ᠹᠠᠨ ᠵᠢᠶᠦ᠋ᠨ ᠬᠤᠢ
ᠨᠡᠶᠢᠲᠡᠯᠡᠭᠰᠡᠨ ᠴᠠᠭ᠄
2020/7/22
 ᠠᠵᠢᠯ ᠤᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠮᠵᠢᠨ ᠮᠠᠯᠵᠢᠬᠤ ᠲᠠᠷᠢᠶᠠᠯᠠᠬᠤ ᠣᠷᠣᠨ ᠪᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠡᠯ᠎ᠡ ᠲᠠᠷᠢᠶᠠᠯᠠᠩ ᠮᠠᠯᠵᠢᠯ ᠤᠨ ᠲᠠᠯᠠᠪᠠᠶ᠂ ᠴᠠᠭ ᠠᠭᠤᠷ ᠤᠨ ᠲᠣᠪᠴᠢᠶ᠎ᠠ᠂ ᠤᠷᠠᠳ ᠤᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠰᠤᠬᠠᠢ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠤᠯᠠᠭᠠᠨᠰᠤᠬᠠᠢ ᠠᠮᠢ ᠠᠬᠤᠶ ᠶᠢᠨ ᠬᠠᠮᠠᠭᠠᠯᠠᠯᠲᠠ ᠶᠢᠨ ᠲᠥᠪ᠂ ᠡᠯ᠎ᠡ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃ ᠣᠳᠣᠷᠢᠳᠣᠯᠭ᠎ᠠ ᠶᠢᠨ ᠲᠣᠪᠴᠢ ᠲᠠᠨᠢᠯᠴᠠᠭᠤᠯᠭ᠎ᠠ     ᠹᠠᠨ ᠵᠢᠶᠦ᠋ᠨ ᠬᠤᠢ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 8 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ