ᠵᠠᠷ ︵ᠬᠤᠯᠤᠭᠠᠨ᠎ᠠ ᠶᠢᠨ ᠡᠮ ᠲᠠᠯᠪᠢᠭᠰᠠᠨ ᠭᠠᠵᠠᠷ ᠢ ᠲᠣᠲᠤᠷᠬᠠᠶᠢᠯᠠᠵᠤ ᠪᠠᠶᠢᠨ᠎ᠠ ︶
ᠨᠡᠶᠢᠲᠡᠯᠡᠭᠰᠡᠨ ᠴᠠᠭ᠄
2020/7/9
                         ᠵᠠᠷ     ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠤᠬᠠᠶ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2020 ᠣᠨ ᠤ 7 ᠰᠠᠷ᠎ᠠ ᠶᠢᠨ 5 ᠤ ᠡᠳᠦᠷ ᠨᠡᠶᠢᠲᠡᠯᠡᠭᠰᠡᠨ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨⅢᠳ᠋ᠤᠭᠠᠷ ᠳᠡᠰ ᠤᠨ ᠤᠷᠢᠳᠴᠢᠯᠠᠨ ᠰᠡᠷᠡᠮᠵᠢᠯᠡᠭᠦᠯᠬᠦ ᠵᠠᠷᠯᠠᠯ ᠲᠠᠢ ᠤᠶᠠᠯᠳᠤᠭᠤᠯᠤᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠪᠦᠬᠦ ᠬᠤᠰᠢᠭᠤᠨ ᠤ ᠬᠡᠪᠴᠢᠶᠡᠨ ᠳᠠᠬᠢ ᠲᠠᠯ᠎ᠠ ᠨᠣᠲᠤᠭ ᠤᠨ ᠬᠤᠯᠤᠭᠠᠨ᠎ᠠ ᠶᠢᠨ ᠬᠥᠨᠥᠭᠡᠯ ᠡᠭᠦᠰᠦᠭᠰᠡᠨ ᠣᠷᠣᠨ ᠳᠤ ᠬᠤᠣᠷᠲᠤ ᠥᠭᠶᠥᠭᠡ  ᠪᠠᠷ ᠬᠤᠯᠤᠭᠠᠨ᠎ᠠ ᠤᠰᠠᠳᠬᠠᠬᠤ ᠠᠵᠢᠯ ᠥᠷᠨᠢᠭᠦᠯᠬᠦ ᠪᠠᠷ ᠲᠣᠭᠲᠠᠪᠠ᠃  ᠣᠳᠣ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠰᠡᠷᠭᠡᠶᠢᠯᠡᠨ ᠵᠠᠰᠠᠬᠤ ᠴᠠᠭ᠄ 2020 ᠣᠨ ᠤ 7 ᠰᠠᠷ᠎ᠠ ᠶᠢᠨ 8 ᠤ ᠡᠳᠦᠷ ᠠᠴᠠ 7 ᠰᠠᠷ᠎ᠠ ᠶᠢᠨ 22  ᠤ ᠡᠳᠦᠷ ᠪᠣᠯᠲᠠᠯ᠎ᠠ     ᠬᠤᠶᠠᠷ᠂ ᠬᠤᠯᠤᠭᠠᠨ᠎ᠠ ᠶᠢᠨ ᠡᠮ ᠤᠨ ᠨᠡᠷᠡᠶᠢᠳᠦᠯ᠄ ᠠᠮᠢᠳᠤ ᠪᠣᠳᠠᠰ ᠤᠨ ᠨᠠᠶᠢᠷᠠᠯᠭ᠎ᠠ C ᠬᠡᠯᠪᠡᠷᠢ ᠶᠢᠨ ᠮᠢᠬᠠᠨ ᠤ ᠬᠤᠤᠷ᠂  ᠳᠠᠯᠠᠪᠴᠢᠲᠤ ᠮᠣᠳᠤ᠃      ᠭᠤᠷᠪᠠ᠂ ᠬᠤᠯᠤᠭᠠᠨ᠎ᠠ ᠶᠢᠨ ᠡᠮ ᠲᠠᠯᠪᠢᠬᠤ ᠭᠠᠵᠠᠷ ᠪᠠᠶᠠᠨᠬᠤᠸᠠ ᠪᠠᠯᠭᠠᠰᠤ᠂ ᠡᠷᠳᠡᠨᠢᠪᠤᠯᠠᠭ ᠰᠤᠮᠤ᠂ ᠰᠠᠭᠠᠳᠠᠭ ᠰᠤᠮᠤ᠂ ᠶᠡᠭᠡ ᠰᠢᠭᠡᠲᠡᠢ ᠪᠠᠯᠭᠠᠰᠤ᠂  ᠮᠢᠩᠭᠠᠨ ᠪᠠᠯᠭᠠᠰᠤ᠂ ᠪᠠᠭ᠎ᠠ ᠰᠢᠭᠡᠲᠡᠢ ᠪᠠᠯᠭᠠᠰᠤ᠂ ᠰᠤᠳᠠᠯ ᠤᠨ ᠬᠤᠳᠳᠤᠭ ᠪᠠᠯᠭᠠᠰᠤ᠂ ᠶᠡᠭᠡ ᠰᠢᠭᠡᠲᠡᠢ ᠮᠠᠯᠵᠢᠯ ᠤᠨ ᠲᠠᠯᠠᠪᠠᠶ ᠤᠨ ᠬᠡᠰᠡᠭ ᠪᠤᠰᠠᠭ ᠬᠤᠯᠤᠭᠠᠨ᠎ᠠ ᠶᠢᠨ ᠭᠠᠮᠰᠢᠭ ᠭᠠᠷᠤᠭᠰᠠᠨ ᠲᠠᠯ᠎ᠠ ᠨᠤᠲᠤᠭ ᠢᠶᠠᠷ ᠲᠠᠯᠪᠢᠨ᠎ᠠ᠃      ᠳᠦᠷᠪᠡ ᠂ ᠥᠷᠭᠡᠨ ᠣᠯᠠᠨ ᠮᠠᠯᠴᠢᠨ ᠲᠠᠷᠢᠶᠠᠴᠢᠨ  ᠵᠢᠴᠢ ᠮᠠᠯ ᠰᠦᠷᠦᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ  ᠲᠦᠯᠦᠭᠡ᠂  ᠰᠡᠷᠭᠡᠶᠢᠯᠡᠨ ᠵᠠᠰᠠᠬᠤ ᠬᠤᠭᠤᠴᠠᠭᠠᠨ ᠳᠤ ᠲᠣᠣᠷᠠᠬᠢ ᠲᠦᠷᠢᠮ ᠲᠣᠭᠲᠠᠭᠠᠯ ᠢ ᠴᠢᠩᠭ᠎ᠠ ᠰᠠᠬᠢᠬᠤ ᠬᠡᠷᠡᠭᠲᠡᠢ᠄      1. ᠬᠤᠣᠷᠲᠤ ᠥᠭᠶᠥᠭᠡ ᠲᠠᠯᠪᠢᠭᠰᠠᠨ 20 ᠡᠳᠦᠷ ᠤᠨ ᠳᠣᠲᠣᠷ᠎ᠠ᠂ ᠬᠤᠯᠤᠭᠠᠨ᠎ᠠ ᠶᠢᠨ ᠡᠮ ᠲᠠᠯᠪᠢᠭᠰᠠᠨ ᠣᠷᠣᠨ ᠳᠤ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠵᠤ ᠂  ᠬᠥᠮᠦᠨ ᠤ ᠠᠵᠢᠯᠯᠠᠭ᠎ᠠ ᠶᠢ  ᠪᠠᠭᠠᠰᠬᠠᠵᠤ᠂ ᠬᠥᠮᠦᠨ ᠮᠠᠯ ᠤᠨ ᠬᠤᠤᠷᠳᠠᠭᠳᠠᠬᠤ ᠬᠡᠷᠡᠭ ᠭᠠᠷᠬᠤ ᠠᠴᠠ  ᠵᠠᠶᠢᠯᠠᠰᠬᠢᠬᠦ ᠬᠡᠷᠡᠭᠲᠡᠢ᠃      2 . ᠬᠠᠮᠢᠶ᠎ᠠ ᠪᠦᠬᠦᠢ ᠰᠤᠮᠤ ᠪᠠᠯᠭᠠᠰᠤ᠂ ᠭᠠᠴᠠᠭ᠎ᠠ ᠲᠣᠰᠬᠤᠨ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠢ ᠤᠬᠠᠭᠤᠯᠤᠨ ᠳᠠᠶᠢᠴᠢᠯᠠᠵᠤ ᠬᠤᠯᠤᠭᠠᠨ᠎ᠠ ᠤᠰᠠᠳᠬᠠᠬᠤ ᠠᠵᠢᠯ ᠳᠤ ᠢᠳᠡᠪᠬᠢᠲᠡᠶ ᠬᠠᠮᠵᠢᠯᠴᠠᠭᠤᠯᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠭᠡᠷ᠎ᠡ ᠶᠢᠨ ᠢᠳᠡᠭᠡᠨ ᠢᠳᠡᠬᠦ ᠶᠢ ᠴᠢᠩᠭ᠎ᠠ  ᠴᠠᠭᠠᠵᠠᠯᠠᠵᠤ᠂ ᠬᠤᠯᠤᠭᠠᠨ᠎ᠠ ᠶᠢᠨ ᠲᠥᠷᠥᠯ ᠪᠠ ᠪᠤᠰᠤᠳ ᠡᠪᠡᠳᠴᠢᠨ ᠢᠶᠠᠷ ᠥᠭᠦᠭᠰᠡᠨ ᠬᠡᠭᠡᠷ᠎ᠡ ᠶᠢᠨ ᠠᠮᠢᠲᠠᠨ ᠲᠠᠢ ᠣᠶᠢᠷᠠᠲᠤᠬᠤ ᠦᠭᠡᠶ᠂ ᠬᠤᠯᠤᠭᠠᠨ᠎ᠠ ᠶᠢᠨ ᠨᠦᠬᠡᠨ ᠤ ᠲᠣᠭᠤᠷᠢᠨ ᠳᠤ ᠰᠠᠭᠤᠵᠤ ᠠᠮᠠᠷᠠᠬᠤ ᠦᠭᠡᠶ ᠪᠠᠶᠢᠵᠤ᠂ ᠨᠣᠬᠠᠶ ᠶᠢᠨ ᠪᠥᠭᠡᠰᠦ ᠬᠠᠵᠠᠬᠤ ᠠᠴᠠ  ᠰᠡᠷᠭᠡᠶᠢᠯᠡᠬᠦ ᠬᠡᠷᠡᠭᠲᠡᠢ᠃                         ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2020 ᠣᠨ ᠤ 7 ᠰᠠᠷ᠎ᠠ ᠶᠢᠨ 7 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ