ᠣᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠦᠮᠦᠵᠢᠯ ᠤᠨ ᠠᠵᠢᠯ ᠤᠨ ᠵᠦᠪᠯᠡᠯ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ | ᠦᠷᠨᠢᠭᠦᠯᠵᠦ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠴᠢᠰᠤ ᠬᠠᠨᠳᠢᠪᠯᠠᠵᠤ᠂ ᠰᠤᠷᠭᠠᠨ | ᠬᠦᠮᠦᠵᠢᠯ ᠤᠨ ᠰᠢᠰᠲ᠋ᠧᠮ ᠤᠨ33 ᠨᠠᠮ ᠤᠨ ᠡᠭᠦᠷ ︵ᠨᠠᠮ ᠤᠨ ᠶᠡᠷᠦᠩᠬᠡᠢ ᠡᠭᠦᠷ︶ ᠤᠨ 220 ᠨᠠᠮ ᠤᠨ ᠭᠡᠰᠢᠭᠦᠨ ᠠᠵᠢᠯᠯᠠᠭ᠎ᠠ ᠳᠤ ᠣᠷᠤᠯᠴᠠᠪᠠ᠃ | ᠲᠤᠰ ᠤᠳᠠᠭᠠᠨ ᠤ ᠬᠠᠷᠠᠮ ᠦᠭᠡᠢ ᠪᠠᠷ ᠴᠢᠰᠤ ᠬᠠᠨᠳᠢᠪᠯᠠᠬᠤ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠣᠮᠳᠠ᠂ ᠪᠦᠬᠦ ᠬᠤᠰᠢᠭᠤᠨ ᠤ | ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠪᠤᠳᠠᠲᠤ ᠠᠵᠢᠯᠯᠠᠭ᠎ᠠ ᠪᠠᠷ ᠢᠶᠠᠨ ᠳᠤᠷᠠᠲᠠᠠᠶᠢᠶᠠ ᠡᠷᠭᠦᠬᠦ ᠨᠠᠨᠳᠢᠨ ᠰᠤᠷᠲᠠᠯ ᠢᠶᠠᠨ ᠪᠠᠳᠠᠷᠠᠭᠤᠯᠵᠤ᠂ | ᠬᠠᠷᠠᠮ ᠦᠭᠡᠢ ᠪᠠᠷ ᠴᠢᠰᠤ ᠬᠠᠨᠳᠢᠪᠯᠠᠬᠤ ᠣᠭᠢ ᠰᠠᠶᠢᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠬᠦ ᠶᠢᠨ ᠬᠠᠮᠲᠤ᠂ ᠲᠣᠰ ᠠᠵᠢᠯᠯᠠᠭ᠎ᠠ ᠶᠢ ᠨᠠᠮ ᠤᠨ | ᠭᠡᠰᠢᠭᠦᠨ ᠤ ᠰᠠᠶᠢᠨ ᠳᠤᠷ᠎ᠠ ᠠᠴᠠ ᠪᠠᠨ ᠲᠡᠷᠢᠭᠦᠯᠡᠨ ᠣᠷᠤᠯᠴᠠᠬᠤ ᠤᠬᠠᠮᠰᠠᠷ ᠪᠣᠯᠭᠠᠵᠤ᠂ ᠰᠤᠷᠭᠠᠨ ᠬᠦᠮᠦᠵᠢᠯ ᠤᠨ ᠰᠢᠰᠲ᠋ᠧᠮ ᠤᠨ ᠦᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠤᠨ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠯᠡᠬᠦ ᠣᠭᠢ ᠰᠠᠶᠢᠨ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃ ᠨᠠᠮ ᠤᠨ | ᠭᠡᠰᠢᠭᠦᠨ ᠺᠠᠳ᠋ᠷᠴᠤᠳ ᠠᠴᠠ᠂ ᠨᠦᠬᠦᠴᠡᠯ ᠪᠠᠶᠢᠪᠠᠯ ᠬᠤᠶᠢᠰᠢᠳᠠ ᠴᠢᠰᠤ ᠬᠠᠨᠳᠢᠪᠯᠠᠬᠤ ᠠᠵᠢᠯᠯᠠᠭ᠎ᠠ ᠳᠤ ᠦᠷᠭᠦᠯᠵᠢᠯᠡᠨ ᠢᠳᠡᠪᠬᠢᠲᠡᠢ ᠣᠷᠤᠯᠴᠠᠵᠤ᠂ ᠦᠪᠡᠷ ᠤᠨ | ᠬᠠᠶᠢᠷ᠎ᠠ ᠰᠡᠳᠭᠢᠯ ᠢᠶᠠᠨ ᠬᠡᠷᠡᠭᠴᠡᠭᠡ ᠲᠠᠢ ᠬᠦᠮᠦᠨ ᠳᠤ ᠡᠷᠭᠦᠵᠦ᠂ ᠠᠮᠢ ᠨᠠᠰᠤ ᠶᠢ ᠠᠪᠤᠷᠠᠨ᠂ ᠨᠡᠶᠢᠭᠡᠮ ᠨᠡᠶᠢᠲᠡ ᠳᠤ ᠲᠤᠰᠠ ᠳᠡᠮ ᠪᠣᠯᠬᠤ ᠪᠠᠷ ᠴᠢᠷᠮᠠᠶᠢᠨ᠎ᠠ ᠭᠡᠵᠦ | ᠢᠯᠡᠷᠬᠡᠶᠢᠯᠡᠵᠡᠭᠡᠵᠦ ᠪᠠᠶᠢᠪᠠ᠃ |