ᠳᠡᠯᠭᠡᠭᠡ ᠮᠠᠶᠢᠮᠠᠢ ᠨᠢ ᠬᠢᠵᠢᠭ ᠤᠨ ᠣᠨᠴᠠᠭᠠᠢ ᠣᠨ ᠵᠢᠯ ᠤᠨ ᠪᠠᠶᠢᠳᠠᠯ ᠳᠤ ᠲᠤᠯᠭᠠᠷᠠᠵᠤ᠂ ᠪᠦᠬᠦ ᠤᠯᠤᠰ ᠤᠨ ᠴᠢᠨᠠᠷᠲᠠᠢ ᠠᠵᠢᠯ ᠤᠯᠭᠤᠯᠲᠠ ᠶᠢᠨ ᠨᠢᠭᠡᠨ | ᠶᠡᠭᠡ ᠰᠤᠩᠭᠤᠯᠲᠠ ᠪᠣᠯᠵᠤ᠂ ᠳᠡᠯᠭᠡᠭᠡ ᠮᠠᠶᠢᠮᠠᠢ ᠶᠢᠨ ᠠᠵᠤ ᠠᠬᠤᠢ ᠶᠢᠨ ᠬᠠᠯᠠᠭᠤᠷᠠᠯ ᠢ ᠳᠠᠭᠠᠯᠳᠤᠨ᠂ ᠬᠦᠮᠦᠰ ᠲᠤ《 ᠴᠢᠯᠦᠭᠡᠲᠡᠢ ᠲᠠᠯᠪᠢᠭᠰᠠᠨ ᠪᠣᠯᠬᠤᠷ | ᠶᠠᠭᠠᠬᠢᠵᠤ ᠬᠢᠪᠡᠴᠦ ᠪᠣᠯᠤᠨ᠎ᠠ》 ᠭᠡᠰᠡᠨ ᠪᠣᠷᠤᠭᠤ ᠣᠶᠢᠯᠠᠭᠠᠯᠲᠠ ᠦᠭᠭᠦᠭᠰᠡᠨ ᠪᠠᠶᠢᠨ᠎ᠠ᠃ ᠣᠶᠢᠷ᠎ᠠ ᠳᠤ ᠤᠷᠠᠳ ᠤᠨ ᠡᠮᠦᠨᠡᠲᠦ ᠬᠤᠰᠢᠭᠤᠨ ᠤ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠶᠡᠭᠡ ᠠᠷᠪᠢᠨ ᠵᠠᠮ ᠡᠵᠡᠯᠡᠬᠦ᠂ ᠱᠣᠣᠭᠢᠶᠠ᠂ ᠲᠣᠰᠤᠨ ᠤᠲᠤᠭ᠎ᠠ ᠵᠡᠷᠭᠡ ᠲᠠᠯ᠎ᠠ ᠶᠢᠨ ᠵᠠᠭᠠᠯᠳᠤᠯᠭ᠎ᠠ ᠶᠢ | ᠬᠦᠯᠢᠶᠠᠨ ᠠᠪᠴᠠᠢ᠃ | | | | | ᠡᠳᠡᠭᠡᠷ ᠠᠰᠠᠭᠤᠳᠠᠯ ᠳᠤ ᠴᠢᠭᠯᠡᠭᠦᠯᠦᠨ᠂ ᠤᠷᠠᠳ ᠤᠨ ᠡᠮᠦᠨᠡᠲᠦ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ | ᠡᠮᠦᠨᠡᠬᠢ ᠬᠤᠭᠤᠴᠠᠭᠠᠨ ᠤ ᠦᠢᠯᠡᠳᠦᠯᠭᠡ ᠶᠢᠨ ᠰᠠᠭᠤᠷᠢᠨ ᠳᠡᠭᠡᠷ᠎ᠡ ᠣᠯᠠᠨ ᠲᠠᠯ᠎ᠠ ᠶᠢᠨ ᠰᠠᠨᠠᠯ ᠢ ᠭᠦᠢᠴᠡᠳ ᠰᠣᠨᠤᠰᠴᠦ᠂ ᠳᠡᠯᠭᠡᠭᠡ ᠮᠠᠶᠢᠮᠠᠢ ᠶᠢ ᠵᠢᠷᠤᠮᠵᠢᠭᠤᠯᠬᠤ | ᠲᠠᠯ᠎ᠠ ᠪᠠᠷ ᠳᠦᠷᠪᠡᠨ ᠲᠠᠯ᠎ᠠ ᠶᠢᠨ ᠠᠷᠭ᠎ᠠ ᠠᠪᠴᠢᠯ ᠳᠤᠷᠠᠳᠪᠠ᠃ | 1.《 ᠲᠠᠪᠤ ᠶᠢ ᠴᠠᠭᠠᠵᠢᠯᠠᠵᠤ ᠨᠢᠭᠡ ᠳᠦᠭᠦᠮ ᠦᠵᠡᠭᠦᠯᠬᠦ》ᠵᠠᠷᠴᠢᠮ ᠳᠣᠣᠷ᠎ᠠ ᠵᠠᠮ ᠡᠵᠡᠯᠡᠨ ᠡᠵᠡᠩᠨᠡᠵᠦ ᠪᠣᠯᠤᠨ᠎ᠠ᠃ ︵ᠤᠷᠠᠳ ᠶᠡᠭᠡ ᠵᠡᠭᠡᠯᠢ᠂ ᠵᠧᠨ ᠰᠢᠩ | ᠶᠡᠭᠡ ᠵᠡᠭᠡᠯᠢ᠂ ᠳ᠋ᠦᠩ ᠹᠧᠩ ᠶᠡᠭᠡ ᠵᠡᠭᠡᠯᠢ᠂ ᠬᠤᠩ ᠸᠧᠢ ᠳᠣᠮᠳᠠ ᠵᠠᠮ ᠵᠡᠷᠭᠡ ᠴᠢᠩᠭ᠎ᠠ ᠬᠠᠮᠢᠶᠠᠷᠤᠯᠲᠠ ᠲᠠᠢ ᠵᠡᠭᠡᠯᠢ ᠠᠴᠠ ᠭᠠᠳᠠᠨ᠎ᠠ︶ | 2.ᠵᠠᠬ᠎ᠠ ᠳᠡᠯᠭᠡᠭᠦᠷ᠂ ᠴᠡᠴᠡᠷᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠳᠣᠲᠤᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠦᠴᠢᠷ ᠲᠠᠢ ᠬᠠᠮᠲᠤᠷᠠᠭᠰᠠᠨ | ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠰᠢᠬᠦ ᠵᠣᠬᠢᠴᠠᠮᠵᠢ ᠪᠠᠶᠢᠭᠤᠯᠤᠨ᠎ᠠ᠃ | 3.ᠵᠦᠢ ᠵᠣᠬᠢᠰᠲᠡᠢ ᠪᠠᠶᠢᠷᠢᠰᠢᠭᠤᠯᠵᠤ᠂ ᠦᠷᠭᠡᠨ ᠲᠠᠯᠠᠪᠤᠷ᠂ ᠴᠡᠴᠡᠷᠯᠢᠭ ᠲᠤ ᠦᠷᠯᠦᠭᠡ ᠣᠷᠤᠢ ᠶᠢᠨ ᠵᠠᠬ᠎ᠠ ᠳᠡᠯᠭᠡᠭᠦᠷ ᠭᠠᠷᠭᠠᠨ᠎ᠠ᠃ | 4.ᠤᠬᠠᠭᠤᠯᠤᠯ ᠵᠢᠯᠤᠭᠤᠳᠤᠯᠭ᠎ᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠲᠤᠪᠠᠷ ᠬᠠᠮᠠᠭᠠᠯᠠᠨ᠎ᠠ᠃ ᠣᠳᠣᠬᠠᠨ ᠳᠤ ᠦᠨᠳᠦᠰᠦᠲᠡᠨ ᠤ | ᠵᠠᠮ᠂ ᠬᠤᠩ ᠴᠢ ᠬᠤᠶᠢᠲᠤ ᠵᠠᠮ᠂ ᠱᠠᠨ ᠽᠦᠢ ᠵᠠᠮ᠂ ᠳ᠋ᠦᠩ ᠱᠧᠩ ᠶᠡᠭᠡ ᠵᠡᠭᠡᠯᠢ ᠵᠡᠷᠭᠡ ᠵᠠᠮ ᠳᠡᠭᠡᠷ᠎ᠡ ᠨᠡᠭᠦᠳᠡᠯ ᠮᠠᠶᠢᠮᠠᠢ 200 ᠭᠠᠷᠤᠢ ᠲᠣᠬᠢᠷᠠᠭᠤᠯᠵᠤ᠂ ᠯᠢᠨ | ᠬᠠᠢ ᠴᠡᠴᠡᠷᠯᠢᠭ ᠲᠤ ᠰᠦᠨᠢ ᠶᠢᠨ ᠵᠠᠬ᠎ᠠ ᠳᠡᠯᠭᠡᠭᠦᠷ ᠭᠠᠷᠭᠠᠬᠤ ᠪᠠᠷ ᠲᠦᠯᠦᠪᠯᠡᠵᠦ ᠪᠠᠶᠢᠨ᠎ᠠ᠃ | | | |