ᠵᠢᠷᠤᠭᠯᠠᠨ ᠲᠦᠯᠦᠪᠯᠡᠭᠴᠢ ᠬᠦᠰᠡᠯᠡᠩ ᠤᠨ ᠰᠢᠨ᠎ᠡ ᠪᠦᠲᠦᠭᠡᠯ ᠤᠳᠠᠯ ᠦᠭᠡᠢ ᠣᠯᠠᠨ ᠲᠠᠢ ᠪᠠᠨ ᠤᠴᠠᠷᠠᠬᠤ ᠪᠣᠯᠣᠯ᠎ᠠ
ᠨᠡᠶᠢᠲᠡᠯᠡᠭᠰᠡᠨ ᠴᠠᠭ᠄
2020/12/25
    ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠵᠠᠯᠠᠭᠤ ᠦᠢᠯᠡᠰ ᠪᠤᠰᠬᠠᠭᠴᠢ ᠬᠦᠰᠡᠯᠡᠩ ᠤᠨ ᠵᠢᠯ ᠰᠢᠬᠠᠮ ᠵᠢᠷᠤᠵᠤ  ᠲᠦᠰᠦᠪᠯᠡᠭᠰᠡᠨ ᠦᠨᠳᠦᠰᠦᠲᠡᠨ ᠤ ᠣᠨᠴᠠᠯᠢᠭᠲᠤ ᠰᠢᠨ᠎ᠡ ᠪᠦᠲᠦᠭᠡᠭᠳᠡᠭᠦᠨ ᠨᠢ ᠵᠠᠬ᠎ᠠ ᠳᠡᠯᠭᠡᠭᠦᠷ ᠲᠤ ᠭᠠᠷᠬᠤ ᠳᠤ ᠪᠡᠯᠡᠨ ᠪᠣᠯᠤᠭᠰᠠᠨ ᠪᠠᠶᠢᠨ᠎ᠠ᠃
    2020 ᠣᠨ ᠨᠢ ᠬᠢᠵᠢᠭ ᠡᠪᠡᠳᠴᠢᠨ ᠠᠴᠠ ᠪᠣᠯᠤᠭᠰᠠᠨ ᠶᠡᠷᠦ ᠪᠣᠰᠤ ᠶᠢᠨ ᠨᠢᠭᠡ ᠵᠢᠯ ᠪᠠᠶᠢᠵᠤ᠂ ᠵᠢᠷᠤᠭᠯᠠᠨ ᠲᠦᠰᠦᠪᠯᠡᠭᠴᠢ ᠬᠦᠰᠡᠯᠡᠩ ᠴᠦ ᠡᠨᠡ ᠨᠢᠭᠡ ᠵᠢᠯ ᠳᠤ ᠠᠵᠢᠯ ᠤᠨ ᠭᠤᠣᠯᠳᠠᠯᠭ᠎ᠠ ᠪᠠᠨ ᠵᠢᠷᠤᠵᠤ ᠲᠦᠰᠦᠪᠯᠡᠬᠦ ᠬᠢᠭᠡᠳ ᠣᠣᠯ ᠤᠨ ᠪᠦᠲᠦᠭᠡᠭᠳᠡᠭᠦᠨ ᠤ ᠰᠠᠭᠤᠷᠢᠨ ᠳᠡᠭᠡᠷ᠎ᠡ ᠳᠠᠬᠢᠨ ᠦᠭᠡᠷᠡᠴᠢᠯᠡᠯᠲᠡ ᠰᠢᠨᠡᠴᠢᠯᠡᠯᠲᠡ ᠬᠢᠬᠦ ᠳᠡᠭᠡᠷ᠎ᠡ  ᠲᠠᠯᠪᠢᠭᠰᠠᠨ ᠠᠴᠠ ᠵᠢᠯ ᠤᠨ ᠡᠬᠢᠨ ᠠᠴᠠ ᠣᠳᠤ ᠪᠣᠯᠲᠠᠯ᠎ᠠ ᠪᠠᠨ《ᠬᠦᠰᠡᠯᠡᠩ ᠲᠡᠮᠳᠡᠭᠲᠦ》 ᠪᠤᠭᠴᠤᠨ ᠤ ᠲᠦᠷᠦᠯ ᠤᠨ ᠰᠢᠨ᠎ᠡ ᠪᠦᠲᠦᠭᠡᠭᠳᠡᠭᠦᠨ ᠵᠠᠬ᠎ᠠ ᠳᠤ ᠪᠤᠷᠤᠯᠠᠭᠤᠯᠤᠭᠳᠠᠭᠰᠠᠨ ᠦᠭᠡᠢ ᠪᠠᠶᠢᠯ᠎ᠠ᠃ ᠬᠠᠷᠢᠨ ᠣᠶᠢᠷ᠎ᠠ ᠳᠤ᠂ ᠰᠤᠷᠪᠤᠯᠵᠢᠯᠠᠭᠴᠢ ᠲᠡᠭᠦᠨ ᠤ ᠠᠵᠢᠯᠯᠠᠬᠤ ᠦᠷᠦᠭᠡᠨ ᠠᠴᠠ  ᠣᠶᠢᠯᠭᠠᠭᠰᠠᠨ ᠢᠶᠠᠷ᠂ ᠬᠦᠰᠡᠯᠡᠩ ᠤᠨ2020 ᠣᠨ ᠤ ᠦᠨᠳᠦᠰᠦᠲᠡᠨ ᠤ ᠣᠨᠴᠠᠯᠢᠭᠲᠤ ᠰᠢᠨ᠎ᠡ ᠪᠦᠲᠦᠭᠡᠭᠳᠡᠭᠦᠨ《 ᠰᠢᠯᠪᠢᠲᠤ ᠪᠣᠭᠴᠤ》 ᠨᠢ ᠵᠢᠷᠤᠵᠤ ᠲᠦᠰᠦᠪᠯᠡᠬᠦ ᠠᠵᠢᠯᠯᠠᠭ᠎ᠠ ᠪᠠᠨ ᠳᠠᠭᠤᠰᠬᠠᠨ᠂ ᠦᠢᠯᠡᠳᠪᠦᠷᠢᠯᠡᠬᠦ ᠱᠠᠲᠤᠨ  ᠳᠤ ᠪᠠᠨ ᠣᠷᠤᠵᠤ᠂ ᠤᠳᠠᠯ ᠦᠭᠡᠢ ᠬᠡᠷᠡᠭᠯᠡᠭᠴᠢᠳ ᠤᠨ ᠭᠠᠷ ᠲᠤ ᠬᠦᠷᠬᠦ ᠪᠣᠯᠤᠨ᠎ᠠ᠃
    ᠡᠨᠡ ᠤᠳᠠᠭ᠎ᠠ ᠰᠢᠨ᠎ᠡ ᠪᠠᠷ ᠵᠠᠬ᠎ᠠ ᠳᠤ ᠭᠠᠷᠬᠤ ᠭᠡᠵᠦ ᠪᠠᠶᠢᠭ᠎ᠠ ᠪᠣᠭᠴᠤᠨ ᠤ ᠪᠡᠶ᠎ᠡ ᠬᠢᠭᠡᠳ ᠡᠮᠵᠢᠶᠡᠷᠢ ᠲᠣᠪᠴᠢ ᠶᠢᠨ ᠬᠡᠰᠡᠭ ᠢ ᠭᠠᠷ ᠢᠶᠠᠷ ᠡᠰᠭᠡᠵᠦ ᠣᠶᠤᠭᠰᠠᠨ ᠪᠠᠶᠢᠵᠤ᠂ ᠪᠣᠭᠴᠤᠨ ᠤ ᠢᠷᠦᠭᠠᠷ᠂ ᠪᠠᠷᠢᠭᠤᠯ ᠵᠡᠷᠭᠡ ᠠᠷᠠᠰᠤ ᠣᠷᠤᠵᠤ ᠪᠠᠶᠢᠭ᠎ᠠ ᠭᠡᠰᠡᠭ ᠢ ᠦᠢᠯᠡᠳᠪᠦᠷᠢ ᠶᠢᠨ ᠮᠠᠰᠢᠨ ᠢᠶᠠᠷ ᠣᠶᠤᠭᠰᠠᠨ ᠶᠤᠮ᠃ ᠭᠠᠷ ᠤᠷᠠᠯᠠᠯ ᠪᠣᠯᠤᠨ ᠮᠠᠰᠢᠨ ᠢ ᠤᠶᠠᠯᠳᠤᠭᠤᠯᠤᠨ ᠣᠶᠤᠭᠰᠠᠨ ᠨᠢ ᠬᠦᠰᠡᠯᠡᠩ ᠤᠨ ᠡᠨᠡ ᠤᠳᠠᠭᠠᠨ ᠤ ᠪᠣᠷᠤᠯᠠᠭᠤᠯᠤᠭᠳᠠᠬᠤ ᠪᠠᠷ ᠪᠠᠶᠢᠭ᠎ᠠ ᠰᠢᠨ᠎ᠡ ᠪᠦᠲᠦᠭᠡᠭᠳᠡᠭᠦᠨ ᠤ ᠳᠣᠪᠣᠶᠢᠮ᠎ᠠ ᠣᠨᠴᠠᠯᠢᠭ ᠪᠠᠶᠢᠭ᠎ᠠ᠃ ᠬᠦᠰᠡᠯᠡᠩ ᠤᠨ ᠲᠦᠰᠦᠪᠯᠡᠭᠰᠡᠨ ᠢᠶᠠᠷ ᠰᠢᠨ᠎ᠡ ᠪᠦᠲᠦᠭᠡᠭᠳᠡᠭᠦᠨ ᠨᠢ ᠪᠠᠷᠤᠭ ᠰᠠᠷ᠎ᠠ ᠶᠢᠨ ᠳᠠᠷᠠᠭ᠎ᠠ ᠵᠢᠩᠬᠢᠨᠢ ᠪᠠᠷ ᠵᠠᠬ᠎ᠠ ᠳᠤ ᠭᠠᠷᠴᠦ ᠪᠣᠷᠤᠯᠠᠭᠤᠯᠤᠭᠳᠠᠨ᠂ ᠪᠦᠬᠦᠶᠢᠯᠡ ᠶᠠᠩᠵᠤ ᠬᠡᠯᠪᠡᠷᠢ ᠬᠢᠭᠡᠳ ᠲᠣᠷᠭ᠎ᠠ ᠦᠩᠭᠡ ᠲᠠᠢ ᠪᠠᠨ ᠣᠯᠠᠨ ᠤ ᠬᠠᠷᠠᠭᠠᠨ ᠳᠤ ᠣᠷᠤᠬᠤ ᠪᠣᠯᠤᠨ᠎ᠠ᠃
           
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号