ᠤᠷᠠᠳ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠣᠭᠤᠷᠢᠭ ᠲᠠᠬᠢ ᠮᠣᠳᠤ ᠤᠳ ᠡᠵᠡᠨ ᠲᠠᠢ ᠪᠣᠯᠤᠭᠰᠠᠨ
ᠨᠡᠶᠢᠲᠡᠯᠡᠭᠰᠡᠨ ᠴᠠᠭ᠄
2020/6/2
    ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠪᠠᠭ᠎ᠠ ᠰᠤᠷᠭᠠᠭᠤᠯᠢ ᠶᠢᠨ ᠪᠠᠭᠰᠢ ᠨᠠᠷ ᠬᠤᠰᠢᠭᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠣᠭᠤᠷᠢᠭ ᠤᠨ ᠬᠦᠷᠢᠶᠡᠨ ᠳᠠᠬᠢ ᠨᠠᠷᠠᠰᠤᠨ ᠮᠣᠳᠤ ᠶᠢ ᠬᠦᠮᠦᠨ ᠪᠣᠯᠭᠠᠨ ᠨᠢᠭᠡ ᠶᠢ ᠳᠠᠭᠠᠭᠠᠴᠢᠯᠠᠨ ᠠᠪᠬᠤ ᠠᠵᠢᠯᠯᠠᠭ᠎ᠠ ᠦᠷᠨᠢᠭᠦᠯᠦᠨ᠂ ᠨᠣᠲᠤᠭ ᠣᠷᠤᠨ ᠢᠶᠠᠨ ᠨᠣᠭᠤᠭᠠᠷᠠᠭᠤᠯᠬᠤ ᠦᠢᠯᠡᠰ ᠲᠤ ᠦᠪᠡᠷᠰᠡᠳ ᠤᠨ ᠨᠠᠮᠠᠷᠢ ᠬᠠᠨᠳᠢᠪ ᠢᠶᠠᠨ ᠡᠷᠭᠦᠵᠦ ᠪᠠᠶᠢᠨ᠎ᠠ᠃
     ᠡᠨᠡ ᠡᠳᠦᠷ᠂ ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠪᠠᠭ᠎ᠠ ᠰᠤᠷᠭᠠᠭᠤᠯᠢ ᠪᠠᠶᠢᠭᠤᠯᠤᠭᠳᠠᠭᠰᠠᠨ30 ᠵᠢᠯ ᠤᠨ ᠲᠤᠷᠰᠢᠬᠢ᠂ ᠲᠣᠰ ᠰᠤᠷᠭᠠᠭᠤᠯᠢ ᠳᠤ ᠵᠠᠬᠢᠷᠤᠯ ᠤᠨ ᠲᠣᠰᠢᠶᠠᠯ ᠢ ᠡᠭᠦᠷᠭᠡᠯᠡᠵᠦ ᠪᠠᠶᠢᠭᠰᠠᠨ ᠠᠬᠠᠮᠠᠳ ᠪᠠᠭᠰᠢ ᠨᠠᠷ ᠮᠣᠩᠭᠤᠯ ᠢᠶᠠᠷ ᠢᠶᠠᠨ ᠭᠤᠶᠤᠯᠠᠵᠤ᠂ ᠰᠤᠷᠭᠠᠭᠤᠯᠢ ᠶᠢᠨ ᠬᠦᠷᠢᠶᠠᠨ ᠤ ᠵᠡᠭᠦᠨ ᠡᠮᠦᠨ᠎ᠡ ᠲᠠᠯ᠎ᠠ ᠪᠠᠷ ᠲᠠᠷᠢᠭᠰᠠᠨ ᠨᠢᠯᠬ᠎ᠠ ᠨᠠᠷᠠᠰᠤᠨ ᠮᠣᠳᠤᠨ ᠳᠡᠭᠡᠷ᠎ᠡ ᠦᠪᠡᠷ ᠤᠨ ᠨᠡᠷ᠎ᠡ ᠪᠢᠴᠢᠭᠰᠡᠨ ᠫᠠᠶᠢᠰᠠ ᠶᠢ ᠡᠯᠭᠦᠨ᠂ ᠲᠠᠨᠢᠵᠤ ᠠᠪᠤᠭᠰᠠᠨ ᠮᠣᠳᠤ ᠲᠠᠢ ᠪᠠᠨ ᠵᠢᠷᠤᠭ ᠰᠡᠭᠦᠳᠡᠷ ᠦᠯᠡᠳᠡᠭᠡᠵᠦ ᠪᠠᠶᠢᠯ᠎ᠠ᠃
     ᠲᠤᠰ ᠠᠵᠢᠯᠯᠠᠭ᠎ᠠ ᠨᠢ ᠨᠢᠭᠡᠨ ᠤᠳᠠᠭᠠᠨ ᠤ ᠦᠨᠳᠦᠰᠦᠲᠡᠨ ᠤ ᠰᠤᠷᠭᠠᠨ ᠬᠦᠮᠦᠵᠢᠯ ᠳᠤ ᠬᠠᠨᠳᠢᠪ ᠡᠷᠭᠦᠬᠦ ᠠᠵᠢᠯᠯᠠᠭ᠎ᠠ ᠪᠠᠶᠢᠵᠤ᠂ ᠮᠣᠳᠤ ᠪᠦᠷᠢ ᠶᠢ500 ᠲᠦᠭᠦᠷᠢᠭ ᠤᠨ ᠦᠨ᠎ᠡ ᠪᠠᠷ ᠰᠠᠶᠢᠨ ᠳᠤᠷ᠎ᠠ ᠠᠴᠠ ᠪᠠᠨ ᠳᠠᠭᠠᠭᠠᠨ ᠠᠪᠤᠭᠰᠠᠨ ᠪᠠᠶᠢᠨ᠎ᠠ᠃ ᠣᠳᠤᠬᠠᠨ ᠪᠣᠯᠲᠠᠯ᠎ᠠ 20 ᠭᠠᠷᠤᠢ ᠰᠠᠭᠤᠷᠢ ᠨᠢᠯᠬ᠎ᠠ ᠨᠠᠷᠠᠰᠤᠨ ᠮᠣᠳᠤ ᠡᠵᠡᠨ ᠲᠠᠢ ᠪᠣᠯᠵᠤ᠂ ᠳᠠᠷᠠᠭ᠎ᠠ ᠨᠢ ᠰᠤᠷᠭᠠᠭᠤᠯᠢ ᠶᠢᠨ ᠬᠦᠷᠢᠶᠠᠨ ᠳᠠᠬᠢ ᠪᠣᠰᠣᠳ100 ᠭᠠᠷᠤᠢ ᠰᠠᠭᠤᠷᠢ ᠮᠣᠳᠤ ᠶᠢ ᠪᠠᠰᠠ ᠬᠠᠨᠳᠢᠪ ᠡᠷᠭᠦᠬᠦ ᠠᠷᠭ᠎ᠠ ᠪᠠᠷ ᠰᠠᠶᠢᠨ ᠳᠤᠷᠠᠴᠤᠤᠯ ᠳᠤ ᠳᠠᠭᠠᠭᠠᠯᠠᠭᠠᠬᠤ ᠪᠣᠯᠤᠨ᠎ᠠ᠃
【ᠤᠷᠠᠳ ᠤᠨ ᠡᠮᠦᠨᠡᠲᠦ ᠬᠤᠰᠢᠭᠤᠨ ᠤ ᠮᠣᠩᠭᠤᠯ ᠪᠠᠭ᠎ᠠ ᠰᠤᠷᠭᠠᠭᠤᠯᠢ ᠶᠢᠨ ᠵᠠᠬᠢᠷᠤᠯ ᠮᠦᠩᠬᠡᠵᠢᠷᠭᠠᠯ ᠤᠨ ᠰᠤᠷᠪᠤᠯᠵᠢᠯᠠᠭ᠎ᠠ】                                  ᠰᠤᠷᠪᠤᠯᠵᠢᠯᠠᠭᠴᠢ᠄ ᠴᠠᠭᠠᠨ    ᠬᠦᠬᠡ    ᠦᠷᠡᠶᠢᠭᠡᠭᠡᠨ
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠤ᠋ ᠲᠧᠯᠸᠢᠰ