ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2020/12/13
︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠭᠯᠡᠯᠲᠡ᠂ ᠲᠥᠷᠥ ᠶᠢᠨ ᠪᠣᠳᠣᠯᠭ᠎ᠠ ᠪᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠠᠮᠤᠷ ᠲᠣᠭᠲᠠᠭᠤᠨ ᠢ ᠨᠥᠯᠥᠭᠡᠯᠡᠵᠦ ᠪᠠᠶᠢᠭ᠎ᠠ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠦ ᠪᠠᠶᠢᠭ᠎ᠠ ᠪᠠᠶᠢᠳᠠᠯ ᠢ ᠡᠵᠡᠮᠰᠢᠨ᠂ ᠵᠠᠳᠠᠯᠤᠨ ᠰᠢᠨᠵᠢᠯᠡᠵᠦ᠂ ᠬᠠᠷᠢᠭᠤᠴᠠᠬᠤ ᠪᠣᠳᠣᠯᠭ᠎ᠠ ᠲᠣᠭᠲᠠᠭᠠᠨ᠎ᠠ᠃ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠵᠢᠭᠠᠨ ᠵᠢᠯᠣᠭᠤᠳᠴᠤ᠂ ᠬᠢᠨᠠᠯᠳᠠ ᠲᠠᠯᠪᠢᠨ ᠪᠠᠶᠢᠴᠠᠭᠠᠨ᠎ᠠ᠃︵ᠬᠤᠶᠠᠷ︶ ᠬᠦᠨᠳᠦ᠂ ᠣᠨᠴᠠ ᠶᠡᠭᠡ ᠬᠡᠷᠡᠭ ᠶᠠᠪᠤᠳᠠᠯ ᠢ ᠲᠠᠩᠨᠠᠨ ᠢᠯᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠤᠨ ᠬᠡᠷᠡᠭᠵᠢᠭᠦᠯᠤᠨ᠂ ᠠᠮᠤᠷ ᠢ ᠬᠠᠮᠠᠭᠠᠯᠠᠬᠤ ᠬᠦᠨᠳᠦ ᠶᠡᠭᠡ ᠡ᠊ᠨᠳᠡᠯ᠂ ᠤᠯᠠᠨ ᠲᠦᠮᠡᠨᠴᠢ ᠴᠢᠨᠠᠷᠲᠠᠶ ᠬᠡᠷᠡᠭ ᠢ ᠰᠢᠢᠳᠪᠦᠷᠢᠯᠡᠨ᠎ᠡ᠃ ︵ᠭᠤᠷᠪᠠ︶ ᠨᠡᠶᠢᠭᠡᠮ ᠤᠨ ᠠᠮᠤᠷ ᠲᠦᠪᠰᠢᠨ᠂ ᠬᠢᠯᠢ ᠶᠢᠨ ᠬᠠᠮᠠᠭᠠᠯᠠᠯᠲᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠷᠦᠬᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ᠂ ᠠᠵᠤ ᠠᠬᠤᠢ ᠶᠢᠨ ᠠᠷᠠᠳ ᠤᠨ ᠴᠠᠭᠳᠠᠭ᠎ᠠ ᠶᠢᠨ ᠡᠩᠨᠡᠭᠡ᠂ ᠠᠮᠤᠷ ᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠵᠢᠭᠠᠨ ᠵᠢᠯᠣᠭᠤᠳᠤᠨ᠎ᠠ᠃ ︵ᠳᠥᠷᠪᠡ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠭᠠᠯ ᠰᠡᠷᠬᠡᠶᠢᠯᠡᠨ ᠤᠨᠲᠠᠷᠠᠭᠠᠬᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ ︵ᠲᠠᠪᠤ︶ ᠪᠥᠬᠦ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠢᠶᠠᠷᠴᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠎ᠠ᠃ ︵ᠵᠢᠷᠭᠤᠭ᠎ᠠ︶ ᠪᠥᠬᠦ ᠬᠤᠰᠢᠭᠤᠨ ᠤ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢ ᠬᠠᠮᠠᠭᠠᠯᠠᠬᠤ ᠠᠵᠢᠯ ᠪᠠ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠴᠢᠮᠡᠭᠡ ᠬᠤᠯᠪᠣᠭ᠎ᠠ ᠶᠢ ᠪᠠᠲᠤᠯᠠᠬᠤ ᠠᠵᠢᠯ ᠢ ᠭᠤᠤᠯᠴᠢᠯᠠᠨ ᠬᠠᠮᠢᠶᠠᠷᠤᠨ᠎ᠠ᠃ ︵ᠳᠣᠯᠤᠭ᠎ᠠ︶ ᠬᠠᠤᠯᠢ ᠶᠣᠰᠣᠭᠠᠷ ᠡᠭᠦᠷᠭᠡᠯᠡᠭᠰᠡᠨ ᠡᠷᠡᠭᠦᠦ ᠰᠢᠢᠤᠨᠬᠡᠯ ᠢ ᠭᠦᠢᠴᠡᠳᠬᠡᠬᠦ ᠪᠠ ᠬᠤᠷᠢᠭᠤᠯ ᠤᠨ ᠭᠠᠵᠠᠷ ᠤᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠦ᠂ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠶᠢ ᠬᠢᠨᠠᠨ ᠵᠥᠪᠰᠢᠶᠡᠷᠡᠬᠦ ᠠᠵᠢᠯ ᠢ ᠳᠠᠭᠠᠭᠠᠨ ᠠᠪᠴᠤ ᠭᠦᠢᠴᠡᠳᠬᠡᠨ᠎ᠡ᠃︵ᠨᠠᠢᠮᠠ︶ ᠨᠠᠮ ᠪᠠ ᠲᠥᠷᠥ ᠶᠢᠨ ᠤᠳᠤᠷᠢᠳᠬᠤ ᠬᠥᠮᠦᠰ ᠵᠢᠴᠢ ᠴᠢᠬᠤᠯᠠ ᠭᠠᠳᠠᠭᠠᠳᠤ ᠶᠢᠨ ᠵᠣᠴᠢᠳ ᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃ ︵ᠶᠢᠰᠦ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠮᠡᠷᠭᠡᠵᠢᠯ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃︵ᠠᠷᠪᠠ︶ ᠪᠥᠬᠦ ᠬᠤᠰᠢᠭᠤᠨ ᠤ ᠰᠦᠷᠳᠡᠭᠦᠯᠤᠯ ᠤᠨ ᠠᠵᠢᠯᠯᠠᠭ᠎ᠠ ᠶᠢ ᠰᠡᠷᠭᠡᠶᠢᠯᠡᠬᠦ᠂ ᠲᠠᠩᠨᠠᠨ ᠪᠠᠶᠢᠴᠠᠭᠠᠬᠤ᠂ ᠴᠣᠬᠢᠯᠲᠠ ᠥᠭᠬᠦ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠤᠨ ᠵᠣᠬᠢᠴᠠᠭᠤᠯᠤᠨ᠎ᠠ᠃ ︵ᠠᠷᠪᠠᠨ ᠨᠢᠭᠡ︶ ᠪᠥᠬᠦ ᠬᠤᠰᠢᠭᠤᠨ ᠤ ᠬᠤᠤᠷᠲᠤ ᠡᠳ᠋ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠬᠠᠷᠢᠭᠤᠴᠠᠨ ᠡᠵᠡᠮᠰᠢᠵᠦ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠭᠦᠨ᠎ᠡ᠃ ︵ᠠᠷᠪᠠᠨ ᠬᠤᠶᠠᠷ︶ ᠪᠥᠬᠦ ᠬᠤᠰᠢᠭᠤᠨ ᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ  ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃︵ᠠᠷᠪᠠᠨ ᠭᠤᠷᠪᠠ︶ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠲᠥᠯᠥᠪᠵᠢᠭᠦᠯᠦᠨ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠤ ᠪᠤᠯᠪᠠᠰᠤᠷᠠᠯ᠂ ᠰᠤᠷᠭᠠᠨ ᠬᠥᠮᠦᠵᠢᠯ ᠪᠠ ᠤᠬᠠᠭᠤᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠳᠤᠷᠢᠳᠤᠨ ᠪᠠᠶᠢᠴᠠᠭᠠᠵᠤ᠂ ᠬᠢᠨᠠᠯᠲᠠ ᠲᠠᠯᠪᠢᠨ᠎ᠠ᠃ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠭᠠᠯ ᠤᠨ ᠬᠡᠷᠡᠭᠵᠢᠭᠦᠯᠬᠦ ᠲᠥᠰᠦᠯ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠰᠢᠪᠠᠳᠠᠨ  ᠰᠢᠢᠳᠪᠦᠷᠢᠯᠡᠭᠦᠯᠦᠨ᠎ᠡ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠨᠤᠭ ᠲᠥᠬᠦᠭᠡᠷᠦᠮᠵᠢ᠂ ᠬᠤᠪᠴᠠᠰᠤ ᠬᠤᠨᠠᠷ᠂ ᠵᠠᠷᠤᠳᠠᠯ ᠵᠡᠷᠭᠡ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠳᠦᠷᠢᠮ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠠᠷᠪᠠᠨ ᠳᠥᠷᠪᠡ︶ ᠤᠢ ᠰᠢᠭᠤᠶ ᠶᠢᠨ ᠰᠠᠯᠠᠭ᠎ᠠ ᠮᠥᠴᠢᠷ ᠤᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠵᠢᠯᠤᠭᠤᠤᠨᠴᠦ᠂ ᠵᠤᠬᠢᠴᠠᠭᠤᠯᠤᠨ ᠬᠠᠮᠢᠶᠠᠷᠤᠨ᠎ᠠ᠃︵ᠠᠷᠪᠠᠨ ᠲᠠᠪᠤ︶ ᠳᠣᠲᠣᠭᠠᠳᠤ ᠶᠢ ᠬᠠᠮᠠᠭᠠᠯᠠᠬᠤ ᠶᠠᠮᠤᠨ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠤᠰᠢᠶᠠᠨ ᠰᠢᠢᠳᠪᠦᠷᠢᠯᠡᠭᠦᠯᠦᠭᠰᠡᠨ ᠪᠤᠰᠤᠳ ᠵᠦᠢᠯ ᠢ ᠳᠠᠭᠠᠭᠠᠨ ᠬᠦᠢᠴᠡᠤᠨᠬᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ