ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/12/13
 ᠭᠤᠤᠯ ᠡᠭᠦᠷᠭᠡ ᠬᠠᠷᠢᠭᠤᠴᠠᠯᠭ᠎ᠠ  ᠄1. ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠥᠷᠥ ᠶᠢᠨ ᠪᠣᠳᠣᠯᠭ᠎ᠠ ᠪᠣᠯᠤᠨ ᠳᠦᠷᠢᠮ ᠲᠣᠭᠲᠠᠭᠠᠯ ᠢ ᠰᠤᠳᠤᠯᠤᠨ ᠲᠣᠭᠲᠠᠭᠠᠵᠤ᠂ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠳᠤ ᠲᠥᠯᠥᠪᠯᠡᠭᠡ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ 2. ᠬᠠᠤᠯᠢᠴᠢ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠬᠠᠮᠢᠶᠠᠷᠤᠨ᠎ᠠ︔ ᠨᠡᠶᠢᠭᠡᠮ ᠤᠨ ᠬᠠᠤᠯᠢ ᠴᠠᠭᠠᠵᠠ ᠶᠢᠨ ᠠᠰᠠᠭᠤᠨ ᠯᠠᠪᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠵᠥᠪᠯᠡᠭᠴᠢ ᠶᠢ ᠬᠠᠮᠢᠶᠠᠷᠤᠨ᠎ᠠ︔ ᠬᠠᠤᠯᠢ ᠴᠠᠭᠠᠵᠠ ᠶᠢᠨ ᠲᠤᠰᠠᠯᠠᠮᠵᠢ ᠵᠢᠴᠢ ︽148︾ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠬᠠᠮᠢᠶᠠᠷᠤᠨ᠎ᠠ᠃3. ᠰᠢᠶᠠᠩ ᠪᠠᠯᠭᠠᠰᠤ ︵ᠰᠤᠮᠤ ᠵᠡᠭᠡᠯᠢ ᠭᠤᠳᠤᠮᠵᠢ︶ ᠶᠢᠨ ᠬᠠᠤᠯᠢ ᠴᠠᠭᠠᠵᠠ ᠶᠢᠨ ᠦᠷᠳᠡᠭᠡ ᠵᠢᠴᠢ ᠬᠠᠤᠯᠢ ᠴᠠᠭᠠᠵᠠ ᠶᠢᠨ ᠲᠤᠰᠠᠯᠠᠭᠴᠢ ᠶᠢ ᠵᠢᠯᠣᠭᠤᠳᠤᠨ ᠬᠠᠮᠢᠶᠠᠷᠤᠨ᠎ᠠ︔ ᠠᠷᠠᠳ ᠤᠨ ᠡᠶᠡᠳᠡᠭᠦᠯᠭᠡ ᠶᠢᠨ ᠠᠵᠢᠯ ᠢ ᠵᠢᠯᠣᠭᠤᠳᠤᠨ ᠬᠠᠮᠢᠶᠠᠷᠴᠤ᠂ ᠡᠶᠡᠳᠡᠭᠦᠯᠬᠦ ᠠᠵᠢᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠣᠱᠯᠠᠭᠤᠯᠤᠨ ᠬᠡᠷᠡᠭᠵᠢᠭᠦᠯᠬᠦ ᠶᠢ ᠰᠢᠪᠠᠳᠠᠨ ᠪᠠᠶᠢᠴᠠᠭᠠᠨ᠎ᠠ︔ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠵᠠᠰᠠᠨ ᠰᠢᠢᠳᠪᠦᠷᠢᠯᠡᠭᠦ ᠠᠵᠢᠯ ᠢ ᠥᠷᠨᠢᠭᠦᠯᠦᠨ᠎ᠡ᠃ 4. ᠬᠠᠤᠯᠢ ᠳᠦᠷᠢᠮ ᠤᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠰᠢᠶᠠᠩ ᠪᠠᠯᠭᠠᠰᠤ ︵ᠰᠤᠮᠤ ᠵᠡᠭᠡᠯᠢ ᠭᠤᠳᠤᠮᠵᠢ︶ ᠵᠢᠴᠢ ᠠᠵᠢᠯ ᠲᠥᠷᠥᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠵᠢᠯᠣᠭᠤᠳᠴᠣ᠂ ᠵᠣᠬᠢᠴᠠᠭᠤᠯᠵᠤ᠂ ᠪᠠᠶᠢᠴᠠᠭᠠᠬᠤ ᠪᠠ ᠱᠠᠭᠠᠷᠳᠠᠨ ᠬᠦᠢᠴᠡᠳᠬᠡᠵᠣ᠂ ᠤᠳᠤᠷᠢᠳᠬᠤ ᠺᠠᠳ᠋ᠷᠴᠣᠳ ᠤᠨ ᠬᠠᠤᠯᠢ ᠴᠠᠭᠠᠵᠠ ᠶᠢᠨ ᠬᠥᠮᠦᠵᠢᠯ ᠢ ᠵᠢᠭᠠᠨ ᠵᠢᠯᠣᠭᠤᠳᠴᠣ᠂ ᠲᠣᠰ ᠭᠠᠵᠠᠷ ᠣᠷᠣᠨ ᠤ ᠪᠠᠨ ᠬᠠᠤᠯᠢ ᠪᠠᠷ ᠵᠠᠰᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃5. ᠡᠷᠡᠭᠦᠤ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠦᠮᠦᠰ᠂ ᠬᠤᠭᠤᠴᠠᠭ᠎ᠠ ᠨᠢ ᠳᠦᠭᠦᠷᠴᠦ ᠬᠦᠳᠡᠯᠮᠣᠷᠢ ᠪᠠᠷ ᠵᠠᠰᠠᠨ ᠬᠥᠮᠦᠵᠢᠭᠦᠯᠬᠦ ᠠᠴᠠ ᠭᠠᠷᠭᠠᠭᠰᠠᠨ ᠬᠥᠮᠦᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠳᠤ ᠣᠷᠣᠯᠴᠠᠨ᠎ᠠ᠃ 6. ᠬᠠᠤᠯᠢ ᠲᠦᠷᠢᠮ ᠤᠨ ᠰᠣᠷᠭᠠᠨ ᠬᠦᠮᠦᠵᠢᠯ ᠪᠠ ᠬᠠᠣᠯᠢ ᠶᠢᠨ ᠣᠬᠠᠭᠠᠨ ᠤ ᠣᠨᠣᠯ ᠤᠨ ᠰᠣᠳᠣᠯᠣᠯ ᠪᠠ ᠺᠠᠳ᠋ᠷᠴᠣᠳ ᠤᠨ ᠪᠣᠯᠪᠠᠰᠤᠷᠠᠯ ᠤᠨ ᠠᠵᠢᠯ ᠢ ᠥᠷᠨᠢᠭᠦᠯᠦᠨ᠎ᠡ︔ ᠨᠡᠶᠢᠭᠡᠮ ᠠᠴᠠ ᠰᠤᠷᠤᠭᠴᠢ ᠡᠯᠰᠡᠬᠦ ᠬᠠᠤᠯᠢ ᠶᠢᠨ ᠤᠬᠠᠭᠠᠨ ᠤ ᠰᠤᠷᠭᠠᠨ ᠬᠥᠮᠦᠵᠢᠯ ᠢ ᠬᠠᠮᠢᠶᠠᠷᠤᠨ᠎ᠠ︔ ᠬᠠᠤᠯᠢ ᠬᠡᠷᠡᠭᠵᠢᠭᠦᠯᠦᠭᠴᠢ᠂ ᠬᠠᠤᠯᠢ ᠴᠠᠭᠠᠵᠠ ᠶᠢᠨ  ᠦᠢᠯᠡᠴᠢᠯᠡᠭᠡᠨ ᠤ ᠠᠵᠢᠯᠲᠠᠨ ᠳᠤ ᠲᠤᠰᠬᠠᠶ ᠮᠡᠷᠭᠡᠵᠢᠯ ᠤᠨ ᠪᠣᠯᠪᠠᠰᠤᠷᠠᠯ ᠬᠢᠨ᠎ᠡ᠃ 7. ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠳᠦᠷ ᠲᠤᠲᠤᠮ ᠤᠨ ᠠᠵᠢᠯ ᠢ ᠰᠠᠶᠢᠲᠤᠷ ᠬᠢᠨ᠎ᠡ᠃8. ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠬᠠᠮᠢᠶᠠᠷᠴᠣ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠵᠢᠯᠣᠭᠤᠳᠣᠨ᠎ᠠ᠃9. ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠲᠦᠷᠦᠯ ᠤᠨ ᠠᠵᠢᠯ ᠢ ᠳᠠᠭᠠᠭᠠᠴᠢᠯᠠᠨ ᠭᠦᠢᠴᠡᠳᠬᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ