ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷ ᠣᠰᠤᠨ ᠤ ᠬᠤᠭᠤᠯᠠᠢ ᠶᠢᠨ ᠢᠨᠵᠧᠨᠧᠷᠢᠩ ᠤᠨ ᠠᠬᠢᠴᠠ ᠤᠷᠤᠭᠰᠢᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2020/6/16
      ᠤᠷᠠᠳ ᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠢᠨᠵᠧᠨᠧᠷᠢᠩ ᠤᠨ ᠶᠡᠷᠦᠩᠭᠡᠢ  ᠪᠡᠯᠡ ᠣᠷᠤᠭᠤᠯᠤᠯᠲᠠ ᠨᠢ5938 ᠲᠦᠮᠡᠨ ᠲᠦᠭᠦᠷᠢᠭ ᠪᠠᠶᠢᠵᠤ᠂ 2019 ᠣᠨ ᠤ 6 ᠰᠠᠷᠠᠶᠢᠨ 25 ᠤ ᠡᠳᠦᠷ ᠠᠴᠠ ᠡᠬᠢᠯᠡᠨ ᠬᠢᠵᠦ᠂ ᠣᠳᠤ ᠪᠣᠯᠬᠤ ᠳᠤ ᠨᠢᠭᠡᠨᠲᠡ17 ᠺᠢᠯᠦᠮᠧᠲᠷ ᠤᠨ ᠬᠤᠭᠤᠯᠠᠢ ᠶᠢᠨ ᠰᠤᠪᠠᠭ ᠢ ᠮᠠᠯᠲᠠᠵᠤ ᠡᠭᠢᠭᠦᠯᠦᠨ ᠪᠦᠭᠯᠡᠬᠦ᠂ ᠳᠡᠪᠢᠰᠬᠦ ᠠᠵᠢᠯ ᠢ ᠪᠡᠶᠡᠯᠡᠭᠦᠯᠵᠦ᠂ ᠬᠤᠭᠤᠯᠠᠢ ᠶᠢ ᠪᠠᠶᠢᠴᠠᠭᠠᠬᠤ ᠬᠤᠳᠳᠤᠭ 86  ᠶᠢ ᠪᠡᠶᠡᠯᠡᠭᠦᠯᠪᠡ᠃ ᠣᠳᠤ ᠪᠣᠯᠬᠤ ᠳᠤ ᠪᠣᠬᠢᠷ ᠣᠰᠤ ᠶᠢ ᠳᠡᠭᠡᠭᠰᠢᠯᠡᠭᠦᠯᠬᠦ ᠬᠦᠭᠡᠷᠭᠡ ᠶᠢᠨ ᠦᠷᠲᠡᠭᠡ ᠶᠢ ᠨᠢᠭᠡᠨᠲᠡ ᠵᠠᠬᠢᠶᠠᠯᠠᠨ ᠬᠢᠵᠦ᠂ 2 ᠳ᠋ᠤᠭᠠᠷ 3 ᠳ᠋ᠤᠭᠠᠷ ᠬᠦᠭᠡᠷᠭᠡ ᠶᠢᠨ ᠦᠷᠲᠡᠭᠡ ᠶᠢᠨ ᠣᠷᠤᠢ ᠶᠢᠨ ᠬᠤᠭᠤᠯᠠᠢ ᠶᠢᠨ ᠰᠠᠭᠤᠷᠢ ᠨᠦᠬᠡ ᠶᠢ ᠬᠢᠵᠦ᠂ ᠬᠤᠷᠠᠮᠳᠤᠭᠤᠯᠪᠠᠯ 3819 ᠲᠦᠮᠡᠨ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠢᠨᠵᠧᠨᠧᠷᠢᠩ ᠤᠨ ᠶᠡᠷᠦᠩᠬᠡᠢ ᠠᠬᠢᠴᠠ ᠤᠷᠤᠭᠰᠢᠲᠠᠢ ᠶᠠᠪᠤᠭᠳᠠᠵᠤ ᠪᠠᠶᠢᠨ᠎ᠠ᠃
     ᠪᠣᠬᠢᠷ ᠤᠰᠤᠨ ᠤ ᠬᠤᠭᠤᠯᠠᠢ ᠶᠢ ᠪᠠᠶᠢᠭᠤᠯᠤᠭᠰᠠᠨ ᠤ ᠳᠠᠷᠠᠭ᠎ᠠ ᠲᠣᠭᠤᠷᠢᠭ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠭᠤᠷᠢ ᠲᠦᠭᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠭᠤᠷᠢᠭ ᠤᠨ ᠣᠷᠤᠨ ᠤ ᠠᠵᠤ ᠠᠬᠤᠶᠢᠯᠠᠯ ᠵᠢᠴᠢ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ ᠠᠰᠠᠭᠤᠳᠠᠯ ᠢ ᠪᠦᠷᠢᠮᠦᠰᠦᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠦᠭᠵᠢᠯᠲᠡ ᠳᠤ ᠪᠠᠲᠤᠯᠭ᠎ᠠ ᠬᠠᠩᠭᠠᠬᠤ ᠪᠠᠷ ᠪᠠᠷᠠᠬᠤ ᠦᠭᠡᠢ ᠪᠠᠰᠠ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠳᠦᠭᠦᠮ ᠦᠵᠡᠭᠦᠯᠵᠦ᠂ ᠣᠭᠢ ᠰᠠᠶᠢᠨ ᠨᠡᠶᠢᠭᠡᠮ  ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠲᠠᠢ  ᠶᠤᠮ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ