ᠤᠷᠠᠳ ᠤᠨ ᠡᠮᠦᠨᠡᠲᠦ ᠬᠤᠰᠢᠭᠤᠨ ᠳᠤ ᠪᠠᠰᠠ ᠬᠤᠶᠠᠷ ᠪᠤᠳᠠᠰ ᠤᠨ ᠪᠣᠰᠤ ᠰᠤᠶᠤᠯ ᠤᠨ ᠦᠪ ᠤᠨ ᠪᠣᠯᠪᠠᠰᠤᠷᠠᠨ ᠰᠤᠷᠬᠤ ᠰᠠᠭᠤᠷᠢᠨ ᠭᠠᠵᠠᠷ ᠨᠡᠮᠡᠭᠳᠡᠪᠡ
ᠨᠡᠶᠢᠲᠡᠯᠡᠭᠰᠡᠨ ᠴᠠᠭ᠄
2020/12/25
     12 ᠰᠠᠷ᠎ᠠ ᠶᠢᠨ 9 ᠤ ᠡᠳᠦᠷ ᠤᠨ ᠦᠳᠡ ᠡᠮᠦᠨ᠎ᠡ᠂ ᠪᠠᠶᠠᠨᠨᠠᠭᠤᠷ ᠬᠤᠲᠠ ᠶᠢᠨ ᠳᠡᠰ ᠤᠨ ᠪᠣᠳᠠᠰ ᠤᠨ ᠪᠣᠰᠤ ᠰᠤᠶᠤᠯ ᠤᠨ ᠦᠪ ᠤᠨ ᠲᠦᠰᠦᠯ ᠪᠣᠯᠬᠤ ᠪᠣᠷᠤᠲᠤᠬᠤᠢ ᠶᠢᠨ ᠴᠠᠭᠠᠰᠤᠨ ᠬᠠᠶᠢᠴᠢᠯᠠᠮᠠᠯ ᠪᠠ ᠤᠷᠠᠳ ᠬᠠᠳᠬᠤᠮᠠᠯ ᠤᠨ ᠪᠣᠯᠪᠠᠰᠤᠷᠠᠨ ᠰᠤᠷᠬᠤ ᠰᠠᠭᠤᠷᠢᠨ ᠭᠠᠵᠠᠷ ᠲᠤᠰ ᠲᠤᠰ ᠤᠷᠠᠳ ᠤᠨ ᠡᠮᠦᠨᠡᠲᠦ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠲᠣᠪᠴᠢᠶᠠᠨ ᠤ ᠴᠠᠭᠳᠠᠭᠠᠨ ᠤ ᠰᠤᠶᠤᠯ ᠤᠨ ᠠᠵᠢᠯᠯᠠᠭᠠᠨ ᠤ ᠦᠷᠦᠭᠡᠨ ᠳᠤ ᠪᠠ ᠤᠷᠠᠳ ᠤᠨ ᠡᠮᠦᠨᠡᠲᠦ ᠬᠤᠰᠢᠭᠤᠨ ᠤ《 ᠬᠦᠬᠡ ᠮᠣᠩᠭᠤᠯ ᠣᠶᠤᠳᠠᠯ》 ᠤᠨ ᠭᠠᠵᠠᠷ ᠲᠤ ᠫᠠᠶᠢᠰᠠ ᠡᠯᠭᠦᠵᠦ ᠵᠢᠩᠬᠢᠨᠢ ᠪᠠᠷ ᠪᠠᠶᠢᠭᠤᠯᠤᠭᠳᠠᠨ ᠠᠰᠢᠭᠯᠠᠯᠲᠠ ᠳᠤ ᠣᠷᠤᠭᠰᠠᠨ ᠪᠠᠶᠢᠨ᠎ᠠ᠃
     ᠪᠤᠳᠠᠰ ᠤᠨ ᠪᠣᠰᠤ ᠰᠤᠶᠤᠯ ᠤᠨ ᠦᠪ ᠤᠨ ᠪᠣᠯᠪᠠᠰᠤᠷᠠᠨ ᠰᠤᠷᠬᠤ ᠰᠠᠭᠤᠷᠢᠨ ᠭᠠᠵᠠᠷ ᠤᠨ ᠪᠠᠶᠢᠭᠤᠯᠤᠭᠳᠠᠭᠰᠠᠨ ᠨᠢ ᠪᠤᠳᠠᠰ ᠤᠨ ᠪᠣᠰᠤ ᠰᠤᠶᠤᠯ ᠤᠨ ᠦᠪ ᠤᠨ ᠲᠦᠰᠦᠯ ᠤᠨ ᠲᠦᠷᠦᠯ ᠵᠦᠢᠯ ᠤᠨ ᠤᠯᠠᠮᠵᠢᠯᠠᠨ ᠬᠦᠭᠵᠢᠭᠦᠯᠬᠦ ᠴᠢᠬᠤᠯᠠ ᠠᠴᠢᠶᠠᠯᠠᠪᠤᠷᠢ ᠪᠣᠯᠬᠤ ᠮᠦᠷᠲᠡᠭᠡᠨ ᠮᠡᠷᠭᠡᠵᠢᠯ ᠤᠨ ᠰᠤᠯᠢᠯᠴᠠᠭ᠎ᠠ ᠬᠢᠬᠦ᠂ ᠤᠬᠠᠭᠤᠯᠤᠨ ᠬᠦᠮᠦᠵᠢᠭᠦᠯᠬᠦ ᠵᠢᠴᠢ ᠨᠡᠩ ᠣᠯᠠᠨ ᠳᠤᠷ᠎ᠠ ᠪᠠᠬ᠎ᠠ ᠲᠠᠢ ᠬᠦᠮᠦᠰ ᠢ ᠬᠤᠷᠠᠨ ᠴᠤᠭᠯᠠᠭᠤᠯᠵᠤ ᠬᠠᠷᠢᠯᠴᠠᠨ ᠰᠤᠷᠤᠯᠴᠠᠵᠤ᠂ ᠨᠡᠩ ᠣᠯᠠᠨ ᠵᠠᠯᠭᠠᠮᠵᠢᠯᠠᠭᠴᠢᠳ ᠢ ᠬᠦᠮᠦᠵᠢᠭᠦᠯᠬᠦ ᠳᠤ ᠠᠬᠢᠭᠤᠯᠬᠤ ᠦᠢᠯᠡᠳᠦᠯ ᠦᠵᠡᠬᠦᠯᠬᠦ ᠪᠣᠯᠤᠨ᠎ᠠ᠃
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号