ᠤᠷᠠᠳ ᠤᠨ ᠡᠮᠦᠨᠡᠲᠦ ᠬᠤᠰᠢᠭᠤ ᠴᠠᠬᠢᠯᠭᠠᠨ ᠤ ᠰᠦᠢᠳᠭᠡᠯ ᠢ ᠬᠠᠰᠤᠵᠤ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2020/6/10
     ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠤᠯᠤᠰ ᠤᠨ ᠴᠠᠬᠢᠯᠭᠠᠨ ᠤ ᠦᠨ᠎ᠡ ᠶᠢᠨ ᠲᠦᠷᠦ ᠶᠢᠨ ᠪᠣᠳᠤᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠪᠡᠷ ᠤᠨ ᠦᠷᠲᠡᠭ ᠢ ᠪᠠᠭᠠᠰᠬᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠵᠦ ᠪᠠᠶᠢᠨ᠎ᠠ᠃      ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠭᠠᠰᠤ ᠶᠢ ᠬᠦᠩᠭᠡᠷᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠤᠷᠠᠳ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠡᠷᠲᠡ ᠠᠴᠠ ᠪᠠᠶᠢᠷᠢᠯᠠᠭᠤᠯᠤᠯᠲᠠ ᠬᠢᠵᠦ᠂ ᠡᠷᠲᠡ ᠠᠴᠠ ᠬᠦᠲᠦᠯᠦᠯᠴᠡᠨ᠂ ᠬᠡᠷᠡᠭᠯᠡᠭᠴᠢᠳ ᠤᠨ ᠠᠵᠢᠯ ᠢᠶᠠᠨ ᠰᠡᠷᠭᠦᠭᠡᠬᠦ ᠠᠴᠠ ᠡᠮᠦᠨ᠎ᠡ᠂ ᠡᠯ᠎ᠡ ᠵᠦᠢᠯ ᠤᠨ ᠴᠠᠬᠢᠯᠭᠠᠨ ᠬᠡᠷᠡᠭᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠦ᠂ ᠠᠵᠤ ᠠᠬᠤᠶᠢᠯᠠᠯ ᠳᠤ ᠪᠠᠲᠤᠯᠭᠠᠲᠠᠢ ᠴᠠᠬᠢᠯᠭᠠᠨ ᠬᠠᠩᠭᠠᠬᠤ ᠠᠵᠢᠯ ᠢ ᠰᠠᠶᠢᠲᠤᠷ ᠬᠢᠵᠡᠢ᠃ ᠡᠭᠦᠨ ᠤ ᠬᠠᠮᠲᠤ᠂ ᠲᠣᠮᠤ ᠦᠢᠯᠡᠳᠪᠦᠷᠢ ᠶᠢᠨ ᠴᠠᠬᠢᠯᠭᠠᠨ ᠤ ᠦᠨ᠎ᠡ ᠶᠢᠨ ᠲᠠᠯ᠎ᠠ ᠪᠠᠷ ᠬᠢᠨᠠᠨ ᠲᠣᠳᠤᠯᠠᠬᠤ ᠶᠢ ᠲᠦᠷᠭᠡᠳᠬᠡᠵᠦ᠂ ᠰᠠᠨᠠᠭᠠᠴᠢᠯᠠᠭ᠎ᠠ ᠠᠴᠠ ᠪᠠᠨ《 ᠲᠦᠷᠦ ᠶᠢᠨ ᠪᠣᠳᠤᠯᠭ᠎ᠠ》 ᠶᠢ ᠬᠦᠷᠭᠡᠵᠦ᠂ ᠴᠠᠬᠢᠯᠭᠠᠨ ᠬᠡᠷᠡᠭᠯᠡᠬᠦ ᠦᠪᠡᠷ ᠤᠨ ᠦᠷᠲᠡᠭ ᠢ ᠱᠠᠲᠤ ᠦᠶ᠎ᠡ ᠶᠢᠨ ᠴᠢᠨᠠᠷᠲᠠᠢ ᠪᠠᠭᠤᠷᠠᠭᠤᠯᠬᠤ ᠲᠣᠬᠠᠢ᠂ ᠤᠯᠤᠰ ᠤᠨ ᠡᠯ᠎ᠡ ᠲᠦᠷᠦᠯ ᠤᠨ ᠲᠦᠷᠦ ᠶᠢᠨ ᠪᠣᠳᠤᠯᠭ᠎ᠠ ᠶᠢ  ᠨᠠᠶᠢᠳᠠᠪᠤᠷᠢᠵᠢᠭᠤᠯᠤᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠦᠬᠦ ᠬᠤᠰᠢᠭᠤᠨ ᠤ ᠬᠡᠪᠴᠢᠶᠡᠨ ᠳᠠᠬᠢ ᠡᠩ ᠤᠨ ᠦᠢᠯᠡᠳᠪᠦᠷᠢ ᠬᠤᠳᠠᠯᠳᠤᠭ᠎ᠠ ᠶᠢᠨ ᠴᠠᠬᠢᠯᠭᠠᠨ ᠤ ᠦᠨ᠎ᠡ᠂ ᠲᠤᠮᠤ ᠠᠵᠤ ᠠᠬᠤᠶᠢᠯᠠᠯ ᠤᠨ ᠴᠠᠬᠢᠯᠭᠠᠨ ᠤ ᠦᠨ᠎ᠡ ᠳᠤ ᠠᠰᠢᠭ ᠬᠦᠷᠲᠡᠭᠡᠵᠦ ᠪᠠᠶᠢᠭ᠎ᠠ ᠴᠠᠬᠢᠯᠭᠠᠨ ᠬᠦᠴᠦᠨ ᠤ ᠬᠡᠷᠡᠭᠯᠡᠭᠴᠢ 3 ᠲᠦᠮᠡ ᠭᠠᠷᠤᠢ ᠡᠷᠦᠬᠡ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ