ᠵᠠᠷᠯᠠᠯ
ᠨᠡᠶᠢᠲᠡᠯᠡᠭᠰᠡᠨ ᠴᠠᠭ᠄
2020-08-12
     ᠳᠡᠭᠡᠳᠦ ᠱᠠᠲᠤᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠲᠤᠬᠠᠢ ᠡᠯ᠎ᠡ ᠵᠦᠢᠯ ᠤᠨ ᠰᠢᠢᠳᠪᠦᠷᠢᠲᠤ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠰᠠᠭᠠᠳᠠᠭ ᠰᠤᠮᠤ ᠶᠢᠨ ᠬᠢᠵᠢᠭ ᠤᠨ ᠰᠤᠷᠪᠤᠯᠵᠢ ᠰᠤᠷᠪᠤᠯᠵᠢᠴᠢᠭ᠌ ᠤᠨ ᠡᠷᠭᠢᠨ ᠲᠣᠭᠤᠷᠢᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠭᠠᠷᠤᠭᠰᠠᠨ ᠣᠷᠣᠨ ᠳᠤ ᠬᠤᠣᠷᠲᠤ ᠥᠭᠶᠥᠭᠡ ᠪᠠᠷ ᠬᠤᠯᠤᠭᠠᠨ᠎ᠠ ᠤᠰᠠᠳᠬᠠᠬᠤ ᠠᠵᠢᠯ ᠥᠷᠨᠢᠭᠦᠯᠬᠦ ᠪᠠᠷ ᠲᠣᠭᠲᠠᠪᠠ᠃ ᠣᠳᠤ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠰᠡᠷᠭᠡᠶᠢᠯᠡᠨ ᠵᠠᠰᠠᠬᠤ ᠴᠠᠭ᠄ 2020 ᠣᠨ ᠤ 8 ᠰᠠᠷ᠎ᠠ ᠶᠢᠨ 10 ᠤ ᠡᠳᠦᠷ ᠠᠴᠠ 8 ᠰᠠᠷ᠎ᠠ ᠶᠢᠨ 25 ᠤ ᠡᠳᠦᠷ ᠪᠣᠯᠲᠠᠯ᠎ᠠ᠃     ᠬᠤᠶᠠᠷ᠂ ᠬᠤᠯᠤᠭᠠᠨ᠎ᠠ ᠶᠢᠨ ᠡᠮ ᠤᠨ ᠨᠡᠷᠡᠶᠢᠳᠦᠯ᠄ ᠠᠮᠢᠳᠤ ᠪᠣᠳᠠᠰ ᠤᠨ ᠨᠠᠶᠢᠷᠠᠯᠭ᠎ᠠ C ᠬᠡᠯᠪᠡᠷᠢ ᠶᠢᠨ ᠮᠢᠬᠠᠨ  ᠤ ᠬᠤᠤᠷ᠂ ᠳᠠᠯᠠᠪᠴᠢᠲᠤ ᠮᠣᠳᠤ᠃     ᠭᠤᠷᠪᠠ᠂ ᠬᠤᠯᠤᠭᠠᠨ᠎ᠠ ᠶᠢᠨ ᠡᠮ ᠲᠠᠯᠪᠢᠬᠤ ᠭᠠᠵᠠᠷ᠄ ᠰᠠᠭᠠᠳᠠᠭ ᠰᠤᠮᠤ᠂ ᠮᠢᠩᠭᠠᠨ ᠪᠠᠯᠭᠠᠰᠤᠨ ᠤ ᠬᠢᠯᠢ ᠳᠣᠲᠣᠷᠠᠬᠢ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠭᠠᠷᠤᠭᠰᠠᠨ ᠣᠷᠣᠨ᠃     ᠳᠦᠷᠪᠡ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠮᠠᠯ ᠰᠦᠷᠦᠭ ᠤᠨ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠰᠡᠷᠭᠡᠶᠢᠯᠡᠨ ᠵᠠᠰᠠᠬᠤ ᠬᠤᠭᠤᠴᠠᠭᠠᠨ ᠳᠤ ᠳᠣᠣᠷᠠᠬᠢ ᠳᠦᠷᠢᠮ ᠳᠣᠭᠲᠠᠭᠠᠯ ᠢ ᠴᠢᠩᠭ᠎ᠠ ᠰᠠᠬᠢᠬᠤ ᠬᠡᠷᠡᠭᠲᠡᠢ᠄     1. ᠬᠤᠣᠷᠲᠤ ᠥᠭᠶᠥᠭᠡ ᠲᠠᠯᠪᠢᠭᠰᠠᠨ 20 ᠡᠳᠦᠷ ᠤᠨ ᠳᠣᠲᠣᠷ᠎ᠠ᠂ ᠬᠤᠯᠤᠭᠠᠨ᠎ᠠ ᠶᠢᠨ ᠡᠮ ᠲᠠᠯᠪᠢᠭᠰᠠᠨ ᠣᠷᠣᠨ ᠳᠤ ᠮᠠᠯ ᠬᠠᠷᠢᠭᠤᠯᠬᠤ  ᠶᠢ ᠴᠢᠩᠭ᠎ᠠ ᠴᠠᠭᠠᠵᠠᠯᠠᠵᠤ ᠬᠥᠮᠦᠨ ᠤ ᠠᠵᠢᠯᠯᠠᠭ᠎ᠠ ᠶᠢ ᠪᠠᠭᠠᠰᠬᠠᠵᠤ ᠂ ᠬᠥᠮᠦᠨ ᠮᠠᠯ ᠤᠨ ᠬᠤᠤᠷᠳᠠᠭᠳᠠᠬᠤ ᠬᠡᠷᠡᠭ ᠭᠠᠷᠬᠤ ᠠᠴᠠ  ᠵᠠᠶᠢᠯᠠᠰᠬᠢᠬᠦ ᠬᠡᠷᠡᠭᠲᠡᠢ᠃     2. ᠬᠤᠯᠪᠣᠭᠳᠠᠯ ᠪᠦᠬᠦᠢ ᠰᠤᠮᠤ ᠪᠠᠯᠭᠠᠰᠤ᠂ ᠭᠠᠴᠠᠭ᠎ᠠ ᠲᠣᠰᠬᠤᠨ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠢ ᠤᠬᠠᠭᠤᠯᠤᠨ ᠳᠠᠶᠢᠴᠢᠯᠠᠵᠤ ᠬᠤᠯᠤᠭᠠᠨ᠎ᠠ ᠤᠰᠠᠳᠬᠠᠬᠤ ᠳᠤ ᠢᠳᠡᠪᠬᠢᠲᠡᠢ ᠬᠠᠮᠵᠢᠯᠴᠠᠭᠤᠯᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠡᠭᠡᠷ᠎ᠡ ᠶᠢᠨ ᠢᠳᠡᠭᠡᠨ ᠢᠳᠡᠬᠦ ᠶᠢ ᠴᠢᠩᠭ᠎ᠠ ᠴᠠᠭᠠᠵᠠᠯᠠᠵᠤ᠂ ᠬᠤᠯᠤᠭᠠᠨ᠎ᠠ ᠶᠢᠨ ᠲᠥᠷᠥᠯ ᠪᠠ ᠪᠤᠰᠤᠳ ᠡᠪᠡᠳᠴᠢᠨ ᠢᠶᠠᠷ ᠥᠭᠦᠭᠰᠡᠨ ᠬᠡᠭᠡᠷ᠎ᠡ ᠶᠢᠨ ᠠᠮᠢᠲᠠᠨ ᠲᠠᠢ ᠣᠶᠢᠷᠠᠳᠬᠤ ᠥᠬᠡᠶ᠂ ᠬᠤᠯᠤᠭᠠᠨ᠎ᠠ ᠶᠢᠨ ᠨᠦᠬᠡᠨ ᠤ ᠲᠣᠭᠤᠷᠢᠨ ᠳᠤ ᠰᠠᠭᠤᠵᠤ ᠠᠮᠠᠷᠠᠬᠤ ᠥᠬᠡᠶ ᠪᠠᠶᠢᠵᠤ᠂ ᠨᠣᠬᠠᠶ ᠶᠢᠨ ᠪᠥᠭᠡᠰᠦ ᠬᠠᠵᠠᠬᠤ ᠠᠴᠠ ᠰᠡᠷᠭᠡᠶᠢᠯᠡᠬᠦ ᠬᠡᠷᠡᠭᠲᠡᠢ᠃                                 ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                  2020 ᠣᠨ ᠤ 8 ᠰᠠᠷ᠎ᠠ ᠶᠢᠨ 10 ᠤ ᠡᠳᠦᠷ                                                                  
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号