【ᠰᠤᠶᠤᠯ ᠤᠨ ᠬᠦᠳᠡᠯᠦᠯ ᠪᠠᠶᠢᠳᠠᠯ】《ᠤᠯᠠᠭᠠᠨᠮᠦ᠋ᠴᠢᠷ ᠤᠨ ᠰᠠᠷ᠎ᠠ᠂ ᠠᠯᠢᠪᠠ ᠪᠦᠬᠦᠨ ᠠᠷᠠᠳ ᠲᠦᠮᠡᠨ ᠤ ᠲᠦᠯᠦᠭᠡ》ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠦ᠋ᠴᠢᠷ ᠶᠢᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠣᠯᠬᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2020/6/22
     ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠦ᠋ᠴᠢᠷ ᠤ ᠦᠢᠯᠡᠰ ᠤᠨ ᠬᠦᠭᠵᠢᠯᠲᠡ ᠶᠢᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠤᠨ  ᠨᠠᠶᠢᠳᠠᠪᠤᠷᠢᠵᠢᠭᠤᠯᠬᠤ ᠶᠢᠨ ᠲᠦᠯᠦᠭᠡ《2020 ᠣᠨ ᠤ ᠰᠦᠯᠵᠢᠶᠡᠨ ᠳᠡᠭᠡᠷᠡᠬᠢ ᠤᠯᠠᠭᠠᠨᠮᠦ᠋ᠴᠢᠷ  ᠤᠨ ᠠᠵᠢᠯ ᠤᠨ ᠲᠦᠰᠦᠯ》 ᠪᠠ《2020 ᠣᠨ ᠤ ᠤᠯᠠᠭᠠᠨᠮᠦ᠋ᠴᠢᠷ ᠶᠢᠨ ᠰᠠᠷ᠎ᠠ》 ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠬᠠᠢ ᠲᠦᠰᠦᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠪᠠ᠃ ᠣᠶᠢᠷ᠎ᠠ  ᠳᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠦ᠋ᠴᠢᠷ ᠨᠢ ᠬᠦᠳᠡᠭᠡ ᠲᠤᠰᠬᠤᠨ ᠮᠠᠯᠵᠢᠬᠤ ᠣᠷᠤᠨ᠂ ᠴᠡᠷᠢᠭ ᠠᠩᠭᠢ᠂ ᠰᠤᠷᠭᠠᠭᠤᠯᠢ᠂ ᠦᠢᠯᠡᠳᠪᠦᠷᠢ ᠠᠭᠤᠷᠬᠠᠢ ᠠᠵᠤ ᠠᠬᠤᠶᠢᠯᠠᠯ᠂ ᠲᠠᠷᠢᠶᠠᠯᠠᠩ ᠮᠠᠯᠵᠢᠯ ᠵᠢᠭᠠᠰᠤᠨ ᠲᠠᠯᠠᠪᠤᠷ ᠵᠡᠷᠭᠡ ᠭᠠᠵᠠᠷ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠶᠢ ᠰᠢᠪᠲᠤᠯᠬᠤ ᠳᠠᠶᠢᠯᠠᠯᠳᠤᠭᠠᠨ ᠤ ᠢᠯᠠᠯᠲᠠ ᠣᠯᠬᠤ ᠵᠢᠴᠢ ᠤᠯᠠᠭᠠᠨᠮᠦ᠋ᠴᠢᠷ  ᠶᠢᠨ ᠰᠠᠷ᠎ᠠ ᠶᠢᠨ ᠠᠵᠢᠯᠯᠠᠭ᠎ᠠ ᠶᠢᠨ ᠤᠷᠠᠨ  ᠰᠠᠶᠢᠬᠠᠨ ᠤ ᠲᠣᠭᠯᠠᠯᠲᠠ ᠭᠠᠷᠭᠠᠵᠠᠢ᠃
    2020 ᠣᠨ ᠪᠣᠯ ᠪᠤᠭᠤᠮᠲᠠ ᠰᠢᠪᠲᠤᠯᠬᠤ ᠰᠢᠪᠲᠤᠷᠠᠭᠠᠨ ᠤ ᠵᠢᠯ ᠪᠣᠯᠤᠨ᠎ᠠ᠃ ᠤᠯᠠᠭᠠᠨᠮᠦ᠋ᠴᠢᠷ ᠤᠨ ᠲᠣᠭᠯᠠᠭᠴᠢᠳ《ᠤᠯᠠᠭᠠᠨᠮᠦ᠋ᠴᠢᠷ +》 ᠬᠡᠯᠪᠡᠷᠢ ᠪᠠᠷ ᠪᠣᠯᠪᠠᠰᠤᠨ ᠦᠪᠦᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠢᠨ᠎ᠡ ᠴᠠᠭ  ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠦᠷᠭᠡᠳᠬᠡᠨ ᠳᠠᠭᠤᠤ 《 ᠠᠬᠠᠮᠠᠳ ᠨᠠᠮ ᠤᠨ ᠡᠭᠦᠷ ᠤᠨ ᠱᠦᠵᠢ》᠂ ᠱᠤᠭ ᠵᠦᠴᠦᠭᠡ《 ᠸᠠᠩ ᠶᠦᠩ ᠤᠨ ᠬᠠᠪᠤᠷ》᠂《 ᠶᠠᠳᠠᠭᠤ ᠶᠢ ᠳᠡᠳᠬᠦᠬᠦ ᠰᠡᠳᠭᠢᠯ》᠂ ᠴᠠᠷᠭᠢᠯ ᠬᠤᠯᠪᠤᠭ᠎ᠠ《 ᠴᠢᠨᠡᠭᠡᠯᠢᠭ ᠠᠮᠢᠳᠤᠷᠠᠯ ᠤᠨ ᠵᠠᠮ ᠢᠶᠠᠷ ᠲᠦᠷᠭᠡᠨ ᠠᠯᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠣᠯᠤᠶ᠎ᠠ》 ᠵᠡᠷᠭᠡ ᠵᠣᠷᠢᠭ ᠢ ᠬᠦᠪᠴᠢᠯᠡᠬᠦ ᠲᠣᠭᠯᠠᠯᠲᠠ ᠨᠠᠶᠢᠷᠠᠭᠤᠯᠤᠨ ᠭᠠᠷᠭᠠᠵᠤ᠂ ᠣᠯᠠᠨ ᠲᠦᠮᠡᠨ ᠤ ᠦᠵᠡᠬᠦ ᠰᠣᠨᠢᠷᠬᠠᠬᠤ ᠳᠤᠷᠠᠲᠠᠢ ᠬᠡᠯᠪᠡᠷᠢ ᠮᠠᠶ᠋ᠢᠭ ᠢᠶᠠᠷ《 ᠰᠤᠶᠤᠯ ᠢᠶᠠᠷ ᠶᠠᠳᠠᠭᠤ ᠶᠢ ᠳᠡᠳᠭᠦᠵᠦ᠂ ᠰᠢᠪᠲᠦᠯᠦᠯᠲᠠ  ᠬᠢᠬᠦ ᠳᠤ ᠬᠦᠴᠦ ᠨᠡᠮᠡᠷᠢᠯᠡᠬᠦ》᠂《 ᠵᠢᠷᠭᠤᠭ᠎ᠠ ᠣᠷᠤᠬᠤ》᠂《ᠤᠯᠠᠭᠠᠨᠮᠦ᠋ᠴᠢᠷ ᠤᠨ ᠰᠠᠷ᠎ᠠ》 ᠪᠠᠷ ᠰᠡᠳᠦᠪ ᠪᠤᠯᠭᠠᠭᠰᠠᠨ ᠰᠢᠷᠢᠰ ᠲᠣᠭᠯᠠᠯᠲᠠ ᠶᠢ ᠬᠤᠷᠢᠨ ᠲᠠᠯᠠᠪᠤᠷ ᠶᠠᠪᠤᠭᠳᠠᠭᠤᠯᠵᠤ᠂ ᠨᠠᠮ ᠤᠨ ᠶᠠᠳᠠᠭᠤ ᠶᠢ ᠳᠡᠳᠭᠦᠬᠦ ᠲᠦᠷᠦ ᠶᠢᠨ ᠪᠣᠳᠤᠯᠭ᠎ᠠ ᠶᠢ ᠤᠬᠠᠭᠤᠯᠤᠨ᠂ ᠨᠠᠮ ᠤᠨ ᠳᠠᠭᠤᠨ ᠴᠣᠣᠷᠢᠶ᠎ᠠ ᠪᠠ ᠬᠠᠯᠠᠮᠵᠢᠯᠠᠯ ᠢ  ᠳᠠᠮᠵᠢᠭᠤᠯᠵᠤ᠂ ᠶᠠᠳᠠᠭᠤ ᠠᠴᠠ  ᠠᠩᠭᠢᠵᠢᠷᠠᠭᠤᠯᠤᠨ ᠪᠣᠭᠤᠮᠲᠠ ᠶᠢ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠣᠯᠬᠤ ᠳᠤ ᠬᠤᠪᠢ ᠨᠠᠮᠠᠷᠢ ᠪᠠᠨ ᠦᠵᠡᠭᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ