ᠤᠷᠠᠳ ᠤᠨ ᠮᠤ᠋ ᠶᠤᠸᠠᠨ ᠤ 200 ᠲᠦᠮᠡᠨ ᠭᠠᠭ᠋ᠠᠶ ᠶᠢᠨ ᠠᠵᠤ ᠦᠢᠯᠡᠰ ᠤᠨ ᠲᠥᠷᠥᠯ ᠵᠦᠢᠯ ᠤᠷᠠᠳ ᠤᠨ ᠡᠮᠦᠨᠡᠲᠦ  ᠬᠤᠰᠢᠭᠤᠨ ᠳᠤ  ᠰᠠᠭᠤᠷᠢᠰᠢᠪᠠ
ᠨᠡᠶᠢᠲᠡᠯᠡᠭᠰᠡᠨ ᠴᠠᠭ᠄
2020/6/29
    6 ᠰᠠᠷ᠎ᠠ ᠶᠢᠨ 19 ᠤ ᠦᠳᠡ ᠶᠢᠨ ᠡᠮᠦᠨ᠎ᠡ᠂ ᠤᠷᠠᠳ ᠤᠨ ᠮᠤ᠋ ᠶᠤᠸᠠᠨ ᠪᠦᠯᠦᠭᠯᠡᠯ ᠤᠨ 200 ᠲᠦᠮᠡᠨ ᠭᠠᠭ᠋ᠠᠶ ᠲᠡᠵᠢᠭᠡᠬᠦ ᠠᠵᠤ ᠦᠢᠯᠡᠰ ᠤᠨ ᠲᠥᠷᠥᠯ ᠵᠦᠢᠯ ᠤᠷᠠᠳ ᠤᠨ ᠡᠮᠦᠨᠡᠲᠦ ᠬᠤᠰᠢᠭᠤᠨ ᠤ ᠡᠷᠳᠡᠨᠢᠪᠤᠯᠠᠭ ᠰᠤᠮᠤᠨ ᠳᠤ ᠠᠵᠢᠯ ᠡᠬᠢᠯᠡᠬᠦ  ᠶᠣᠰᠤᠯᠠᠯ ᠶᠠᠪᠤᠭᠤᠯᠪᠠ᠃
    ᠬᠤᠰᠢᠭᠤᠨ ᠤ ᠤᠳᠤᠷᠢᠳᠤᠯᠭ᠎ᠠ ᠴᠧᠨ ᠭᠦᠩ ᠮᠢᠩ᠂ ᠰᠣᠶᠣᠯᠲᠤ᠂ ᠬᠤᠪᠢᠰᠬᠠᠯᠲᠦ᠂ ᠵᠢᠶᠠ ᠵᠧᠨ ᠬᠤᠸᠠ᠂ ᠠᠯᠲᠠᠨᠪᠠᠭᠠᠨ᠎ᠠ᠂ ᠱᠢ ᠸᠠᠩ ᠴᠢᠩ ᠵᠢᠴᠢ ᠡᠷᠳᠡᠨᠢᠪᠤᠯᠠᠭ ᠰᠤᠮᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠲᠥᠯᠥᠭᠡᠯᠡᠭᠴᠢ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠸᠠᠩ ᠵᠢᠶᠦ᠋ᠨ ᠵᠢᠶᠧ ᠠᠵᠢᠯ ᠡᠬᠢᠯᠡᠬᠦ ᠶᠣᠰᠣᠯᠠᠯ ᠢ ᠡᠷᠭᠢᠯᠡᠪᠡ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣᠶᠣᠯᠲᠤ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠮᠤ᠋ ᠶᠤᠸᠠᠨ ᠺᠣᠮᠫᠠᠨᠢ ᠪᠦᠬᠦ ᠤᠯᠤᠰ ᠤᠨ ᠭᠠᠭ᠋ᠠᠶ ᠲᠡᠵᠢᠭᠡᠬᠦ ᠲᠣᠯᠣᠭᠠᠶᠢᠯᠠᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ ᠲᠡᠷᠢᠭᠦᠨ ᠵᠡᠷᠭᠡ ᠶᠢᠨ ᠦᠢᠯᠡᠳᠪᠦᠷᠢᠯᠡᠯ ᠤᠨ ᠮᠡᠷᠭᠡᠵᠢᠯ᠂ ᠬᠠᠮᠢᠶᠠᠷᠤᠯᠲᠠ ᠶᠢᠨ ᠵᠠᠭᠪᠤᠷ ᠪᠣᠯᠤᠨ ᠵᠠᠬ᠎ᠠ ᠳᠡᠯᠭᠡᠭᠦᠷ ᠢ ᠨᠡᠭᠡᠭᠡᠬᠦ ᠴᠢᠳᠠᠪᠤᠷᠢ ᠲᠠᠢ᠂ ᠮᠠᠨ ᠤ ᠬᠤᠰᠢᠭᠤ ᠳᠤ 200 ᠲᠦᠮᠡᠨ ᠭᠠᠭ᠋ᠠᠶ ᠶᠢᠨ ᠠᠵᠤ ᠦᠢᠯᠡᠰ ᠤᠨ  ᠲᠦᠷᠦᠯ  ᠵᠦᠢᠯ ᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠮᠠᠨ ᠤ ᠬᠤᠰᠢᠭᠤᠨ ᠤ ᠪᠦᠬᠦ᠋ᠢᠯᠡ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠠᠶᠢᠴᠢᠯᠠᠨ   ᠳᠡᠭᠡᠭᠰᠢᠯᠡᠭᠦᠯᠵᠦ᠂ ᠡᠭᠦᠨ ᠤ ᠬᠠᠮᠲᠤ ᠪᠠᠰᠠ ᠲᠤᠬᠠᠶ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠰᠢᠭ ᠭᠥᠷᠳᠡᠵᠦ  ᠭᠦᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯᠴᠢᠨ ᠲᠠᠷᠢᠶᠠᠴᠢᠨ ᠤ ᠣᠷᠤᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠪᠦᠲᠦᠭᠡᠨ  ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠳᠤ ᠠᠰᠢᠭᠲᠠᠢ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ  ᠢ ᠪᠤᠢ ᠪᠣᠯᠭᠠᠵᠤ᠂ ᠠᠵᠤ ᠠᠬᠤᠶᠢᠯᠠᠯ ᠢ ᠬᠠᠪᠰᠤᠷᠤᠨ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠢ  ᠰᠢᠢᠳᠪᠦᠷᠢᠯᠡᠵᠦ᠂  ᠲᠦᠷᠦᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃
   ᠠᠬᠤᠶ ᠲᠠᠯᠠᠪᠠᠢ ᠳᠤ ᠶᠣᠰᠣᠯᠠᠯ ᠤᠨ ᠫᠤᠤ ᠪᠣᠯᠤᠨ  ᠮᠠᠰᠢᠨ ᠮᠧᠬᠠᠨᠢᠭ ᠵᠡᠷᠭᠡ ᠪᠠᠷ ᠳᠤᠤᠭᠠᠷᠴᠤ᠂ ᠬᠤᠷᠠᠯ ᠳᠤ ᠣᠷᠣᠯᠴᠠᠭᠰᠠᠳ ᠬᠠᠮᠲᠤ ᠪᠠᠷ ᠰᠢᠷᠣᠢ ᠮᠠᠯᠲᠠᠨ ᠰᠠᠭᠤᠷᠢ ᠲᠠᠯᠪᠢᠵᠤ᠂ ᠤᠷᠠᠳ ᠤᠨ  ᠮᠦ ᠶᠤᠸᠠᠨ ᠤ 200 ᠲᠦᠮᠡᠨ ᠭᠠᠭ᠋ᠠᠢ ᠲᠡᠵᠢᠭᠡᠬᠦ ᠠᠵᠤ ᠦᠢᠯᠡᠰ ᠤᠨ ᠲᠥᠷᠥᠯ ᠵᠦᠢᠯ ᠢ ᠵᠢᠩᠬᠢᠨᠢ ᠪᠠᠷ ᠠᠵᠢᠯ ᠡᠬᠢᠯᠡᠭᠦᠯᠪᠡ᠃    ᠣᠶᠢᠯᠠᠭᠠᠭᠰᠠᠨ ᠢᠶᠠᠷ᠂ ᠲᠤᠰ ᠲᠥᠷᠥᠯ  ᠵᠦᠢᠯ ᠢ ᠤᠯᠤᠰ ᠤᠨ ᠳᠣᠲᠣᠭᠠᠳᠤ ᠶᠢᠨ ᠭᠠᠭ᠋ᠠᠶ ᠲᠡᠵᠢᠭᠡᠨ ᠦᠷᠡᠵᠢᠭᠦᠯᠬᠦ ᠳᠠᠭᠠᠭᠤᠯᠤᠭᠴᠢ ᠠᠵᠤ ᠠᠬᠤᠶᠢᠯᠠᠯ ᠪᠣᠯᠬᠤ  ᠮᠤ᠋ ᠶᠤᠸᠠᠨ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ 10 ᠲᠡᠵᠢᠭᠡᠨ ᠦᠷᠡᠵᠢᠭᠦᠯᠬᠦ ᠲᠠᠯᠠᠪᠠᠶ ᠶᠢ ᠲᠥᠯᠥᠪᠵᠢᠭᠦᠯᠦᠨ ᠪᠠᠶᠢᠭᠤᠯᠵᠤ᠂ ᠵᠢᠯ ᠳᠤ 200 ᠲᠦᠮᠡᠨ ᠭᠠᠭ᠋ᠠᠶ ᠶᠢ ᠪᠣᠷᠣᠯᠠᠭᠤᠯᠤᠨ᠎ᠠ᠃ ︽ᠲᠡᠵᠢᠭᠡᠨ ᠦᠷᠡᠵᠢᠭᠦᠯᠬᠦ —ᠨᠠᠮᠤᠭ ᠤᠨ ᠪᠣᠷᠳᠣᠭᠤᠷ —ᠲᠠᠷᠢᠬᠤ︾ ᠣᠷᠴᠢᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ  ᠢ ᠪᠠᠶᠢᠭᠤᠯᠵᠤ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ 600 ᠠᠵᠢᠯ ᠤᠨ ᠪᠠᠶᠢᠷᠢ ᠬᠠᠩᠭᠠᠵᠤ᠂ 30 ᠲᠦᠮᠡᠨ ᠲᠡᠭᠰᠢ ᠳᠥᠷᠪᠡᠯᠵᠢᠨ ᠨᠠᠮᠤᠭ ᠤᠨ ᠰᠢᠩᠭᠡᠨ ᠲᠠᠢ ᠪᠣᠷᠳᠣᠭᠤᠷ ᠬᠠᠩᠭᠠᠵᠤ᠂ 1.2 ᠲᠦᠮᠡᠨ ᠮᠦ ᠡᠷᠭᠢᠨ ᠲᠣᠭᠤᠷᠢᠨ ᠤ ᠲᠠᠷᠢᠶᠠᠨ ᠭᠠᠵᠠᠷ ᠢ ᠨᠥᠯᠥᠭᠡᠯᠡᠵᠦ᠂ ᠤᠷᠠᠳ ᠤᠨ ᠡᠮᠦᠨᠡᠲᠦ ᠬᠤᠰᠢᠭᠤᠨ ᠤ ᠭᠠᠭ᠋ᠠᠶ ᠲᠡᠵᠢᠭᠡᠨ ᠦᠷᠡᠵᠢᠭᠦᠯᠬᠦ ᠠᠵᠤ ᠦᠢᠯᠡᠰ ᠤᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠠᠮᠢ ᠠᠬᠤᠶᠢᠵᠢᠭᠰᠠᠨ ᠡᠷᠡᠭᠦᠯ ᠢᠶᠠᠷ ᠲᠡᠵᠢᠭᠡᠨ  ᠦᠷᠡᠵᠢᠭᠦᠯᠬᠦ ᠴᠢᠭᠯᠡᠯ ᠲᠡᠰᠢ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠤᠨ ᠠᠵᠤ  ᠦᠢᠯᠡᠰᠵᠢᠯᠲᠡ᠂ ᠲᠡᠵᠢᠭᠡᠨ ᠦᠷᠡᠵᠢᠭᠦᠯᠬᠦ ᠬᠡᠪᠴᠢᠶᠡᠵᠢᠯᠲᠡ ᠶᠢ ᠪᠡᠶᠡᠯᠡᠭᠦᠯᠵᠦ᠂ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠭᠰᠠᠨ ᠬᠥᠭᠵᠢᠯᠲᠡ ᠶᠢᠨ ᠬᠢᠷᠢ  ᠲᠦᠪᠰᠢᠨ ᠤ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ