ᠭᠤᠸ ᠯᠧᠢ
ᠨᠡᠶᠢᠲᠡᠯᠡᠭᠰᠡᠨ ᠴᠠᠭ᠄
2020/8/13
ᠠᠵᠢᠯ ᠤᠨ ᠬᠤᠪᠢᠶᠠᠷᠢᠯᠠᠯ᠄     ᠡᠳ᠋ ᠤᠨ ᠵᠠᠰᠠᠭ ᠠᠵᠤ ᠠᠬᠤᠢ᠂ ᠬᠠᠤᠯᠢ ᠴᠠᠭᠠᠵᠠ ᠬᠠᠤᠯᠢ ᠳᠦᠷᠢᠮ᠂ ᠨᠡᠶᠢᠭᠡᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠠᠵᠢᠯ ᠲᠥᠷᠥᠯ  ᠢᠶᠠᠷ ᠨᠢᠭᠡᠲᠡᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠠᠵᠤ ᠦᠢᠯᠡᠳᠪᠦᠷᠢ ᠬᠤᠳᠠᠯᠳᠤᠭᠠᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠲᠠᠯ᠎ᠠ ᠪᠠᠷ︶᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠠᠯᠪᠠᠨ ᠭᠡᠷ᠂ ᠳᠤᠮᠳᠠ ᠵᠢᠵᠢᠭ ᠠᠵᠤ ᠠᠬᠤᠶᠢᠯᠠᠯ ᠤᠨ  ᠦᠢᠯᠡᠰ ᠴᠣᠭᠴᠠᠯᠠᠬᠤ ᠬᠦᠷᠢᠶᠡᠯᠡᠩ ᠤᠨ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠂ ᠳᠠᠪᠤᠰᠤᠨ ᠤ ᠶᠠᠪᠤᠳᠠᠯ ᠤᠨ ᠲᠣᠪᠴᠢᠶ᠎ᠠ᠂ ᠴᠢᠮᠡᠭᠡ ᠬᠤᠯᠪᠣᠭ᠎ᠠ ᠶᠢᠨ ᠰᠠᠯᠠᠭ᠎ᠠ ᠮᠥᠴᠢᠷ᠂ ᠳᠠᠭᠠᠳᠬᠠᠯ ᠤᠨ ᠰᠠᠯᠠᠭ᠎ᠠ ᠮᠥᠴᠢᠷ᠂ ᠠᠷᠠᠳ ᠤᠨ ᠪᠠᠩᠬᠢ᠂ ᠳᠤᠮᠳᠠᠳᠤ ᠤᠯᠤᠰ ᠤᠨ ᠪᠠᠩᠬᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠴᠢᠯᠠᠭᠤᠨ ᠲᠣᠰᠣᠨ ᠤ ᠺᠣᠮᠫᠠᠨᠢ ᠲᠠᠢ ᠬᠠᠷᠢᠯᠴᠠᠬᠤ ᠶᠢ ᠬᠤᠪᠢᠳᠠᠨ ᠬᠠᠮᠢᠶᠠᠷᠤᠨ᠎ᠠ᠃ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠬᠢᠭᠡᠳ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠦᠪᠯᠡᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠢᠨᠠᠨ ᠪᠠᠶᠢᠴᠠᠭᠠᠬᠤ ᠵᠥᠪᠯᠡᠯ᠂ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ ︵ᠬᠠᠤᠯᠢ ᠴᠠᠭᠠᠵᠠ ᠶᠢᠨ ᠲᠠᠯ᠎ᠠ︶᠂ ᠪᠠᠶᠢᠴᠠᠭᠠᠬᠤ ᠬᠤᠷᠢᠶ᠎ᠠ ︵ᠬᠠᠤᠯᠢ ᠴᠠᠭᠠᠵᠠ ᠶᠢᠨ ᠲᠠᠯ᠎ᠠ︶᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠵᠡᠮᠳᠡᠭᠴᠦᠳ ᠤᠨ ᠬᠤᠯᠪᠣᠭ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠲᠦᠷᠭᠡᠨ ᠤ ᠵᠠᠰᠠᠮᠠᠯ ᠵᠠᠮ ᠤᠨ ᠡᠮᠦᠨᠡᠲᠦ ᠬᠤᠰᠢᠭᠤᠨ ᠤ ᠬᠡᠰᠡᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠭᠠᠯ ᠤᠨᠲᠠᠷᠠᠭᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠲᠠᠢ ᠬᠠᠷᠢᠯᠴᠠᠬᠤ ᠶᠢ ᠬᠤᠪᠢᠳᠠᠨ ᠬᠠᠮᠢᠶᠠᠷᠤᠨ᠎ᠠ᠃ ᠶᠡᠭᠡ  ᠰᠢᠭᠡᠲᠡᠢ ᠪᠠᠯᠭᠠᠰᠤ᠂ ᠪᠠᠭ᠎ᠠ  ᠰᠢᠭᠡᠲᠡᠢ ᠪᠠᠯᠭᠠᠰᠤ᠂  ᠮᠢᠩᠭᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠬᠢᠨᠠᠯᠲᠠ ᠲᠠᠯᠪᠢᠬᠤ᠂ ᠬᠠᠷᠢᠯᠴᠠᠬᠤ ᠪᠠ ᠵᠢᠯᠤᠭᠤᠳᠬᠤ ᠲᠠᠯ᠎ᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠴᠠᠭᠳᠠᠨ ᠪᠠᠶᠢᠴᠠᠭᠠᠬᠤ ᠠᠯᠪᠠᠨ ᠭᠡᠷ ᠲᠠᠢ ᠬᠠᠷᠢᠯᠴᠠᠬᠤ ᠶᠢ ᠬᠠᠷᠢᠭᠤᠴᠠᠨ᠎ᠠ ᠃ ᠰᠢᠭᠡᠲᠡᠢ ᠶᠢᠨ ᠮᠠᠯᠵᠢᠯ ᠤᠨ ᠲᠠᠯᠠᠪᠠᠢ ᠲᠠᠢ  ᠬᠠᠷᠢᠯᠴᠠᠵᠤ ᠂ ᠲᠡᠭᠦᠨ ᠤ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠲᠠᠯ᠎ᠠ ᠪᠠᠷ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ  ᠬᠠᠷᠢᠯᠴᠠᠨ᠎ᠠ᠃ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄      ᠭᠤᠸ ᠯᠧᠢ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 10 ᠰᠠᠷ᠎ᠠ ᠳᠤ ᠳᠦᠷᠦᠵᠡᠶ ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠶᠢᠨ ᠲᠤᠰᠢᠶᠠᠯ ᠲᠠᠢ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ