ᠤᠷᠠᠳ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠣᠭᠤᠷᠢᠭ ᠲᠠᠬᠢ ᠮᠣᠳᠤ ᠤᠳ ᠡᠵᠡᠨ ᠲᠠᠢ ᠪᠣᠯᠤᠭᠰᠠᠨ
ᠨᠡᠶᠢᠲᠡᠯᠡᠭᠰᠡᠨ ᠴᠠᠭ᠄
2020-06-02
    ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠪᠠᠭ᠎ᠠ ᠰᠤᠷᠭᠠᠭᠤᠯᠢ ᠶᠢᠨ ᠪᠠᠭᠰᠢ ᠨᠠᠷ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠣᠭᠤᠷᠢᠭ ᠤᠨ ᠬᠦᠷᠢᠶᠡᠨ ᠳᠠᠬᠢ ᠨᠠᠷᠠᠰᠤᠨ ᠮᠣᠳᠤ ᠶᠢ ᠬᠦᠮᠦᠨ ᠪᠣᠯᠭᠠᠨ ᠨᠢᠭᠡ ᠶᠢ ᠳᠠᠭᠠᠭᠠᠴᠢᠯᠠᠨ ᠠᠪᠬᠤ ᠠᠵᠢᠯᠯᠠᠭ᠎ᠠ ᠦᠷᠨᠢᠭᠦᠯᠦᠨ᠂ ᠨᠣᠲᠤᠭ ᠣᠷᠤᠨ ᠢᠶᠠᠨ ᠨᠣᠭᠤᠭᠠᠷᠠᠭᠤᠯᠬᠤ ᠦᠢᠯᠡᠰ ᠲᠤ ᠦᠪᠡᠷᠰᠡᠳ ᠤᠨ ᠨᠠᠮᠠᠷᠢ ᠬᠠᠨᠳᠢᠪ ᠢᠶᠠᠨ ᠡᠷᠭᠦᠵᠦ ᠪᠠᠶᠢᠨ᠎ᠠ᠃
     ᠡᠨᠡ ᠡᠳᠦᠷ᠂ ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠪᠠᠭ᠎ᠠ ᠰᠤᠷᠭᠠᠭᠤᠯᠢ ᠪᠠᠶᠢᠭᠤᠯᠤᠭᠳᠠᠭᠰᠠᠨ30 ᠵᠢᠯ ᠤᠨ ᠲᠤᠷᠰᠢᠬᠢ᠂ ᠲᠣᠰ ᠰᠤᠷᠭᠠᠭᠤᠯᠢ ᠳᠤ ᠵᠠᠬᠢᠷᠤᠯ ᠤᠨ ᠲᠣᠰᠢᠶᠠᠯ ᠢ ᠡᠭᠦᠷᠭᠡᠯᠡᠵᠦ ᠪᠠᠶᠢᠭᠰᠠᠨ ᠠᠬᠠᠮᠠᠳ ᠪᠠᠭᠰᠢ ᠨᠠᠷ ᠮᠣᠩᠭᠤᠯ ᠢᠶᠠᠷ ᠢᠶᠠᠨ ᠭᠤᠶᠤᠯᠠᠵᠤ᠂ ᠰᠤᠷᠭᠠᠭᠤᠯᠢ ᠶᠢᠨ ᠬᠦᠷᠢᠶᠠᠨ ᠤ ᠵᠡᠭᠦᠨ ᠡᠮᠦᠨ᠎ᠡ ᠲᠠᠯ᠎ᠠ ᠪᠠᠷ ᠲᠠᠷᠢᠭᠰᠠᠨ ᠨᠢᠯᠬ᠎ᠠ ᠨᠠᠷᠠᠰᠤᠨ ᠮᠣᠳᠤᠨ ᠳᠡᠭᠡᠷ᠎ᠡ ᠦᠪᠡᠷ ᠤᠨ ᠨᠡᠷ᠎ᠡ ᠪᠢᠴᠢᠭᠰᠡᠨ ᠫᠠᠶᠢᠰᠠ ᠶᠢ ᠡᠯᠭᠦᠨ᠂ ᠲᠠᠨᠢᠵᠤ ᠠᠪᠤᠭᠰᠠᠨ ᠮᠣᠳᠤ  ᠲᠠᠢ ᠪᠠᠨ ᠵᠢᠷᠤᠭ ᠰᠡᠭᠦᠳᠡᠷ ᠦᠯᠡᠳᠡᠭᠡᠵᠦ ᠪᠠᠶᠢᠯ᠎ᠠ᠃
     ᠲᠤᠰ ᠠᠵᠢᠯᠯᠠᠭ᠎ᠠ ᠨᠢ ᠨᠢᠭᠡᠨ ᠤᠳᠠᠭᠠᠨ ᠤ ᠦᠨᠳᠦᠰᠦᠲᠡᠨ ᠤ ᠰᠤᠷᠭᠠᠨ ᠬᠦᠮᠦᠵᠢᠯ ᠳᠤ ᠬᠠᠨᠳᠢᠪ ᠡᠷᠭᠦᠬᠦ ᠠᠵᠢᠯᠯᠠᠭ᠎ᠠ ᠪᠠᠶᠢᠵᠤ᠂ ᠮᠣᠳᠤ ᠪᠦᠷᠢ ᠶᠢ500 ᠲᠦᠭᠦᠷᠢᠭ ᠤᠨ ᠦᠨ᠎ᠡ ᠪᠠᠷ ᠰᠠᠶᠢᠨ ᠳᠤᠷ᠎ᠠ ᠠᠴᠠ ᠪᠠᠨ ᠳᠠᠭᠠᠭᠠᠨ ᠠᠪᠤᠭᠰᠠᠨ ᠪᠠᠶᠢᠨ᠎ᠠ᠃ ᠣᠳᠤᠬᠠᠨ ᠪᠣᠯᠲᠠᠯ᠎ᠠ 20 ᠭᠠᠷᠤᠢ ᠰᠠᠭᠤᠷᠢ ᠨᠢᠯᠬ᠎ᠠ ᠨᠠᠷᠠᠰᠤᠨ ᠮᠣᠳᠤ ᠡᠵᠡᠨ ᠲᠠᠢ ᠪᠣᠯᠵᠤ᠂ ᠳᠠᠷᠠᠭ᠎ᠠ ᠨᠢ ᠰᠤᠷᠭᠠᠭᠤᠯᠢ ᠶᠢᠨ ᠬᠦᠷᠢᠶᠠᠨ ᠳᠠᠬᠢ ᠪᠣᠰᠣᠳ100 ᠭᠠᠷᠤᠢ ᠰᠠᠭᠤᠷᠢ ᠮᠣᠳᠤ ᠶᠢ ᠪᠠᠰᠠ ᠬᠠᠨᠳᠢᠪ ᠡᠷᠭᠦᠬᠦ ᠠᠷᠭ᠎ᠠ ᠪᠠᠷ ᠰᠠᠶᠢᠨ ᠳᠤᠷᠠᠴᠤᠤᠯ ᠳᠤ ᠳᠠᠭᠠᠭᠠᠯᠠᠭᠠᠬᠤ ᠪᠣᠯᠤᠨ᠎ᠠ᠃
【ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠪᠠᠭ᠎ᠠ ᠰᠤᠷᠭᠠᠭᠤᠯᠢ ᠶᠢᠨ ᠵᠠᠬᠢᠷᠤᠯ ᠮᠦᠩᠬᠡᠵᠢᠷᠭᠠᠯ ᠤᠨ ᠰᠤᠷᠪᠤᠯᠵᠢᠯᠠᠭ᠎ᠠ】                                  ᠰᠤᠷᠪᠤᠯᠵᠢᠯᠠᠭᠴᠢ᠄ ᠴᠠᠭᠠᠨ    ᠬᠦᠬᠡ    ᠦᠷᠡᠶᠢᠭᠡᠭᠡᠨ
 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠤ᠋ ᠲᠧᠯᠸᠢᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号