ᠤᠷᠠᠳ ᠤᠨ ᠡᠮᠦᠨᠡᠲᠦ ᠬᠤᠰᠢᠭᠤ ᠮᠣᠩᠭᠤᠯ ᠦᠭᠡ ᠬᠡᠯᠡ ᠦᠰᠦᠭ ᠪᠢᠴᠢᠭ ᠤᠨ ᠬᠠᠤᠯᠢ ᠳᠦᠷᠢᠮ ᠤᠨ ᠤᠬᠠᠭᠤᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/5/27
     ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠤ ᠮᠣᠩᠭᠤᠯ ᠦᠭᠡ ᠬᠡᠯᠡ ᠦᠰᠦᠭ ᠪᠢᠴᠢᠭ  ᠤᠨ ᠬᠠᠤᠯᠢ ᠳᠦᠷᠢᠮ ᠢ ᠵᠢᠷᠤᠮᠯᠠᠬᠤ ᠦᠵᠡᠯ ᠤᠬᠠᠮᠰᠠᠷ ᠢ ᠴᠢᠩᠭᠠᠳᠬᠠᠨ᠂ ᠦᠷᠭᠡᠨ ᠣᠯᠠᠨ ᠺᠠᠳ᠋ᠷ  ᠣᠯᠠᠨ ᠲᠦᠮᠡᠨ ᠢ ᠳᠠᠶᠢᠴᠢᠯᠠᠨ ᠤᠯᠤᠰ ᠤᠨ ᠦᠨᠳᠦᠰᠦᠲᠡᠨ ᠤ ᠲᠣᠬᠠᠢ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠤᠯᠴᠠᠭᠤᠯᠬᠤ ᠶᠢᠨ ᠲᠦᠯᠦᠭᠡ᠂ ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠢᠨ ᠮᠣᠩᠭᠤᠯ ᠦᠭᠡ ᠬᠡᠯᠡ ᠦᠰᠦᠭ ᠪᠢᠴᠢᠭ ᠤᠨ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃      ᠠᠵᠢᠯᠯᠠᠭᠠᠨ ᠤ ᠠᠬᠤᠢ ᠶᠢᠨ ᠲᠠᠯᠠᠪᠤᠷ ᠲᠤ《 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ》᠂《 ᠦᠨᠳᠦᠰᠦᠲᠡᠨ ᠤ ᠣᠷᠤᠨ ᠤ ᠦᠪᠡᠷᠲᠡᠭᠡᠨ ᠵᠠᠰᠠᠬᠤ ᠬᠠᠤᠯᠢ》᠂《 ᠦᠨᠳᠦᠰᠦᠲᠡᠨ ᠤ  ᠱᠠᠰᠢᠨ ᠰᠤᠷᠲᠠᠬᠤᠨ᠂ ᠮᠣᠩᠭᠤᠯ ᠦᠭᠡ ᠬᠡᠯᠡ ᠦᠰᠦᠭ ᠪᠢᠴᠢᠭ ᠤᠨ ᠬᠠᠤᠯᠢ ᠳᠦᠷᠢᠮ ᠤᠨ ᠡᠮᠬᠢᠳᠬᠡᠯ》 ᠤᠨ ᠲᠣᠬᠠᠢ ᠤᠬᠠᠭᠤᠯᠭ᠎ᠠ ᠶᠢᠨ ᠫᠠᠶᠢᠰᠠ ᠪᠣᠰᠬᠠᠬᠤ᠂ ᠬᠦᠨᠳᠡᠯᠡᠨ ᠪᠢᠴᠢᠭᠡᠰᠦ ᠡᠯᠭᠦᠬᠦ ᠪᠠ ᠤᠬᠠᠭᠤᠯᠭ᠎ᠠ  ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠪᠠᠷ ᠡᠯ᠎ᠡ ᠦᠨᠳᠦᠰᠦᠲᠡᠨ ᠤ ᠺᠠᠳ᠋ᠷ  ᠣᠯᠠᠨ ᠲᠦᠮᠡᠨ ᠳᠤ ᠦᠨᠳᠦᠰᠦᠲᠡᠨ ᠤ ᠬᠠᠤᠯᠢ ᠳᠦᠷᠢᠮ ᠤᠨ ᠲᠣᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠦᠨᠳᠦᠰᠦᠲᠡᠨ ᠤ ᠬᠠᠤᠯᠢ ᠳᠦᠷᠢᠮ ᠤᠨ ᠦᠵᠡᠯ ᠢ ᠤᠯᠠᠨ ᠨᠢᠭᠡ ᠠᠯᠬᠤᠮ ᠴᠢᠩᠭᠠᠳᠬᠠᠭᠰᠠᠨ ᠪᠠᠶᠢᠨ᠎ᠠ᠃
ᠢᠷᠡᠯᠲᠡ᠄ ᠪᠠᠶᠠᠨ ᠨᠠᠭᠤᠷ ᠤᠨ ᠰᠣᠨᠢᠨ