ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ ᠶᠢᠨ | ᠲᠥᠰᠦᠯ︾ ᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠬᠥᠲᠥᠯᠪᠦᠷᠢ ᠶᠢᠨ ᠲᠥᠰᠦᠯ ᠢ | ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ | ᠣᠳᠣᠬᠠᠨ ᠤ ᠪᠠ ᠠᠯᠤᠰ ᠬᠡᠳᠦ ᠶᠢᠨ ᠬᠢ ᠶᠢ ᠬᠠᠮᠲᠤ ᠳᠤ ᠨᠢ ᠬᠠᠷᠠᠭᠠᠯᠵᠠᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ ᠦᠶ᠋ᠯᠡᠳᠦᠯᠭᠡ ᠪᠠ ᠲᠡᠦᠬᠡ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ ᠭᠡᠵᠦ ᠴᠢᠬᠤᠯᠠᠴᠢᠯᠠᠪᠠ ᠬᠠᠨ ᠵᠧᠩ ᠬᠤᠷᠠᠯ ᠳᠤ | ᠣᠷᠣᠯᠴᠠᠪᠠ | 12 ᠳ᠋ᠤᠭᠠᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ ᠶᠢᠨ ᠲᠥᠰᠦᠯ︾ ᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠳᠠᠬᠢᠨᠲᠠ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠲᠤᠬᠠᠶ | ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠨᠥᠬᠦᠳ ᠰᠤᠳᠤᠯᠤᠨ ᠶᠠᠷᠢᠯᠴᠠᠵᠠᠭᠠᠪᠠ᠃ ᠯᠢ ᠺᠧ ᠴᠢᠶᠠᠩ ᠬᠡᠯᠡᠭᠰᠡᠨ ᠨᠢ᠂ ᠡᠯ᠎ᠡ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠪᠠᠷ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠴᠢᠬᠤᠯᠠ ᠠᠬᠢᠴᠠ ᠲᠠᠢ ᠪᠣᠯᠪᠠ᠂ ᠤᠯᠠᠨ ᠪᠦᠭᠦᠳᠡ ᠪᠠᠷ ᠢᠶᠠᠨ | ᠦᠷᠭᠦᠯᠵᠢᠯᠡᠨ ᠤᠶᠤᠨ ᠤᠬᠠᠭᠠᠨ ᠢᠶᠠᠨ ᠲᠥᠪᠯᠡᠷᠡᠭᠦᠯᠦᠨ᠂ ᠭᠦᠨᠵᠡᠭᠡᠢ ᠰᠤᠳᠤᠯᠤᠨ ᠨᠤᠲᠠᠯᠠᠵᠤ᠂ ᠨᠢᠭᠲᠠ ᠠᠴᠠ ᠨᠢᠭᠲᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ | ᠪᠥᠬᠦᠳᠡ ᠬᠤᠷᠠᠯ ᠤᠨ ︽ᠰᠠᠨᠠᠭᠤᠯᠭ᠎ᠠ︾ ᠶᠣᠰᠣᠭᠠᠷ᠂ ᠬᠥᠲᠥᠯᠪᠦᠷᠢ ᠶᠢᠨ ᠲᠥᠰᠦᠯ ᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠵᠤ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠳᠤ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠪᠣᠳᠠᠲᠠᠢ ᠠᠵᠢᠯ ᠳᠤᠮᠳᠠ ᠦᠵᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠶᠢᠨ ᠪᠠᠷᠠᠯᠠᠯᠲᠠ ᠵᠢᠯᠣᠭᠤᠳᠤᠯᠭ᠎ᠠ ᠶᠢᠨ ᠦᠶ᠋ᠯᠡᠳᠦᠯ ᠢ ᠨᠢ ᠦᠨᠡᠨ ᠬᠦ | ᠪᠠᠳᠠᠷᠠᠭᠤᠯᠵᠤ᠂ ᠦᠶ᠋ᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠶ ᠭᠡᠪᠡ᠃ | ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠣᠳᠣᠬᠠᠨ ᠤ ᠪᠠ ᠠᠯᠤᠰ ᠬᠡᠳᠦ ᠶᠢᠨ ᠬᠢ ᠶᠢ | ᠬᠠᠮᠲᠤ ᠳᠤ ᠨᠢ ᠬᠠᠷᠠᠭᠠᠯᠵᠠᠬᠤ ᠬᠡᠷᠡᠭᠲᠡᠶ᠃ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ︽ᠰᠠᠨᠠᠭᠤᠯᠭ᠎ᠠ︾ ᠳᠤ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠬᠥᠭᠵᠢᠯᠲᠡ ᠳᠤ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠭᠰᠡᠨ ᠪᠥᠭᠡᠳ ᠪᠠᠰᠠ 2035 ᠣᠨ ᠤ ᠠᠯᠤᠰ ᠤᠨ ᠬᠠᠷᠠᠯᠲᠠ ᠶᠢ ᠳᠤᠷᠠᠳᠴᠠᠶ᠃ ᠡᠨᠡ ᠵᠢᠯ ᠤᠨ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠨᠢ ᠢᠷᠡᠬᠦ ᠵᠢᠯ ᠴᠢᠨᠠᠭᠰᠢᠯᠠᠪᠠᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠦᠬᠦ᠋ᠢᠯᠡ | ᠬᠤᠭᠤᠴᠠᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠬᠤᠶᠢᠰᠢᠳᠠ ᠶᠢᠨ ᠬᠤᠶᠠᠷ ᠵᠢᠯ ᠤᠨ ᠠᠵᠤ ᠠᠬᠤᠶ ᠶᠢᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠃ | ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠪᠠᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢ ᠪᠥᠬᠦ ᠲᠠᠯ᠎ᠠ ᠪᠠᠷ ᠪᠣᠳᠣᠯᠬᠢᠯᠠᠵᠤ᠂ 2035 | ᠣᠨ ᠤ ᠠᠯᠤᠰ ᠤᠨ ᠬᠠᠷᠠᠯᠲᠠ ᠲᠠᠢ ᠵᠣᠯᠭᠠᠯᠳᠤᠭᠤᠯᠬᠤ ᠪᠠᠷ ᠪᠠᠷᠠᠬᠤ ᠥᠭᠡᠢ ᠪᠠᠰᠠ ᠬᠤᠶᠢᠰᠢᠳᠠ ᠶᠢᠨ ᠬᠤᠶᠠᠷ ᠵᠢᠯ ᠤᠨ ᠠᠵᠤ ᠠᠬᠤᠢ ᠶᠢᠨ ᠬᠡᠪ ᠤᠨ ᠨᠡᠮᠡᠭᠳᠡᠯ ᠤᠨ | ᠰᠡᠷᠭᠦᠯᠲᠡ ᠶᠢ ᠠᠬᠢᠭᠤᠯᠬᠤ᠂ ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠣᠨᠴᠠᠭᠠᠢ ᠪᠠᠶᠢᠳᠠᠯ ᠳᠤ ᠴᠢᠭᠯᠡᠭᠦᠯᠦᠨ ᠨᠢᠭᠡᠳᠦᠯᠲᠡᠢ ᠲᠥᠯᠥᠪᠯᠡᠨ ᠲᠤᠬᠢᠷᠠᠭᠤᠯᠬᠤ | ᠬᠡᠷᠡᠭᠲᠡᠢ ᠭᠡᠪᠡ᠃ | ᠯᠢ ᠺᠧ ᠴᠢᠶᠠᠩ ᠬᠡᠯᠡᠭᠰᠡᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠵᠢᠮ᠎ᠡ | ᠶᠣᠰᠣ ᠶᠢ ᠵᠢᠷᠤᠮᠯᠠᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ | ᠬᠥᠮᠦᠰ ᠢ ᠵᠣᠷᠢᠭᠵᠢᠭᠤᠯᠬᠤ ᠪᠥᠭᠡᠳ ᠪᠠᠰᠠ ᠣᠷᠣᠨ ᠵᠠᠶ ᠦᠯᠡᠳᠡᠭᠡᠵᠦ᠂ ᠪᠥᠬᠦ ᠨᠡᠶᠢᠭᠡᠮ ᠢ ᠬᠠᠮᠲᠤ ᠶᠢᠨ ᠲᠠᠨᠢᠯᠲᠠ ᠲᠠᠢ ᠪᠣᠯᠭᠠᠬᠤ ᠬᠡᠷᠡᠭᠲᠡᠶ᠃ ᠮᠠᠨ ᠤ ᠤᠯᠤᠰ ᠤᠨ | ᠠᠵᠤ ᠠᠬᠤᠢ ᠶᠢᠨ ᠰᠠᠭᠤᠷᠢ ᠲᠤᠭ᠎ᠠ ᠨᠢᠭᠡᠨᠲᠡ ᠨᠡᠯᠢᠶᠡᠳ ᠶᠡᠭᠡ ᠪᠤᠯᠵᠤ᠂ ᠢᠷᠡᠭᠡᠳᠦᠢ ᠶᠢᠨ ᠲᠠᠪᠤᠨ ᠵᠢᠯ ᠳᠤ ᠵᠣᠬᠢᠰᠲᠠᠢ ᠬᠤᠷᠳᠤᠴᠠ ᠪᠠᠷ ᠲᠣᠭᠲᠠᠭᠤᠨ ᠨᠡᠮᠡᠭᠳᠡᠬᠦ | ᠪᠣᠯᠣᠨ᠎ᠠ᠂ ᠬᠤᠷᠠᠮᠳᠤᠭᠤᠯᠤᠭᠠᠳ ᠠᠪᠤᠪᠠᠯ ᠬᠢᠯᠪᠠᠷ ᠪᠤᠰᠤ ᠠᠮᠵᠢᠯᠲᠠ ᠪᠣᠯᠬᠤ ᠶᠤᠮ᠃ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠠᠭᠤᠷᠢ ᠪᠡᠯᠡᠳᠬᠡᠮᠵᠢ ᠶᠢ | ᠴᠢᠩᠭᠠᠳᠬᠠᠬᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠡᠭᠦᠷᠭᠡ ᠪᠠ ᠠᠷᠭ᠎ᠠ ᠬᠡᠮᠵᠢᠶ᠎ᠡ ᠶᠢ ᠳᠤᠷᠠᠳᠬᠤ ᠳᠤ ᠪᠠᠨ ᠴᠥᠮ | ᠭᠤᠣᠯᠳᠠᠯᠭ᠎ᠠ ᠶᠢ ᠳᠤᠪᠤᠶᠢᠯᠭᠠᠵᠤ᠂ ᠴᠢᠳᠠᠯ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠰᠣᠬᠤᠷ ᠪᠠᠯᠠᠢ ᠪᠠᠷ ᠪᠦᠲᠦᠭᠡᠨ ᠪᠠᠶᠢᠭᠤᠯᠬᠤ | ᠦᠭᠡᠢ ᠪᠠᠶᠢᠵᠤ᠂ ᠳᠤᠷᠠᠳᠤᠭᠰᠠᠨ ᠪᠦᠬᠦᠨ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠥᠲᠥᠯᠪᠦᠷᠢ ᠶᠢᠨ ᠲᠥᠰᠦᠯ ᠢ ᠡᠯ᠎ᠡ ᠲᠤᠰᠬᠠᠶ ᠲᠥᠯᠥᠪᠵᠢᠭᠦᠯᠭᠡ᠂ | ᠣᠷᠣᠨ ᠨᠤᠲᠤᠭ ᠤᠨ ᠲᠥᠯᠥᠪᠵᠢᠭᠦᠯᠭᠡ ᠯᠦᠭᠡ ᠵᠣᠯᠭᠠᠯᠳᠤᠭᠤᠯᠬᠤ ᠶᠢ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠬᠦᠷᠢᠶᠡᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠴᠡᠭᠡ ᠪᠠᠨ ᠦᠨᠳᠦᠰᠦᠯᠡᠬᠦ ᠮᠦᠷᠲᠡᠭᠡᠨ ᠪᠠᠰᠠ ᠪᠣᠯᠤᠯᠴᠠᠭ᠎ᠠ ᠶᠢ ᠪᠣᠳᠣᠯᠬᠢᠯᠠᠵᠤ᠂ ᠬᠠᠷᠠᠯᠲᠠ ᠪᠣᠯᠤᠨ | ᠡᠭᠦᠷᠭᠡ ᠪᠠᠨ ᠰᠠᠶᠢᠲᠤᠷ ᠡᠵᠡᠮᠰᠢᠬᠦ ᠬᠡᠷᠡᠭᠲᠡᠶ︔ ᠡᠭᠦᠨ ᠤ ᠬᠠᠮᠲᠤ ᠡᠯ᠎ᠡ ᠭᠠᠵᠠᠷ ᠤᠨ ᠣᠷᠣᠨ ᠨᠤᠲᠤᠭ ᠤᠨ ᠲᠥᠯᠥᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠬᠤ ᠶᠢ ᠨᠢ ᠬᠥᠲᠥᠯᠥᠨ ᠵᠢᠯᠣᠭᠤᠳᠴᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠪᠠᠨ ᠥᠭᠡᠷᠡᠴᠢᠯᠡᠯᠲᠡ ᠨᠡᠬᠡᠬᠡᠯᠳᠡ ᠶᠢ | ᠭᠦᠨᠵᠡᠭᠡᠶᠢᠷᠡᠭᠦᠯᠬᠦ ᠶᠢ ᠲᠤᠰᠬᠠᠵᠤ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠶᠢ ᠡᠷᠡᠰ ᠠᠬᠢᠭᠤᠯᠬᠤ ᠡᠷᠴᠢ ᠵᠣᠷᠢᠭ ᠢ ᠢᠯᠡᠷᠡᠭᠦᠯᠬᠦ ᠬᠡᠷᠡᠭᠲᠡᠢ᠃ ᠡᠬᠢ | ᠪᠠᠶᠠᠯᠢᠭ ᠤᠨ ᠲᠤᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠥᠲᠥᠯᠪᠦᠷᠢ ᠶᠢᠨ ᠲᠥᠰᠦᠯ ᠳᠤ ᠥᠭᠡᠷᠡᠴᠢᠯᠡᠯᠲᠡ ᠶᠢᠨ ᠰᠡᠳᠬᠢᠮᠵᠢ ᠪᠣᠯᠤᠨ ᠠᠷᠭ᠎ᠠ ᠶᠢ ᠲᠣᠪᠤᠶᠢᠮ᠎ᠠ | ᠬᠡᠷᠡᠭᠯᠡᠬᠦ ᠬᠡᠷᠡᠭᠲᠡᠶ᠃ ᠠᠵᠢᠯ ᠣᠯᠭᠤᠯᠲᠠ ᠶᠢ ᠨᠡᠮᠡᠭᠳᠡᠭᠦᠯᠬᠦ᠂ ᠰᠢᠨ᠎ᠡ ᠶᠢ ᠡᠭᠦᠳᠬᠦ ᠶᠢ ᠠᠬᠢᠭᠤᠯᠬᠤ᠂ ᠡᠳ᠋ ᠪᠠᠶᠠᠯᠢᠭ ᠢ ᠡᠭᠦᠳᠬᠦ᠂ ᠦᠷᠭᠦᠯᠵᠢᠯᠡᠬᠦ ᠬᠥᠭᠵᠢᠯᠲᠡ ᠶᠢ | ᠠᠬᠢᠭᠤᠯᠬᠤ ᠵᠡᠷᠭᠡ ᠲᠠᠯ᠎ᠠ ᠪᠠᠷ ᠴᠥᠮ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ | ᠬᠦᠴᠦᠨ ᠪᠠ ᠨᠡᠶᠢᠭᠡᠮ ᠤᠨ ᠪᠦᠲᠦᠭᠡᠯᠴᠢ ᠴᠢᠳᠠᠪᠤᠷᠢ ᠶᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠢ | ᠬᠡᠷᠡᠭᠵᠢᠭᠦᠯᠬᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠵᠡᠷᠭᠡ ᠲᠠᠯ᠎ᠠ ᠪᠠᠷ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ | ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠬᠠᠮᠲᠤ ᠪᠠᠷ | ᠣᠷᠣᠯᠴᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠲᠠᠯ᠎ᠠ ᠪᠠᠷ ᠨᠡᠩ ᠤᠯᠠᠨ ᠳᠦᠷᠢᠮ ᠤᠨ ᠬᠡᠯᠪᠡᠷᠢ ᠶᠢᠨ | ᠨᠡᠬᠡᠬᠡᠯᠳᠡ ᠶᠢᠨ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠣᠷᠴᠢᠨ ᠨᠦᠭᠦᠴᠡᠯ ᠢ ᠰᠠᠶᠢᠵᠢᠷᠠᠭᠤᠯᠵᠤ᠂ ᠤᠯᠠᠨ | ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ ᠯᠢ ᠺᠧ ᠴᠢᠶᠠᠩ | ᠬᠡᠯᠡᠭᠰᠡᠨ ᠨᠢ᠂ ᠥᠭᠡᠷᠡᠴᠢᠯᠡᠯᠲᠡ ᠨᠡᠭᠡᠭᠡᠯᠳᠠ ᠬᠢᠭᠰᠡᠨ ᠳᠥᠴᠢ ᠭᠠᠷᠤᠢ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠦᠬᠦ ᠠᠷᠠᠳ ᠲᠦᠮᠡᠨ ᠰᠢᠷᠭᠠᠭᠤ | ᠬᠠᠲᠠᠭᠤᠵᠢᠯᠲᠠᠢ ᠲᠡᠮᠡᠴᠡᠵᠦ ᠪᠠᠶᠢᠭᠠᠳ ᠣᠯᠤᠭᠰᠠᠨ ᠶᠤᠮ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠦᠷᠭᠦᠯᠵᠢᠯᠡᠨ ᠯᠠᠪᠳᠠᠭᠤᠨ ᠪᠠᠲᠤᠲᠠᠢ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠡᠬᠢᠯᠡᠯᠲᠡ ᠶᠢᠨ ᠵᠢᠯ ᠮᠦᠨ᠂ ᠲᠦᠢᠯ ᠤᠨ ᠵᠠᠩᠭᠢᠯᠠᠭ᠎ᠠ ᠪᠣᠯᠤᠨ᠎ᠠ᠂ ᠠᠵᠤ ᠠᠬᠤᠶ ᠶᠢᠨ ᠲᠣᠭᠲᠠᠭᠤᠨ ᠰᠡᠷᠭᠦᠯᠲᠡ ᠶᠢᠨ ᠪᠠᠶᠢᠳᠠᠯ ᠢ ᠬᠦᠴᠦᠯᠡᠨ | ᠪᠠᠬᠢᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠯᠲᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠶ ᠭᠡᠪᠡ᠃ | ᠰᠦᠨ ᠴᠦᠨ ᠯᠠᠨ᠂ ᠬᠤ᠋ ᠴᠦᠨ ᠬᠤᠸᠠ᠂ ᠸᠧᠢ ᠹᠧᠩ ᠡᡁᠧ᠂ ᠸᠠᠩ ᠶᠦᠩ᠂ ᠸᠠᠩ ᠢ᠂ ᠰᠢᠶᠤᠤ ᠵᠢᠶᠧ᠂ ᠵᠤᠤ ᠺᠧ ᡁᠢ ᠬᠤᠷᠠᠯ ᠳᠤ ᠣᠷᠣᠯᠴᠠᠪᠠ᠃ |