ᠤᠷᠠᠳ ᠤᠨ ᠡᠮᠦᠨᠡᠲᠦ ᠬᠤᠰᠢᠭᠤ ᠨᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2020/7/7
   ᠣᠶᠢᠷ᠎ᠠ ᠶᠢᠨ ᠬᠡᠳᠦᠨ ᠡᠳᠦᠷ᠂ ᠡᠮᠦᠨᠡᠲᠦ ᠬᠤᠰᠢᠭᠤᠨ ᠤ ᠬᠢᠨᠠᠨ ᠪᠣᠳᠤᠬᠤ ᠲᠣᠪᠴᠢᠶ᠎ᠠ ᠨᠢ ᠬᠢᠨᠠᠨ ᠪᠣᠳᠤᠬᠤ ᠰᠠᠨᠠᠭᠤᠯᠭ᠎ᠠ ᠳᠤᠷᠠᠳᠤᠭᠰᠠᠨ ᠪᠦᠭᠡᠳ ᠪᠦᠬᠦ ᠬᠤᠰᠢᠭᠤᠨ ᠤ ᠬᠡᠪᠴᠢᠶᠠᠨ ᠳᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠡᠷᠡᠭᠯᠡᠭᠡᠨ ᠢ ᠬᠠᠮᠠᠭᠠᠯᠠᠬᠤ ᠵᠠᠷᠤᠳᠠᠯ ᠢ ᠵᠢᠷᠤᠮᠵᠢᠭᠤᠯᠬᠤ ᠪᠠᠷ ᠮᠡᠳᠡᠭᠦᠯᠪᠡ᠃     ᠡᠮᠦᠨᠡᠬᠡᠨ᠂ ᠡᠮᠦᠨᠡᠲᠦ ᠬᠤᠰᠢᠭᠤᠨ ᠤ ᠬᠢᠨᠠᠨ ᠪᠣᠳᠤᠬᠤ ᠲᠣᠪᠴᠢᠶ᠎ᠠ ᠨᠢ ᠬᠢᠨᠠᠨ ᠪᠣᠳᠤᠬᠤ ᠳᠤᠮᠳᠠ ᠵᠠᠷᠢᠮ ᠨᠢᠭᠡᠴᠡ ᠶᠢᠨ ᠠᠯᠪᠠᠨ ᠶᠠᠪᠤᠳᠠᠯ ᠤᠨ ᠬᠡᠷᠡᠭᠯᠡᠭᠡᠨ ᠤ ᠲᠡᠷᠭᠡ ᠶᠢᠨ ᠲᠣᠰᠤ᠂ ᠬᠠᠮᠠᠭᠠᠯᠠᠬᠤ ᠰᠦᠢᠳᠭᠡᠯ᠂ ᠴᠢᠮᠡᠭᠯᠡᠬᠦ ᠴᠡᠪᠡᠷᠯᠡᠬᠦ ᠵᠠᠷᠤᠳᠠᠯ ᠨᠢ ᠨᠡᠯᠢᠶᠡᠳ ᠶᠡᠭᠡ ᠪᠠᠶᠢᠵᠤ᠂ ᠬᠡᠪ ᠤᠨ ᠪᠠᠶᠢᠳᠠᠯ ᠳᠤ ᠨᠡᠶᠢᠴᠡᠬᠦ ᠦᠭᠡᠢ ᠪᠠᠶᠢᠬᠤ ᠶᠢ ᠢᠯᠡᠷᠡᠭᠦᠯᠪᠡ᠃ ᠨᠢᠭᠲᠠᠯᠠᠨ ᠪᠣᠳᠤᠭᠴᠢ ᠶᠢᠨ ᠪᠠᠷᠢᠮᠲᠠ ᠶᠢ ᠪᠠᠶᠢᠴᠠᠭᠠᠬᠤ ᠪᠠᠷ ᠳᠠᠮᠵᠢᠨ ᠨᠢᠭᠡ ᠡᠳᠦᠷ ᠤᠨ ᠲᠣᠰᠤ ᠨᠡᠮᠡᠭᠰᠡᠨ ᠵᠠᠷᠤᠳᠠᠯ ᠨᠢ ᠮᠢᠩᠭᠠᠨ ᠲᠦᠭᠦᠷᠢᠭ ᠢ ᠳᠠᠪᠠᠵᠤ᠂ ᠠᠳᠠᠯᠢ ᠨᠢᠭᠡ ᠰᠡᠯᠪᠢᠨ ᠵᠠᠰᠠᠭᠰᠠᠨ ᠪᠠᠷᠢᠮᠲᠠ ᠶᠢᠨ ᠬᠤᠶᠠᠷ ᠬᠡᠯᠬᠢᠶ᠎ᠡ ᠶᠢ ᠳᠠᠪᠲᠠᠨ ᠳᠠᠩᠰᠠ ᠲᠠᠶᠢᠯᠤᠭᠰᠠᠨ ᠠᠴᠠ ᠵᠠᠷᠢᠮ ᠲᠡᠷᠭᠡ ᠨᠢ ᠡᠳᠦᠷ ᠲᠤ ᠬᠡᠳᠦᠨ ᠵᠠᠭᠤᠨ ᠵᠣᠭᠤᠰ ᠤᠨ ᠴᠠᠶᠢᠶ᠋ᠢᠦ ᠨᠡᠮᠡᠬᠦ ᠪᠠᠶᠢᠳᠠᠯ ᠢᠯᠡᠷᠡᠵᠡᠢ᠃ ᠪᠠᠶᠢᠴᠠᠭᠠᠯᠲᠠ ᠪᠠᠷ ᠳᠠᠮᠵᠢᠨ᠂ ᠲᠣᠰ ᠨᠢᠭᠡᠴᠡ ᠶᠢᠨ ᠠᠯᠪᠠᠨ ᠳᠤ ᠬᠡᠷᠡᠭᠯᠡᠬᠦ ᠲᠡᠷᠭᠡ ᠶᠢ ᠬᠠᠮᠠᠭᠠᠯᠠᠬᠤ ᠵᠠᠷᠤᠳᠠᠯ ᠨᠢ ᠡᠳ᠋ ᠤᠨ ᠵᠠᠰᠠᠭ ᠤᠨ ᠪᠡᠯᠡ ᠮᠦᠩᠭᠦ ᠶᠢ ᠮᠡᠬᠡᠯᠡᠨ ᠠᠪᠬᠤ ᠠᠷᠭ᠎ᠠ ᠪᠠᠷᠢᠯ ᠪᠣᠯᠵᠠᠢ᠃     ᠡᠮᠦᠨᠡᠲᠦ ᠬᠤᠰᠢᠭᠤᠨ ᠤ ᠬᠢᠨᠠᠨ ᠪᠣᠳᠤᠬᠤ ᠲᠣᠪᠴᠢᠶ᠎ᠠ ᠨᠢ ᠨᠢᠭᠡ ᠳᠤ ᠠᠯᠪᠠᠨ ᠳᠤ ᠬᠡᠷᠡᠭᠯᠡᠬᠦ ᠲᠡᠷᠭᠡ ᠶᠢᠨ ᠳᠣᠲᠤᠭᠠᠳᠤ ᠡᠵᠡᠮᠰᠢᠯ ᠤᠨ ᠳᠦᠷᠢᠮ ᠢ  ᠲᠡᠭᠦᠯᠳᠡᠷᠵᠢᠭᠦᠯᠦᠨ᠎ᠡ᠃ ᠲᠡᠷᠭᠡᠨ ᠤ ᠬᠡᠷᠡᠭᠯᠡᠭᠡᠨ ᠤ ᠵᠠᠷᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠳ᠋ᠠᠩ ᠲᠡᠷᠭᠡᠨ ᠤ ᠲᠣᠭᠤᠴᠠᠭ᠎ᠠ ᠬᠢᠬᠦ ᠲᠦᠷᠢᠮ ᠢ ᠪᠠᠶᠢᠭᠤᠯᠵᠤ᠂ ᠲᠡᠷᠭᠡ ᠬᠡᠷᠡᠭᠯᠡᠬᠦ  ᠳᠠᠩᠰᠠᠯᠠᠯ᠂ ᠠᠶᠠᠯᠠᠯ ᠤᠨ ᠵᠠᠮ᠂ ᠲᠣᠰᠤᠨ ᠤ ᠬᠤᠷᠤᠭᠳᠠᠯ᠂ ᠰᠡᠯᠪᠢᠨ ᠵᠠᠰᠠᠭᠰᠠᠨ ᠲᠡᠮᠳᠡᠭᠯᠡᠯ ᠵᠡᠷᠭᠡ ᠲᠠᠯ᠎ᠠ ᠪᠠᠷ᠂ ᠲᠡᠷᠭᠡ ᠪᠣᠯᠭᠠᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠡᠮᠳᠡᠭᠯᠡᠨ᠎ᠡ᠃ ᠬᠤᠶᠠᠷ ᠲᠤ ᠳᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠣᠭᠲᠠᠮᠠᠯ ᠭᠠᠵᠠᠷ ᠲᠤ ᠰᠠᠯᠪᠢᠨ ᠵᠠᠰᠠᠵᠤ᠂ ᠲᠣᠨᠤᠭ ᠲᠦᠬᠦᠭᠡᠷᠦᠮᠵᠢ ᠪᠦᠷᠢᠨ ᠲᠦᠬᠦᠷ᠂ ᠮᠡᠷᠭᠡᠵᠢᠯ ᠰᠠᠶᠢᠲᠠᠢ᠂ ᠲᠣᠨᠤᠭ ᠰᠡᠯᠪᠢᠭ ᠵᠢᠴᠢ ᠰᠡᠯᠪᠢᠨ ᠵᠠᠰᠠᠬᠤ ᠦᠨ᠎ᠡ  ᠨᠢ ᠵᠦᠢ ᠵᠣᠬᠢᠰᠲᠠᠢ ᠮᠠᠰᠢᠨ ᠲᠡᠷᠭᠡ ᠰᠡᠯᠪᠢᠨ ᠵᠠᠰᠠᠬᠤ ᠭᠠᠵᠠᠷ ᠢ ᠲᠣᠭᠲᠠᠮᠠᠯ ᠠᠯᠪᠠᠨ ᠲᠡᠷᠭᠡ ᠵᠠᠰᠠᠬᠤ ᠭᠠᠵᠠᠷ ᠢᠶᠠᠷ ᠲᠣᠭᠲᠠᠭᠠᠵᠤ᠂ ᠲᠡᠭᠦᠨᠴᠢᠯᠠᠨ ᠲᠡᠷᠭᠡ᠂ ᠵᠢᠯᠤᠭᠤᠭᠴᠢ᠂ ᠰᠡᠯᠪᠢᠭ  ᠲᠣᠨᠤᠭ᠂ ᠠᠵᠢᠯ ᠤᠨ ᠴᠠᠭ ᠵᠡᠷᠭᠡ ᠲᠡᠷᠭᠡ ᠵᠠᠰᠠᠭᠰᠠᠨ ᠰᠤᠷᠠᠭ ᠵᠠᠩᠭᠢ ᠶᠢ ᠲᠡᠮᠳᠡᠭᠯᠡᠵᠦ᠂ ᠬᠤᠭᠤᠴᠠᠭ᠎ᠠ ᠲᠣᠭᠲᠠᠭᠠᠨ ᠬᠠᠷᠠᠭᠤᠭᠤᠯᠤᠨ᠎ᠠ᠃ ᠲᠡᠷᠭᠡ ᠨᠢ ᠦᠨᠡᠭᠡᠷ ᠭᠠᠳᠠᠷ ᠣᠷᠤᠨ ᠳᠤ ᠲᠡᠷᠭᠡᠨ ᠠᠳᠡᠯ ᠭᠠᠷᠴᠦ  ᠲᠤᠰ ᠭᠠᠵᠠᠷ  ᠲᠤ ᠵᠠᠰᠠᠬᠤ ᠴᠢᠬᠤᠯᠠᠲᠠᠢ᠂ ᠭᠠᠭᠴᠠ ᠤᠳᠠᠭᠠᠨ ᠤ ᠰᠡᠯᠪᠢᠨ ᠵᠠᠰᠠᠯᠲᠠ ᠶᠢᠨ ᠵᠠᠷᠤᠳᠠᠯ ᠨᠢ ᠲᠣᠭᠲᠠᠭᠠᠭᠰᠠᠨ ᠲᠤᠭ᠎ᠠ ᠬᠡᠮᠵᠢᠶ᠎ᠡ ᠠᠴᠠ ᠳᠠᠪᠠᠭ᠋ᠤ ᠦᠬᠡᠢ ᠪᠠᠶᠢᠳᠠᠯ ᠳᠣᠣᠷ᠎ᠠ ᠤᠷᠢᠳᠠᠪᠠᠷ ᠦᠪᠡᠷ ᠢᠶᠠᠨ ᠵᠣᠭᠤᠰ ᠭᠠᠷᠭᠠᠨ ᠵᠠᠰᠠᠵᠤ ᠪᠣᠯᠤᠨ᠎ᠠ᠃ ᠠᠯᠢᠪᠠ ᠰᠡᠯᠪᠢᠨ  ᠵᠠᠰᠠᠬᠤ ᠴᠢᠬᠤᠯᠲᠠᠢ ᠠᠯᠪᠠᠨ ᠲᠡᠷᠭᠡ ᠤᠳ ᠵᠠᠪᠠᠯ ᠲᠣᠭᠲᠠᠭᠰᠠᠨ ᠮᠠᠰᠢᠨ ᠲᠡᠷᠭᠡ ᠰᠠᠯᠪᠢᠨ ᠵᠠᠰᠠᠬᠤ ᠭᠠᠵᠠᠷ ᠲᠤ ᠠᠪᠠᠴᠢᠨ ᠵᠠᠰᠠᠨ᠎ᠠ᠃ ᠭᠤᠷᠪᠠ ᠳᠤ ᠠᠯᠪᠠᠨ ᠶᠠᠪᠤᠳᠠᠯ ᠤᠨ ᠺᠠᠷᠲ  ᠪᠠᠷ ᠲᠣᠭᠠᠴᠠᠭ᠎ᠠ ᠬᠢᠬᠦ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ ᠲᠡᠷᠭᠡ ᠬᠤᠳᠠᠯᠳᠤᠨ ᠠᠪᠬᠤ ᠪᠠ ᠬᠡᠷᠡᠭᠯᠡᠭᠡᠨ ᠤ ᠵᠠᠷᠤᠳᠠᠯ ᠢ ᠠᠯᠪᠠᠨ ᠶᠠᠪᠤᠳᠠᠯ  ᠤᠨ ᠺᠠᠷᠲ ᠪᠠᠷ ᠪᠣᠳᠤᠬᠤ ᠭᠠᠷᠴᠠᠭ ᠲᠤ ᠣᠷᠤᠭᠤᠯᠵᠤ᠂ ᠰᠢᠨᠵᠢᠯᠡᠬᠦ ᠤᠬᠠᠭᠠᠨᠴᠢ ᠪᠠᠷ ᠲᠦᠰᠦᠪᠯᠡᠨ ᠪᠣᠳᠤᠵᠤ᠂ ᠡᠯ᠎ᠡ ᠬᠡᠯᠪᠡᠷᠢ ᠶᠢᠨ ᠲᠡᠷᠭᠡᠨ ᠤ ᠵᠠᠷᠤᠳᠠᠯ ᠢ ᠲᠣᠭᠲᠠᠭᠠᠵᠤ᠂ ᠵᠠᠷᠤᠯᠭ᠎ᠠ ᠶᠢᠨ ᠶᠡᠷᠦᠩᠬᠡᠢ ᠬᠡᠮᠵᠢᠶ᠎ᠠ ᠶᠢ ᠴᠢᠩᠭ᠎ᠠ ᠡᠵᠡᠮᠳᠡᠵᠦ᠂ ᠮᠠᠰᠢᠨ ᠲᠡᠷᠭᠡ ᠬᠤᠳᠠᠯᠳᠤᠨ ᠠᠪᠬᠤ ᠪᠠ ᠬᠡᠷᠡᠭᠯᠡᠭᠡᠨ ᠤ ᠵᠠᠷᠤᠳᠠᠯ ᠢ ᠠᠷᠪᠢᠯᠠᠨ᠎ᠠ᠃ ᠲᠦᠷᠪᠡ ᠳᠤ ᠪᠠᠶᠢᠴᠠᠭᠠᠨ ᠰᠢᠢᠳᠪᠦᠷᠢᠯᠡᠬᠦ ᠪᠠ ᠬᠢᠨᠠᠯᠲᠠ ᠲᠠᠯᠪᠢᠬᠤ ᠬᠦᠴᠦᠯᠢᠭ ᠢ ᠶᠡᠬᠡᠳᠭᠡᠨ᠎ᠡ᠃ ᠠᠯᠪᠠᠨ ᠲᠠᠷᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠭᠠᠯᠳᠤᠬᠤ ᠬᠢᠨᠠᠨ ᠪᠠᠶᠢᠴᠠᠭᠠᠬᠤ ᠵᠣᠬᠢᠴᠠᠮᠵᠢ ᠶᠢ ᠪᠠᠶᠢᠭᠤᠯᠤᠨ᠂ ᠪᠦᠬᠦ ᠨᠡᠶᠢᠭᠡᠮ ᠢᠶᠠᠷ ᠢᠶᠠᠨ ᠠᠯᠪᠠᠨ ᠲᠡᠷᠭᠡ ᠶᠢᠨ ᠳᠦᠷᠢᠮ ᠤᠨ ᠦᠭᠡᠷᠡᠴᠢᠯᠡᠯᠲᠡ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃ ᠳᠦᠷᠢᠮ ᠤᠨ ᠦᠭᠡᠷᠡᠴᠢᠯᠡᠯᠲᠡ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃  ᠳᠦᠷᠢᠮ ᠪᠠᠶᠢᠭᠠᠳ ᠬᠡᠷᠡᠭᠵᠢᠭᠦᠯᠬᠦ ᠦᠭᠡᠢ᠂ ᠴᠠᠭᠠᠴᠠ ᠪᠠᠶᠢᠭᠠᠳ ᠬᠤᠷᠢᠭᠯᠠᠬᠤ ᠦᠭᠡᠢ ᠠᠵᠢᠯᠯᠠᠭ᠎ᠠ ᠶᠢ ᠡᠷᠡᠰ ᠪᠠᠶᠢᠴᠠᠭᠠᠨ ᠰᠢᠳᠭᠡᠬᠦ ᠶᠢᠨ ᠬᠠᠮᠲᠤ ᠬᠤᠯᠪᠤᠭᠳᠠᠯ ᠪᠦᠬᠦᠢ ᠬᠦᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ