ᠤᠷᠠᠳ ᠤᠨ ᠡᠮᠦᠨᠡᠳᠦ ᠬᠤᠰᠢᠭᠤ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠵᠦ ᠪᠤᠢ
ᠨᠡᠶᠢᠲᠡᠯᠡᠭᠰᠡᠨ ᠴᠠᠭ᠄
2020/7/17
    ᠡᠨᠡ ᠵᠢᠯ ᠤᠷᠠᠳ ᠤᠨ ᠡᠮᠦᠨᠡᠳᠦ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ ᠠᠷᠠᠳ ᠲᠦᠮᠡᠨ ᠠᠴᠠ ᠬᠠᠨᠤᠮᠵᠢᠳᠠᠢ ᠰᠣᠷᠭᠠᠨ ᠬᠦᠮᠦᠵᠢᠯ ᠢ ᠦᠷᠭᠦᠯᠵᠢᠯᠡᠨ ᠰᠠᠶᠢᠳᠤᠷ ᠡᠷᠬᠢᠯᠡᠬᠦ ᠪᠠᠷ ᠵᠤᠷᠢᠯᠭ᠎ᠠ ᠪᠤᠯᠭᠠᠵᠤ᠂ ᠤᠯᠤᠰ ᠤᠨ ᠴᠢᠭᠯᠡᠯᠳᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠦᠭᠵᠢᠯᠳᠡ ᠪᠠᠨ ᠲᠦᠷᠭᠡᠳᠭᠡᠨ᠂ ᠬᠦᠮᠦᠨ ᠢᠶᠠᠷ ᠦᠨᠳᠦᠰᠦ ᠪᠤᠯᠭᠠᠵᠤ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠵᠦ ᠪᠤᠢ᠃     ᠰᠤᠷᠭᠠᠭᠤᠯᠢ ᠶᠢᠨ ᠵᠠᠬᠢᠷᠤᠯ ᠤᠨ ᠡᠩᠨᠡᠭᠡᠨ ᠤ ᠪᠠᠶᠢᠭᠤᠯᠤᠯᠳᠠ ᠶᠢ ᠠᠳᠬᠤᠵᠤ ᠪᠠᠶᠢᠨ᠎ᠠ᠃ ᠰᠤᠷᠭᠠᠭᠤᠯᠢ ᠶᠢᠨ ᠵᠠᠬᠢᠷᠤᠯ ᠢ ᠵᠢᠭᠠᠨ ᠰᠤᠷᠠᠭᠠᠯᠳᠠ ᠶᠢ ᠠᠳᠬᠤᠭᠰᠠᠨ᠂ ᠬᠠᠮᠢᠶᠠᠷᠤᠯᠳᠠ ᠶᠢ ᠠᠳᠬᠤᠭᠰᠠᠨ ᠨᠢᠬᠡᠳᠦᠭᠡᠷ ᠬᠠᠷᠢᠭᠤᠴᠠᠯᠭᠠᠳᠤ ᠬᠦᠮᠦᠨ ᠪᠤᠯᠭᠠᠵᠤ᠂ ᠰᠤᠷᠭᠠᠭᠤᠯᠢ ᠶᠢᠨ ᠵᠠᠬᠢᠷᠤᠯ ᠨᠢᠬᠡᠪᠦᠷᠢ ᠬᠠᠮᠤᠭ ᠪᠠᠭ᠎ᠠ  ᠳᠠᠭᠠᠨ50 ᠤᠳᠠᠭ᠎ᠠ ᠬᠢᠴᠢᠶᠡᠯ ᠰᠤᠨᠤᠰᠴᠤ᠂ ᠵᠢᠭᠠᠨ ᠰᠤᠷᠭᠠᠯᠳᠠ ᠶᠢ ᠰᠤᠳᠤᠯᠬᠤ ᠬᠦᠳᠡᠯᠭᠡᠭᠡᠨ ᠳᠤ 8 ᠤᠳᠠᠭ᠎ᠠ ᠤᠷᠤᠯᠴᠠᠬᠤ ᠶᠢ ᠱᠠᠭᠠᠷᠳᠠᠪᠠ᠃     ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠠᠳᠬᠤᠵᠤ ᠪᠠᠶᠢᠨ᠎ᠠ᠃ ᠨᠡᠷᠡᠳᠦ ᠪᠠᠭᠰᠢ ᠪᠠᠷ ᠲᠠᠶᠢᠴᠢᠯᠠᠭᠤᠯᠬᠤ ᠪᠤᠳᠤᠯᠭ᠎ᠠ ᠶᠢ ᠭᠡᠷᠡᠭᠵᠢᠬᠦᠯᠵᠦ᠂ ᠪᠤᠯᠪᠠᠰᠤᠷᠠᠯ ᠬᠦᠷᠳᠡᠭᠡᠬᠦ᠂ ᠭᠠᠳᠠᠭᠰᠢ ᠶᠠᠪᠤᠭᠤᠯᠵᠤ ᠰᠤᠷᠤᠯᠴᠠᠭᠤᠯᠬᠤ ᠵᠡᠷᠭᠡ ᠬᠡᠯᠪᠡᠷᠢ ᠪᠠᠷ ᠲᠠᠮᠵᠢᠨ᠂ ᠨᠢᠬᠡ ᠪᠦᠯᠦᠭ ᠮᠤᠷᠠᠯ ᠰᠤᠷᠳᠠᠯ ᠬᠤᠤᠰᠯᠠᠭᠰᠠᠨ᠂ ᠬᠠᠮᠳᠤᠷᠠᠨ ᠠᠵᠢᠯᠯᠠᠬᠤ  ᠪᠠᠷ ᠴᠢᠳᠠᠮᠠᠭᠠᠢ᠂ ᠬᠤᠪᠢ ᠬᠦᠮᠦᠨ ᠤ ᠤᠨᠴᠠ ᠴᠢᠳᠠᠪᠤᠷᠢ ᠲᠠᠢ ᠨᠡᠷᠡᠳᠦ ᠪᠠᠭᠰᠢ ᠶᠢ ᠬᠦᠮᠦᠵᠢᠭᠦᠯᠵᠦ ᠪᠠᠶᠢᠨ᠎ᠠ᠃     ᠬᠡᠦᠬᠡᠳ ᠢ ᠬᠦᠮᠦᠵᠢᠭᠦᠯᠬᠦ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠶᠢ ᠠᠳᠬᠤᠵᠤ ᠪᠠᠶᠢᠨ᠎ᠠ᠃ ᠰᠣᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠳᠠ ᠶᠢᠨ ᠠᠵᠢᠯ ᠢ ᠪᠦᠬᠦ ᠲᠠᠯ᠎ᠠ ᠪᠠᠷ ᠬᠦᠨᠵᠡᠬᠡᠢ ᠦᠷᠨᠢᠬᠦᠯᠵᠦ᠂ ᠰᠤᠷᠭᠠᠭᠤᠯᠢ ᠶᠢᠨ ᠠᠩᠭᠢ ᠶᠢᠨ ᠪᠠᠭᠳᠠᠭᠠᠮᠵᠢ ᠶᠢᠨ ᠬᠡᠮᠵᠢᠶ᠎ᠡ ᠶᠢ ᠪᠠᠭᠠᠰᠬᠠᠵᠤ᠂ ᠨᠡᠶᠢᠬᠡᠮ ᠂ ᠬᠡᠷ ᠪᠦᠯᠢ᠂ ᠰᠤᠷᠭᠠᠭᠤᠯᠢ ᠵᠡᠷᠭᠡ ᠰᠤᠷᠤᠭᠴᠢ ᠶᠢ ᠬᠦᠮᠦᠵᠢᠭᠦᠯᠬᠦ ᠤᠬᠢ ᠰᠠᠶᠢᠨ ᠤᠷᠴᠢᠨ ᠲᠤᠭᠤᠷᠢᠨ ᠢ ᠪᠤᠢ ᠪᠤᠯᠭᠠᠵᠤ ᠪᠠᠶᠢᠨ᠎ᠠ᠃     ᠲᠦᠷᠢᠮ ᠲᠤᠭᠳᠠᠭᠠᠯ ᠤᠨ ᠪᠠᠶᠢᠭᠤᠯᠤᠯᠳᠠ ᠶᠢ ᠠᠳᠬᠤᠵᠤ ᠪᠠᠶᠢᠨ᠎ᠠ᠃ ᠰᠤᠷᠭᠠᠭᠤᠯᠢ ᠶᠢᠨ ᠵᠠᠬᠢᠷᠤᠯ ᠢ ᠤᠷᠢᠨ ᠬᠡᠷᠡᠭᠯᠡᠬᠦ ᠲᠦᠷᠢᠮ᠂ ᠲᠤᠰᠢᠶᠠᠯ  ᠡᠭᠦᠷᠭᠡᠯᠡᠵᠦ ᠪᠠᠶᠢᠭ᠎ᠠ ᠬᠤᠭᠤᠴᠠᠭᠠᠨ ᠳᠠᠬᠢ ᠬᠠᠷᠠᠯᠳᠠ ᠲᠠᠢ ᠬᠠᠷᠢᠭᠤᠴᠠᠯᠭ᠎ᠠ ᠶᠢᠨ ᠲᠦᠷᠢᠮ ᠪᠠ ᠪᠠᠭᠰᠢ ᠶᠢᠨ ᠬᠤᠪᠢ ᠬᠦᠮᠦᠨ ᠤ ᠬᠤᠪᠢᠶᠠᠷᠢᠯᠠᠯᠳᠠ ᠶᠢᠨ ᠲᠦᠷᠢᠮ ᠢ ᠬᠡᠷᠡᠭᠵᠢᠬᠦᠯᠵᠦ᠂ ᠪᠠᠭᠰᠢ ᠨᠠᠷ ᠤᠨ ᠢᠳᠡᠪᠬᠢᠵᠢᠯ ᠢ ᠲᠠᠶᠢᠴᠢᠯᠠᠵᠤ ᠪᠠᠶᠢᠨ᠎ᠠ᠃ ᠶᠠᠰᠤ ᠴᠢᠨᠠᠷ ᠢ ᠪᠦᠬᠦ ᠲᠠᠯ᠎ᠠ ᠪᠠᠷ ᠦᠨᠡᠯᠡᠨ ᠬᠢᠨᠡᠨ ᠵᠢᠯᠤᠭᠤᠳᠬᠤ ᠲᠦᠷᠢᠮ ᠢ ᠬᠡᠷᠡᠭᠵᠢᠬᠦᠯᠵᠦ᠂ ᠪᠠᠭᠰᠢ ᠨᠠᠷ ᠤᠨ ᠬᠢᠴᠢᠶᠠᠯ ᠤᠷᠤᠬᠤ᠂ ᠬᠢᠴᠢᠶᠠᠯ ᠲᠠᠶᠢᠯᠪᠤᠷᠢᠯᠠᠬᠤ ᠶᠢ ᠬᠢᠨᠠᠨ ᠰᠢᠯᠭᠠᠬᠤ ᠰᠢᠰᠲ᠋ᠧᠮ ᠳᠤ ᠤᠷᠤᠭᠤᠯᠵᠤ᠂ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠬᠢᠨᠡᠨ ᠵᠢᠯᠤᠭᠤᠳᠬᠤ ᠰᠢᠰᠲ᠋ᠧᠮ᠂ ᠬᠦᠢᠴᠡᠳᠬᠡᠯ ᠲᠤᠭ᠎ᠠ᠂ ᠠᠷᠭ᠎ᠠ ᠬᠡᠮᠵᠢᠶ᠎ᠡ ᠵᠡᠷᠭᠡ ᠶᠢ ᠪᠠᠶᠢᠭᠤᠯᠵᠤ᠂ ᠪᠤᠳᠠᠳᠠᠢ ᠨᠠᠶᠢᠳᠠᠪᠤᠷᠢᠵᠢᠭᠤᠯᠵᠤ ᠪᠤᠢ  ᠃
ᠢᠷᠡᠯᠲᠡ᠄ ᠪᠠᠶᠠᠨ ᠨᠠᠭᠤᠷ ᠤᠨ ᠰᠣᠨᠢᠨ