ᠼᠤᠤ ᠳ᠋ᠦᠩ
ᠨᠡᠶᠢᠲᠡᠯᠡᠭᠰᠡᠨ ᠴᠠᠭ᠄
2020/6/13
ᠠᠵᠢᠯ ᠤᠨ ᠬᠤᠪᠢᠶᠠᠷᠢᠯᠠᠯ     ᠬᠤᠰᠢᠭᠤ ᠳᠠᠷᠤᠭ᠎ᠠ ᠶᠢ ᠬᠠᠮᠵᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠶᠢᠨ ᠲᠡᠭᠡᠭᠡᠪᠦᠷᠢ ᠵᠡᠷᠭᠡ ᠠᠵᠢᠯ ᠢ ᠬᠠᠷᠢᠭᠤᠴᠠᠨ᠎ᠠ᠃ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ  ᠶᠢᠨ ᠲᠡᠭᠡᠭᠡᠪᠦᠷᠢ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ᠂ ᠡᠯ᠎ᠡ ᠵᠠᠰᠠᠮᠠᠯ ᠵᠠᠮ ᠤᠨ ᠪᠠᠶᠢᠭᠤᠯᠤᠮᠵᠢ ᠲᠠᠢ ᠬᠠᠷᠢᠯᠴᠠᠨ᠎ᠠ᠃  ᠣᠳᠣᠷᠢᠳᠣᠯᠭ᠎ᠠ ᠶᠢᠨ ᠲᠣᠪᠴᠢ ᠲᠠᠨᠢᠯᠴᠠᠭᠤᠯᠭ᠎ᠠ     ᠼᠤᠤ ᠳ᠋ᠦᠩ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ