ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠡᠭᠯᠡᠬᠦ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/7/3
     ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠭᠡᠯᠡᠬᠦ ᠶᠢᠨ ᠲᠦᠯᠦᠭᠡ 6 ᠰᠠᠷᠠᠶᠢᠨ 30 ᠤ ᠡᠳᠦᠷ ᠤᠷᠠᠳ ᠤᠨ ᠡᠮᠦᠨᠡᠲᠦ ᠬᠤᠰᠢᠭᠤᠨ ᠤ ᠲᠤᠭ᠎ᠠ ᠪᠦᠷᠢᠳᠬᠡᠯ ᠤᠨ  ᠲᠣᠪᠴᠢᠶᠠᠨ ᠤ ᠪᠦᠭᠦᠳᠡ ᠨᠠᠮ ᠤᠨ ᠭᠡᠰᠢᠭᠦᠨ ᠷᠦᠢ ᠲᠠᠢ ᠨᠡᠶᠢᠭᠡᠮ ᠲᠣᠭᠤᠷᠢᠭ ᠤᠨ ᠬᠤᠰᠢᠭᠤᠨ ᠤ ᠪᠠᠶᠢᠳᠠᠯ ᠤᠨ ᠣᠷᠳᠤᠨ ᠪᠠ ᠨᠠᠮ ᠤᠨ ᠲᠡᠦᠬᠡ ᠶᠢᠨ ᠲᠢᠩᠬᠢᠮ ᠳᠤ《 ᠨᠠᠮ ᠤᠨ ᠲᠡᠦᠬᠡ ᠶᠢ ᠳᠠᠬᠢᠨ ᠡᠷᠭᠢᠴᠡᠭᠦᠯᠵᠦ᠂ ᠦᠵᠡᠯ ᠰᠠᠨᠠᠭ᠎ᠠ ᠢᠲᠡᠭᠡᠯ ᠵᠣᠷᠢᠭ ᠢᠶᠠᠨ ᠬᠦᠪᠴᠢᠯᠡᠬᠦ》 ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ  ᠶᠠᠪᠤᠭᠳᠠᠭᠤᠯᠵᠤ᠂ ᠬᠤᠪᠢᠰᠬᠠᠯ ᠤᠨ ᠲᠡᠦᠬᠡ ᠶᠢ ᠳᠤᠷᠠᠰᠬᠠᠵᠤ᠂ ᠬᠤᠪᠢᠰᠬᠠᠯ ᠤᠨ ᠳᠤᠷᠠᠰᠤᠮᠵᠢ ᠶᠢ ᠬᠦᠭᠡᠭᠡᠴᠡᠯᠳᠦᠵᠦ᠂ ᠨᠠᠮ ᠤᠨ ᠭᠡᠷᠡᠯ ᠰᠠᠴᠤᠷᠠᠩᠭᠤᠢ ᠦᠩᠭᠡᠷᠡᠯᠲᠡ ᠶᠢ ᠡᠷᠭᠢᠴᠡᠭᠦᠯᠪᠡ᠃      ᠠᠵᠢᠯᠯᠠᠭ᠎ᠠ ᠳᠣᠮᠳᠠ ᠨᠠᠮ ᠤᠨ ᠭᠡᠰᠢᠭᠦᠳ ᠲᠠᠶᠢᠯᠪᠤᠷᠢᠯᠠᠭᠴᠢ ᠶᠢᠨ ᠬᠤᠰᠢᠭᠤᠨ ᠤ ᠪᠠᠶᠢᠳᠠᠯ  ᠂ ᠨᠠᠮ ᠤᠨ ᠬᠦᠭᠵᠢᠯᠲᠡ ᠦᠩᠭᠡᠷᠡᠯᠲᠡ᠂ ᠦᠵᠡᠭᠦᠯᠭᠡ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠣᠬᠠᠢ ᠶᠠᠷᠢᠶ᠎ᠠ ᠶᠢ ᠨᠠᠷᠢᠨ ᠬᠢᠨᠠᠮᠠᠭᠠᠢ ᠰᠣᠨᠤᠰᠴᠤ᠂ ᠮᠠᠨ ᠤ ᠬᠤᠰᠢᠭᠤᠨ ᠤ ᠠᠵᠤ ᠦᠢᠯᠡᠳᠪᠦᠷᠢ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠶᠢᠨ ᠬᠦᠭᠵᠢᠯᠲᠡ ᠶᠢᠨ ᠪᠠᠶᠢᠳᠠᠯ ᠤᠨ ᠲᠣᠬᠠᠢ ᠬᠠᠷᠢᠯᠴᠠᠨ ᠰᠣᠯᠢᠯᠴᠠᠪᠠ᠃     ᠡᠨᠡ ᠣᠳᠠᠭᠠᠨ ᠤ ᠠᠵᠢᠯᠯᠠᠭ᠎ᠠ ᠪᠠᠷ ᠳᠠᠮᠵᠢᠨ᠂ ᠪᠦᠭᠦᠳᠡ ᠨᠠᠮ ᠤᠨ ᠭᠡᠰᠢᠭᠦᠳ ᠳᠠᠬᠢᠨ ᠨᠢᠭᠡ ᠣᠳᠠᠭᠠᠨ ᠤ  ᠰᠡᠳᠭᠢᠯ ᠤᠨ ᠳᠣᠩᠰᠤᠯᠤᠯᠲᠠ ᠶᠢ ᠬᠦᠯᠢᠶᠡᠵᠦ᠂ ᠪᠦᠭᠦᠳᠡᠭᠡᠷ ᠢᠶᠠᠨ ᠲᠡᠦᠬᠡ ᠶᠢᠨ ᠵᠣᠪᠠᠯᠠᠩᠲᠦ ᠠᠮᠢᠳᠤᠷᠠᠯ ᠠᠴᠠ ᠣᠶᠤᠨ ᠤᠬᠠᠭᠠᠨ ᠰᠢᠩᠭᠡᠭᠡᠨ ᠠᠪᠴᠦ᠂ ᠠᠬᠠᠮᠠᠳ ᠬᠤᠪᠢᠰᠬᠠᠯᠴᠢᠳ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠠᠵᠢᠯ ᠳᠠᠭᠠᠨ ᠨᠡᠩ ᠰᠢᠯᠢᠳᠡᠭ ᠰᠤᠷᠲᠠᠯ ᠢᠶᠠᠷ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠠᠵᠢᠯ ᠤᠨ ᠪᠠᠶᠢᠷᠢ ᠪᠠᠨ ᠡᠷᠬᠢᠮᠯᠡᠵᠦ᠂ ᠦᠪᠡᠷ ᠤᠨ ᠲᠤᠰᠠᠬᠠᠶᠢᠯᠠᠭᠰᠠᠨ ᠠᠵᠢᠯ ᠳᠠᠭᠠᠨ ᠰᠢᠮᠳᠠᠨ᠂ ᠪᠦᠬᠦ ᠬᠤᠰᠢᠭᠤᠨ ᠤ ᠲᠤᠭ᠎ᠠ ᠪᠦᠷᠢᠳᠭᠡᠯ ᠤᠨ ᠠᠵᠢᠯ ᠦᠢᠯᠡᠰ ᠲᠤ ᠨᠡᠩ ᠶᠡᠭᠡ ᠬᠤᠪᠢ ᠨᠡᠮᠡᠭᠦᠷᠢ ᠪᠠᠨ ᠡᠷᠭᠦᠨ᠎ᠡ ᠭᠡᠵᠦ ᠢᠯᠡᠳᠭᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ