ᠲᠡᠷᠭᠡ ᠬᠥᠰᠬᠡ ᠲᠣᠭᠤᠷᠢᠵᠤ ᠶᠠᠪᠤᠬᠤ ᠠᠯᠪᠠᠨ ᠵᠠᠷ
ᠨᠡᠶᠢᠲᠡᠯᠡᠭᠰᠡᠨ ᠴᠠᠭ᠄
2020-07-10
ᠵᠠᠮ ᠬᠠᠷᠢᠯᠴᠠᠭᠠᠨ ᠤ ᠥᠷᠭᠡᠨ ᠤᠯᠠᠨ ᠣᠷᠣᠯᠴᠠᠭᠰᠠᠳ᠄     ᠣᠶᠢᠷ᠎ᠠ ᠶᠢᠨ ᠬᠤᠭᠤᠴᠠᠭᠠᠨ ᠳᠤ᠂ ᠬᠤᠰᠢᠭᠤᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠪᠠᠶᠢᠴᠠᠭᠠᠯᠲᠠ ᠪᠠᠷ ᠳᠠᠮᠵᠢᠨ᠂ S215 ︵ᠦᠰᠢᠨ ᠬᠤᠰᠢᠭᠤ ᠠᠴᠠ ᠱᠠᠨᠰᠢ ᠮᠣᠵᠢ ᠶᠢᠨ ᠲᠡᠮᠡᠭᠡᠲᠦ ᠬᠤᠲᠠ ᠶᠢᠨ ᠵᠢᠩ ᠪᠢᠶᠠᠨ ᠰᠢᠶᠠᠨ ᠬᠦᠷᠬᠦ ᠱᠤᠭᠤᠮ︶ ᠶᠢᠨ ᠬᠡᠰᠡᠭ ᠵᠠᠮ ᠤᠨ ᠭᠠᠳᠠᠷᠭᠤ ᠨᠢ ᠡᠪᠳᠡᠷᠡᠵᠦ᠂ ᠡᠭᠦᠨ ᠳᠤ K75 + 900  ᠯᠢᠦ ᠹᠧᠨ ᠽᠢ ᠬᠦᠭᠦᠷᠭᠡ ᠨᠢ ᠲᠦᠢᠯ ᠤᠨ ᠶᠡᠭᠡ ᠳᠠᠯᠳᠠ ᠠᠶᠤᠯ ᠣᠷᠣᠰᠢᠵᠤ ᠪᠠᠶᠢᠨ᠎ᠠ︔ S315 ︵ᠬᠠᠳᠤᠨ ᠭᠤᠤᠯ ᠤᠨ ᠳᠠᠭᠠᠤ ᠵᠠᠰᠠᠮᠠᠯ ᠵᠠᠮ︶ K277 + 445 — K401 + 175 ᠵᠠᠮ ᠳᠠᠭᠠᠤ ᠶᠢᠨ ᠤᠰᠤ ᠲᠠᠲᠠᠷᠠᠭᠤᠯᠬᠤ ᠪᠡᠯᠡᠳᠬᠡᠮᠵᠢ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ ᠲᠡᠷᠭᠡ ᠬᠥᠰᠬᠡ ᠶᠢᠨ ᠬᠡᠪ ᠤᠨ ᠨᠡᠪᠲᠡᠷᠡᠬᠦ ᠶᠢ ᠬᠦᠨᠳᠦ ᠨᠣᠴᠢᠲᠠᠶ ᠨᠦᠯᠦᠭᠡᠯᠡᠵᠦ ᠪᠠᠶᠢᠨ᠎ᠠ᠃ ᠲᠡᠷᠭᠡ ᠬᠥᠰᠬᠡ ᠶᠢᠨ ᠠᠮᠤᠷ ᠲᠦᠪᠰᠢᠨ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ 2020 ᠣᠨ ᠤ 7 ᠰᠠᠷ᠎ᠠ ᠶᠢᠨ 10 ᠤ ᠡᠳᠦᠷ ᠠᠴᠠ 2020 ᠣᠨ ᠤ 11 ᠰᠠᠷ᠎ᠠ ᠶᠢᠨ 15 ᠤ ᠡᠳᠦᠷ ᠪᠣᠯᠲᠠᠯ᠎ᠠ᠂ ᠳᠡᠭᠡᠷᠡᠬᠢ ᠵᠠᠮ ᠤᠨ ᠬᠡᠰᠡᠭ ᠤᠨ ᠠᠶᠤᠯᠲᠠᠶ ᠬᠥᠭᠦᠷᠭᠡ᠂ ᠡᠪᠳᠡᠷᠡᠭᠰᠡᠨ ᠵᠠᠮ ᠤᠨ ᠭᠠᠳᠠᠷᠭᠤ ᠵᠢᠴᠢ ᠤᠰᠤ ᠵᠠᠯᠠᠬᠤ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠪᠠᠷ ᠲᠣᠭᠲᠠᠪᠠ᠃ ᠪᠠᠷᠢᠯᠭ᠎ᠠ ᠶᠢᠨ ᠬᠤᠭᠤᠴᠠᠭᠠᠨ ᠳᠤ ᠵᠠᠮ ᠢᠶᠠᠨ ᠬᠠᠭᠠᠵᠤ᠂ ᠪᠤᠶ ᠪᠦᠬᠦᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃ ᠡᠭᠦᠨ ᠤ ᠬᠠᠮᠲᠤ᠂ G110 ᠤᠯᠤᠰ ᠤᠨ ᠵᠠᠮ ᠤᠨ ᠬᠡᠰᠡᠭ ᠬᠥᠭᠦᠷᠭᠡ᠂ ᠭᠤᠯᠳᠤᠩ ᠬᠦᠨᠳᠡᠢ ᠶᠠᠭ ᠮᠡᠷᠭᠡᠵᠢᠯ ᠤᠨ ᠥᠭᠡᠷᠡᠴᠢᠯᠡᠯᠲᠡ ᠬᠢᠵᠦ ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ G6 ᠲᠦᠷᠭᠡᠨ ᠤ ᠵᠠᠮ ᠢᠶᠠᠷ ᠲᠣᠭᠤᠷᠢᠵᠤ ᠶᠠᠪᠤᠭᠠᠷᠠᠢ  ᠃     ᠣᠨᠴᠠᠭᠠᠶᠢᠯᠠᠨ ᠵᠠᠷᠯᠠᠪᠠ                           ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                            2020 ᠣᠨ ᠤ 7 ᠰᠠᠷ᠎ᠠ ᠶᠢᠨ 9 ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号