ᠪᠠᠶᠠᠨᠨᠠᠭᠤᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠢ ᠡᠮᠴᠢ ᠮᠡᠷᠭᠡᠵᠢᠯᠲᠡᠨ ᠤᠷᠠᠳ ᠤᠨ ᠡᠮᠦᠨᠡᠲᠦ ᠬᠤᠰᠢᠭᠤᠨ ᠤ ᠪᠠᠶᠠᠨᠬᠤᠸᠠ ᠪᠠᠯᠭᠠᠰᠤᠨ ᠤ ᠬᠦᠬᠡᠪᠤᠯᠠᠭ ᠭᠠᠴᠠᠭᠠᠨ ᠤ ᠮᠠᠯᠴᠢᠨ ᠲᠦᠮᠡᠨ ᠳᠤ ᠡᠷᠡᠭᠦᠯ ᠮᠡᠨᠳᠦ ᠶᠢᠨ ᠦᠢᠯᠡᠴᠢᠯᠡᠭᠡ ᠬᠢᠪᠡ
ᠨᠡᠶᠢᠲᠡᠯᠡᠭᠰᠡᠨ ᠴᠠᠭ᠄
2020/12/25
    11ᠰᠠᠷ᠎ᠠ ᠶᠢᠨ29 ᠤ ᠡᠳᠦᠷ᠂ ᠪᠠᠶᠠᠨᠨᠠᠭᠤᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢ ᠨᠠᠷ ᠤᠷᠠᠳ ᠤᠨ ᠡᠮᠦᠨᠡᠲᠦ ᠬᠤᠰᠢᠭᠤᠨ ᠤ ᠪᠠᠶᠠᠨᠬᠤᠸᠠ ᠪᠠᠯᠭᠠᠰᠤᠨ ᠤ ᠬᠦᠬᠡᠪᠤᠯᠠᠭ ᠡᠷᠡᠭᠦᠯ ᠬᠠᠮᠠᠭᠠᠯᠠᠯ ᠤᠨ ᠬᠤᠪᠢᠶᠠᠷᠢ ᠬᠤᠷᠢᠶ᠎ᠠ ᠲᠠᠢ ᠬᠠᠮᠲᠤᠷᠠᠯᠴᠠᠵᠤ᠂ ᠲᠣᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠳᠤ ᠡᠷᠡᠭᠦᠯ ᠮᠡᠨᠳᠦ ᠶᠢᠨ ᠦᠢᠯᠡᠴᠢᠯᠡᠭᠡ ᠬᠢᠭᠰᠡᠨ ᠪᠠᠶᠢᠨ᠎ᠠ᠃
    ᠰᠤᠷᠪᠣᠯᠵᠢᠯᠠᠭᠴᠢ ᠶᠢ ᠪᠠᠶᠠᠨᠬᠤᠸᠠ ᠪᠠᠯᠭᠠᠰᠤᠨ ᠤ ᠬᠦᠬᠡᠪᠤᠯᠠᠭ ᠡᠷᠡᠭᠦᠯ ᠬᠠᠮᠠᠭᠠᠯᠠᠯ ᠤᠨ ᠬᠤᠪᠢᠶᠠᠷᠢ ᠬᠤᠷᠢᠶᠠᠨ ᠳᠤ ᠬᠦᠷᠬᠦ ᠳᠤ᠂ ᠲᠣᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠡᠷᠲᠡ ᠠᠴᠠ ᠬᠦᠷᠦᠯᠴᠡᠨ ᠢᠷᠡᠵᠦ᠂ ᠡᠮᠴᠢ ᠲᠠᠢ ᠵᠣᠯᠭᠠᠵᠤ ᠪᠡᠶ᠎ᠡ ᠶᠢᠨ ᠪᠠᠶᠢᠴᠠᠭᠠᠯᠲᠠ ᠪᠠᠨ ᠬᠢᠯᠭᠡᠵᠦ ᠪᠠᠶᠢᠯ᠎ᠠ᠃ ᠤᠳᠪᠠᠯᠠᠬᠤᠸᠠᠷ ᠪᠣᠯ ᠪᠠᠶᠠᠨᠬᠤᠸᠠ ᠪᠠᠯᠭᠠᠰᠤᠨ ᠤ ᠲᠠᠢ ᠶᠢᠨ ᠡᠩᠭᠡᠷ ᠭᠠᠴᠠᠭᠠᠨ ᠤ ᠮᠠᠯᠴᠢᠨ ᠶᠤᠮ᠃ ᠲᠡᠷᠡ ᠣᠯᠠᠨ ᠵᠢᠯ ᠴᠢᠰᠤᠨ ᠳᠠᠷᠤᠯᠲᠠ ᠦᠨᠳᠦᠷ᠂ ᠬᠦᠯ ᠡᠪᠡᠳᠬᠦ ᠵᠡᠷᠭᠡ ᠡᠪᠡᠳᠴᠢᠨ ᠲᠠᠢ ᠪᠠᠶᠢᠵᠤ᠂ ᠡᠮᠴᠢ ᠢᠷᠡᠬᠦ ᠴᠢᠮᠡᠭᠡ ᠪᠠᠷ ᠲᠤᠰᠬᠠᠶᠢᠯᠠᠨ ᠪᠠᠶᠢᠴᠠᠭᠠᠯᠲᠠ ᠬᠢᠬᠦ ᠪᠠᠷ ᠢᠷᠡᠵᠡᠢ᠃
    ᠪᠠᠶᠠᠨᠨᠠᠭᠤᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠪᠣᠯ ᠬᠤᠯᠪᠤᠭᠠᠲᠤ ᠡᠮᠨᠡᠯᠭᠡ ᠶᠢᠨ ᠬᠤᠷᠢᠶ᠎ᠠ ᠪᠣᠯᠤᠨ᠎ᠠ᠃2019 ᠣᠨ ᠤ4 ᠰᠠᠷ᠎ᠠ ᠠᠴᠠ ᠡᠬᠢᠯᠡᠵᠦ᠂ ᠪᠠᠶᠠᠨᠨᠠᠭᠤᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶᠠᠨ ᠤ ᠬᠢᠨ ᠲᠤᠰᠬᠠᠢ ᠮᠡᠷᠭᠡᠵᠢᠯᠲᠡᠨ ᠪᠠ ᠡᠮᠴᠢ ᠰᠣᠪᠢᠯᠠᠭᠴᠢ ᠪᠠᠨ ᠳᠠᠭᠠᠭᠤᠯᠤᠨ ᠰᠠᠷ᠎ᠠ ᠪᠦᠷᠢ ᠨᠢᠭᠡ ᠤᠳᠠᠭ᠎ᠠ ᠬᠦᠬᠡᠪᠤᠯᠠᠭ ᠰᠤᠮᠤᠨ ᠤ ᠡᠷᠡᠭᠦᠯ ᠬᠠᠮᠠᠭᠠᠯᠠᠯ ᠤᠨ ᠬᠤᠪᠢᠶᠠᠷᠢ ᠬᠤᠷᠢᠶ᠎ᠠ ᠳᠤ ᠬᠦᠷᠴᠦ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠳᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ ᠡᠬᠢᠯᠡᠭᠰᠡᠨ ᠪᠠᠶᠢᠨ᠎ᠠ᠃ ᠡᠭᠦᠨ ᠳᠤ ᠭᠤᠣᠯᠳᠠᠭᠤ ᠮᠠᠯᠴᠢᠨ ᠲᠠᠷᠢᠶᠠᠴᠢᠳ ᠤᠨ ᠴᠢᠰᠤᠨ ᠳᠠᠷᠤᠯᠲᠠ ᠦᠨᠳᠦᠷ᠂ ᠵᠢᠷᠦᠭᠡᠨ ᠬᠠᠳᠬᠤᠯᠭ᠎ᠠ᠂ ᠰᠠ ᠡᠪᠡᠳᠴᠢᠨ᠂ ᠦᠶ᠎ᠡ ᠭᠡᠰᠢᠭᠦᠨ ᠤ ᠬᠤᠶᠠᠩ ᠰᠢᠷ᠎ᠠ ᠶᠢᠨ ᠡᠪᠡᠳᠴᠢᠨ᠂ ᠬᠤᠳᠤᠭᠤᠳᠤ ᠲᠡᠯᠢᠭᠦᠨ ᠤ ᠡᠪᠡᠳᠴᠢᠨ ᠵᠡᠷᠭᠡ ᠳᠤ ᠪᠠᠶᠢᠴᠠᠭᠠᠯᠲᠠ ᠬᠢᠵᠤ᠂ ᠰᠤᠳᠠᠯ ᠪᠠᠷᠢᠬᠤ᠂ ᠵᠡᠭᠦᠦ ᠬᠠᠳᠬᠤᠬᠤ᠂ ᠰᠣᠷᠤᠭᠤᠯ ᠲᠠᠯᠪᠢᠬᠤ᠂B ᠬᠡᠳᠦ ᠲᠣᠯᠭᠢᠶᠠᠨ᠂ ᠵᠢᠷᠦᠬᠡᠨ ᠯᠤᠭᠰᠢᠯᠲᠠ ᠶᠢᠨ ᠵᠢᠷᠤᠭ ᠢᠶᠠᠷ ᠪᠠᠶᠢᠴᠠᠭᠠᠬᠤ ᠵᠡᠷᠭᠡ ᠠᠷᠭ᠎ᠠ ᠪᠠᠷ ᠰᠠᠷ᠎ᠠ ᠪᠦᠷᠢ20 ᠭᠠᠷᠤᠢ ᠡᠪᠡᠳᠴᠢᠲᠡᠨ ᠳᠤ ᠡᠷᠡᠭᠦᠯ ᠮᠡᠨᠳᠦ ᠶᠢᠨ ᠦᠢᠯᠡᠴᠢᠯᠡᠭᠡ ᠬᠢᠵᠦ᠂ ᠮᠠᠯᠴᠢᠨ ᠲᠠᠷᠢᠶᠠᠴᠢᠨ ᠤ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ ᠳᠤ ᠬᠤᠲᠠ ᠣᠷᠤᠬᠤ ᠦᠭᠡᠢ ᠵᠡᠷᠬᠡ ᠠᠰᠠᠭᠤᠳᠠᠯ ᠢ ᠵᠣᠬᠢᠬᠤ ᠬᠡᠮᠵᠢᠶ᠎ᠡ ᠪᠠᠷ ᠰᠢᠢᠳᠪᠦᠷᠢᠯᠡᠵᠦ ᠴᠢᠳᠠᠭᠰᠠᠨ ᠮᠦᠷᠲᠡᠭᠡᠨ ᠮᠠᠯᠴᠢᠨ ᠲᠠᠷᠢᠶᠠᠴᠢᠳ ᠴᠦ ᠡᠮᠴᠢᠯᠡᠭᠡ ᠬᠢᠭᠰᠡᠨ ᠤ ᠳᠠᠷᠠᠭ᠎ᠠ ᠴᠠᠭ ᠲᠣᠬᠠᠢ ᠳᠤᠨᠢ ᠳᠠᠩᠰᠠ ᠴᠠᠶᠢᠷᠠᠭᠤᠯᠵᠤ ᠪᠣᠯᠳᠠᠭ ᠢᠶᠠᠷ ᠡᠪᠡᠳᠴᠢᠨ ᠦᠵᠡᠭᠦᠯᠬᠦ ᠰᠦᠢᠳᠭᠡᠯ ᠢ ᠨᠢ ᠴᠦ ᠶᠡᠭᠡ ᠪᠠᠷ ᠠᠷᠪᠢᠯᠠᠵᠤ ᠴᠢᠳᠠᠭᠰᠠᠨ ᠪᠠᠶᠢᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号