ᠠᠵᠢᠯ ᠤᠨ ᠬᠤᠪᠢᠶᠠᠷᠢᠯᠠᠯ᠄ | ᠬᠤᠰᠢᠭᠤ ᠳᠠᠷᠤᠭ᠎ᠠ ᠶᠢ ᠬᠠᠮᠵᠢᠨ ᠰᠣᠶᠣᠯ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠬᠥᠮᠦᠨ ᠤ | ᠬᠦᠴᠦᠨ ᠤ ᠡᠬᠢ ᠪᠠᠶᠠᠯᠢᠭ᠂ ᠡᠮᠴᠢᠯᠡᠭᠡᠨ ᠤ ᠪᠠᠲᠤᠯᠠᠭ᠎ᠠ᠂ ᠴᠡᠷᠢᠭ ᠠᠴᠠ ᠬᠠᠯᠠᠭᠳᠠᠭᠰᠠᠳ᠂ ᠠᠷᠠᠳ ᠤᠨ ᠶᠠᠪᠤᠳᠠᠯ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ | ᠠᠵᠢᠯ ᠢ ᠬᠠᠷᠢᠭᠤᠴᠠᠨ᠎ᠠ᠃ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ︶᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ᠂ ᠬᠢᠯᠢ | ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ ᠠᠯᠪᠠᠨ ᠬᠡᠷ︶ ᠢ ᠬᠤᠪᠢᠳᠠᠨ ᠬᠠᠮᠢᠶᠠᠷᠤᠨ᠎ᠠ᠃ ᠤᠳᠬ᠎ᠠ ᠤᠷᠠᠯᠢᠭ ᠤᠨ ᠬᠢᠨ ᠤ | ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠪᠠᠨ | ᠬᠠᠯᠠᠮᠵᠢᠯᠠᠬᠤ ᠠᠵᠢᠯ ᠤᠨ ᠵᠦᠪᠯᠡᠯ ᠲᠠᠢ ᠬᠠᠷᠢᠯᠴᠠᠨ᠎ᠠ᠃ | ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄ | ᠪᠠᠶᠠᠨᠪᠢᠯᠢᠭ᠌᠂ ᠡᠷᠡᠭᠲᠡᠶ᠂ ᠮᠣᠩᠭᠤᠯ ᠦᠨᠳᠦᠰᠦᠲᠡᠨ᠂ 1979 ᠣᠨ ᠤ 2 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ | ᠲᠤᠰᠢᠶᠠᠯ ᠲᠠᠢ᠃ | | | |