ᠵᠠᠮ ᠬᠠᠷᠢᠯᠴᠠᠭᠠᠨ ᠤ ᠲᠣᠪᠴᠢᠶ᠎ᠠ
ᠨᠡᠶᠢᠲᠡᠯᠡᠭᠰᠡᠨ ᠴᠠᠭ᠄
2020/12/13
ᠭᠤᠤᠯ ᠡᠭᠦᠷᠭᠡ ᠬᠠᠷᠢᠭᠤᠴᠠᠯᠭ᠎ᠠ᠄ ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠰᠢᠭᠤᠨ ᠤ ᠵᠠᠮ ᠬᠠᠷᠢᠯᠴᠠᠭᠠᠨ ᠤ ᠬᠥᠭᠵᠢᠯᠲᠡ ᠶᠢᠨ ᠲᠦᠯᠦᠪᠵᠢᠬᠦᠯᠭᠡ᠂ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠦᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ᠂ ᠠᠷᠭ᠎ᠠ ᠪᠠ ᠪᠠᠷᠢᠮᠵᠢᠶ᠎ᠠ ᠶᠢ ᠰᠤᠳᠤᠯᠤᠨ ᠲᠣᠭᠲᠠᠭᠠᠨ᠎ᠠ᠃ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠵᠠᠮ ᠬᠠᠷᠢᠯᠴᠠᠭᠠᠨ ᠤ ᠠᠵᠢᠯ ᠲᠥᠷᠥᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃ ︵ᠬᠤᠶᠠᠷ︶ ᠪᠦᠬᠦ ᠬᠤᠰᠢᠭᠤᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮᠵᠢ ᠶᠢᠨ ᠲᠥᠯᠥᠪᠵᠢᠭᠦᠯᠭᠡ ᠶᠢᠨ ᠵᠣᠬᠢᠴᠠᠭᠤᠯᠬᠤ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮᠵᠢ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠩᠭᠢᠯᠠᠭ᠎ᠠ ᠶᠢᠨ ᠲᠦᠯᠦᠪᠵᠢᠬᠦᠯᠭᠡ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ ︵ᠭᠤᠷᠪᠠ︶ ᠪᠥᠬᠦ ᠬᠤᠰᠢᠭᠤᠨ ᠤ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠬᠤᠰᠢᠭᠤᠨ ᠤ ᠬᠤᠲᠠ ᠬᠥᠳᠡᠭᠡ ᠶᠢᠨ ᠠᠶᠠᠨᠴᠢᠨ ᠤ ᠲᠡᠭᠡᠭᠡᠪᠦᠷᠢ ᠵᠢᠴᠢ ᠬᠠᠮᠢᠶ᠎ᠠ ᠪᠦᠬᠦᠢ ᠲᠥᠬᠦᠭᠡᠷᠦᠮᠵᠢ ᠶᠢᠨ ᠲᠦᠯᠦᠪᠵᠢᠬᠦᠯᠭᠡ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠮᠠᠰᠢᠨ ᠲᠡᠷᠭᠡᠨ ᠤ ᠬᠢᠯᠢ ᠪᠠᠷ ᠣᠷᠣᠵᠤ ᠭᠠᠷᠬᠤ ᠲᠡᠭᠡᠭᠡᠪᠦᠷᠢ ᠶᠢ ᠵᠣᠯᠭᠠᠭᠤᠯᠬᠤ ᠪᠠ ᠬᠠᠮᠲᠤᠷᠠᠨ ᠠᠵᠢᠯᠯᠠᠬᠤ ᠤᠴᠢᠷ ᠶᠠᠪᠤᠳᠠᠯ ᠢ ᠬᠠᠷᠢᠭᠤᠴᠠᠨ᠎ᠠ᠃ ᠪᠦᠬᠦ ᠬᠤᠰᠢᠭᠤᠨ ᠤ ᠭᠤᠣᠯᠳᠠᠯᠭ᠎ᠠ ᠲᠠᠢ ᠡᠳ᠋ ᠪᠤᠳᠠᠰ ᠤᠨ ᠵᠥᠭᠡᠭᠡᠪᠦᠷᠢ ᠪᠠ ᠪᠠᠴᠢᠮ ᠲᠦᠷᠭᠡᠨ ᠠᠶᠠᠨᠴᠢᠨ ᠬᠢᠭᠡᠳ ᠪᠠᠷᠠᠭ᠎ᠠ ᠲᠡᠭᠡᠭᠡᠪᠤᠷᠢ ᠶᠢ ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠨ᠎ᠠ᠃ ︵ᠳᠥᠷᠪᠡ︶ ᠪᠦᠬᠦ ᠬᠤᠰᠢᠭᠤᠨ ᠤ ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠣᠯᠤᠨ ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠤᠨ᠎ᠠ᠃︵ᠲᠠᠪᠤ︶ ᠪᠦᠬᠦ ᠬᠤᠰᠢᠭᠤᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠬᠤ ᠭᠡᠪᠴᠢᠶ᠎ᠠ ᠪᠣᠯᠤᠨ ᠴᠢᠭᠯᠡᠯ ᠤᠨ ᠰᠠᠨᠠᠯ᠂ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ︵ᠵᠢᠷᠭᠤᠭ᠎ᠠ︶ ᠵᠠᠮ ᠬᠠᠷᠢᠯᠴᠠᠭᠠᠨ ᠤ ᠦᠢᠯᠡᠰ ᠲᠤ ᠬᠡᠷᠡᠭᠯᠡᠬᠦ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠪᠠ ᠲᠤᠰᠬᠠᠶ ᠲᠦᠷᠦᠯ ᠤᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ︔ ᠵᠠᠮ ᠬᠠᠷᠢᠯᠴᠠᠭᠠᠨ ᠤ ᠲᠤᠭᠳᠠᠭᠠᠯ ᠢᠶᠠᠷ ᠰᠦᠢᠳᠭᠡᠯ ᠬᠤᠷᠢᠶᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ ᠵᠡᠷᠭᠡ ᠲᠠᠯ᠎ᠠ ᠳᠤ ᠬᠤᠯᠪᠣᠭᠳᠠᠬᠤ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ︵ᠳᠣᠯᠤᠭ᠎ᠠ︶ ᠤᠰᠤᠨ ᠵᠠᠮ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠥᠬᠦ ᠬᠤᠰᠢᠭᠤᠨ ᠤ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠳᠡᠭᠡᠷᠡᠬᠢ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ᠂ ᠣᠩᠭᠤᠴᠠ ᠰᠠᠯ ᠵᠢᠴᠢ ᠤᠰᠤᠨ ᠳᠡᠭᠡᠷᠡᠬᠢ ᠬᠠᠮᠢᠶ᠎ᠠ ᠪᠦᠬᠦᠢ ᠪᠡᠯᠡᠳᠬᠡᠮᠵᠢ ᠶᠢ ᠰᠢᠯᠭᠠᠨ ᠪᠠᠶᠢᠴᠠᠭᠠᠬᠤ᠂ ᠳᠠᠩᠰᠠᠯᠠᠬᠤ ᠪᠠ ᠪᠣᠬᠢᠷᠲᠤᠯ ᠢ ᠰᠡᠷᠭᠡᠶᠢᠯᠡᠬᠦ᠂ ᠠᠪᠤᠷᠠᠨ ᠲᠤᠰᠠᠯᠠᠵᠤ ᠱᠦᠭᠦᠬᠦ ᠵᠡᠷᠭᠡ ᠠᠵᠢᠯ ᠢ ᠬᠠᠷᠢᠭᠤᠴᠠᠨ᠎ᠠ᠃ ︵ ᠨᠠᠢᠮᠠ︶ ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃ ︵ᠶᠢᠰᠦ︶ ᠪᠥᠬᠦ ᠬᠤᠰᠢᠭᠤᠨ ᠤ ᠵᠠᠰᠠᠮᠠᠯ ᠵᠠᠮ ᠤᠨ ᠰᠦᠯᠵᠢᠶ᠎ᠡ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠬᠦ ᠪᠠ ᠵᠣᠬᠢᠴᠠᠭᠤᠯᠬᠤ ᠶᠢ ᠬᠠᠷᠢᠭᠤᠴᠠᠨ᠎ᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠶᠢ ᠵᠢᠯᠣᠭᠤᠳᠴᠤ᠂ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠤ ᠵᠠᠳᠠᠯᠤᠨ ᠰᠢᠨᠵᠢᠯᠡᠵᠦ ᠂ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠦᠨ᠎ᠡ︔ ᠵᠠᠮ ᠬᠠᠷᠢᠯᠴᠠᠭᠠᠨ ᠤ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃︵ᠠᠷᠪᠠ︶ ᠡᠭᠦᠷᠭᠡ ᠴᠢᠳᠠᠪᠤᠷᠢ ᠪᠠᠨ  ᠭᠦᠢᠴᠡᠳᠬᠡᠬᠦ ᠯᠦᠭᠡ ᠲᠣᠬᠢᠷᠠᠯᠴᠠᠭᠰᠠᠨ ᠬᠠᠷᠢᠭᠤᠴᠠᠯᠭ᠎ᠠ ᠶᠢ ᠡᠭᠦᠷᠭᠡᠯᠡᠨ᠎ᠡ᠃ ︵ᠠᠷᠪᠠᠨ ᠨᠢᠭᠡ︶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ  ᠭᠦᠢᠴᠡᠳᠬᠡᠨ᠎ᠡ᠃    
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ