠬᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠪᠦᠬᠦ ᠵᠢᠯ ᠳᠤ ᠨᠡᠶᠢᠲᠡ135 ᠲᠦᠮᠡᠨ | ᠬᠦᠮᠦᠨ ︵ᠤᠳᠠᠭ᠎ᠠ︶ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 11.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠰᠪᠣᠷᠢ 9. | 8 % ᠪᠠ 4.5 % ᠢᠶᠠᠷ ᠨᠡᠮᠡᠭᠳᠡᠪᠡ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠨᠢ 227 ᠡᠷᠦᠬᠡ ᠳᠤ ᠬᠦᠷᠴᠦ᠂ ᠠᠷᠠᠯᠵᠢᠶᠠᠨ ᠤ ᠨᠤᠷᠮ᠎ᠠ ᠨᠢ 1. | 8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 30.6 % ᠢᠶᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ | ᠦᠯᠡᠳᠡᠪᠦᠷᠢ ᠲᠤᠭ᠎ᠠ ᠨᠢ ᠲᠣᠰᠪᠣᠷᠢ 146 ᠳ᠋ᠦᠩᠰᠢᠭᠤᠷ ᠲᠥᠭᠦᠷᠢᠭ ᠪᠠ 116 ᠳ᠋ᠦᠩᠰᠢᠭᠤᠷ ᠲᠥᠭᠦᠷᠢᠭ ᠲᠤ ᠬᠦᠷᠪᠡ᠃ ᠲᠦᠷᠪᠡᠳᠦᠭᠡᠷ ᠤᠳᠠᠭᠠᠨ ᠤ ᠪᠦᠬᠦ | ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠶᠢᠨ ᠪᠠᠶᠢᠳᠠᠯ ᠢ ᠪᠦᠬᠦ | ᠲᠠᠯ᠎ᠠ ᠪᠠᠷ ᠤᠶᠢᠯᠠᠭᠠᠪᠠ᠃ | ︵ᠭᠤᠷᠪᠠ︶ ᠨᠢᠭᠡᠳᠦᠯᠲᠡᠶ ᠲᠥᠯᠥᠪᠯᠡᠬᠦ ᠶᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠴᠢᠩᠭᠠᠳᠬᠠᠬᠤ ᠶᠢ ᠪᠠᠷᠢᠮᠲᠠᠯᠠᠵᠤ᠂ ᠬᠤᠲᠠ | ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ᠃ ︽ᠲᠠᠪᠤᠨ ᠬᠤᠳᠠ ᠶᠢ ᠬᠠᠮᠳᠤᠪᠠᠷ ᠡᠭᠦᠳᠬᠦ︾ ᠦᠷ᠎ᠡ ᠪᠦᠳᠦᠭᠡᠯ ᠨᠢ ᠠᠮᠵᠢᠯᠳᠠ | ᠲᠦᠭᠦᠷᠠᠩ ᠪᠠᠶᠢᠵᠤ᠂ ᠦᠪᠡᠷᠳᠡᠭᠡᠨ ᠵᠠᠰᠠᠬᠤ ᠣᠷᠣᠨ ᠤ ᠪᠤᠯᠪᠠᠰᠤᠨ ᠬᠤᠳᠠ ᠪᠠ ᠡᠷᠡᠭᠦᠯ ᠬᠠᠮᠠᠭᠠᠯᠠᠯ ᠤᠨ ᠬᠤᠳᠠ ᠶᠢ ᠡᠭᠦᠳᠪᠡ᠃ ᠪᠦᠬᠦ ᠵᠢᠯ ᠳᠤ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ 13.7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠵᠠᠮ ᠤᠨ ᠲᠤᠤᠷᠵᠢᠯ ᠤᠨ ᠲᠡᠭᠦᠯᠳᠡᠷ ᠪᠤᠰᠤ᠂ | ᠬᠤᠭᠤᠯᠠᠢ ᠶᠢᠨ ᠲᠤᠤᠷᠵᠢᠯ ᠤᠨ ᠬᠠᠭᠤᠴᠢᠷᠠᠭᠰᠠᠨ ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠭᠰᠠᠨ ᠲᠡᠦᠬᠡ ᠶᠢᠨ ᠦᠯᠡᠳᠡᠭᠳᠡᠯ | ᠠᠰᠠᠭᠤᠳᠠᠯ ᠳᠤ ᠴᠢᠭᠯᠡᠭᠦᠯᠦᠨ᠂ ᠡᠳ᠋ ᠶᠢᠨ ᠵᠠᠰᠠᠭ ᠨᠢ ᠲᠤᠶᠢᠯ ᠤᠨ ᠬᠦᠴᠢᠷᠳᠡᠯᠳᠡᠢ ᠪᠠᠶᠢᠳᠠᠯ ᠲᠤᠤᠷ᠎ᠠ ᠲᠦᠷᠦᠯ ᠵᠦᠢᠯ ᠲᠡᠮᠡᠴᠡᠨ ᠤᠯᠬᠤ᠂ ᠨᠡᠶᠢᠭᠡᠮ ᠤᠨ ᠪᠡᠯᠡ | ᠮᠦᠩᠭᠦ ᠶᠢ ᠲᠠᠳᠠᠨ ᠤᠷᠤᠭᠤᠯᠬᠤ ᠵᠡᠷᠭᠡ ᠤᠯᠠᠨ ᠵᠦᠢᠯ ᠤᠨ ᠠᠷᠭ᠎ᠠ ᠠᠪᠴᠢᠯ ᠢᠶᠠᠷ ᠲᠠᠮᠵᠢᠨ᠂ ᠪᠠᠶᠠᠨᠬᠤᠸᠠ ᠶᠡᠭᠡ ᠵᠡᠭᠡᠯᠢ ᠶᠢᠨ ᠪᠠᠷᠠᠭᠤᠨᠰᠢ ᠦᠷᠭᠦᠯᠵᠢᠯᠡᠯ | ᠬᠡᠰᠡᠭ ᠤᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠪᠣᠷᠣᠭᠠᠨ ᠤ ᠪᠣᠬᠢᠷ ᠤᠰᠤᠨ ᠤ ᠬᠤᠭᠤᠯᠠᠢ᠂ ᠢᠯᠴᠢ ᠬᠠᠩᠭᠠᠬᠤ ᠬᠤᠭᠤᠯᠠᠢ ᠵᠡᠷᠭᠡ ᠶᠢ 24 ᠺᠢᠯᠤᠮᠧᠲᠷ | ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 5 ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠤᠳᠠᠭᠤᠳᠠᠯ ᠢ ᠪᠦᠳᠦᠮᠵᠢᠳᠡᠢ ᠨᠦᠬᠦᠪᠦᠷᠢᠯᠡᠪᠡ᠃ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠨᠢ 49 ᠲᠦᠮᠡᠨ ᠲᠡᠭᠰᠢ ᠳᠥᠷᠪᠡᠯᠵᠢᠨ | ᠮᠧᠲᠷ ᠠᠵᠢᠯ ᠡᠬᠢᠯᠡᠭᠦᠯᠵᠦ᠂ ᠵᠢᠩ ᠸᠧᠶ ᠬᠤᠸᠠ ᠶᠤᠸᠠᠨ᠂ ᠢᠦᠶ ᠲᠠᠢ ᠰᠢᠨ᠎ᠡ ᠬᠤᠲᠠ ᠵᠡᠷᠭᠡ ᠣᠷᠣᠨ ᠰᠠᠭᠤᠴᠠ ᠶᠢᠨ ᠵᠢᠵᠢᠭ ᠲᠣᠭᠤᠷᠢᠭ ᠢ ᠡᠬᠢᠯᠡᠭᠦᠯᠵᠦ᠂ ᠰᠢᠤᠢ | ᠿᠢ ᠬᠤᠸᠠ ᠶᠤᠸᠠᠨ᠂ ᠮᠢᠩ ᠱᠢ ᠬᠤᠤ ᠲᠢᠩ ᠵᠡᠷᠭᠡ ᠪᠣᠷᠤ ᠭᠡᠷᠲᠦ ᠣᠷᠣᠨ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠲᠡᠭᠦᠯᠳᠡᠷᠵᠢᠭᠦᠯᠵᠦ᠂ ᠪᠤᠴᠠᠭᠠᠨ | ᠨᠡᠭᠦᠯᠭᠡᠵᠦ ᠲᠥᠪᠬᠢᠨᠡᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠤᠷᠠᠳ ᠤᠨ ᠬᠠᠳᠤᠨ ᠭᠤᠣᠯ ᠤᠨ ᠵᠤᠭᠠᠴᠠᠯ ᠤᠨ ᠬᠦᠷᠢᠶᠡᠯᠡᠩ᠂ ᠰᠡᠬᠡᠭᠡᠲᠡᠨ | ᠵᠠᠯᠠᠭᠤᠴᠤᠳ ᠤᠨ ᠬᠦᠷᠢᠶᠡᠯᠡᠩ᠂ ᠵᠡᠭᠦᠨ ᠭᠤᠣᠯ ᠳᠠᠭᠠᠤ ᠵᠡᠷᠭᠡ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ | ᠲᠣᠭᠤᠷᠢᠭ ᠤᠨ ᠨᠤᠭᠤᠭᠠᠷᠠᠵᠢᠯᠳᠠ ᠶᠢᠨ ᠲᠠᠯᠠᠪᠠᠢ ᠶᠢ 36 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠰᠢᠨ᠎ᠡ ᠡᠨᠧᠷᠭᠢ ᠶᠢᠨ ᠡᠬᠢ | ᠰᠤᠷᠪᠤᠯᠵᠢᠲᠦ ᠨᠡᠶᠢᠲᠡ ᠶᠢᠨ ᠮᠠᠰᠢᠨ ᠲᠡᠷᠭᠡ ᠨᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠵᠤ᠂ ᠣᠯᠠᠨ ᠲᠦᠮᠡᠨ ᠤ ᠶᠠᠪᠤᠵᠤ ᠰᠠᠭᠤᠬᠤ ᠨᠢ ᠨᠠᠩ ᠳᠥᠭᠦᠮ ᠳᠥᠲᠡ | ᠪᠣᠯᠪᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠤᠨᠤᠭ ᠲᠦᠬᠦᠭᠡᠷᠦᠮᠵᠢ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠨ | ᠴᠡᠭᠴᠡᠯᠡᠯᠲᠡ ᠶᠢ ᠯᠠᠪᠳᠠᠭᠤᠨ ᠢᠶᠠᠷ ᠶᠠᠪᠤᠭᠳᠠᠭᠤᠯᠪᠠ᠃ ᠦᠶᠡᠷ ᠤᠰᠤᠳᠠᠯ ᠳᠤ ᠡᠪᠳᠡᠭᠳᠡᠭᠰᠡᠨ ᠤᠰᠤᠨ ᠠᠰᠢᠭᠯᠠᠯᠳᠠ ᠶᠢᠨ ᠲᠤᠨᠤᠭ ᠲᠦᠬᠦᠭᠡᠷᠦᠮᠵᠢ ᠶᠢ ᠲᠠᠷᠤᠢ | ᠲᠦᠷᠬᠡᠨ ᠵᠠᠰᠠᠨ ᠰᠡᠷᠭᠦᠬᠦᠬᠦ ᠶᠢᠨ ᠲᠦᠯᠦᠬᠡ᠂ ᠤᠯᠠᠨ ᠤᠳᠠᠭ᠎ᠠ ᠵᠤᠯᠭᠠᠯᠳᠣᠭᠤᠯᠬᠤ ᠪᠠᠷ ᠲᠠᠮᠵᠢᠨ᠂ 8070 ᠲᠦᠮᠡᠨ ᠲᠦᠭᠦᠷᠢᠭ ᠤᠨ ᠤᠰᠣᠨ ᠳᠤ ᠡᠪᠳᠡᠭᠳᠡᠭᠰᠡᠨ | ᠤᠰᠤᠨ ᠠᠰᠢᠭᠯᠠᠯᠳᠠ ᠶᠢᠨ ᠲᠤᠨᠤᠭ ᠲᠦᠬᠦᠭᠡᠷᠦᠮᠵᠢ ᠶᠢ ᠰᠠᠯᠪᠢᠨ ᠵᠠᠰᠠᠬᠤ ᠲᠦᠷᠦᠯ ᠵᠦᠢᠯ ᠤᠨ ᠪᠡᠯᠡ ᠮᠦᠩᠭᠦ ᠶᠢ ᠲᠡᠮᠡᠴᠡᠨ ᠤᠯᠵᠤ᠂ ᠦᠨᠳᠦᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠳᠡᠢ ᠲᠦᠯᠦᠪᠵᠢᠭᠦᠯᠦᠨ ᠡᠮᠬᠢᠳᠭᠡᠵᠦ᠂ 6.5 ᠲᠦᠮᠡᠨ ᠮᠤ᠋ ᠲᠠᠷᠢᠶᠠᠨ ᠭᠠᠵᠠᠷ ᠢ ᠶᠡᠷᠦᠩᠬᠡᠶᠢᠯᠡᠨ | ᠦᠭᠡᠷᠡᠴᠢᠯᠡᠬᠦ ᠶᠢ ᠪᠡᠶᠡᠯᠡᠭᠦᠯᠵᠦ᠂ ᠽᠧᠩ ᠯᠦᠩ ᠴᠠᠩ ᠤᠰᠤᠨ ᠴᠥᠭᠦᠷᠥᠮ᠂ ᠶᠡᠭᠡ ᠰᠢᠭᠡᠳᠡᠢ ᠶᠢᠨ ᠤᠰᠤᠨ ᠴᠥᠭᠦᠷᠥᠮ ᠵᠡᠷᠭᠡ ᠤᠰᠤᠨ ᠳᠤ ᠡᠪᠳᠡᠭᠳᠡᠭᠰᠡᠨ ᠤᠰᠤᠨ | ᠠᠰᠢᠭᠯᠠᠯᠲᠠ ᠶᠢᠨ ᠲᠥᠬᠦᠭᠡᠷᠦᠮᠵᠢ ᠶᠢ ᠵᠠᠰᠠᠨ ᠰᠡᠷᠭᠦᠭᠡᠵᠦ᠂ 150 ᠺᠢᠯᠤᠮᠧᠲᠷ ᠤᠷᠳᠤ ᠤᠰᠤ ᠲᠠᠲᠠᠷᠠᠭᠤᠯᠬᠤ ᠰᠤᠪᠠᠭ ᠢ ᠯᠠᠶᠢᠳᠠᠵᠦ᠂ 26 ᠰᠠᠭᠤᠷᠢ ᠪᠠᠷᠢᠯᠭ᠎ᠠ ᠶᠢ | ᠥᠭᠡᠷᠡᠴᠢᠯᠡᠨ ᠵᠠᠰᠠᠵᠤ ᠰᠢᠨᠡᠳᠬᠡᠪᠡ᠃ ᠰᠢᠨ ᠠᠨ ᠤ 220 ᠺᠢᠯᠣᠸᠣᠯᠲ᠂ ᠨᠠᠨ ᠴᠠᠩ ᠤᠨ 35 ᠺᠢᠯᠣᠸᠣᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠢ ᠪᠠᠶᠢᠭᠤᠯᠵᠤ᠂ ᠴᠠᠬᠢᠯᠭᠠᠨ ᠲᠤᠤᠷᠵᠢᠯ ᠤᠨ ᠥᠭᠡᠷᠡᠴᠢᠯᠡᠯᠲᠡ ᠶᠢ 701 ᠺᠢᠯᠤᠮᠧᠲᠷ ᠬᠡᠷᠡᠭᠵᠢᠭᠦᠯᠪᠡ᠃ 311 ᠮᠤᠵᠢ ᠶᠢᠨ ᠵᠠᠮ ᠤᠨ | ᠥᠭᠡᠷᠡᠴᠢᠯᠡᠯᠲᠡ ᠨᠢ ᠤᠷᠤᠭᠰᠢᠲᠠᠶ ᠠᠬᠢᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠮ ᠨᠢ 148 ᠺᠢᠯᠣᠮᠧᠲᠷ ᠪᠠᠶᠢᠵᠤ᠂ | E T C ᠢ ᠳᠡᠯᠭᠡᠷᠡᠭᠦᠯᠦᠨ ᠲᠠᠷᠬᠠᠭᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠡᠳ᠋ ᠤᠨ ᠵᠠᠰᠠᠭ ᠠᠴᠠ1000 ᠲᠦᠮᠡᠨ ᠲᠦᠭᠦᠷᠢᠭ ᠤᠨ ᠱᠠᠩᠨᠠᠯ | ᠨᠦᠬᠦᠪᠦᠷᠢ ᠶᠢᠨ ᠪᠠᠯᠠ ᠮᠦᠩᠭᠦ ᠤᠷᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ | ᠪᠦᠬᠦ ᠲᠠᠯ᠎ᠠ ᠪᠠᠷ ᠶᠠᠪᠤᠭᠳᠠᠭᠤᠯᠵᠤ᠂ ᠤᠷᠳᠤ ᠬᠤᠭᠤᠴᠠᠭᠠᠳᠤ ᠵᠤᠬᠢᠴᠠᠮᠵᠢ ᠶᠢ ᠪᠦᠷᠢᠨ ᠲᠡᠭᠦᠯᠳᠡᠷᠵᠢᠭᠦᠯᠪᠡ᠃ ᠤᠯᠢᠶᠠᠰᠤ ᠨᠠᠭᠤᠷ ᠤᠨ ᠡᠷᠭᠢᠨ ᠲᠣᠭᠤᠷᠢᠨ ᠤ 41 | ᠠᠶᠢᠯ ᠲᠣᠰᠬᠤᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠤᠰᠬᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠠᠮᠢᠳᠤᠷᠠᠯ ᠤᠨ ᠬᠤᠭ ᠨᠣᠪᠰᠢ ᠶᠢ ᠳᠣᠣᠷ᠎ᠠ ᠳᠤᠯᠠᠭᠠᠨ ᠢᠶᠠᠷ ᠢᠯᠴᠢ ᠢᠯᠭᠠᠷᠠᠭᠤᠯᠤᠨ ᠰᠡᠢᠳᠪᠦᠷᠢᠯᠡᠬᠦ ᠦᠷᠳᠡᠭᠡ ᠠᠷᠢᠭᠤᠨ ᠴᠡᠪᠡᠷ ᠤᠨ ᠵᠣᠷᠯᠣᠩ ᠢ ᠥᠭᠡᠷᠡᠴᠢᠯᠡᠨ | ᠵᠠᠰᠠᠬᠤ ᠠᠵᠢᠯ ᠡᠮᠬᠢ ᠵᠢᠷᠣᠮ ᠲᠠᠢ ᠶᠠᠪᠤᠭᠳᠠᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠪᠠ᠃ | ︵ᠲᠦᠷᠪᠡ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠢ ᠪᠠᠲᠤᠯᠠᠬᠤ᠂ ᠡᠶ᠎ᠡ ᠵᠣᠬᠢᠴᠠᠯ ᠢ ᠠᠬᠢᠭᠤᠯᠬᠤ ᠶᠢ ᠪᠠᠷᠢᠮᠲᠠᠯᠠᠵᠤ᠂ ᠣᠯᠠᠨ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠨᠢ 25.3 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 79.6 % ᠢ ᠡᠵᠡᠯᠡᠪᠡ᠃ ᠠᠵᠤ ᠠᠬᠤᠶᠢᠯᠠᠯᠲᠠᠨ ᠤ ᠨᠡᠶᠢᠭᠡᠮᠯᠢᠭ ᠢ ᠪᠠᠶᠢᠭᠤᠯᠵᠤ᠂ ᠬᠤᠲᠠ ᠪᠠᠯᠭᠠᠰᠤᠨ ᠤ 1766 | ᠬᠥᠮᠦᠨ ︵ᠤᠳᠠᠭ᠎ᠠ︶ ᠳᠤ ᠰᠢᠨ᠎ᠡ ᠪᠠᠷ ᠠᠵᠢᠯ ᠣᠯᠭᠤᠵᠤ᠂ 2.6 ᠲᠦᠮᠡᠨ ᠬᠦᠮᠦᠨ ︵ᠤᠳᠠᠭ᠎ᠠ ︶ ᠶᠢᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ | ᠂ 228 ᠨᠡᠷᠡᠰ ᠵᠠᠰᠠᠭ ᠵᠠᠬᠢᠷᠭ᠎ᠠ ᠠᠵᠢᠯ ᠦᠢᠯᠡᠰ ᠤᠨ ᠠᠵᠢᠯᠲᠠᠨ ᠢ ᠰᠢᠯᠭᠠᠨ ᠡᠯᠰᠡᠵᠦ ᠲᠥᠪᠬᠢᠨᠡᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ | ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠲᠥᠷᠦ ᠶᠢᠨ ᠪᠣᠳᠣᠯᠭ᠎ᠠ ᠶᠢ ᠪᠦᠬᠦᠨ ᠢ ᠨᠠᠶᠢᠳᠠᠪᠤᠷᠢᠵᠢᠭᠤᠯᠪᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠶᠡᠷᠦᠩᠬᠡᠢ ᠲᠣᠭᠠᠨ ᠤ ᠰᠦᠢᠳᠬᠡᠯ ᠡᠵᠡᠮᠳᠡᠬᠦ ᠬᠡᠯᠡᠯᠴᠡᠭᠡᠷᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠨᠡᠶᠢᠭᠡᠮ ᠤᠨ ᠬᠢᠨᠠᠯᠲᠠ ᠶᠢ ᠥᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ | ᠪᠡᠯᠡ ᠮᠥᠩᠭᠦ ᠶᠢ ᠤᠷᠢᠳᠴᠢᠯᠠᠨ ᠥᠭᠬᠦ ᠳᠦᠷᠢᠮ ᠢ ᠪᠠᠶᠢᠭᠤᠯᠵᠤ᠂ ᠬᠤᠰᠢᠭᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠭᠤᠷᠪᠠᠳᠤᠭᠠᠷ ᠳᠡᠰ ᠠᠴᠠ | ᠳᠡᠭᠡᠭᠰᠢᠬᠢ ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠠᠮᠵᠢᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠢᠯᠡᠳᠲᠡ | ᠬᠥᠩᠭᠡᠷᠡᠭᠰᠡᠨ ᠪᠠᠶᠢᠨ᠎ᠠ᠃ ᠨᠠᠰᠤᠲᠠᠳ ᠢ ᠠᠰᠠᠷᠠᠨ ᠰᠤᠪᠢᠯᠠᠬᠤ ᠬᠦᠷᠢᠶᠡᠯᠡᠩ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠨᠢ ᠡᠬᠢᠯᠡᠨ ᠬᠡᠷᠡᠭᠯᠡᠯᠲᠡ ᠳᠤ ᠣᠷᠤᠪᠠ | ᠃ ᠲᠠᠪᠤᠰᠤᠨ ᠨᠠᠭᠤᠷ ᠤᠨ ᠬᠡᠤᠬᠡᠳ ᠤᠨ ᠴᠡᠴᠡᠷᠯᠢᠭ ᠪᠠ ᠶᠡᠭᠡ ᠰᠢᠭᠡᠲᠡᠢ᠂ ᠪᠠᠭ᠎ᠠ ᠰᠢᠭᠡᠲᠡᠢ ᠶᠢᠨ ᠪᠠᠭᠰᠢ ᠶᠢᠨ ᠡᠷᠭᠢᠯᠲᠡ ᠶᠢᠨ ᠪᠠᠶᠢᠷᠢ ᠶᠢᠨ ᠬᠡᠷ ᠢ ᠪᠠᠶᠢᠭᠤᠯᠵᠤ᠂ | ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠵᠡᠭᠡᠯᠢ ᠥᠩᠭᠡᠷᠡᠬᠦ ᠬᠥᠭᠦᠷᠭᠡ ᠶᠢ ᠰᠢᠨ᠎ᠡ ᠪᠠᠷ ᠪᠠᠶᠢᠭᠤᠯᠵᠤ᠂ ᠾᠧᠩ ᠲᠠᠢ ᠬᠡᠤᠬᠡᠳ ᠤᠨ ᠴᠡᠴᠡᠷᠯᠢᠭ ᠢ ᠡᠭᠡᠭᠦᠯᠦᠨ | ᠬᠤᠳᠠᠯᠳᠤᠨ ᠠᠪᠴᠤ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠱᠣ᠋ ᠯᠢᠨ ᠽᠢ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠠᠰᠠᠷ ᠤᠨ ᠲᠥᠷᠥᠯ | ᠵᠦᠢᠯ ᠢ ᠡᠬᠢᠯᠡᠭᠦᠯᠪᠡ᠃ 159 ᠰᠢᠯᠢᠳᠡᠭ ᠪᠠᠭᠰᠢ ᠶᠢ ᠢᠯᠡ ᠪᠠᠷ ᠡᠯᠰᠡᠵᠦ᠂ ᠠᠩᠭᠢ ᠶᠢᠨ ᠡᠷᠬᠢᠯᠡᠭᠴᠢ ᠶᠢᠨ ᠨᠥᠬᠦᠪᠥᠷᠢ ᠮᠥᠩᠭᠦ ᠶᠢᠨ ᠪᠠᠷᠢᠮᠵᠢᠶ᠎ᠠ ᠶᠢ | ᠳᠡᠭᠡᠭᠰᠢᠯᠡᠭᠦᠯᠪᠡ᠃ ᠭᠤᠷᠪᠠᠳᠤᠭᠠᠷ ᠲᠤᠮᠳᠠᠳᠤ ᠰᠤᠷᠭᠠᠭᠤᠯᠢ ᠨᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠦᠮᠦᠵᠢᠯ ᠢ ᠲᠡᠮᠵᠢᠬᠦ | ᠰᠠᠭᠤᠷᠢᠨ ᠭᠠᠵᠠᠷ ᠢᠶᠠᠷ ᠲᠤᠭᠳᠠᠭᠠᠭᠳᠠᠪᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠳᠤ ᠳᠤᠮᠳᠠᠴᠢ ᠬᠤᠪᠢ ᠪᠠᠷ | ᠪᠥᠬᠦ ᠬᠤᠲᠠ ᠳᠤ ᠲᠡᠷᠢᠭᠦᠯᠡᠵᠦ᠂ ᠡᠩ ᠤᠨ ᠳᠡᠭᠡᠳᠦ ᠳᠤᠮᠳᠠᠳᠤ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠵᠤ ᠤᠷᠤᠭᠰᠠᠨ ᠨᠣᠷᠮ᠎ᠠ ᠨᠢ ᠢᠯᠡᠳᠲᠡ | ᠲᠡᠭᠡᠭᠰᠢᠯᠡᠵᠦ᠂ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠨᠢᠭᠲᠠᠯᠠᠨ ᠪᠣᠳᠣᠬᠤ ᠲᠤᠰᠬᠠᠶ ᠮᠡᠷᠭᠡᠵᠢᠯ ᠤᠨ | ᠰᠢᠯᠭᠠᠭᠤᠯᠤᠭᠴᠢᠳ ᠪᠥᠬᠦ ᠣᠷᠣᠨ ᠳᠤ ᠮᠠᠩᠯᠠᠶᠢᠯᠠᠭᠰᠠᠨ ᠰᠠᠶᠢᠨ ᠬᠢᠷᠢ ᠪᠦᠳᠦᠮᠵᠢ ᠤᠣᠯᠪᠠ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠤᠷᠢᠶ᠎ᠠ ᠶᠢᠨ | ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ᠂ ᠰᠢ ᠱᠠᠨ ᠽᠦᠶ ᠡᠷᠡᠭᠦᠯ | ᠬᠠᠮᠠᠭᠠᠯᠠᠯ ᠤᠨ ᠬᠤᠷᠢᠶ᠎ᠠ ᠶᠢ ᠪᠦᠬᠦᠯᠢ ᠴᠣᠭᠴᠠ ᠪᠠᠷ ᠨᠢ ᠨᠡᠭᠦᠯᠭᠡᠬᠦ ᠶᠢ ᠪᠡᠶᠡᠯᠡᠭᠦᠯᠪᠠ᠃ ᠬᠤᠰᠢᠭᠤᠨ ᠤ ᠲᠠᠩᠰᠠ ᠡᠪᠬᠡᠮᠡᠯ ᠤᠨ ᠲᠤᠪᠴᠢᠶ᠎ᠠ ᠶᠢ ᠪᠠᠶᠢᠭᠤᠯᠤᠨ | ᠠᠰᠢᠭᠯᠠᠯᠳᠠ ᠳᠤ ᠤᠷᠤᠭᠤᠯᠵᠤ᠂ ᠤᠯᠠᠭᠠᠨᠮᠥ᠋ᠴᠢᠷ ᠤᠨ ᠠᠭᠤᠳᠠᠮ ᠲᠠᠯᠠᠪᠠᠢ ᠶᠢᠨ ᠭᠤᠤᠯ ᠴᠤᠭᠴᠠ ᠨᠢ ᠨᠢᠬᠡᠨᠳᠡ ᠪᠡᠶᠡᠯᠡᠭᠳᠡᠵᠦ᠂ ︽ᠳᠥᠷᠪᠡᠨ ᠨᠤᠳᠤᠭ︾ ᠢ | ᠡᠭᠦᠳᠦᠨ ᠪᠠᠶᠢᠭᠤᠯᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ︽ᠬᠤᠨ ᠭᠠᠯᠠᠭᠤ ᠶᠢᠨ ᠨᠤᠲᠤᠭ︾ ᠨᠢ ᠪᠥᠬᠦ ᠣᠷᠣᠨ ᠤ ᠨᠠᠢᠮᠠᠳᠤᠭᠠᠷ ᠬᠤᠭᠤᠴᠠᠭᠠᠨ ᠤ | ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠳᠡᠭᠡᠷ᠎ᠡ ᠬᠠᠮᠲᠤ ᠨᠡᠶᠢᠳᠡ ᠶᠢᠨ ᠮᠥᠩᠭᠦᠨ ᠱᠠᠩᠨᠠᠯ ᠢ ᠢᠷᠠᠭᠤ ᠠᠯᠳᠠᠷᠲᠠᠶ ᠪᠠᠷ ᠬᠦᠷᠳᠡᠵᠦ᠂ ᠪᠦᠬᠦ ᠤᠷᠤᠨ ᠤ | ᠦᠨᠳᠦᠰᠦᠳᠡᠨ ᠤ ᠰᠣᠶᠣᠯ ᠤᠷᠠᠯᠢᠭ ᠤᠨ ᠨᠤᠳᠤᠭ ᠢᠶᠠᠷ ᠦᠨᠡᠯᠡᠭᠳᠡᠪᠡ᠃ ᠳᠡᠪᠰᠡᠭ ᠤᠨ ᠰᠦᠮ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ | ᠢᠨᠵᠧᠨᠧᠷᠢᠩ ᠢ ᠪᠡᠶᠡᠯᠡᠭᠦᠯᠵᠦ᠂ ᠪᠤᠳᠠᠰ ᠤᠨ ᠪᠤᠰᠤ ᠰᠤᠶᠤᠯ ᠤᠨ ᠦᠪ ᠢ ᠵᠠᠯᠭᠠᠮᠵᠢᠯᠠᠨ ᠬᠠᠮᠠᠭᠠᠯᠠᠭᠰᠠᠨ ᠦᠷ᠎ᠡ ᠪᠦᠲᠦᠭᠡᠯ ᠨᠢ ᠪᠦᠬᠦ ᠬᠤᠲᠠ ᠳᠤ ᠲᠡᠷᠢᠭᠦᠯᠡᠪᠡ᠃ | ᠬᠠᠮ ᠵᠠᠭᠤᠴᠢᠯᠠᠭᠤᠷ ᠤᠨ ᠲᠥᠪ ᠨᠢ ᠫᠠᠶᠢᠰᠠ ᠡᠯᠭᠦᠨ ᠪᠠᠶᠢᠭᠤᠯᠤᠭᠳᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ | ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ | ᠪᠦᠬᠦ ᠲᠠᠯ᠎ᠠ ᠪᠠᠷ ᠡᠬᠢᠯᠡᠭᠦᠯᠪᠡ᠃ ᠬᠤᠯᠤᠭᠠᠨ᠎ᠠ ᠬᠢᠵᠢᠭ ︽ᠭᠠᠷᠤᠭᠰᠠᠨ ᠦᠭᠡᠢ︾᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ᠂ ᠵᠠᠬᠢᠳᠠᠯ | ᠰᠤᠷᠪᠤᠯᠵᠢᠯᠠᠭ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠨᠢ ᠶᠡᠷᠦᠩᠬᠡᠶ ᠳᠡᠭᠡᠨ ᠲᠣᠭᠲᠠᠭᠤᠨ ᠪᠠᠶᠢᠵᠤ᠂ | ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠢᠳᠠᠯ ᠨᠢ ᠤᠯᠠᠮ ᠨᠢᠭᠡ ᠠᠯᠬᠤᠮ ᠪᠠᠬᠢᠵᠢᠪᠡ᠃ | ︵ᠲᠠᠪᠤ︶ ᠥᠭᠡᠷᠡᠴᠢᠯᠡᠯᠲᠡ ᠶᠢ ᠠᠳᠬᠤᠬᠤ᠂ ᠰᠢᠨ᠎ᠡ ᠶᠢ ᠡᠭᠦᠳᠬᠦ᠂ ᠨᠡᠭᠡᠭᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠥᠭᠵᠢᠯᠲᠡ ᠶᠢᠨ ᠣᠷᠴᠢᠨ | ᠲᠣᠭᠤᠷᠢᠨ ᠢ ᠨᠠᠩ ᠰᠢᠯᠢᠳᠡᠭᠵᠢᠭᠦᠯᠪᠡ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠭᠰᠠᠨ ᠭᠤᠷᠪᠠᠨ ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢ | ᠭᠦᠨᠴᠡ ᠵᠦᠭ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠠᠰᠠᠭ ᠤᠨ | ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ︽ᠲᠠᠯᠪᠢᠬᠤ ᠬᠠᠮᠢᠶᠠᠷᠠᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ | ᠪᠦᠲᠦᠮᠵᠢ ᠢᠯᠡᠷᠬᠡᠶ ᠪᠠᠶᠢᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠠ ᠴᠢᠬᠤᠯᠠ ᠶᠡᠭᠡ ᠲᠥᠷᠥᠯ ᠵᠦᠢᠯ ᠢ ᠰᠢᠭᠤᠳ | ᠨᠡᠪᠲᠡᠷᠡᠭᠦᠯᠵᠦ ᠲᠦᠷᠭᠡᠨ ᠭᠦᠢᠴᠡᠳᠭᠡᠬᠦ᠂ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠠᠷᠠᠯᠵᠢᠶ᠎ᠠ᠂ ᠲᠣᠭᠲᠠᠮᠠᠯ ᠡᠳ᠋ ᠬᠥᠷᠥᠩᠭᠡ ᠶᠢ ᠳᠠᠩᠰᠠᠯᠠᠬᠤ ᠳᠤ ︽ᠨᠢᠭᠡ ᠴᠣᠩᠬᠤᠪᠴᠢ ᠪᠠᠷ ᠭᠥᠯᠢᠶᠡᠨ ᠠᠪᠴᠤ᠂ ᠨᠢᠭᠡ | ᠲᠢᠩᠬᠢᠮ ᠢᠶᠠᠷ ᠭᠦᠢᠴᠡᠳᠭᠡᠵᠦ ᠳᠠᠭᠤᠰᠬᠠᠬᠤ︾ ᠶᠢ ᠪᠡᠶᠡᠯᠡᠭᠦᠯᠪᠡ᠃ ᠠᠵᠤ ᠠᠬᠤᠶᠢᠯᠠᠯ ᠤᠨ ᠳᠡᠩᠰᠡᠯᠡᠯᠲᠡ ᠶᠢᠨ ᠪᠦᠬᠦ ᠶᠠᠪᠤᠴᠠ ᠳᠤ ᠡᠯᠧᠺᠲᠷᠤᠨᠴᠢᠯᠠᠬᠤ ᠶᠢ | ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠶᠡᠬᠡᠪᠡᠷ | ᠪᠠᠭᠠᠰᠬᠠᠪᠠ᠃ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠪᠠ ᠤᠯᠤᠰ ᠤᠨ ᠦᠮᠴᠢᠯᠡᠯᠲᠦ ᠣᠢ ᠰᠢᠭᠤᠶ ᠶᠢᠨ ᠲᠠᠯᠠᠪᠠᠢ᠂ | ᠬᠠᠮᠲᠤ ᠶᠢᠨ ᠦᠮᠴᠢᠯᠡᠯᠲᠦ ᠲᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠵᠡᠷᠭᠡ ᠭᠤᠤᠯᠳᠠᠯᠭ᠎ᠠ ᠲᠠᠢ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠨᠡᠮᠡᠭᠳᠡᠯ ᠴᠠᠬᠢᠯᠭᠠᠨ ᠲᠦᠭᠡᠭᠡᠬᠦ ᠵᠡᠷᠭᠡ ᠲᠤᠷᠰᠢᠯᠲᠠ ᠶᠢᠨ ᠴᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ | ᠬᠡᠷᠡᠭᠵᠢᠭᠦᠯᠵᠦ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠤ ᠥᠭᠡᠷᠡᠴᠢᠯᠡᠯᠲᠡ ᠰᠢᠨ᠎ᠡ ᠠᠬᠢᠴᠠ ᠲᠠᠢ ᠪᠣᠯᠪᠠ᠃ | ︵ᠵᠢᠷᠭᠤᠭ᠎ᠠ︶ ᠰᠤᠷᠲᠠᠯ ᠢ ᠬᠤᠪᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ | ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠡ ᠢᠮᠠᠭᠲᠠ | ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠷᠢᠮᠲᠠᠯᠠᠪᠠ᠃ ︽ᠤᠭ | ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ | ᠪᠦᠯᠦᠭ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠵᠠᠰᠠᠭ ᠤᠨ ᠣᠷᠳᠣᠨ ᠤ | ᠵᠠᠰᠠᠭ ᠵᠠᠬᠢᠷᠭᠠᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠬᠠᠤᠯᠢ ᠶᠣᠰᠣᠭᠠᠷ ᠤᠯᠤᠰ ᠢᠶᠠᠨ ᠵᠠᠰᠠᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ | ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠠᠵᠢᠯ ᠤᠨ ᠳᠦᠷᠢᠮ ᠢ ᠪᠦᠷᠢᠨᠰᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠣᠳᠣᠯᠭ᠎ᠠ | ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠴᠢᠩᠭ᠎ᠠ ᠬᠡᠷᠡᠭᠵᠢᠭᠦᠯᠪᠡ᠃ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ | ᠬᠢᠨᠠᠯᠲᠠ ᠲᠠᠯᠪᠢᠬᠤ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠬᠢᠨᠠᠯᠳᠠ | ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ 75 ᠬᠤᠪᠢ ᠭᠦᠢᠴᠡᠳᠬᠡᠵᠦ᠂ ᠭᠦᠢᠴᠡᠳᠬᠡᠨ | ᠬᠠᠷᠢᠭᠤᠯᠲᠠ ᠥᠭᠭᠦᠭᠰᠡᠨ ᠨᠣᠷᠮ᠎ᠠ ᠨᠢ 100 % ᠲᠤ ᠬᠦᠷᠪᠡ᠃ ︽ᠳᠣᠯᠣᠳᠤᠭᠠᠷ ᠲᠠᠪᠤᠨ ᠵᠢᠯ ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠭᠦᠨᠵᠡᠭᠡᠶ ᠬᠡᠷᠡᠭᠵᠢᠭᠦᠯᠵᠦ᠂ 4 K ᠮᠠᠰᠢᠨ ᠤ ᠣᠷᠣᠢ ᠶᠢᠨ ᠬᠠᠶᠢᠷᠴᠠᠭ ᠪᠠ ᠬᠠᠤᠯᠢ ᠴᠠᠭᠠᠵᠠ ᠶᠢᠨ ᠤᠶᠤᠨᠲᠤ ᠦᠵᠦᠭᠦᠷ | ᠬᠡᠷᠡᠭᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠴᠠᠭᠠᠵᠠ ᠶᠢᠨ ᠲᠤᠪᠴᠢᠶ᠎ᠠ ᠨᠢ ᠪᠦᠬᠦ ᠣᠯᠣᠰ ᠤᠨ ︽ᠲᠤᠭᠠᠵᠢᠭᠰᠠᠨ ᠬᠠᠤᠯᠢ ᠵᠠᠰᠠᠯᠳᠠ ᠤᠶᠤᠨᠵᠢᠭᠰᠠᠨ | ᠬᠠᠤᠯᠢ ᠴᠠᠭᠠᠵᠠ︾ ᠶᠢᠨ ᠰᠣᠷᠠᠭ ᠵᠠᠩᠭᠢᠵᠢᠯᠳᠠ ᠶᠢᠨ ᠪᠦᠳᠦᠬᠡᠨ ᠪᠠᠶᠢᠭᠤᠯᠬᠤ ᠠᠵᠢᠯ ᠤᠨ ᠠᠮᠵᠢᠯᠳᠠ ᠪᠦᠳᠦᠮᠵᠢ ᠪᠠᠷ ᠲᠤᠪᠤᠶᠢᠭᠰᠠᠨ ᠬᠠᠮᠳᠤ ᠨᠡᠶᠢᠳᠡ ᠪᠠᠷ | ᠦᠨᠡᠯᠡᠭᠳᠡᠵᠦ᠂ ᠮᠤᠨᠠ ᠠᠭᠤᠯᠠ ᠬᠠᠤᠯᠢ ᠴᠠᠭᠠᠵᠠ ᠶᠢᠨ ᠭᠠᠵᠠᠷ ᠨᠢ ᠪᠦᠬᠦ ᠤᠯᠤᠰ ᠤᠨ ᠵᠢᠱᠢᠶᠡᠴᠢ ᠬᠠᠤᠯᠢ ᠴᠠᠭᠠᠵᠠ ᠶᠢᠨ ᠭᠠᠵᠠᠷ ᠢᠶᠠᠷ ᠦᠨᠡᠯᠡᠭᠳᠡᠪᠡ᠃ ᠱᠠᠯᠠᠪᠳᠠᠨ | ᠪᠠᠶᠢᠴᠠᠭᠠᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠲᠦᠷᠢᠮ ᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠡᠯᠡᠳᠭᠡᠯ | ᠬᠦᠴᠦᠨ᠂ ᠦᠨᠳᠦᠰᠦᠨ ᠱᠠᠳᠣᠨ ᠤ ᠵᠡᠪᠰᠡᠭᠳᠦ ᠬᠦᠴᠦᠨ ᠤ ᠵᠢᠩᠭᠢᠨᠢᠴᠢᠯᠡᠯᠳᠡ ᠶᠢᠨ ᠪᠦᠳᠦᠭᠡᠨ ᠪᠠᠶᠢᠭᠤᠯᠤᠯᠳᠠ ᠨᠢ ᠢᠯᠡᠷᠬᠡᠢ ᠠᠮᠵᠢᠯᠳᠡ ᠤᠯᠪᠠ᠃ ᠬᠥᠮᠦᠨ ᠠᠮᠠ | ᠲᠥᠯᠥᠪᠯᠡᠭᠡᠲᠦ ᠦᠷᠡᠵᠢᠯ᠂ ᠦᠨᠳᠦᠰᠦᠲᠡᠨ ᠱᠠᠰᠢᠨ ᠰᠤᠷᠲᠠᠬᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠬᠤᠶᠠᠷ ᠢ ᠬᠦᠷᠢᠶᠡᠯᠡᠬᠦ ᠵᠢᠴᠢ ᠨᠠᠰᠤᠲᠠᠶᠢᠴᠤᠳ᠂ | ᠵᠡᠮᠳᠡᠭᠴᠦᠳ᠂ ᠡᠮᠡᠭᠲᠡᠶᠢᠴᠦᠳ ᠬᠡᠦᠭᠡᠳ ᠪᠠᠭᠠᠴᠣᠳ ᠵᠡᠷᠭᠡ ᠠᠵᠢᠯ ᠰᠢᠨ᠎ᠡ ᠠᠮᠵᠢᠯᠲᠠ ᠣᠯᠪᠠ᠃ ᠬᠤᠰᠢᠭᠤᠨ ᠳᠤ ᠰᠠᠭᠤᠭ᠎ᠠ ᠴᠡᠷᠢᠭ ᠠᠩᠭᠢ᠂ ᠡᠯ᠎ᠡ ᠨᠢᠭᠡᠴᠡ᠂ | ᠡᠯ᠎ᠡ ᠠᠵᠤ ᠠᠬᠤᠶᠢᠯᠠᠯ ᠴᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠵᠡᠶ᠃ | ᠲᠥᠯᠥᠭᠡᠯᠡᠭᠴᠢᠳ ᠡ᠂ 2019 ᠣᠨ ᠳᠤ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠬᠤ ᠳᠤ ᠤᠴᠠᠷᠠᠭᠰᠠᠨ ᠣᠯᠠᠨ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠢᠨᠠᠷ ᠰᠠᠶᠢᠲᠠᠶ ᠬᠥᠭᠵᠢᠯᠲᠡ ᠶᠢᠨ ᠯᠠᠪᠳᠠᠭᠤᠨ | ᠪᠠᠲᠤᠲᠠᠶ ᠠᠯᠬᠤᠮ ᠢ ᠠᠯᠬᠤᠵᠤ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠪᠠ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠨᠢ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨᠴᠢ ᠰᠢᠢᠳᠪᠦᠷᠢ᠂ ᠪᠠᠲᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠮᠦᠨᠴᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ | ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠶ ᠬᠢᠨᠠᠯᠲᠠ᠂ ᠬᠦᠴᠦᠲᠡᠶ ᠳᠡᠮᠵᠢᠯᠭᠡ ᠶᠢᠨ ᠦᠷ᠎ᠡ ᠳ᠋ᠦᠩ ᠮᠥᠨ᠂ ᠪᠠᠰᠠᠴᠤ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨᠲ᠋ᠡᠮᠡᠴᠡᠭᠰᠡᠨ ᠤ ᠦᠷ᠎ᠡ ᠳ᠋ᠦᠩ ᠶᠤᠮ᠃ ᠠᠲᠠ ᠪᠢ | ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠲᠥᠯᠥᠭᠡᠯᠡᠭᠴᠢᠳ᠂ ᠤᠯᠤᠰ | ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠮᠠᠨ ᠤ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠭᠰᠡᠨ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠵᠠᠰᠠᠭ ᠤᠨ ᠣᠷᠳᠣᠨ ᠤ ᠠᠵᠢᠯ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠱᠠᠭᠠᠷᠳᠠᠯᠭ᠎ᠠ ᠪᠣᠯᠤᠨ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠵᠣᠬᠢᠬᠤ ᠬᠡᠮᠵᠢᠶᠡᠨ ᠤ ᠵᠥᠷᠢᠶ᠎ᠡ ᠲᠠᠢ ᠪᠠᠶᠢᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠣᠯᠤᠨ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ | ᠭᠤᠤᠯ ᠢᠯᠡᠷᠡᠯ ᠨᠢ᠄ ᠨᠢᠭᠡ ᠳᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠡᠭᠦᠷᠭᠡ ᠬᠠᠲᠠᠭᠤ ᠪᠡᠷᠬᠡ ᠪᠠᠶᠢᠨ᠎ᠠ᠃ ᠲᠠᠷᠢᠶᠠᠯᠠᠩ ᠤᠨ ᠣᠨᠴᠠᠯᠢᠭᠲᠤ | ᠠᠵᠤ ᠦᠢᠯᠡᠰ ᠤᠨ ᠬᠡᠪᠴᠢᠶ᠎ᠡ ᠪᠠᠭ᠎ᠠ᠂ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠪᠤᠰᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ | ᠡᠳ᠋ᠰᠢᠭᠦᠯᠬᠦ ᠪᠠᠷ ᠬᠦᠷᠦᠯᠴᠡᠬᠦ ᠥᠬᠡᠶ᠂ ᠨᠡᠮᠡᠭᠦᠷᠢ ᠦᠷᠲᠡᠭ ᠨᠢ ᠥᠨᠳᠥᠷ ᠪᠤᠰᠤ ᠪᠠᠶᠢᠭᠰᠠᠭᠠᠷ᠃ ᠠᠵᠤ ᠦᠢᠯᠡᠳᠪᠦᠷᠢ ᠶᠢᠨ ᠭᠤᠤᠯᠯᠠᠬᠤ ᠠᠵᠤ ᠦᠢᠯᠡᠰ ᠤᠨ | ᠬᠡᠯᠬᠢᠶᠡᠰᠦ ᠣᠬᠤᠷᠬᠠᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠤᠳᠠᠭᠠᠨ᠂ ᠲᠣᠮᠣ ᠲᠥᠷᠥᠯ ᠵᠦᠢᠯ ᠤᠨ ᠳᠤᠯᠠᠭᠠᠭᠤᠷᠢᠯᠠᠬᠤ ᠬᠦᠴᠦᠨ | ᠳᠤᠲᠠᠮᠠᠭ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠵᠠᠯᠭᠠᠯᠳᠤᠯ ᠨᠢ ᠰᠢᠯᠤᠭᠤᠨ ᠪᠤᠰᠤ ᠪᠠᠶᠢᠭᠰᠠᠭᠠᠷ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠳᠠᠯᠳᠠ ᠬᠦᠴᠦᠨ ᠪᠠ ᠦᠷ᠎ᠡ ᠠᠰᠢᠭ ᠢ ᠬᠠᠷᠠᠬᠠᠨ ᠭᠦᠢᠴᠡᠳ ᠪᠠᠳᠠᠷᠠᠭᠤᠯᠵᠤ ᠴᠢᠳᠠᠭᠠᠳᠤᠶ ᠪᠠᠶᠢᠭᠰᠠᠭᠠᠷ᠃ ᠬᠤᠶᠠᠷ ᠲᠤ᠂ ᠡᠯ᠎ᠡ ᠲᠥᠷᠥᠯ ᠤᠨ ᠵᠥᠷᠢᠴᠡᠯ | ᠰᠦᠯᠵᠢᠯᠳᠦᠨ ᠳᠠᠪᠬᠤᠴᠠᠪᠠ᠃ ᠬᠥᠭᠵᠢᠯᠲᠡ ᠪᠦᠲᠦᠭᠡᠨ ᠪᠠᠢᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠥᠷᠢ ᠥᠭᠴᠡᠭᠡ ᠶᠢ ᠦᠭᠡᠶᠢᠰᠭᠡᠬᠦ ᠵᠦᠷᠢᠴᠡᠯ | ᠡᠳᠦᠷ ᠢᠷᠡᠬᠦᠶ᠎ᠡ ᠲᠤᠪᠤᠶᠢᠮ᠎ᠠ ᠪᠣᠯᠵᠤ᠂ ᠠᠶᠤᠯᠭᠦᠶ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ | ᠨᠡᠶᠢᠭᠡᠮ ᠤᠨ ᠵᠠᠰᠠᠯᠲᠠ ᠵᠡᠷᠭᠡ ᠠᠵᠢᠯ ᠨᠢ ᠨᠠᠩ ᠶᠡᠭᠡ ᠳᠠᠷᠤᠯᠲᠠ ᠳᠤ ᠲᠤᠯᠭᠠᠷᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠪᠠᠶᠢᠳᠠᠯ ᠢ ᠲᠤᠯᠭᠠᠮ᠎ᠠ ᠰᠢᠢᠳᠪᠦᠷᠢᠯᠡᠬᠦ ᠴᠢᠬᠤᠯᠠᠲᠠᠶ ᠪᠠᠶᠢᠭᠰᠠᠭᠠᠷ᠃ ᠭᠤᠷᠪᠠ ᠳᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠮᠦᠨᠬᠦ | ᠴᠢᠩᠭᠠᠳᠬᠠᠬᠤ ᠴᠢᠬᠤᠯᠠᠲᠠᠶ᠃ ᠵᠠᠷᠢᠮ ᠺᠠᠳ᠋ᠷ ᠤᠨ ᠰᠢᠨ᠎ᠡ ᠲᠦᠷᠦ ᠶᠢᠨ ᠪᠤᠳᠤᠯᠭ᠎ᠠ᠂ ᠰᠢᠨ᠎ᠡ ᠤᠨᠤᠯ ᠤᠨ ᠲᠤᠬᠠᠢ ᠰᠤᠷᠤᠯᠴᠠᠯᠭ᠎ᠠ ᠨᠢ ᠴᠠᠭ ᠲᠤᠬᠠᠢ ᠳᠤᠨᠢ ᠪᠢᠰᠢ᠂ | ᠬᠦᠨᠵᠡᠬᠡᠢ ᠪᠢᠰᠢ᠂ ᠤᠷᠢᠳᠴᠢᠯᠡᠨ ᠲᠦᠯᠦᠪᠯᠡᠬᠦ ᠬᠤᠷᠴᠠᠰᠡᠷᠭᠡᠭ ᠲᠦᠷᠦ ᠶᠢᠨ ᠪᠤᠳᠤᠯᠭ᠎ᠠ ᠶᠢᠨ ᠰᠤᠷᠠᠭ ᠵᠠᠩᠭᠢ ᠶᠢᠨ ᠲᠠᠨᠢᠯᠳᠠ ᠴᠢᠩᠭ᠎ᠠ ᠪᠤᠰᠤ᠂ ᠦᠵᠡᠯ ᠲᠠᠨᠢᠯᠲᠠ | ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ᠂ ᠬᠠᠷᠢᠭᠤᠴᠠᠯᠭ᠎ᠠ ᠡᠭᠦᠷᠭᠡᠯᠡᠬᠦ ᠠᠴᠠ ᠵᠢᠷᠦᠬᠡᠰᠢᠶᠡᠬᠦ᠂ ᠨᠠᠵᠠᠭᠠᠶᠢᠷᠠᠨ ᠬᠤᠶᠢᠷᠭᠤᠰᠢᠬᠤ | ᠦᠵᠡᠭᠳᠡᠯ ᠮᠦᠨᠬᠦ ᠣᠷᠣᠰᠢᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠂ ᠵᠣᠷᠢᠭᠲᠠᠶ | ᠰᠡᠳᠬᠢᠵᠦ ᠵᠣᠷᠢᠭᠲᠠᠶ ᠬᠢᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠣᠷᠭᠢᠯᠤᠮ᠎ᠠ ᠰᠡᠳᠬᠢᠯᠭᠡ ᠶᠢ ᠤᠯᠠᠮ ᠪᠠᠳᠠᠷᠠᠭᠤᠯᠬᠤ ᠴᠢᠬᠤᠯᠠᠲᠠᠢ ᠪᠠᠶᠢᠵᠤ᠂ ᠬᠠᠤᠯᠢᠵᠢᠯ | ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠠᠰᠠ ᠴᠢᠩᠭᠠᠳᠬᠠᠬᠤ ᠴᠢᠬᠤᠯᠠᠲᠠᠶ ᠪᠠᠶᠢᠭᠰᠠᠭᠠᠷ᠂ ︽ ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ | ᠪᠠᠰᠠ ᠮᠠᠰᠢ ᠣᠯᠠᠨ ᠬᠦᠷᠦᠯᠴᠡᠬᠦ ᠦᠭᠡᠢ ᠲᠠᠯ᠎ᠠ ᠣᠷᠣᠰᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠶ | ᠪᠠᠶᠢᠭᠰᠠᠭᠠᠷ᠃ ᠡᠭᠦᠨ ᠳᠤ ᠪᠢᠳᠡ ᠵᠤᠪᠠᠨᠢᠬᠤ ᠰᠡᠳᠭᠢᠯ ᠢ ᠡᠪᠦᠷᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠦᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ | | 2020 ᠣᠨ ᠤ ᠠᠵᠢᠯ ᠤᠨ ᠲᠣᠬᠢᠷᠠᠭᠤᠯᠤᠯᠲᠠ | | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ ᠪᠣᠯᠤᠨ᠎ᠠ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢ ᠲᠥᠯᠥᠪᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ | ᠪᠦᠬᠦ ᠲᠠᠯ᠎ᠠ ᠶᠢ ᠪᠠᠷᠠᠯᠠᠵᠤ᠂ ᠲᠣᠰ ᠪᠡᠶ᠎ᠡ ᠪᠠᠨ ᠬᠢᠨᠠᠨ ᠠᠵᠢᠭᠯᠠᠵᠤ᠂ ᠪᠢᠳᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠳᠤ᠂ ᠶᠡᠭᠡ ᠬᠠᠨᠳᠤᠰᠢ ᠶᠢ | ᠡᠵᠡᠮᠳᠡᠵᠦ᠂ ᠲᠤᠯᠭᠠᠷᠠᠵᠤ ᠪᠠᠶᠢᠭ᠎ᠠ ᠠᠵᠠ ᠲᠣᠬᠢᠶᠠᠯ ᠪᠣᠯᠤᠨ ᠥᠷᠢᠰᠥᠯᠳᠦᠭᠡᠨ ᠢ ᠲᠣᠳᠣᠷᠬᠠᠶ ᠪᠣᠯᠭᠠᠬᠤ ᠮᠥᠷᠲᠡᠭᠡᠨ ᠪᠠᠰᠠ ᠦᠵᠡᠯ ᠰᠠᠨᠠᠭ᠎ᠠ ᠪᠠᠨ ᠴᠢᠯᠥᠭᠡᠯᠡᠵᠦ᠂ | ᠠᠵᠢᠯ ᠬᠢᠵᠦ ᠦᠢᠯᠡᠰ ᠪᠣᠰᠬᠠᠬᠤ ᠢᠲᠡᠭᠡᠯ ᠵᠣᠷᠢᠭ ᠢᠶᠠᠨ ᠪᠠᠲᠤᠳᠬᠠᠨ᠎ᠠ᠃ ᠭᠠᠳᠠᠭᠠᠳᠤ ᠬᠥᠭᠵᠢᠯᠲᠡ ᠶᠢᠨ ᠣᠷᠴᠢᠨ ᠲᠣᠭᠤᠷᠢᠨ ᠤ ᠨᠥᠬᠦᠴᠡᠯ ᠠᠴᠠ ᠦᠵᠡᠪᠡᠯ᠂ | ᠤᠯᠤᠰ ᠠᠴᠠ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠲᠣᠭᠲᠠᠭᠤᠨ ᠵᠣᠭᠤᠰᠣᠨ ᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠨᠠᠩ ᠶᠡᠭᠡ ᠬᠡᠪᠴᠢᠶ᠎ᠡ ᠪᠠᠷ ᠭᠠᠶᠢᠯᠢ ᠬᠥᠩᠭᠡᠯᠡᠬᠦ ᠰᠦᠢᠳᠭᠡᠯ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠵᠢᠯ ᠢ ᠨᠡᠮᠡᠭᠳᠡᠭᠦᠯᠪᠡ᠃ ᠵᠡᠭᠦᠨ ᠬᠡᠰᠡᠭ ᠤᠷᠤᠨ ᠪᠠ ᠪᠠᠷᠠᠭᠤᠨ ᠬᠡᠰᠡᠭ ᠣᠷᠣᠨ ᠤ | ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ ᠰᠢᠨ᠎ᠡ ᠪᠠᠶᠢᠷᠢᠰᠢᠯ ᠢ ᠪᠤᠢ ᠪᠣᠯᠭᠠᠬᠤ ᠵᠢᠯᠣᠭᠤᠳᠬᠤ ᠰᠠᠨᠠᠯ ᠢ ᠨᠡᠶᠢᠲᠡᠯᠡᠵᠦ᠂ ᠪᠠᠷᠠᠭᠤᠨ ᠬᠡᠰᠡᠭ ᠤᠨ ᠭᠠᠵᠠᠷ | ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠳᠤ ᠤᠷᠳᠤ ᠬᠤᠭᠤᠴᠠᠭᠠᠲᠦ ᠬᠦᠴᠦᠨ ᠪᠦᠬᠦᠢ ᠲᠥᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ | ᠬᠠᠩᠭᠠᠪᠠ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠤᠯᠤᠰ ᠠᠴᠠ ᠪᠠᠶᠢᠯᠳᠤᠬᠤ ᠪᠣᠳᠣᠯᠭ᠎ᠠ | ᠪᠣᠯᠭᠠᠨ ᠳᠡᠭᠡᠭᠰᠢᠯᠡᠭᠦᠯᠵᠦ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠡ ᠶᠢᠨ ᠳᠡᠭᠡᠭᠰᠢᠯᠡᠯᠲᠡ ᠨᠢ ᠣᠯᠣᠰ ᠤᠨ | ᠪᠠᠶᠢᠯᠳᠤᠬᠤ ᠪᠣᠳᠤᠯᠭ᠎ᠠ ᠶᠢᠨ ᠬᠠᠷᠠᠯᠲᠠ ᠪᠠᠶᠢᠵᠦ᠂ ᠮᠠᠨ ᠤ ᠬᠤᠰᠢᠭᠤᠨ ᠤ ᠬᠠᠲᠤᠨ ᠭᠤᠣᠯ ᠳᠠᠭᠠᠤ ᠳᠠᠬᠢ ᠠᠵᠤ ᠠᠬᠤᠢ ᠶᠢᠨ ᠪᠦᠰᠡ ᠶᠢ ᠪᠦᠲᠦᠭᠡᠨ ᠪᠠᠶᠢᠭᠤᠯᠬᠤ ᠳᠤ | ᠠᠵᠠ ᠲᠣᠬᠢᠶᠠᠯ ᠤᠯᠭᠤᠪᠠ᠃ ᠥᠪᠡᠷᠲᠡᠭᠡᠨ ᠵᠠᠰᠠᠬᠤ ᠣᠷᠣᠨ ᠠᠴᠠ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢ ᠲᠡᠳᠬᠦᠬᠦ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠢ ᠠᠬᠢᠭᠤᠯᠬᠤ ᠵᠡᠷᠭᠡ ᠠᠯᠢ ᠣᠯᠠᠨ ᠲᠥᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠤᠷᠤᠳᠤᠬᠤᠢ ᠶᠢᠨ ᠪᠦᠬᠦ ᠣᠷᠣᠨ ᠪᠦᠰᠡ ᠶᠢᠨ ᠪᠣᠬᠢᠷᠲᠤᠯ ᠦᠭᠡᠢ | ᠣᠷᠭᠠᠨᠢᠭ ᠳᠡᠭᠡᠳᠦ ᠲᠡᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡ ᠶᠢ ᠭᠠᠳᠠᠭᠰᠢ ᠭᠠᠷᠭᠠᠬᠤ | ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠷᠠᠯᠲᠠ ᠪᠣᠯᠤᠨ ᠰᠡᠳᠬᠢᠴᠡ ᠨᠢ ᠨᠠᠩ | ᠲᠣᠳᠣᠷᠬᠠᠶ ᠪᠣᠯᠪᠠ᠃ ᠤᠯᠢᠶᠠᠰᠤ ᠨᠠᠭᠤᠷ ᠶᠢᠨ ᠰᠠᠪᠠ ᠭᠠᠵᠠᠷ ᠤᠨ ᠠᠭᠤᠯᠠ ᠣᠰᠣ ᠤᠢ ᠲᠠᠷᠢᠶ᠎ᠠ ᠨᠠᠭᠤᠷ ᠡᠪᠡᠰᠦ ᠶᠢᠨ ᠠᠮᠢ ᠠᠬᠤᠢ ᠶᠢᠨ ᠬᠠᠮᠠᠭᠠᠯᠠᠯᠳᠠ ᠶᠢ | ᠰᠡᠷᠭᠦᠭᠡᠬᠦ ᠲᠤᠷᠰᠢᠯᠳᠠ ᠶᠢᠨ ᠴᠢᠭ ᠶᠢᠨ ᠲᠦᠷᠦᠯ ᠵᠦᠢᠯ ᠤᠨ ᠮᠠᠨ ᠤ ᠬᠤᠰᠢᠭᠤᠨ ᠳᠠᠬᠢ ᠪᠡᠯᠡ ᠤᠷᠤᠭᠤᠯᠤᠯᠳᠠ ᠨᠢ 34 ᠳ᠋ᠦᠩᠰᠢᠭᠤᠷ ᠲᠦᠭᠦᠷᠢᠭ ᠲᠤ ᠬᠦᠷᠴᠦ᠂ | ᠪᠦᠬᠦ ᠬᠤᠳᠠ ᠶᠢᠨ 67% ᠢ ᠡᠵᠡᠯᠡᠵᠦ᠂ ᠰᠠᠭᠤᠷᠢ ᠲᠤᠨᠤᠭ ᠲᠦᠬᠦᠭᠡᠷᠦᠮᠵᠢ ᠶᠢᠨ ᠲᠤᠳᠠᠭᠤᠳᠠᠯ ᠢ ᠨᠦᠬᠦᠪᠦᠷᠢᠯᠡᠵᠦ᠂ ᠠᠮᠢ ᠠᠬᠤᠢ᠂ ᠠᠵᠤ ᠠᠬᠤᠢ ᠶᠢᠨ | ᠶᠡᠷᠦᠩᠬᠡᠶᠢᠯᠡᠭᠰᠡᠨ ᠦᠷ᠎ᠡ ᠠᠰᠢᠭ ᠢ ᠲᠡᠭᠡᠭᠰᠢᠯᠡᠭᠦᠯᠬᠦ ᠳᠤ ᠬᠦᠴᠦᠨ ᠪᠦᠬᠦᠢ ᠪᠠᠳᠤᠯᠠᠭ᠎ᠠ ᠬᠠᠩᠭᠠᠪᠠ᠃ ᠮᠠᠨ ᠤ ᠬᠤᠰᠢᠭᠤᠨ ᠤ ᠲᠣᠰ ᠪᠡᠶ᠎ᠡ ᠶᠢᠨ ᠨᠥᠬᠦᠴᠡᠯ ᠠᠴᠠ | ᠦᠵᠡᠪᠡᠯ᠂ ᠬᠡᠳᠦ᠋ᠢᠪᠡᠷ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ᠰᠢᠯᠵᠢᠯᠲᠡ ᠶᠢᠨ ᠬᠤᠭᠤᠴᠠᠭᠠᠨ ᠳᠤ ᠣᠷᠣᠰᠢᠵᠤ᠂ ᠠᠵᠤ ᠠᠬᠤᠢ ᠶᠢᠨ | ᠨᠡᠮᠡᠭᠳᠡᠯ ᠤᠳᠠᠭᠠᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠣᠪᠤᠶᠢᠮ᠎ᠠ ᠪᠠᠶᠢᠭ᠎ᠠ ᠪᠣᠯᠪᠠᠴᠤ᠂ ᠤᠰᠤ ᠶᠢ ᠨᠢ ᠰᠢᠬᠠᠬᠤ᠂ ᠥᠷᠢ | ᠥᠭᠴᠡᠭᠡ ᠶᠢ ᠨᠢ ᠠᠷᠢᠯᠭᠠᠬᠤ᠂ ᠦᠢᠯᠡᠳᠪᠦᠷᠢᠯᠡᠯ ᠤᠨ ᠴᠢᠳᠠᠪᠤᠷᠢ ᠶᠢ ᠨᠢ ᠪᠠᠭᠠᠰᠬᠠᠬᠤ᠂ ᠪᠣᠬᠢᠷᠲᠤᠯ ᠢ ᠵᠠᠰᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠨ | ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠪᠠ ᠬᠥᠭᠵᠢᠯᠲᠡ ᠶᠢᠨ ᠳᠠᠷᠤᠭᠠᠰᠤ ᠨᠢ ᠶᠠᠭ ᠲᠦᠷᠭᠡᠨ ᠬᠠᠰᠤᠭᠳᠠᠵᠤ᠂ ᠠᠵᠤ ᠦᠢᠯᠡᠰ ᠤᠨ ᠪᠦᠲᠦᠴᠡ᠂ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠢᠵᠢ ᠪᠦᠷᠢᠳᠦᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠥᠭᠵᠢᠯᠲᠡ ᠶᠢᠨ | ᠳᠤᠲᠠᠭᠤᠳᠠᠯ ᠢ ᠪᠦᠲᠦᠮᠵᠢᠲᠡᠶ ᠨᠥᠬᠦᠪᠥᠷᠢᠯᠡᠵᠦ ᠪᠠᠶᠢᠨ᠎ᠠ᠃ ᠪᠤᠭᠤᠲᠤ ᠠᠴᠠ ᠢᠷᠭᠠᠶ ᠬᠦᠷᠬᠦ ᠲᠦᠷᠭᠡᠨ ᠤ ᠲᠡᠮᠦᠷ ᠵᠠᠮ ᠢ ᠤᠳᠠᠯ ᠦᠭᠡᠢ ᠡᠬᠢᠯᠡᠨ ᠪᠦᠲᠦᠭᠡᠨ | ᠪᠠᠶᠢᠭᠤᠯᠵᠤ᠂ ᠲᠦᠷᠭᠡᠨ ᠤ ᠲᠡᠮᠦᠷ ᠵᠠᠮ ᠤᠨ ᠠᠵᠤ ᠠᠬᠤᠢ ᠶᠢᠨ ᠳᠠᠶᠢᠴᠢᠯᠠᠬᠤ ᠦᠢᠯᠡᠳᠦᠯ ᠴᠦ ᠠᠯᠬᠤᠮ ᠠᠯᠬᠤᠮ ᠢᠶᠠᠷ ᠢᠯᠡᠷᠡᠬᠦ ᠪᠣᠯᠤᠨ᠎ᠠ᠃ ᠡᠳᠡᠭᠡᠷ ᠠᠵᠠ | ᠲᠣᠬᠢᠶᠠᠯ ᠪᠠ ᠳᠠᠪᠠᠭᠤᠯᠢᠭ ᠲᠤ ᠲᠦᠰᠢᠭᠯᠡᠨ᠂ ᠪᠢᠳᠡᠨ ᠳᠤ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠨ ᠨᠠᠩ | ᠲᠦᠷᠭᠡᠨ ᠢᠶᠠᠷ ᠪᠡᠶᠡᠯᠡᠭᠦᠯᠬᠦ ᠨᠥᠬᠦᠴᠡᠯ ᠪᠦᠷᠢᠨ ᠪᠠᠶᠢᠨ᠎ᠠ᠃ ᠡᠭᠦᠨ ᠤ ᠲᠤᠯᠠᠳᠠ᠂ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠵᠣᠷᠢᠭᠲᠠᠶ ᠪᠠᠷ ᠰᠢᠨ᠎ᠡ ᠶᠢ | ᠡᠭᠦᠳᠴᠦ᠂ ᠱᠠᠯᠠᠮᠠᠭᠠᠶᠢᠯᠠᠨ ᠤᠷᠤᠭᠰᠢᠯᠠᠵᠤ᠂ ᠮᠠᠨ ᠤ ᠬᠤᠰᠢᠭᠤᠨ ᠤ ᠪᠣᠬᠢᠷᠲᠤᠯ ᠦᠭᠡᠢ ᠬᠥᠭᠵᠢᠯᠲᠡ᠂ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ | ᠡᠭᠦᠳᠬᠦ ᠬᠡᠷᠡᠭᠲᠡᠢ᠃ | 2020 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠠ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ᠂ | ᠲᠦᠪ ᠬᠤᠷᠢᠶᠠᠨ ᠤ ᠲᠠᠷᠢᠶᠠᠯᠠᠬᠤ ᠮᠠᠯᠵᠢᠬᠤ ᠤᠷᠤᠨ ᠤ ᠠᠵᠢᠯ ᠤᠨ ᠬᠤᠷᠠᠯᠳᠤᠭᠠᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦ ᠬᠡᠰᠢᠭᠦᠳ | ᠤᠨ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠬᠤᠰᠢᠭᠤ ᠨᠠᠮ ᠤᠨ ᠬᠤᠷᠢᠶᠠᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠᠲᠤ ᠡᠭᠦᠷᠭᠡ ᠶᠢ ᠴᠢᠩᠭ᠎ᠠ | ᠡᠵᠡᠮᠰᠢᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ ᠡᠩ ᠲᠡᠷᠢᠭᠦᠨ ᠳᠤ | ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ︽ᠲᠤᠯᠤᠭᠠᠨ ᠭᠤᠷᠪᠠ︾ ᠶᠢᠨ ᠬᠥᠭᠵᠢᠯᠲᠡ ᠶᠢᠨ ᠰᠡᠳᠬᠢᠴᠡ ᠪᠠᠷ ᠵᠢᠯᠣᠭᠤᠳᠤᠮᠵᠢ ᠪᠣᠯᠭᠠᠵᠤ᠂ ︽ᠵᠢᠷᠭᠤᠭᠠᠨ ᠣᠷᠣᠨ ᠨᠢᠭᠡ ᠵᠠᠩᠬᠢᠯᠠᠭ᠎ᠠ︾ ᠶᠢ | ᠪᠠᠶᠢᠭᠤᠯᠬᠤ ᠪᠠᠷ ᠬᠠᠷᠠᠯᠲᠠ ᠪᠤᠯᠭᠠᠵᠤ᠂ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠡᠰ ᠤᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠦᠢᠯᠡᠴᠢᠯᠡᠭᠡᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠳᠬᠤᠵᠤ᠂ ᠪᠣᠬᠢᠷᠲᠤᠯ ᠥᠬᠡᠶ ᠣᠳᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠭᠤᠷᠪᠠᠨ | ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠬᠤᠲᠠ ᠬᠥᠳᠡᠭᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠪᠠ ᠰᠢᠨ᠎ᠡ ᠶᠢ ᠡᠭᠦᠳᠴᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨᠬᠦ ᠪᠠᠲᠤᠯᠠᠨ᠎ᠠ᠃ | ᠭᠤᠣᠯ ᠵᠢᠱᠢᠭᠰᠡᠨ ᠬᠠᠷᠠᠯᠲᠠ ᠪᠣᠯ᠄ 2020 ᠣᠨ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠦᠬᠦ ᠬᠤᠲᠠ ᠶᠢᠨ ᠳᠤᠮᠳᠠᠴᠢ ᠬᠢᠷᠢ | ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠠᠵᠤ ᠠᠬᠤᠢ ᠶᠢᠨ ᠡᠷᠭᠢᠯᠲᠡ ᠶᠢ ᠲᠣᠭᠲᠠᠭᠤᠨ ᠤ ᠳᠤᠮᠳᠠ ᠤᠷᠤᠭᠰᠢᠯᠠᠯᠲᠠ ᠲᠠᠢ᠂ ᠲᠣᠭᠲᠠᠭᠤᠨ ᠤ | ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃ | ᠨᠢᠭᠡ᠂ ᠭᠤᠤᠯᠳᠠᠯᠭ᠎ᠠ ᠶᠢ ᠠᠳᠬᠤᠵᠤ᠂ ᠬᠤᠷᠢᠭ᠎ᠠ ᠱᠤᠭᠤᠮ ᠢ ᠰᠠᠬᠢᠵᠤ᠂ ᠭᠤᠷᠪᠠᠨ ᠶᠡᠭᠡ ᠪᠣᠭᠤᠮᠲᠠ ᠶᠢ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠨ᠎ᠡ | ᠭᠤᠷᠪᠠᠨ ᠶᠡᠭᠡ ᠪᠣᠭᠤᠮᠲᠠ ᠶᠢ ᠰᠢᠪᠲᠤᠯᠬᠤ ᠳᠠᠶᠢᠯᠠᠯᠳᠤᠭᠠᠨ ᠪᠤᠯ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠬᠠᠮᠤᠭ ᠲᠤᠮᠤ ᠤᠴᠢᠷ | ᠶᠤᠮ᠂ ᠪᠠᠰᠠᠴᠤ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠬᠦ ᠡᠷᠬᠡᠪᠰᠢ ᠬᠡᠳᠦᠯᠬᠦ ᠪᠤᠭᠤᠮᠳᠠ ᠪᠤᠯᠤᠨ᠎ᠠ᠃ ᠪᠢᠳᠠ ᠡᠷᠬᠡᠪᠰᠢ ᠤᠯᠣᠰ ᠲᠦᠷᠦ ᠶᠢᠨ ᠵᠤᠭᠰᠤᠴᠠ ᠪᠠᠨ | ᠦᠨᠡᠨᠬᠦ ᠲᠡᠭᠡᠭᠰᠢᠯᠡᠭᠦᠯᠵᠦ᠂ ᠠᠰᠠᠭᠤᠳᠠᠯ ᠢᠶᠠᠷ ᠵᠢᠯᠤᠭᠤᠳᠤᠮᠵᠢ ᠪᠤᠯᠭᠠᠵᠤ᠂ ᠦᠷᠭᠦᠯᠵᠢᠯᠡᠨ ᠤᠨᠤᠪᠴᠢᠳᠠᠢ ᠪᠠᠷ ᠬᠦᠴᠦᠯᠡᠵᠦ᠂ ᠬᠠᠷᠠᠯᠳᠠᠳᠤ ᠡᠭᠦᠷᠬᠡ ᠪᠠᠨ ᠴᠢᠨᠠᠷ | ᠰᠠᠶᠢᠳᠠᠢ ᠪᠡᠶᠡᠯᠡᠭᠦᠯᠬᠦ ᠬᠡᠷᠡᠭᠳᠡᠢ᠃ | ︵ᠨᠢᠭᠡ︶ ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠨᠠᠮᠳᠠᠳᠬᠠᠨᠠ᠃ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠰᠦᠪ ᠤᠨ ᠪᠡᠯᠡ ᠮᠥᠩᠭᠦ ᠶᠢ ᠲᠣᠬᠢᠷᠠᠭᠤᠯᠬᠤ᠂ ᠡᠩ ᠤᠨ ᠴᠢᠨᠠᠷᠲᠠᠶ ᠵᠠᠷᠤᠯᠭ᠎ᠠ ᠶᠢ | ᠪᠠᠭᠠᠰᠬᠠᠬᠤ᠂ ᠰᠤᠯᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ᠂ ᠥᠷᠢ | ᠥᠭᠴᠡᠭᠡ ᠶᠢ ᠦᠭᠡᠶᠢᠰᠬᠡᠬᠦ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠴᠢᠷᠮᠠᠶᠢᠨ ᠣᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠯᠡᠳᠡᠭᠡᠯ ᠥᠷᠢ | ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠦᠭᠡᠶᠢᠰᠬᠡᠵᠦ᠂ 5.68 ᠳ᠋ᠦᠩᠰᠢᠭᠤᠷ ᠲᠦᠭᠦᠷᠢᠭ ᠤᠨ ᠵᠢᠯ ᠤᠨ ᠥᠷᠢ ᠥᠭᠴᠡᠭᠡ ᠶᠢ ᠠᠷᠢᠯᠭᠠᠬᠤ | ᠡᠭᠦᠷᠭᠡ ᠶᠢ ᠦᠨᠡᠨᠬᠦ ᠤᠷᠤᠭᠰᠢᠲᠠᠢ ᠪᠡᠶᠡᠯᠡᠭᠦᠯᠵᠦ᠂ ᠤᠯᠤᠰ ᠤᠨ ᠲᠦᠷᠢᠮᠳᠦ ᠰᠢᠶᠠᠨ ᠤ ᠦᠷᠢ ᠦᠭᠴᠡᠭᠡ ᠶᠢ ᠠᠷᠢᠯᠭᠠᠬᠤ ᠲᠤᠷᠰᠢᠯᠳᠠ ᠶᠢᠨ ᠴᠢᠭ ᠤᠨ ᠬᠦᠷᠢᠶ᠎ᠡ | ᠬᠡᠪᠴᠢᠶᠡᠨ ᠳᠤ ᠤᠷᠤᠬᠤ ᠪᠠᠷ ᠴᠢᠷᠮᠠᠶᠢᠨ᠎ᠠ᠃ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠲᠠᠩᠰᠠᠨ ᠵᠤᠭᠤᠰ ᠢ ᠴᠡᠪᠡᠷᠯᠡᠬᠦ ᠠᠵᠢᠯ ᠢ ᠯᠠᠪᠳᠠᠭᠤᠨ ᠠᠬᠢᠭᠤᠯᠵᠤ | ᠂ ᠵᠢᠯ ᠤᠨ ᠲᠤᠳᠤᠷ᠎ᠠ ᠦᠯᠡᠳᠡᠭᠰᠡᠨ 2.4 ᠳ᠋ᠦᠩᠰᠢᠭᠤᠷ ᠲᠦᠭᠦᠷᠢᠭ ᠢ ᠴᠡᠪᠡᠷᠯᠡᠬᠦ ᠡᠭᠦᠷᠬᠡ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠲᠥᠰᠦᠪ ᠤᠨ ᠬᠢᠵᠠᠭᠠᠷᠯᠠᠯ ᠢ | ᠴᠢᠩᠭᠠᠳᠬᠠᠵᠤ᠂ PPP ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠦᠢᠯᠡᠴᠢᠯᠡᠭᠡᠨ ᠤ ᠠᠵᠢᠯ ᠢ | ᠬᠠᠤᠯᠢ ᠶᠣᠰᠣᠭᠠᠷ ᠵᠢᠷᠤᠮᠵᠢᠭᠤᠯᠵᠤ᠂ ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠢ | ᠲᠡᠮᠡᠴᠡᠨ ᠣᠯᠵᠤ᠂ ᠬᠠᠤᠯᠢ ᠲᠣᠭᠲᠠᠭᠠᠯ ᠢ ᠵᠥᠷᠢᠴᠡᠨ ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠠᠤᠯᠢ ᠪᠤᠰᠤ ᠪᠠᠷ ᠢᠨᠲ᠋ᠧᠷ ᠰᠦᠯᠵᠢᠶᠡᠨ ᠳᠤ ᠮᠥᠩᠭᠦᠨ ᠭᠦᠢᠯᠭᠡᠭᠡᠨ ᠤ | ᠦᠢᠯᠡᠴᠢᠯᠡᠭᠡ ᠬᠠᠩᠭᠠᠬᠤ ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ | ᠭᠦᠢᠯᠭᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠣᠨ᠎ᠠ᠃ ︽ᠶᠠᠳᠠᠭᠤ ᠠᠴᠠ | ᠠᠩᠭᠢᠵᠢᠷᠠᠭᠤᠯᠵᠤ ᠪᠤᠭᠤᠮᠳᠠ ᠶᠢ ᠰᠢᠪᠳᠤᠯᠬᠤ ᠶᠠᠰᠤ ᠴᠢᠨᠠᠷ ᠦᠷ᠎ᠡ ᠠᠰᠢᠭ ᠢ ᠲᠡᠭᠡᠭᠰᠢᠯᠡᠭᠦᠯᠬᠦ ᠵᠢᠯ︾ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠦᠨ᠂ | ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠪᠠᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠤᠬᠤ ᠶᠢ | ᠪᠠᠲᠤᠯᠠᠨ᠎ᠠ᠃ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠨ᠎ᠠ᠃ ᠤᠶᠢᠷ᠎ᠠ ᠶᠢᠨ ᠵᠢᠯ ᠤᠳ ᠲᠤ ᠲᠦᠪᠯᠡᠷᠡᠭᠦᠯᠦᠨ ᠪᠤᠭᠤᠮᠳᠠ ᠶᠢ ᠰᠢᠪᠳᠤᠯᠬᠤ ᠪᠠᠷ ᠲᠠᠮᠵᠢᠨ ᠶᠠᠳᠠᠭᠤ ᠬᠦᠴᠢᠷᠳᠡᠯᠳᠡᠢ ᠬᠦᠮᠦᠨ ᠠᠮᠠ ᠨᠢᠭᠡᠨᠳᠡ | ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠤᠵᠢᠮ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ | ᠠᠷᠭ᠎ᠠ ᠪᠣᠳᠣᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠨᠠᠷᠢᠨ | ᠬᠢᠨᠠᠮᠠᠭᠠᠶ ᠰᠠᠶᠢᠲᠤᠷ ᠬᠢᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠤᠨ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ ᠳᠠᠮᠵᠢᠵᠤ᠂ ᠢᠯᠡ ᠲᠣᠳᠣ ᠣᠨᠴᠠᠯᠢᠭ ᠲᠠᠢ᠂ ᠳᠠᠶᠢᠴᠢᠯᠠᠬᠤ ᠬᠡᠪᠴᠢᠶ᠎ᠡ ᠪᠠᠷ ᠥᠷᠭᠡᠨ᠂ | ᠥᠷᠢᠰᠦᠯᠳᠦᠬᠦ ᠬᠦᠴᠦᠨ ᠲᠠᠢ ᠶᠠᠳᠠᠭᠤ ᠶᠢ ᠲᠡᠳᠬᠦᠬᠦ ᠭᠤᠣᠯᠯᠠᠭᠴᠢ ᠠᠵᠤ ᠦᠢᠯᠡᠰ ᠢ ᠪᠠᠶᠢᠭᠤᠯᠵᠤ᠂ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ ᠶᠢᠨ | ᠠᠵᠤ ᠦᠢᠯᠡᠰ ᠤᠨ ᠰᠠᠭᠤᠷᠢ ᠪᠠ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠬᠤ ᠶᠢ ᠵᠣᠷᠢᠭᠵᠢᠭᠤᠯᠵᠤ᠂ ᠣᠯᠠᠨ ᠡᠰᠢᠵᠢᠭᠰᠡᠨ ᠶᠠᠳᠠᠭᠤ ᠶᠢ ᠲᠡᠳᠬᠦᠬᠦ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 5536 ᠡᠷᠦᠬᠡ 10079 ᠶᠠᠳᠠᠭᠤ ᠬᠦᠴᠢᠷᠳᠡᠯᠲᠡᠶ ᠬᠥᠮᠦᠨ ᠠᠮᠠ ᠶᠢ | ᠲᠠᠶᠢᠴᠢᠯᠠᠨ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠡᠶᠡᠯᠡᠬᠦᠯᠦᠨ᠎ᠡ᠃ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠬᠢᠭᠡᠳ ᠶᠠᠳᠠᠭᠤ | ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢᠨ ᠬᠤᠯᠪᠣᠭ᠎ᠠ ᠶᠢ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠴᠠᠬᠤ ᠬᠡᠮᠵᠢᠶ᠎ᠡ ᠪᠠ | ᠰᠢᠭᠤᠳ ᠠᠰᠢᠭ ᠬᠦᠷᠲᠡᠬᠦ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠬᠤ ᠶᠢ ᠳᠠᠮᠵᠢᠵᠤ᠂ ᠲᠠᠷᠬᠠᠯᠲᠠ ᠶᠢᠨ ᠬᠡᠯᠪᠡᠷᠢ ᠶᠢᠨ ᠭᠡᠷᠡᠯᠯᠢᠭ ᠴᠠᠬᠢᠯᠭᠠᠨ ᠤ ᠲᠥᠷᠥᠯ ᠵᠦᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠨ᠂ | ᠵᠠᠬ᠎ᠠ ᠳᠡᠯᠭᠡᠭᠦᠷ ᠤᠨ ᠠᠯᠤᠰ ᠤᠨ ᠲᠥᠯᠥᠪ ᠢᠶᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ ᠨᠢᠭᠡ ᠪᠦᠯᠦᠭ ᠲᠣᠰᠬᠤᠨ ᠤ ᠬᠠᠮᠲᠤ ᠶᠢᠨ ᠲᠥᠷᠥᠯ | ᠵᠦᠢᠯ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ︽ᠬᠦᠴᠦ ᠵᠣᠷᠢᠭ ᠣᠶᠤᠨ ᠤᠬᠠᠭᠠᠨ ᠢ ᠬᠤᠤᠰᠯᠠᠭᠤᠯᠤᠨ ᠲᠡᠳᠬᠦᠬᠦ︾ ᠶᠢ ᠳᠣᠪᠤᠶᠢᠯᠭᠠᠵᠤ᠂ ᠦᠵᠡᠯ | ᠰᠠᠨᠠᠭᠠᠨ ᠤ ᠬᠥᠮᠦᠵᠢᠯ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠡᠷᠦᠬᠡ ᠶᠢ | ᠵᠣᠷᠢᠭᠵᠢᠭᠤᠯᠤᠨ ᠵᠢᠵᠢᠭ ᠪᠢᠴᠢᠯ ᠠᠵᠤ ᠦᠢᠯᠡᠰ ᠢ ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠠᠮᠤᠭ ᠤᠨ ᠶᠡᠭᠡ | ᠬᠡᠮᠵᠢᠶ᠎ᠡ ᠪᠠᠷ ᠬᠥᠭᠵᠢᠭᠡᠨ᠎ᠡ᠃ ︽ᠶᠠᠳᠠᠷᠠᠭᠤᠷᠬᠤ ᠶᠢ ᠤᠷᠢᠳᠴᠢᠯᠠᠨ ᠰᠡᠷᠡᠮᠵᠢᠯᠡᠭᠦᠯᠬᠦ᠂ ᠭᠡᠨᠡᠳᠲᠡ ᠶᠠᠳᠠᠭᠤᠷᠠᠬᠤ ᠶᠢ ᠰᠢᠢᠳᠪᠦᠷᠢᠯᠡᠬᠦ᠂ ᠶᠠᠳᠠᠭᠤ ᠠᠴᠠ | ᠠᠩᠭᠢᠵᠢᠷᠠᠭᠤᠯᠤᠨ ᠲᠣᠭᠲᠠᠭᠤᠨ ᠪᠠᠶᠢᠯᠭᠠᠬᠤ︾ ᠣᠨᠣᠪᠴᠢᠲᠠᠶ ᠪᠠᠷ ᠶᠠᠳᠠᠭᠤ ᠶᠢ ᠰᠡᠷᠭᠡᠶᠢᠯᠡᠬᠦ ᠵᠤᠬᠢᠴᠠᠮᠵᠢ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ᠎ᠡ᠃ | ︵ᠭᠤᠷᠪᠠ︶ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠤᠨ᠎ᠠ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠷᠲᠤ ᠬᠤᠭᠤᠴᠠᠭᠠᠲᠤ ᠵᠤᠬᠢᠴᠠᠮᠵᠢ ᠶᠢ ᠪᠦᠷᠢᠨ ᠲᠡᠭᠦᠯᠳᠡᠷᠵᠢᠭᠦᠯᠦᠨ᠎ᠡ᠃ ᠲᠥᠪ ᠬᠤᠷᠢᠶᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠯᠲᠠ ᠵᠢᠴᠢ ︽ᠡᠷᠭᠢᠨ ᠬᠠᠷᠠᠬᠤ︾᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠴᠡᠭᠴᠡᠯᠡᠨ ᠵᠠᠰᠠᠬᠤ ᠠᠵᠢᠯ ᠢᠶᠠᠨ ᠴᠠᠭ | ᠲᠤᠬᠠᠶ ᠳᠤᠨᠢ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠠᠬᠢᠭᠤᠯᠵᠤ᠂ ︽ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ︾ ᠶᠢ ᠬᠠᠮᠠᠭᠠᠯᠠᠬᠤ ᠳᠠᠶᠢᠨ ᠢ ᠰᠠᠶᠢᠲᠤᠷ ᠬᠢᠨ᠎ᠡ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ︽ᠰᠤᠯᠠ ᠵᠠᠳᠠᠭᠠᠢ᠂ ᠡᠮᠬᠢ ᠵᠠᠮᠪᠠᠷᠠᠭ᠎ᠠ ᠦᠬᠡᠢ᠂ ᠪᠤᠵᠠᠷ︾ ᠠᠵᠤ ᠠᠬᠤᠶᠢᠯᠠᠯ ᠢ ᠴᠡᠭᠴᠡᠯᠡᠬᠦ ᠠᠵᠢᠯ ᠢ ᠰᠠᠶᠢᠳᠤᠷ | ᠠᠳᠬᠤᠵᠤ᠂ ᠡᠰᠢ ᠰᠦᠷᠡᠯ ᠢ ᠲᠠᠷᠢᠶᠠᠨ ᠳᠤ ᠣᠷᠣᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠡᠰᠢ ᠰᠦᠷᠡᠯ ᠢ | ᠰᠢᠲᠠᠭᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠳᠤᠯᠠᠭᠠᠯᠠᠭ᠎ᠠ ᠴᠡᠪᠡᠷᠯᠡᠯᠲᠡ ᠶᠢᠨ ᠠᠬᠢᠴᠠ ᠶᠢ ᠲᠦᠷᠭᠡᠳᠬᠡᠵᠦ᠂ ᠠᠵᠤ | ᠦᠢᠯᠡᠳᠪᠦᠷᠢ ᠶᠢᠨ ᠪᠤᠵᠠᠷ ᠤᠰᠤ ᠶᠢᠨ ᠭᠠᠳᠠᠭᠰᠢᠯᠠᠭᠤᠯᠤᠯᠲᠠ᠂ ᠲᠣᠭᠤᠰᠣ ᠰᠢᠷᠣᠶ ᠶᠢᠨ ᠪᠣᠬᠢᠷᠲᠤᠯ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠤᠤᠯ ︵ᠨᠠᠭᠤᠷ︶ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠦᠷᠢᠵᠢᠭᠤᠯᠵᠦ᠂ ᠭᠤᠤᠯ ︵ᠨᠠᠭᠤᠷ︶ ᠤᠨ ᠳᠥᠷᠪᠡᠨ ᠰᠠᠮᠠᠭᠤᠷᠠᠯ ᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠯᠢᠶᠠᠰᠤ ᠨᠠᠭᠤᠷ ᠤᠨ ᠰᠠᠪᠠ | ᠭᠠᠵᠠᠷ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠵᠢᠨᠠᠮᠢ ᠠᠬᠤᠢ ᠶᠢᠨ ᠬᠠᠮᠠᠭᠠᠯᠠᠯᠳᠠ ᠶᠢ ᠵᠠᠰᠠᠬᠤ ᠲᠤᠷᠰᠢᠯᠳᠠ ᠶᠢᠨ ᠴᠢᠭ ᠤᠨ ᠢᠨᠵᠧᠨᠧᠷᠢᠩ ᠤᠨ | ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠪᠦᠳᠦᠬᠡᠨ ᠪᠠᠶᠢᠭᠤᠯᠤᠯᠳᠠ ᠶᠢᠨ ᠡᠭᠦᠷᠬᠡ ᠪᠠᠨ ᠴᠠᠭ ᠲᠤᠬᠠᠢ ᠳᠤᠨᠢ ᠪᠡᠶᠡᠯᠡᠭᠦᠯᠬᠦ | ᠶᠢ ᠦᠨᠡᠨᠬᠦ ᠪᠠᠳᠤᠯᠠᠨ᠎ᠠ᠃ ᠣᠰᠣᠨ ᠳᠤ ᠬᠤᠯᠪᠤᠭᠳᠠᠭᠰᠠᠨ ᠰᠤᠯᠠ ᠭᠠᠳᠠᠭᠰᠢᠯᠠᠭᠤᠯᠬᠤ ᠠᠵᠤ ᠠᠬᠤᠶᠢᠯᠠᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ | ᠬᠤᠳᠠ ᠪᠠᠯᠭᠠᠰᠤ᠂ ᠠᠵᠤ ᠦᠢᠯᠡᠳᠪᠦᠷᠢ ᠶᠢᠨ ᠲᠤᠭᠤᠷᠢᠭ ᠤᠨ ᠪᠤᠵᠠᠷ ᠤᠰᠤ ᠰᠡᠢᠳᠪᠦᠷᠢᠯᠡᠬᠦ ᠦᠢᠯᠡᠳᠪᠦᠷᠢ ᠶᠢᠨ ᠠᠵᠢᠯᠯᠠᠭ᠎ᠠ ᠶᠢ ᠲᠤᠭᠳᠠᠪᠤᠷᠢᠵᠢᠭᠤᠯᠵᠤ᠂ ᠶᠡᠭᠡ | ᠰᠢᠬᠡᠳᠡᠢ᠂ ᠪᠠᠶᠠᠨᠬᠤᠸᠠ ᠶᠢᠨ ᠪᠤᠵᠠᠷ ᠤᠰᠤ ᠰᠡᠢᠳᠪᠦᠷᠢᠯᠡᠬᠦ ᠦᠢᠯᠡᠳᠪᠦᠷᠢ ᠶᠢ ᠲᠡᠰ ᠲᠤ ᠭᠠᠷᠭᠠᠬᠤ ᠦᠬᠡᠷᠡᠴᠢᠯᠡᠯᠳᠡ ᠶᠢ ᠠᠬᠢᠭᠤᠯᠵᠤ᠂ ᠪᠠᠷᠢᠮᠵᠢᠶ᠎ᠠ ᠳᠤ ᠬᠦᠷᠭᠡᠬᠦ | ᠶᠢ ᠦᠨᠡᠨᠬᠦ ᠪᠠᠳᠣᠯᠠᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ | ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠬᠦᠷᠦᠰᠦ ᠰᠢᠷᠤᠢ ᠶᠢᠨ ᠪᠣᠬᠢᠷᠳᠠᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠯᠠᠩ ᠤᠨ | ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠶᠡᠭᠡ ᠰᠢᠭᠡᠲᠡᠢ ᠪᠠᠷ ᠲᠥᠪ ᠪᠣᠯᠭᠠᠨ᠂ ᠬᠤᠸᠠ ᠨᠠᠨ ᠲᠠᠷᠢᠶᠠᠯᠠᠩ ᠤᠨ ᠶᠡᠭᠡ ᠰᠤᠷᠭᠠᠭᠤᠯᠢ | ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠢᠶᠠᠷ ᠲᠦᠰᠢᠭ ᠪᠣᠯᠭᠠᠵᠤ᠂ ᠵᠦᠩ ᠬᠤᠸᠠ᠂ ᠵᠦᠩ ᠯᠢᠶᠠᠩ ᠵᠡᠷᠭᠡ ᠲᠣᠮᠣ ᠳᠤᠮᠳᠠ ᠬᠡᠯᠪᠡᠷᠢ ᠶᠢᠨ ᠠᠵᠤ | ᠠᠬᠤᠶᠢᠯᠠᠯ ᠢᠶᠠᠷ ᠠᠴᠢᠶᠠᠯᠠᠪᠤᠷᠢ ᠪᠣᠯᠭᠠᠨ᠂ ᠪᠦᠬᠦ ᠬᠤᠰᠢᠭᠤ ᠶᠢ ᠬᠠᠮᠤᠷᠤᠭᠰᠠᠨ ᠲᠣᠮᠣ ᠬᠡᠯᠪᠡᠷᠢ ᠶᠢᠨ ᠪᠣᠷᠳᠣᠭᠤᠷ ᠲᠣᠬᠢᠷᠠᠭᠤᠯᠬᠤ ᠲᠥᠪ ᠢ ᠪᠠᠶᠢᠭᠤᠯᠵᠤ᠂ ᠬᠢᠮᠢ ᠶᠢᠨ | ᠪᠣᠷᠳᠣᠭᠤᠷ᠂ ᠲᠠᠷᠢᠶᠠᠨ ᠡᠮ ᠤᠨ ᠠᠰᠢᠭᠯᠠᠯᠲᠠ ᠶᠢᠨ ᠨᠣᠷᠮ᠎ᠠ ᠶᠢ ᠲᠣᠰ ᠲᠣᠰ 2.7 % ᠪᠠ 2 % ᠢᠶᠠᠷ ᠳᠡᠭᠡᠭᠰᠢᠯᠡᠭᠦᠯᠵᠦ᠂ ᠲᠠᠷᠢᠶᠠᠨ ᠡᠮ ᠤᠨ ᠪᠣᠭᠤᠳᠠᠯ ᠤᠨ | ᠬᠠᠶᠠᠭᠳᠠᠮᠠᠯ ᠪᠣᠳᠠᠰ ᠪᠠ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ ᠲᠣᠰ ᠲᠣᠰ 100 % ᠪᠠ 85 % ᠲᠤ ᠬᠦᠷᠭᠡᠨ᠎ᠡ᠃ ᠤᠶᠤᠨᠲᠤ | ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠬᠤᠳᠳᠤᠭ ᠴᠠᠬᠢᠯᠭᠠᠨ ᠪᠠᠷ ᠳᠠᠪᠬᠤᠷ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤ | ᠬᠡᠷᠡᠭᠯᠡᠬᠦ ᠭᠦᠢᠴᠡᠳᠭᠡᠬᠦ ᠲᠤᠭ᠎ᠠ ᠶᠢ ᠨᠣᠷᠮ᠎ᠠ ᠲᠣᠭᠲᠠᠭᠠᠨ ᠬᠠᠮᠢᠶᠠᠷᠬᠤ ᠪᠠ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ 855 ᠲᠦᠮᠡᠨ | ᠪᠤᠰᠤᠭ᠎ᠠ ᠲᠦᠷᠪᠡᠯᠵᠢᠨ ᠮᠧᠲᠷ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠪᠠᠭᠠᠰᠬᠠᠪᠠ᠃ ᠮᠤᠨᠠ ᠠᠭᠤᠯᠠ ᠶᠢᠨ ᠡᠷᠭᠢᠨ ᠲᠣᠭᠤᠷᠢᠨ ᠤ ᠠᠮᠢ | ᠠᠬᠤᠶ ᠶᠢ ᠵᠠᠰᠠᠨ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠪᠠᠶᠠᠨᠴᠠᠭᠠᠨ ᠠᠭᠤᠯᠠ᠂ ᠴᠠᠰᠤᠲᠠᠢ ᠠᠭᠤᠯᠠᠨ ᠤ ᠭᠠᠵᠠᠷ ᠤᠨ | ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠲᠦᠷᠭᠡᠳᠬᠡᠨ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ | ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠠᠳᠤᠨ ᠭᠤᠤᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠬᠤ᠂ ᠬᠠᠳᠤᠨ ᠭᠤᠤᠯ ᠳᠠᠭᠠᠤ ᠲᠡᠮᠦᠷ ᠵᠠᠮ ᠳᠠᠭᠠᠤ ᠶᠢᠨ ᠪᠣᠬᠢᠷᠲᠤᠯ ᠥᠬᠡᠶ ᠠᠮᠢ ᠠᠬᠤᠢ ᠶᠢᠨ | ᠬᠠᠯᠬᠠᠪᠴᠢ ᠶᠢ ᠪᠠᠬᠢᠵᠢᠭᠦᠯᠦᠨ᠎ᠡ᠃ ᠪᠡᠭᠡᠵᠢᠩ ᠂ ᠲᠢᠶᠠᠨᠵᠢᠨ ᠤ ᠡᠯᠡᠰᠦᠨ ᠰᠢᠭᠤᠷᠭ᠎ᠠ ᠶᠢᠨ ᠢᠷᠡᠯᠳᠡ ᠶᠢ ᠵᠠᠰᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠢ ᠵᠡᠷᠭᠡ | ᠠᠮᠢ ᠠᠬᠤᠢ ᠶᠢ ᠵᠠᠰᠠᠨ ᠰᠡᠷᠭᠦᠭᠡᠬᠦ ᠲᠥᠷᠥᠯ ᠵᠦᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ 6 ᠲᠦᠮᠡᠨ ᠮᠤ᠋ ᠣᠢ ᠰᠢᠭᠤᠢ ᠶᠢᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ 50 ᠲᠡᠭᠰᠢ ᠳᠥᠷᠪᠡᠯᠵᠢᠨ ᠺᠢᠯᠦᠮᠧᠲᠷ ᠬᠥᠷᠥᠰᠥ ᠰᠢᠷᠣᠢ ᠶᠢᠨ ᠢᠳᠡᠭᠳᠡᠯ ᠢ ᠵᠠᠰᠠᠨ᠎ᠠ᠃ | ᠬᠤᠶᠠᠷ᠂ ᠲᠥᠷᠥᠯ ᠵᠦᠢᠯ ᠢ ᠠᠳᠬᠤᠨ᠂ ᠨᠦᠬᠡᠴᠡ ᠬᠦᠴᠦᠨ ᠢ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ | ᠬᠦᠭᠵᠢᠭᠰᠡᠨ ᠤᠯᠤᠰ ᠤᠨ ︽ᠠᠵᠤ ᠦᠢᠯᠡᠳᠪᠦᠷᠢᠯᠡᠯ ᠢ ᠪᠠᠭᠠᠰᠬᠠᠬᠤ︾ ᠠᠴᠠ ︽ᠲᠠᠬᠢᠨ ᠦᠢᠯᠡᠳᠪᠦᠷᠢᠵᠢᠭᠦᠯᠬᠦ︾ ᠬᠦᠭᠵᠢᠯᠳᠡ ᠶᠢᠨ ᠲᠡᠦᠬᠡᠨ ᠶᠠᠪᠤᠴᠠ ᠨᠢ | ᠠᠵᠤ ᠦᠢᠯᠡᠳᠪᠦᠷᠢ ᠪᠤᠯ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠤᠯᠭᠠᠭᠤᠷᠢ ᠪᠤᠯᠬᠤ ᠶᠢ ᠬᠦᠢᠴᠡᠳ ᠲᠣᠳᠣᠷᠬᠠᠶᠢᠯᠠᠪᠠ᠃ ᠤᠳᠤᠬᠠᠨ ᠳᠤ ᠮᠠᠨ ᠤ | ᠬᠤᠰᠢᠭᠤ ᠨᠢ ᠬᠡᠳᠦᠶᠢᠪᠡᠷ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠬᠦᠭᠵᠢᠯᠳᠡ ᠶᠢᠨ ᠲᠤᠮᠳᠠ ᠪᠠᠭ᠎ᠠ ᠪᠤᠰᠤ ᠬᠦᠴᠢᠷᠳᠠᠯ ᠳᠤ ᠤᠴᠠᠷᠠᠭᠰᠠᠨ | ᠪᠤᠯᠪᠠᠴᠤ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠭᠤᠶᠢᠪᠢᠵᠦ ᠪᠤᠯᠬᠤ ᠦᠬᠡᠢ᠃ ᠪᠢᠳᠠ | ᠬᠠᠳᠠᠭᠠᠯᠠᠮᠵᠢ ᠶᠢᠨ ᠬᠡᠮᠵᠢᠶᠡᠨ ᠠᠴᠠ ᠦᠷ᠎ᠡ ᠠᠰᠢᠭ ᠤᠯᠬᠤ᠂ ᠨᠡᠮᠡᠭᠳᠡᠯ ᠤᠨ ᠬᠡᠮᠵᠢᠶ᠎ᠡ ᠠᠴᠠ ᠬᠦᠭᠵᠢᠯᠳᠡ ᠲᠠᠢ ᠪᠤᠯᠬᠤ ᠶᠢ ᠪᠠᠷᠢᠮᠳᠠᠯᠠᠵᠤ᠂ ︽ᠬᠠᠭᠤᠴᠢᠨ ᠨᠡᠷ᠎ᠡ | ᠲᠡᠮᠳᠡᠭᠳᠦ︾ ᠶᠢ ᠦᠭᠡᠷᠡᠴᠢᠯᠡᠨ ᠲᠡᠰ ᠲᠡᠪᠰᠢᠭᠦᠯᠵᠦ᠂ ︽ᠰᠢᠨ᠎ᠡ ᠨᠡᠷ᠎ᠡ ᠲᠡᠮᠳᠡᠭᠳᠦ︾ ᠶᠢ ᠪᠤᠶᠢᠵᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ | ᠬᠠᠮᠵᠢᠯᠴᠢᠨ ᠬᠦᠭᠵᠢᠬᠦ ᠶᠢ ᠠᠬᠢᠭᠤᠯᠪᠠ᠃ | ︵ᠨᠢᠭᠡ︶ ᠠᠵᠤ ᠦᠢᠯᠡᠳᠪᠦᠷᠢ ᠶᠢᠨ ᠬᠥᠭᠵᠢᠯᠲᠡ ᠶᠢᠨ ᠲᠠᠪᠴᠠᠩ ᠢ ᠪᠠᠬᠢᠵᠢᠭᠦᠯᠦᠨ᠎ᠡ᠃ ᠣᠷᠣᠨ ᠵᠠᠶ ᠪᠣᠯᠤᠨ ᠠᠵᠤ ᠦᠢᠯᠡᠰ ᠤᠨ ᠪᠠᠶᠢᠷᠢᠰᠢᠯᠲᠠ ᠶᠢ | ᠰᠢᠯᠢᠳᠡᠭᠵᠢᠭᠦᠯᠦᠨ᠎ᠡ᠃ ᠪᠤᠭᠤᠲᠤ ᠶᠢᠨ ᠪᠠᠷᠠᠭᠤᠨ ᠲᠡᠭᠦᠷᠭᠡ ᠵᠢᠨᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ | ᠠᠵᠢᠯ ᠢ ᠪᠡᠶᠡᠯᠡᠭᠦᠯᠵᠦ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ᠂ ᠠᠵᠤ ᠦᠢᠯᠡᠰ ᠤᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠ | ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠢᠳᠡᠭᠡᠨ ᠤ ᠠᠵᠤ ᠦᠢᠯᠡᠳᠪᠦᠷᠢ ᠶᠢᠨ ᠲᠣᠭᠤᠷᠢᠭ ᠤᠨ | ᠠᠵᠤ ᠦᠢᠯᠡᠰ ᠤᠨ ᠲᠦᠯᠦᠪᠵᠢᠭᠦᠯᠭᠡ ᠪᠠ ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ᠎ᠡ᠃ ᠠᠵᠤ | ᠦᠢᠯᠡᠰ ᠤᠨ ᠪᠠᠶᠢᠷᠢ ᠲᠣᠭᠲᠠᠭᠠᠯᠲᠠ ᠪᠠ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠣᠰᠣᠭᠠᠷ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ | ᠠᠳᠬᠤᠵᠤ᠂ ᠲᠣᠭᠤᠷᠢᠭ ᠤᠨ ᠠᠵᠤ ᠦᠢᠯᠡᠰ ᠢ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠲᠣᠭᠤᠷᠢᠭ ᠤᠨ ᠶᠡᠷᠦᠩᠬᠡᠶᠢᠯᠡᠨ ᠴᠡᠭᠴᠡᠯᠡᠨ | ᠵᠠᠰᠠᠬᠤ ᠡᠷᠴᠢᠮ ᠢ ᠴᠢᠩᠭᠠᠷᠠᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠢ ᠴᠡᠪᠡᠷᠯᠡᠨ ᠴᠡᠭᠴᠡᠯᠡᠵᠦ᠂ ᠬᠦᠷᠢᠶᠠᠯᠡᠭᠰᠡᠨ ᠪᠣᠯᠪᠠᠴᠦ ᠪᠠᠶᠢᠭᠤᠯᠤᠭᠰᠠᠨ ᠥᠬᠡᠶ᠂ | ᠶᠡᠭᠡ ᠬᠦᠷᠢᠶᠡᠯᠠᠵᠦ ᠪᠠᠭ᠎ᠠ ᠪᠠᠶᠢᠭᠤᠯᠬᠤ ᠵᠡᠷᠭᠡ ᠦᠷ᠎ᠡ ᠠᠰᠢᠭ ᠢᠶᠠᠷ ᠳᠣᠤᠷ᠎ᠠ ᠬᠡᠷᠡᠭᠯᠡᠭᠡᠨ ᠤ ᠭᠠᠵᠠᠷ ᠤᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠲᠣᠭᠤᠷᠢᠭ ᠤᠨ | ᠡᠷᠡᠭᠦᠯ ᠪᠥᠭᠡᠳ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠰᠠᠭᠤᠷᠢ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠺᠤᠮᠫᠠᠨᠢᠴᠢᠯᠠᠭᠰᠠᠨ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ ᠬᠡᠷᠡᠭᠯᠡᠵᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ᠂ ᠲᠤᠰᠬᠠᠶ | ᠲᠦᠷᠦᠯ ᠤᠨ ᠪᠠᠯᠠ ᠮᠥᠩᠭᠦ ᠪᠠ ᠨᠡᠶᠢᠭᠡᠮ ᠤᠨ ᠬᠥᠷᠥᠩᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠪᠤᠭᠤᠲᠤ ᠶᠢᠨ ᠪᠠᠷᠠᠭᠤᠨ ᠲᠡᠭᠦᠷᠭᠡ ᠶᠢᠨ ᠠᠵᠤ | ᠦᠢᠯᠡᠳᠪᠦᠷᠢ ᠶᠢᠨ ᠲᠣᠭᠤᠷᠢᠭ ᠤᠨ ᠭᠠᠯ ᠤᠨᠲᠠᠷᠠᠭᠠᠬᠤ ᠣᠨᠴᠠ ᠦᠢᠯᠡᠴᠢᠯᠡᠭᠡᠨ ᠤ ᠥᠷᠲᠡᠭᠡ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠣᠷᠳᠣᠨ᠂ ᠪᠣᠬᠢᠷ | ᠤᠰᠤᠨ ᠤ ᠬᠤᠭᠤᠯᠠᠶ ᠶᠢᠨ ᠲᠣᠤᠷ᠂ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠵᠡᠷᠭᠡ ᠰᠠᠭᠤᠷᠢ ᠲᠣᠨᠤᠭ ᠲᠦᠬᠦᠭᠡᠷᠦᠮᠵᠢ ᠶᠢ ᠴᠢᠷᠮᠠᠶᠢᠨ | ᠪᠡᠶᠡᠯᠡᠭᠦᠯᠵᠦ᠂ ᠲᠡᠮᠦᠷ ᠵᠠᠮ ᠤᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠢᠳᠡᠭᠡᠨ ᠤ ᠵᠦᠢᠯ ᠤᠨ ᠠᠵᠤ | ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠵᠠᠯᠭᠠᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠲᠣᠭᠤᠷᠢᠭ ᠤᠨ | ᠠᠴᠢᠶᠠᠯᠠᠪᠦᠷᠢ ᠶᠢᠨ ᠴᠢᠳᠠᠪᠦᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠡᠮᠵᠢᠶ᠎ᠡ ᠶᠢ ᠨᠡᠮᠡᠭᠳᠡᠭᠦᠯᠦᠨ ᠴᠠᠬᠢᠯᠭᠠᠨ ᠲᠦᠭᠡᠭᠡᠬᠦ ᠲᠤᠷᠰᠢᠯᠲᠠ ᠶᠢᠨ ᠴᠢᠭ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠰᠠᠯᠬᠢᠨ ᠭᠡᠷᠡᠯ ᠴᠠᠬᠢᠯᠭᠠᠨ ᠤ ᠲᠤᠬᠠᠶ ᠶᠢᠨ ᠭᠠᠵᠠᠷ ᠲᠤᠨᠢ ᠰᠢᠩᠭᠡᠭᠡᠬᠦ ᠪᠠ ᠬᠡᠰᠡᠭ | ᠬᠡᠪᠴᠢᠶᠡᠨ ᠤ ᠰᠦᠯᠵᠢᠶᠡᠨ ᠲᠣᠤᠷ ᠢᠶᠠᠷ ᠰᠢᠭᠤᠳ ᠴᠠᠬᠢᠯᠭᠠᠨ ᠬᠠᠩᠭᠠᠬᠤ ᠶᠢ ᠲᠦᠯᠬᠢᠨ ᠠᠬᠢᠭᠤᠯᠵᠤ ᠂ ︽ᠴᠠᠬᠢᠯᠭᠠᠨ ᠤ ᠦᠨ᠎ᠡ ᠶᠢᠨ ᠳᠣᠤᠷ᠎ᠠ ᠭᠠᠵᠠᠷ︾ ᠤᠨ | ᠳᠠᠪᠠᠭᠤᠯᠢᠭ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠬᠤᠶᠠᠷ︶ ᠭᠤᠤᠯᠯᠠᠬᠤ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠲᠦᠷᠭᠡᠳᠬᠡᠨ᠎ᠡ᠃ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ | ᠰᠣᠯᠢᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠨᠡᠮᠡᠭᠳᠡᠯ ᠬᠡᠮᠵᠢᠶ᠎ᠡ ᠶᠢ | ᠰᠢᠯᠢᠳᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠪᠣᠬᠢᠷᠲᠤᠯ ᠦᠭᠡᠢ ᠰᠢᠨ᠎ᠡ ᠬᠡᠯᠪᠡᠷᠢ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠤᠨ᠎ᠠ᠃ | ᠠᠭᠤᠷᠬᠠᠢ ᠶᠢᠨ ᠮᠠᠯᠲᠠᠵᠤ ᠰᠢᠯᠢᠬᠦ ᠠᠵᠤ ᠦᠢᠯᠡᠰ ᠲᠤ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠣᠰᠣᠭᠠᠷ᠂ ᠠᠭᠤᠷᠬᠠᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠢ ᠵᠢᠷᠤᠮᠵᠢᠭᠤᠯᠤᠨ᠂ ᠠᠭᠤᠷᠬᠠᠢ ᠶᠢᠨ ᠠᠵᠤ ᠠᠬᠤᠶᠢᠯᠠᠯ ᠢ ᠨᠢᠭᠡᠳᠦᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠬᠦᠳᠡᠷ ᠰᠢᠯᠢᠬᠦ | ᠦᠢᠯᠡᠳᠪᠦᠷᠢ ᠶᠢᠨ ᠦᠯᠡᠳᠡᠭᠳᠡᠯ ᠬᠦᠳᠡᠷ ᠢ ᠬᠠᠭᠤᠷᠠᠢ ᠪᠠᠷ ᠭᠠᠳᠠᠭᠰᠢᠯᠠᠭᠤᠯᠬᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠠᠰᠢᠭᠯᠠᠬᠤ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠲᠡᠮᠦᠷ ᠤᠨ ᠠᠭᠤᠷᠬᠠᠢ ᠶᠢᠨ ᠡᠬᠢ ᠪᠠᠶᠠᠯᠢᠭ ᠢ ᠠᠰᠢᠭᠯᠠᠬᠤ ᠶᠢ ᠳᠠᠮᠵᠢᠵᠤ᠂ ᠪᠤᠭᠤᠲᠤ ᠶᠢᠨ | ᠪᠣᠯᠤᠳ ᠲᠡᠮᠦᠷ ᠤᠨ ᠦᠢᠯᠡᠳᠪᠦᠷᠢ ᠶᠢᠨ ᠠᠩᠭᠢᠵᠢᠷᠠᠭᠤᠯᠤᠭᠰᠠᠨ ᠲᠡᠮᠦᠷ ᠵᠡᠷᠭᠡ ᠠᠵᠤ ᠠᠬᠤᠶᠢᠯᠠᠯ ᠤᠨ ᠬᠦᠬᠦᠷ ᠶᠡᠬᠡᠲᠡᠶ ᠲᠡᠮᠦᠷ ᠤᠨ ᠬᠦᠳᠡᠷ ᠢ ᠰᠢᠯᠢᠬᠦ ᠲᠦᠷᠦᠯ | ᠵᠦᠢᠯ ᠢ ᠲᠦᠷᠭᠡᠳᠬᠡᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠢᠯᠢ ᠶᠢᠨ ᠭᠠᠳᠠᠨᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠰᠢᠯᠵᠢᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠲᠠᠯ᠎ᠠ ᠪᠠᠷ᠂ ᠠᠵᠤ ᠠᠬᠤᠶᠢᠯᠠᠯ ᠤᠨ ᠨᠢᠭᠡᠳᠦᠭᠦᠯᠦᠨ | ᠳᠠᠪᠲᠠᠨ ᠪᠦᠯᠦᠭᠯᠡᠬᠦ ᠶᠢ ᠵᠣᠷᠢᠭᠵᠢᠭᠤᠯᠵᠤ᠂ ᠡᠨᠧᠷᠭᠢ ᠠᠷᠪᠢᠯᠠᠬᠤ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠢᠨ᠎ᠡ ᠮᠡᠷᠭᠡᠵᠢᠯ ᠰᠢᠨ᠎ᠡ ᠤᠷᠠᠯᠠᠯ ᠢ ᠬᠡᠷᠡᠭᠯᠡᠨ᠂ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠳᠣ ᠶᠢᠨ ᠪᠠᠶᠢᠭ᠎ᠠ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ | ᠴᠤᠭᠯᠠᠷᠠᠯ ᠤᠨ ᠳᠠᠪᠠᠭᠤᠯᠢᠭ ᠲᠤ ᠲᠦᠰᠢᠭᠯᠡᠨ᠂ ᠳᠡᠭᠡᠳᠦ ᠨᠠᠷᠢᠯᠢᠭ ᠴᠢᠳᠬᠤᠬᠤ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠱᠧᠩ ᠴᠢᠤᠸᠠᠨ ᠺᠧ | ᠯᠢ ᠶᠤᠸᠠᠨ ᠤ 6 ᠲᠦᠮᠡᠨ ᠲᠣᠨ ᠤ ᠣᠨᠴᠠ ᠲᠥᠷᠥᠯ ᠤᠨ ᠬᠠᠶᠢᠯᠤᠰᠢ᠂ ᠱᠦᠨ ᠶᠧ ᠶᠢᠨ 6 ᠲᠦᠮᠡᠨ ᠲᠣᠨ ᠤ ᠴᠠᠬᠢᠭᠤᠷ ᠲᠡᠮᠦᠷ ᠤᠨ ᠬᠠᠶᠢᠯᠤᠰᠢ ᠵᠡᠷᠭᠡ ᠲᠥᠷᠥᠯ | ᠵᠦᠢᠯ ᠢ ᠰᠠᠭᠤᠷᠢᠰᠢᠭᠤᠯᠤᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠨᠡᠭᠦᠷᠡᠰᠦᠨ ᠬᠢᠮᠢ ᠶᠢᠨ ᠠᠵᠤ ᠦᠢᠯᠡᠰ ᠤᠨ ᠲᠠᠯ᠎ᠠ ᠪᠠᠷ᠂ ᠮᠣᠩᠭᠤᠯ | ᠤᠯᠤᠰ ᠤᠨ ᠨᠡᠭᠦᠷᠡᠰᠦᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠢᠯᠢ ᠶᠢᠨ ᠳᠣᠲᠣᠷᠠᠬᠢ ᠨᠡᠭᠦᠷᠡᠰᠦᠨ ᠠᠭᠤᠷᠬᠠᠶ ᠶᠢ ᠨᠢᠭᠡᠳᠭᠡᠨ ᠨᠡᠭᠡᠭᠡᠨ ᠮᠠᠯᠲᠠᠬᠤ ᠶᠢ | ᠲᠦᠷᠭᠡᠳᠬᠡᠨ ᠠᠬᠢᠭᠤᠯᠵᠤ᠂ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ | ᠪᠤᠭᠤᠲᠤ ᠶᠢᠨ ᠪᠣᠯᠤᠳ ᠲᠡᠮᠦᠷ ᠤᠨ ᠦᠢᠯᠡᠳᠪᠦᠷᠢ ᠶᠢᠨ ᠴᠢᠩ ᠬᠤᠸᠠ ᠶᠢᠨ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠶᠢ ᠬᠡᠷᠡᠭᠵᠢᠭᠦᠯᠬᠦ ᠶᠢ | ᠳᠠᠮᠵᠢᠵᠤ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ 100 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠤᠭᠰᠠᠨ ᠳ᠋ᠧ ᠯᠦᠩ ᠤᠨ 500 | ᠲᠦᠮᠡᠨ ᠲᠣᠨ ᠤ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠰᠠᠭᠤᠷᠢᠰᠢᠭᠤᠯᠤᠨ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ | 500 ᠲᠦᠮᠡᠨ ᠲᠣᠨ ᠤ ᠨᠡᠭᠦᠷᠡᠰᠦ ᠤᠬᠢᠶᠠᠬᠤ ᠲᠥᠷᠥᠯ ᠵᠦᠢᠯ ᠢ ᠢᠵᠢ ᠪᠦᠷᠢᠳᠦᠭᠦᠯᠦᠨ ᠣᠷᠣᠭᠤᠯᠵᠤ᠂ ᠪᠧᠨ᠋ᠽᠧᠨ ᠳᠤ ᠤᠰᠤᠲᠥ᠋ᠷᠥᠭᠴᠢ ᠨᠡᠮᠡᠬᠦ᠂ ᠬᠡᠦᠷᠡᠰᠦᠨ | ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠳᠠᠭᠠᠤ ᠠᠵᠤ ᠦᠢᠯᠡᠰ ᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠨᠡᠭᠦᠷᠡᠰᠦᠨ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠲᠠᠯ᠎ᠠ ᠪᠠᠷ᠂ | 12 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠤᠭᠰᠠᠨ ᠠᠨ ᠰᠢᠶᠦ᠋ᠩ ᠤᠨ 25 ᠲᠦᠮᠡᠨ ᠲᠣᠨ ᠤ ᠬᠠᠷ᠎ᠠ ᠲᠤᠭᠤᠯᠭᠠᠨ ᠭᠦᠴᠢᠯᠲᠦ ᠴᠠᠬᠢᠯᠭᠠᠨ | ᠴᠡᠨᠡᠭ ᠢ ᠡᠬᠡᠭᠦᠯᠦᠨ ᠬᠤᠷᠢᠶᠠᠵᠦ ᠠᠰᠢᠭᠯᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠭᠤᠲᠤ ᠶᠢᠨ ᠪᠠᠷᠠᠭᠤᠨ | ᠲᠡᠭᠦᠷᠭᠡ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠠ ᠢᠳᠡᠬᠡᠨ ᠤ ᠠᠵᠤ ᠦᠢᠯᠡᠳᠪᠦᠷᠢ ᠶᠢᠨ | ᠬᠦᠷᠢᠶᠡᠯᠡᠩ ᠤᠨ ᠪᠤᠬᠢᠷᠳᠤᠯ ᠦᠬᠡᠢ ᠡᠨᠧᠷᠬᠢ ᠤᠨ ᠲᠦᠪ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠠᠵᠤ | ᠦᠢᠯᠡᠳᠪᠦᠷᠢ ᠠᠭᠤᠷᠬᠠᠢ᠂ ᠱᠦᠢᠨᠢ᠂ ᠪᠤᠷᠳᠤᠭᠤᠷ ᠵᠡᠷᠭᠡ ᠠᠵᠤ ᠠᠬᠤᠶᠢᠯᠡᠯ ᠤᠨ ᠨᠠᠷᠢᠨ ᠦᠨᠡᠰᠦ᠂ ᠠᠭᠤᠷᠬᠠᠢ ᠶᠢᠨ ᠰᠢᠭᠠᠷᠤ ᠵᠠᠷᠭᠡ ᠠᠵᠤ ᠦᠢᠯᠡᠳᠪᠦᠷᠢ ᠶᠢᠨ | ᠬᠠᠳᠠᠭᠤ ᠪᠡᠶᠡᠳᠦ ᠬᠠᠶᠠᠭᠳᠠᠮᠠᠯ ᠢ ᠠᠰᠢᠭᠯᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠭᠤᠰᠬ᠎ᠠ ᠂ ᠬᠦᠷᠦᠰᠦ ᠰᠢᠷᠤᠢ ᠶᠢ ᠰᠠᠶᠢᠵᠢᠷᠠᠭᠤᠯᠬᠤ ᠡᠳ᠋᠂ | ᠨᠡᠶᠢᠯᠡᠮᠡᠯ ᠪᠤᠷᠳᠤᠭᠤᠷ ᠵᠡᠷᠭᠡ ᠪᠦᠳᠦᠭᠡᠭᠳᠡᠬᠦᠨ ᠢ ᠦᠢᠯᠡᠳᠪᠦᠷᠢᠯᠡᠵᠤ᠂ ᠬᠠᠶᠠᠭᠳᠠᠮᠠᠯ ᠡᠳ᠋ ᠶᠢ ᠡᠷᠳᠡᠨᠢ ᠪᠤᠯᠭᠠᠬᠤ ᠶᠢ ᠪᠡᠶᠡᠯᠡᠭᠦᠯᠦᠨ᠎ᠡ᠃ ᠬᠤᠯᠤᠰᠤ᠂ ᠡᠰᠢ ᠰᠦᠷᠡᠯ | ᠪᠠ ᠲᠠᠷᠢᠶᠠᠯᠠᠩ ᠤᠨ ᠬᠠᠶᠠᠭᠳᠠᠮᠠᠯ ᠪᠤᠳᠠᠰ ᠢ ᠪᠦᠳᠦᠮᠵᠢᠳᠡᠢ ᠠᠰᠢᠭᠯᠠᠨ᠂ ᠠᠮᠢᠳᠤ ᠪᠣᠳᠠᠰ ᠤᠨ ᠡᠨᠧᠷᠬᠢ᠂ ᠴᠠᠭᠠᠰᠤ ᠬᠢᠬᠦ ᠵᠡᠷᠭᠡ ᠲᠥᠷᠥᠯ ᠵᠦᠢᠯ ᠢ ᠢᠳᠡᠪᠬᠢᠳᠡᠢ | ᠤᠷᠤᠭᠤᠯᠵᠤ᠂ ᠡᠬᠢ ᠪᠠᠶᠠᠯᠢᠭ ᠢ ᠬᠤᠪᠢᠷᠠᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠶᠢᠨ ᠠᠵᠤ ᠦᠢᠯᠡᠰ ᠤᠨ | ᠲᠠᠯ᠎ᠠ ᠪᠠᠷ᠂ ᠳ᠋ᠦᠩ ᠯᠢ ᠶᠢᠨ ᠨᠢᠭᠡᠳᠦᠭᠡᠷ ᠬᠤᠭᠤᠴᠠᠭᠠᠨ ᠤ 1.2 ᠲᠦᠮᠡᠨ ᠲᠣᠨ ᠤ ᠣᠯᠠᠨ ᠲᠠᠯᠠᠰᠲᠤ ᠴᠠᠬᠢᠭᠤᠷ ᠤᠨ ᠲᠥᠷᠥᠯ ᠵᠦᠢᠯ ᠤᠨ ᠲᠣᠭᠲᠠᠭᠤᠨ ᠢᠶᠠᠷ | ᠶᠠᠪᠤᠭᠳᠠᠬᠤ ᠶᠢ ᠪᠠᠲᠤᠯᠠᠵᠤ᠂ 10 ᠲᠦᠮᠡᠨ ᠲᠣᠨ ᠤ ᠯᠢᠲ᠋ᠢ ᠴᠠᠬᠢᠯᠭᠠᠨ ᠴᠡᠨᠡᠭ ᠤᠨ ᠡᠶᠡᠷᠡᠬᠦ ᠲᠤᠶᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠲᠦᠷᠭᠡᠳᠬᠡᠨ | ᠠᠬᠢᠭᠤᠯᠵᠤ᠂ ᠬᠤᠸᠠ ᠨᠧᠩ ᠤᠨ1 ᠲᠦᠮᠡᠨ ᠺᠢᠯᠣᠸᠠᠲ ᠤᠨ ᠲᠠᠷᠬᠠᠢ ᠮᠠᠶ᠋ᠢᠭᠲᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠠᠶᠢᠭᠤᠯᠤᠨ᠎ᠠ᠃ ᠬᠤᠪᠣᠷ | ᠰᠢᠷᠣᠶ ᠶᠢᠨ ᠲᠦᠭᠦᠬᠡᠶ ᠮᠠᠲ᠋ᠧᠷᠢᠶᠠᠯ ᠤᠨ ᠭᠠᠷᠤᠯᠲᠠ ᠶᠢᠨ ᠭᠠᠵᠠᠷ ᠲᠠᠢ ᠬᠦᠷᠰᠢᠯᠡᠵᠦ ᠪᠠᠶᠢᠬᠤ ᠵᠡᠷᠭᠡ ᠳᠠᠪᠠᠭᠤᠯᠢᠭ ᠲᠤ ᠲᠦᠰᠢᠭᠯᠡᠨ᠂ ᠬᠤᠪᠣᠷ ᠰᠢᠷᠣᠶ ᠶᠢ ᠭᠦᠨᠵᠡᠭᠡᠶ | ᠡᠳ᠋ᠰᠢᠭᠦᠯᠬᠦ ᠠᠵᠤ ᠦᠢᠯᠡᠰ ᠢ ᠬᠦᠴᠦᠷᠬᠡᠭᠵᠢᠭᠦᠯᠦᠨ᠎ᠡ᠃ 3 ᠳ᠋ᠦᠩᠰᠢᠭᠤᠷ ᠲᠦᠭᠦᠷᠢᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ | ᠮᠥᠩᠭᠦ ᠶᠢ ᠪᠦᠲᠦᠮᠵᠢᠲᠡᠶ ᠠᠰᠢᠭᠯᠠᠵᠤ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡᠳᠡᠢ ᠨᠢᠭᠡ ᠪᠦᠯᠦᠭ ᠪᠣᠬᠢᠷᠲᠤᠯ | ᠥᠬᠡᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ ᠢ ᠲᠡᠳᠬᠦᠨ ᠲᠡᠮᠵᠢᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ | ᠡᠳ᠋ᠰᠢᠬᠦᠯᠬᠦ ᠦᠢᠯᠡᠰ ᠤᠨ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠪᠠ ᠠᠵᠤ ᠦᠢᠯᠡᠰ ᠤᠨ ᠰᠠᠭᠤᠷᠢᠨ ᠳᠤ ᠲᠦᠰᠢᠭᠯᠡᠨ᠂ ᠺᠠᠢ ᠰᠢᠨ | ᠢᠳᠡᠬᠡᠨ ᠤ ᠵᠦᠢᠯ᠂ ᠬᠠᠢ ᠶᠤᠤ ᠨᠤᠤᠰᠤ ᠨᠤᠤᠯᠤᠷ ᠵᠡᠷᠭᠡ ᠨᠢᠬᠡ ᠪᠦᠯᠦᠭ ᠲᠤᠯᠤᠭᠠᠶᠢᠯᠠᠬᠤ ᠠᠵᠣ ᠠᠬᠤᠶᠢᠯᠠᠯ ᠢ ᠬᠦᠮᠦᠵᠢᠭᠦᠯᠦᠨ ᠲᠠᠳᠠᠨ ᠣᠷᠣᠭᠤᠯᠵᠤ᠂ ᠠᠮᠤ | ᠲᠣᠰᠣ᠂ ᠰᠦ ᠮᠢᠬ᠎ᠠ᠂ ᠨᠤᠤᠰᠤ ᠨᠤᠤᠯᠤᠷ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢ ᠡᠳ᠋ᠰᠢᠬᠦᠯᠬᠦ ᠦᠢᠯᠡᠰ ᠢ ᠨᠠᠷᠢᠯᠢᠭᠵᠢᠭᠤᠯᠬᠤ ᠵᠦᠭ | ᠬᠦᠭᠵᠢᠭᠦᠯᠵᠦ᠂ ᠨᠡᠷ᠎ᠡ ᠨᠢᠳᠡᠷ ᠲᠡᠭᠡᠨ ᠨᠠᠶᠢᠴᠡᠭᠰᠡᠨ ᠠᠷᠠᠳ ᠢ ᠪᠠᠶᠠᠯᠢᠭᠵᠢᠭᠤᠯᠬᠤ ᠠᠵᠤ ᠦᠢᠯᠡᠰ ᠪᠤᠯᠭᠠᠨ ᠪᠦᠷᠢᠯᠳᠦᠭᠦᠯᠦᠨ᠎ᠡ᠃ | ︵ᠭᠤᠷᠪᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠣᠳᠠᠲᠤ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠬᠤᠰᠢᠭᠤᠨ ᠤ | ᠤᠳᠤᠷᠢᠳᠤᠯᠭ᠎ᠠ ᠠᠴᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ | ᠣᠷᠳᠣᠨ ᠤ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠲᠣᠷᠤᠭᠰᠢᠯᠠᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠷᠭᠢᠯᠲᠡ ᠶᠢ ᠳᠠᠶᠢᠴᠢᠯᠠᠨ ᠠᠬᠢᠭᠤᠯᠬᠤ | ᠬᠤᠷᠠᠯ ᠬᠤᠷᠠᠯᠳᠤᠭᠤᠯᠵᠤ᠂ ᠲᠤᠬᠠᠶ ᠶᠢᠨ ᠲᠠᠯᠠᠪᠠᠢ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠡᠷᠭᠢᠯᠲᠡ ᠶᠢᠨ | ᠳᠤᠮᠳᠠ ᠣᠷᠣᠰᠢᠵᠤ ᠪᠠᠶᠢᠭ᠎ᠠ ᠪᠤᠳᠠᠲᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠡᠷᠡᠭ ᠶᠠᠪᠤᠳᠠᠯ ᠢ ᠤᠳᠠᠭᠠᠰᠢᠷᠠᠭᠤᠯᠤᠨ ᠬᠤᠶᠢᠰᠢᠯᠠᠭᠤᠯᠬᠤ᠂ ᠠᠵᠤ | ᠠᠬᠤᠶᠢᠯᠠᠯ ᠤᠨ ᠨᠠᠰᠢ ᠴᠠᠰᠢ ᠭᠦᠶᠦᠬᠦ ᠠᠰᠠᠭᠤᠳᠠᠯ ᠠᠴᠠ ᠦᠨᠡᠨᠬᠦ ᠵᠠᠶᠢᠯᠠᠰᠬᠢᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠤᠨ ᠲᠠᠯ᠎ᠠ ᠪᠠᠷ | ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠡᠰᠦ ᠶᠢᠨ ᠵᠢᠷᠤᠭ ᠢ ᠰᠤᠳᠤᠯᠤᠨ ᠲᠣᠭᠲᠠᠭᠠᠵᠤ᠂ ᠬᠤᠳᠠᠯᠳᠤᠭᠠᠴᠢᠨ ᠤᠷᠢᠬᠤ ᠴᠢᠬᠤᠯᠠ ᠶᠡᠭᠡ | ᠵᠦᠢᠯᠡᠰ ᠲᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠪᠠᠷ ᠳᠡᠮᠵᠢᠯᠭᠡ ᠦᠵᠡᠭᠦᠯᠵᠦ᠂ ᠣᠨᠤᠪᠴᠢᠲᠠᠢ ᠪᠠᠷ ᠬᠤᠳᠠᠯᠳᠤᠭᠠᠴᠢᠨ ᠤᠷᠢᠬᠤ᠂ ᠪᠦᠲᠦᠮᠵᠢᠲᠡᠶ ᠪᠠᠷ | ᠬᠤᠳᠠᠯᠳᠤᠭᠠᠴᠢᠨ ᠤᠷᠢᠬᠤ ᠶᠢ ᠴᠢᠷᠮᠠᠶᠢᠨ ᠪᠡᠶᠡᠯᠡᠭᠦᠯᠦᠨ᠎ᠡ᠃ ᠬᠤᠳᠠᠯᠳᠤᠭᠠᠴᠢᠳ ᠤᠨ ᠨᠡᠶᠢᠭᠡᠮᠯᠢᠭ᠂ ᠠᠵᠤ ᠠᠬᠤᠶᠢᠯᠠᠯᠲᠠᠨ ᠤ ᠨᠡᠶᠢᠭᠡᠮᠯᠢᠭ ᠪᠠ ᠰᠡᠬᠡᠭᠡᠲᠡᠨ | ᠵᠠᠯᠠᠭᠤᠴᠤᠳ᠂ ᠪᠢᠩᠲ᠋ᠤᠸᠠᠨ ᠤ ᠪᠠᠶᠢᠯᠳᠣᠭᠴᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ᠂ ᠮᠡᠳᠡᠭᠡ ᠵᠠᠩᠭᠢ | ᠵᠡᠷᠭᠡ ᠡᠬᠢ ᠪᠠᠶᠠᠯᠢᠭ ᠢ ᠨᠢᠭᠡᠳᠬᠡᠨ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠭᠰᠠᠨ᠂ ᠵᠠᠰᠠᠭ ᠤᠨ ᠣᠷᠳᠣᠨ ᠪᠠ ᠠᠵᠤ ᠠᠬᠤᠶᠢᠯᠠᠯ ᠬᠤᠯᠪᠣᠭᠠᠯᠠᠨ | ᠬᠥᠳᠡᠯᠦᠯᠴᠡᠭᠰᠡᠨ ᠬᠤᠳᠠᠯᠳᠤᠭᠠᠴᠢᠨ ᠤᠷᠢᠬᠤ ᠲᠣᠮᠣ ᠪᠠᠶᠢᠷᠢᠰᠢᠯ ᠢ ᠪᠤᠢ ᠪᠤᠯᠭᠠᠨ᠎ᠠ᠃ ᠲᠦᠷᠦᠯ ᠵᠦᠢᠯ ᠳᠤ ︽ᠪᠠᠶᠢᠭᠤᠯᠭ᠎ᠠ ᠶᠢᠨ ᠨᠢᠭᠡᠳᠦᠭᠡᠷ ᠭᠠᠷ︾ ᠤᠨ | ᠢᠨᠵᠧᠨᠧᠷᠢᠩ ᠶᠢ ᠬᠡᠷᠡᠭᠵᠢᠭᠦᠯᠦᠨ᠂ ᠲᠤᠮᠤ ᠲᠦᠷᠦᠯ ᠵᠦᠢᠯ ᠢ ᠦᠬᠦᠨ ᠰᠠᠬᠢᠵᠦ᠂ ᠪᠠᠭ᠎ᠠ ᠲᠦᠷᠦᠯ ᠵᠦᠢᠯ ᠢ ᠠᠯᠳᠠᠬᠤ ᠦᠬᠡᠢ ᠪᠠᠶᠢᠵᠤ᠂ ᠬᠠᠳᠤᠨ ᠭᠤᠤᠯ ᠤᠨ | ᠰᠠᠪᠠ ᠭᠠᠵᠠᠷ ᠤᠨ ᠠᠮᠢ ᠠᠬᠤᠢ ᠤᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠲᠤᠮᠤ ᠲᠦᠷᠦᠯ ᠵᠦᠢᠯ ᠢ ᠲᠦᠰᠦᠪᠯᠡᠵᠦ᠂ ᠰᠠᠭᠤᠷᠢ ᠲᠤᠨᠤᠭ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠡ᠂ ᠠᠷᠠᠳ ᠤᠨ ᠠᠮᠢᠳᠣᠷᠠᠯ ᠤᠨ ᠪᠠᠳᠤᠯᠠᠭ᠎ᠠ ᠵᠡᠷᠭᠡ ᠲᠦᠷᠦᠯ ᠵᠦᠢᠯ ᠢ | ᠢᠳᠡᠪᠬᠢᠳᠡᠢ ᠲᠡᠮᠡᠴᠡᠨ ᠤᠯᠵᠤ᠂ ᠲᠦᠷᠦᠯ ᠵᠦᠢᠯ ᠤᠨ ᠪᠡᠯᠡ ᠮᠦᠩᠭᠦ ᠶᠢᠨ ᠪᠦᠬᠦ ᠬᠤᠳᠠᠨ ᠳᠤ ᠡᠵᠡᠯᠡᠬᠦ ᠬᠠᠷᠢᠴᠠᠯ ᠪᠠ ᠲᠤᠰ ᠪᠡᠶ᠎ᠡ ᠶᠢᠨ ᠠᠳᠠᠯᠢ ᠬᠤᠭᠤᠴᠠᠭᠠᠨ ᠤ | ᠬᠢ ᠲᠠᠢ ᠠᠳᠠᠯᠢᠳᠬᠠᠪᠠᠯ ︽ᠬᠤᠤᠰ ᠲᠡᠭᠡᠭᠰᠢᠯᠡᠯᠳᠡ ᠲᠠᠢ︾ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ | ᠬᠦᠴᠦᠨ ᠪᠦᠬᠦᠢ ᠪᠠᠳᠣᠯᠠᠭ᠎ᠠ ᠬᠠᠩᠭᠠᠨ᠎ᠠ᠃ | ᠭᠤᠷᠪᠠ᠂ ᠰᠠᠭᠤᠷᠢ ᠶᠢ ᠠᠳᠬᠤᠨ᠂ ᠠᠵᠤ ᠦᠢᠯᠡᠰ ᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ | ︽ᠴᠢᠨᠡᠭᠡᠯᠢᠭ ᠡᠰᠡᠬᠦ ᠶᠢ ᠲᠠᠷᠢᠶᠠᠴᠢᠳ ᠢ ᠦᠵᠡᠪᠡᠯ ᠮᠡᠳᠡᠴᠢᠬᠡᠨ᠎ᠡ︾᠂ ᠪᠦᠬᠦ ᠬᠤᠰᠢᠭᠤᠨ ᠤ ᠠᠷᠠᠳ ᠲᠦᠮᠡᠨ ᠪᠠᠶᠠᠨ ᠴᠢᠨᠡᠭᠡᠯᠢᠭ ᠨᠡᠶᠢᠭᠡᠮ ᠢ ᠪᠦᠳᠦᠭᠡᠨ | ᠪᠠᠶᠢᠭᠤᠯᠬᠤ ᠬᠠᠷᠠᠯᠳᠠ ᠶᠢ ᠲᠤᠭᠳᠠᠭᠰᠠᠨ ᠴᠠᠭ ᠲᠠᠭᠠᠨ ᠪᠡᠶᠡᠯᠡᠭᠦᠯᠵᠦ ᠲᠡᠶᠢᠯᠬᠦ ᠡᠰᠡᠬᠦ ᠶᠢᠨ ᠲᠤᠳᠠᠭᠤᠳᠠᠯ ᠨᠢ ᠲᠠᠷᠢᠶᠠᠯᠠᠩ ᠠᠵᠤ ᠠᠬᠤᠢ ᠳᠤ ᠪᠠᠶᠢᠵᠤ᠂ | ᠭᠤᠤᠯᠳᠠᠯᠠᠭ᠎ᠠ ᠨᠢ ᠲᠠᠷᠢᠶᠠᠯᠠᠬᠤ ᠮᠠᠯᠵᠢᠬᠤ ᠣᠷᠣᠨ ᠳᠤ ᠪᠠᠶᠢᠵᠤ᠂ ᠵᠠᠩᠭᠢᠯᠠᠭ᠎ᠠ ᠨᠢ ᠲᠠᠷᠢᠶᠠᠴᠢᠨ ᠮᠠᠯᠴᠢᠨ ᠤ ᠪᠡᠶ᠎ᠡ ᠲᠡᠭᠡᠷ᠎ᠡ ᠪᠤᠢ᠃ ᠪᠢᠳᠠ ᠦᠷᠬᠦᠯᠵᠢᠯᠡᠨ ︽ | ᠭᠤᠷᠪᠠᠨ ᠲᠠᠷᠢᠶᠠᠯᠠᠩ᠂ ᠭᠤᠷᠪᠠᠨ ᠮᠠᠯᠵᠢᠯ︾ ᠢ ᠡᠯ᠎ᠡ ᠲᠦᠷᠦᠯ ᠤᠨ ᠠᠵᠢᠯ ᠤᠨ ᠭᠤᠣᠯᠳᠠᠯᠠᠭ᠎ᠠ ᠶᠢᠨ ᠲᠤᠮᠳᠠᠬᠢ ᠭᠤᠣᠯᠳᠠᠯᠠᠭ᠎ᠠ ᠪᠤᠯᠭᠠᠵᠤ᠂ ᠪᠤᠷᠤᠳᠤᠬᠤᠢ ᠶᠢᠨ | ᠪᠦᠬᠦ ᠤᠷᠤᠨ ᠪᠦᠰᠡ ᠶᠢᠨ ᠪᠤᠬᠢᠷᠳᠤᠯ ᠦᠬᠡᠢ ᠤᠷᠭᠠᠨᠢᠭ ᠲᠡᠭᠡᠳᠦ ᠲᠡᠰ ᠤᠨ ᠲᠠᠷᠢᠶᠠᠯᠠᠩ ᠮᠠᠯ ᠠᠵᠣ ᠠᠬᠤᠢ ᠶᠢᠨ ᠠᠰᠢᠭ ᠰᠢᠮ᠎ᠡ ᠶᠢᠨ ᠦᠢᠯᠡᠳᠭᠦᠨ ᠢ ᠡᠳ᠋ᠰᠢᠭᠦᠯᠬᠦ | ᠦᠢᠯᠡᠴᠢᠯᠡᠭᠡᠨ ᠢ ᠭᠠᠳᠠᠭᠰᠢᠯᠠᠭᠤᠯᠬᠤ ᠰᠠᠭᠤᠷᠢᠨ ᠭᠠᠵᠠᠷ ᠪᠤᠯᠭᠠᠬᠤ ᠲᠤᠭᠤᠷᠢᠨ ᠳᠤ ᠂ ᠰᠠᠭᠤᠷᠢ ᠲᠠᠯᠪᠢᠬᠤ᠂ ᠠᠵᠤ ᠦᠢᠯᠡᠰ ᠢ ᠬᠦᠴᠦᠷᠬᠡᠭᠵᠢᠬᠦᠯᠬᠦ ᠳᠤ ᠬᠦᠴᠦ | ᠪᠠᠨ ᠲᠦᠪᠯᠡᠷᠡᠭᠦᠯᠦᠨ᠂ ᠲᠠᠷᠢᠶᠠᠯᠠᠩ ᠤᠨ ᠲᠤᠮᠤ ᠬᠤᠰᠢᠭᠤ ᠶᠢ ᠲᠠᠷᠢᠶᠠᠯᠠᠩ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠵᠦᠭ ᠬᠤᠪᠢᠷᠠᠭᠤᠯᠬᠤ ᠶᠢ ᠠᠬᠢᠭᠤᠯᠵᠤ᠂ | ᠲᠠᠷᠢᠶᠠᠴᠢᠨ ᠮᠠᠯᠴᠢᠳ ᠲᠤ ᠤᠯᠠᠮ ᠪᠠᠶᠠᠨ ᠴᠢᠨᠡᠭᠡᠯᠢᠭ ᠠᠮᠢᠳᠣᠷᠠᠯ ᠡᠳ᠋ᠯᠡᠭᠦᠯᠦᠨ᠎ᠡ᠃ | ︵ᠨᠢᠭᠡ︶ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ | ᠪᠠᠶᠠᠨᠨᠠᠭᠤᠷ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠵᠤᠷᠪᠤᠰ ᠰᠠᠨᠠᠯ ᠢ ᠨᠠᠷᠢᠨ ᠬᠢᠨᠠᠮᠠᠭᠠᠶ | ᠨᠠᠶᠢᠳᠠᠪᠦᠷᠢᠵᠢᠭᠤᠯᠵᠦ᠂ ᠬᠠᠲᠤᠨ ᠭᠤᠤᠯ ᠳᠠᠭᠠᠤ᠂ ᠤᠯᠢᠶᠠᠰᠤ ᠨᠠᠭᠤᠷ ᠳᠠᠭᠠᠤ ᠵᠡᠷᠭᠡ ᠰᠠᠭᠤᠷᠢ ᠨᠢ ᠳᠣᠷᠤᠢ ᠪᠠᠭᠤᠷᠠᠶ ᠣᠷᠣᠨ ᠪᠦᠰᠡ ᠪᠠᠷ ᠭᠤᠤᠯᠳᠠᠯᠭ᠎ᠠ ᠪᠣᠯᠭᠠᠨ᠂ | ︽ᠶᠡᠬᠡᠪᠡᠷ ᠡᠪᠳᠡᠵᠦ ᠶᠡᠬᠡᠪᠡᠷ ᠪᠠᠶᠢᠭᠤᠯᠬᠤ᠂ ᠬᠡᠰᠡᠭ ᠢᠶᠠᠷ ᠵᠠᠯᠭᠠᠯᠳᠤᠭᠤᠯᠤᠨ ᠠᠬᠢᠭᠤᠯᠬᠤ︾ ᠵᠠᠷᠴᠢᠮ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠨᠢᠭᠡᠳᠭᠡᠵᠦ᠂ 10 ᠲᠦᠮᠡᠨ ᠮᠤ᠋ ᠲᠠᠷᠢᠶᠠᠨ ᠭᠠᠵᠠᠷ ᠢ ᠶᠡᠷᠦᠩᠬᠡᠶᠢᠯᠡᠨ ᠵᠠᠰᠠᠵᠤ ᠥᠭᠡᠷᠡᠴᠢᠯᠡᠬᠦ ᠶᠢ | ᠪᠥᠬᠦ ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠦᠨ᠎ᠡ᠃ ᠣᠶᠤᠨᠯᠢᠭ ᠥᠨᠳᠥᠷ ᠦᠷ᠎ᠡ ᠠᠰᠢᠭᠲᠤ ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠬᠦ ᠶᠢ ᠪᠠᠶᠢᠯᠳᠤᠬᠤ | ᠪᠣᠳᠣᠯᠭ᠎ᠠ ᠶᠢᠨ ᠴᠢᠬᠤᠯᠠ ᠶᠢᠨ ᠳᠤᠮᠳᠠᠬᠢ ᠴᠢᠬᠤᠯᠠ ᠪᠠᠶᠢᠷᠢᠨ ᠳᠤ ᠲᠠᠯᠪᠢᠵᠤ᠂ ᠬᠤᠳᠳᠤᠭ ᠤᠨ ᠤᠰᠤᠯᠠᠯᠲᠠ ᠶᠢᠨ ᠣᠷᠣᠨ ᠳᠤ ᠣᠶᠤᠨᠯᠢᠭ ᠴᠢᠭᠢᠭ ᠬᠡᠮᠵᠢᠬᠦ ᠤᠰᠤ | ᠪᠣᠷᠳᠣᠭᠤᠷ ᠢ ᠨᠢᠭᠡ ᠴᠤᠭᠴᠠᠵᠢᠭᠤᠯᠤᠭᠰᠠᠨ ᠲᠠᠯᠠᠪᠠᠢ ᠶᠢ 10 ᠲᠦᠮᠡᠨ ᠮᠦ ᠲᠡᠯᠭᠡᠷᠡᠭᠦᠯᠵᠦ᠂ ᠴᠦᠬᠦᠷᠦᠮ ᠤᠨ ᠤᠰᠤᠯᠠᠯᠲᠠ ᠤᠨ ᠣᠷᠣᠨ ᠳᠤ ᠤᠰᠤ ᠪᠣᠷᠳᠣᠭᠤᠷ ᠢ | ᠨᠢᠭᠡ ᠴᠤᠭᠴᠠᠵᠢᠭᠤᠯᠤᠭᠰᠠᠨ ᠲᠠᠯᠠᠪᠠᠢ ᠶᠢ 5000 ᠮᠦ ᠲᠡᠯᠭᠡᠷᠡᠭᠦᠯᠵᠦ᠂ ᠬᠠᠲᠤᠨ ᠭᠤᠣᠯ ᠤᠨ ᠤᠰᠤᠯᠠᠯᠲᠠ ᠶᠢᠨ ᠣᠷᠣᠨ ᠳᠤ ᠤᠰᠤ ᠪᠣᠷᠳᠣᠭᠤᠷ ᠢ | ᠴᠤᠭᠴᠠᠵᠢᠭᠤᠯᠤᠭᠰᠠᠨ ᠲᠠᠯᠠᠪᠠᠢ ᠶᠢ 5 ᠲᠦᠮᠡᠨ ᠮᠦ ᠳᠡᠯᠭᠡᠷᠡᠭᠦᠯᠵᠦ᠂ ᠤᠰᠤ ᠲᠠᠲᠠᠷᠠᠭᠤᠯᠬᠤ ᠰᠤᠪᠠᠭ ᠢ 120 ᠺᠢᠯᠣᠮᠧᠲᠷ ᠯᠡᠶᠢᠳᠡᠵᠦ᠂ 68 ᠰᠠᠭᠤᠷᠢ ᠪᠠᠷᠢᠯᠭ᠎ᠠ ᠶᠢ | ᠥᠭᠡᠷᠡᠴᠢᠯᠡᠨ ᠪᠠᠶᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠲᠠᠤᠯᠠᠢ ᠶᠢᠨ ᠠᠮᠠ ᠶᠢᠨ 110 | ᠺᠢᠯᠣᠸᠠᠲ ᠤᠨ ᠬᠦᠴᠦᠳᠡᠯ ᠬᠤᠪᠢᠰᠬᠠᠬᠤ ᠴᠠᠬᠢᠯᠭᠠᠨ ᠬᠦᠷᠭᠡᠬᠦ ᠪᠠ 366 ᠺᠢᠯᠦᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷᠵᠢᠯ ᠤᠨ ᠥᠭᠡᠷᠡᠴᠢᠯᠡᠯᠲᠡ ᠶᠢᠨ | ᠢᠨᠵᠧᠨᠧᠷᠢᠩ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠪᠦᠲᠦᠮᠵᠢᠲᠡᠶ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ᠃ ᠬᠥᠭᠦᠷᠭᠡ ᠭᠤᠯᠳᠦ᠋ᠩ᠂ | ᠲᠠᠯᠠᠩ ᠬᠠᠰᠢᠯᠭ᠎ᠠ ᠵᠡᠷᠭᠡ ᠤᠰᠤᠨ ᠠᠰᠢᠭᠯᠠᠯᠲᠠ ᠶᠢᠨ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠽᠧᠩ ᠯᠦᠩ | ᠴᠠᠩ ᠲᠣᠰᠬᠤᠨ᠂ ᠰᠦᠵᠢ ᠶᠢᠨ ᠭᠤᠣᠯ ᠵᠡᠷᠭᠡ ᠭᠠᠵᠠᠷ ᠲᠤ ᠦᠶᠡᠷ ᠢ ᠰᠡᠷᠭᠡᠶᠢᠯᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠦᠶᠡᠷ ᠣᠰᠣᠳᠠᠯ ᠢ ᠰᠡᠷᠬᠡᠶᠢᠯᠡᠬᠦ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠠᠶᠤᠯᠭᠦᠢ ᠤᠤᠭᠤᠬᠤ ᠣᠰᠣᠨ ᠤ ᠬᠠᠮᠢᠶᠠᠷᠤᠯᠲᠠ ᠶᠢᠨ ᠲᠣᠣᠷ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠶᠤᠯᠭᠦᠢ ᠤᠤᠭᠤᠬᠤ ᠤᠰᠤ ᠶᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠢ 30 ᠬᠡᠷᠡᠭᠵᠢᠭᠦᠯᠵᠦ᠂ ᠣᠯᠠᠨ | ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠵᠠᠮ ᠤᠨ ᠲᠣᠤᠷ ᠤᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ 311 ᠮᠤᠵᠢ ᠶᠢᠨ ᠲᠡᠰ ᠤᠨ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠭᠠᠭᠴᠠᠮᠤᠳᠤ ᠪᠤᠭᠤᠮᠳᠠ ᠠᠴᠠ ᠬᠤᠳᠠ ᠶᠢᠨ | ᠪᠠᠷᠠᠭᠤᠨ ᠭᠠᠷᠬᠤ ᠡᠭᠦᠳᠡ ᠬᠦᠷᠬᠦ ᠤᠷᠤᠨ ᠨᠤᠳᠤᠭ ᠤᠨ ᠲᠦᠷᠭᠡᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠲᠠᠷᠢᠶᠠᠯᠠᠬᠤ ᠮᠠᠯᠵᠢᠬᠤ | ᠣᠷᠣᠨ ᠤ ᠵᠠᠮ ᠢ 46 ᠺᠢᠯᠣᠮᠧᠲᠷ ᠰᠢᠨ᠎ᠡ ᠪᠠᠷ ᠪᠠᠶᠢᠭᠤᠯᠤᠨ ᠥᠭᠡᠷᠡᠴᠢᠯᠡᠨ ᠵᠠᠰᠠᠪᠠ᠃ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠ ᠪᠤᠭᠤᠲᠤ ᠠᠴᠠ | ᠢᠷᠭᠠᠶ ᠬᠦᠷᠬᠦ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭᠠᠨ ᠤ ᠦᠢᠯᠡᠴᠢᠯᠡᠭᠡᠨ ᠤ ᠴᠢᠳᠠᠪᠤᠷᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠶᠠᠰᠤ ᠴᠢᠨᠠᠷ ᠢᠶᠠᠷ | ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠨᠡᠷ᠎ᠡ ᠲᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠪᠤᠷᠤᠳᠤᠬᠤᠢ ᠶᠢᠨ ᠤᠰᠤᠯᠤᠯᠳᠠ ᠶᠢᠨ ᠤᠷᠤᠨ ᠤ ᠠᠮᠤ ᠪᠤᠳᠠᠭᠠᠨ ᠤ ᠭᠤᠤᠯ | ᠭᠠᠷᠤᠯᠳᠠ ᠶᠢᠨ ᠤᠷᠤᠨ ᠤ ᠤᠳᠤ ᠦᠶ᠎ᠡ ᠶᠢᠨ ᠲᠠᠷᠢᠶᠠᠯᠠᠩ ᠤᠨ ᠬᠦᠭᠵᠢᠯᠳᠡ ᠶᠢ ᠲᠦᠷᠭᠡᠳᠬᠡᠨ ᠠᠬᠢᠭᠤᠯᠤᠨ᠎ᠠ᠃ ᠠᠮᠤ ᠪᠤᠳᠠᠭ᠎ᠠ᠂ ᠰᠦ ᠮᠢᠬ᠎ᠠ ᠨᠣᠣᠯᠤᠷ᠂ ᠵᠢᠮᠢᠰ | ᠨᠣᠭᠤᠭ᠎ᠠ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠲᠡᠵᠢᠭᠡᠯ ᠡᠪᠡᠰᠦ᠂ ᠠᠮᠢᠳᠤ ᠪᠣᠳᠠᠰ ᠤᠨ ᠡᠨᠧᠷᠭᠢ ᠵᠡᠷᠭᠡ ᠵᠢᠷᠭᠤᠭᠠᠨ ᠶᠡᠭᠡ ᠠᠵᠤ ᠦᠢᠯᠡᠰ ᠢᠶᠠᠷ | ᠭᠤᠤᠯᠳᠠᠯᠭ᠎ᠠ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ | ᠠᠬᠢᠭᠤᠯᠵᠤ᠂ 10 % ᠤᠨ ᠴᠢᠨᠠᠷ ᠰᠠᠶᠢᠲᠠᠶ ᠲᠠᠷᠢᠶᠠᠨ ᠭᠠᠵᠠᠷ ᠤᠨ ᠮᠦ ᠪᠦᠷᠢ ᠶᠢᠨ ᠶᠡᠷᠦᠩᠬᠡᠶ ᠦᠢᠯᠡᠳᠭᠦᠨ ᠤ ᠥᠷᠲᠡᠭ ᠢ 2 ᠲᠦᠮᠡᠨ ᠲᠥᠭᠦᠷᠢᠭ ᠲᠤ ᠬᠦᠷᠬᠡᠭᠦ | ᠬᠠᠷᠠᠯᠲᠠ ᠶᠢ ᠪᠡᠶᠡᠯᠠᠭᠦᠯᠬᠦ ᠪᠠᠷ ᠴᠢᠷᠮᠠᠶᠢᠵᠤ᠂ ᠤᠯᠤᠰ ᠤᠨ ᠤᠨᠴᠠᠯᠢᠭᠳᠤ ᠲᠠᠷᠢᠶᠠᠯᠠᠩ ᠤᠨ ᠪᠦᠳᠦᠭᠡᠭᠳᠡᠬᠦᠨ ᠤ ᠲᠠᠪᠠᠭᠤᠯᠢᠭ ᠤᠷᠤᠨ᠂ ᠪᠤᠬᠢᠷᠳᠤᠯ ᠦᠬᠡᠢ ᠢᠳᠡᠭᠡᠨ | ᠤ ᠲᠦᠬᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠪᠠᠷᠢᠮᠵᠢᠶᠠᠳᠤ ᠵᠢᠱᠢᠶ᠎ᠠ ᠦᠵᠡᠭᠦᠯᠬᠦ ᠰᠠᠭᠤᠷᠢᠨ ᠭᠠᠵᠠᠷ᠂ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠠ | ᠦᠵᠡᠭᠦᠯᠬᠦ ᠣᠷᠣᠨ ᠪᠠ ᠤᠯᠤᠰ ᠤᠨᠲ᠋ᠠᠷᠢᠶᠠᠯᠠᠩ ᠤᠨ ᠦᠷᠭᠦᠯᠵᠢᠯᠡᠨ ᠬᠦᠭᠵᠢᠭᠦᠯᠬᠦ ᠲᠤᠷᠰᠢᠯᠳᠠ ᠵᠢᠨᠵᠢᠱᠢᠶᠠ ᠦᠵᠡᠭᠦᠯᠬᠦ ᠤᠷᠤᠨ ᠢ ᠴᠢᠷᠮᠠᠶᠢᠨ ᠡᠭᠦᠳᠦᠨ᠎ᠡ᠃ | ᠠᠵᠤ ᠦᠢᠯᠡᠰ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠮᠣᠩᠭᠤᠯ | ᠬᠢᠲᠠᠳ ᠡᠮ ᠤᠨ ᠮᠠᠲ᠋ᠧᠷᠢᠶᠠᠯ᠂ ᠠᠮᠲᠠᠲᠤ ᠬᠡᠮᠬᠡ᠂ ᠵᠢᠵᠢᠭ ᠬᠤᠯᠢᠮᠠᠭ ᠠᠮᠤ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠡᠯ᠎ᠡ | ᠵᠦᠢᠯ ᠤᠨ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠭᠡᠵᠦ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠥᠷᠥᠯ ᠵᠦᠢᠯ᠂ ᠰᠢᠨ᠎ᠡ ᠭᠤᠣᠯ ᠴᠣᠭᠴᠠ᠂ | ᠰᠢᠨ᠎ᠡ ᠡᠵᠡᠩᠨᠡᠯᠲᠡ ᠶᠢᠨ ᠬᠡᠯᠪᠡᠷᠢ ᠶᠢ ᠳᠣᠪᠤᠶᠢᠯᠭᠠᠵᠤ᠂ ᠲᠦᠮᠡᠨ ᠮᠤ᠋ ᠶᠢᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠢ | ᠬᠤᠶᠠᠷ᠂ ᠮᠢᠩᠭᠠᠨ ᠮᠤ᠋ ᠶᠢᠨ ᠳᠠᠩ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠲᠣᠭᠤᠷᠢᠭ ᠢ ᠠᠷᠪᠠ ᠲᠥᠪᠯᠡᠷᠡᠭᠦᠯᠦᠨ ᠪᠠᠶᠢᠭᠤᠯᠵᠤ᠂ ᠤᠷᠠᠳ ᠤᠨ ᠲᠠᠷᠢᠶᠠᠨ | ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠠᠷᠴᠠ ᠮᠠᠯᠵᠢᠯ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠠᠷᠢᠶᠠᠨ ᠭᠠᠵᠠᠷ ︵ᠮᠠᠯ ᠠᠵᠤ ᠠᠬᠤᠶ︶ ᠤᠨ | ᠬᠦᠷᠢᠶᠡᠯᠡᠩ ᠤᠨ ᠶᠡᠷᠦᠩᠬᠡᠢ ᠴᠣᠭᠴᠠ ᠶᠢᠨ ᠠᠭᠤᠯᠤᠭᠳᠠᠬᠤᠨ ᠢ ᠳᠡᠭᠡᠭᠰᠢᠯᠡᠭᠦᠯᠵᠦ᠂ ᠲᠣᠭᠤᠷᠢᠭ ᠢ ᠠᠵᠤ ᠦᠢᠯᠡᠰ ᠤᠨ ᠠᠭᠤᠰᠤᠯᠴᠠᠯ᠂ ︽ᠳᠥᠷᠪᠡ ᠶᠢ ᠡᠵᠡᠮᠳᠡᠬᠦ︾ | ᠠᠵᠢᠯᠯᠠᠭ᠎ᠠ᠂ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠦᠢᠯᠡᠳᠪᠦᠷᠢᠯᠠᠯ ᠦᠢᠯᠡᠴᠢᠯᠡᠭᠡ᠂ ᠨᠡᠷ᠎ᠡ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ᠂ ᠣᠷᠴᠢᠨ | ᠲᠣᠭᠤᠷᠢᠨ ᠤ ᠵᠠᠰᠠᠯᠲᠠ ᠶᠢ ᠨᠢᠭᠡ ᠴᠣᠭᠴᠠᠵᠢᠭᠤᠯᠤᠭᠰᠠᠨ ᠲᠡᠭᠡᠳᠦ ᠲᠡᠰ ᠤᠨ ᠲᠠᠷᠢᠶᠠᠨ ᠭᠠᠵᠠᠷ ︵ᠮᠠᠯ ᠠᠵᠤ ᠠᠬᠤᠶ︶ ᠤᠨ ᠬᠦᠷᠢᠶᠡᠯᠡᠩ ᠤᠨ ᠶᠡᠷᠦᠩᠬᠡᠶᠢᠯᠡᠭᠰᠡᠨ | ᠴᠣᠭᠴᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠠᠯᠠᠰᠢᠨ ᠬᠤᠨᠢ᠂ ᠠᠯᠠᠰᠢᠨ ᠦᠬᠡᠷ᠂ ᠭᠠᠭ᠋ᠠᠶ ᠵᠡᠷᠭᠡ ᠲᠡᠵᠢᠭᠡᠨ ᠦᠷᠡᠵᠢᠭᠦᠯᠬᠦ ᠦᠢᠯᠡᠰ ᠤᠨ | ᠲᠣᠭᠤᠷᠢᠨ ᠳᠤ᠂ 2 ᠬᠤᠶᠠᠩ ᠬᠤᠨᠢ᠂ ᠨᠣᠣᠯᠤᠷ ᠤᠨ ᠢᠮᠠᠭᠠᠨ ᠤ ᠦᠷ᠎ᠡ ᠶᠢᠨ ᠮᠠᠯ ᠲᠡᠵᠢᠭᠡᠨ ᠦᠷᠡᠵᠢᠭᠦᠯᠬᠦ ᠲᠣᠭᠤᠷᠢᠭ᠂ 10 ᠠᠯᠠᠰᠢᠨ ᠬᠤᠨᠢ ᠬᠡᠪᠴᠢᠶᠡᠵᠢᠭᠦᠯᠦᠨ | ᠲᠡᠵᠢᠭᠡᠨ ᠦᠷᠡᠵᠢᠭᠦᠯᠬᠦ ᠲᠣᠭᠤᠷᠢᠭ᠂ 2 ᠪᠠᠷᠢᠮᠵᠢᠶᠠᠵᠢᠭᠤᠯᠤᠭᠰᠠᠨ ᠭᠠᠭ᠋ᠠᠶ ᠲᠡᠵᠢᠭᠡᠨ ᠦᠷᠡᠵᠢᠭᠦᠯᠬᠦ ᠲᠣᠭᠤᠷᠢᠭ᠂ 1 ᠲᠣᠮᠤ ᠬᠡᠯᠪᠡᠷᠢ ᠶᠢᠨ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠲᠣᠮᠣ ᠲᠣᠭᠤᠷᠢᠭ ᠢ ᠰᠢᠨ᠎ᠡ ᠪᠠᠷ ᠪᠠᠶᠢᠭᠤᠯᠵᠤ᠂ ᠰᠢ ᠱᠠᠨ ᠽᠦᠢ ᠲᠠᠷᠢᠶᠠᠯᠠᠩ ᠤᠨ ᠲᠠᠯᠠᠪᠠᠢ ᠶᠢᠨ ᠬᠤᠶᠠᠳᠤᠭᠠᠷ ᠬᠤᠪᠢᠶᠠᠷᠢ ᠲᠠᠯᠠᠪᠤᠷ ᠤᠨ | ᡁᠢ ᠴᠢᠩ ᠵᠦᠩ ᠰᠢᠩ ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠲᠣᠭᠤᠷᠢᠭ ᠢ ᠲᠡᠵᠢᠬᠡᠨ ᠠᠷᠠᠴᠢᠯᠠᠬᠤ᠂ ᠲᠡᠵᠢᠭᠡᠯ ᠡᠪᠡᠰᠦ ᠪᠤᠯᠪᠠᠰᠤᠷᠠᠭᠤᠯᠬᠤ᠂ ᠠᠮᠢᠳᠤ ᠮᠠᠯ | ᠠᠷᠠᠯᠵᠢᠶᠠᠯᠠᠬᠤ᠂ ᠰᠢᠭᠢᠭ ᠪᠣᠷᠳᠣᠭᠤᠷ ᠢ ᠰᠢᠢᠳᠪᠦᠷᠢᠯᠡᠬᠦ᠂ ᠣᠷᠭᠠᠨᠢᠭ ᠪᠣᠷᠳᠣᠭᠤᠷ ᠦᠢᠯᠡᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ | ᠬᠡᠯᠬᠢᠶᠡᠰᠦᠳᠦ ᠤᠳᠤ ᠦᠶ᠎ᠡ ᠶᠢᠨ ᠠᠵᠤ ᠦᠢᠯᠡᠰ ᠤᠨ ᠲᠣᠭᠤᠷᠢᠭ ᠪᠣᠯᠭᠠᠨ ᠪᠠᠶᠢᠭᠤᠯᠤᠨ᠎ᠠ᠃ ᠵᠢᠭᠠᠰᠤ ᠲᠤᠲᠤᠷᠭ᠎ᠠ ᠬᠠᠮᠳᠤ ᠪᠠᠷ ᠤᠷᠣᠰᠢᠬᠤ᠂ ᠡᠮᠦᠨᠡᠲᠦ | ᠠᠮᠧᠷᠢᠺᠠ ᠶᠢᠨ ᠴᠠᠭᠠᠨ ᠰᠠᠮ ᠬᠤᠷᠣᠬᠠᠢ ᠶᠢ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠨ ᠳ᠋ᠦᠩᠨᠡᠵᠦ᠂ 1 ᠲᠦᠮᠡᠨ ᠮᠦ ᠳᠤᠲᠤᠷᠭᠠᠨ ᠲᠠᠷᠢᠶᠠᠨ ᠳᠤ ᠵᠢᠷᠠᠭᠠᠬᠠᠢ | ᠲᠡᠵᠢᠭᠡᠬᠦ᠂ 5000 ᠮᠤ᠋ ᠤᠰᠤᠨ ᠳᠤ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠢ ᠶᠢ ᠲᠡᠵᠢᠭᠡᠬᠦ ᠵᠢᠱᠢᠶ᠎ᠡ ᠦᠵᠡᠭᠦᠯᠬᠦ ᠲᠣᠭᠤᠷᠢᠭ ᠢ ᠬᠥᠭᠵᠢᠭᠦᠯᠵᠦ᠂ | ᠲᠡᠵᠢᠭᠡᠨ ᠦᠷᠡᠵᠢᠭᠦᠯᠬᠦ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠤᠮᠤ ᠲᠠᠷᠢᠶᠠᠨ ᠭᠠᠵᠠᠷ ᠤᠨ ᠣᠨᠴᠠᠯᠢᠭᠲᠤ ᠲᠠᠷᠢᠶᠠᠯᠠᠩ ᠤᠨ ᠠᠵᠤ | ᠦᠢᠯᠡᠰ ᠤᠨ ᠪᠦᠰᠡ ᠶᠢ ᠪᠤᠢ ᠪᠣᠯᠭᠠᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠣᠨᠴᠠᠯᠢᠭ ᠢᠶᠠᠨ ᠳᠣᠪᠣᠶᠢᠯᠭᠠᠬᠤ ᠶᠢ ᠪᠠᠷᠢᠮᠲᠠᠯᠠᠵᠤ᠂ ᠲᠥᠪᠯᠡᠷᠡᠨ | ᠵᠠᠯᠭᠠᠯᠳᠤᠭᠰᠠᠨ ᠣᠨᠴᠠᠯᠢᠭᠲᠤ ᠲᠠᠷᠢᠶᠠᠯᠠᠩ ᠢ ᠵᠣᠷᠢᠭᠵᠢᠭᠤᠯᠤᠨ ᠬᠥᠭᠵᠢᠭᠦᠯᠦᠨ᠎ᠡ᠃ ᠠᠭᠤᠯᠠᠨ ᠦᠪᠦᠷ ᠭᠠᠵᠠᠷ ᠣᠷᠣᠨ ᠳᠤ ᠴᠢᠨ᠋ᠸ᠎ᠠ ᠶᠢᠨ ᠬᠠᠷᠮᠠᠭ᠂ | ᠲᠥᠬᠦᠭᠡᠷᠦᠮᠵᠢᠲᠦ ᠭᠤᠯᠳᠦ᠋ᠩ ᠰᠠᠷᠠᠪᠴᠢ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠠᠭᠤᠯᠠ ᠶᠢᠨ ᠠᠷᠤ ᠶᠢᠨ ᠭᠠᠵᠠᠷ | ᠣᠷᠣᠨ ᠳᠤ ᠠᠮᠠᠷᠬᠠᠨ ᠬᠠᠭᠠᠷᠠᠬᠤ ᠡᠷᠳᠡᠨᠢ ᠰᠢᠰᠢ᠂ ᠰᠢᠬᠢᠷᠯᠢᠭ ᠡᠷᠳᠡᠨᠢ ᠰᠢᠰᠢ᠂ ᠵᠠᠬᠢᠶᠠᠯᠠᠭ᠎ᠠ ᠶᠢᠨ ᠢᠳᠡᠰᠢᠨ ᠨᠣᠭᠤᠭ᠎ᠠ᠂ ᠳᠠᠭᠤᠷᠢᠶᠠᠮᠠᠯ ᠬᠡᠭᠡᠷ᠎ᠡ ᠶᠢᠨ ᠬᠢᠲᠠᠳ | ᠡᠮ ᠤᠨ ᠮᠠᠲ᠋ᠧᠷᠢᠶᠠᠯ᠂ ᠵᠢᠵᠢᠭ ᠬᠤᠯᠢᠮᠠᠭ ᠠᠮᠤ ᠪᠤᠳᠠᠭ᠎ᠠ ᠵᠡᠷᠭᠡ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠲᠠᠢ᠂ ᠦᠷ᠎ᠡ ᠠᠰᠢᠭ ᠢᠶᠠᠷ ᠥᠨᠳᠥᠷ ᠰᠢᠨ᠎ᠡ ᠣᠨᠴᠠ | ᠠᠵᠤ ᠦᠢᠯᠡᠰ ᠢ ᠶᠡᠬᠡᠪᠡᠷ ᠳᠡᠯᠭᠡᠷᠡᠭᠦᠯᠵᠦ᠂ ᠪᠤᠷᠤᠲᠤᠬᠤᠢ ᠣᠷᠣᠨ ᠨᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ | ᠪᠣᠯᠭᠠᠵᠤ᠂ ᠠᠵᠤ ᠠᠬᠤᠶᠢᠯᠠᠯ ᠢ ᠳᠡᠮᠵᠢᠨ ᠨᠡᠷᠡᠨ ᠬᠤᠸᠠᠷ ᠤᠨ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠲᠦᠪᠯᠡᠷᠡᠭᠦᠯᠦᠨ ᠪᠣᠭᠤᠮᠲᠠ ᠰᠢᠪᠲᠤᠯᠵᠦ᠂ | ︽ᠵᠢᠪᠡᠷᠡᠬᠦ︾᠂ ︽ᠯᠧᠲ᠋ᠠᠩ ᠢ ᠡᠰᠡᠷᠭᠦᠴᠡᠬᠦ︾ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠲᠤᠭᠤᠷᠢᠭ ᠢ ᠪᠠᠶᠢᠭᠤᠯᠵᠤ᠂ ᠨᠡᠷᠡᠨ ᠬᠤᠸᠠᠷ ᠤᠨ ᠶᠠᠰᠤ ᠴᠢᠨᠠᠷ | ᠪᠠᠭᠤᠷᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠤᠨᠠᠯᠲᠠ ᠪᠠᠨ ᠨᠡᠮᠡᠭᠳᠡᠭᠦᠯᠬᠦ ᠣᠷᠤᠯᠭ᠎ᠠ ᠪᠠᠨ ᠨᠡᠮᠡᠭᠳᠡᠭᠦᠯᠬᠦ ᠶᠢ ᠪᠠᠲᠤᠯᠠᠨ᠎ᠠ | ᠃ ᠥᠨᠳᠥᠷ ᠦᠷ᠎ᠡ ᠪᠦᠲᠦᠮᠵᠢᠲᠦ ᠲᠥᠬᠦᠭᠡᠷᠦᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠲᠦᠬᠦᠭᠡᠷᠦᠮᠵᠢᠲᠦ ᠲᠠᠷᠢᠶᠠᠯᠠᠩ ᠳᠤ ᠨᠥᠬᠦᠪᠥᠷᠢ ᠦᠭᠬᠦ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠡᠶᠢᠳᠠᠪᠦᠷᠢᠵᠢᠭᠤᠯᠵᠤ᠂ ᠲᠥᠪᠯᠡᠷᠡᠨ ᠵᠠᠯᠭᠠᠯᠳᠤᠭᠰᠠᠨ ᠰᠦᠯᠢᠶᠣᠣ ᠲᠣᠮᠣ ᠰᠠᠷᠠᠪᠴᠢ ᠪᠠᠶᠢᠭᠤᠯᠬᠤ ᠶᠢ ᠭᠤᠤᠯᠳᠠᠯᠭ᠎ᠠ ᠲᠠᠢ | ᠲᠡᠮᠵᠢᠨ᠎ᠡ᠃ ᠤᠷᠠᠳ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠳᠤ ᠲᠦᠰᠢᠭᠯᠡᠨ᠂ ᠬᠤᠸᠠᠷ ᠴᠡᠴᠡᠭ᠂ ᠴᠢᠬᠢ ᠪᠤᠶᠢᠵᠢᠭᠤᠯᠬᠤ᠂ ᠥᠨᠳᠥᠷ | ᠪᠦᠲᠦᠮᠵᠢᠲᠡᠶ ᠲᠠᠷᠢᠵᠤ ᠪᠤᠶᠢᠵᠢᠭᠤᠯᠬᠤ᠂ ᠵᠢᠵᠢᠭ ᠬᠤᠯᠢᠮᠠᠭ ᠠᠮᠤ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢ | ᠬᠦᠯᠡᠮᠵᠢ ᠪᠠᠶᠢᠭᠤᠯᠵᠤ᠂ ᠵᠢᠮᠢᠰ ᠲᠡᠭᠦᠬᠦ᠂ ᠵᠢᠭᠠᠰᠤ ᠭᠥᠬᠢᠳᠡᠬᠦ ᠵᠡᠷᠭᠡ ᠰᠡᠯᠡᠭᠦᠴᠡᠨ ᠴᠡᠩᠭᠡᠬᠦ ᠲᠥᠷᠥᠯ ᠵᠦᠢᠯ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠤᠷᠠᠳ ᠤᠨ | ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠣᠷᠣᠨ ᠪᠠ ᠬᠤᠲᠠ ᠶᠢᠨ ᠲᠣᠭᠤᠷᠢᠭ ᠤᠨ | ᠰᠡᠯᠡᠭᠦᠴᠡᠨ ᠴᠡᠩᠭᠡᠬᠦ ︽ᠠᠷᠤ ᠴᠡᠴᠡᠷᠯᠢᠭ︾ ᠪᠣᠯᠭᠠᠨ ᠠᠯᠬᠤᠮ ᠠᠯᠬᠤᠮ ᠢᠶᠠᠷ ᠪᠠᠶᠢᠭᠤᠯᠤᠨ᠎ᠠ᠃ ᠭᠦᠩ ᠦᠨᠰᠦ᠋ᠮᠡ᠂ ᠰᠢᠶᠠᠨ ᠹᠧᠩ ᠲᠣᠰᠬᠤᠨ ᠵᠡᠷᠭᠡ | ᠲᠦᠬᠦᠭᠡᠷᠦᠮᠵᠢᠲᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠠᠪᠴᠠᠩ ᠪᠠ ᠬᠦᠢᠲᠡᠨ ᠢᠶᠠᠷ ᠢᠯᠭᠠᠨ ᠰᠠᠯᠭᠠᠵᠤ ᠪᠣᠭᠤᠳᠠᠯᠯᠠᠬᠤ ᠦᠢᠯᠡᠳᠪᠦᠷᠢ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠧᠩ ᠶᠧ ᠶᠢᠨ ᠲᠦᠬᠦᠭᠡᠷᠦᠮᠵᠢᠲᠦ ᠲᠠᠷᠢᠶᠠᠯᠠᠩ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠬᠠᠶᠠᠭᠳᠠᠭᠰᠠᠨ ᠬᠦᠯᠡᠮᠵᠢ ᠶᠢ ᠴᠡᠪᠡᠷᠯᠡᠨ ᠠᠮᠢᠯᠠᠭᠤᠯᠵᠤ᠂ ᠲᠦᠬᠦᠭᠡᠷᠦᠮᠵᠢᠲᠦ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠬᠦ ᠪᠤᠷᠤᠯᠠᠭᠤᠯᠬᠤ ᠶᠢ | ᠵᠤᠯᠭᠠᠯᠳᠤᠭᠤᠯᠬᠤ ᠠᠵᠢᠯ ᠢ ᠰᠠᠶᠢᠲᠤᠷ ᠬᠢᠵᠦ᠂ ᠲᠣᠭᠲᠠᠭᠤᠨ ᠵᠣᠴᠢᠳ ᠤᠨ ᠢᠷᠡᠯᠲᠡ ᠲᠠᠢ ᠦᠵᠦᠭᠦᠷ ᠵᠠᠬ᠎ᠠ ᠳᠡᠯᠭᠡᠭᠦᠷ ᠢ ᠪᠤᠢ ᠪᠣᠯᠭᠠᠨ᠎ᠠ᠃ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠹᠧᠩ ᠳ᠋ᠠ ᠶᠤᠸᠠᠨ᠂ ᠴᠠᠩ ᠰᠢᠩ ᠳ᠋ᠠ᠂ ᠾᠧ ᠰᠢᠩ᠂ ᠱᠦᠸᠧ ᠾᠧ ᠾᠧ᠂ | ᠲᠢᠶᠠᠨ ᠾᠧᠩ ᠡᠮ ᠦᠢᠯᠡᠳᠬᠦ ᠵᠡᠷᠭᠡ ᠲᠣᠯᠤᠭᠠᠶᠢᠯᠠᠭᠴᠢ ᠠᠵᠤ ᠠᠬᠤᠶᠢᠯᠠᠯ ᠢ ᠲᠡᠳᠬᠦᠵᠦ ᠪᠠᠶᠢᠭᠠᠳ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠦᠩ ᠵᠢᠩ | ᠵᠢᠶᠦ᠋ᠨ ᠿᠦᠩ ᠨᠡᠭᠦᠷᠡᠰᠦᠳᠦᠷᠦᠭᠴᠢᠲᠦ ᠠᠮᠢ ᠠᠬᠤᠢ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠤᠲᠠ ᠶᠢᠨ ᠱᠠᠲᠤᠨ ᠠᠴᠠ ᠳᠡᠭᠡᠭᠰᠢᠬᠢ ᠲᠣᠯᠤᠭᠠᠶᠢᠯᠠᠭᠴᠢ ᠠᠵᠤ ᠠᠬᠤᠶᠢᠯᠠᠯ ᠢ 6 ᠠᠴᠠ ᠳᠡᠭᠡᠭᠰᠢ ᠬᠦᠮᠦᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠰᠵᠢᠯᠲᠡ ᠶᠢᠨ ᠬᠤᠯᠪᠤᠭᠠᠯᠠᠭᠰᠠᠨ ᠰᠠᠭᠤᠷᠢᠨ ᠭᠠᠵᠠᠷ ᠢ 2 ᠠᠴᠠ ᠳᠡᠭᠡᠭᠰᠢ ᠡᠭᠦᠳᠦᠨ ᠪᠠᠶᠢᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ | ᠲᠦᠰᠢᠭᠯᠡᠨ᠂ ᠭᠠᠵᠠᠷ ᠰᠢᠷᠣᠢ ᠶᠢᠨ ᠡᠷᠭᠢᠯᠲᠡ ᠪᠠ ᠭᠠᠵᠠᠷ ᠰᠢᠷᠣᠢ ᠶᠢ ᠨᠠᠶᠢᠳᠠᠨ ᠬᠠᠮᠢᠶᠠᠷᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ 10 ᠲᠦᠮᠡᠨ ᠮᠤ᠋ | ᠭᠠᠵᠠᠷ ᠰᠢᠷᠣᠢ ᠶᠢ ᠪᠦᠬᠦᠨ ᠢ ᠨᠠᠶᠢᠳᠠᠨ ᠬᠠᠮᠢᠶᠠᠷᠠᠭᠤᠯᠬᠤ᠂ 20 ᠲᠦᠮᠡᠨ ᠮᠤ᠋ ᠦᠢᠯᠡᠳᠪᠦᠷᠢᠯᠡᠯ ᠤᠨ ᠦᠢᠯᠡᠴᠢᠯᠡᠭᠡᠨ ᠢ ᠨᠠᠶᠢᠳᠠᠨ ᠬᠠᠮᠢᠶᠠᠷᠠᠭᠤᠯᠬᠤ ᠶᠢ | ᠨᠠᠶᠢᠳᠠᠪᠦᠷᠢᠵᠢᠭᠤᠯᠬᠤ ᠪᠠᠷ ᠴᠢᠷᠮᠠᠶᠢᠵᠤ᠂ ᠭᠠᠵᠠᠷ ᠰᠢᠷᠣᠢ ᠶᠢᠨ ᠭᠠᠷᠤᠯᠲᠠ ᠶᠢ ᠨᠡᠮᠡᠭᠳᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠪᠠ ᠠᠵᠤ | ᠠᠬᠤᠶᠢᠯᠠᠯ ᠤᠨ ᠠᠰᠢᠭ ᠲᠤᠰᠠ ᠶᠢ ᠵᠡᠷᠭᠡᠪᠡᠷ ᠣᠯᠬᠤ ᠶᠢ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠃ ᠨᠡᠷ᠎ᠡ ᠳᠡᠮᠳᠡᠭᠲᠦ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠭᠤᠤᠯ ᠪᠣᠯᠭᠠᠵᠤ᠂ ᠲᠥᠷᠥᠯ ᠵᠦᠢᠯ ᠢ ᠰᠠᠶᠢᠵᠢᠷᠠᠭᠤᠯᠬᠤ ᠪᠠᠷ ᠲᠦᠰᠢᠭ ᠪᠣᠯᠭᠠᠨ᠂ ᠰᠢᠨ᠎ᠡ ᠮᠡᠷᠭᠡᠵᠢᠯ ᠢ ᠳᠡᠯᠭᠡᠷᠡᠭᠦᠯᠬᠦ ᠪᠠᠷ ᠭᠠᠷᠲᠠᠴᠠ ᠪᠣᠯᠭᠠᠵᠤ᠂ | ︽ᠲᠡᠭᠷᠢ ᠶᠢᠨ ᠬᠡᠰᠢᠭᠲᠦ ᠪᠣᠷᠤᠲᠣᠬᠤᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠬᠤ ᠡᠷᠴᠢᠮ ᠢ | ᠴᠢᠩᠭᠠᠷᠠᠭᠤᠯᠤᠨ᠂ ᠠᠵᠤ ᠠᠬᠤᠶᠢᠯᠠᠯ ᠢ ᠬᠠᠪᠰᠤᠷᠤᠨ ᠨᠥᠬᠦᠴᠡᠯ ᠳᠤ ᠨᠡᠶᠢᠴᠡᠬᠦ ᠦᠢᠯᠡᠳᠭᠦᠨ ᠢ ︽ᠲᠡᠭᠷᠢ ᠶᠢᠨ ᠬᠡᠰᠢᠭᠲᠦ ᠪᠣᠷᠤᠲᠣᠬᠤᠢ︾ ᠶᠢᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠲᠡᠮᠳᠡᠭᠲᠦ ᠶᠢ ᠭᠤᠶᠤᠴᠢᠯᠠᠨ ᠮᠡᠳᠡᠭᠦᠯᠵᠦ ᠬᠡᠷᠡᠭᠯᠡᠭᠦᠯᠦᠨ᠎ᠡ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ | ᠭᠡᠷᠡᠴᠢᠯᠡᠯ ᠢ ᠢᠳᠡᠪᠬᠢᠲᠡᠢ ᠥᠷᠨᠢᠭᠦᠯᠵᠦ᠂ ᠭᠡᠷᠡᠴᠢᠯᠡᠯ ᠤᠨ ᠪᠦᠲᠦᠭᠡᠭᠳᠡᠬᠦᠨ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ | ᠶᠢᠨ ᠠᠰᠢᠭ ᠰᠢᠮ᠎ᠡ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠠᠶᠤᠯ ᠦᠭᠡᠢ ᠶᠢ ᠮᠥᠷᠳᠡᠨ | ᠤᠬᠤᠴᠢᠯᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠠᠶᠢᠴᠠᠭᠠᠨᠰᠢᠯᠭᠠᠬᠤ ᠪᠠᠶᠢᠭᠤᠯᠤᠮᠵᠢ ᠶᠢᠨ ︽ | ᠬᠤᠤᠰ ᠭᠡᠷᠡᠴᠢᠯᠡᠭᠡ︾ ᠶᠢᠨ ᠠᠵᠢᠯ ᠢ ᠪᠡᠶᠡᠯᠡᠭᠦᠯᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯᠭᠦᠢ | ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠴᠢᠷᠮᠠᠶᠢᠨ ᠡᠭᠦᠳᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ︾ ᠶᠢ ᠨᠠᠩ ᠳᠣᠪᠤᠶᠢᠮ᠎ᠠ | ᠪᠠᠶᠢᠷᠢᠨ ᠳᠤ ᠲᠠᠯᠪᠢᠵᠤ᠂ ᠬᠤᠸᠠ ᠨᠠᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠠᠶ ᠺᠧ ᠨᠦᠩ ᠺᠣᠮᠫᠠᠨᠢ ᠵᠡᠷᠭᠡ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠯᠤᠭ᠎ᠠ ᠢᠳᠡᠪᠬᠢᠲᠡᠶ ᠪᠠᠷ ᠬᠤᠷᠰᠢᠯᠴᠠᠵᠤ᠂ ᠳ᠋ᠣᠺᠲ᠋ᠣᠷ ᠤᠨ ᠠᠵᠢᠯᠯᠠᠬᠤ ᠥᠷᠲᠡᠭᠡ᠂ ᠲᠤᠰᠬᠠᠶ | ᠮᠡᠷᠭᠡᠵᠢᠯᠲᠡᠨ ᠤ ᠠᠵᠢᠯᠯᠠᠬᠤ ᠥᠷᠲᠡᠭᠡ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠬᠦ | ᠬᠡᠷᠡᠭᠲᠡᠶ᠃ ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ 6 ᠲᠦᠮᠡᠨ ᠬᠥᠮᠦᠨ ︵ᠤᠳᠠᠭ᠎ᠠ︶ ᠠᠴᠠ ᠳᠡᠭᠡᠭᠰᠢᠬᠢ ᠰᠢᠨᠵᠢᠯᠡᠬᠦ | ᠤᠬᠠᠭᠠᠨ ᠮᠡᠷᠭᠡᠵᠢᠯ ᠤᠨ ᠪᠣᠯᠪᠠᠰᠤᠷᠠᠯ ᠢ ᠪᠡᠶᠡᠯᠡᠭᠦᠯᠵᠦ᠂ 120 ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ᠂ 400 ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ | ᠮᠠᠯᠴᠢᠨ ᠲᠠᠷᠢᠶᠠᠴᠢᠨ ᠢ ᠬᠥᠮᠦᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠨᠡᠮᠡᠭᠳᠡᠭᠦᠯᠵᠦ᠂ 3 — 5 ᠲᠣᠮᠣ ᠬᠡᠯᠪᠡᠷᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠡᠭᠦᠯᠳᠡᠷᠵᠢᠭᠦᠯᠵᠦ᠂ | ᠵᠢᠵᠢᠭ ᠲᠠᠷᠢᠶᠠᠯᠠᠬᠤ ᠡᠷᠦᠬᠡ ᠬᠢᠭᠡᠳ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠣᠷᠭᠠᠨᠢᠭ ᠢᠶᠠᠷ ᠵᠣᠯᠭᠠᠭᠤᠯᠬᠤ ᠶᠢ ᠳᠠᠶᠢᠴᠢᠯᠠᠨ᠎ᠠ᠃ ᠬᠤᠲᠠ ᠶᠢᠨ | ᠲᠠᠷᠢᠶᠠᠯᠠᠩ ᠤᠨ ᠡᠳ᠋ ᠪᠤᠳᠠᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ︽ᠬᠤᠭᠤᠴᠠᠭᠠᠲᠤ ᠪᠠᠷᠠᠭ᠎ᠠ + ᠳᠠᠭᠠᠳᠬᠠᠯ︾ ᠵᠡᠷᠭᠡ | ᠬᠤᠳᠠᠯᠳᠤᠭᠠᠨ ᠤ ᠳᠠᠭᠠᠳᠬᠠᠯ ᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ | ᠬᠥᠨᠳᠡᠶ︾ ᠲᠤᠰᠬᠠᠶ ᠠᠵᠢᠯ ᠤᠨ ᠬᠤᠷᠰᠢᠶ᠎ᠠ ᠶᠢ ᠪᠦᠬᠦ ᠲᠠᠯ᠎ᠠ ᠪᠠᠷ ᠴᠡᠪᠡᠷᠯᠡᠵᠦ᠂ ᠬᠤᠷᠰᠢᠶ᠎ᠠ ᠶᠢᠨ ᠠᠵᠢᠯᠯᠠᠭᠠᠨ ᠤ ᠵᠣᠬᠢᠴᠠᠮᠵᠢ ᠶᠢ ᠵᠢᠷᠤᠮᠵᠢᠭᠤᠯᠤᠨ᠂ ᠬᠤᠷᠰᠢᠶ᠎ᠠ ᠶᠢᠨ | ᠮᠡᠳᠡᠭᠡ ᠵᠠᠩᠭᠢ ᠳᠠᠮᠵᠢᠭᠤᠯᠬᠤ᠂ ᠦᠢᠯᠡᠳᠭᠦᠨ ᠪᠣᠷᠣᠯᠠᠭᠤᠯᠬᠤ᠂ ᠠᠰᠢᠭ ᠲᠤᠰᠠ ᠬᠤᠯᠪᠣᠭᠠᠯᠠᠬᠤ ᠵᠡᠷᠭᠡ ᠲᠠᠯ᠎ᠠ ᠪᠠᠷ ᠬᠢ ᠦᠢᠯᠡᠳᠦᠯ ᠢ ᠦᠨᠡᠨᠬᠦ ᠰᠠᠶᠢᠲᠤᠷ | ᠪᠠᠳᠠᠷᠠᠭᠤᠯᠤᠨ᠎ᠠ᠃ | ︵ᠭᠤᠷᠪᠠ︶ ᠣᠷᠣᠰᠢᠨ ᠰᠠᠭᠤᠬᠤ ᠣᠷᠴᠢᠨ ᠲᠣᠭᠤᠷᠢᠨ ᠤ ᠠᠮᠢ ᠠᠬᠤᠶᠢᠵᠢᠯ ᠢ ᠲᠦᠷᠭᠡᠳᠬᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ | ᠬᠦᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠮ ᠳᠠᠭᠠᠤ᠂ | ᠭᠡᠷ ᠪᠠᠶᠢᠰᠢᠩ ᠤᠨ ᠡᠮᠦᠨ᠎ᠡ ᠬᠤᠶᠢᠭᠤᠷᠬᠢ ᠬᠤᠭ ᠨᠣᠪᠰᠢ ᠶᠢ ᠪᠦᠬᠦᠨ ᠢ ᠴᠡᠪᠡᠷᠯᠡᠵᠦ᠂ ︽ᠰᠤᠮᠤ ᠪᠠᠯᠭᠠᠰᠤ ᠪᠠᠷ ᠭᠤᠣᠯᠯᠠᠭᠤᠯᠵᠤ᠂ ᠭᠠᠴᠠᠭ᠎ᠠ ᠳᠤᠭᠤᠶᠢᠯᠠᠩ | ᠬᠠᠷᠢᠭᠤᠴᠠᠵᠤ᠂ ᠭᠠᠴᠠᠭᠠᠨ ᠤ ᠠᠷᠠᠳ ᠥᠪᠡᠷᠲᠡᠭᠡᠨ ᠵᠠᠰᠠᠬᠤ᠂ ᠡᠳ᠋ ᠤᠨ ᠵᠠᠰᠠᠭ ᠠᠴᠠ ᠱᠠᠩᠨᠠᠯ ᠨᠥᠬᠦᠪᠥᠷᠢ ᠦᠭᠬᠦ︾ ᠤᠷᠲᠤ ᠬᠤᠭᠤᠴᠠᠭᠠᠲᠤ ᠪᠦᠲᠦᠮᠵᠢᠲᠡᠢ | ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ ᠤ ᠳᠦᠷᠢ ᠲᠥᠷᠬᠦ ᠶᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ 81 ᠲᠤᠤᠷ᠎ᠠ ᠲᠤᠯᠠᠭᠠᠨ | ᠢᠶᠠᠷ ᠢᠯᠴᠢ ᠢᠯᠭᠠᠷᠠᠭᠤᠯᠬᠤ ᠠᠮᠢᠳᠣᠷᠠᠯ ᠤᠨ ᠬᠤᠭ ᠨᠣᠪᠰᠢ ᠰᠢᠢᠳᠪᠦᠷᠢᠯᠡᠬᠦ ᠥᠷᠲᠡᠭᠡ ᠪᠠ 9 ᠲᠤᠰᠬᠤᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠪᠦᠳᠦᠬᠡᠨ ᠪᠠᠶᠢᠭᠤᠯᠤᠯᠳᠠ ᠶᠢ ᠪᠡᠶᠡᠯᠡᠭᠦᠯᠵᠦ᠂ 29 ᠺᠢᠯᠦᠮᠧᠲᠷ ᠤᠷᠲᠤ ᠪᠣᠬᠢᠷ ᠤᠰᠤᠨ ᠤ ᠬᠤᠭᠤᠯᠠᠢ ᠳᠡᠪᠢᠰᠪᠡ᠃ ᠮᠠᠯᠵᠢᠬᠤ ᠲᠠᠷᠢᠶᠠᠯᠠᠬᠤ | ᠣᠷᠣᠨ ᠤ ᠵᠣᠷᠯᠣᠩ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠠᠵᠢᠯ ᠤᠨ ᠠᠬᠢᠴᠠ ᠪᠠᠨ ᠲᠦᠷᠭᠡᠳᠭᠡᠬᠦ | ᠮᠦᠷᠲᠡᠭᠡᠨ ᠵᠢᠯ ᠤᠨ ᠳᠣᠲᠣᠷ᠎ᠠ ᠠᠷᠢᠭᠤᠨ ᠴᠡᠪᠡᠷ ᠵᠣᠷᠯᠣᠩ ᠤᠨ ᠨᠣᠷᠮ᠎ᠠ ᠶᠢ 85 % ᠲᠤ ᠬᠦᠷᠦᠭᠦᠯᠬᠦ ᠶᠢ ᠦᠨᠡᠨᠬᠦ ᠪᠠᠲᠤᠯᠠᠵᠤ᠂ ᠪᠠᠰᠠ ᠬᠤᠶᠢᠨᠠᠬᠢ | ᠬᠠᠮᠢᠶᠠᠷᠤᠯᠲᠠ ᠶᠢᠨ ᠦᠢᠯᠡᠴᠢᠯᠡᠭᠡᠨ ᠢ ᠴᠠᠭ ᠲᠤᠬᠠᠶ ᠳᠤᠨᠢ ᠳᠠᠭᠠᠭᠤᠯᠵᠦ᠂ ᠠᠷᠠᠳ ᠲᠤ ᠦᠢᠯᠡᠴᠢᠯᠡᠬᠦ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠨ᠎ᠡ᠃ ᠬᠥᠳᠡᠭᠡ | ᠲᠣᠰᠬᠤᠨ ᠤ ᠵᠠᠮ ᠪᠠ ᠠᠶᠢᠯ ᠲᠣᠰᠬᠤᠨ ᠢ ᠨᠣᠭᠤᠭᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠤᠢ ᠶᠢ ᠢᠳᠡᠪᠬᠢᠲᠡᠢ | ᠬᠥᠭᠵᠢᠭᠦᠯᠵᠦ᠂ ᠴᠡᠪᠡᠷ ᠲᠣᠬᠢᠯᠢᠭ ᠣᠷᠤᠰᠢᠨ ᠰᠠᠭᠤᠷᠢᠰᠢᠬᠤ ᠣᠷᠴᠢᠨ ᠲᠣᠭᠤᠷᠢᠨ ᠢ ᠪᠤᠢ ᠪᠣᠯᠭᠠᠨ᠎ᠠ᠃ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠷᠤᠨ ᠪᠠᠶᠢᠷᠢ | ᠶᠢᠨ ᠲᠠᠪᠠᠭᠤᠯᠢᠭ᠂ ᠦᠨᠳᠦᠰᠦᠳᠡᠨ ᠤ ᠵᠠᠩ ᠠᠭᠠᠯᠢ ᠵᠡᠷᠭᠡ ᠡᠯᠧᠮᠧᠨ᠋ᠲ ᠲᠠᠢ ᠤᠶᠠᠯᠳᠤᠭᠤᠯᠤᠨ᠂ ᠲᠤᠰᠬᠤᠨ ᠪᠠᠯᠭᠠᠰᠤᠨ ᠤ ᠲᠡᠰ ᠲᠡᠪᠰᠢᠬᠦ ᠶᠢ ᠲᠦᠷᠭᠡᠳᠭᠡᠨ | ᠠᠬᠢᠭᠤᠯᠵᠤ᠂ ᠰᠠᠭᠠᠳᠠᠭ ᠢ ᠤᠯᠤᠰ ᠤᠨ ᠤᠨᠴᠠᠯᠢᠭᠳᠤ ᠪᠠᠭ᠎ᠠ ᠪᠠᠯᠭᠠᠰᠤ᠂ ᠮᠤᠨᠠ ᠠᠭᠤᠯᠠ ᠢ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠬᠦᠯᠬᠦ ᠪᠠᠯᠭᠠᠰᠤ | ᠂ ᠶᠡᠭᠡ ᠰᠢᠭᠡᠳᠡᠢ ᠢ ᠡᠷᠴᠢᠮᠵᠢᠭᠰᠡᠨ ᠬᠦᠭᠵᠢᠯᠳᠡ ᠶᠢᠨ ᠣᠨᠴᠠᠯᠢᠭᠳᠣ ᠪᠠᠯᠭᠠᠰᠤ ᠵᠡᠷᠭᠡ ᠨᠢᠬᠡ ᠪᠦᠯᠦᠭ ᠪᠦᠷᠢᠨ ᠴᠢᠳᠠᠪᠤᠷᠢᠳᠤ᠂ ᠣᠷᠣᠰᠢᠨ ᠰᠠᠭᠤᠬᠤ ᠳᠤ | ᠲᠤᠬᠢᠷᠠᠮᠵᠢᠳᠠᠢ ᠵᠢᠱᠢᠶ᠎ᠡ ᠦᠵᠡᠬᠦᠯᠬᠦ ᠪᠠᠯᠭᠠᠰᠤ ᠶᠢ ᠴᠢᠷᠮᠠᠶᠢᠨ ᠪᠤᠢ ᠪᠤᠯᠭᠠᠨ᠎ᠠ᠃ ᠬᠤᠶᠢᠮᠣᠷ ᠲᠤᠰᠬᠤᠨ᠂ ᠬᠦᠩ ᠤᠨ ᠰᠦᠮ᠎ᠡ ᠲᠤᠰᠬᠤᠨ᠂ ᠠᠷᠴᠠ ᠭᠠᠴᠠᠭ᠎ᠠ ᠵᠡᠷᠭᠡ | ᠨᠢᠬᠡ ᠪᠦᠯᠦᠭ ᠤᠷᠴᠢᠨ ᠲᠤᠭᠤᠷᠢᠨ ᠭᠤᠶᠤ ᠰᠠᠶᠢᠬᠠᠨ᠂ ᠡᠷᠴᠢᠮᠵᠢᠭᠰᠡᠨ ᠬᠦᠭᠵᠢᠯᠳᠡ ᠲᠠᠢ᠂ ᠲᠡᠭᠦᠯᠳᠡᠷᠵᠢᠭᠰᠡᠨ ᠤᠨᠴᠠᠯᠢᠭᠳᠤ ᠭᠠᠴᠠᠭ᠎ᠠ ᠲᠤᠰᠬᠤᠨ ᠢ | ᠲᠦᠪᠯᠡᠷᠡᠭᠦᠯᠦᠨ ᠪᠠᠶᠢᠭᠤᠯᠵᠤ᠂ ᠬᠤᠩ ᠮᠢᠩ ᠲᠤᠰᠬᠤᠨ ᠢ ᠪᠦᠬᠦ ᠤᠷᠤᠨ ᠤ ᠰᠢᠶᠠᠩ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠬᠦᠯᠬᠦ ᠲᠤᠰᠬᠤᠨ | ᠪᠤᠯᠭᠠᠵᠤ᠂ ᠺᠠᠳ᠋ᠷ ᠤᠳ ᠢ ᠴᠢᠷᠮᠠᠶᠢᠬᠤ ᠴᠢᠭᠯᠡᠯ ᠲᠠᠢ᠂ ᠰᠤᠷᠤᠯᠴᠠᠬᠤ ᠲᠠᠭᠤᠷᠢᠶᠠᠯ ᠲᠠᠢ᠂ ᠭᠦᠢᠴᠡᠨ ᠲᠠᠪᠠᠭ᠋ᠤ ᠪᠠᠷᠢᠮᠵᠢᠶ᠎ᠠ ᠲᠠᠢ ᠪᠠᠶᠢᠯᠭᠠᠵᠤ᠂ ᠲᠠᠷᠢᠶᠠᠯᠠᠬᠤ | ᠮᠠᠯᠵᠢᠬᠤ ᠤᠷᠤᠨ ᠢ ᠵᠢᠩᠬᠢᠨᠢ ᠦᠵᠡᠮᠵᠢᠳᠦ ᠰᠠᠶᠢᠬᠠᠨ ᠬᠦᠳᠡᠭᠡ ᠲᠣᠰᠬᠤᠨ᠂ ᠵᠤᠯ ᠵᠢᠷᠭᠠᠯᠳᠤ ᠭᠡᠷ ᠬᠦᠷᠢᠶᠡᠯᠡᠩ ᠪᠤᠯᠭᠠᠨ᠎ᠠ᠃ | ︵ᠳᠦᠷᠪᠡ︶ ᠬᠦᠳᠡᠭᠡ ᠲᠤᠰᠬᠤᠨ ᠢ ᠵᠠᠰᠠᠨ ᠴᠡᠭᠴᠡᠯᠡᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠲᠠᠭᠡᠭᠰᠢᠯᠡᠭᠦᠯᠦᠨᠡ | ᠲᠦᠷᠦᠯ ᠵᠦᠢᠯ ᠂ ᠡᠳ᠋ ᠤᠨ ᠵᠠᠰᠠᠭ ᠤᠨ ᠪᠡᠯᠡ ᠤᠷᠤᠭᠤᠯᠤᠯᠳᠠ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ᠂ ᠦᠨᠳᠦᠰᠦᠨ ᠱᠠᠳᠣᠨ ᠤ ᠠᠵᠢᠯᠯᠠᠭᠠᠨ | ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠣᠯᠠᠮ ᠨᠢᠬᠡ ᠠᠯᠬᠤᠮ ᠴᠢᠩᠭᠠᠳᠬᠠᠨ᠂ ᠦᠨᠳᠦᠰᠦᠨ ᠱᠠᠳᠣᠨ ᠤ ᠪᠠᠶᠢᠭᠤᠯᠤᠯᠳᠠ ᠶᠢᠨ ᠠᠵᠢᠯ ᠤᠨ ᠬᠢᠷᠢ | ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠦᠨᠳᠦᠰᠦᠨ ᠱᠠᠳᠣᠨ ᠤ ᠨᠠᠮ ᠤᠨ ᠪᠠᠶᠢᠭᠤᠯᠤᠯᠳᠠ ᠶᠢ ᠠᠳᠬᠤᠬᠤ ᠪᠠᠷ ᠬᠦᠳᠡᠭᠡ ᠲᠤᠰᠬᠤᠨ ᠢᠶᠠᠨ | ᠬᠦᠭᠵᠢᠭᠦᠯᠦᠨ ᠮᠠᠨᠳᠣᠭᠤᠯᠬᠤ ᠶᠢ ᠦᠨᠡᠨᠬᠦ ᠠᠬᠢᠭᠤᠯᠤᠨ᠎ᠠ᠃ ᠦᠨᠳᠦᠰᠦᠨ ᠱᠠᠳᠣᠨ ᠤ ᠨᠡᠶᠢᠬᠡᠮ ᠤᠨ ᠵᠦᠷᠢᠴᠡᠯ ᠢ ᠵᠢᠭᠰᠠᠭᠠᠨ ᠪᠠᠶᠢᠴᠠᠭᠠᠵᠤ ᠡᠪᠰᠡᠭᠦᠯᠬᠦ ᠵᠤᠬᠢᠴᠠᠮᠵᠢ | ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠵᠦᠢ ᠶᠣᠰᠣᠨ ᠤ ᠱᠠᠭᠠᠷᠳᠠᠯᠭ᠎ᠠ ᠶᠢ ᠴᠠᠭ ᠲᠠᠷᠤᠢ ᠳᠤᠨᠢ ᠰᠡᠢᠳᠪᠦᠷᠢᠯᠡᠵᠦ᠂ ᠨᠤᠤᠷᠠᠯᠳᠤᠨ ᠰᠤᠷᠪᠤᠯᠵᠢᠯᠠᠬᠤ᠂ ᠦᠢᠮᠡᠭᠡᠨ | ᠲᠡᠭᠳᠡᠬᠡᠬᠦ᠂ ᠵᠦᠢ ᠪᠤᠰᠤ ᠪᠠᠷ ᠰᠤᠷᠪᠤᠯᠵᠢᠯᠠᠬᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠦ᠂ ᠤᠭᠰᠠᠭ᠎ᠠ ᠲᠦᠷᠦᠯ᠂ ᠱᠠᠰᠢᠨ ᠰᠤᠷᠲᠠᠬᠤᠨ ᠤ ᠬᠦᠴᠦᠨ | ᠢᠶᠠᠷ ᠨᠤᠲᠤᠭ ᠤᠰᠤᠨ ᠳᠠᠭᠠᠨ ᠶᠣᠰᠤ ᠪᠣᠰᠤ ᠪᠠᠷ ᠠᠭᠠᠰᠢᠯᠠᠬᠤ᠂ ᠡᠵᠡᠷᠬᠡᠭ ᠬᠠᠷᠬᠢᠰ᠂ ᠠᠷᠠᠳ ᠢ ᠳᠤᠷᠤᠮᠵᠢᠯᠠᠨ ᠬᠤᠣᠷ ᠬᠦᠨᠦᠭᠡᠯ ᠳᠤ ᠤᠴᠠᠷᠠᠭᠤᠯᠤᠭᠰᠠᠨ | ᠲᠤᠰᠬᠤᠨ ᠤ ᠬᠠᠷᠬᠢᠰᠴᠤᠳ ᠵᠡᠷᠭᠡ ᠬᠠᠷᠬᠢᠰ ᠬᠡᠷᠴᠡᠭᠡᠢ ᠬᠦᠴᠦᠨ ᠢ ᠡᠷᠡᠰ ᠦᠭᠡᠶᠢᠰᠬᠡᠨ᠎ᠡ᠃ ︽ᠤᠭ ᠰᠠᠨᠠᠭ᠎ᠠ ᠪᠠᠨ ᠤᠮᠠᠷᠳᠠᠬᠤ ᠦᠬᠡᠢ᠂ ᠡᠭᠦᠷᠭᠡ ᠬᠠᠷᠢᠭᠤᠴᠠᠯᠭ᠎ᠠ | ᠪᠠᠨ ᠪᠠᠳᠣ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢᠶᠠᠷ ᠠᠵᠠ ᠲᠤᠬᠢᠶᠠᠯ ᠪᠤᠯᠭᠠᠵᠤ᠂ ︽ᠬᠠᠮᠤᠭ ᠰᠠᠶᠢᠬᠠᠨ ᠬᠡᠷ ᠪᠦᠯᠢ︾᠂ ︽ᠨᠢᠮᠪᠠᠢ ᠪᠡᠷᠢ︾ ᠵᠡᠷᠭᠡ ᠶᠢ | ᠰᠢᠯᠭᠠᠷᠠᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ᠂ ᠣᠯᠠᠨ ᠲᠦᠮᠡᠨ ᠤ ᠵᠢᠯᠤᠭᠤᠳᠤᠨ ᠪᠣᠯᠪᠠᠰᠤᠨ ᠢ ᠡᠷᠬᠢᠮᠯᠡᠬᠦ᠂ ᠰᠢᠨ᠎ᠡ ᠰᠤᠷᠲᠠᠯ ᠢ ᠪᠣᠢ ᠪᠣᠯᠭᠠᠵᠤ᠂ | ᠭᠤᠸ᠎ᠠ ᠦᠵᠡᠰᠭᠦᠯᠡᠩ ᠂ ᠡᠶ᠎ᠡ ᠵᠣᠬᠢᠴᠠᠩᠭᠤᠢ᠂ ᠪᠣᠯᠪᠠᠰᠤᠨ ᠨᠡᠶᠢᠭᠡᠮ ᠤᠨ ᠰᠢᠨ᠎ᠡ ᠰᠤᠷᠲᠠᠯ ᠢ ᠪᠠᠶᠢᠭᠤᠯᠤᠨ᠎ᠠ᠃ | ᠳᠦᠷᠪᠡ᠂ ᠬᠠᠮᠢᠶᠠᠷᠤᠯᠲᠠ ᠶᠢ ᠠᠳᠬᠤᠨ᠂ ᠳᠤᠲᠠᠭᠤᠳᠠᠯ ᠢ ᠨᠥᠬᠦᠪᠥᠷᠢᠯᠡᠵᠦ᠂ ᠬᠤᠲᠠ ᠪᠠᠯᠭᠠᠰᠤ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ | ᠣᠶᠢᠷ᠎ᠠ ᠶᠢᠨ ᠵᠢᠯ ᠤᠳ ᠤᠨ ᠲᠦᠷᠭᠡᠨ ᠬᠦᠭᠵᠢᠯᠲᠡ ᠪᠠᠷ ᠳᠠᠮᠵᠢᠨ᠂ ᠬᠤᠲᠠ ᠶᠢᠨ ᠲᠦᠯᠦᠪ ᠪᠠᠶᠢᠳᠠᠯ ᠦᠨᠳᠦᠰᠦᠨ ᠳᠡᠭᠡᠨ ᠪᠠᠶᠢᠭᠤᠯᠤᠭᠳᠠᠵᠤ᠂ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠨᠢ ᠨᠢᠭᠡᠨᠲᠡ ᠲᠤᠳᠤᠭᠠᠳᠤ ᠠᠭᠤᠯᠬᠤᠨ ᠮᠠᠶ᠋ᠢᠭ ᠤᠨ ᠬᠦᠭᠵᠢᠯᠳᠡ ᠶᠢᠨ ᠰᠢᠨ᠎ᠡ ᠱᠠᠲᠤᠨ ᠳᠤ ᠣᠷᠤᠪᠠ᠃ ᠪᠢᠳᠠ ︽ᠲᠠᠪᠤᠨ | ᠬᠤᠲᠠ ᠶᠢᠨ ᠪᠠᠶᠢᠭᠤᠯᠤᠯᠳᠠ ᠶᠢ ᠬᠠᠮᠲᠦ ᠪᠠᠷ ᠡᠭᠦᠳᠬᠦ︾ ᠪᠠᠷ ᠬᠤᠲᠠ ᠶᠢᠨ ᠬᠦᠭᠵᠢᠯᠲᠡ ᠶᠢ ᠨᠢᠭᠡᠳᠦᠯᠲᠡᠢ ᠵᠢᠯᠤᠭᠤᠳᠤᠭᠤᠯᠵᠤ᠂ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠭᠠᠳᠠᠭᠰᠢ ᠪᠠᠨ ᠦᠷᠭᠡᠳᠭᠡᠬᠦ ᠠᠴᠠ ᠠᠭᠤᠯᠬᠤᠨ ᠢᠶᠠᠨ ᠳᠡᠭᠡᠭᠰᠢᠯᠡᠭᠦᠯᠦᠨ ᠬᠤᠪᠢᠷᠠᠭᠤᠯᠬᠤ ᠶᠢ ᠠᠬᠢᠭᠤᠯᠵᠤ᠂ ᠣᠳᠤᠬᠢᠴᠢᠯᠠᠭᠰᠠᠨ ᠠᠮᠢ ᠠᠬᠤᠢ | ᠶᠢᠨ ᠬᠦᠷᠢᠶᠡᠯᠡᠩᠳᠦ ᠬᠤᠲᠠ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ᠃ | ︵ᠨᠢᠭᠡ︶ ᠬᠤᠲᠠ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭ᠎ᠠ ᠲᠥᠯᠥᠪᠵᠢᠭᠦᠯᠦᠨ ᠬᠡᠷᠡᠭᠵᠢᠭᠦᠯᠵᠦ᠂ | ᠲᠥᠯᠥᠪᠵᠢᠭᠦᠯᠭᠡ ᠶᠢᠨ ᠲᠦᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠨ᠎ᠠ᠃ ᠬᠤᠲᠠ ᠶᠢᠨ ᠲᠣᠭᠤᠷᠢᠭ ᠤᠨ ᠵᠠᠮ ᠤᠨ ᠲᠣᠣᠷᠵᠢᠯ ᠢ | ᠲᠡᠭᠦᠯᠳᠡᠷᠵᠢᠭᠦᠯᠵᠦ᠂ ᠮᠡᠷᠭᠡᠨ ᠰᠢᠷ᠎ᠠ ᠣᠷᠤᠢ ᠵᠠᠮ᠂ ᠴᠠᠩ ᠱᠧᠩ ᠵᠡᠭᠡᠯᠢ᠂ ᠠᠷᠠᠳ ᠤᠨ ᠠᠮᠢᠳᠤᠷᠠᠯ ᠵᠠᠮ ᠵᠡᠷᠭᠡ ᠵᠠᠮ ᠢ ᠤᠷᠲᠤᠳᠬᠠᠬᠤ ᠪᠠᠷᠢᠯᠭ᠎ᠠ ᠶᠢ ᠬᠡᠷᠡᠭᠵᠢᠭᠦᠯᠵᠦ | ᠂ ᠳ᠋ᠦᠩ ᠹᠧᠩ ᠶᠡᠭᠡ ᠵᠡᠭᠡᠯᠢ ᠶᠢᠨ ᠡᠪᠳᠡᠭᠳᠡᠭᠰᠡᠨ ᠬᠡᠰᠡᠭ ᠢ ᠵᠠᠰᠠᠨ ᠪᠠᠶᠢᠭᠤᠯᠬᠤ ᠠᠵᠢᠯ ᠢ ᠪᠡᠶᠡᠯᠡᠭᠦᠯᠵᠦ᠂ ᠪᠠᠶᠠᠨᠬᠤᠸᠠ ᠵᠡᠭᠡᠯᠢ᠂ ᠡᠮᠦᠨ᠎ᠡ ᠲᠣᠭᠤᠷᠢᠯ ᠵᠠᠮ ᠢ | ᠨᠤᠷᠠᠭᠠᠨ ᠪᠠᠶᠢᠭᠤᠯᠬᠤ ᠢᠨᠵᠧᠨᠧᠷᠢᠩ ᠢ ᠢᠳᠡᠪᠬᠢᠲᠡᠢ ᠲᠦᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠵᠠᠰᠠᠮᠠᠯ ᠵᠠᠮ ᠤᠨ ᠳᠣᠲᠣᠭᠠᠳᠤ ᠲᠤᠭᠤᠷᠢᠯ ᠢ | ᠭᠠᠳᠠᠭᠰᠢ ᠬᠤᠯᠪᠣᠬᠤ ᠶᠢ ᠪᠡᠶᠡᠯᠡᠭᠦᠯᠦᠨ᠎ᠡ᠃ ᠬᠤᠲᠠ ᠶᠢᠨ ᠭᠡᠷᠡᠯᠲᠦᠭᠦᠯᠭᠡ ᠶᠢᠨ ᠢᠨᠵᠧᠨᠧᠷᠢᠩ ᠢ ᠠᠬᠢᠭᠤᠯᠵᠤ᠂ ᠳ᠋ᠦᠩ ᠹᠧᠩ ᠶᠡᠭᠡ ᠵᠡᠭᠡᠯᠢ᠂ ᠵᠧᠩ ᠰᠢᠩ ᠶᠡᠭᠡ | ᠵᠡᠭᠡᠯᠢ᠂ ᠰᠤᠷᠭᠠᠨ ᠬᠥᠮᠦᠵᠢᠯ ᠤᠨ ᠵᠠᠮ ᠵᠡᠷᠭᠡ 5 ᠵᠤᠷᠪᠤᠰ ᠵᠠᠮ ᠤᠨ ᠭᠡᠷᠡᠯᠲᠦᠭᠦᠯᠭᠡ ᠶᠢᠨ ᠲᠣᠨᠤᠭ ᠲᠦᠬᠦᠭᠡᠷᠦᠮᠵᠢ ᠶᠢ ᠰᠢᠨᠡᠳᠬᠡᠵᠦ᠂ ᠰᠢᠨ᠎ᠡ ᠪᠠᠷ ᠪᠠᠶᠢᠭᠤᠯᠤᠭᠰᠠᠨ | ᠵᠠᠮ ᠤᠨ ᠭᠡᠷᠡᠯᠲᠦᠭᠦᠯᠭᠡ ᠶᠢᠨ ᠲᠤᠨᠤᠭ ᠲᠦᠬᠦᠭᠡᠷᠦᠮᠵᠢ ᠶᠢ ᠢᠵᠢ ᠪᠦᠷᠢᠳᠦᠭᠦᠯᠵᠦ᠂ ᠵᠠᠮ ᠤᠨ ᠳ᠋ᠧᠩ ᠤᠨ ᠤᠶᠤᠨᠲᠤ ᠬᠢᠨᠠᠨ ᠡᠵᠡᠮᠰᠢᠬᠦ ᠰᠢᠰᠲ᠋ᠧᠮ ᠢ ᠤᠭᠰᠠᠷᠠᠵᠤ᠂ | ᠭᠡᠷᠡᠯᠲᠦᠭᠦᠯᠭᠡ ᠶᠢ ᠬᠤᠲᠠ ᠶᠢᠨ ᠲᠣᠭᠤᠷᠢᠭ ᠲᠤ ᠪᠦᠷᠬᠦᠭᠦᠯᠬᠦ ᠶᠢ ᠪᠡᠶᠡᠯᠡᠭᠦᠯᠦᠨ᠎ᠡ᠃ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠬᠦ ᠠᠵᠢᠯ ᠢ ᠦᠷᠭᠦᠯᠵᠢᠯᠡᠨ | ᠬᠡᠷᠡᠭᠵᠢᠭᠦᠯᠵᠦ᠂ 10 ᠺᠢᠯᠣᠮᠧᠲᠷ ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠢᠨ᠎ᠡ ᠪᠠᠷ ᠥᠭᠡᠷᠡᠴᠢᠯᠡᠨ ᠤᠭᠰᠠᠷᠠᠵᠤ᠂ ᠨᠥᠬᠦᠴᠡᠯ ᠳᠤ ᠨᠡᠶᠢᠴᠡᠬᠦ ᠲᠡᠭᠰᠢ | ᠤᠷᠤᠶᠢᠳᠤ ᠪᠠᠶᠢᠰᠢᠩ ᠭᠡᠷ ᠢ ᠲᠥᠪᠯᠡᠷᠡᠭᠦᠯᠦᠨ ᠢᠯᠴᠢ ᠬᠠᠩᠭᠠᠬᠤ ᠰᠢᠰᠲ᠋ᠧᠮ ᠳᠤ ᠣᠷᠤᠭᠤᠯᠬᠤ ᠶᠢ ᠲᠦᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠢᠯᠴᠢ | ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠪᠣᠷᠣᠭᠠᠨ ᠤ ᠪᠣᠬᠢᠷᠲᠤᠯ ᠤᠰᠤᠨ ᠤ ᠬᠤᠭᠤᠯᠠᠢ ᠶᠢᠨ ᠲᠣᠣᠷᠵᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠂ 7.3 ᠺᠢᠯᠦᠮᠧᠲᠷ ᠪᠣᠷᠣᠭᠠᠨ ᠤ ᠪᠣᠬᠢᠷᠲᠤᠯ ᠤᠰᠤᠨ ᠤ ᠬᠤᠭᠤᠯᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠪᠣᠷᠣᠭᠠᠨ ᠤ ᠪᠣᠬᠢᠷᠲᠤᠯ ᠤᠰᠤ ᠶᠢ ᠬᠤᠷᠢᠶᠠᠨ | ᠴᠤᠭᠯᠠᠭᠤᠯᠵᠤ ᠭᠠᠳᠠᠭᠰᠢᠯᠠᠭᠤᠯᠬᠤ ᠰᠢᠰᠲ᠋ᠧᠮ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠭᠠᠵᠠᠷ ᠳᠣᠣᠷᠠᠬᠢ ᠤᠰᠤ ᠶᠢᠨ ᠪᠣᠬᠢᠷ ᠣᠰᠤᠨ ᠤ ᠬᠤᠭᠤᠯᠠᠢ ᠶᠢᠨ | ᠲᠣᠣᠷ ᠲᠤ ᠨᠡᠪᠴᠢᠨ ᠣᠷᠣᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ | ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ᠃ ᠤᠷᠠᠳ ᠤᠨ ᠬᠠᠳᠤᠨ ᠭᠤᠤᠯ ᠤᠨ ᠵᠤᠭᠠᠴᠠᠯ ᠤᠨ ᠬᠦᠷᠢᠶᠡᠯᠡᠩ ᠪᠠ ᠰᠡᠬᠡᠭᠡᠲᠡᠨ ᠵᠠᠯᠠᠭᠤᠴᠤᠳ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠷᠠᠳ ᠤᠨ ᠪᠣᠳᠠᠰ ᠤᠨ ᠪᠤᠰᠤ ᠦᠯᠡᠳᠡᠭᠳᠡᠯ ᠰᠣᠶᠣᠯ ᠤᠨ ᠭᠤᠤᠯ ᠰᠡᠳᠦᠪᠲᠦ ᠴᠡᠴᠡᠷᠯᠢᠭ᠂ ᠳᠤᠮᠳᠠᠳᠤ ᠶᠢᠨ | ᠰᠢᠯᠦᠭ ᠳᠠᠭᠤᠯᠠᠯ ᠤᠨ ᠬᠦᠷᠢᠶᠡᠯᠡᠩ ᠵᠡᠷᠭᠡ ᠦᠵᠡᠮᠵᠢ ᠶᠢᠨ ᠴᠡᠴᠡᠷᠯᠢᠭ ᠤᠨ ᠨᠤᠭᠤᠭᠠᠷᠠᠵᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂ ᠮᠤᠨᠠ ᠠᠭᠤᠯᠠ ᠶᠢᠨ | ᠵᠡᠭᠦᠨ ᠭᠤᠤᠯ ᠤᠨ ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠮᠡᠳᠡᠭᠦᠯᠦᠨ᠎ᠡ᠃ ᠵᠤᠭᠠᠴᠠᠯ ᠤᠨ ᠬᠦᠷᠢᠶᠡᠯᠡᠩ ᠤᠨ | ᠠᠭᠤᠳᠠᠮ ᠲᠠᠯᠠᠪᠠᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠵᠦ ᠰᠡᠯᠪᠢᠨ ᠵᠠᠰᠠᠵᠤ᠂ ᠣᠯᠠᠨ ᠲᠦᠮᠡᠨ ᠤ ᠪᠡᠶ᠎ᠡ | ᠮᠠᠬᠠᠪᠤᠳ ᠢᠶᠠᠨ ᠴᠢᠭᠢᠷᠠᠭᠵᠢᠭᠤᠯᠵᠤ ᠰᠡᠯᠡᠭᠦᠴᠡᠬᠦ ᠬᠡᠷᠡᠭᠴᠡᠭᠡ ᠶᠢ ᠦᠨᠡᠨᠬᠦ ᠬᠠᠩᠭᠠᠨ᠎ᠠ᠃ ᠣᠯᠠᠨ ᠨᠡᠶᠢᠲᠡ ᠶᠢᠨ ᠰᠤᠶᠤᠯ ᠲᠠᠮᠢᠷ᠂ ᠪᠤᠯᠪᠠᠰᠤᠨ ᠬᠤᠳᠠᠯᠳᠤᠭᠠᠨ ᠤ | ᠦᠢᠯᠡᠰ ᠢ ᠬᠦᠭᠵᠢᠭᠦᠯᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠭᠤᠴᠢᠨ ᠰᠤᠯᠠ ᠪᠠᠷᠢᠯᠭ᠎ᠠ ᠶᠢ ᠲᠠᠬᠢᠨ ᠠᠰᠢᠭᠯᠠᠬᠤ ᠪᠠᠷ ᠲᠦᠯᠦᠪᠯᠡᠨ᠎ᠡ᠃ | ︵ᠬᠤᠶᠠᠷ︶ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠳᠠ ᠶᠢᠨ ᠤᠷᠤᠨ ᠰᠠᠭᠤᠴᠠ ᠶᠢᠨ ᠤᠳᠤ ᠶᠢᠨ ᠪᠠᠶᠢᠳᠠᠯ | ᠪᠠ ᠤᠯᠠᠨ ᠲᠦᠮᠡᠨ ᠤ ᠣᠷᠣᠨ ᠰᠠᠭᠤᠴᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠤᠷᠤ ᠭᠡᠷᠳᠦ ᠤᠷᠤᠨ ᠰᠠᠭᠤᠴᠠ ᠶᠢᠨ ᠦᠬᠡᠷᠡᠴᠢᠯᠡᠯᠳᠡ᠂ ᠲᠡᠭᠰᠢ ᠤᠷᠤᠶᠢᠳᠤ | ᠬᠡᠷ ᠪᠠᠶᠢᠰᠢᠩ ᠤᠨ ᠲᠤᠭᠤᠷᠢᠭ ᠤᠨ ᠵᠠᠰᠠᠨ ᠴᠡᠭᠴᠡᠯᠡᠯᠳᠡ ᠂ ᠰᠠᠶᠢᠵᠢᠷᠠᠯᠭᠤᠯᠤᠯᠳᠠ ᠶᠢᠨ ᠴᠢᠨᠠᠷᠳᠠᠢ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢ | ᠨᠢᠬᠡᠳᠦᠯᠳᠡᠢ ᠠᠬᠢᠭᠤᠯᠤᠨ᠎ᠠ᠃ ᠯᠢ ᠳ᠋ᠦ᠋ ᠬᠤᠸᠠ ᠲᠢᠩ᠂ ᠶᠢᠨ ᠵᠢᠶᠠᠩ ᠮᠢᠩ ᠶᠤᠸᠠᠨ ᠵᠡᠷᠭᠡ 12 ᠪᠣᠷᠤ ᠭᠡᠷᠲᠦ ᠣᠷᠣᠨ ᠰᠠᠭᠤᠴᠠ ᠶᠢᠨ ᠦᠭᠡᠷᠡᠴᠢᠯᠡᠯᠲᠡ ᠶᠢᠨ | ᠲᠥᠷᠥᠯ ᠵᠦᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠮᠢᠩ ᠰᠢᠩ ᠠᠭᠤᠳᠠᠮ ᠲᠠᠯᠠᠪᠠᠢ ᠶᠢᠨ ᠡᠷᠭᠢᠨ ᠲᠣᠭᠤᠷᠢᠨ ᠤ ᠪᠣᠷᠤ ᠭᠡᠷᠲᠦ ᠤᠷᠤᠨ ᠰᠠᠭᠤᠴᠠ ᠶᠢᠨ | ᠦᠭᠡᠷᠡᠴᠢᠯᠡᠯᠲᠡ ᠪᠠ ᠪᠤᠭᠤᠲᠤ ᠠᠴᠠ ᠯᠠᠨᠵᠧᠤ ᠬᠦᠷᠬᠦ ᠲᠡᠮᠦᠷ ᠵᠠᠮ ᠳᠠᠭᠠᠤ ᠪᠠ ᠡᠮᠦᠨ᠎ᠡ ᠲᠣᠭᠤᠷᠢᠯ ᠵᠠᠮ ᠤᠨ ᠪᠣᠷᠤ ᠭᠡᠷᠲᠦ ᠣᠷᠣᠨ ᠤ ᠲᠥᠷᠥᠯ ᠵᠦᠢᠯ ᠢ | ᠲᠠᠲᠠᠪᠤᠷᠢᠯᠠᠨ ᠨᠤᠷᠠᠭᠠᠬᠤ ᠠᠵᠢᠯ ᠢ ᠡᠬᠢᠯᠡᠭᠦᠯᠵᠦ᠂ ᠳᠦᠷᠪᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠬᠤᠶᠢᠳᠤ ᠲᠠᠯ᠎ᠠ᠂ ᠤᠤᠯ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠬᠤᠶᠢᠲᠤ ᠲᠠᠯ᠎ᠠ ᠵᠡᠷᠭᠡ 6 ᠲᠡᠭᠰᠢ ᠣᠷᠤᠶᠢᠲᠦ ᠪᠠᠶᠢᠰᠢᠩ ᠭᠡᠷ ᠤᠨ ᠲᠣᠭᠤᠷᠢᠭ᠂ 1162 ᠢᠵᠢ ᠪᠦᠷᠢᠨ ᠪᠤᠰᠤ ᠣᠷᠣᠨ ᠰᠠᠭᠤᠴᠠ ᠶᠢᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠨᠡᠶᠢᠲᠡ ᠶᠢᠨ ᠬᠥᠷᠥᠩᠭᠡ ᠶᠢᠨ ᠠᠰᠠᠷ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠭᠡᠷ ᠪᠦᠯᠢ ᠶᠢᠨ ᠠᠰᠠᠷ ᠵᠡᠷᠭᠡ 5 ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠦᠨᠡᠨᠬᠦ | ᠰᠠᠶᠢᠵᠢᠷᠠᠭᠤᠯᠤᠨ᠎ᠠ᠃ ᠬᠠᠲᠠᠭᠤ ᠣᠷᠣᠨ ᠰᠠᠭᠤᠴᠠ ᠶᠢᠨ ᠬᠡᠷᠡᠭᠴᠡᠭᠡ ᠪᠠᠷ ᠰᠠᠭᠤᠷᠢ ᠪᠣᠯᠭᠠᠨ᠂ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠪᠠᠷ ᠨᠥᠬᠦᠪᠥᠷᠢ | ᠪᠣᠯᠭᠠᠵᠤ᠂ ᠨᠢᠬᠡ ᠪᠦᠯᠦᠭ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠤᠯᠠᠨ ᠲᠦᠮᠡᠨ ᠤ ᠤᠯᠠᠨ | ᠲᠠᠪᠬᠤᠷᠭᠠᠳᠤ ᠤᠷᠤᠨ ᠰᠠᠭᠤᠴᠠ ᠶᠢᠨ ᠱᠠᠭᠠᠷᠳᠠᠯᠭ᠎ᠠ ᠶᠢ ᠬᠠᠩᠭᠠᠨ᠎ᠠ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ︽ᠦᠨᠡᠮᠯᠡᠯ ᠠᠪᠬᠤ ᠳᠤ ᠬᠦᠴᠢᠷ︾ | ᠵᠡᠷᠭᠡ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠤᠨ ᠭᠠᠷᠳᠠᠮ ᠢᠶᠠᠨ ᠲᠡᠭᠦᠯᠳᠡᠷᠵᠢᠭᠦᠯᠬᠦ ᠶᠢ ᠱᠠᠭᠠᠷᠳᠠᠬᠤ ᠶᠢᠨ ᠬᠠᠮᠳᠤ᠂ ᠬᠡᠷ ᠪᠠᠶᠢᠰᠢᠩ ᠤᠨ ᠶᠠᠰᠤ ᠴᠢᠨᠠᠷ | ᠂ ᠭᠠᠯ ᠤᠨᠳᠠᠷᠠᠭᠠᠬᠤ ᠠᠮᠤᠷ ᠲᠦᠪᠰᠢᠨ ᠢᠶᠠᠷ ᠤᠷᠢᠳᠠᠯ ᠪᠤᠯᠭᠠᠵᠤ᠂ ᠡᠩ ᠲᠡᠷᠢᠭᠦᠨ ᠳᠤ ᠤᠯᠠᠨ ᠲᠦᠮᠡᠨ ᠳᠤ ᠲᠤᠭᠳᠠᠮᠠᠯ ᠡᠳ᠋ ᠬᠦᠷᠦᠩᠭᠡ ᠶᠢ ᠲᠠᠩᠰᠠᠯᠠᠵᠤ ᠦᠭᠴᠦ | ᠂ ᠤᠯᠠᠨ ᠲᠦᠮᠡᠨ ᠤ ᠤᠯᠠᠨ ᠵᠢᠯ ᠤᠨ ᠰᠡᠳᠬᠢᠯ ᠤᠨ ᠲᠠᠷᠤᠭᠠᠰᠤ ᠪᠤᠯᠤᠭᠰᠠᠨ ᠬᠡᠷᠡᠭ ᠤᠴᠢᠷ ᠢ ᠰᠡᠢᠳᠪᠦᠷᠢᠯᠡᠵᠦ ᠦᠭᠭᠦᠨ᠎ᠡ᠃ | ︵ᠭᠤᠷᠪᠠ︶ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ᠂ | ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ | ᠵᠣᠬᠢᠴᠡᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠮ ᠡᠵᠡᠯᠡᠨ ᠡᠵᠡᠩᠨᠡᠬᠦ᠂ ᠬᠤᠭ ᠨᠣᠪᠰᠢ ᠪᠣᠬᠢᠷ ᠤᠰᠤ ᠶᠢ ᠳᠤᠷ᠎ᠠ ᠪᠠᠷ ᠢᠶᠠᠨ ᠬᠠᠶᠠᠬᠤ ᠵᠡᠷᠭᠡ ᠬᠤᠲᠠ ᠶᠢᠨ ᠡᠮᠬᠢ | ᠵᠠᠮᠪᠠᠷᠠᠭ᠎ᠠ ᠦᠭᠡᠢ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ ᠲᠡᠷᠭᠡᠨ | ᠵᠣᠭᠰᠣᠭᠠᠯ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ | ᠴᠢᠳᠠᠮᠵᠢᠲᠤ ᠣᠷᠣᠨ ᠤ ᠬᠤᠪᠢᠶᠠᠷᠢᠯᠠᠯ ᠪᠠ ᠵᠠᠬ᠎ᠠ ᠳᠡᠯᠭᠡᠭᠦᠷ ᠲᠤ ᠣᠷᠣᠭᠤᠯᠬᠤ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠦᠵᠡᠮᠵᠢᠳᠦ ᠰᠠᠶᠢᠬᠠᠨ ᠵᠡᠭᠡᠯᠢ | ᠭᠤᠳᠤᠮᠵᠢ ᠶᠢ ᠪᠤᠢ ᠪᠣᠯᠭᠠᠨ᠎ᠠ᠃ ᠠᠳᠠᠯ ᠠᠬᠤᠢ ᠶᠢᠨ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠵᠣᠬᠢᠴᠠᠮᠵᠢ ᠶᠢ | ᠲᠡᠭᠦᠯᠳᠡᠷᠵᠢᠭᠦᠯᠵᠦ᠂ 8 ᠪᠣᠷᠤ ᠭᠡᠷᠲᠦ ᠣᠷᠣᠨ ᠤ ᠦᠬᠡᠷᠡᠴᠢᠯᠡᠯᠳᠡ ᠬᠢᠭᠰᠡᠨ ᠲᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠢ ᠢᠵᠢ ᠪᠦᠷᠢᠳᠦᠭᠦᠯᠵᠦ᠂ ᠠᠳᠠᠯ | ᠠᠬᠤᠢ ᠶᠢᠨ ᠠᠵᠤ ᠠᠬᠤᠶᠢᠯᠠᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠲᠤᠭᠤᠷᠢᠭ ᠤᠨ ᠡᠷᠡᠭᠦᠯ ᠬᠠᠮᠠᠭᠠᠯᠠᠯ ᠪᠠᠷᠤᠭᠳᠠᠢ᠂ ᠬᠠᠮᠢᠶᠠᠷᠤᠯᠳᠠ ᠰᠠᠮᠠᠭᠤᠨ | ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠨᠡᠶᠢᠲᠡ ᠶᠢᠨ ᠮᠠᠰᠢᠨ ᠲᠡᠷᠭᠡᠨ ᠤ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠵᠤ᠂ ᠲᠦᠷᠢᠶᠡᠰᠦᠨ ᠮᠠᠰᠢᠨ | ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡ ᠶᠢᠨ ᠡᠵᠡᠩᠨᠡᠯᠲᠡ ᠶᠢ ᠵᠢᠷᠤᠮᠵᠢᠭᠤᠯᠵᠤ᠂ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠵᠢᠷᠤᠮ ᠢ | ᠰᠠᠶᠢᠵᠢᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠬᠤᠳᠠ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ | ᠤᠨ ᠬᠠᠮᠢᠶᠠᠷᠤᠯᠳᠠ ᠶᠢ ᠴᠢᠩᠭᠠᠷᠠᠭᠤᠯᠵᠤ᠂ ᠬᠤᠳᠠ ᠶᠢᠨ ᠲᠡᠭᠦᠷᠭᠡ ᠶᠢᠨ ᠤᠶᠠᠯᠳᠤᠯ ᠬᠡᠰᠡᠭ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠳᠠ | ᠶᠢᠨ ᠤᠷᠳᠤ ᠬᠤᠭᠤᠴᠠᠭᠠᠳᠤ ᠵᠤᠬᠢᠴᠠᠮᠵᠢ ᠶᠢ ᠪᠠᠶᠢᠭᠤᠯᠵᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠳᠠᠨ ᠤ ᠴᠠᠯᠢᠩ ᠤᠯᠭᠤᠮᠵᠢ ᠶᠢᠨ ᠬᠡᠪ ᠤᠨ | ᠨᠡᠮᠡᠭᠳᠡᠯ ᠤᠨ ᠵᠤᠬᠢᠴᠠᠮᠵᠢ ᠶᠢ ᠪᠦᠷᠢᠨᠰᠢᠭᠦᠯᠦᠨ᠎ᠡ᠃ ᠬᠤᠲᠠ ᠶᠢᠨ ᠪᠤᠯᠪᠠᠰᠤᠨ ᠤ ᠬᠦᠮᠦᠵᠢᠯ ᠢ ᠦᠷᠬᠡᠨ ᠲᠠᠯᠠᠶᠢᠴᠢᠳᠠᠢ ᠶᠠᠪᠤᠭᠳᠠᠭᠤᠯᠵᠤ᠂ ᠬᠤᠳᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠬᠦᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠬᠠᠮᠳᠤᠪᠠᠷ ᠪᠠᠶᠢᠭᠤᠯᠤᠨ ᠬᠠᠮᠳᠤᠪᠠᠷ ᠬᠠᠮᠢᠶᠠᠷᠬᠤ ᠬᠦᠮᠦᠨ ᠨᠡᠶᠢᠬᠡᠮ | ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ | ᠲᠠᠪᠤ᠂ ᠦᠢᠯᠡᠴᠢᠯᠡᠭᠡ ᠶᠢ ᠠᠳᠬᠤᠵᠤ᠂ ᠠᠷᠠᠯᠵᠢᠶ᠎ᠠ ᠬᠤᠳᠠᠯᠳᠤᠭ᠎ᠠ ᠶᠢ ᠠᠮᠢᠳᠤᠯᠢᠭ ᠪᠣᠯᠭᠠᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠢ | ᠪᠤᠶᠢᠵᠢᠭᠤᠯᠤᠨ᠎ᠠ | ᠦᠢᠯᠡᠴᠢᠯᠡᠭᠡᠨ ᠤ ᠦᠢᠯᠡᠰ ᠪᠣᠯ ᠮᠠᠨ ᠤ ᠬᠤᠰᠢᠭᠤᠨ ᠤ ᠰᠢᠨ᠎ᠡ ᠬᠦᠳᠡᠯᠭᠡᠬᠦ ᠡᠨᠧᠷᠭᠢ ᠶᠢ ᠬᠦᠮᠦᠵᠢᠭᠦᠯᠬᠦ ᠯᠤᠳᠤ ᠶᠡᠭᠡ ᠳᠠᠯᠳᠠ ᠬᠦᠴᠦᠨ ᠪᠤᠯᠤᠨ᠎ᠠ᠃ ᠪᠢᠳᠠ | ᠡᠷᠬᠡᠪᠰᠢ ᠣᠷᠤᠨ ᠪᠠᠶᠢᠷᠢ᠂ ᠵᠠᠮ ᠬᠠᠷᠢᠯᠴᠠᠭ᠎ᠠ᠂ ᠠᠵᠤ ᠦᠢᠯᠡᠰ ᠪᠠ ᠡᠬᠢ ᠰᠤᠷᠪᠤᠯᠵᠢ ᠶᠢᠨ ᠳᠠᠪᠠᠭᠤᠯᠢᠭ ᠲᠤ ᠲᠦᠰᠢᠭᠯᠡᠨ᠂ ᠭᠤᠷᠪᠠᠳᠤᠭᠠᠷ ᠠᠵᠤ ᠦᠢᠯᠡᠰ ᠤᠨ | ᠠᠮᠢᠵᠢᠷᠠᠯ ᠤᠨ ᠬᠦᠴᠦᠨ ᠢ ᠬᠦᠭᠵᠢᠭᠡᠨ᠂ ᠬᠤᠲᠠ ᠬᠦᠳᠡᠭᠡᠨ ᠤ ᠴᠡᠴᠡᠭᠯᠡᠯᠳᠡ ᠬᠦᠭᠵᠢᠯᠲᠡ ᠶᠢ ᠳᠠᠶᠢᠴᠢᠯᠠᠨ᠎ᠠ᠃ | ︵ᠨᠢᠭᠡ︶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ ᠤᠨ ᠠᠵᠤ ᠠᠬᠤᠶ ᠶᠢ | ᠶᠡᠬᠡᠪᠡᠷ ᠬᠥᠭᠵᠢᠭᠦᠯᠵᠦ᠂ ᠣᠷᠣᠨ ᠨᠤᠲᠤᠭ ᠤᠨ ᠰᠣᠶᠣᠯ ᠤᠨ ᠠᠭᠤᠯᠤᠭᠳᠠᠬᠤᠨ ᠢ ᠭᠦᠢᠴᠡᠳ ᠠᠭᠤᠳᠠᠯᠵᠤ᠂ ᠮᠤᠨᠠ ᠶᠢᠨ ᠰᠣᠶᠣᠯ᠂ ᠬᠠᠳᠤᠨ ᠭᠤᠤᠯ ᠤᠨ ᠰᠣᠶᠣᠯ᠂ | ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠰᠡᠭᠡᠭᠡᠳᠡᠨ ᠰᠣᠶᠤᠯ ᠢ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠪᠦᠬᠦ ᠶᠠᠪᠤᠴᠠ ᠳᠤ ᠠᠭᠤᠰᠬᠠᠨ ᠣᠷᠣᠭᠤᠯᠵᠤ | ᠂ ᠪᠠᠷᠠᠭᠤᠨ ᠬᠡᠰᠡᠭ ᠣᠷᠤᠨ ᠤ ᠣᠨᠴᠠᠯᠢᠭᠲᠤ ᠵᠢᠭᠤᠯᠴᠢᠯᠠᠯ ᠤᠨ ᠴᠢᠬᠤᠯᠠ ᠵᠣᠷᠢᠭᠰᠠᠨ ᠭᠠᠵᠠᠷ ᠪᠤᠯᠭᠠᠬᠤ ᠪᠠᠷ ᠴᠢᠷᠮᠠᠶᠢᠨ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠬᠠᠳᠤᠨ ᠭᠤᠤᠯ ᠤᠨ ᠬᠢᠲᠠᠳ ᠦᠰᠦᠭ ᠤᠨ ︽ᠵᠢᠢ︾ ᠦᠰᠦᠭᠲᠦ ᠪᠤᠯᠤᠩ ᠤᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠰᠢᠭᠯᠠᠨ᠂ | ᠮᠤᠨᠠ ᠠᠭᠤᠯᠠ ᠤᠯᠤᠰ ᠤᠨ ᠬᠠᠳᠤᠨ ᠭᠤᠤᠯ ᠤᠨ ᠨᠤᠭᠤ ᠭᠠᠵᠠᠷ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠡᠯᠡᠰᠦ ᠮᠠᠩᠬ᠎ᠠ᠂ ᠲᠠᠯ᠎ᠠ | ᠨᠤᠲᠤᠭ᠂ ᠣᠢ ᠰᠢᠭᠤᠶ ᠨᠤᠭᠤ ᠭᠠᠵᠠᠷ ᠬᠠᠳᠤᠨ ᠭᠤᠤᠯ ᠳᠠᠭᠠᠤ ᠶᠢᠨ ᠵᠠᠩ ᠦᠢᠯᠡ ᠶᠢᠨ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃ ᠵᠤᠤ ᠤᠯᠤᠰ ᠴᠢᠨ | ᠤᠯᠤᠰ ᠤᠨ ᠦᠶ᠎ᠡ ᠶᠢᠨ ᠤᠷᠲᠤ ᠴᠠᠭᠠᠨ ᠬᠡᠷᠡᠮ ᠤᠨ ᠪᠠᠭᠤᠷᠢ ᠶᠢᠨ ᠴᠡᠴᠡᠷᠯᠢᠭ ᠢ ᠡᠬᠢᠯᠡᠨ ᠪᠠᠶᠢᠭᠤᠯᠵᠤ᠂ ᠮᠤᠨᠠ ᠠᠭᠤᠯᠠ ᠶᠢᠨ ᠬᠠᠳᠠᠨ ᠵᠢᠷᠤᠭ ᠵᠡᠷᠭᠡ ᠲᠡᠤᠬᠡᠨ | ᠦᠯᠡᠳᠡᠭᠳᠡᠯ ᠢ ᠬᠠᠮᠠᠭᠠᠯᠠᠯᠲᠠ ᠶᠢᠨ ᠴᠢᠨᠠᠷᠲᠠᠢ ᠪᠠᠷ ᠨᠡᠭᠡᠭᠡᠨ ᠬᠦᠭᠵᠢᠭᠦᠯᠬᠦ ᠶᠢ ᠰᠠᠶᠢᠲᠤᠷ ᠠᠳᠬᠤᠵᠤ᠂ ᠠᠭᠠᠷ ᠠᠶᠠᠯᠠᠯ ᠤᠨ ᠵᠢᠵᠢᠭ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠠᠰᠠᠷ ᠤᠨ ᠰᠣᠶᠣᠯ ᠤᠨ ᠬᠦᠷᠢᠶᠡᠯᠡᠩ ᠪᠠ ᠨᠡᠶᠢᠭᠡᠮ ᠤᠨ ᠦᠢᠯᠡᠳᠦᠯᠭᠡ ᠬᠥᠮᠦᠵᠢᠯ ᠤᠨ ᠰᠠᠭᠤᠷᠢᠨ ᠭᠠᠵᠠᠷ ᠢ | ᠲᠡᠭᠦᠯᠳᠡᠷᠵᠢᠭᠦᠯᠵᠦ᠂ ᠣᠷᠣᠨ ᠪᠦᠰᠡ ᠶᠢᠨ ᠰᠣᠳᠣᠨ ᠵᠤᠭᠠᠴᠠᠯ ᠤᠨ ᠵᠠᠮ ᠱᠤᠭᠤᠮ ᠢ ᠪᠦᠷᠢᠯᠳᠦᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠢ | ᠶᠡᠬᠡᠪᠡᠷ ᠬᠥᠭᠵᠢᠭᠦᠯᠵᠦ᠂ ᠭᠦᠩ ᠲᠢᠶᠠᠨ ᠲᠣᠰᠬᠤᠨ᠂ ᠱᠦᠶ ᠲᠦᠩ ᠲᠤᠤᠷᠠᠢ ᠮᠣᠳᠤᠨ ᠤ ᠦᠵᠡᠮᠵᠢ ᠶᠢᠨ ᠣᠷᠣᠨ ᠵᠡᠷᠭᠡ ᠵᠢᠱᠢᠶ᠎ᠡ ᠦᠵᠡᠭᠦᠯᠬᠦ ᠴᠡᠭ ᠤᠨ ᠪᠦᠲᠦᠭᠡᠨ | ᠪᠠᠶᠢᠭᠤᠯᠤᠯᠲᠠ ᠶᠢᠨ ᠳᠡᠰ ᠵᠡᠷᠭᠡ ᠶᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠵᠢᠭᠤᠯᠴᠢᠯᠠᠯ ᠤᠨ ᠪᠦᠲᠦᠭᠡᠭᠳᠡᠬᠦᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠥᠪᠡᠰᠦᠪᠡᠨ ᠵᠢᠯᠣᠭᠤᠳᠬᠤ ᠵᠢᠭᠤᠯᠴᠢᠯᠠᠯ᠂ ᠰᠣᠶᠣᠯ ᠤᠨ ᠵᠢᠭᠤᠯᠴᠢᠯᠠᠯ᠂ ᠡᠷᠡᠭᠦᠯ ᠮᠡᠨᠳᠦ ᠶᠢᠨ ᠵᠢᠭᠤᠯᠴᠢᠯᠠᠯ᠂ ᠪᠡᠶ᠎ᠡ ᠶᠢᠨ ᠲᠠᠮᠢᠷ ᠤᠨ | ᠵᠢᠭᠤᠯᠴᠢᠯᠠᠯ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ | ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠤᠯᠢᠶᠠᠰᠤ ᠨᠠᠭᠤᠷ ᠢ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ᠂ ᠬᠠᠰᠠᠷ | ᠰᠣᠶᠣᠯ ᠵᠢᠭᠤᠯᠴᠢᠯᠠᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠭᠤᠯᠴᠢᠯᠠᠯ ᠤᠨ ᠰᠣᠶᠣᠯ ᠤᠨ | ᠨᠡᠷ᠎ᠡ ᠲᠡᠮᠳᠡᠭᠲᠦ ᠶᠢᠨ ᠨᠥᠯᠥᠭᠡᠯᠡᠯ ᠢ ᠨᠡᠮᠡᠭᠳᠡᠭᠦᠯᠦᠨ᠎ᠡ᠃ | ︵ᠬᠤᠶᠠᠷ︶ ᠡᠯᠧᠺᠲᠷᠣᠨ ᠬᠤᠳᠠᠯᠳᠤᠭᠠᠨ ᠤ ᠡᠳ᠋ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ︽ᠲᠡᠭᠷᠢ ᠶᠢᠨ | ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠲᠡᠮᠳᠡᠭᠲᠦ ᠶᠢ ᠳᠡᠯᠭᠡᠷᠡᠭᠦᠯᠬᠦ ᠪᠠᠷ ᠭᠤᠤᠯ ᠰᠢᠵᠢᠮ ᠪᠣᠯᠭᠠᠵᠤ᠂ ᠲᠤᠤ ᠪᠦᠦ᠂ ᠵᠢᠩ | ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠷᠠᠳ ᠡᠭᠦᠯᠡ᠂ ᠮᠢᠩᠭᠠᠨ ᠲᠠᠯ᠎ᠠ᠂ ᠫᠠᠩ ᠨᠦᠩ᠂ | ᠬᠠᠷᠮᠠᠭ ᠬᠤᠰᠢᠭᠤᠴᠢ ᠵᠡᠷᠭᠡ ᠣᠨᠴᠠᠯᠢᠭᠲᠤ ᠡᠯᠧᠺᠲᠷᠣᠨ ᠬᠤᠳᠠᠯᠳᠤᠭᠠᠨ ᠤ ᠬᠥᠭᠵᠢᠨ ᠪᠤᠵᠠᠭᠠᠶᠢᠷᠠᠬᠤ ᠶᠢ ᠲᠡᠳᠬᠦᠨ ᠳᠠᠮᠵᠢᠵᠤ᠂ ᠲᠦᠷᠬᠡᠨ ᠭᠠᠷ ᠰᠢᠭᠤᠳ | ᠨᠡᠪᠲᠡᠷᠡᠭᠦᠯᠭᠡ ᠵᠡᠷᠭᠡ ᠰᠦᠯᠵᠢᠶ᠎ᠡ ᠪᠠᠷ ᠪᠣᠷᠣᠯᠠᠭᠤᠯᠬᠤ ᠲᠠᠪᠴᠠᠩ ᠢ ᠭᠦᠢᠴᠡᠳ ᠠᠰᠢᠭᠯᠠᠨ᠂ ᠨᠡᠷᠡᠨ ᠬᠤᠸᠠᠷ ᠤᠨ ᠦᠷ᠎ᠡ᠂ ᠵᠢᠵᠢᠭ ᠬᠤᠯᠢᠮᠠᠭ ᠠᠮᠤ᠂ ᠴᠢᠨ᠋ᠸ᠎ᠠ ᠶᠢᠨ | ᠬᠠᠷᠮᠠᠭ ᠵᠡᠷᠭᠡ ᠰᠢᠯᠢᠳᠡᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠦᠯᠵᠢᠶᠡᠨ ᠲᠡᠭᠡᠷ᠎ᠡ ᠪᠠ ᠰᠦᠯᠵᠢᠶᠡᠨ | ᠭᠠᠳᠠᠨ᠎ᠠ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠲᠣᠰ ᠭᠠᠵᠠᠷ ᠣᠷᠣᠨ ᠤ ᠣᠨᠴᠠᠯᠢᠭ ᠪᠦᠬᠦᠢ ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ | ᠪᠤᠶᠢᠵᠢᠭᠤᠯᠵᠤ᠂ ᠦᠢᠯᠡᠳᠭᠦᠨ ᠤ ᠶᠠᠰᠤ ᠴᠢᠨᠠᠷ ᠤᠨᠲ᠋ᠤᠭᠲᠠᠯᠴᠠᠭᠠ ᠪᠠ ᠡᠬᠢ ᠰᠤᠷᠪᠤᠯᠵᠢ ᠶᠢ ᠮᠥᠷᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ᠲᠢᠶᠠᠨ | ᠾᠧᠩ ᠡᠮ ᠦᠢᠯᠡᠳᠬᠦ᠂ ᠹᠧᠩ ᠳ᠋ᠠ ᠶᠤᠸᠠᠨ ᠵᠡᠷᠭᠡ ᠠᠵᠤ ᠠᠬᠤᠶᠢᠯᠠᠯ ᠤᠨ 30 ᠲᠠᠷᠢᠶᠠᠯᠠᠩ ᠤᠨ ᠣᠨᠴᠠ ᠲᠥᠷᠥᠯ ᠤᠨ ᠦᠢᠯᠡᠳᠭᠦᠨ ᠤ ᠢᠷᠡᠯᠲᠡ ᠶᠢ ᠮᠥᠷᠳᠡᠵᠦ᠂ | ᠬᠡᠷᠡᠭᠯᠡᠭᠴᠢᠳ ᠲᠤ ᠴᠢᠨᠠᠷ ᠰᠠᠶᠢᠲᠠᠶ ᠲᠠᠷᠢᠶᠠᠯᠠᠩ ᠤᠨ ᠣᠨᠴᠠ ᠲᠥᠷᠥᠯ ᠤᠨ ᠦᠢᠯᠡᠳᠭᠡᠭᠦᠨ ᠢ ᠦᠢᠯᠡᠳᠪᠦᠷᠢᠯᠡᠵᠦ ᠪᠤᠯᠪᠠᠰᠤᠷᠠᠭᠤᠯᠬᠤ ᠪᠦᠬᠦ ᠶᠠᠪᠤᠴᠠ ᠶᠢ ᠴᠠᠭ | ᠲᠤᠬᠠᠶ ᠳᠤᠨᠢ ᠦᠵᠡᠭᠦᠯᠵᠦ᠂ ᠦᠢᠯᠡᠳᠭᠦᠨ ᠤ ᠠᠯᠳᠠᠷᠰᠢᠯ ᠪᠠ ᠨᠡᠷ᠎ᠡ ᠬᠦᠨᠳᠦ ᠶᠢ ᠳᠡᠭᠡᠭᠰᠢᠯᠡᠭᠦᠯᠦᠨ᠎ᠡ᠃ ᠲᠣᠣᠷ ᠰᠦᠯᠵᠢᠶᠡᠨ ᠤ ᠰᠠᠭᠤᠷᠢ ᠲᠣᠨᠤᠭ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 5G ᠲᠣᠣᠷ ᠰᠦᠯᠵᠢᠶᠡᠨ ᠤ ᠬᠤᠲᠠ ᠲᠣᠭᠤᠷᠢᠭ ᠤᠨ ᠬᠤᠳᠠᠯᠳᠤᠭᠠᠨ ᠤ ᠬᠡᠷᠡᠭᠯᠡᠯᠲᠡ ᠶᠢ | ᠪᠡᠶᠡᠯᠡᠭᠦᠯᠦᠨ᠎ᠡ᠃ ᠰᠢᠤᠳᠠᠨ ᠤ ᠶᠠᠪᠤᠳᠠᠯ ᠤᠨ ᠬᠤᠪᠢᠶᠠᠷᠢᠯᠠᠨ ᠰᠠᠯᠭᠠᠬᠤ ᠲᠣᠣᠷ ᠴᠢᠭ ᠵᠡᠷᠭᠡ ᠡᠯᠧᠺᠲᠷᠤᠨ ᠬᠤᠳᠠᠯᠳᠤᠭᠠᠨ ᠤ ᠡᠳ᠋ ᠪᠠᠷᠠᠭᠠᠨ ᠤ ᠭᠦᠢᠯᠭᠡᠭᠡᠨ ᠤ | ᠲᠤᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠳ᠋ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ︽ | ᠬᠠᠮᠤᠭ ᠤᠨ ᠡᠴᠦᠰ ᠤᠨ ᠨᠢᠭᠡ ᠺᠢᠯᠦᠮᠧᠲᠷ︾ ᠢ ᠦᠨᠡᠨᠬᠦ ᠨᠡᠪᠲᠡᠷᠡᠭᠦᠯᠦᠨ᠎ᠡ᠃ | ︵ᠭᠤᠷᠪᠠ︶ ᠮᠥᠩᠭᠦᠨ ᠭᠦᠢᠯᠭᠡᠭᠡᠨ ᠤ ᠬᠦᠴᠦᠨ ᠨᠡᠮᠡᠷᠢᠯᠡᠬᠦ ᠦᠢᠯᠡᠳᠦᠯ ᠢ ᠪᠠᠳᠠᠷᠠᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢᠲᠦ | ᠵᠢᠭᠡᠯᠡᠯᠭᠡ ᠶᠢᠨ ᠦᠢᠯᠡᠳᠭᠦᠨ ᠤ ᠰᠢᠨ᠎ᠡ ᠶᠢ ᠡᠭᠦᠳᠬᠦ ᠶᠢ ᠳᠠᠮᠵᠢᠵᠤ᠂ ᠲᠣᠭᠲᠠᠮᠠᠯ ᠪᠣᠰᠤ ᠬᠥᠷᠥᠩᠭᠡ ᠶᠢᠨ ᠪᠠᠷᠢᠴᠠᠭᠠᠳᠤ ᠵᠢᠭᠡᠯᠡᠯᠭᠡ ᠵᠡᠷᠭᠡ ᠲᠤᠬᠠᠶᠢᠯᠠᠭᠰᠠᠨ ᠠᠵᠢᠯ ᠢ | ᠰᠦᠪᠡᠭᠴᠢᠯᠡᠨ ᠦᠷᠨᠢᠭᠦᠯᠵᠦ᠂ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠢᠯᠭᠡᠭᠡ ᠵᠡᠷᠭᠡ ᠵᠠᠭᠪᠤᠷ ᠢᠶᠠᠷ ᠳᠠᠮᠵᠢᠭᠤᠯᠤᠨ ᠪᠡᠯᠡ | ᠬᠤᠷᠠᠮᠳᠤᠭᠤᠯᠬᠤ ᠶᠢ ᠵᠣᠷᠢᠭᠵᠢᠭᠤᠯᠤᠨ᠂ ᠳ᠋ᠠ ᠵᠦᠩ ᠠᠭᠤᠷᠬᠠᠢ ᠶᠢᠨ ᠦᠢᠯᠡᠰ ᠶᠢᠨ ᠺᠤᠮᠫᠠᠨᠢ᠂ ᠲᠢᠶᠠᠨ ᠾᠧᠩ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ | ᠺᠣᠮᠫᠠᠨᠢ ᠵᠡᠷᠭᠡ ᠨᠦᠬᠦᠴᠡᠯ ᠲᠠᠢ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ ᠠᠬᠢᠭᠤᠯᠵᠤ᠂ ᠰᠢᠬᠡᠳᠡᠢ ᠠᠷᠢᠬᠢᠨ | ᠦᠢᠯᠡᠰ ᠤᠨ ᠺᠤᠮᠫᠠᠨᠢ ᠶᠢᠨ ︽ᠰᠢᠨ᠎ᠡ ᠭᠤᠷᠪᠠᠳᠤᠭᠠᠷ ᠬᠠᠪᠳᠠᠭᠠᠢ ᠬᠡᠰᠡᠭ︾ ᠲᠤ ᠫᠠᠶᠢᠰᠠ ᠡᠯᠭᠦᠬᠦ ᠶᠢ ᠲᠡᠮᠵᠢᠨ᠎ᠡ᠃ ᠨᠡᠩ ᠤᠯᠠᠨ ᠠᠵᠤ ᠠᠬᠤᠶᠢᠯᠠᠯ ᠢ ᠤᠯᠠᠨ | ᠲᠠᠪᠬᠤᠷᠭᠠᠳᠤ ᠬᠦᠷᠦᠩᠭᠡ ᠶᠢᠨ ᠵᠠᠬ᠎ᠠ ᠲᠡᠯᠭᠡᠭᠦᠷ ᠲᠤ ᠤᠷᠤᠭᠤᠯᠬᠤ ᠪᠠᠷ ᠴᠢᠷᠮᠠᠶᠢᠵᠤ᠂ ᠪᠡᠯᠡ ᠬᠤᠷᠠᠮᠳᠤᠭᠤᠯᠬᠤ ᠵᠠᠮ ᠰᠤᠪᠠᠭ ᠢ ᠦᠷᠭᠡᠳᠭᠡᠨ᠎ᠡ᠃ ᠮᠥᠩᠭᠦᠨ | ᠭᠦᠢᠯᠭᠡᠭᠡᠨ ᠤ ᠢᠲᠡᠭᠡᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠠᠩᠬᠢ ᠪᠠ ᠠᠵᠤ ᠠᠬᠤᠶᠢᠯᠠᠯ ᠢ ᠬᠠᠷᠢᠯᠴᠠᠨ ᠵᠣᠯᠭᠠᠭᠤᠯᠬᠤ ᠦᠢᠯᠡᠴᠢᠯᠡᠭᠡ ᠶᠢ | ᠴᠢᠩᠭᠠᠳᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠨ᠎ᠡ᠃ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠷᠡ ᠶᠤᠰᠤᠭᠠᠷ ᠨᠠᠶᠢᠳᠠᠪᠦᠷᠢᠵᠢᠭᠤᠯᠵᠦ᠂ ᠬᠦᠴᠢᠷᠳᠡᠯᠲᠡᠶ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ | ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ ᠢᠯᠠᠨ ᠳᠠᠪᠠᠭ᠋ᠤ ᠬᠥᠭᠵᠢᠯᠲᠡ ᠶᠢᠨ ᠰᠠᠭᠤᠷᠢ ᠮᠥᠩᠭᠦ ᠶᠢ | ᠴᠢᠷᠮᠠᠶᠢᠨ ᠣᠯᠵᠤ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠬᠦᠴᠢᠷᠳᠡᠯ ᠢ ᠴᠢᠷᠮᠠᠶᠢᠨ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠢᠶᠠᠷ | ᠲᠠᠷᠢᠶᠠᠯᠠᠩ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠵᠠᠷ ᠰᠢᠷᠣᠶ᠂ ᠨᠤᠲᠤᠭ ᠪᠡᠯᠴᠢᠭᠡᠷ ᠪᠠ ᠣᠷᠣᠨ ᠰᠠᠭᠤᠴᠠ ᠶᠢᠨ ᠰᠠᠭᠤᠷᠢ ᠭᠠᠵᠠᠷ ᠤᠨ | ᠡᠷᠬᠡ ᠶᠢ ᠨᠤᠲᠠᠯᠠᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠭᠠᠵᠠᠷ ᠰᠢᠷᠣᠶ᠂ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ᠂ ᠣᠷᠣᠨ ᠰᠠᠭᠤᠴᠠ ᠶᠢᠨ | ᠰᠠᠭᠤᠷᠢ ᠭᠠᠵᠠᠷ ᠤᠨ ᠬᠡᠷᠡᠭᠯᠡᠬᠦ ᠡᠷᠬᠡ ᠶᠢᠨ ᠪᠠᠷᠢᠴᠠᠭᠠᠳᠤ ᠵᠢᠭᠡᠯᠡᠯᠭᠡ ᠶᠢ ᠲᠦᠯᠬᠢᠨ ᠠᠬᠢᠭᠤᠯᠵᠤ᠂ ᠮᠠᠯ ᠤᠨᠤᠭ᠎ᠠ᠂ ᠠᠮᠤ ᠪᠤᠳᠠᠭ᠎ᠠ ᠵᠡᠷᠭᠡ ᠪᠠᠷᠢᠴᠠᠭᠠᠳᠤ ᠵᠢᠭᠡᠯᠡᠯᠭᠡ ᠶᠢ | ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠵᠦᠶ ᠵᠣᠬᠢᠰᠲᠠᠶ ᠲᠤᠬᠢᠷᠠᠭᠤᠯᠤᠨ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ | ᠵᠢᠭᠡᠯᠡᠯᠭᠡ ᠠᠪᠬᠤ ᠳᠤ ︽ᠪᠠᠷᠢᠴᠠᠭᠠᠨ ᠳᠤ ᠬᠦᠴᠢᠷᠳᠡᠬᠦ᠂ ᠲᠤᠭ᠎ᠠ ᠬᠡᠮᠵᠢᠶ᠎ᠡ ᠪᠠᠭ᠎ᠠ᠂ ᠠᠷᠭ᠎ᠠ ᠵᠠᠮ ᠴᠥᠭᠡᠨ︾ ᠪᠠᠶᠢᠬᠤ ᠪᠤᠭᠤᠮᠢ ᠶᠢ ᠦᠨᠡᠨᠬᠦ ᠡᠪᠳᠡᠬᠦ ᠬᠡᠷᠡᠭᠲᠡᠶ᠃ | ᠵᠢᠷᠭᠤᠭ᠎ᠠ᠂ ᠠᠷᠠᠳ ᠤᠨ ᠠᠮᠢᠳᠤᠷᠠᠯ ᠢ ᠠᠳᠬᠤᠵᠤ᠂ ᠪᠤᠶᠠᠨ ᠵᠢᠷᠭᠠᠯ ᠢ ᠨᠡᠮᠡᠷᠢᠯᠡᠵᠦ᠂ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ | ᠠᠷᠠᠳ ᠤᠨ ᠠᠮᠢᠳᠤᠷᠠᠯ ᠪᠣᠯ ᠠᠯᠢᠪᠠ ᠠᠵᠢᠯ ᠤᠨ ᠡᠬᠢᠯᠡᠯᠲᠡ ᠶᠢᠨ ᠴᠡᠭ ᠪᠠ ᠵᠤᠭᠰᠤᠯᠳᠠ ᠤᠨ ᠴᠡᠭ ᠮᠦᠨ᠃ ᠪᠢᠳᠠ ᠠᠷᠠᠳ ᠤᠨ ᠠᠮᠢᠳᠤᠷᠠᠯ ᠢ | ᠳᠡᠭᠡᠭᠰᠢᠯᠡᠭᠦᠯᠬᠦ ᠦᠵᠡᠯᠲᠡ ᠶᠢ ᠡᠪᠦᠷᠯᠡᠨ᠂ ᠠᠷᠠᠳ ᠲᠦᠮᠡᠨ ᠢᠶᠠᠷ ᠲᠦᠪ ᠪᠣᠯᠭᠠᠵᠤ᠂ ᠠᠷᠠᠳ ᠤᠨ ᠠᠮᠢᠳᠤᠷᠠᠯ ᠳᠤ ᠠᠰᠢᠭᠲᠠᠢ ᠶᠠᠪᠤᠳᠠᠯ ᠢ ᠣᠯᠠᠨ ᠰᠦᠪᠡᠭᠴᠢᠯᠡᠵᠦ᠂ | ᠠᠷᠠᠳ ᠤᠨ ᠠᠮᠢᠳᠤᠷᠠᠯ ᠤᠨ ᠭᠤᠨᠢᠭ ᠭᠤᠲᠤᠷᠠᠯ ᠢ ᠣᠯᠠᠨ ᠣᠶᠢᠯᠭᠠᠵᠤ᠂ ᠲᠦᠭᠡᠮᠡᠯ ᠴᠢᠨᠠᠷ ᠲᠠᠢ᠂ ᠰᠠᠭᠤᠷᠢᠯᠠᠬᠤ ᠴᠢᠨᠠᠷ ᠲᠠᠢ᠂ ᠢᠯᠡᠴᠢᠯᠡᠬᠦ ᠴᠢᠨᠠᠷ ᠲᠠᠢ ᠠᠷᠠᠳ ᠤᠨ | ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠦᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠲᠤᠳᠠᠭᠤᠳᠠᠯ ᠢ ᠨᠦᠬᠦᠪᠦᠷᠢᠯᠡᠨ᠎ᠡ᠃ | ︵ᠨᠢᠭᠡ︶ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠠᠵᠢᠯᠯᠠᠭᠠᠨ ᠤ ᠲᠥᠯᠥᠪᠯᠡᠭᠡ ᠶᠢ ᠬᠢᠨᠠᠮᠠᠭᠠᠶ ᠨᠠᠶᠢᠳᠠᠪᠦᠷᠢᠵᠢᠭᠤᠯᠵᠦ᠂ ᠳᠥᠷᠪᠡᠳᠦᠭᠡᠷ ᠬᠡᠤᠬᠡᠳ ᠤᠨ ᠴᠡᠴᠡᠷᠯᠢᠭ᠂ ᠱᠤ᠋ ᠯᠢᠨ ᠽᠢ | ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠠᠪᠤᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ | ᠲᠥᠯᠥᠪᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 90 % ᠲᠤ ᠬᠦᠷᠦᠭᠦᠯᠬᠦ ᠪᠠᠷ ᠴᠢᠷᠮᠠᠶᠢᠨ᠎ᠠ᠃ | ᠬᠠᠮᠢᠶᠠᠷᠤᠯᠳᠠ ᠶᠢ ᠠᠳᠬᠤᠬᠤ᠂ ᠶᠠᠰᠤ ᠴᠢᠨᠠᠷ ᠢ ᠲᠡᠭᠡᠭᠰᠢᠯᠡᠭᠦᠯᠬᠦ᠂ ᠲᠤᠳᠤᠭᠠᠳᠤ ᠠᠭᠤᠯᠬᠤᠨ ᠮᠠᠶ᠋ᠢᠭᠳᠤ ᠬᠦᠭᠵᠢᠯᠳᠡ ᠶᠢ ᠠᠬᠢᠭᠤᠯᠬᠤ ᠪᠠᠷ ᠭᠤᠤᠯᠳᠠᠯᠠᠭ᠎ᠠ | ᠪᠤᠯᠭᠠᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠳᠠᠢ ᠲᠡᠩᠴᠡᠭᠦᠷᠢᠳᠡᠢ ᠬᠦᠭᠵᠢᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ | ᠶᠢ ᠡᠬᠢᠯᠡᠭᠦᠯᠦᠨ᠎ᠡ᠃ ᠠᠷᠠᠳ ᠠᠴᠠ ᠡᠷᠬᠢᠯᠡᠭᠰᠡᠨᠰᠤᠷᠭᠠᠨ ᠬᠥᠮᠦᠵᠢᠯ ᠤᠨ ᠲᠡᠮᠵᠢᠯᠬᠡ ᠶᠢᠨ ᠬᠦᠴᠦᠯᠢᠭ ᠢ ᠶᠡᠬᠡᠳᠭᠡᠵᠦ᠂ ᠠᠯᠪᠠᠨ ᠤ ᠰᠤᠷᠭᠠᠨ ᠬᠦᠮᠦᠵᠢᠯ ᠪᠠ ᠠᠷᠠᠳ | ᠠᠴᠠ ᠡᠷᠬᠢᠯᠡᠭᠰᠡᠨᠰᠤᠷᠭᠠᠨ ᠬᠥᠮᠦᠵᠢᠯ ᠤᠨ ᠬᠠᠷᠢᠯᠴᠠᠨ ᠨᠦᠬᠦᠪᠦᠷᠢᠯᠡᠨ ᠬᠦᠭᠵᠢᠬᠦ ᠶᠢ ᠠᠬᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠢ ᠶᠡᠬᠡᠪᠡᠷ | ᠬᠥᠭᠵᠢᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠪᠦᠬᠦ ᠬᠤᠲᠠ ᠳᠤ ᠲᠡᠷᠢᠭᠦᠯᠡᠬᠦ ᠶᠢ ᠦᠨᠡᠨᠬᠦ ᠪᠠᠲᠤᠯᠠᠨ᠎ᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠬᠥᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠲᠦᠷᠭᠡᠳᠬᠡᠵᠦ᠂ ᠣᠷᠣᠨ ᠨᠤᠲᠤᠭ ᠤᠨ ᠬᠡᠷᠡᠭᠴᠡᠭᠡᠲᠦ ᠴᠢᠳᠠᠪᠤᠷᠢᠲᠠᠨ ᠢ ᠬᠦᠴᠦᠯᠡᠨ ᠬᠥᠮᠦᠵᠢᠭᠦᠯᠦᠨ᠎ᠡ᠃ ᠰᠤᠷᠲᠠᠯ ᠮᠤᠷᠠᠯ ᠢᠶᠠᠷ ᠦᠨᠳᠦᠰᠦᠨ ᠡᠭᠦᠷᠭᠡ ᠪᠣᠯᠭᠠᠵᠤ᠂ | ᠰᠢᠯᠢᠳᠡᠭ ᠪᠠᠭᠰᠢ ᠤᠷᠢᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠰᠤᠷᠭᠠᠭᠤᠯᠢ ᠶᠢᠨ ᠬᠠᠮᠢᠶᠠᠷᠤᠯᠲᠠ ᠶᠢ | ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ | ᠪᠠ ᠡᠷᠭᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠤᠷᠭᠠᠭᠤᠯᠢ | ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠬᠤᠶᠠᠷ︶ ᠡᠷᠡᠭᠦᠯ ᠰᠠᠶᠢᠬᠠᠨ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠᠨ ᠡᠮᠨᠡᠯᠭᠡ︾ ᠶᠢᠨ ᠥᠭᠡᠷᠡᠴᠢᠯᠡᠯᠲᠡ ᠶᠢᠨ ᠬᠠᠮᠲᠤᠷᠠᠨ ᠬᠥᠳᠡᠯᠦᠯᠴᠡᠬᠦ ᠵᠣᠬᠢᠴᠠᠮᠵᠢ ᠶᠢ | ᠪᠠᠶᠢᠭᠤᠯᠤᠨ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠵᠣᠬᠢᠴᠠᠮᠵᠢ ᠶᠢ | ᠲᠡᠭᠦᠯᠳᠡᠷᠵᠢᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢ | ᠬᠠᠮᠠᠭᠠᠯᠠᠬᠤ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠰᠠᠶᠢᠵᠢᠷᠠᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠤᠷᠢᠶ᠎ᠠ ᠶᠢ ᠨᠡᠭᠦᠯᠭᠡᠨ | ᠪᠠᠶᠢᠭᠤᠯᠬᠤ ᠠᠬᠢᠴᠠ ᠶᠢ ᠲᠦᠷᠭᠡᠳᠬᠡᠨ᠂ ᠵᠢᠯ ᠤᠨ ᠳᠣᠲᠣᠷ᠎ᠠ ᠭᠤᠣᠯ ᠴᠣᠭᠴᠠ ᠶᠢᠨ ᠪᠠᠷᠢᠯᠭ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠵᠦ᠂ ᠮᠣᠩᠭᠤᠯ ᠬᠢᠲᠠᠳᠡᠮᠨᠡᠯᠭᠡ ᠶᠢᠨ ᠬᠤᠷᠢᠶᠠᠨ ᠤ ︽ᠡᠪᠡᠳᠴᠢᠯᠡᠬᠦ ᠠᠴᠠ ᠡᠮᠦᠨ᠎ᠡ ᠡᠮᠨᠡᠨ ᠵᠠᠰᠠᠬᠤ︾ | ᠴᠢᠳᠠᠪᠤᠷᠢ ᠶᠢ ᠨᠡᠮᠡᠭᠳᠡᠭᠦᠯᠦᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮᠨᠡᠯᠭᠡ ᠶᠢᠨ ᠣᠷᠳᠣᠨ᠂ ᠬᠢᠲᠠᠳ ᠡᠮᠨᠡᠯᠭᠡ ᠶᠢᠨ ᠣᠷᠳᠣᠨ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢ ᠤᠷᠮᠠᠰᠢᠭᠤᠯᠬᠤ ᠵᠣᠬᠢᠴᠠᠮᠵᠢ ᠶᠢ ᠪᠦᠷᠢᠨ ᠲᠡᠭᠦᠯᠳᠡᠷᠵᠢᠭᠦᠯᠵᠦ᠂ ᠡᠮᠴᠢ ᠶᠢᠨ | ᠮᠣᠷᠠᠯ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠡᠮᠴᠢᠯᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢ ᠵᠢᠷᠤᠮᠵᠢᠭᠤᠯᠤᠨ᠎ᠠ᠃ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠷᠡᠭᠦᠯ ᠮᠡᠨᠳᠦ ᠶᠢᠨ ᠮᠡᠳᠡᠯᠭᠡ ᠶᠢᠨ | ᠤᠬᠠᠭᠤᠯᠭ᠎ᠠ ᠶᠢ ᠴᠢᠩᠭᠠᠳᠬᠠᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠠᠵᠢᠯᠯᠠᠭ᠎ᠠ ᠶᠢ | ᠥᠷᠨᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠬᠢᠭᠡᠳ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ︽ᠠᠷᠢᠭᠤᠨ ᠴᠡᠪᠡᠷ ᠲᠣᠭᠤᠭᠠᠨ ᠭᠡᠷ︾ ᠤᠨ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ | ᠣᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ︵ᠭᠤᠷᠪᠠ︶ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠶᠡᠬᠡᠪᠡᠷ | ᠬᠦᠮᠦᠵᠢᠭᠦᠯᠦᠨ ᠠᠬᠢᠭᠤᠯᠵᠤ᠂ ᠲᠤᠮᠳᠠᠳᠤ ᠶᠢᠨ ᠰᠢᠯᠢᠳᠡᠭ ᠤᠳᠤᠮᠰᠢᠯᠳᠤ ᠰᠠᠶᠢᠬᠠᠨ ᠶᠣᠰᠣ ᠰᠣᠷᠳᠠᠬᠤᠨ ᠢ ᠪᠠᠳᠠᠷᠠᠭᠤᠯᠵᠤ᠂ ︽ᠶᠣᠰᠣ ᠰᠤᠷᠲᠠᠬᠤᠨ · ᠠᠴᠢᠯᠠᠯᠲᠤ | ᠤᠷᠠᠳ︾ ᠭᠡᠬᠦ ᠭᠤᠤᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠦᠷᠨᠢᠭᠦᠯᠦᠨ᠎ᠡ᠃ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠤᠯᠠᠭᠠᠨᠮᠥ᠋ᠴᠢᠷ ᠤᠨ ᠠᠭᠤᠳᠠᠮ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠠᠰᠠᠷ ᠬᠠᠷᠪᠤᠭ᠎ᠠ᠂ | ᠪᠥᠬᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠠᠮᠵᠢᠵᠤ᠂ ︽ | ᠪᠠᠭ᠋ᠠᠷᠠᠯᠲᠤ ᠤᠷᠠᠳ︾ ᠪᠠᠷᠠᠭᠤᠨ ᠣᠷᠣᠨ ᠤ ᠠᠷᠠᠳ ᠤᠨ ᠳᠠᠭᠤᠨ ᠤ ᠤᠷᠤᠯᠳᠤᠭᠠᠨ᠂ ᠪᠦᠬᠦ ᠤᠯᠤᠰ ᠤᠨ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ ᠤᠨ | ᠦᠵᠡᠰᠬᠦᠯᠡᠩ ᠵᠡᠷᠭᠡ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ︽ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ︾ ︽ᠳᠤᠮᠳᠠᠳᠤ ᠶᠢᠨ ᠮᠢᠭᠮᠠᠨ ᠰᠢᠳᠡᠷ᠎ᠡ ᠶᠢᠨ ᠨᠤᠲᠤᠭ︾ ᠢ ᠡᠭᠦᠳᠦᠨ ᠪᠠᠶᠢᠭᠤᠯᠬᠤ | ᠠᠵᠢᠯ ᠢ ᠪᠡᠶᠡᠯᠡᠭᠦᠯᠵᠦ᠂ ᠤᠷᠠᠳ ᠤᠨ ᠦᠨᠳᠦᠰᠦᠲᠡᠨ ᠤ ᠰᠣᠶᠣᠯ ᠤᠨ ᠰᠤᠳᠤᠯᠭᠠᠨ ᠤ ᠨᠡᠶᠢᠭᠡᠮᠯᠢᠭ ᠢ ᠪᠠᠶᠢᠭᠤᠯᠬᠤ ᠪᠠᠷ ᠪᠡᠯᠡᠳᠭᠡᠨ᠎ᠡ᠃ ᠺᠠᠳ᠋ᠷ ᠠᠵᠢᠯᠲᠠᠨ ᠤ | ᠶᠠᠪᠤᠳᠠᠯ ᠤᠨ ᠳᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠤᠷᠠᠳ ᠤᠨ ᠡᠮᠦᠨᠡᠲᠦ | ᠬᠤᠰᠢᠭᠤᠨ ᠤ ᠣᠶᠢᠯᠠᠯᠭ᠎ᠠ︾ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠦᠨ᠎ᠡ᠃ ᠬᠠᠮ ᠵᠠᠭᠤᠴᠢᠯᠠᠭᠤᠷ ᠤᠨ ᠲᠥᠪ ᠢ ᠪᠦᠬᠦᠯᠢ ᠴᠣᠭᠴᠠ ᠪᠠᠷ ᠨᠢ ᠨᠡᠭᠦᠯᠭᠡᠬᠦ ᠶᠢ | ᠪᠡᠶᠡᠯᠡᠭᠦᠯᠵᠦ᠂ ︽ᠬᠤᠶᠡᠷ ᠪᠢᠴᠢᠯ ᠨᠢᠬᠡ ᠦᠵᠦᠭᠦᠷ︾ ᠰᠢᠨ᠎ᠡ ᠵᠠᠭᠤᠴᠢᠯᠠᠭᠤᠷ ᠤᠨ ᠲᠠᠪᠴᠠᠩ ᠢ ᠲᠡᠯᠭᠡᠷᠡᠭᠦᠯᠦᠨ ᠬᠡᠷᠡᠭᠯᠡᠵᠦ᠂᠂ ᠭᠤᠣᠯ ᠵᠠᠭᠤᠴᠢᠯᠠᠭᠤᠷ ᠤᠨ ᠣᠯᠠᠨ | ᠨᠡᠶᠢᠲᠡ ᠶᠢᠨ ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ︵ᠳᠦᠷᠪᠡ︶ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠠᠷ | ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ | ᠶᠡᠷᠦᠩᠬᠡᠶᠢᠯᠡᠭᠰᠡᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠠᠵᠢᠯ | ᠦᠢᠯᠡᠰ ᠤᠨ ᠨᠢᠭᠡᠴᠡ ᠶᠢᠨ ᠴᠢᠳᠠᠪᠤᠷᠢᠲᠠᠨ ᠤᠷᠢᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ | ᠠᠯᠪᠠᠨ ᠠᠴᠠ ᠪᠠᠭᠤᠭᠰᠠᠳ᠂ ᠬᠤᠲᠠ ᠪᠠᠯᠭᠠᠰᠤ ᠶᠢᠨ ᠬᠦᠴᠢᠷᠳᠡᠯᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠤᠨ᠂ ᠬᠤᠲᠠ | ᠪᠠᠯᠭᠠᠰᠤ ᠶᠢᠨ ᠠᠵᠢᠯ ᠣᠯᠤᠭᠰᠠᠳ ᠢ 1800 ᠬᠥᠮᠦᠨ ︵ᠤᠳᠠᠭ᠎ᠠ︶ ᠰᠢᠨ᠎ᠡ ᠪᠠᠷ ᠨᠡᠮᠡᠭᠳᠡᠭᠦᠯᠵᠦ᠂ ᠲᠠᠷᠢᠶᠠᠴᠢᠨ ᠮᠠᠯᠴᠢᠳ ᠢ 2.7 ᠲᠦᠮᠡᠨ ᠬᠥᠮᠦᠨ ︵ᠤᠳᠠᠭ᠎ᠠ︶ | ᠢ ᠰᠢᠯᠵᠢᠭᠦᠯᠦᠨ ᠠᠵᠢᠯ ᠣᠯᠭᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠢᠯᠡᠰ ᠪᠣᠰᠬᠠᠬᠤ ᠶᠢ ᠳᠡᠮᠵᠢᠬᠦ ᠬᠦᠴᠦᠯᠡᠴᠡ ᠪᠠᠨ | ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠲᠠᠯᠪᠢᠵᠤ᠂ ᠦᠢᠯᠡᠰ ᠪᠣᠰᠬᠠᠬᠤ ᠤᠷ᠎ᠠ | ᠴᠢᠳᠠᠪᠤᠷᠢ ᠶᠢᠨ ᠪᠣᠯᠪᠠᠰᠤᠷᠠᠯ ᠢ 1200 ᠬᠥᠮᠦᠨ ᠠᠴᠠ ᠳᠡᠭᠡᠭᠰᠢ ᠪᠡᠶᠡᠯᠡᠭᠦᠯᠦᠨ᠎ᠡ᠃ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨᠠᠷᠭᠠ ᠵᠠᠮ ᠢᠶᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ︽ᠴᠠᠯᠢᠩ ᠬᠥᠯᠥᠰᠥ ᠦᠷᠢᠲᠦᠬᠦ ᠶᠢ ᠵᠠᠰᠠᠵᠤ ᠵᠠᠷᠤᠯᠭ᠎ᠠ ᠶᠢ ᠪᠠᠲᠤᠯᠠᠬᠤ︾ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | ︵ᠲᠠᠪᠤ︶ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠳᠠᠭᠠᠳᠬᠠᠯ᠂ ᠠᠰᠠᠷᠠᠮᠵᠢ᠂ ᠠᠪᠤᠷᠠᠨ ᠲᠤᠰᠠᠯᠠᠯᠲᠠ ᠶᠢ | ᠨᠢᠭᠲᠠ ᠵᠣᠯᠭᠠᠯᠳᠤᠭᠤᠯᠤᠭᠰᠠᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠪᠡᠯᠡ | ᠮᠥᠩᠭᠦ ᠶᠢ ᠤᠷᠢᠳᠴᠢᠯᠠᠨ ᠪᠠᠭᠤᠯᠭᠠᠨᠥᠭᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ | ᠡᠭᠦᠳᠡᠨ ᠡᠮᠨᠡᠯᠭᠡ ᠳᠤ ᠡᠮ ᠬᠡᠷᠡᠭᠯᠡᠬᠦ ᠪᠠᠲᠤᠯᠠᠭ᠎ᠠ ᠶᠢᠨ ᠵᠤᠬᠢᠴᠠᠮᠵᠢ ᠶᠢ ᠪᠠᠶᠢᠭᠤᠯᠤᠨ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠨᠡᠮᠡᠭᠳᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠬᠠᠮᠤᠭ ᠳᠣᠣᠷ᠎ᠠ | ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ᠂ ᠠᠰᠠᠷᠠᠮᠵᠢ ᠬᠠᠷᠠᠭᠠᠯᠵᠠᠯ ᠵᠡᠷᠭᠡ ᠳᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠭᠤᠷᠪᠠᠳᠤᠭᠠᠷ ᠡᠲᠡᠭᠡᠳ ᠤᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠬᠤᠰᠢᠭᠤ ᠶᠢ ᠡᠭᠦᠳᠦᠨ ᠪᠠᠶᠢᠭᠤᠯᠵᠤ᠂ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠎ᠠ᠃ ᠨᠠᠰᠤᠲᠠᠶᠢᠴᠤᠳ ᠤᠨ ᠠᠵᠢᠯ ᠦᠢᠯᠡᠰ ᠢ ᠠᠩᠬᠠᠷᠴᠤ᠂ ᠭᠡᠷ ᠡᠷᠦᠬᠡ ᠪᠠᠷ | ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ᠂ ᠡᠮᠴᠢᠯᠡᠭᠡ ᠠᠰᠠᠷᠠᠮᠵᠢ ᠶᠢ | ᠤᠶᠠᠯᠳᠤᠭᠤᠯᠤᠭᠰᠠᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠭᠤᠯᠠᠨ ᠦᠪᠦᠷ ᠤᠨ ᠭᠠᠵᠠᠷ | ᠣᠷᠣᠨ ᠤ ᠨᠠᠰᠤᠲᠠᠨ ᠢ ᠠᠰᠠᠷᠠᠬᠤ ᠲᠦᠪ ᠬᠦᠷᠢᠶᠡᠯᠡᠩ ᠢ ᠪᠦᠲᠦᠭᠡᠨ ᠪᠠᠶᠢᠭᠤᠯᠵᠤ᠂ ᠷᠦᠢ ᠲᠠᠢ ᠨᠡᠶᠢᠭᠡᠮ ᠲᠣᠭᠤᠷᠢᠭ᠂ ᠳ᠋ᠦᠩ ᠰᠢᠩ ᠨᠡᠶᠢᠭᠡᠮ ᠲᠣᠭᠤᠷᠢᠭ ᠤᠨ | ᠨᠠᠰᠤᠲᠠᠶᠢᠴᠤᠳ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠢ ᠪᠠᠶᠢᠭᠤᠯᠵᠤ᠂ ᠣᠯᠠᠨ ᠳᠡᠰ ᠲᠠᠪᠬᠤᠷᠭᠠᠳᠤ ᠣᠯᠠᠨ ᠶᠠᠩᠵᠤᠳᠤ ᠬᠠᠩᠭᠠᠯᠭ᠎ᠠ ᠶᠢᠨ | ᠴᠢᠳᠠᠪᠤᠷᠢ ᠶᠢ ᠨᠡᠮᠡᠭᠳᠡᠭᠦᠯᠦᠨ᠎ᠡ᠃ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠨᠠᠷᠢᠨ ᠬᠢᠨᠠᠮᠠᠭᠠᠢ ᠰᠠᠶᠢᠳᠤᠷ | ᠬᠢᠵᠦ᠂ ᠬᠦᠮᠦᠨ ᠠᠮᠠ ᠶᠢᠨ ᠬᠤᠪᠢᠷᠠᠯᠳᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠎ᠡ᠃ | ︵ᠵᠢᠷᠭᠤᠭ᠎ᠠ︶ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠎ᠠ᠃ ︽ᠠᠮᠤᠭᠤᠯᠠᠩ ᠡᠮᠦᠨᠡᠲᠦ ᠬᠤᠰᠢᠭᠤ︾ ᠶᠢᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠪᠡᠶᠡᠴᠢᠯᠡᠭᠰᠡᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠥᠨᠳᠥᠷ ᠲᠠᠷᠤᠯᠳᠠ ᠶᠢᠨ ᠪᠠᠶᠢᠳᠠᠯ ᠢ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠪᠠᠭᠤᠷᠠᠶ | ᠭᠤᠭᠴᠤᠭ᠎ᠠ ᠪᠠ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠨ ᠵᠠᠰᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠢᠯᠡ ᠪᠠᠷ | ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠤᠨ᠂ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠡ᠊ᠨᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠣᠷᠢᠯᠲᠠ ᠶᠢ ᠴᠢᠩᠭᠠᠳᠬᠠᠵᠤ᠂ | ᠭᠡᠨᠡᠳᠲᠡ ᠡᠭᠦᠰᠬᠦ ᠴᠢᠨᠠᠷᠲᠠᠶ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠦᠷᠭᠡᠨ ᠲᠤᠰᠬᠠᠬᠤ ᠵᠣᠬᠢᠴᠠᠮᠵᠢ ᠶᠢ ᠲᠡᠭᠦᠯᠳᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠴᠠᠭ | ᠲᠤᠬᠠᠶ ᠳᠤᠨᠢ ᠬᠠᠷᠢᠭᠤᠯᠲᠠ ᠥᠭᠴᠦ᠂ ᠠᠵᠢᠯ ᠤᠨ ᠰᠠᠨᠠᠭᠠᠴᠢᠯᠭᠠᠳᠤ ᠡᠷᠬᠡ ᠶᠢ ᠦᠨᠡᠨ ᠬᠦ ᠡᠵᠡᠮᠰᠢᠨ᠎ᠡ᠃ ᠠᠬᠠᠮᠠᠳ ᠺᠠᠳ᠋ᠷ ᠤᠨ ᠠᠵᠢᠯ ᠢ ᠴᠢᠬᠤᠯᠠᠴᠢᠯᠠᠵᠤ᠂ | ᠠᠵᠢᠯᠴᠢᠨ ᠤ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠵᠡᠷᠭᠡ ᠣᠯᠠᠨ | ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠴᠡᠷᠢᠭ ᠠᠴᠠ ᠬᠠᠯᠠᠭᠳᠠᠭᠰᠠᠳ᠂ ᠡᠮᠡᠭᠲᠡᠶᠢᠴᠦᠳ | ᠬᠡᠦᠬᠡᠳ ᠪᠠᠭᠠᠴᠣᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠴᠠᠬᠢᠯᠭᠠᠨ ᠬᠦᠴᠦ ᠴᠢᠮᠡᠭᠡ | ᠬᠤᠯᠪᠣᠭ᠎ᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠶᠠᠷ ᠢ ᠬᠦᠷᠢᠶᠡᠯᠡᠵᠦ ᠬᠠᠮᠲᠤᠪᠠᠷ | ᠪᠠᠶᠢᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠣᠳᠤᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠵᠦ᠂ ᠬᠠᠮᠲᠤᠪᠠᠷ | ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠳᠣᠯᠤᠭ᠎ᠠ᠂ ᠦᠷ᠎ᠡ ᠪᠦᠲᠦᠮᠵᠢ ᠶᠢ ᠠᠳᠬᠤᠨ᠂ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠬᠠᠨᠤᠮᠵᠢᠲᠠᠢ ᠠᠷᠠᠳ ᠤᠨ ᠵᠠᠰᠠᠭ ᠤᠨ ᠣᠷᠳᠣᠨ ᠢ | ᠴᠢᠷᠮᠠᠶᠢᠨ ᠪᠠᠶᠢᠭᠤᠯᠤᠨ᠎ᠠ | ᠠᠷᠠᠳ ᠤᠨ ᠬᠦᠰᠡᠯ ᠪᠤᠯ ᠵᠠᠰᠠᠭ ᠤᠨ ᠴᠢᠭᠯᠡᠯ ᠮᠦᠨ᠃ ᠪᠢᠳᠠ ᠡᠷᠬᠡᠪᠰᠢ ᠤᠭ ᠰᠠᠨᠠᠭ᠎ᠠ ᠪᠠᠨ ᠦᠯᠦ ᠮᠠᠷᠳᠠᠨ᠂ ᠡᠭᠦᠷᠬᠡ ᠬᠠᠷᠢᠭᠤᠴᠠᠯᠭ᠎ᠠ ᠪᠠᠨ ᠪᠠᠳᠣ | ᠴᠡᠭᠡᠵᠢᠯᠡᠵᠦ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠡᠭᠦᠷᠭᠡ ᠴᠢᠳᠠᠪᠬᠢ ᠰᠤᠷᠳᠠᠯ ᠤᠨ ᠰᠢᠨ᠎ᠡ | ᠬᠤᠪᠢᠷᠠᠯᠳᠠ᠂ ᠵᠠᠰᠠᠯᠳᠠ ᠶᠢᠨ ᠴᠢᠳᠠᠪᠤᠷᠢ ᠶᠢ ᠰᠢᠨ᠎ᠡ ᠪᠠᠷ ᠲᠡᠭᠡᠭᠰᠢᠯᠡᠯᠳᠡ ᠶᠢ ᠪᠠᠶᠢᠬᠤ ᠶᠢ ᠠᠬᠢᠭᠤᠯᠵᠤ᠂ ᠠᠷᠠᠳ ᠲᠦᠮᠡᠨ ᠬᠠᠨᠤᠮᠵᠢᠳᠠᠢ ᠦᠢᠯᠡᠴᠢᠯᠡᠭᠡᠨ ᠤ | ᠬᠡᠯᠪᠡᠷᠢᠳᠦ ᠵᠠᠰᠠᠭ ᠤᠨ ᠤᠷᠳᠤᠨ ᠢ ᠴᠤᠭᠴᠠᠯᠠᠨ᠎ᠠ᠃ | ︵ᠨᠢᠭᠡ︶ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ | ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ | ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ | ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠ ᠬᠢᠨᠠᠨ ᠪᠤᠳᠤᠬᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠣᠭᠲᠠᠭᠰᠠᠨ ᠴᠠᠭ ᠲᠠᠭᠠᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠨ᠎ᠠ᠃ | ᠲᠠᠨᠢᠯᠳᠠ ᠶᠢᠨ ᠬᠡᠯᠪᠡᠷᠢ ᠶᠢᠨ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠵᠢᠯ ᠤᠨ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠰᠢᠨ᠎ᠡ᠃ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠬᠦᠨᠵᠡᠭᠡᠶᠢᠷᠡᠭᠦᠯᠵᠦ᠂ ︽ᠭᠤᠷᠪᠠᠨ ᠬᠤᠷᠠᠯ ᠨᠢᠬᠡ ᠬᠢᠴᠢᠶᠡᠯ︾ ᠵᠡᠷᠭᠡ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠷᠢᠮ ᠢ | ᠡᠷᠠᠰ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠠᠷᠢᠯᠴᠠᠨ ᠠᠬᠢᠭᠤᠯᠵᠤ ᠬᠠᠮᠳᠤ ᠪᠠᠷ ᠲᠠᠪᠰᠢᠬᠤ ᠶᠢ | ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢᠨ ᠳᠠᠬᠢᠨ ᠰᠢᠨ᠎ᠡ | ᠲᠦᠪᠰᠢᠨ ᠳᠤ ᠬᠦᠷᠭᠦ ᠶᠢ ᠠᠬᠢᠭᠤᠯᠤᠨ᠎ᠠ᠃ | ︵ᠬᠤᠶᠠᠷ︶ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠭᠠᠨ᠎ᠠ᠃ ᠬᠡᠷᠡᠭᠵᠢᠭᠦᠯᠬᠦ ᠬᠦᠴᠦᠨ ᠢᠶᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠬᠠᠳᠠᠭᠠᠰᠤ ᠬᠠᠳᠠᠬᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠲᠣᠭᠲᠠᠭᠰᠠᠨ ᠶᠠᠪᠤᠳᠠᠯ ᠢᠶᠠᠨ ᠰᠠᠶᠢᠲᠤᠷ ᠬᠢᠵᠦ᠂ ᠠᠮᠠᠯᠳᠠᠭᠰᠠᠨ ᠶᠠᠪᠤᠳᠠᠯ ᠢᠶᠠᠨ ᠪᠡᠶᠡᠯᠡᠭᠦᠯᠦᠨ᠎ᠡ᠃ ᠲᠤᠰᠬᠠᠶ ᠮᠡᠷᠭᠡᠵᠢᠯ ᠤᠨ | ᠴᠢᠳᠠᠪᠤᠷᠢ ᠶᠢ ᠬᠥᠮᠦᠵᠢᠭᠦᠯᠬᠦ ᠶᠢ ᠴᠢᠬᠤᠯᠠᠴᠢᠯᠠᠵᠤ᠂ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ | ᠪᠠᠶᠢᠳᠠᠯ ᠢ ᠲᠣᠳᠣᠷᠬᠠᠶ ᠣᠶᠢᠯᠠᠭᠠᠵᠤ᠂ ᠥᠷᠭᠡᠨ ᠣᠯᠠᠨ ᠺᠠᠳ᠋ᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠱᠠᠯᠠᠪᠳᠠᠭᠤᠯᠤᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠴᠢᠬᠤᠯᠠᠴᠢᠯᠠᠵᠤ᠂ ᠴᠢᠬᠤᠯᠠ ᠶᠡᠭᠡ ᠤᠴᠢᠷ ᠶᠠᠪᠤᠳᠠᠯ᠂ | ᠴᠢᠬᠤᠯᠠ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠳᠤ ᠨᠠᠷᠢᠨ ᠳᠠᠩᠰᠠ ᠶᠢᠨ ᠳᠦᠷᠢᠮ ᠢ ᠪᠠᠶᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠳᠦᠷᠢᠮ ᠢ | ᠲᠡᠭᠦᠯᠳᠡᠷᠵᠢᠭᠦᠯᠵᠦ᠂ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠴᠢᠩᠳᠠᠯᠠᠵᠤ᠂ ᠡᠯ᠎ᠡ ᠲᠦᠷᠦᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠵᠦᠪ ᠴᠢᠭᠯᠡᠯ ᠤᠨ ᠤᠷᠮᠠᠰᠢᠭᠤᠯᠬᠤ ᠵᠣᠬᠢᠴᠠᠮᠵᠢ ᠪᠠ ᠠᠵᠢᠯ ᠬᠢᠵᠦ ᠦᠢᠯᠡᠰ ᠪᠣᠰᠬᠠᠬᠤ ᠳᠤ ᠠᠯᠳᠠᠭ᠎ᠠ ᠪᠤᠷᠤᠭᠤ ᠭᠠᠷᠭᠠᠬᠤ ᠶᠢ ᠰᠡᠷᠭᠡᠶᠢᠯᠡᠬᠦ᠂ ᠪᠤᠷᠤᠭᠤ ᠶᠢ | ᠠᠭᠤᠴᠢᠯᠠᠬᠤ᠂ ᠪᠤᠷᠤᠭᠤ ᠶᠢ ᠵᠠᠯᠠᠷᠠᠭᠤᠯᠬᠤ ᠵᠤᠬᠢᠴᠠᠮᠵᠢ ᠶᠢ ᠪᠦᠷᠢᠨᠰᠢᠭᠦᠯᠵᠦ᠂ ᠠᠵᠢᠯ ᠬᠢᠭᠴᠢ ᠶᠢ ᠵᠣᠷᠢᠭᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠶᠢ ᠳᠠᠮᠵᠢᠵᠤ᠂ | ᠺᠠᠳ᠋ᠷ ᠤᠨ ᠡᠩᠨᠡᠭᠡᠨ ᠤ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠶᠢ ᠶᠡᠬᠡᠪᠡᠷ ᠪᠠᠳᠠᠷᠠᠭᠤᠯᠤᠨ᠎ᠠ᠃ | ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠷᠠᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ ᠪᠠ ᠡᠮᠬᠢ ᠵᠢᠷᠤᠮ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠨ᠎ᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ | ᠣᠷᠳᠣᠨ ᠤ ᠬᠡᠷᠡᠭ ᠵᠥᠪᠯᠡᠬᠦ ᠳᠦᠷᠢᠮ ᠪᠠ ᠰᠡᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠎ᠠ᠃ | ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠭᠡᠨ᠎ᠡ᠃ ᠨᠡᠶᠢᠭᠡᠮ ᠤᠨ | ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠣᠨᠣᠰᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠣᠯᠠᠨ ᠲᠦᠮᠡᠨ ᠤ ᠮᠡᠳᠡᠷᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ | ᠪᠠᠲᠤᠯᠠᠵᠤ᠂ ᠵᠠᠰᠠᠭ ᠤᠨ ᠣᠷᠳᠣᠨ ᠤ ᠡᠷᠬᠡ ᠶᠢᠨ ᠢᠮᠠᠭᠲᠠ ᠢᠯᠡ ᠪᠠᠷ ᠶᠠᠪᠤᠭᠳᠠᠬᠤ ᠶᠢ ᠪᠠᠲᠤᠯᠠᠨ᠎ᠠ᠃ | ︵ᠳᠦᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠷᠠᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠭᠰᠠᠨ ᠭᠤᠷᠪᠠᠨ | ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠨᠠᠩ ᠶᠡᠭᠡ ᠡᠷᠡᠰ ᠵᠣᠷᠢᠭ᠂ ᠨᠠᠩ ᠶᠡᠭᠡ ᠡᠷᠴᠢᠮ ᠢᠶᠠᠷ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ︽ᠪᠠᠶᠠᠨᠨᠠᠭᠤᠷ ᠬᠤᠲᠠ ᠶᠢᠨ ᠤᠴᠢᠷ ᠶᠠᠪᠤᠳᠠᠯ ᠢ ᠲᠦᠷᠭᠡᠨ ᠡᠷᠬᠢᠯᠡᠬᠦ︾ ᠲᠠᠪᠴᠠᠩ ᠤᠨ | ᠴᠢᠳᠠᠮᠵᠢ ᠶᠢ ᠲᠡᠭᠦᠯᠳᠡᠷᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠮᠲᠤᠷᠠᠨ ᠬᠢᠨᠠᠨ ᠵᠥᠪᠰᠢᠶᠡᠷᠡᠬᠦ ᠲᠠᠪᠴᠠᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠦᠢᠯᠡᠴᠢᠯᠡᠭᠡᠨ ᠤ ᠲᠥᠷᠥᠯ ᠵᠦᠢᠯ ᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠦᠨᠡᠨᠬᠦ | ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠤᠨ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠣᠵᠤ ᠰᠠᠭᠤᠬᠤ ᠨᠢᠭᠡᠴᠡ ᠶᠢᠨ ︽ᠡᠷᠬᠡ ᠣᠯᠭᠤᠯᠲᠠ︾ ᠨᠢ ᠪᠤᠲᠠᠲᠠᠢ ᠦᠭᠡᠢ᠂ ︽ᠬᠥᠮᠦᠨ ᠨᠢ ᠪᠠᠶᠢᠭᠰᠠᠨ ᠴᠤ | ᠶᠠᠪᠤᠳᠠᠯ ᠢ ᠭᠦᠢᠴᠡᠳᠭᠡᠬᠦ ᠦᠭᠡᠢ︾᠂ ︽ᠡᠮᠦᠨ᠎ᠡ ᠴᠣᠩᠬᠤ ᠠᠷᠤ ᠳᠡᠯᠭᠡᠭᠦᠷ︾ ᠵᠡᠷᠭᠡ ᠠᠰᠠᠭᠤᠳᠠᠯ ᠭᠠᠷᠬᠤ ᠶᠢ ᠡᠷᠡᠰ ᠬᠤᠷᠢᠭᠯᠠᠨ᠎ᠠ᠃ ᠦᠨᠳᠦᠰᠦᠨ ᠱᠠᠲᠤᠨ ᠤ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ︵ᠣᠷᠣᠯᠠᠨ ᠭᠦᠢᠴᠡᠳᠬᠡᠬᠦ ᠴᠡᠭ︶ ᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠷᠠᠭᠤᠯᠤᠨ᠂ ᠣᠯᠠᠨ | ᠲᠦᠮᠡᠨ ᠳᠤ ᠳᠦᠭᠦᠮ ᠳᠦᠲᠡ ᠦᠢᠯᠡᠴᠢᠯᠡᠭᠡ ᠬᠦᠷᠲᠡᠭᠡᠨ᠎ᠡ᠃ ᠰᠤᠮᠤ ᠪᠠᠯᠭᠠᠰᠤᠨ ᠤ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ | ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠰᠢᠯᠢᠳᠡᠭᠵᠢᠭᠦᠯᠦᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢ | ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠡᠮᠬᠢ ᠵᠢᠷᠤᠮ ᠲᠠᠢ ᠪᠠᠷ ᠲᠤᠷᠤᠭᠰᠢ ᠲᠠᠯᠪᠢᠵᠦ᠂ ᠡᠭᠦᠷᠭᠡ ᠴᠢᠳᠠᠪᠦᠷᠢᠲᠦ ᠰᠠᠯᠠᠭ᠎ᠠ | ᠮᠦᠴᠢᠷ ᠠᠴᠠ ᠰᠤᠮᠤ ᠪᠠᠯᠭᠠᠰᠤᠨ ᠤ ᠡᠷᠬᠢᠯᠡᠭᠰᠡᠨ ᠠᠵᠢᠯ ᠤᠨ ᠵᠢᠯᠦᠭᠤᠳᠤᠯᠭ᠎ᠠ ᠪᠠ ᠪᠣᠯᠪᠠᠰᠤᠷᠠᠭᠤᠯᠤᠯᠲᠠ ᠶᠢ ᠴᠢᠩᠭᠠᠳᠬᠠᠨ᠂ ᠣᠯᠭᠤᠭᠰᠠᠨ ᠡᠷᠬᠡ ᠪᠠᠨ ᠲᠤᠰᠴᠤ | ᠴᠢᠳᠠᠬᠤ᠂ ᠬᠡᠷᠡᠭᠯᠡᠵᠦ ᠲᠡᠶᠢᠯᠬᠦ ᠶᠢ ᠦᠨᠡᠨᠬᠦ ᠪᠠᠲᠤᠯᠠᠨ᠎ᠠ᠃ | ︵ᠲᠠᠪᠤ︶ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠷᠠᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠬᠢᠨᠠᠮᠠᠭᠠᠢ | ᠨᠠᠶᠢᠳᠠᠪᠦᠷᠢᠵᠢᠭᠤᠯᠬᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠳᠠᠮᠵᠢᠵᠤ᠂ ᠬᠢᠨᠠᠨ ᠪᠣᠳᠤᠬᠤ ᠠᠵᠢᠯ ᠳᠤ ᠬᠢᠨᠠᠯᠲᠠ | ᠲᠠᠯᠪᠢᠬᠤ ᠶᠢ ᠴᠢᠩᠭᠠᠳᠬᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠬᠡᠷᠡᠭᠯᠡᠬᠦ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠩᠬᠠᠷᠴᠤ᠂ | ᠡᠷᠬᠡ ᠪᠠᠨ ᠠᠰᠢᠭᠯᠠᠨ ᠠᠮᠢ ᠪᠠᠨ ᠪᠤᠷᠳᠤᠬᠤ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠥᠪ ᠴᠢᠬᠡᠴᠢ ᠤᠯᠤᠰ ᠲᠥᠷᠦ ᠶᠢᠨ ᠠᠮᠢ ᠠᠬᠤᠶ ᠶᠢ ᠴᠢᠷᠮᠠᠶᠢᠨ ᠪᠤᠢ ᠪᠣᠯᠭᠠᠨ᠎ᠠ᠃ ᠲᠥᠪ | ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠯᠪᠡᠷᠢ ᠶᠢᠨ ᠦᠵᠡᠯ ᠪᠠ ᠨᠣᠶᠠᠨᠴᠢ | ᠰᠤᠷᠲᠠᠯ ᠤᠨ ᠰᠢᠨ᠎ᠡ ᠢᠯᠡᠷᠡᠯ ᠢ ᠭᠦᠨᠵᠡᠭᠡᠶ ᠪᠠᠶᠢᠴᠠᠭᠠᠨ ᠳᠡᠯᠭᠡᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠡᠭᠦᠷᠢᠳᠡ ᠴᠢᠩᠳᠠᠯᠠᠵᠤ᠂ ︽ᠳᠥᠷᠪᠡᠨ ᠰᠤᠷᠲᠠᠯ︾ | ᠤᠨ ᠠᠰᠠᠭᠤᠳᠠᠯ ᠤᠨ ᠳᠠᠬᠢᠨ ᠡᠭᠦᠰᠬᠦ ᠶᠢ ᠡᠷᠡᠰ ᠰᠡᠷᠭᠡᠶᠢᠯᠡᠨ᠎ᠡ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠵᠢᠯᠴᠢ | ᠠᠷᠪᠢᠴᠢ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠬᠢᠵᠠᠭᠠᠷᠲᠠᠶ ᠡᠳ᠋ ᠤᠨ ᠬᠦᠴᠦᠨ ᠢᠶᠠᠨ ᠬᠥᠭᠵᠢᠯᠲᠡ ᠶᠢᠨ ᠬᠠᠮᠤᠭ ᠤᠨ ᠬᠡᠷᠡᠭᠴᠡᠭᠡ ᠲᠠᠢ᠂ ᠣᠯᠠᠨ | ᠲᠦᠮᠡᠨ ᠳᠤ ᠬᠠᠮᠤᠭ ᠤᠨ ᠠᠰᠢᠭ ᠬᠦᠷᠲᠡᠭᠡᠬᠦ ᠭᠠᠵᠠᠷ ᠲᠤ ᠦᠨᠡᠨ ᠬᠦ ᠬᠡᠷᠡᠭᠯᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠰᠢᠭᠤᠨ ᠤ | ᠠᠷᠠᠳ ᠲᠦᠮᠡᠨ ᠳᠤ ᠨᠠᠩ ᠣᠯᠠᠨ᠂ ᠨᠠᠩ ᠡᠷᠬᠡ ᠲᠡᠭᠰᠢ ᠪᠠᠷ ᠡᠳ᠋ᠯᠡᠭᠦᠯᠦᠨ᠎ᠡ᠃ | ᠲᠥᠯᠥᠭᠡᠯᠡᠭᠴᠢᠳ ᠡ᠂ ᠠᠵᠠ ᠲᠣᠬᠢᠶᠠᠯ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠥᠷᠢᠰᠥᠯᠳᠦᠭᠡᠨ ᠡᠭᠦᠷᠭᠡᠯᠡᠯ ᠢ ᠰᠢᠯᠭᠠᠵᠤ ᠪᠠᠶᠢᠨ᠎ᠠ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠪᠠᠲᠤ ᠲᠦᠰᠢᠭᠯᠡᠨ ᠪᠦᠯᠬᠦᠮᠳᠡᠵᠦ᠂ ᠵᠣᠷᠢᠭᠲᠠᠢ ᠤᠷᠤᠭᠰᠢᠯᠠᠵᠤ᠂ | ᠬᠠᠲᠠᠭᠤᠵᠢᠯᠲᠠᠢ ᠠᠵᠢᠯᠯᠠᠵᠤ ᠤᠷᠠᠳ ᠤᠨ ᠡᠮᠦᠨᠡᠲᠦ ᠬᠤᠰᠢᠭᠤᠨ ᠤ ᠪᠤᠬᠢᠷᠳᠤᠯ ᠦᠭᠡᠢ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ︕ | | | | | | | | | ᠨᠡᠷ᠎ᠡ ᠦᠭᠡᠰ ᠤᠨ ᠲᠠᠶᠢᠯᠪᠦᠷᠢ ︵ᠢᠯᠡᠷᠡᠭᠰᠡᠨ ᠳᠡᠰ ᠳᠠᠷᠠᠭ᠎ᠠ ᠪᠠᠷ︶ | | ︽ᠳᠣᠯᠤᠭᠠᠨ ᠭᠤᠷᠪᠠ︾ ᠬᠦᠭᠵᠢᠯᠲᠡ ᠶᠢᠨ ᠰᠡᠳᠭᠢᠴᠡ᠄ ᠭᠤᠷᠪᠠᠨ ᠵᠠᠷᠴᠢᠮ ᠢ ᠪᠠᠷᠢᠮᠲᠠᠯᠠᠬᠤ ︵ᠨᠠᠮ ᠠᠴᠠ ᠪᠦᠬᠦ ᠠᠵᠢᠯ ᠢ ᠤᠳᠤᠷᠢᠳᠬᠤ ᠶᠢ | ᠪᠠᠷᠢᠮᠲᠠᠯᠠᠬᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠬᠤ᠂ ᠰᠢᠨ᠎ᠡ ᠬᠦᠭᠵᠢᠯᠲᠡ ᠶᠢᠨ ᠤᠬᠠᠭᠳᠠᠬᠤᠨ ᠢ | ᠪᠠᠷᠢᠮᠲᠠᠯᠠᠬᠤ︶᠃ ᠭᠤᠷᠪᠠᠨ ᠵᠦᠢᠯ ᠤᠨ ᠰᠡᠳᠭᠢᠴᠡ ᠶᠢ ᠴᠢᠩᠭᠠᠳᠬᠠᠬᠤ ︵ᠰᠢᠰᠲ᠋ᠧᠮ ᠤᠨ ᠰᠡᠳᠭᠢᠴᠡ᠂ ᠬᠤᠷᠢᠭ᠎ᠠ ᠱᠤᠭᠤᠮ ᠤᠨ ᠰᠡᠳᠭᠢᠴᠡ᠂ ᠤᠨᠤᠪᠴᠢᠳᠠᠢ | ᠰᠡᠳᠭᠢᠴᠡ︶᠃ ᠭᠤᠷᠪᠠᠨ ᠵᠠᠩᠭᠢᠯᠠᠭ᠎ᠠ ᠶᠢ ᠴᠢᠩᠭ᠎ᠠ ᠡᠵᠡᠮᠰᠢᠬᠦ ︵ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠪᠠᠷ ᠭᠤᠣᠯ ᠱᠤᠭᠤᠮ ᠪᠣᠯᠭᠠᠵᠤ᠂ | ᠴᠢᠨᠠᠷ ᠰᠠᠶᠢᠳᠠᠢ ᠬᠦᠭᠵᠢᠯᠲᠡ ᠶᠢᠨ ᠱᠠᠭᠠᠷᠳᠠᠯᠭ᠎ᠠ ᠶᠢ ᠭᠦᠨᠵᠡᠭᠡᠢ ᠨᠡᠶᠢᠳᠡᠪᠦᠷᠢᠵᠢᠭᠤᠯᠵᠤ᠂ ᠤᠯᠢᠶᠠᠰᠤ ᠨᠠᠭᠤᠷ ᠢᠶᠠᠷ ᠭᠤᠣᠯ ᠪᠣᠯᠭᠠᠭᠰᠠᠨ ᠠᠭᠤᠯᠠ ᠤᠰᠤ ᠣᠢ | ᠲᠠᠷᠢᠶ᠎ᠡ ᠨᠠᠭᠤᠷ ᠡᠪᠡᠰᠦ ᠶᠢ ᠰᠢᠰᠲ᠋ᠧᠮ ᠲᠠᠢ ᠵᠠᠰᠠᠬᠤ ᠤᠷᠤᠨ ᠢ ᠭᠤᠤᠯᠳᠠᠯᠠᠭ᠎ᠠ ᠲᠠᠢ ᠲᠤᠭᠤᠷᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ᠂ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠵᠠᠰᠠᠯᠳᠠ ᠵᠡᠷᠭᠡ ᠠᠵᠢᠯ ᠢ ᠨᠢᠭᠡᠳᠦᠯᠳᠡᠢ ᠲᠦᠯᠦᠪᠵᠢᠭᠦᠯᠦᠨ ᠬᠡᠷᠡᠭᠵᠢᠭᠦᠯᠵᠦ᠂ ᠨᠢᠭᠡᠨ | ᠠᠵᠤ ᠠᠬᠤᠢ᠂ ᠠᠷᠠᠳ ᠤᠨ ᠠᠮᠢᠳᠤᠷᠠᠯ᠂ ᠠᠮᠢ ᠠᠬᠤᠢ ᠶᠢᠨ ᠦᠷ᠎ᠡ ᠠᠰᠢᠭ ᠤᠯᠠᠨᠲᠠᠢ ᠰᠢᠨ᠎ᠡ ᠵᠠᠮ ᠢ ᠭᠠᠷᠭᠠᠨ᠎ᠠ︶᠃ ᠭᠤᠷᠪᠠᠨ ᠶᠡᠭᠡ ᠰᠢᠪᠲᠤᠯᠤᠯᠲᠠ ᠶᠢᠨ | ᠲᠠᠶᠢᠯᠠᠯᠳᠤᠭᠠᠨ ᠳᠤ ᠢᠯᠠᠯᠲᠠ ᠣᠯᠬᠤ ︵ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠲᠠᠶᠢᠯᠠᠯᠳᠤᠭᠠᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠵᠢᠨᠲ᠋ᠠᠶᠢᠯᠠᠯᠳᠤᠭᠠᠨ᠂ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠵᠢᠨᠲ᠋ᠠᠶᠢᠯᠠᠯᠳᠤᠭᠠᠨ︶᠃ ᠭᠤᠷᠪᠠᠨ ᠬᠤᠷᠢᠭ᠎ᠠ | ᠱᠤᠭᠤᠮ ᠢ ᠰᠠᠬᠢᠬᠤ ︵ᠬᠦᠭᠵᠢᠯᠲᠡ ᠶᠢᠨ ᠬᠤᠷᠢᠭ᠎ᠠ ᠱᠤᠭᠤᠮ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ᠂ ᠠᠮᠢ ᠠᠬᠤᠢ ᠶᠢᠨ ᠬᠤᠷᠢᠭ᠎ᠠ ᠱᠤᠭᠤᠮ︶᠃ | ᠭᠤᠷᠪᠠᠨ ᠶᠡᠭᠡ ᠳᠤᠲᠠᠭᠤᠳᠠᠯ ᠢ ᠨᠦᠬᠦᠪᠦᠷᠢᠯᠡᠬᠦ ︵ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠲᠠᠭᠤᠳᠠᠯ᠂ ᠬᠤᠲᠠ ᠬᠦᠳᠡᠭᠡᠨ ᠤ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ᠂ ᠠᠵᠤ ᠦᠢᠯᠡᠰ ᠤᠨ ᠬᠦᠭᠵᠢᠯᠲᠡ ᠶᠢᠨ ᠳᠤᠲᠠᠭᠤᠳᠠᠯ︶᠃ ᠭᠤᠷᠪᠠᠳᠤᠭᠠᠷ ᠠᠵᠤ ᠦᠢᠯᠡᠰ ᠢ | ᠬᠦᠭᠵᠢᠭᠦᠯᠬᠦ ︵ᠪᠣᠬᠢᠷᠳᠤᠯ ᠦᠭᠡᠢ ᠤᠷᠭᠠᠨᠢᠭ ᠳᠡᠭᠡᠳᠦ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠲᠤᠭᠳᠠᠯᠴᠠᠭ᠎ᠠ ᠶᠢ ᠲᠦᠷᠭᠡᠳᠭᠡᠨ ᠪᠠᠶᠢᠭᠤᠯᠵᠤ᠂ ᠭᠠᠵᠠᠷ | ᠣᠷᠤᠨ ᠤ ᠳᠠᠪᠠᠭᠤᠯᠢᠭ ᠢᠶᠠᠨ ᠳᠣᠪᠣᠶᠢᠯᠭᠠᠭᠰᠠᠨ᠂ ᠠᠵᠤ ᠦᠢᠯᠡᠰ ᠤᠨ ᠳᠠᠶᠢᠴᠢᠯᠠᠬᠤ ᠴᠢᠨᠠᠷ ᠴᠢᠩᠭ᠎ᠠ᠂ ᠴᠢᠨᠠᠷ ᠰᠠᠶᠢᠳᠠᠢ ᠬᠦᠭᠵᠢᠯᠲᠡ ᠶᠢ ᠢᠯᠡᠷᠡᠭᠦᠯᠬᠦ ᠰᠢᠨ᠎ᠡ ᠪᠠᠷ | ᠮᠠᠨᠳᠤᠭᠰᠠᠨ ᠠᠵᠤ ᠦᠢᠯᠡᠳᠪᠦᠷᠢ ᠶᠢᠨ ᠲᠤᠭᠳᠠᠯᠴᠠᠭ᠎ᠠ ᠂ ᠨᠢᠭᠡᠳᠦᠭᠡᠷ ᠬᠤᠶᠠᠳᠤᠭᠠᠷ ᠠᠵᠤ ᠦᠢᠯᠡᠰ ᠲᠠᠢ ᠭᠦᠨᠵᠡᠭᠡᠢ ᠠᠭᠤᠰᠤᠯᠴᠠᠵᠤ᠂ ᠪᠠᠰᠠ ᠨᠢᠭᠡᠳᠦᠭᠡᠷ | ᠬᠤᠶᠠᠳᠤᠭᠠᠷ ᠠᠵᠤ ᠦᠢᠯᠡᠰ ᠤᠨ ᠬᠦᠭᠵᠢᠯᠲᠡ ᠶᠢ ᠳᠠᠶᠢᠴᠢᠯᠠᠬᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠭᠳᠠᠯᠴᠠᠭ᠎ᠠ︶᠃ | ᠵᠢᠷᠭᠤᠭᠠᠨ ᠲᠣᠭᠤᠷᠢᠭ ᠨᠢᠭᠡ ᠵᠠᠩᠭᠢᠯᠠᠭ᠎ᠠ᠄ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠰᠢᠨ᠎ᠡ ᠪᠠᠷ | ᠮᠠᠨᠳᠤᠭᠰᠠᠨ ᠠᠵᠤ ᠦᠢᠯᠡᠳᠪᠦᠷᠢ ᠶᠢᠨ ᠴᠤᠭᠯᠠᠷᠠᠯ ᠲᠣᠭᠤᠷᠢᠭ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠲᠣᠭᠤᠷᠢᠭ᠂ ᠰᠢᠶᠠᠨ ᠤ | ᠬᠡᠪᠴᠢᠶᠡᠨ ᠤ ᠬᠤᠲᠠ ᠶᠢᠨ ᠪᠠᠶᠢᠭᠤᠯᠤᠯᠳᠠ ᠶᠢᠨ ᠳᠠᠭᠤᠷᠢᠶᠠᠯ ᠲᠣᠭᠤᠷᠢᠭ᠂ ᠠᠵᠤ ᠠᠮᠢᠳᠤᠷᠠᠯ ᠵᠤᠯ ᠵᠢᠷᠭᠠᠯ ᠲᠠᠢ ᠨᠡᠶᠢᠭᠡᠮ ᠡᠶ᠎ᠡ ᠵᠣᠬᠢᠴᠠᠩᠭᠤᠢ ᠵᠢᠱᠢᠶ᠎ᠡ ᠦᠵᠡᠭᠦᠯᠬᠦ | ᠲᠣᠭᠤᠷᠢᠭ᠂ ᠠᠭᠤᠯᠠ ᠤᠰᠤ ᠤᠢ ᠲᠠᠷᠢᠶ᠎ᠡ ᠨᠠᠭᠤᠷ ᠡᠪᠡᠰᠦ ᠶᠢᠨ ᠰᠢᠰᠲ᠋ᠧᠮ ᠢ ᠵᠠᠰᠠᠨ ᠰᠠᠶᠢᠵᠢᠷᠠᠭᠤᠯᠬᠤ ᠲᠤᠷᠰᠢᠯᠲᠠ ᠶᠢᠨ ᠴᠢᠭ ᠤᠨ ᠲᠣᠭᠤᠷᠢᠭ ᠵᠢᠴᠢ ︽ᠨᠢᠭᠡ | ᠪᠦᠰᠡ ᠨᠢᠭᠡ ᠵᠡᠮ︾᠂ ᠮᠤᠩᠭᠤᠯ ᠤᠯᠤᠰ ᠲᠠᠢ ᠴᠢᠯᠦᠭᠡᠲᠡᠢ ᠶᠠᠪᠤᠯᠴᠠᠬᠤ᠂ ᠬᠦᠬᠡᠬᠤᠲᠠ ᠪᠤᠭᠤᠳᠤ ᠢᠷᠭᠠᠢ ᠲᠡᠮᠡᠭᠡᠲᠦ ᠶᠢᠨ ᠠᠵᠤ ᠠᠬᠤᠢ ᠶᠢᠨ ᠲᠣᠭᠤᠷᠢᠭ ᠲᠤ | ᠪᠠᠶᠢᠯᠳᠤᠬᠤ ᠪᠣᠳᠣᠯᠭ᠎ᠠ ᠴᠢᠨᠠᠷᠳᠡᠢ ᠬᠦᠨᠵᠡᠭᠡᠢ ᠠᠭᠤᠰᠤᠯᠴᠠᠬᠤ᠃ | ︽ᠲᠡᠭ ᠪᠣᠯᠭᠠᠨ ᠦᠭᠡᠶᠢᠰᠭᠡᠵᠦ ᠪᠠᠷᠢᠮᠵᠢᠶ᠎ᠡ ᠳᠤ ᠬᠦᠷᠭᠡᠬᠦ︾ ᠲᠤᠰᠬᠠᠢ ᠲᠦᠷᠦᠯ ᠤᠨ ᠠᠵᠢᠯᠯᠠᠭ᠎ᠠ᠄ ᠶᠡᠳᠡᠭᠤ ᠠᠴᠠ ᠠᠩᠭᠢᠵᠢᠷᠠᠭᠤᠯᠬᠤ | ᠪᠤᠭᠤᠮᠲᠠᠰᠢᠪᠲᠤᠯᠤᠯᠲᠠ ᠶᠢ ᠡᠷᠦᠭᠡ ᠳᠤ ᠤᠷᠤᠭᠤᠯᠬᠤ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠭᠡᠷᠡᠭᠵᠢᠭᠦᠯᠬᠦ ᠳᠤ ᠪᠠᠨ ᠵᠦᠷᠢᠶ᠎ᠡ ᠲᠠᠢ | ᠪᠠᠶᠢᠬᠤ ᠶᠢ ᠦᠭᠡᠶᠢᠰᠬᠡᠬᠦ︔ ᠬᠦᠳᠡᠯᠮᠦᠷᠢᠯᠡᠬᠦ ᠬᠦᠴᠦᠨ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠳᠤ ᠶᠠᠳᠠᠭᠤ ᠶᠢ ᠳᠡᠳᠭᠦᠬᠦ ᠠᠵᠤ ᠦᠢᠯᠡᠰ ᠤᠨ ᠲᠦᠷᠦᠯ | ᠵᠦᠢᠯ ᠢ ᠦᠯᠦ ᠪᠦᠷᠬᠦᠭᠦᠯᠦᠭᠰᠡᠨ ᠪᠠ ᠬᠦᠳᠡᠯᠮᠦᠷᠢᠯᠡᠬᠦ ᠬᠦᠴᠦᠨ ᠦᠭᠡᠢ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠪᠦᠬᠦᠨ ᠢ ᠠᠭᠤᠳᠠᠯᠯᠠᠬᠤ ᠲᠦᠷᠦ ᠶᠢᠨ | ᠪᠣᠳᠤᠯᠭ᠎ᠠ ᠶᠢᠨ ᠦᠯᠦ ᠪᠦᠷᠬᠦᠭᠦᠯᠦᠭᠰᠡᠨ ᠢ ᠦᠬᠡᠶᠢᠰᠬᠡᠬᠦ︔ ᠬᠠᠮᠳᠤ ᠶᠢᠨ ᠠᠵᠤ ᠠᠬᠤᠢ ᠪᠠᠷ ᠲᠤᠷᠤᠢ ᠪᠠᠭᠤᠷᠠᠢ ᠬᠦᠴᠢᠷᠳᠠᠯᠳᠡᠢ ᠭᠠᠴᠠᠭ᠎ᠠ ᠲᠤᠰᠬᠤᠨ ᠢ | ᠦᠬᠡᠶᠢᠰᠬᠡᠬᠦ︔ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠭᠡ ᠶᠢᠨ ᠠᠶᠤᠯᠲᠤ ᠭᠡᠷ ᠪᠠᠶᠢᠰᠢᠩ ᠢ ᠦᠭᠡᠶᠢᠰᠭᠡᠬᠦ︔ ᠶᠠᠳᠠᠭᠤ ᠬᠦᠴᠢᠷᠳᠡᠯᠲᠡᠢ ᠭᠠᠴᠠᠭ᠎ᠠ | ᠲᠤᠰᠬᠤᠨ ᠤ ᠬᠦᠳᠡᠯᠭᠡᠭᠴᠢ ᠬᠦᠴᠦᠨ ᠤ ᠬᠡᠷᠡᠭᠯᠡᠯᠲᠡ ᠶᠢᠨ ᠴᠠᠬᠢᠯᠭᠠᠨ ᠢ ᠨᠡᠪᠲᠡᠷᠡᠭᠦᠯᠦᠭᠰᠡᠨ ᠦᠭᠡᠢ᠂ ᠶᠠᠳᠠᠭᠤ ᠬᠦᠴᠢᠷᠳᠡᠯᠲᠡᠢ ᠡᠷᠦᠬᠡ ᠶᠢᠨ ᠠᠮᠢᠳᠤᠷᠠᠯ ᠤᠨ | ᠠᠮᠢᠳᠤᠷᠠᠯ ᠤᠨ ᠬᠡᠷᠡᠭᠯᠡᠭᠡᠨ ᠤ ᠴᠠᠬᠢᠯᠭᠠᠨ ᠪᠠᠷᠢᠮᠵᠢᠶ᠎ᠠ ᠳᠤ ᠬᠦᠷᠦᠭᠰᠡᠨ ᠦᠭᠡᠢ ᠶᠢ ᠦᠭᠡᠶᠢᠰᠭᠡᠬᠦ︔ ᠶᠠᠳᠠᠭᠤ ᠬᠦᠴᠢᠷᠳᠡᠯᠲᠡᠢ ᠡᠷᠦᠬᠡ ᠶᠢ ᠦᠭᠡᠷ᠎ᠡ ᠭᠠᠵᠠᠷ | ᠰᠢᠯᠵᠢᠭᠦᠯᠦᠨ ᠨᠡᠭᠦᠯᠭᠦᠬᠦ ᠡᠭᠦᠷᠬᠡ ᠶᠢ ᠦᠬᠡᠶᠢᠰᠬᠡᠬᠦ︔ ᠤᠨᠤᠪᠴᠢᠳᠠᠢ ᠪᠠᠷ ᠶᠠᠳᠤᠭᠤ ᠶᠢ ᠲᠡᠳᠬᠦᠬᠦ ᠳᠠᠩᠰᠠᠯᠠᠵᠤ ᠺᠠᠷᠲᠯᠠᠭᠰᠠᠨ ᠲᠡᠪᠴᠡᠩ ᠤᠨ ᠲᠤᠭ᠎ᠠ ᠪᠠᠷᠢᠮᠲᠠ ᠶᠢᠨ | ᠰᠢᠰᠲ᠋ᠧᠮ ᠤᠨ ᠪᠠᠶᠢᠭᠤᠯᠤᠯᠲᠠ ᠶᠢ ᠪᠠᠷᠢᠮᠵᠢᠶ᠎ᠡ ᠳᠤ ᠬᠦᠷᠬᠡᠬᠦ︔ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠰᠤᠮᠤ ᠪᠠᠯᠭᠠᠰᠤ᠂ ᠭᠠᠴᠠᠭ᠎ᠠ ᠲᠤᠰᠬᠤᠨ ᠤ ᠬᠤᠶᠠᠷ | ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ ᠲᠠᠰᠤᠭ︶ ᠶᠢᠨ ᠲᠣᠨᠤᠭ ᠲᠦᠬᠦᠭᠡᠷᠦᠮᠵᠢ᠂ ᠠᠵᠢᠯᠲᠠᠨ᠂ ᠡᠮ ᠤᠨ ᠵᠦᠢᠯ ᠵᠡᠷᠭᠡ ᠦᠨᠳᠦᠰᠦᠨ ᠡᠮᠴᠢᠯᠡᠭᠡ ᠶᠢᠨ | ᠦᠢᠯᠡᠴᠢᠯᠡᠭᠡ ᠶᠢ ᠪᠡᠷᠢᠮᠵᠢᠶ᠎ᠡ ᠳᠤ ᠬᠦᠷᠬᠡᠬᠦ︔ ᠳᠠᠩᠰᠠᠯᠠᠵᠤ ᠺᠠᠷᠲᠯᠠᠭᠰᠠᠨ ᠶᠠᠳᠠᠭᠤ ᠭᠦᠴᠢᠷᠳᠡᠯᠲᠡᠢ ᠡᠷᠦᠬᠡ ᠶᠢᠨ ᠤᠤᠭᠤᠬᠤ ᠤᠰᠤ ᠶᠢ ᠠᠮᠤᠷ ᠲᠦᠪᠰᠢᠨ ᠤ | ᠪᠠᠷᠢᠮᠵᠢᠶ᠎ᠠ ᠳᠤ ᠬᠦᠷᠬᠡᠬᠦ︔ ᠳᠠᠩᠰᠠᠯᠠᠵᠤ ᠺᠠᠷᠲᠯᠠᠭᠰᠠᠨ ᠶᠠᠳᠠᠭᠤ ᠭᠦᠴᠢᠷᠳᠡᠯᠲᠡᠢ ᠭᠠᠵᠠᠷ ᠣᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠰᠤᠯᠠ ᠳᠣᠷᠤᠢ | ᠰᠤᠷᠭᠠᠭᠤᠯᠢ ᠶᠢᠨ ᠦᠭᠡᠷᠡᠴᠢᠯᠡᠯᠳᠡ ᠪᠠ ᠬᠦᠳᠡᠭᠡ ᠲᠤᠰᠬᠤᠨ ᠤ ᠬᠡᠪᠴᠢᠶ᠎ᠡ ᠪᠠᠷ ᠪᠠᠭ᠎ᠠ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ | ᠰᠤᠷᠭᠠᠭᠤᠯᠢ ᠶᠢᠨ ᠦᠭᠡᠷᠡᠴᠢᠯᠡᠯᠳᠡ ᠶᠢ ᠪᠡᠶᠡᠯᠡᠭᠦᠯᠵᠦ᠂ ᠳᠠᠩᠰᠠᠯᠠᠵᠤ ᠺᠠᠷᠲᠯᠠᠭᠰᠠᠨ ᠶᠠᠳᠠᠭᠤ ᠭᠦᠴᠢᠷᠳᠡᠯᠲᠡᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠱᠠᠲᠤᠨ ᠳᠠᠬᠢ ᠦᠷ᠎ᠡ ᠬᠡᠦᠬᠡᠳ ᠤᠨ ᠰᠤᠷᠤᠯᠭ᠎ᠠ ᠲᠤᠷᠭᠤᠨ ᠵᠣᠭᠰᠤᠬᠤ ᠶᠢ ᠬᠢᠵᠠᠭᠠᠷᠯᠠᠵᠤ᠂ ᠰᠤᠷᠭᠠᠭᠤᠯᠢ ᠳᠤ ᠣᠷᠤᠬᠤ ᠶᠢ ᠪᠠᠳᠤᠯᠠᠵᠤ | ᠪᠠᠷᠢᠮᠵᠢᠶ᠎ᠠ ᠳᠤ ᠬᠦᠷᠬᠡᠬᠦ ᠶᠢ ᠪᠡᠶᠡᠯᠡᠭᠦᠯᠬᠦ᠃ | ᠨᠢᠭᠡ ᠨᠠᠭᠤᠷ ᠬᠤᠶᠠᠷ ᠳᠠᠯᠠᠢ᠄ ᠬᠦᠯᠦᠨ ᠨᠠᠭᠤᠷ᠂ ᠤᠯᠢᠶᠠᠰᠤ ᠨᠠᠭᠤᠷ᠂ ᠳᠠᠭ᠎ᠠ ᠶᠢᠨ ᠨᠠᠭᠤᠷ | ᠪᠤᠵᠠᠷ ᠤᠰᠤ ᠶᠢ ︽ᠦᠴᠦᠬᠡᠨ ᠴᠦ ᠳᠠᠯᠠᠢ ᠳᠤ ᠣᠷᠤᠭᠤᠯᠬᠤ ᠦᠭᠡᠢ︾᠄ ᠬᠤᠲᠠ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠠᠵᠤ | ᠦᠢᠯᠡᠳᠪᠦᠷᠢ ᠶᠢᠨ ᠲᠣᠭᠤᠷᠢᠭ ᠵᠢᠴᠢ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠳᠤ ᠤᠷᠤᠭᠤᠯᠤᠭᠰᠠᠨ ᠠᠵᠤ ᠦᠢᠯᠡᠳᠪᠦᠷᠢ ᠠᠵᠤ ᠠᠬᠤᠶᠢᠯᠠᠯ ᠤᠨ | ᠬᠠᠶᠠᠭᠳᠠᠮᠠᠯ ᠤᠰᠤ ᠶᠢ ᠪᠦᠬᠦᠨ ᠢᠶᠠᠷ ᠨᠢ ᠳᠡᠬᠢᠨ ᠠᠰᠢᠭᠯᠠᠵᠤ᠂ ᠤᠯᠢᠶᠠᠰᠤ ᠨᠠᠭᠤᠷ ᠲᠤ ᠳᠠᠬᠢᠨ ᠵᠠᠯᠠᠵᠤ ᠣᠷᠤᠭᠤᠯᠬᠤ ᠦᠭᠡᠢ᠃ | ᠭᠤᠣᠯ ︵ᠨᠠᠭᠤᠷ︶ ᠤᠨ ︽ᠳᠤᠷᠪᠡᠨ ᠰᠠᠮᠠᠭᠤᠷᠠᠯ ᠢ ᠴᠡᠪᠡᠷᠯᠡᠬᠦ︾᠄ ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠤᠪᠤᠭᠠᠯᠠᠬᠤ᠂ | ᠳᠤᠷ᠎ᠠ ᠪᠠᠷ ᠪᠠᠶᠢᠭᠤᠯᠬᠤ ᠵᠡᠷᠭᠡ ᠭᠤᠣᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠤᠪᠤᠶᠢᠮ᠎ᠠ ᠠᠰᠠᠭᠤᠳᠠᠯ ᠲᠤ ᠲᠤᠰᠬᠠᠢ ᠲᠦᠷᠦᠯ ᠤᠨ ᠴᠡᠪᠡᠷᠯᠡᠨ ᠴᠡᠭᠴᠡᠯᠡᠬᠦ | ᠠᠵᠢᠯᠯᠠᠭ᠎ᠠ ᠦᠷᠨᠢᠭᠦᠯᠬᠦ ᠶᠢ ᠳᠦᠭᠦᠮᠴᠢᠯᠡᠭᠡᠳ ︽ ᠳᠦᠷᠪᠡᠨ ᠰᠠᠮᠠᠭᠤᠷᠠᠯ ᠢ ᠴᠡᠪᠡᠷᠯᠡᠬᠦ︾ ᠭᠡᠳᠡᠭ᠃ | ᠲᠠᠷᠢᠶᠠᠯᠠᠩ ᠤᠨ︽ᠳᠦᠷᠪᠡᠨ ᠬᠢᠵᠠᠭᠠᠷᠯᠠᠬᠤ︾ ᠠᠵᠢᠯᠯᠠᠭ᠎ᠠ᠄ ᠬᠢᠮᠢ ᠶᠢᠨ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ | ᠂ ᠪᠦᠷᠭᠦᠪᠴᠢ ᠶᠢ ᠬᠢᠵᠠᠭᠠᠷᠯᠠᠬᠤ᠃ | ᠭᠤᠷᠪᠠᠨ ᠪᠦᠳᠦᠭᠡᠭᠳᠡᠬᠦᠨᠨᠢᠭᠡ ᠲᠡᠮᠳᠡᠭ᠄ ᠬᠤᠣᠷ ᠬᠦᠨᠦᠭᠡᠯ ᠦᠭᠡᠢ ᠲᠠᠷᠢᠶᠠᠯᠠᠩ ᠤᠨ ᠪᠦᠳᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠤᠷᠭᠠᠨᠢᠭ | ᠲᠠᠷᠢᠶᠠᠯᠠᠩ ᠤᠨ ᠪᠦᠳᠦᠭᠡᠭᠳᠡᠬᠦᠨ ᠪᠠ ᠲᠠᠷᠢᠶᠠᠯᠠᠩ ᠤᠨ ᠪᠦᠳᠦᠭᠡᠭᠳᠡᠬᠦᠨ ᠤ ᠨᠡᠷ᠎ᠡ ᠲᠡᠮᠳᠡᠭ᠃ | ︽ᠨᠢᠭᠡ ᠰᠢᠶᠠᠨ ᠨᠢᠭᠡ ᠲᠡᠮᠳᠡᠭᠳᠦ︾ ᠤᠨ ᠨᠡᠷ᠎ᠡ ᠲᠡᠮᠳᠡᠭᠳᠦ ᠪᠠᠷ ᠶᠠᠳᠠᠭᠤ ᠶᠢ ᠳᠡᠳᠭᠦᠬᠦ ᠠᠵᠢᠯᠯᠠᠭ᠎ᠠ᠄ ᠲᠦᠷᠦ ᠶᠢᠨ ᠪᠣᠳᠤᠯᠭ᠎ᠠ᠂ ᠡᠳ᠋ ᠬᠦᠷᠦᠩᠭᠡ᠂ | ᠵᠠᠭᠤᠴᠢᠯᠠᠭᠤᠷ᠂ ᠠᠷᠭ᠎ᠠ ᠵᠠᠮ ᠵᠠᠷᠭᠡ ᠡᠬᠢ ᠰᠤᠷᠪᠤᠯᠵᠢ ᠶᠢ ᠨᠢᠭᠡᠳᠦᠭᠦᠯᠦᠨ᠂ ᠬᠤᠪᠢᠰᠬᠠᠯ ᠤᠨ ᠰᠠᠭᠤᠷᠢᠨ ᠭᠠᠵᠠᠷ ᠤᠨ ᠶᠠᠳᠠᠭᠤ ᠬᠦᠴᠢᠷᠳᠡᠯ ᠲᠠᠢ ᠰᠢᠶᠠᠨ ᠢ | ᠬᠠᠪᠰᠤᠷᠦᠨ ᠳᠡᠮᠵᠢᠵᠦ ᠲᠤᠰ ᠭᠠᠵᠠᠷ ᠤᠨ ᠣᠨᠴᠠᠯᠢᠭ ᠪᠠᠨ ᠬᠠᠳᠠᠭᠠᠯᠠᠭᠰᠠᠨ ᠲᠠᠷᠢᠶᠠᠯᠠᠩ ᠤᠨ ᠦᠢᠯᠡᠳᠭᠦᠨ ᠤ ᠨᠡᠷ᠎ᠡ ᠲᠡᠮᠳᠡᠭᠳᠦ ᠶᠢ ᠪᠣᠢ ᠪᠣᠯᠭᠠᠵᠤ᠂ | ᠬᠤᠪᠢᠰᠬᠠᠯ ᠤᠨ ᠰᠠᠭᠤᠷᠢᠨ ᠭᠠᠵᠠᠷ ᠤᠨ ᠶᠠᠳᠠᠭᠤ ᠬᠦᠴᠢᠷᠳᠡᠯ ᠲᠠᠢ ᠰᠢᠶᠠᠨ ᠤ ᠶᠡᠳᠡᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢ ᠳᠡᠮᠵᠢᠬᠦ ᠶᠢ | ᠦᠢᠯᠡᠳᠦᠯᠭᠡᠵᠢᠭᠦᠯᠬᠦ᠂ ᠲᠠᠷᠢᠶᠠᠯᠠᠩ ᠤᠨ ᠲᠤᠰᠠᠯᠠᠬᠤ ᠦᠢᠯᠡᠳᠭᠦᠨ ᠤ ᠨᠡᠷ᠎ᠡ ᠲᠡᠮᠳᠡᠭᠳᠦ ᠪᠠᠷ ᠶᠠᠳᠠᠭᠤ ᠶᠢ ᠳᠡᠳᠭᠦᠬᠦ ᠠᠷᠭ᠎ᠠ ᠵᠠᠮ ᠢ ᠡᠷᠢᠨ ᠰᠦᠪᠡᠭᠴᠢᠯᠡᠬᠦ ᠪᠣᠯᠤᠨ᠎ᠠ᠃ | | ᠲᠠᠪᠤᠨ ᠬᠤᠲᠠ ᠶᠢ ᠬᠠᠮᠲᠦ ᠳᠤᠨᠢ ᠪᠠᠶᠢᠭᠤᠯᠵᠤ ᠄ ᠦᠪᠡᠷᠲᠡᠭᠡᠨ ᠵᠠᠰᠠᠬᠤ ᠣᠷᠤᠨ ᠤ ᠪᠣᠯᠪᠠᠰᠤᠨ ᠬᠤᠲᠠ᠂ ᠴᠡᠴᠡᠷᠯᠢᠭᠲᠦ ᠬᠤᠲᠠ᠂ ᠡᠷᠡᠭᠦᠯ ᠬᠠᠮᠠᠭᠠᠯᠠᠯ ᠤᠨ | ᠬᠤᠲᠠ᠂ ᠬᠤᠶᠠᠷ ᠢ ᠬᠦᠷᠢᠶᠡᠯᠡᠬᠦ ᠵᠢᠱᠢᠶ᠎ᠡ ᠦᠵᠡᠭᠦᠯᠬᠦ ᠬᠤᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠪᠣᠯᠤᠨ᠎ᠠ᠃ | ETC: Electronic Toll Collection ᠭᠡᠳᠡᠭ ᠦᠰᠦᠭ ᠤᠨ ᠴᠤᠮᠬᠠᠳᠬᠠᠯ ᠂ ᠲᠡᠷᠭᠡ ᠵᠣᠭᠰᠤᠬᠤ ᠦᠬᠡᠢ ᠪᠠᠷ ᠡᠯᠧᠺᠲᠷᠤᠨ | ᠰᠦᠢᠳᠬᠡᠯ ᠬᠤᠷᠢᠶᠠᠬᠤ ᠰᠢᠰᠲ᠋ᠧᠮ ᠢ ᠵᠢᠭᠠᠵᠤ ᠪᠣᠢ ᠂ ᠤᠭᠰᠠᠷᠠᠭᠰᠠᠨ ᠤ ᠳᠠᠷᠠᠭ᠎ᠠ ᠦᠨᠳᠦᠷ ᠬᠤᠷᠳᠤᠴᠠᠲᠦ ᠵᠠᠰᠠᠮᠠᠯ ᠵᠠᠮ ᠳᠡᠭᠡᠷ᠎ᠡ ᠠᠦ᠋ᠲ᠋ᠤ᠋ ᠰᠦᠢᠳᠭᠡᠯ | ᠬᠤᠶ᠋ᠢᠶᠠᠬᠤ ᠶᠢ ᠪᠡᠶᠡᠯᠡᠭᠦᠯᠵᠦ ᠲᠡᠶᠢᠯᠦᠨ᠎ᠡ᠃ | ︽ᠲᠦᠷᠪᠡᠨ ᠨᠤᠲᠤᠭ︾ ᠢ ᠡᠭᠦᠳᠦᠨ ᠪᠠᠶᠢᠭᠤᠯᠵᠤ᠄ ᠳᠤᠮᠳᠠᠳᠤ ᠤᠯᠤᠰ ᠤᠨ ᠰᠢᠯᠦᠭ ᠳᠠᠭᠤᠯᠠᠯ ᠤᠨ ᠨᠣᠲᠤᠭ᠂ ᠳᠤᠮᠳᠠᠳᠤ ᠤᠯᠤᠰ ᠤᠨ ᠵᠡᠪᠰᠡᠭ ᠤᠨ | ᠡᠷᠳᠡᠮ ᠤᠨ ᠨᠣᠲᠤᠭ᠂ ᠲᠤᠮᠳᠠᠳᠤ ᠤᠯᠤᠰ ᠤᠨ ᠮᠢᠭᠮᠠᠨ ᠰᠢᠲᠠᠷ᠎ᠠ ᠤᠨ ᠨᠣᠲᠤᠭ᠂ ᠳᠤᠮᠳᠠᠳᠤ ᠤᠯᠤᠰ ᠤᠨ ᠠᠷᠠᠳ ᠤᠨ ᠰᠤᠶᠤᠯ ᠤᠷᠠᠯᠢᠭ ᠤᠨ ᠨᠣᠲᠤᠭ ᠃ | ︽ᠲᠠᠯᠪᠢᠬᠤ᠂ ᠬᠠᠮᠢᠶᠠᠷᠠᠬᠤ᠂ ᠦᠢᠯᠡᠴᠢᠯᠡᠬᠦ︾ ᠦᠭᠡᠷᠡᠴᠢᠯᠡᠯᠲᠡ᠄ ᠵᠠᠰᠠᠭ ᠢ ᠴᠤᠮᠬᠠᠳᠬᠠᠨ ᠡᠷᠬᠡ ᠪᠠᠨ ᠲᠠᠯᠪᠢᠵᠤ᠂ ᠲᠠᠯᠪᠢᠬᠤ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠪᠠᠨ ᠰᠢᠯᠢᠳᠡᠭᠵᠢᠭᠦᠯᠬᠦ ᠶᠢᠨ ᠲᠦᠭᠦᠮ ᠲᠠᠭᠤᠳᠠᠯᠭ᠎ᠠ᠃ | ᠳᠦᠷᠪᠡᠨ ᠲᠠᠨᠢᠯᠲᠠ᠄ ᠤᠯᠤᠰ ᠲᠦᠷᠦ ᠶᠢᠨ ᠲᠠᠨᠢᠯᠲᠠ᠂ ᠶᠡᠭᠡ ᠲᠠᠯ᠎ᠠ ᠶᠢᠨ ᠲᠠᠨᠢᠯᠲᠠ᠂ ᠭᠤᠤᠯᠳᠠᠯᠭ᠎ᠠ ᠶᠢᠨ ᠲᠠᠨᠢᠯᠲᠠ᠂ ᠨᠢᠭᠡᠳᠦᠯᠲᠡᠢ ᠪᠠᠶᠢᠬᠤ ᠲᠠᠨᠢᠯᠲᠠ᠃ | ᠳᠦᠷᠪᠡᠨ ᠢᠲᠡᠭᠡᠯ᠄ ᠵᠠᠮ ᠱᠤᠭᠤᠮ ᠳᠠᠭᠠᠨ ᠢᠲᠡᠭᠡᠯ ᠲᠠᠢ᠂ ᠣᠨᠤᠯ ᠤᠨ ᠲᠠᠯ᠎ᠠ ᠪᠠᠷ ᠢᠲᠡᠭᠡᠯ ᠲᠠᠢ ᠂ ᠳᠦᠷᠢᠮ ᠲᠣᠭᠲᠠᠭᠠᠯ ᠳᠠᠭᠠᠨ ᠢᠲᠡᠭᠡᠯ ᠲᠠᠢ᠂ | ᠰᠤᠶᠤᠯ ᠤᠨ ᠲᠠᠯ᠎ᠠ ᠪᠠᠷ ᠢᠲᠡᠭᠡᠯ ᠲᠠᠢ ᠪᠠᠶᠢᠬᠤ᠃ | ᠬᠤᠶᠠᠷ ᠬᠠᠮᠠᠭᠠᠯᠠᠬᠤ ᠄ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠦᠪ ᠬᠤᠷᠢᠶᠠᠨ ᠤ ᠭᠤᠣᠯᠳᠠᠯᠭ᠎ᠠ᠂ ᠪᠦᠬᠦ ᠨᠠᠮ ᠤᠨ ᠭᠤᠤᠯᠳᠠᠯᠠᠭᠠᠳᠤ | ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠭᠦᠯᠦᠨ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ᠃ | ᠭᠤᠷᠪᠠᠨ ᠴᠢᠬᠤᠯᠠ ᠨᠢᠭᠡ ᠶᠡᠭᠡ᠄ ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢ᠂ ᠴᠢᠬᠤᠯᠠ ᠺᠠᠳ᠋ᠷ ᠢ ᠲᠣᠮᠢᠯᠠᠵᠤ ᠤᠭᠴᠠᠷᠠᠭᠤᠯᠬᠤ᠂ ᠴᠢᠬᠤᠯᠠ ᠶᠡᠭᠡ | ᠲᠦᠷᠦᠯ ᠵᠦᠢᠯ ᠢ ᠲᠣᠬᠢᠷᠠᠭᠤᠯᠬᠤ᠂ ᠶᠡᠭᠡ ᠲᠣᠭᠠᠨ ᠤ ᠪᠡᠯᠡ ᠮᠦᠩᠭᠦᠨ ᠤ ᠬᠡᠷᠡᠭᠯᠡᠯᠲᠡ᠃ | ppp:public—private—partnership ᠦᠰᠦᠭ ᠤᠨ ᠴᠤᠮᠬᠠᠳᠬᠠᠯ ᠂ ᠡᠨᠡ ᠨᠢ ᠵᠠᠷᠢᠮ ᠵᠠᠰᠠᠭ ᠤᠨ ᠣᠷᠳᠤᠨ ᠤ ᠬᠠᠷᠢᠭᠤᠴᠠᠯᠭ᠎ᠠ ᠶᠢ | ᠣᠨᠴᠠ ᠡᠵᠡᠩᠨᠡᠯᠲᠡ ᠶᠢᠨ ᠡᠷᠬᠡ ᠶᠢᠨ ᠬᠡᠯᠪᠡᠷᠢ ᠪᠠᠷ ᠨᠡᠶᠢᠭᠡᠮ ᠤᠨ ᠭᠤᠣᠯ ᠴᠣᠭᠴᠠ ︵ᠠᠵᠤ ᠠᠬᠤᠶᠢᠯᠠᠯ︶ ᠲᠤ ᠰᠢᠯᠵᠢᠭᠦᠯᠦᠨ ᠦᠭᠴᠦ᠂ ᠵᠠᠰᠠᠭ ᠤᠨ ᠣᠷᠳᠤᠨ ᠪᠠ | ᠨᠡᠶᠢᠭᠡᠮ ᠤᠨ ᠭᠤᠣᠯ ᠴᠣᠭᠴᠠ ᠶᠢᠨ ︽ᠣᠯᠵᠠ ᠠᠰᠢᠭ ᠢᠶᠠᠨ ᠬᠠᠮᠳᠤᠪᠠᠷ ᠡᠳ᠋ᠯᠡᠬᠦ᠂ ᠠᠶᠤᠯ ᠲᠦᠭᠰᠢᠭᠦᠷᠢ ᠶᠢ ᠬᠠᠮᠲᠤᠪᠠᠷ ᠡᠭᠦᠷᠭᠡᠯᠡᠬᠦ᠂ ᠪᠦᠬᠦ ᠶᠠᠪᠤᠴᠠ ᠳᠤ | ᠬᠠᠮᠲᠤᠷᠠᠨ ᠬᠢᠬᠦ︾ ᠬᠠᠮᠳᠤ ᠶᠢᠨ ᠴᠤᠭᠴᠠ ᠵᠢᠨᠬᠠᠷᠢᠴᠠᠭ᠎ᠠ ᠵᠢᠪᠠᠶᠢᠭᠤᠯᠵᠤ᠂ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠳᠠᠷᠤᠭᠠᠰᠤ ᠶᠢ ᠬᠦᠩᠭᠡᠯᠡᠬᠦ ᠶᠢ | ᠠᠬᠢᠭᠤᠯᠤᠨ᠂ ᠨᠡᠶᠢᠭᠡᠮ ᠤᠨ ᠭᠤᠣᠯ ᠴᠣᠭᠴᠠ ᠨᠢ ᠵᠦᠢ ᠵᠣᠬᠢᠰᠲᠠᠢ ᠪᠠᠷ ᠠᠰᠢᠭ ᠬᠦᠷᠲᠡᠬᠦ᠃ | ᠦᠬᠦᠰᠢᠷᠡᠮᠡᠯ ᠠᠵᠤ ᠦᠢᠯᠡᠰ᠄ ᠦᠢᠯᠡᠳᠪᠦᠷᠢᠯᠡᠯ ᠨᠢ ᠨᠢᠭᠡᠨᠲᠡ ᠵᠣᠭᠰᠤᠭᠰᠠᠨ᠂ ᠬᠠᠭᠠᠰ ᠵᠣᠭᠰᠤᠭᠰᠠᠨ᠂ ᠵᠢᠯ ᠳᠠᠷᠠᠭᠠᠯᠠᠨ ᠬᠤᠷᠤᠭᠳᠠᠯ ᠲᠠᠢ᠂ ᠬᠦᠷᠦᠩᠭᠡ | ᠨᠢ ᠦᠷᠢ ᠳᠡᠭᠡᠨ ᠬᠦᠷᠬᠦ ᠦᠬᠡᠢ ᠂ ᠭᠤᠣᠯᠳᠠᠭᠤ ᠵᠠᠰᠠᠭ ᠤᠨ ᠣᠷᠳᠤᠨ ᠤ ᠨᠦᠬᠦᠪᠦᠷᠢ ᠪᠠ ᠪᠠᠩᠭᠢ ᠠᠴᠠ ᠦᠷᠭᠦᠯᠵᠢᠯᠡᠨ ᠵᠢᠭᠡᠯᠡᠯᠭᠡ ᠲᠠᠯᠪᠢᠵᠤ ᠡᠵᠡᠩᠨᠡᠵᠤ ᠪᠠᠶᠢᠭ᠎ᠠ | ᠠᠵᠤ ᠠᠬᠤᠶᠢᠯᠠᠯ ᠢ ᠵᠢᠭᠠᠵᠤ ᠪᠣᠢ ᠃ | ᠬᠤᠶᠠᠷ ᠪᠢᠴᠢᠯ ᠨᠢᠭᠡ ᠦᠵᠦᠭᠦᠷ᠄ ᠪᠢᠴᠢᠯ ᠪᠦᠷᠬᠡ᠂ ᠸᠢᠴᠠᠲ ᠵᠢᠴᠢ ᠰᠣᠨᠢᠨ ᠮᠡᠳᠡᠭᠡᠨ ᠤ ᠬᠠᠷᠢᠴᠠᠭᠠᠨ ᠡᠷᠦᠭᠡ ᠶᠢᠨ ᠦᠵᠦᠭᠦᠷ᠃ | ᠭᠤᠷᠪᠠᠨ ᠬᠤᠷᠠᠯ ᠨᠢᠭᠡ ᠬᠢᠴᠢᠶᠡᠯ᠄ ᠲᠤᠭᠳᠠᠮᠠᠯ ᠬᠤᠭᠤᠴᠠᠭ᠎ᠠ ᠲᠠᠢ ᠪᠠᠷ ᠨᠠᠮ ᠤᠨ ᠡᠭᠦᠷ ᠤᠨ ᠨᠠᠮ ᠤᠨ ᠭᠡᠰᠢᠭᠦᠳ ᠤᠨ ᠬᠤᠷᠠᠯ ᠂ ᠨᠠᠮ ᠤᠨ ᠡᠭᠦᠷ ᠤᠨ | ᠵᠦᠪᠯᠡᠯ᠂ ᠨᠠᠮ ᠤᠨ ᠲᠤᠭᠤᠶᠢᠯᠡᠩ ᠤᠨ ᠬᠤᠷᠠᠯ ᠬᠤᠷᠠᠯᠳᠤᠬᠤ᠂ ᠴᠠᠭ ᠲᠠᠭᠠᠨ ᠨᠠᠮ ᠤᠨ ᠬᠢᠴᠢᠶᠡᠯ ᠣᠷᠤᠬᠤ ᠃ | ᠭᠤᠷᠪᠠ ᠶᠢ ᠲᠦᠪᠯᠡᠷᠡᠭᠦᠯᠦᠨ ᠭᠤᠷᠪᠠ ᠶᠢ ᠪᠣᠲᠠᠲᠠᠶᠢᠵᠢᠭᠤᠯᠬᠤ : ᠡᠯ᠎ᠡ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠭᠦᠷᠭᠡ | ᠴᠢᠳᠠᠪᠬᠢ ᠶᠢ ᠨᠢᠭᠡ ᠰᠠᠯᠠᠭ᠎ᠠ ᠲᠠᠰᠤᠭ ᠲᠤ ᠲᠦᠪᠯᠡᠷᠡᠭᠦᠯᠬᠦ᠂ ᠬᠢᠨᠠᠨ ᠵᠦᠪᠰᠢᠶᠡᠷᠡᠬᠦ ᠡᠭᠦᠷᠭᠡ ᠴᠢᠳᠠᠪᠬᠢ ᠶᠢ ᠳᠠᠭᠠᠭᠠᠴᠢᠯᠠᠨ ᠠᠪᠤᠭᠰᠠᠨ ᠰᠠᠯᠠᠭ᠎ᠠ ᠲᠠᠰᠤᠭ ᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠲᠦᠪᠯᠡᠷᠡᠭᠦᠯᠬᠦ᠂ ᠵᠠᠰᠠᠭ ᠵᠠᠬᠢᠷᠭᠠᠨ ᠢ ᠬᠢᠨᠠᠨ ᠵᠦᠪᠰᠢᠶᠡᠷᠡᠬᠦ ᠵᠦᠢᠯᠡᠰ ᠢ ᠡᠯᠧᠺᠲᠷᠣᠨ ᠵᠠᠰᠠᠭ ᠤᠨ | ᠶᠠᠪᠤᠳᠠᠯ ᠤᠨ ᠲᠡᠪᠴᠡᠩ ᠳᠤ ᠲᠦᠪᠯᠡᠷᠡᠭᠦᠯᠬᠦ᠂ ᠬᠢᠨᠠᠨ ᠵᠦᠪᠰᠢᠶᠡᠷᠡᠬᠦ ᠵᠦᠢᠯᠡᠰ ᠢ ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠲᠢᠩᠬᠢᠮ ᠳᠤ ᠣᠷᠤᠭᠤᠯᠬᠤ ᠶᠢ | ᠪᠣᠲᠠᠲᠠᠶᠢᠵᠢᠭᠤᠯᠬᠤ᠂ ᠬᠢᠨᠠᠨ ᠵᠦᠪᠰᠢᠶᠡᠷᠡᠬᠦ ᠡᠷᠬᠡ ᠪᠠᠨ ᠪᠤᠲᠠᠲᠠᠶᠢᠵᠢᠭᠤᠯᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠪᠣᠲᠠᠲᠠᠶᠢᠵᠢᠭᠤᠯᠬᠤ ᠶᠢ ᠵᠢᠭᠠᠵᠤ ᠪᠣᠢ᠃ | |