ᠠᠵᠤ ᠦᠢᠯᠡᠳᠪᠦᠷᠢ ᠰᠤᠷᠠᠭ ᠴᠢᠮᠡᠭᠡᠨ ᠤ ᠲᠣᠪᠴᠢᠶᠠᠨ ᠤ ᠨᠠᠮ ᠤᠨ ᠡᠭᠦᠷ ᠨᠢ ᠨᠠᠮ ᠪᠠᠶᠢᠭᠤᠯᠤᠭᠳᠠᠭᠰᠠᠨ 99 ᠵᠢᠯ ᠤᠨ ᠣᠢ ᠵᠢᠴᠢ ᠬᠤᠪᠢᠰᠬᠠᠯᠲᠤ ᠬᠦᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠬᠦ ᠲᠤᠰᠬᠠᠢ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2020/7/3
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ99 ᠵᠢᠯ ᠤᠨ ᠲᠤᠷᠰᠢᠳᠠ ᠤᠭ ᠰᠠᠨᠠᠭ᠎ᠠ ᠪᠠᠨ ᠬᠤᠪᠢᠷᠠᠭᠤᠯᠬᠤ ᠦᠭᠡᠢ ᠴᠤᠭ ᠰᠦᠯᠳᠡ ᠲᠡᠭᠦᠯᠳᠡᠷ ᠢᠶᠠᠷ ᠪᠤᠴᠠᠰᠢ ᠦᠭᠡᠢ ᠤᠷᠤᠭᠰᠢᠯᠠᠵᠤ᠂ ᠬᠠᠨᠳᠤᠭᠰᠠᠨ ᠵᠦᠭ ᠳᠠᠬᠢᠨ ᠳᠠᠶᠢᠰᠤᠨ ᠦᠭᠡᠢ  ᠪᠠᠶᠢᠯᠳᠤᠵᠤ ᠶᠠᠪᠤᠭᠰᠠᠨ ᠶᠤᠮ᠃7 ᠰᠠᠷᠠᠶᠢᠨ1 ᠤ ᠡᠳᠦᠷ ᠲᠤ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠭᠡᠯᠡᠬᠦ ᠶᠢᠨ ᠲᠦᠯᠦᠭᠡ ᠠᠵᠤ ᠦᠢᠯᠡᠳᠪᠦᠷᠢ ᠰᠤᠷᠠᠭ ᠴᠢᠮᠡᠭᠡᠨ ᠤ ᠲᠤᠪᠴᠢᠶᠠᠨ ᠤ ᠨᠠᠮ ᠤᠨ ᠡᠭᠦᠷ ᠠᠴᠠ ᠨᠠᠮ ᠪᠠᠶᠢᠭᠤᠯᠤᠭᠳᠠᠭᠰᠠᠨ 99 ᠵᠢᠯ ᠤᠨ ᠣᠢ ᠵᠢᠴᠢ  ᠬᠤᠪᠢᠰᠬᠠᠯᠲᠤ ᠬᠦᠮᠦᠵᠢᠯ ᠤᠨ ᠰᠠᠭᠤᠷᠢᠨ ᠭᠠᠵᠠᠷ ᠤᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠦᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠪᠦᠬᠦ ᠲᠣᠪᠴᠢᠶᠠᠨ ᠤ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠦᠶᠦᠸᠠᠨ ᠤ ᠬᠤᠪᠢᠰᠬᠠᠯᠲᠤ ᠬᠦᠮᠦᠵᠢᠯ ᠤᠨ ᠰᠠᠭᠤᠷᠢᠨ ᠭᠠᠵᠠᠷ ᠲᠤ ᠲᠣᠭᠤᠷᠢᠨ ᠦᠵᠡᠭᠦᠯᠵᠦ᠂ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠤ ᠦᠢᠯᠡᠳᠪᠦᠷᠢ  ᠶᠢᠨ ᠵᠦᠪᠯᠡᠯ ᠤᠨ ᠱᠦᠵᠢ ᠶᠠᠩ ᠵᠢᠶᠠᠨ ᠬᠤᠸᠠ ᠨᠦᠬᠦᠷ ᠠᠴᠠ ᠲᠤᠰ ᠠᠵᠢᠯᠯᠠᠭ᠎ᠠ ᠳᠤ ᠲᠣᠬᠠᠢ ᠶᠢᠨ ᠭᠠᠵᠠᠷ ᠤᠨ ᠵᠢᠯᠤᠭᠤᠳᠤᠯᠭ᠎ᠠ ᠬᠢᠵᠠᠢ᠃ ᠪᠤᠳᠠᠳᠤ ᠭᠠᠵᠠᠷ ᠤᠨ ᠰᠤᠷᠤᠯᠴᠠᠯᠭ᠎ᠠ ᠬᠦᠮᠦᠵᠢᠯ ᠢᠶᠠᠷ ᠳᠠᠮᠵᠢᠨ ᠨᠠᠮ ᠤᠨ ᠭᠡᠰᠢᠭᠦᠳ ᠨᠠᠮ ᠤᠨ ᠦᠩᠭᠡ ᠭᠡᠷᠡᠯᠲᠦ ᠲᠡᠦᠬᠡ ᠶᠢ ᠡᠷᠭᠢᠴᠡᠭᠦᠯᠦᠨ᠂ ᠦᠷᠡᠭᠳᠡᠭᠰᠡᠨ ᠪᠠᠭᠠᠲᠤᠷᠴᠤᠳ ᠤᠨ ᠦᠢᠯᠡᠰ ᠠᠵᠢᠯᠯᠠᠭ᠎ᠠ ᠶᠢ ᠳᠤᠷᠠᠰᠬᠠᠵᠤ᠂ ᠬᠤᠪᠢᠰᠬᠠᠯᠲᠤ ᠤᠳᠤᠮᠰᠢᠯ ᠢ ᠤᠯᠠᠮᠵᠢᠯᠠᠨ᠂ ᠤᠭ ᠰᠠᠨᠠᠭ᠎ᠠ ᠪᠠᠨ ᠤᠮᠠᠷᠳᠠᠬᠤ ᠦᠭᠡᠢ ᠤᠯᠤᠰ ᠢᠶᠠᠨ ᠬᠦᠴᠦᠷᠬᠡᠭᠵᠢᠭᠦᠯᠬᠦ ᠬᠠᠷᠢᠭᠤᠴᠠᠯᠭ᠎ᠠ ᠪᠠᠨ ᠵᠣᠷᠢᠭᠲᠠᠢ  ᠡᠭᠦᠷᠭᠡᠯᠡᠬᠦ  ᠵᠣᠷᠢᠭ ᠰᠠᠨᠠᠭ᠎ᠠ ᠶᠢ ᠬᠦᠪᠴᠢᠯᠡᠪᠡ᠃     ᠦᠳᠡ ᠶᠢᠨ ᠡᠮᠦᠨ᠎ᠡ ᠨᠠᠮ ᠤᠨ ᠭᠡᠰᠢᠭᠦᠳ ᠨᠢᠭᠡᠳᠦᠯᠲᠡᠢ ᠬᠤᠪᠴᠠᠰᠤ ᠡᠮᠦᠰᠤᠨ᠂ ᠨᠠᠮ ᠤᠨ ᠰᠦᠯᠳᠡ ᠵᠡᠭᠦᠵᠦ᠂ ᠦᠦᠷ ᠤᠨ ᠭᠡᠭᠡ ᠪᠠᠷ ᠦᠶᠦᠸᠠᠨ ᠰᠢᠶᠠᠨ ᠤ ᠶᠠᠫᠤᠨ ᠢ ᠡᠰᠡᠷᠭᠦᠴᠡᠭᠰᠡᠨ ᠳᠤᠷᠠᠰᠬᠠᠯ ᠤᠨ ᠣᠷᠳᠤᠨ ᠤ  ᠡᠮᠦᠨᠡᠬᠢ ᠲᠠᠩᠭᠠᠷᠢᠭ ᠤᠨ ᠬᠡᠷᠡᠮ ᠤᠨ ᠬᠠᠵᠠᠭᠤ ᠳᠤ ᠠᠵᠤ ᠦᠢᠯᠡᠳᠪᠦᠷᠢ ᠰᠤᠷᠠᠭ ᠴᠢᠮᠡᠭᠡᠨ ᠤ ᠲᠣᠪᠴᠢᠶᠠᠨ ᠤ ᠨᠠᠮ ᠤᠨ ᠡᠭᠦᠷ ᠤᠨ ᠱᠦᠵᠢ᠂ ᠲᠣᠪᠴᠢᠶᠠᠨ ᠳᠠᠷᠤᠭ᠎ᠠ ᠮᠢᠶᠤᠤ ᠸᠧᠨ ᠵᠦᠩ ᠨᠦᠬᠦᠷ ᠠᠴᠠ ᠣᠯᠠᠨ ᠢ ᠳᠠᠭᠠᠭᠤᠯᠤᠨ ᠨᠠᠮ ᠤᠨ ᠲᠠᠩᠭᠠᠷᠢᠭ ᠢ ᠳᠠᠬᠢᠨᠲᠠ ᠤᠩᠰᠢᠵᠤ᠂ ᠨᠠᠮ ᠳᠤ ᠣᠷᠤᠬᠤ ᠦᠶᠡᠰ ᠤᠨ ᠤᠭ ᠰᠠᠨᠠᠭ᠎ᠠ ᠪᠠᠨ ᠰᠡᠷᠭᠦᠭᠡᠵᠦ᠂ ᠦᠵᠡᠯ ᠰᠠᠨᠠᠭ᠎ᠠ ᠢᠲᠡᠭᠡᠯ ᠵᠣᠷᠢᠭ ᠢᠶᠠᠨ ᠬᠦᠪᠴᠢᠯᠡᠵᠦ᠂ ᠤᠭ ᠰᠠᠨᠠᠭ᠎ᠠ ᠬᠠᠷᠢᠭᠤᠴᠠᠯᠭ᠎ᠠ ᠪᠠᠨ ᠪᠠᠲᠤ ᠴᠡᠭᠡᠵᠢᠯᠡᠪᠡ᠃ ᠳᠤᠷᠠᠰᠬᠠᠯ ᠤᠨ ᠣᠷᠳᠤᠨ ᠳᠤ ᠲᠠᠶᠢᠯᠪᠤᠷᠢᠯᠠᠭᠴᠢ ᠶᠢᠨ ᠠᠯᠬᠤᠭ᠎ᠠ ᠶᠢ ᠲᠠᠭᠠᠨ ᠡᠨᠡ ᠬᠡᠰᠡᠭ ᠲᠡᠦᠬᠡ ᠶᠢ ᠨᠠᠷᠢᠨ ᠬᠢᠨᠠᠮᠠᠭᠠᠢ ᠰᠣᠨᠤᠰᠴᠦ᠂ ᠶᠠᠫᠤᠨ ᠠᠴᠠ ᠮᠠᠨ ᠤ ᠤᠯᠤᠰ ᠤᠨ ᠨᠤᠲᠤᠭ ᠳᠡᠪᠢᠰᠭᠡᠷ ᠲᠤ ᠭᠠᠯᠵᠠᠭᠤᠷᠠᠭᠰᠠᠨ ᠮᠡᠲᠦ ᠬᠠᠯᠳᠠᠨ ᠣᠷᠤᠵᠤ ᠢᠷᠡᠭᠰᠡᠨ ᠢ ᠣᠯᠠᠨ ᠢᠶᠠᠷ ᠢᠶᠠᠨ ᠣᠯᠵᠤ ᠬᠠᠷᠠᠵᠠᠢ᠃ ᠠᠷᠠᠳ ᠢᠷᠭᠡᠳ ᠲᠡᠨᠦᠴᠢᠯᠡᠵᠤ ᠶᠠᠪᠤᠭᠰᠠᠨ ᠬᠠᠷᠠᠰᠠᠯᠲᠤ ᠬᠡᠷᠡᠭ ᠠᠴᠠ ᠪᠦᠬᠦ ᠤᠯᠤᠰ ᠤᠨ ᠨᠢᠭᠡᠳᠦᠯᠲᠡᠢ ᠡᠰᠡᠷᠭᠦᠴᠡᠨ ᠲᠡᠮᠡᠴᠡᠬᠦ ᠳᠠᠶᠢᠨ ᠪᠣᠯᠤᠭᠰᠠᠨ ᠢ ᠣᠯᠵᠤ ᠬᠠᠷᠠᠵᠠᠢ᠃ ᠭᠡᠳᠡᠷᠭᠦ ᠳᠣᠪᠲᠤᠯᠤᠯᠲᠠ ᠶᠢᠨ ᠢᠯᠠᠯᠲᠠ ᠣᠯᠤᠭᠰᠠᠨ ᠨᠢ ᠠᠬᠠᠮᠠᠳ ᠦᠶ᠎ᠡ ᠶᠢᠨ ᠬᠢᠨ ᠤ ᠬᠠᠯᠠᠭᠤᠨ ᠴᠢᠰᠤ ᠪᠠᠨ ᠤᠷᠤᠰᠬᠠᠨ ᠪᠠᠶᠢᠵᠤ ᠠᠪᠴᠢᠷᠠᠭᠰᠠᠨ ᠬᠤᠪᠢᠰᠬᠠᠯᠲᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ  ᠭᠡᠳᠡᠭ ᠢ ᠣᠯᠵᠤ ᠮᠡᠳᠡᠪᠡ᠃ ᠳᠠᠷᠠᠭ᠎ᠠ ᠨᠢ ᠹᠧᠩ ᠢᠦᠢ ᠰᠢᠶᠠᠩ ᠵᠠᠩᠵᠤᠨ ᠤ ᠴᠡᠷᠢᠭ ᠲᠠᠩᠭᠠᠷᠢᠭᠯᠠᠭᠰᠠᠨ ᠦᠷᠭᠡᠨ ᠲᠠᠯᠠᠪᠤᠷ ᠪᠠ ᠪᠣᠷᠤᠲᠣᠬᠤᠢ ᠲᠠᠷᠢᠶᠠᠯᠠᠩ ᠰᠤᠶᠤᠯ ᠤᠨ ᠦᠵᠡᠭᠦᠯᠭᠡ ᠶᠢ ᠲᠣᠭᠤᠷᠢᠨ ᠦᠵᠡᠪᠡ᠃ ᠠᠳᠡ ᠨᠠᠮ ᠤᠨ ᠭᠡᠰᠢᠭᠦᠳ ᠴᠡᠷᠢᠭ ᠤᠨ ᠡᠷᠬᠡᠲᠡᠨ ᠤ ᠬᠦᠯᠢᠶᠡᠰᠦᠯᠡᠯ ᠠᠴᠠ ᠮᠣᠯᠲᠤᠷᠠᠵᠤ ᠤᠯᠤᠰ ᠢᠶᠠᠨ ᠠᠪᠤᠷᠠᠬᠤ ᠪᠠᠷ ᠤᠷᠤᠭᠰᠢ ᠴᠢᠷᠮᠠᠶᠢᠭᠰᠠᠨ ᠬᠤᠪᠢᠰᠬᠠᠯᠲᠤ ᠵᠣᠷᠢᠭ ᠰᠠᠨᠠᠭ᠎ᠠ ᠶᠢ ᠣᠶᠢᠯᠭᠠᠭᠰᠠᠨ ᠪᠠ ᠪᠣᠷᠤᠲᠤᠬᠤᠢ ᠶᠢᠨ ᠲᠠᠷᠢᠶᠠᠯᠠᠬᠤ ᠰᠤᠶᠤᠯ ᠤᠨ ᠬᠦᠭᠵᠢᠯᠲᠡ ᠪᠠ ᠣᠳᠣᠬᠢᠴᠢᠯᠠᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠬᠤᠷᠳᠤᠴᠠ ᠶᠢ ᠭᠠᠶᠢᠬᠠᠵᠠᠢ᠃     ᠡᠨᠡ ᠤᠳᠠᠭᠠᠨ ᠤ ᠲᠤᠰᠬᠠᠢ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠳ ᠶᠡᠭᠡ ᠣᠯᠤᠯᠲᠠ ᠣᠯᠵᠤ᠂ ᠪᠦᠭᠦᠳᠡᠭᠡᠷ ᠢᠶᠠᠨ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠮ ᠤᠨ ᠲᠡᠦᠬᠡ ᠪᠠ ᠲᠡᠷᠢᠭᠦᠨ ᠤ ᠵᠢᠱᠢᠶᠡᠴᠤᠳ ᠤᠨ ᠠᠵᠢᠯᠯᠠᠭ᠎ᠠ ᠪᠠᠷ ᠳᠦᠷᠢᠮ ᠪᠣᠯᠭᠠᠵᠤ᠂ ᠤᠯᠤᠰ ᠲᠦᠷᠦᠯ ᠤᠨ ᠣᠶᠤᠨ ᠤᠬᠠᠭᠠᠨ ᠪᠠ ᠶᠣᠰᠤ ᠰᠤᠷᠲᠠᠬᠤᠨ ᠤ ᠮᠤᠷᠠᠯ ᠰᠤᠷᠲᠠᠯ ᠢ ᠰᠢᠩᠭᠡᠭᠡᠨ ᠠᠪᠴᠦ᠂  ᠮᠠᠨ ᠤ ᠬᠤᠰᠢᠭᠤᠨ ᠤ ᠬᠠᠮᠲᠤ ᠶᠢᠨ ᠪᠣᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠢᠨ᠎ᠡ ᠨᠢᠭᠡᠨ ᠲᠡᠪᠴᠡᠩ ᠳᠤ ᠭᠠᠷᠭᠠᠵᠤ᠂ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷᠲᠠᠢ ᠬᠦᠭᠵᠢᠯᠲᠡ ᠶᠢ  ᠠᠬᠢᠭᠤᠯᠤᠨ᠎ᠠ ᠭᠡᠵᠦ ᠵᠣᠷᠢᠭ ᠢᠶᠠᠨ ᠢᠯᠡᠳᠬᠡᠵᠡᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ