ᠤᠷᠠᠳ ᠤᠨ ᠡᠮᠦᠨᠡᠲᠦ ᠬᠤᠰᠢᠭᠤᠨ ᠤ ᠪᠠᠶᠠᠨᠬᠤᠸᠠ ᠪᠠᠯᠭᠠᠰᠤᠨ ᠤ ᠮᠠᠯᠴᠢᠳ ᠡᠪᠦᠯ ᠤᠨ ᠡᠪᠡᠰᠦ ᠪᠣᠷᠳᠤᠭ᠎ᠠ ᠪᠠᠨ ᠭᠦᠢᠴᠡᠳ ᠨᠦᠭᠡᠴᠡᠯᠡᠪᠡ
ᠨᠡᠶᠢᠲᠡᠯᠡᠭᠰᠡᠨ ᠴᠠᠭ᠄
2020/12/25
    ᠡᠪᠦᠯ ᠤᠨ ᠠᠭᠤᠷ ᠣᠷᠤᠵᠤ᠂ ᠲᠡᠭᠷᠢ ᠭᠦᠢᠲᠡᠷᠡᠬᠦ ᠶᠢ ᠳᠠᠭᠠᠯᠳᠤᠨ᠂ ᠤᠷᠠᠳ ᠤᠨ ᠡᠮᠦᠨᠡᠲᠦ ᠬᠤᠰᠢᠭᠤᠨ ᠤ ᠮᠠᠯᠴᠢᠨ ᠲᠦᠮᠡᠨ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠡᠪᠡᠰᠦ ᠪᠣᠷᠳᠤᠭ᠎ᠠ ᠪᠠᠨ ᠢᠳᠡᠪᠬᠢᠲᠡᠢ ᠨᠦᠬᠡᠴᠡᠯᠡᠵᠦ᠂ ᠬᠤᠷᠢᠶ᠎ᠠ ᠬᠠᠰᠢᠶ᠎ᠠ ᠪᠠᠨ ᠪᠠᠬᠢᠯᠡᠬᠦ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠵᠢᠭᠦᠯᠦᠨ᠂ ᠮᠠᠯ ᠤᠨ ᠠᠮᠤᠷ ᠳᠦᠪᠰᠢᠨ ᠢᠶᠠᠷ ᠡᠪᠦᠯ ᠢ ᠦᠩᠭᠡᠷᠡᠭᠦᠯᠬᠦ ᠳᠤ ᠪᠡᠯᠡᠳᠭᠡᠯ ᠬᠢᠵᠦ ᠪᠠᠶᠢᠨ᠎ᠠ᠃
    ᠰᠤᠷᠪᠤᠯᠵᠢᠯᠠᠭᠴᠢ ᠶᠢ ᠤᠷᠠᠳ ᠤᠨ ᠡᠮᠦᠨᠡᠲᠦ ᠬᠤᠰᠢᠭᠤᠨ ᠤ ᠪᠠᠶᠠᠨᠬᠤᠸᠠ ᠪᠠᠯᠭᠠᠰᠤᠨ ᠤ ᠬᠦᠭᠡᠪᠤᠯᠠᠭ ᠭᠠᠴᠠᠭᠠᠨ ᠤ ᠮᠠᠯᠴᠢᠨ ᠠᠯᠲᠠᠨ᠋ᠠ᠋ᠭᠤᠯᠠ ᠶᠢᠨ ᠬᠢᠨ ᠳᠤ ᠬᠦᠷᠬᠦ ᠳᠤ᠂ ᠲᠡᠳᠡᠨ ᠤ ᠬᠢᠨ ᠨᠢᠭᠡᠨᠲᠡ 300 ᠭᠠᠷᠤᠢ ᠮᠠᠯ ᠤᠨ ᠢᠶᠠᠨ ᠡᠪᠡᠰᠦ ᠪᠣᠷᠳᠤᠭ᠎ᠠ ᠪᠠᠨ ᠭᠦᠢᠴᠡᠳ ᠨᠦᠬᠡᠴᠡᠯᠡᠭᠰᠡᠨ ᠪᠠᠶᠢᠬᠤ ᠬᠠᠷᠠᠭᠳᠠᠨ᠎ᠠ᠃
    ᠤᠷᠠᠳ ᠤᠨ ᠡᠮᠦᠨᠡᠲᠦ ᠬᠤᠰᠢᠭᠤᠨ ᠤ ᠪᠠᠶᠠᠨᠬᠤᠸᠠ  ᠪᠠᠯᠭᠠᠰᠤᠨ ᠳᠤ ᠨᠡᠶᠢᠲᠡ 163368  ᠪᠤᠭ ᠮᠠᠯ᠂3891 ᠪᠤᠳᠠ ᠮᠠᠯ ᠲᠠᠢ ᠪᠠᠶᠢᠵᠤ᠂ ᠡᠨᠡ ᠵᠢᠯ ᠪᠠᠯᠭᠠᠰᠤᠨ ᠤ ᠮᠠᠯᠴᠢᠳ1.5 ᠲᠦᠮᠡᠨ ᠲᠤᠨ ᠡᠷᠳᠡᠨᠢ ᠰᠢᠰᠢ᠂1.98 ᠲᠦᠮᠡᠨ ᠲᠤᠨ ᠡᠪᠡᠰᠦ ᠨᠦᠬᠡᠴᠡᠯᠡᠵᠡᠢ᠃ ᠠᠳᠡᠬᠢ ᠮᠠᠯᠴᠢᠳ ᠵᠢᠯ ᠪᠦᠷᠢ ᠨᠠᠮᠤᠷ ᠤᠨ ᠰᠡᠭᠦᠯᠴᠢ ᠡᠪᠦᠯ ᠤᠨ ᠡᠬᠢ ᠪᠠᠷ ᠮᠠᠯ ᠤᠨ ᠢᠶᠠᠨ ᠡᠪᠡᠰᠦ ᠪᠣᠷᠳᠤᠭ᠎ᠠ ᠶᠢ ᠨᠦᠬᠡᠴᠡᠯᠡᠨ ᠪᠡᠯᠡᠳᠬᠡᠳᠡᠭ  ᠃ ᠡᠨᠡ ᠨᠢ ᠮᠠᠯᠴᠢᠳ ᠤᠨ ᠲᠤᠰ ᠡᠪᠦᠯ ᠪᠠ ᠳᠠᠷᠠᠭ᠎ᠠ ᠬᠠᠪᠤᠷ ᠤᠨ ᠭᠠᠩ ᠭᠠᠮᠰᠢᠭ ᠢ ᠤᠷᠢᠳᠴᠢᠯᠠᠨ ᠰᠡᠷᠭᠡᠶᠢᠯᠡᠬᠦ ᠠᠵᠢᠯ ᠢᠶᠠᠨ ᠬᠢᠬᠦ ᠳᠤ ᠠᠰᠢᠭᠲᠠᠢ ᠨᠦᠬᠦᠴᠡᠯ ᠬᠠᠩᠭᠠᠬᠤ ᠪᠠᠷ ᠪᠠᠷᠠᠬᠤ ᠦᠭᠡᠢ ᠮᠡᠯᠴᠢᠳ ᠤᠨ ᠡᠪᠦᠯ ᠤᠨ ᠲᠦᠯ ᠲᠣᠰᠬᠤ ᠳᠤ ᠴᠦ ᠭᠦᠢᠴᠡᠳ ᠪᠡᠯᠡᠳᠬᠡᠯ ᠲᠠᠢ ᠪᠣᠯᠤᠭᠰᠠᠨ  ᠪᠠᠶᠢᠳᠠᠭ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号