︽2016 ᠣᠨ ᠤ ᠨᠠᠢᠮᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠲᠣᠪᠴᠢ ᠲᠡᠮᠳᠡᠭᠯᠡᠯ︾ ︵︹ 2016 ︺ 8 | ᠳ᠋ᠤᠭᠠᠷ ᠲᠣᠭᠠᠲᠤ︶᠂ ︽ᠤᠷᠠᠳ ᠤᠨ ᠡᠮᠦᠨᠡᠲᠦ ᠬᠤᠰᠢᠭᠤᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠨᠢᠭᠡᠳᠬᠡᠬᠦ ᠬᠠᠮᠢᠶᠠᠷᠤᠯᠲᠠ ᠶᠢ ᠬᠡᠷᠡᠭᠵᠢᠭᠦᠯᠬᠦ | ᠲᠥᠰᠦᠯ︾ ︵ ᠤᠷᠠᠳ ᠤᠨ ᠡᠮᠦᠨᠡᠲᠦ ᠬᠤᠰᠢᠭᠤᠨ ᠤ ᠵᠠᠰᠠᠭ ᠶᠢᠨ ᠣᠷᠳᠤᠨ ᠤ ᠠᠯᠪᠠᠨ ᠭᠡᠷ ᠲᠠᠷᠬᠠᠭᠠᠭᠰᠠᠨ︹ 2015 ︺ 92 ᠳ᠋ᠤᠭᠠᠷ ᠲᠣᠭᠠᠲᠤ︶ ᠵᠡᠷᠭᠡ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠎ᠡ᠃ ᠳᠣᠤᠷ᠎ᠠ ᠵᠢᠭᠰᠠᠭᠠᠭᠰᠠᠨ ᠨᠥᠬᠦᠴᠡᠯ ᠳᠤ ᠵᠡᠷᠭᠡᠪᠡᠷ ᠨᠡᠶᠢᠴᠡᠬᠦ ᠪᠠᠲᠤᠯᠠᠭ᠎ᠠ ᠶᠢᠨ ᠭᠡᠷ ᠪᠦᠯᠢ ᠪᠦᠬᠦᠨ ᠴᠥᠮ ᠬᠤᠲᠠ | ᠪᠠᠯᠭᠠᠰᠤ ᠶᠢᠨ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠲᠦᠷᠢᠶᠡᠰᠦᠨ ᠤ ᠨᠥᠬᠦᠪᠥᠷᠢ ᠶᠢ ᠭᠤᠶᠤᠴᠢᠯᠠᠵᠤ ᠪᠣᠯᠤᠨ᠎ᠠ᠃ | ᠨᠢᠭᠡ᠂ ᠳᠠᠩᠰᠠᠯᠠᠭᠤᠯᠬᠤ ᠪᠠᠷ ᠭᠤᠶᠤᠴᠢᠯᠠᠬᠤ ᠨᠥᠬᠦᠴᠡᠯ ᠵᠢᠴᠢ ᠬᠡᠪᠴᠢᠶ᠎ᠡ | 1. ᠮᠠᠨ ᠤ ᠬᠤᠰᠢᠭᠤᠨ ᠤ ᠬᠤᠲᠠ ᠪᠠᠯᠭᠠᠰᠤᠨ ᠤ ᠡᠷᠦᠬᠡ ᠠᠮᠠ ᠲᠠᠢ ᠪᠥᠭᠡᠳ ᠲᠤᠬᠠᠶ ᠶᠢᠨ ᠭᠠᠵᠠᠷ ᠲᠤ ᠵᠢᠯ ᠲᠤᠷᠰᠢ ᠰᠠᠭᠤᠵᠤ ᠠᠮᠢᠳᠤᠷᠠᠭᠰᠠᠨ᠂ | ᠭᠤᠶᠤᠴᠢᠯᠠᠭᠴᠢ ᠵᠢᠴᠢ ᠭᠡᠷ ᠪᠦᠯᠢ ᠶᠢᠨ ᠭᠡᠰᠢᠭᠦᠳ ᠥᠪᠡᠷ ᠤᠨ ᠣᠷᠣᠨ ᠰᠠᠭᠤᠴᠠ ᠦᠭᠡᠢ ᠪᠤᠶᠤ ᠬᠥᠮᠦᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ | ᠲᠠᠯᠠᠪᠠᠢ ᠨᠢ 15 ᠲᠡᠭᠰᠢ ᠳᠥᠷᠪᠡᠯᠵᠢᠨ ᠮᠧᠲᠷ ᠬᠦᠷᠬᠦ ᠦᠭᠡᠢ ᠳᠣᠤᠷ᠎ᠠ ᠣᠷᠣᠯᠭ᠎ᠠ ᠲᠠᠢ ᠭᠡᠷ ᠪᠦᠯᠢ᠃ | 2. ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠣᠷᠣᠯᠭ᠎ᠠ ᠪᠠᠭᠠᠲᠠᠶ ᠭᠡᠷ ᠪᠦᠯᠢ ︵ᠳᠠᠷᠤᠶ ᠬᠥᠮᠦᠨ | ᠪᠦᠷᠢ ᠶᠢᠨ ᠳᠤᠮᠳᠠᠴᠢ ᠣᠷᠣᠯᠭ᠎ᠠ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ 699 | ᠲᠥᠭᠦᠷᠢᠭ /ᠰᠠᠷ᠎ᠠ ᠶᠢᠨ 5 ᠳᠠᠬᠢᠨ ᠠᠴᠠ ᠳᠣᠷᠣᠭᠰᠢ︶ ᠪᠣᠯᠤᠨ᠎ᠠ᠃ | ᠬᠤᠶᠠᠷ᠂ ᠭᠤᠶᠤᠴᠢᠯᠠᠬᠤ ᠴᠠᠭ | 6 ᠰᠠᠷ᠎ᠠ ᠶᠢᠨ 28 ᠤ ᠡᠳᠦᠷ ᠠᠴᠠ 7 ᠰᠠᠷ᠎ᠠ ᠶᠢᠨ 17 ᠤ ᠡᠳᠦᠷ ᠪᠣᠯᠲᠠᠯ᠎ᠠ ᠃ | ᠰᠠᠶᠢᠨ ᠳᠤᠷ᠎ᠠ ᠠᠴᠠ ᠪᠠᠨ ᠬᠤᠲᠠ ᠪᠠᠯᠭᠠᠰᠤᠨ ᠤ ᠬᠢᠮᠳᠠ ᠲᠦᠷᠢᠶᠡᠰᠦᠲᠦ ᠣᠷᠣᠨ ᠰᠠᠭᠤᠴᠠ ᠶᠢᠨ ᠲᠦᠷᠢᠶᠡᠰᠦᠨ ᠤ ᠨᠦᠬᠦᠪᠦᠷᠢ ᠶᠢ ᠭᠤᠶᠤᠴᠢᠯᠠᠭᠰᠠᠨ ᠭᠡᠷ | ᠪᠦᠯᠢ᠂ ᠲᠤᠰ ᠬᠥᠮᠦᠨ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠰᠠᠭᠤᠭᠠᠯᠢ ᠠᠷᠠᠳ ᠤᠨ ᠵᠥᠪᠯᠡᠯ ᠳᠤ ᠭᠤᠶᠤᠴᠢᠯᠠᠯ ᠭᠠᠷᠭᠠᠵᠤ᠂ ᠰᠠᠭᠤᠭᠠᠯᠢ | ᠠᠷᠠᠳ ᠤᠨ ᠵᠥᠪᠯᠡᠯ ᠦᠭᠡᠢ ᠨᠢ ᠰᠤᠮᠤ ᠪᠠᠯᠭᠠᠰᠤ ᠶᠢᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠠᠯᠪᠠᠨ ᠭᠡᠷ ᠲᠤ ᠣᠴᠢᠵᠤ ᠭᠤᠶᠤᠴᠢᠯᠠᠯ ᠭᠠᠷᠭᠠᠵᠤ᠂ | ᠲᠠᠷᠢᠶᠠᠯᠠᠩ ᠮᠠᠯᠵᠢᠯ ᠤᠨ ᠲᠠᠯᠠᠪᠠᠢ ᠶᠢᠨ ᠭᠡᠷ ᠪᠦᠯᠢ ᠨᠢ ᠬᠠᠷᠢᠶ᠎ᠠ ᠲᠠᠯᠠᠪᠠᠢ ᠳᠠᠭᠠᠨ ᠣᠴᠢᠵᠤ ᠭᠤᠶᠤᠴᠢᠯᠠᠯ ᠭᠠᠷᠭᠠᠬᠤ ᠬᠡᠷᠡᠭᠲᠡᠶ᠃ | | ᠤᠷᠠᠳ ᠤᠨ ᠡᠮᠦᠨᠡᠲᠦ ᠬᠤᠰᠢᠭᠤᠨ ᠤ ᠭᠡᠷ ᠬᠥᠷᠥᠩᠭᠡ ᠶᠢᠨ ᠬᠠᠮᠢᠶᠠᠷᠤᠯᠲᠠ ᠶᠢᠨ ᠲᠣᠪᠴᠢᠶ᠎ᠠ | 2020 ᠣᠨ ᠤ 6 ᠰᠠᠷ᠎ᠠ ᠶᠢᠨ 22 ᠤᠨ ᠡᠳᠦᠷ |