ᠰᠢ ᠱᠠᠨ ᠽᠦᠶ ᠲᠠᠷᠢᠶᠠᠯᠠᠩ ᠤᠨ ᠲᠠᠯᠠᠪᠠᠢ ᠶᠢᠨ ᠲᠠᠪᠤᠳᠤᠭᠠᠷ ᠬᠤᠪᠢᠶᠠᠷᠢ ᠲᠠᠯᠠᠪᠠᠢ ᠵᠡᠷᠭᠡ ᠵᠢᠷᠭᠤᠭᠠᠨ ᠪᠠᠶᠢᠰᠢᠩ ᠭᠡᠷᠲᠤ ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ  ᠶᠢᠨ ᠲᠣᠤᠷ ᠢ ᠵᠠᠯᠭᠠᠨ ᠣᠷᠣᠭᠤᠯᠵᠤ ᠲᠥᠪᠯᠡᠷᠡᠭᠦᠯᠦᠨ ᠢᠯᠴᠢ ᠬᠠᠩᠭᠠᠬᠤ ᠲᠣᠬᠠᠢ ᠠᠯᠪᠠᠨ ᠵᠠᠷ
ᠨᠡᠶᠢᠲᠡᠯᠡᠭᠰᠡᠨ ᠴᠠᠭ᠄
2020/6/30
    ᠤᠯᠤᠰ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥ ᠶᠢᠨ ᠪᠣᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠭᠦᠷᠡᠰᠦ  ᠰᠢᠲᠠᠭᠠᠵᠤ ᠣᠷᠴᠢᠨ ᠲᠣᠭᠤᠷᠢᠨ ᠢ ᠪᠣᠬᠢᠷᠳᠠᠭᠤᠯᠬᠤ ᠶᠢ ᠪᠠᠭᠠᠰᠬᠠᠨ᠂ ᠪᠠᠶᠢᠰᠢᠩ ᠭᠡᠷᠲᠤ ᠲᠣᠭᠤᠷᠢᠭ ᠤᠨ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ   ᠰᠠᠶᠢᠵᠢᠷᠠᠭᠤᠯᠬᠤ ᠶᠢᠨ ᠲᠦᠯᠦᠭᠡ᠂ ᠮᠠᠨ ᠤ ᠬᠤᠰᠢᠭᠤ ᠰᠢ ᠱᠠᠨ ᠽᠦᠶ ᠲᠠᠷᠢᠶᠠᠯᠠᠩ ᠤᠨ ᠲᠠᠯᠠᠪᠠᠢ ᠶᠢᠨ ᠲᠠᠪᠤᠳᠤᠭᠠᠷ ᠬᠤᠪᠢᠶᠠᠷᠢ ᠲᠠᠯᠠᠪᠠᠢ᠂  ᠬᠦᠴᠦᠳᠡᠯ ᠦᠭᠡᠷᠡᠴᠢᠯᠡᠬᠦ ᠥᠷᠲᠡᠭᠡᠨ ᠤ ᠡᠷᠭᠢᠨ ᠲᠣᠭᠤᠷᠢᠨ᠂  ᠵᠢᠩ ᠴᠧᠩ ᠮᠢᠩ ᠶᠤᠸᠠᠨ ᠤ ᠬᠤᠶᠢᠲᠤ ᠬᠡᠰᠡᠭ᠂ ᠨᠢᠭᠡᠳᠦᠭᠡᠷ ᠳᠤᠮᠳᠠᠳᠤ  ᠰᠤᠷᠭᠠᠭᠤᠯᠢ ᠶᠢᠨ ᠡᠮᠦᠨ᠎ᠡ ᠬᠡᠰᠡᠭ᠂ ᠤᠯᠤᠰ ᠲᠥᠷᠥ ᠬᠠᠤᠯᠢ ᠴᠠᠭᠠᠵᠠ ᠶᠢᠨ ᠵᠠᠮ ᠤᠨ ᠪᠠᠷᠠᠭᠤᠨ ᠲᠠᠯ᠎ᠠ᠂  ᠳᠦᠷᠪᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠬᠤᠶᠢᠲᠤ ᠬᠡᠰᠡᠭ ᠵᠡᠷᠭᠡ ᠵᠢᠷᠭᠤᠭᠠᠨ ᠪᠠᠶᠢᠰᠢᠩ  ᠭᠡᠷᠲᠤ ᠲᠣᠭᠤᠷᠢᠭ ︵ᠪᠣᠳᠠᠲᠠᠶ ᠬᠦᠷᠢᠶ᠎ᠡ ᠬᠡᠪᠴᠢᠶ᠎ᠡ ᠶᠢ ᠪᠣᠳᠠᠲᠠᠶ  ᠦᠭᠡᠷᠡᠴᠢᠯᠡᠯᠲᠡ ᠶᠢᠨ ᠪᠠᠶᠢᠳᠠᠯ ᠢ ᠦᠨᠳᠦᠰᠦᠯᠡᠨ ᠲᠣᠭᠲᠠᠭᠠᠨ᠎ᠠ︶ ᠲᠤ ᠶᠡᠷᠦᠩᠬᠡᠶᠢᠯᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠡᠭᠦᠨ ᠳᠤ ᠪᠠᠶᠢᠰᠢᠩ ᠭᠡᠷᠲᠤ ᠲᠣᠭᠤᠷᠢᠭ ᠤᠨ ᠰᠠᠭᠤᠭᠠᠯᠢ ᠡᠷᠦᠬᠡ ᠶᠢ ᠲᠦᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠤᠷ ᠲᠠᠢ  ᠵᠠᠯᠭᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠡᠶ᠃  ᠣᠳᠣ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠳᠡᠭᠡᠷ᠎ᠡ ᠳᠤᠷᠠᠳᠤᠭᠰᠠᠨ ᠪᠠᠶᠢᠰᠢᠩ  ᠭᠡᠷᠲᠤ ᠲᠣᠭᠤᠷᠢᠭ ᠲᠤ ᠰᠠᠭᠤᠭ᠎ᠠ ᠡᠷᠦᠬᠡ᠂ ᠲᠥᠪᠯᠡᠷᠡᠭᠦᠯᠦᠨ ᠢᠯᠴᠢ ᠬᠠᠩᠭᠠᠬᠤ ᠶᠢ ᠵᠠᠯᠭᠠᠬᠤ ᠬᠦᠰᠡᠯ ᠲᠠᠢ ᠪᠣᠯ ᠡᠷᠦᠬᠡ ᠬᠤᠪᠢᠶᠠᠬᠤ ᠠᠷᠭ᠎ᠠ ᠮᠠᠶ᠋ᠢᠭ ᠢᠶᠠᠷ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠤᠷ ᠲᠤ ᠵᠠᠯᠭᠠᠵᠤ ᠣᠷᠣᠭᠤᠯᠬᠤ ᠶᠢ ᠭᠤᠶᠤᠴᠢᠯᠠᠨ᠎ᠠ᠃     ᠬᠤᠶᠠᠷ᠂ ᠰᠠᠭᠤᠭᠠᠯᠢ ᠡᠷᠦᠬᠡ ᠶᠢᠨ ᠵᠠᠯᠭᠠᠵᠤ ᠣᠷᠣᠭᠤᠯᠤᠭᠰᠠᠨ ᠲᠠᠯᠠᠪᠠᠢ ᠶᠢᠨ ᠲᠣᠭᠠᠴᠠᠭ᠎ᠠ ᠶᠢ ᠭᠡᠷ ᠬᠥᠷᠥᠩᠭᠡ ᠶᠢᠨ ᠦᠨᠡᠮᠯᠡᠯ ᠳᠤ ᠲᠣᠳᠣᠷᠬᠠᠶᠢᠯᠠᠭᠰᠠᠨ ᠪᠠᠷᠢᠯᠭ᠎ᠠ ᠶᠢᠨ ᠲᠠᠯᠠᠪᠠᠢ ᠪᠠᠷ ᠪᠠᠷᠢᠮᠵᠢᠶ᠎ᠠ ᠪᠣᠯᠭᠠᠨ᠎ᠠ᠃ ᠭᠡᠷ ᠬᠥᠷᠥᠩᠭᠡ ᠶᠢᠨ ᠦᠨᠡᠮᠯᠡᠯ ᠦᠭᠡᠶ ᠪᠣᠯ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠢᠯᠴᠢ ᠬᠠᠩᠭᠠᠬᠤ ᠺᠣᠮᠫᠠᠨᠢ ᠠᠴᠠ ᠪᠣᠳᠠᠲᠠᠶ ᠵᠠᠯᠭᠠᠵᠤ ᠣᠷᠣᠭᠤᠯᠤᠭᠰᠠᠨ ᠲᠠᠯᠠᠪᠠᠶ ᠶᠢ ᠨᠢ  ᠦᠨᠳᠦᠰᠦᠯᠡᠨ ᠲᠣᠭᠲᠠᠭᠠᠨ᠎ᠠ᠃     ᠭᠤᠷᠪᠠ᠂ ᠶᠡᠷᠦᠩᠬᠡᠶᠢᠯᠡᠨ ᠥᠭᠡᠷᠡᠴᠢᠯᠡᠬᠦ ᠶᠠᠪᠤᠴᠠ ᠳᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠢᠵᠢ ᠪᠦᠷᠢᠳᠦᠭᠦᠯᠬᠦ ᠰᠦᠢᠳᠭᠡᠯ ᠢ ᠰᠠᠭᠤᠭᠠᠯᠢ ᠡᠷᠦᠬᠡ ᠥᠪᠡᠷ  ᠢᠶᠠᠨ ᠬᠠᠭᠠᠰ  ᠢ ᠨᠢ ᠴᠤᠭᠯᠠᠭᠤᠯᠵᠤ ᠵᠠᠰᠠᠭ ᠤᠨ ᠣᠷᠳᠣᠨ ᠠᠴᠠ ᠬᠠᠭᠠᠰ ᠢ ᠨᠥᠬᠦᠪᠥᠷᠢᠯᠡᠬᠦ ᠵᠠᠷᠴᠢᠮ ᠶᠣᠰᠣᠭᠠᠷ ᠴᠤᠭᠯᠠᠭᠤᠯᠤᠨ᠎ᠠ᠃ ᠲᠤᠬᠠᠶᠢᠯᠠᠪᠠᠯ᠂ ᠰᠠᠭᠤᠭᠠᠯᠢ ᠡᠷᠦᠬᠡ ᠲᠡᠭᠰᠢ ᠳᠥᠷᠪᠡᠯᠵᠢᠨ ᠮᠧᠲᠷ ᠪᠦᠷᠢ ᠳᠤ ᠥᠪᠡᠷ ᠢᠶᠠᠨ 40 ᠲᠥᠭᠦᠷᠢᠭ ᠴᠤᠭᠯᠠᠭᠤᠯᠬᠤ᠂ ᠵᠠᠰᠠᠭ ᠤᠨ ᠣᠷᠳᠣᠨ ᠠᠴᠠ ᠲᠡᠭᠰᠢ ᠳᠥᠷᠪᠡᠯᠵᠢᠨ ᠮᠧᠲᠷ ᠪᠦᠷᠢ ᠳᠤ 40 ᠲᠥᠭᠦᠷᠢᠭ ᠨᠥᠬᠦᠪᠥᠷᠢᠯᠡᠨ᠎ᠡ᠃ ᠬᠡᠷᠪᠡ ᠰᠠᠭᠤᠭᠠᠯᠢ ᠡᠷᠦᠬᠡ ᠨᠢ ᠶᠡᠷᠦᠩᠬᠡᠶᠢᠯᠡᠨ ᠥᠭᠡᠷᠡᠴᠢᠯᠡᠬᠦ ᠶᠠᠪᠤᠴᠠ ᠳᠤ ᠲᠥᠪᠯᠡᠷᠡᠭᠦᠯᠦᠨ ᠢᠯᠴᠢ ᠬᠠᠩᠭᠠᠬᠤ ᠶᠢ ᠭᠤᠶᠤᠴᠢᠯᠠᠭᠰᠠᠨ ᠦᠭᠡᠢ ᠪᠣᠯ ᠶᠡᠷᠦᠩᠬᠡᠶᠢᠯᠡᠨ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠵᠠᠯᠭᠠᠵᠤ ᠣᠷᠣᠭᠤᠯᠬᠤ ᠪᠠᠷ ᠭᠤᠶᠤᠴᠢᠯᠠᠭᠰᠠᠨ ᠪᠠᠶᠢᠪᠠᠯ᠂ ᠲᠡᠭᠰᠢ ᠳᠥᠷᠪᠡᠯᠵᠢᠨ ᠮᠧᠲᠷ ᠪᠦᠷᠢ 80 ᠲᠥᠭᠦᠷᠢᠭ ᠶᠣᠰᠣᠭᠠᠷ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠢᠵᠢ ᠪᠦᠷᠢᠳᠦᠭᠦᠯᠬᠦ ᠵᠠᠷᠤᠳᠠᠯ ᠲᠤᠰᠢᠶᠠᠬᠤ ᠬᠡᠷᠡᠭᠲᠡᠶ᠃     ᠳᠦᠷᠪᠡ᠂ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠢᠵᠢ ᠪᠦᠷᠢᠳᠦᠭᠦᠯᠬᠦ  ᠰᠦᠢᠳᠭᠡᠯ ᠬᠤᠷᠢᠶᠠᠬᠤ  ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠵᠢᠯᠣᠭᠤᠳᠤᠨ  ᠬᠢᠨᠠᠯᠲᠠ ᠲᠠᠯᠪᠢᠵᠤ᠂ ᠢᠯᠴᠢ ᠬᠠᠩᠭᠠᠬᠤ ᠺᠣᠮᠫᠠᠨᠢ ᠰᠦᠢᠳᠭᠡᠯ ᠬᠤᠷᠢᠶᠠᠵᠤ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠬᠠᠮᠢᠶ᠎ᠠ ᠪᠦᠬᠦᠢ ᠫᠢᠶᠣᠣ ᠪᠠᠷᠢᠮᠲᠠ ᠬᠢᠵᠦ ᠥᠭᠬᠦ ᠬᠡᠷᠡᠭᠲᠡᠶ᠃     ᠲᠠᠪᠤ᠂ ᠳᠡᠭᠡᠷ᠎ᠡ ᠳᠤᠷᠠᠳᠤᠭᠰᠠᠨ ᠪᠠᠶᠢᠰᠢᠩ  ᠭᠡᠷᠲᠤ ᠲᠣᠭᠤᠷᠢᠭ ᠢ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠡᠷᠦᠬᠡ ᠪᠠᠷᠢᠮᠵᠢᠶ᠎ᠠ ᠳᠤ ᠨᠡᠶᠢᠴᠡᠬᠦ ᠦᠭᠡᠶ ᠤᠲᠤᠭ᠎ᠠ ᠴᠡᠪᠡᠷᠰᠢᠭᠦᠯᠬᠦ ᠲᠣᠨᠣᠭᠯᠠᠯ ᠦᠭᠡᠶ ᠵᠢᠵᠢᠭ ᠬᠡᠯᠪᠡᠷᠢ ᠶᠢᠨ ᠵᠤᠤᠬ᠎ᠠ᠂ ᠨᠡᠭᠦᠷᠡᠰᠦᠨ ᠵᠤᠤᠬ᠎ᠠ ᠵᠡᠷᠭᠡ ᠶᠢ ᠬᠡᠷᠡᠭᠯᠡᠵᠦ ᠳᠤᠯᠠᠭᠠᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠨᠡᠭᠦᠷᠡᠰᠦ ᠰᠢᠲᠠᠭᠠᠵᠤ ᠣᠷᠴᠢᠨ ᠲᠣᠭᠤᠷᠢᠨ ᠢ ᠪᠣᠬᠢᠷᠲᠤᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ ᠵᠥᠷᠢᠴᠡᠭᠰᠡᠳ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠨ᠎ᠡ︔ ᠬᠡᠷᠪᠡ ᠢᠯᠴᠢ ᠬᠠᠩᠭᠠᠬᠤ ᠬᠤᠭᠤᠯᠠᠶ ᠲᠣᠤᠷ ᠢ ᠬᠤᠪᠢ ᠪᠠᠷ ᠢᠶᠠᠨ ᠵᠠᠯᠭᠠᠭᠰᠠᠨ ᠂ ᠬᠤᠯᠠᠭᠠᠶᠢᠯᠠᠨ  ᠵᠠᠯᠭᠠᠭᠰᠠᠨ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃            ᠣᠨᠴᠠᠭᠠᠶᠢᠯᠠᠨ ᠵᠠᠷᠯᠠᠪᠠ                          ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                         2020 ᠣᠨ ᠤ 6 ᠰᠠᠷ᠎ᠠ ᠶᠢᠨ 24 ᠤ ᠡᠳᠦᠷ    
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ