ᠬᠤᠰᠢᠭᠤᠨ ᠤ ᠨᠠᠮ ᠤᠨ ᠬᠤᠷᠢᠶᠠᠨ ᠤ ᠱᠦᠵᠢ ᠴᠧᠨ ᠭᠦᠩ ᠮᠢᠩ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠵᠢᠭᠠᠨ ᠵᠢᠯᠦᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2020/12/13
    11 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠧᠨ ᠭᠦᠩ ᠮᠢᠩ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ ᠵᠧᠩ ᠺᠧ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠭᠠᠶ ᡁᠢ ᠪᠣᠯᠤᠨ ᠲᠣᠪᠴᠢᠶᠠᠨ ᠤ ᠤᠳᠤᠷᠢᠳᠬᠤ ᠪᠠᠭ ᠤᠨ ᠭᠡᠰᠢᠭᠦᠳ ᠪᠠᠷ᠎ᠠ ᠪᠣᠯᠵᠣ ᠪᠠᠶᠢᠴᠠᠭᠠᠨ ᠰᠤᠳᠤᠯᠪᠠ᠃     ᠴᠧᠨ ᠭᠦᠩ ᠮᠢᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠷᠢᠳ ᠬᠤᠵᠢᠳ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠢᠩᠬᠢᠮ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠭᠠᠶᠢᠯᠢ ᠭᠦᠢᠴᠡᠳᠬᠡᠬᠦ ᠲᠢᠩᠬᠢᠮ ᠳᠤ ᠬᠦᠷᠴᠦ᠂ ᠡᠯ᠎ᠡ ᠰᠠᠯᠠᠭ᠎ᠠ ᠮᠥᠴᠢᠷ ᠤᠨ ᠲᠢᠩᠬᠢᠮ ᠳᠤ ᠰᠠᠭᠤᠭ᠎ᠠ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯᠲᠠᠳ ᠠᠴᠠ ᠬᠢᠨᠠᠨ ᠵᠥᠪᠰᠢᠶᠡᠷᠡᠬᠦ ᠵᠦᠢᠯᠡᠰ ᠤᠨ ᠣᠷᠣᠵᠤ ᠰᠠᠭᠤᠬᠤ᠂ ᠠᠵᠢᠯ ᠶᠠᠪᠤᠳᠠᠯ  ᠭᠦᠢᠴᠡᠳᠭᠡᠬᠦ ᠶᠠᠪᠤᠴᠠ᠂  ᠭᠦᠢᠴᠡᠳᠭᠡᠬᠦ ᠴᠠᠭ ᠤᠨ ᠬᠢᠵᠠᠭᠠᠷ ᠵᠢᠴᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠨᠠᠷᠢᠨ ᠯᠠᠪᠯᠠᠨ ᠠᠰᠠᠭᠤᠵᠤ᠂ ᠲᠡᠷᠡᠴᠢᠯᠡᠨ ᠠᠵᠢᠯ ᠬᠢᠬᠦ ᠪᠠᠷ ᠢᠷᠡᠭᠰᠡᠨ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ᠃     ᠴᠧᠨ ᠭᠦᠩ ᠮᠢᠩ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠬᠤᠯᠠ ᠲᠠᠪᠴᠠᠩ᠂ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ ᠴᠢᠬᠤᠯᠠ ᠴᠣᠩᠬᠤᠪᠴᠢ ᠪᠠᠶᠢᠵᠤ᠂ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠦᠭᠡᠢ ᠣᠶᠢᠯᠠᠭᠠᠭᠳᠠᠬᠤᠨ ᠢ ᠪᠠᠷᠢᠮᠲᠠᠯᠠᠵᠤ᠂ ᠠᠵᠢᠯᠯᠠᠭᠠᠨ ᠤ ᠲᠣᠭᠲᠠᠴᠠ ᠶᠢ ᠰᠢᠯᠤᠭᠤᠳᠬᠠᠬᠤ᠂ ᠠᠵᠢᠯ ᠤᠨ ᠰᠤᠷᠲᠠᠯ ᠢ ᠬᠤᠪᠢᠷᠠᠭᠤᠯᠬᠤ᠂ ᠪᠣᠳᠠᠲᠤ ᠦᠷ᠎ᠡ  ᠪᠦᠲᠦᠮᠵᠢ ᠶᠢᠨ ᠰᠢᠨ᠎ᠡ ᠶᠢ ᠡᠭᠦᠳᠬᠦ ᠶᠢ ᠬᠥᠭᠡᠭᠡᠴᠡᠯᠳᠦᠬᠦ ᠵᠡᠷᠭᠡ ᠲᠠᠯ᠎ᠠ ᠠᠴᠠ ᠭᠠᠷᠳᠠᠬᠤ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ︔ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠬᠦ ᠴᠢᠬᠤᠯᠠ ᠨᠥᠬᠦᠴᠡᠯ ᠪᠠ ᠭᠤᠭᠴᠤᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ︔ ᠲᠥᠪ ᠤᠨ ᠠᠵᠢᠯᠯᠠᠭᠠᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠷ ᠭᠤᠤᠯ ᠪᠣᠯᠭᠠᠵᠤ᠂ ᠲᠣᠮᠢᠯᠠᠨ ᠰᠠᠭᠤᠯᠭᠠᠭᠰᠠᠨ ᠰᠠᠯᠠᠭ᠎ᠠ ᠮᠥᠴᠢᠷ ᠢᠶᠠᠷ ᠬᠠᠪᠰᠤᠷᠤᠮᠵᠢ ᠪᠣᠯᠭᠠᠭᠰᠠᠨ ᠬᠠᠮᠢᠶᠠᠷᠤᠯᠲᠠ ᠶᠢᠨ ᠵᠣᠬᠢᠴᠠᠮᠵᠢ ᠶᠢ ᠪᠠᠶᠢᠭᠤᠯᠬᠤ ᠶᠢᠨ ᠬᠠᠮᠲᠤ   ᠴᠣᠩᠬᠤᠪᠴᠢ ᠶᠢᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠴᠧᠨ ᠭᠦᠩ ᠮᠢᠩ ᠪᠠᠰᠠ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ  ᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ  ᠪᠠᠷᠢᠮᠵᠢᠶ᠎ᠠ ᠪᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠬᠢᠵᠦ᠂ ᠲᠡᠭᠦᠨ ᠤ ᠰᠠᠶᠢᠨ ᠲᠤᠷᠰᠢᠯᠭ᠎ᠠ ᠂ ᠰᠠᠶᠢᠨ ᠠᠷᠭ᠎ᠠ ᠪᠠᠷᠢᠯ ᠢ ᠬᠢᠨᠠᠮᠠᠭᠠᠶ ᠰᠤᠷᠤᠯᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠩᠭᠢᠯᠠᠭ᠎ᠠ ᠶᠢᠨ ᠭᠤᠭᠴᠤᠭ᠎ᠠ ᠳᠤ ᠬᠦᠴᠦ ᠲᠠᠯᠪᠢᠵᠤ᠂ ᠮᠠᠨ ᠤ ᠬᠤᠰᠢᠭᠤ ᠬᠢᠭᠡᠳ ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠤ ᠵᠥᠷᠢᠶ᠎ᠡ ᠶᠢ  ᠲᠦᠷᠭᠡᠨ ᠨᠦᠬᠦᠪᠦᠷᠢᠯᠡᠬᠦ ᠶᠢ ᠱᠠᠭᠠᠷᠳᠠᠵᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠪᠦᠬᠦ ᠤᠳᠤᠷᠢᠳᠬᠤ ᠺᠠᠳ᠋ᠷᠴᠤᠳ ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂  ᠲᠣᠲᠤᠷ ᠲᠠᠮᠢᠷ ᠢᠶᠠᠨ ᠬᠠᠲᠠᠭᠤᠵᠢᠯᠲᠠᠶ ᠪᠣᠯᠪᠠᠰᠤᠷᠠᠵᠤ᠂ ᠦᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠣᠷᠢᠭᠲᠠᠢ ᠪᠠᠷ ᠰᠢᠪᠲᠤᠯᠤᠯᠲᠠ  ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ  ᠳᠤ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠭᠠᠭᠴᠠ ᠬᠦ ᠣᠶᠤᠨ ᠴᠢᠳᠠᠯ ᠢᠶᠠᠨ ᠲᠥᠪᠯᠡᠷᠡᠭᠦᠯᠦᠨ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠥᠭᠦᠮᠴᠢᠯᠡᠬᠦ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠢ  ᠭᠦᠢᠴᠡᠳᠭᠡᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠪᠡᠯ ᠰᠠᠶ᠋ᠢ ᠠᠵᠤ ᠠᠬᠤᠶᠢᠯᠠᠯ  ᠪᠣᠯᠤᠨ ᠣᠯᠠᠨ ᠲᠦᠮᠡᠨ ᠤ ᠥᠭᠡᠷᠡᠴᠢᠯᠡᠯᠲᠡ ᠶᠢᠨ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠵᠦ ᠴᠢᠳᠠᠨ᠎ᠠ᠃    ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠩ  ᠭᠠᠢ ᡁᠢ ᠢᠯᠡᠷᠬᠡᠶᠢᠯᠡᠬᠦ ᠳᠡᠭᠡᠨ᠂  ᠬᠤᠶᠢᠰᠢᠳᠠ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠴᠢᠳᠠᠪᠤᠷᠢ ᠶᠢ ᠳᠡᠭᠡᠭᠰᠢᠯᠡᠭᠦᠯᠬᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠴᠢᠬᠤᠯᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠤᠵᠤ ᠰᠠᠭᠤᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠦᠢᠯᠡᠴᠢᠯᠡᠭᠡᠨ ᠤ ᠶᠠᠰᠤ ᠴᠢᠨᠠᠷ  ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠢ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ᠂  ᠬᠠᠨᠤᠮᠵᠢ ᠶᠢᠨ ᠨᠣᠷᠮ᠎ᠠ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ  ᠤᠨ  ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ  ᠭᠡᠵᠡᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ