ᠬᠢᠵᠢᠭ ᠤᠨ ᠳᠤᠮᠳᠠ ᠦᠨᠳᠦᠷ ᠲᠦᠭᠰᠢᠭᠦᠷᠢᠲᠦ ᠣᠷᠤᠨ ᠠᠴᠠ ᠮᠠᠨ ᠤ ᠬᠤᠲᠠ ᠳᠤ ᠢᠷᠡᠭᠰᠡᠳ ᠤᠨ ᠬᠠᠮᠢᠶᠠᠷᠤᠯᠲᠠ ᠡᠵᠡᠮᠳᠠᠯ ᠢ ᠴᠢᠨᠠᠭᠰᠢᠳᠠ ᠴᠢᠩᠭᠠᠳᠬᠠᠬᠤ ᠲᠣᠬᠠᠢ ᠪᠠᠴᠢᠮ ᠵᠠᠷᠯᠠᠯ
ᠨᠡᠶᠢᠲᠡᠯᠡᠭᠰᠡᠨ ᠴᠠᠭ᠄
2020/6/15
     ᠣᠶᠢᠷ᠎ᠠ ᠶᠢᠨ ᠬᠤᠭᠤᠴᠠᠭᠠᠨ ᠳᠤ ᠣᠯᠣᠰ ᠤᠨ ᠳᠣᠲᠤᠭᠠᠳᠤ ᠳᠠᠬᠢ ᠬᠢᠵᠢᠭ ᠤᠨ ᠪᠠᠶᠢᠳᠠᠯ ᠬᠡᠰᠡᠭ ᠭᠠᠵᠠᠷ ᠲᠤ ᠳᠠᠬᠢᠨ ᠬᠦᠨᠳᠦᠷᠡᠭᠰᠡᠨ ᠪᠤᠳᠠᠲᠤ ᠪᠠᠶᠢᠳᠠᠯ ᠳᠤ ᠴᠢᠭᠯᠡᠭᠦᠯᠦᠨ᠂《 ᠭᠠᠳᠠᠨ᠎ᠠ ᠠᠴᠠ ᠬᠠᠯᠳᠠᠪᠦᠷᠢᠯᠠᠨ ᠣᠷᠤᠬᠤ ᠶᠢ ᠰᠡᠷᠭᠡᠶᠢᠯᠡᠵᠦ᠂ ᠳᠤᠲᠤᠭᠠᠳᠤ ᠳᠠᠭᠠᠨ ᠳᠠᠬᠢᠨ ᠬᠦᠨᠳᠦᠷᠡᠬᠦ ᠶᠢ ᠰᠡᠷᠭᠡᠶᠢᠯᠡᠬᠦ》 ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠴᠢᠨᠠᠭᠰᠢᠳᠠ ᠴᠢᠩᠭᠠᠳᠬᠠᠵᠤ᠂ ᠮᠠᠨ ᠤ ᠬᠤᠲᠠ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠦᠷᠭᠦᠯᠵᠢᠯᠡᠨ ᠰᠠᠶᠢᠵᠢᠷᠠᠵᠤ ᠪᠠᠶᠢᠭ᠎ᠠ ᠣᠷᠴᠢᠨ ᠪᠠᠶᠢᠳᠠᠯ ᠢ ᠪᠠᠬᠢᠵᠢᠭᠦᠯᠬᠦ ᠶᠢᠨ ᠲᠦᠯᠦᠭᠡ᠂ ᠬᠢᠵᠢᠭ ᠤᠨ ᠳᠣᠮᠳᠠ ᠦᠨᠳᠦᠷ ᠲᠦᠭᠰᠢᠭᠦᠷᠢᠲᠦ ᠣᠷᠤᠨ ᠠᠴᠠ ᠮᠠᠨ ᠤ ᠬᠤᠲᠠ ᠳᠤ ᠢᠷᠡᠭᠰᠡᠳ ᠤᠨ ᠬᠠᠮᠢᠶᠠᠷᠤᠯᠲᠠ ᠡᠵᠡᠮᠳᠡᠯ ᠢ ᠴᠢᠨᠠᠭᠰᠢᠳᠠ ᠴᠢᠩᠭᠠᠳᠬᠠᠬᠤ ᠲᠣᠬᠠᠢ ᠳᠣᠣᠷᠠᠬᠢ ᠮᠡᠲᠦ ᠪᠠᠷ ᠵᠠᠷᠯᠠᠰᠤᠭᠠᠢ᠄      ᠨᠢᠭᠡ᠂ 6 ᠰᠠᠷ᠎ᠠ ᠶᠢᠨ13 ᠤ ᠡᠳᠦᠷ ᠤᠨ ᠲᠡᠭ ᠴᠠᠭ ᠠᠴᠠ ᠬᠤᠶᠢᠰᠢ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ ᠵᠡᠷᠭᠡ ᠬᠢᠵᠢᠭ ᠤᠨ ᠳᠤᠮᠳᠠ ᠦᠨᠳᠦᠷ ᠲᠦᠭᠰᠢᠭᠦᠷᠢᠲᠦ ᠣᠷᠤᠨ ᠠᠴᠠ ᠮᠠᠨ ᠤ ᠬᠤᠲᠠ ᠳᠤ ᠢᠷᠡᠭᠰᠡᠳ ᠵᠠᠪᠠᠯ ᠪᠠᠶᠢᠭ᠎ᠠ ᠭᠠᠵᠠᠷ ᠤᠨ ᠢᠶᠠᠨ ᠲᠣᠮᠢᠯᠠᠭᠰᠠᠨ ᠰᠠᠯᠪᠤᠷᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠤ ᠦᠪᠡᠷ ᠤᠨ ᠡᠷᠡᠭᠦᠯ ᠮᠡᠨᠳᠦ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠦ《14 ᠬᠤᠨᠤᠭ ᠲᠦᠪᠯᠡᠷᠡᠭᠦᠯᠦᠨ ᠲᠤᠰᠠᠭᠠᠷᠯᠠᠨ ᠠᠵᠢᠭᠯᠠᠵᠤ᠂2 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂1 ᠤᠳᠠᠭ᠎ᠠ ᠴᠢᠰᠤᠨ ᠴᠠᠶᠢᠪᠠᠩ ᠤᠨ ᠡᠰᠡᠷᠭᠦᠴᠡᠭᠴᠢ ᠶᠢᠨ ᠪᠠᠶᠢᠴᠠᠭᠠᠯᠲᠠ ᠬᠢᠯᠭᠡᠬᠦ》 ᠬᠠᠮᠢᠶᠠᠷᠤᠨ ᠡᠵᠡᠮᠳᠡᠬᠦ ᠠᠷᠭ᠎ᠠ ᠪᠠᠷᠢᠯ ᠢ ᠬᠡᠷᠡᠭᠵᠢᠭᠦᠯᠬᠦ ᠬᠡᠷᠡᠭᠲᠡᠢ᠃ 6 ᠰᠠᠷ᠎ᠠ ᠶᠢᠨ13 ᠤ ᠡᠳᠦᠷ ᠤᠨ ᠲᠡᠭ ᠴᠠᠭ ᠠᠴᠠ ᠡᠮᠦᠨ᠎ᠡ ᠳᠡᠭᠡᠷᠡᠬᠢ ᠬᠢᠵᠢᠭ ᠤᠨ ᠳᠤᠮᠳᠠ ᠦᠨᠳᠦᠷ ᠲᠦᠭᠰᠢᠭᠦᠷᠢᠲᠦ ᠣᠷᠤᠨ ᠠᠴᠠ ᠮᠠᠨ ᠤ ᠬᠤᠲᠠ ᠳᠤ ᠢᠷᠡᠭᠰᠡᠳ ᠪᠦᠬᠦᠯᠢ14 ᠬᠤᠨᠤᠭ ᠪᠣᠯᠤᠭᠠᠳᠤᠢ ᠪᠣᠯ ᠵᠠᠪᠠᠯ ᠪᠦᠷ ᠭᠡᠷ ᠲᠡᠭᠡᠨ14 ᠬᠤᠨᠤᠭ ᠤᠨ ᠲᠣᠰᠭᠠᠷᠯᠠᠨ ᠠᠵᠢᠭᠯᠠᠯᠲᠠ ᠶᠢ ᠲᠦᠭᠦᠷᠭᠡᠬᠦ ᠬᠡᠷᠡᠭᠲᠡᠢ᠃     ᠬᠤᠶᠠᠷ᠂ ᠳᠡᠭᠡᠷ᠎ᠡ ᠳᠤᠷᠠᠲᠤᠭᠰᠠᠨ ᠬᠦᠮᠦᠰ ᠬᠡᠷᠪᠡ ᠲᠤᠰᠠᠭᠠᠷᠯᠠᠯᠲᠠ ᠶᠢᠨ ᠬᠤᠭᠤᠴᠠᠭᠠᠨ ᠳᠤ ᠬᠠᠯᠠᠭᠤᠷᠠᠬᠤ᠂ ᠬᠠᠨᠢᠶᠠᠬᠤ᠂ ᠠᠮᠢᠰᠬᠤᠯ ᠴᠢᠬᠤᠯᠳᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠪᠠᠶᠢᠳᠠᠯ ᠢᠯᠡᠷᠡᠪᠡᠯ ᠲᠡᠷᠡ ᠳᠠᠷᠤᠢ ᠳᠤᠨᠢ ᠪᠠᠶᠢᠭ᠎ᠠ ᠭᠠᠵᠠᠷ ᠲᠠᠬᠢ ᠲᠣᠮᠢᠯᠠᠭᠰᠠᠨ ᠰᠠᠯᠪᠤᠷᠢ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶᠂ ᠪᠠᠭᠤᠳᠠᠯᠯᠠᠭᠰᠠᠨ ᠪᠠᠭᠤᠳᠠᠯ ᠳᠠᠭᠠᠨ ᠮᠡᠳᠡᠭᠳᠡᠵᠦ᠂ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠳᠠᠷᠤᠢ ᠳᠤᠨᠢ ᠰᠢᠯᠵᠢᠭᠦᠯᠦᠨ ᠬᠦᠷᠭᠡᠵᠦ ᠪᠠᠶᠢᠴᠠᠭᠠᠬᠤ ᠬᠡᠷᠡᠭᠲᠡᠢ᠃     ᠭᠤᠷᠪᠠ᠂ ᠬᠢᠵᠢᠭ ᠤᠨ ᠲᠦᠭᠰᠢᠭᠦᠷᠢᠲᠦ ᠣᠷᠤᠨ ᠠᠴᠠ ᠮᠠᠨ ᠤ ᠬᠤᠲᠠ ᠳᠤ ᠢᠷᠡᠭᠰᠡᠳ ᠵᠠᠪᠠᠯ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠰᠤᠷᠠᠭ ᠵᠠᠩᠭᠢ ᠪᠠᠨ ᠮᠡᠳᠡᠭᠦᠯᠬᠦ ᠪᠠᠨ ᠤᠳᠠᠭᠠᠰᠢᠷᠠᠭᠤᠯᠬᠤ᠂ ᠨᠢᠭᠤᠬᠤ ᠪᠠ ᠬᠠᠭᠤᠷᠮᠠᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠲᠠᠢ ᠬᠠᠮᠵᠢᠯᠴᠠᠬᠤ ᠦᠭᠡᠢ ᠪᠠᠶᠢᠭᠠᠳ ᠬᠢᠵᠢᠭ ᠢ ᠬᠠᠯᠳᠠᠪᠤᠷᠢᠯᠠᠭᠤᠯᠤᠭᠰᠠᠨ ᠵᠡᠷᠭᠡ ᠨᠣᠴᠢᠲᠠᠢ ᠦᠷ᠎ᠡ ᠨᠦᠯᠦᠭᠡ ᠭᠠᠷᠭᠠᠪᠠᠯ ᠬᠠᠤᠯᠢ ᠶᠣᠰᠤᠭᠠᠷ ᠬᠠᠮᠢᠶᠠᠲᠠᠢ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃     ᠳᠦᠷᠪᠡ᠂ ᠦᠷᠭᠡᠨ ᠣᠯᠠᠨ ᠬᠤᠲᠠ ᠶᠢᠨ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮ ᠳᠠᠮ ᠪᠣᠯᠵᠤ᠂ ᠬᠢᠵᠢᠭ ᠤᠨ ᠳᠤᠮᠳᠠ ᠦᠨᠳᠦᠷ ᠲᠦᠭᠰᠢᠭᠦᠷᠢᠲᠦ ᠣᠷᠤᠨ ᠠᠴᠠ ᠮᠠᠨ ᠤ ᠬᠤᠲᠠ ᠳᠤ ᠢᠷᠡᠬᠦ ᠪᠠᠷ ᠪᠠᠶᠢᠭ᠎ᠠ ᠬᠦᠮᠦᠰ ᠤᠨ ᠪᠠᠶᠢᠳᠠᠯ ᠢ ᠮᠡᠳᠡᠪᠡᠯ ᠳᠠᠷᠤᠢ ᠳᠤᠨᠢ ᠪᠠᠶᠢᠭ᠎ᠠ ᠭᠠᠵᠠᠷ ᠲᠠᠬᠢ ᠲᠣᠮᠢᠯᠠᠭᠰᠠᠨ ᠰᠠᠯᠪᠤᠷᠢ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠮᠡᠳᠡᠭᠳᠡᠬᠦ ᠬᠡᠷᠡᠭᠲᠡᠢ᠃ ᠡᠭᠦᠨ ᠤ ᠬᠠᠮᠲᠦ᠂ ᠦᠷᠭᠡᠨ ᠣᠯᠠᠨ ᠬᠤᠲᠠ ᠶᠢᠨ ᠠᠷᠠᠳ ᠬᠢᠨᠠᠯᠲᠠ ᠲᠠᠯᠪᠢᠨ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠨ᠎ᠠ᠃ ᠬᠠᠮᠢᠶᠠᠲᠠᠢ ᠰᠦᠪᠡᠭᠴᠢ ᠶᠢ ᠮᠡᠳᠡᠪᠡᠯ ᠳᠠᠷᠤᠢ ᠳᠤᠨᠢ ᠳᠣᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠪᠠ ᠭᠠᠴᠠᠭ᠎ᠠ ᠲᠤᠰᠬᠤᠨ ︵ᠨᠡᠶᠢᠭᠡᠮ  ᠲᠣᠭᠤᠷᠢᠭ︶ ᠲᠤ ᠲᠤᠰᠬᠠᠭᠠᠷᠠᠢ᠂ ᠰᠢᠯᠭᠠᠨ ᠪᠠᠶᠢᠴᠠᠭᠠᠭᠠᠳ ᠦᠨᠡᠨ ᠪᠤᠳᠠᠲᠠᠢ ᠪᠣᠯ ᠨᠢᠭᠡ ᠯᠡ ᠳᠡᠭᠡᠷ᠎ᠡ ᠱᠠᠩᠨᠠᠨ᠎ᠠ᠃      ᠲᠠᠪᠤ᠂ ᠬᠤᠶᠢᠰᠢᠳᠠ᠂ ᠤᠯᠤᠰ ᠤᠨ ᠳᠣᠲᠤᠭᠠᠳᠤ ᠳᠠᠬᠢ ᠬᠢᠵᠢᠭ ᠤᠨ ᠳᠣᠣᠷ᠎ᠠ ᠲᠦᠭᠰᠢᠭᠦᠷᠢᠲᠦ ᠣᠷᠤᠨ ᠪᠠᠶᠢᠭᠰᠠᠨ ᠠᠴᠠ ᠪᠠᠨ ᠳᠤᠮᠳᠠ ᠪᠠ ᠦᠨᠳᠦᠷ ᠲᠦᠭᠰᠢᠭᠦᠷᠢᠲᠦ ᠣᠷᠤᠨ ᠪᠣᠯᠤᠭᠰᠠᠨ ᠭᠠᠵᠠᠷ ᠠᠴᠠ ᠮᠠᠨ ᠤ ᠬᠤᠲᠠ ᠳᠤ ᠢᠷᠡᠭᠰᠡᠳ ᠲᠤ ᠪᠦᠷ ᠳᠡᠭᠡᠷᠡᠬᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠃                        ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠭᠢᠨ ᠦᠷᠪᠢᠰᠦᠯ                         ᠢ  ᠰᠡᠷᠭᠡᠶᠢᠯᠡᠨ  ᠡᠵᠡᠮᠳᠡᠬᠦ   ᠠᠵᠢᠯ  ᠤᠨ  ᠵᠢᠯᠤᠭᠤᠳᠬᠤ   ᠭᠠᠵᠠᠷ                                 2020ᠣᠨ ᠤ6 ᠰᠠᠷ᠎ᠠ ᠶᠢᠨ14 ᠤ ᠡᠳᠦᠷ
ᠢᠷᠡᠯᠲᠡ᠄ ᠪᠠᠶᠠᠨ ᠨᠠᠭᠤᠷ ᠤᠨ ᠰᠣᠨᠢᠨ