ᠤᠷᠠᠳ ᠤᠨ ᠡᠮᠦᠨᠡᠲᠦ ᠬᠤᠰᠢᠭᠤ ᠬᠤᠯᠤᠭᠠᠨ᠎ᠠ ᠬᠢᠵᠢᠭ ᠲᠤ ᠨᠡᠷᠪᠡᠭᠳᠡᠭᠰᠡᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠦᠪᠡᠭᠴᠢ ᠶᠢ ᠮᠡᠳᠡᠭᠦᠯᠦᠭᠰᠡᠳ ᠲᠤ ᠱᠠᠩᠨᠠᠯ ᠣᠯᠭᠤᠬᠤ ᠲᠣᠬᠠᠢ ᠠᠯᠪᠠᠨ ᠵᠠᠷ
ᠨᠡᠶᠢᠲᠡᠯᠡᠭᠰᠡᠨ ᠴᠠᠭ᠄
2020-08-11
      ᠮᠠᠨ ᠤ ᠬᠤᠰᠢᠭᠤ ᠪᠣᠯ ᠥᠪᠡᠷᠲᠡᠭᠡᠨ ᠵᠠᠰᠠᠬᠤ ᠣᠷᠣᠨ ᠤ 57 ᠬᠤᠯᠤᠭᠠᠨ᠎ᠠ ᠶᠢᠨ ᠬᠢᠵᠢᠭ ᠤᠨ  ᠡᠬᠢ ᠰᠤᠷᠪᠤᠯᠵᠢᠲᠤ ᠣᠷᠤᠨ ᠤ ᠨᠢᠭᠡ ᠶᠤᠮ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠨᠡᠯᠢᠶᠡᠳ ᠬᠦᠨᠳᠦ ᠬᠡᠴᠡᠭᠦᠦ ᠪᠠᠶᠢᠨ᠎ᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠥᠷᠭᠡᠨ ᠣᠯᠠᠨ ᠰᠠᠭᠤᠭᠠᠯᠢ ᠠᠷᠠᠳ ᠢ ᠳᠠᠶᠢᠴᠢᠯᠠᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠤᠯᠴᠠᠵᠤ᠂ ᠬᠠᠯᠳᠠᠪᠤᠷᠢᠯᠠᠬᠤ  ᠢᠷᠡᠯᠲᠡ ᠶᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ᠂ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠦᠯᠦᠭᠡ᠂ ᠬᠤᠰᠢᠭᠤᠨ ᠤ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ᠂ ᠥᠨᠥᠳᠦᠷ ᠠᠴᠠ ᠡᠬᠢᠯᠡᠨ 2020 ᠣᠨ ᠤ 12 ᠰᠠᠷ᠎ᠠ ᠶᠢᠨ 31 ᠤ ᠡᠳᠦᠷ ᠬᠦᠷᠲᠡᠯ᠎ᠡ᠂ ᠬᠤᠯᠤᠭᠠᠨ᠎ᠠ ᠬᠢᠵᠢᠭ ᠲᠤ  ᠨᠡᠷᠪᠡᠭᠳᠡᠭᠰᠡᠳ ᠤᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠰᠦᠪᠡᠭᠴᠢ  ᠶᠢ  ᠮᠡᠳᠡᠭᠦᠯᠦᠭᠰᠡᠳ ᠲᠤ ᠱᠠᠩᠨᠠᠯ  ᠣᠯᠭᠤᠬᠤ ᠪᠠᠷ ᠶᠠᠷᠢᠯᠴᠠᠨ ᠲᠣᠭᠲᠠᠪᠠ᠃ ᠣᠳᠣ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠱᠠᠩᠨᠠᠬᠤ ᠵᠠᠷᠴᠢᠮ      ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠪᠠᠷᠢᠮᠲᠠᠯᠠᠵᠤ᠂ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢ ᠬᠠᠮᠠᠭᠠᠯᠠᠨ᠎ᠠ᠃ ᠣᠯᠠᠨ ᠮᠡᠳᠡᠭᠦᠯᠦᠭᠴᠢ  ᠠᠳᠠᠯᠢ ᠨᠢᠭᠡᠨ ᠰᠦᠪᠡᠭᠴᠢ ᠶᠢ ᠮᠡᠳᠡᠭᠦᠯᠪᠡᠯ᠂  ᠬᠠᠮᠤᠭ ᠤᠨ ᠲᠡᠷᠢᠭᠦᠨ ᠤ ᠮᠡᠳᠡᠭᠦᠯᠦᠭᠴᠢ ᠶᠢ ᠱᠠᠩᠨᠠᠨ᠎ᠠ᠃      ᠬᠤᠶᠠᠷ᠂ ᠱᠠᠩᠨᠠᠬᠤ ᠡᠲᠡᠭᠡᠳ      ᠡᠯ᠎ᠡ ᠱᠠᠲᠤᠨ ᠤ  ᠡᠮᠴᠢᠯᠡᠭᠡᠨ  ᠤ  ᠪᠠᠶᠢᠭᠤᠯᠤᠮᠵᠢ  ︵ᠬᠤᠪᠢ ᠶᠢᠨ ᠡᠮᠨᠡᠯᠭᠡ ᠶᠢᠨ  ᠭᠠᠵᠠᠷ᠂ ᠡᠮ ᠤᠨ ᠳᠡᠯᠭᠡᠭᠦᠷ ᠢ  ᠪᠠᠭᠲᠠᠭᠠᠨ᠎ᠠ︶᠂  ᠠᠩᠬ᠎ᠠ ᠣᠨᠣᠰᠢᠯᠠᠭᠰᠠᠨ ᠡᠮᠴᠢ᠂ ᠣᠯᠠᠨ ᠲᠦᠮᠡᠨ ᠠᠴᠠ ᠬᠠᠯᠠᠭᠤᠷᠠᠭᠰᠠᠨ ᠡᠪᠡᠳᠴᠢᠲᠡᠨ᠂ ᠲᠦᠷᠭᠡᠨ ᠴᠢᠨᠠᠷᠲᠠᠢ ᠦᠬᠦᠭᠰᠡᠨ ᠡᠪᠡᠳᠴᠢᠲᠡᠨ ᠪᠠ ᠬᠤᠯᠤᠭᠠᠨ᠎ᠠ ᠬᠢᠵᠢᠭ ᠤᠨ ᠡᠭᠦᠰᠦᠯ ᠭᠠᠵᠠᠷ ︵ᠬᠢᠵᠢᠭᠲᠦ ᠣᠷᠣᠨ︶ ᠠᠴᠠ ᠢᠷᠡᠭᠰᠡᠨ ᠬᠤᠯᠤᠭᠠᠨ᠎ᠠ ᠶᠢᠨ ᠬᠢᠵᠢᠭ ᠤᠨ ᠰᠡᠵᠢᠭᠯᠡᠯᠲᠡᠢ ᠡᠪᠡᠳᠴᠢᠲᠡᠨ᠂ ᠦᠪᠡᠷᠲᠡᠭᠡᠨ ᠦᠬᠦᠭᠰᠡᠨ ᠵᠢᠴᠢ ᠡᠪᠡᠳᠴᠢᠯᠡᠭᠰᠡᠨ ᠬᠡᠭᠡᠷ᠎ᠡ ᠶᠢᠨ ᠲᠠᠦᠯᠠᠢ᠂ ᠲᠠᠷᠪᠠᠭ᠎ᠠ ᠵᠡᠷᠭᠡ ᠬᠡᠭᠡᠷ᠎ᠡ ᠶᠢᠨ ᠠᠮᠢᠲᠠᠨ ᠲᠠᠢ ᠣᠶᠢᠷᠠᠲᠤᠭᠰᠠᠨ ᠪᠦᠭᠡᠳ ᠵᠠᠯᠭᠢᠭᠤᠷ ᠡᠪᠡᠳᠬᠦ᠂ ᠬᠠᠯᠠᠭᠤᠷᠠᠬᠤ᠂ ᠯᠢᠮᠹᠠ ᠶᠢᠨ ᠵᠠᠩᠭᠢᠯᠠᠭ᠎ᠠ ᠬᠠᠪᠤᠳᠬᠤ ᠵᠡᠷᠭᠡ ᠰᠢᠨᠵᠢ ᠳᠠᠭᠠᠯᠳᠤᠵᠤ ᠢᠯᠡᠷᠡᠭᠰᠡᠨ ᠡᠪᠡᠳᠴᠢᠲᠡᠨ ᠢ ᠣᠯᠵᠤ ᠮᠡᠳᠡᠭᠰᠡᠨ ᠪᠣᠯ᠂  ᠬᠤᠰᠢᠭᠤᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠪᠣᠯᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ  ᠬᠠᠯᠠᠭᠤᠷᠠᠯ ᠤᠨ ᠡᠭᠦᠳᠡᠨ ᠡᠮᠨᠡᠯᠭᠡ  ᠳᠤ ᠴᠠᠭ ᠲᠣᠬᠠᠢ ᠳᠤᠨᠢ ᠮᠡᠳᠡᠭᠦᠯᠬᠦ ᠬᠡᠷᠡᠭᠲᠡᠢ᠂ ᠮᠡᠳᠡᠭᠦᠯᠬᠦ ᠤᠲᠠᠰᠤ᠄ 0487—3211859  ᠂ 0478 — 3213828᠃ ᠬᠢᠨᠠᠨ  ᠪᠠᠶᠢᠴᠠᠭᠠᠯᠲᠠ ᠪᠠᠷ ᠳᠠᠮᠵᠢᠨ ᠣᠨᠣᠰᠢᠯᠠᠭᠰᠠᠨ ᠮᠥᠷᠲᠡᠭᠡᠨ ᠰᠦᠪᠡᠭᠴᠢ ᠨᠢ ᠬᠢᠵᠢᠭ ᠤᠨ ᠪᠠᠶᠢᠳᠠᠯ ᠤᠨ ᠲᠠᠷᠬᠠᠯᠲᠠ ᠶᠢ  ᠰᠡᠷᠭᠡᠶᠢᠯᠡᠨ ᠡᠵᠡᠮᠳᠡᠬᠦ ᠳᠤ  ᠴᠢᠬᠤᠯᠠ ᠦᠢᠯᠡᠳᠦᠯ ᠦᠵᠡᠭᠦᠯᠦᠭᠰᠡᠨ ᠪᠠᠶᠢᠪᠠᠯ᠂  ᠪᠠᠶᠢᠳᠠᠯ ᠢ ᠮᠡᠳᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ᠂ ᠠᠩᠬ᠎ᠠ ᠣᠨᠣᠰᠢᠯᠠᠭᠰᠠᠨ ᠡᠮᠴᠢ ᠪᠣᠯᠤᠨ ᠣᠯᠠᠨ ᠲᠦᠮᠡᠨ  ᠳᠤ  ᠱᠠᠩᠨᠠᠯ ᠣᠯᠭᠤᠨ᠎ᠠ᠃       ᠭᠤᠷᠪᠠ᠂ ᠱᠠᠩᠨᠠᠬᠤ ᠪᠠᠷᠢᠮᠵᠢᠶ᠎ᠠ       ︵ᠨᠢᠭᠡ︶ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠦᠭᠰᠡᠨ ᠬᠤᠯᠤᠭᠠᠨ᠎ᠠ ᠬᠢᠵᠢᠭ ᠤᠨ ᠰᠡᠵᠢᠭᠯᠡᠯᠲᠡᠶ ᠡᠪᠡᠳᠴᠢᠲᠡᠨ ᠢ ᠬᠢᠨᠠᠨ ᠪᠠᠶᠢᠴᠠᠭᠠᠭᠠᠳ  ᠣᠨᠤᠰᠢᠯᠠᠪᠠᠯ  ᠂ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠨ᠎ᠠ᠃       ︵ᠬᠤᠶᠠᠷ︶ ᠠᠩᠬ᠎ᠠ ᠬᠦᠯᠢᠶᠡᠨ ᠠᠪᠴᠦ ᠡᠮᠴᠢᠯᠡᠭᠰᠡᠨ ᠡᠮᠴᠢ ᠶᠢᠨ ᠮᠡᠳᠡᠭᠦᠯᠦᠭᠰᠡᠨ ᠬᠤᠯᠤᠭᠠᠨ᠎ᠠ ᠬᠢᠵᠢᠭ ᠤᠨ ᠰᠡᠵᠢᠭᠯᠡᠯᠲᠡᠢ ᠡᠪᠡᠳᠴᠢᠲᠡᠨ ᠢ ᠬᠢᠨᠠᠨ ᠪᠠᠶᠢᠴᠠᠭᠠᠭᠠᠳ  ᠣᠨᠤᠰᠢᠯᠠᠪᠠᠯ᠂ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃       ︵ᠭᠤᠷᠪᠠ︶ ᠣᠯᠠᠨ ᠲᠦᠮᠡᠨ ᠤ ︽ᠭᠤᠷᠪᠠ  ᠶᠢ ᠬᠢᠬᠦ ᠦᠭᠡᠢ ᠭᠤᠷᠪᠠ ᠶᠢ ᠮᠡᠳᠡᠭᠦᠯᠬᠦ︾  ᠱᠠᠭᠠᠷᠳᠠᠯᠭ᠎ᠠ  ᠶᠣᠰᠣᠭᠠᠷ  ᠬᠤᠯᠤᠭᠠᠨ᠎ᠠ ᠬᠢᠵᠢᠭ ᠤᠨ ᠰᠡᠵᠢᠭᠯᠡᠯᠲᠡᠶ  ᠡᠪᠡᠳᠴᠢᠲᠡᠨ ᠢ  ᠮᠡᠳᠡᠭᠦᠯᠵᠦ᠂  ᠬᠢᠨᠠᠨ  ᠪᠠᠶᠢᠴᠠᠭᠠᠭᠠᠳ ᠣᠨᠣᠰᠢᠯᠠᠭᠰᠠᠨ ᠪᠣᠯ ᠨᠢᠭᠡ ᠯᠡ ᠤᠳᠠᠭ᠎ᠠ ᠳᠤ 1 ᠲᠦᠮᠡᠨ ᠲᠥᠭᠦᠷᠢᠭ ᠢᠶᠠᠷ ᠱᠠᠩᠨᠠᠨ᠎ᠠ᠃       ᠳᠥᠷᠪᠡ᠂ ᠠᠩᠬᠠᠷᠬᠤ ᠵᠦᠢᠯ       ᠣᠳᠣᠬᠠᠨ ᠤ ᠮᠠᠨ ᠤ ᠬᠤᠰᠢᠭᠤᠨ ᠤ ᠬᠤᠯᠤᠭᠠᠨ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠳᠠᠯ ᠬᠦᠨᠳᠦ  ᠬᠡᠴᠡᠭᠦᠦ  ᠪᠠᠶᠢᠳᠠᠯ ᠢ ᠦᠨᠳᠦᠰᠦᠯᠡᠨ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠬᠠᠮᠠᠭᠠᠯᠠᠯᠲᠠ ᠶᠢ ᠦᠨᠡᠨ ᠬᠦ ᠰᠠᠶᠢᠲᠤᠷ ᠬᠢᠵᠦ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠪᠠᠨ   ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠰᠤᠷᠪᠤᠯᠵᠢᠲᠤ ᠠᠮᠢᠲᠠᠨ ᠢ ᠳᠤᠷ᠎ᠠ ᠪᠠᠷ ᠢᠶᠠᠨ ᠠᠩᠨᠠᠬᠤ ᠦᠭᠡᠢ᠂ ᠬᠢᠵᠢᠭ ᠤᠨ ᠰᠤᠷᠪᠤᠯᠵᠢᠲᠤ ᠠᠮᠢᠲᠠᠨ ᠢ  ᠦᠪᠴᠢᠵᠤ ᠢᠳᠡᠬᠦ ᠦᠭᠡᠢ᠂ ᠳᠤᠷ᠎ᠠ ᠪᠠᠷ ᠢᠶᠠᠨ ᠬᠢᠵᠢᠭ ᠤᠨ ᠰᠤᠷᠪᠤᠯᠵᠢᠲᠤ ᠠᠮᠢᠲᠠᠨ ᠪᠣᠯᠤᠨ ᠪᠦᠲᠦᠭᠡᠭᠳᠡᠭᠦᠨ ᠢ ᠠᠪᠴᠤ ᠬᠢᠵᠢᠭᠲᠦ ᠣᠷᠤᠨ ᠠᠴᠠ ᠭᠠᠷᠬᠤ ᠦᠭᠡᠢ︔  ᠡᠪᠡᠳᠴᠢᠯᠡᠭᠰᠡᠨ ︵ᠦᠬᠦᠭᠰᠡᠨ︶ ᠲᠠᠷᠪᠠᠭ᠎ᠠ ᠵᠢᠴᠢ ᠪᠤᠰᠤᠳ ᠠᠮᠢᠲᠠᠨ ᠢ ᠣᠯᠵᠤ ᠮᠡᠳᠡᠪᠡᠯ ᠵᠠᠪᠠᠯ ᠮᠡᠳᠡᠭᠦᠯᠬᠦ ᠬᠡᠷᠡᠭᠲᠡᠢ᠂  ᠬᠤᠯᠤᠭᠠᠨ᠎ᠠ ᠬᠢᠵᠢᠭ ᠤᠨ ᠰᠡᠵᠢᠭᠯᠡᠯᠲᠡᠢ ᠡᠪᠡᠳᠴᠢᠲᠡᠨ ᠢ ᠣᠯᠵᠤ ᠮᠡᠳᠡᠪᠡᠯ ᠵᠠᠪᠠᠯ ᠮᠡᠳᠡᠭᠦᠯᠬᠦ ᠬᠡᠷᠡᠭᠲᠡᠢ᠂ ᠰᠢᠯᠲᠠᠭᠠᠨ ᠨᠢ ᠲᠣᠳᠣᠷᠬᠠᠶ ᠦᠭᠡᠢ  ᠶᠡᠬᠡᠪᠡᠷ  ᠬᠠᠯᠠᠭᠤᠷᠠᠵᠤ ᠪᠠᠶᠢᠬᠤ ᠡᠪᠡᠳᠴᠢᠲᠡᠨ ᠪᠠ ᠲᠦᠷᠭᠡᠨ ᠴᠢᠨᠠᠷᠲᠠᠢ ᠦᠬᠦᠭᠰᠡᠨ ᠡᠪᠡᠳᠴᠢᠲᠡᠨ ᠢ ᠣᠯᠵᠤ ᠮᠡᠳᠡᠪᠡᠯ ᠵᠠᠪᠠᠯ ᠮᠡᠳᠡᠭᠦᠯᠬᠦ ᠬᠡᠷᠡᠭᠲᠡᠶ᠃ ᠬᠤᠯᠤᠭᠠᠨ᠎ᠠ ᠬᠢᠵᠢᠭ ᠤᠨ ᠡᠭᠦᠰᠦᠯᠲᠡ ᠶᠢᠨ ᠭᠠᠵᠠᠷ ᠲᠤ ᠣᠷᠤᠬᠤ ᠳᠤ ᠬᠢᠴᠢᠶᠡᠮᠵᠢᠲᠡᠢ ᠪᠠᠶᠢᠵᠤ᠂ ᠬᠡᠷᠪᠡ ᠬᠤᠯᠤᠭᠠᠨ᠎ᠠ ᠬᠢᠵᠢᠭ ᠤᠨ ᠡᠭᠦᠰᠦᠯ ᠭᠠᠵᠠᠷ  ᠢᠶᠠᠷ  ᠵᠢᠭᠤᠯᠴᠢᠯᠠᠨ ᠶᠠᠪᠤᠭᠰᠠᠨ ᠲᠡᠦᠬᠡ ᠲᠠᠢ᠂ ᠬᠠᠯᠠᠭᠤᠷᠠᠬᠤ ᠵᠡᠷᠭᠡ ᠡᠪ ᠦᠭᠡᠢ ᠢᠯᠡᠷᠡᠯ ᠭᠠᠷᠤᠭᠰᠠᠨ ᠪᠠᠶᠢᠪᠠᠯ ᠴᠠᠭ ᠲᠤᠬᠠᠢ ᠳᠤᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ  ᠡᠮᠨᠡᠭᠦᠯᠬᠦ ᠬᠡᠷᠡᠭᠲᠡᠢ᠃        ᠡᠭᠦᠨ ᠤ ᠲᠤᠯᠠ ᠣᠨᠴᠠᠭᠠᠶᠢᠯᠠᠨ ᠵᠠᠷᠯᠠᠪᠠ︕                         ᠤᠷᠠᠳ ᠤᠨ ᠡᠮᠦᠨᠡᠲᠦ ᠬᠤᠰᠢᠭᠤᠨ ᠤ ᠬᠤᠯᠤᠭᠠᠨ᠎ᠠ ᠬᠢᠵᠢᠭ                                             ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ                                 2020 ᠣᠨ ᠤ 7 ᠰᠠᠷ᠎ᠠ ᠶᠢᠨ 9 ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号